2022-03-15 09:11:39
( 2022 ᠤᠨ᠎ᠤ 3 ᠰᠠᠷ᠎ᠠ᠎ᠶ᠋ᠢᠨ 4 ᠤ᠋ ᠡᠳᠦᠷ )
ᠸᠠᠩ ᠶᠠᠩ
ᠭᠡᠱᠢᠭᠦᠳ ᠡ᠄
ᠪᠢ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠪᠠᠨ᠎ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶᠠᠨ᠎ᠤ ᠪᠠᠢᠩᠭᠤ᠎ᠶ᠋ᠢᠨ ᠬᠤᠷᠢᠶ᠎ᠠ᠎ᠶ᠋ᠢ ᠲᠦᠯᠤᠭᠡᠯᠡᠨ᠂ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠦᠦ᠃
ᠨᠢᠭᠡ᠂ 2021᠎ᠤᠨ᠎ᠳᠤ᠄ ᠠᠷᠪᠠᠨ ᠳᠥᠷᠪᠡᠳᠦᠭᠡᠷᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢ ᠪᠠᠲᠦ ᠲᠤᠭ᠍ᠲᠠᠭᠠᠵᠦ᠍᠂ ᠱᠢᠨ᠎ᠡ ᠠᠶᠠᠨ ᠵᠠᠮᠢᠶᠠᠨᠡᠬᠢᠯᠡᠭᠦᠯᠵᠦ᠍ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠪᠡ
2021ᠣᠨᠪᠣᠯ ᠨᠠᠮ ᠪᠠ ᠤᠯᠤᠰ᠎ᠤᠨ ᠲᠡᠦᠬᠡᠨ ᠳᠡᠭᠡᠷᠡᠬᠢ ᠪᠡᠯᠭᠡ ᠲᠡᠮᠳᠡᠭ᠎ᠤᠨ ᠠᠴᠢ ᠬᠤᠯᠪᠣᠭ᠍ᠳᠠᠯ᠎ᠲᠠᠢ ᠨᠢᠭᠡ ᠵᠢᠯ ᠪᠣᠯᠤᠨ᠎ᠠ᠃ᠲᠦᠪᠡᠭ ᠪᠤᠳᠤᠯᠢᠶᠠᠨᠲᠠᠶ ᠬᠦᠨᠳᠦ ᠬᠡᠴᠡᠭᠦᠦ ᠳᠡᠯᠡᠬᠡᠶ᠎ᠶ᠋ᠢᠨ ᠪᠠᠢᠳᠠᠯ ᠪᠠ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡᠬᠢᠬᠦ᠌ ᠬᠥᠭ᠌ᠵᠢᠭᠦᠯᠬᠦ᠌ ᠲᠣᠭ᠍ᠲᠠᠭᠤᠨ ᠪᠠᠢᠯᠭᠠᠬᠤ ᠬᠠᠳᠠᠭᠤ ᠪᠡᠷᠬᠡ ᠬᠦᠨᠳᠦ ᠨᠦᠰᠡᠷ ᠡᠭᠦᠷᠭᠡ᠎ᠶ᠋ᠢᠨ ᠡᠮᠦᠨ᠎ᠡ᠂ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠦ᠍᠂ᠵᠠᠭᠤᠨ ᠵᠢᠯ᠎ᠤᠨ ᠬᠤᠪᠢᠰᠤᠯᠲᠠ ᠪᠠ ᠡᠷᠢᠨ ᠵᠠᠭᠤᠨ᠎ᠤ ᠬᠢᠵᠢᠭ᠎ᠤᠨ ᠪᠠᠢᠳᠠᠯ᠎ᠢ ᠯᠠᠪᠳᠠᠭᠤᠨ᠎ᠢᠶᠠᠷ ᠠᠷᠭᠠᠴᠠᠵᠤ᠂ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠦᠪᠡᠳᠡᠭ᠌ᠰᠢ ᠶᠡᠭᠡᠪᠠᠷᠪᠡᠯᠭᠡᠯᠡᠨ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ᠎ᠤ ᠢᠯᠠᠯᠲᠠᠶ᠋ᠢᠬᠤᠭᠤᠴᠠᠭᠠ ᠶᠣᠰᠣᠭᠠᠷ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠵᠦ᠍᠂ ᠨᠢᠭᠡᠳᠦᠭᠡᠷᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠢᠯᠠᠯᠲᠠ᠎ᠲᠠᠢ᠎ᠪᠠᠷ ᠪᠡᠶᠡᠯᠡᠭᠦᠯᠵᠦ᠍᠂ ᠨᠡᠢᠭᠡᠮ ᠵᠢᠷᠤᠮᠳᠦᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠯᠤᠨᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ ᠵᠠᠮ᠎ᠢᠶᠠᠨ ᠡᠬᠢᠯᠡᠭᠦᠯᠦᠨ᠂ ᠠᠷᠪᠠᠨ ᠳᠦᠷᠪᠡᠳᠦᠭᠡᠷ ᠲᠠᠪᠤᠨᠵᠢᠯ᠎ᠤᠨ ᠲᠦᠯᠦᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃ ᠳᠤᠮᠳᠠᠳᠤ ᠤᠯᠤᠰ᠎ᠤᠨ ᠡᠪᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠥᠬᠦᠳᠡ ᠬᠤᠷᠠᠯᠠᠴᠠᠨᠠᠮᠤᠨ ᠵᠠᠭᠤᠨ ᠵᠢᠯ᠎ᠤᠨ ᠲᠡᠮᠡᠴᠡᠯ᠎ᠤᠨ ᠴᠢᠬᠤᠯᠠ ᠶᠡᠭᠡ ᠠᠮᠵᠢᠯᠲᠠ ᠪᠦᠲᠤᠮᠵᠢ ᠪᠠ ᠲᠡᠦᠬᠡᠨ ᠲᠤᠷᠱᠢᠯᠭᠠᠶ᠋ᠢᠨᠲᠤᠬᠠᠶ ᠱᠢᠢᠳᠪᠦᠷᠢ᠎ᠶ᠋ᠢ ᠪᠠᠲᠤᠯᠠᠭᠠᠳ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨᠤᠨᠢᠭ᠍ᠲᠠᠷᠠᠯᠤᠨ ᠬᠦᠴᠦᠨ ᠪᠠ ᠲᠥᠪᠯᠡᠩᠭᠦᠶ ᠬᠦᠴᠦᠨ᠎ᠢ ᠲᠦᠢᠯ᠎ᠤᠨ ᠶᠡᠭᠡ᠎ᠪᠠᠷ ᠴᠢᠩᠭᠠᠷᠠᠭᠤᠯᠵᠤ᠂ ᠪᠢᠳᠡᠨ᠎ᠤ ᠲᠡᠤᠬᠡᠪᠠᠷᠲᠤᠯᠢ ᠪᠣᠯᠭᠠᠵᠦ᠍ ᠢᠷᠡᠭᠡᠳᠦᠶ᠎ᠶ᠋ᠢ ᠡᠭᠦᠳᠦᠨ ᠨᠡᠭᠡᠭᠡᠬᠦ᠌ ᠢᠲᠡᠭᠡᠯ ᠵᠣᠷᠢᠭ᠎ᠢ ᠨᠡᠩ ᠪᠠᠲᠤᠳᠭᠠᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠪᠠᠲᠤ ᠴᠢᠩᠭᠠᠤᠳᠤᠷᠢᠳᠤᠯᠭᠠ ᠳᠣᠣᠷ᠎ᠠ᠂ ᠤᠯᠤᠰ ᠲᠥᠷᠥ᠎ᠶ᠋ᠢᠨ ᠵᠥᠪᠯᠡᠯᠭᠡᠨ᠎ᠤ ᠪᠦᠬᠦ᠌ ᠤᠯᠤᠰ᠎ᠤᠨ ᠬᠤᠷᠢᠶ᠎ᠠ ᠵᠢᠴᠢ ᠲᠡᠭᠦᠨᠤᠪᠠᠢᠩᠭᠤᠶ᠋ᠢᠨ ᠬᠤᠷᠢᠶ᠎ᠠ ᠰᠢ᠎ᠶ᠋ᠢᠨ ᠫᠢᠩ ᠤ᠋ᠨ ᠱᠢᠨ᠎ᠡᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭᠠᠪᠣᠯᠭᠠᠨ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠨ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠪᠦᠯᠬᠦᠮᠳᠡᠯ ᠪᠠ ᠠᠷᠠᠳᠴᠢᠯᠠᠯ ᠭᠡᠬᠦ᠌ ᠬᠤᠶᠠᠷ ᠶᠡᠭᠡ ᠭᠤᠤᠯ ᠰᠡᠳᠦᠪᠢᠪᠠᠷᠢᠮᠲᠠᠯᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠤ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠦ᠍᠂ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠶ᠎ᠶ᠋ᠢ ᠪᠡᠯᠭᠡᠯᠡᠬᠦ᠌ᠪᠠᠷᠭᠤᠤᠯ ᠱᠢᠵᠢᠮ ᠪᠣᠯᠭᠠᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠦᠳᠦᠯᠦᠨ ᠳᠠᠭᠠᠭᠤᠯᠭ᠎ᠠ᠎ᠶ᠋ᠢ ᠴᠢᠩᠭᠠᠳᠭᠠᠵᠤ᠂ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠠᠬᠢᠭᠤᠯᠬᠤᠪᠠᠷᠭᠤᠤᠯᠳᠠᠯᠭᠠ ᠪᠣᠯᠭᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠤᠯᠤᠰ ᠲᠦᠷᠦ᠍ᠶ᠋ᠢᠨᠵᠥᠪᠯᠡᠯᠭᠡᠨᠤ ᠪᠠᠢᠭᠤᠯᠤᠯ᠎ᠤᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠠᠷ ᠬᠠᠷᠠᠯᠲᠠ ᠪᠣᠯᠭᠠᠨᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠨᠠᠮ ᠪᠠ ᠤᠯᠤᠰ᠎ᠤᠨ ᠠᠵᠢᠯ ᠦᠢᠯᠡᠰᠤᠨᠬᠥᠭ᠌ᠵᠢᠯᠲᠡᠳᠤ ᠱᠢᠨ᠎ᠡ ᠬᠤᠪᠢ ᠨᠡᠮᠡᠷᠢ ᠦᠵᠡᠭᠦᠯᠪᠡ᠃
(ᠨᠢᠭᠡ) ᠳᠤᠮᠳᠠᠳᠤ ᠤᠯᠤᠰ᠎ᠤᠨ ᠡᠪ ᠬᠠᠮᠲᠤ ᠨᠠᠮᠤᠨᠵᠠᠭᠤᠨ ᠵᠢᠯ᠎ᠤᠨ ᠤᠢ᠎ᠶ᠋ᠢ ᠪᠡᠯᠭᠡᠯᠡᠬᠦ᠌ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠮᠲᠤᠶ᠋ᠢᠨᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢ᠎ᠶ᠋ᠢ ᠪᠠᠬᠢᠵᠢᠭᠦᠯᠪᠡ᠃ ᠳᠤᠮᠳᠠᠳᠤ ᠤᠯᠤᠰ᠎ᠤᠨ ᠡᠪ ᠬᠠᠮᠲᠤ ᠨᠠᠮᠤᠨᠲᠡᠦᠬᠡᠪᠠᠷ ᠭᠤᠣᠯᠳᠠᠯᠭ᠎ᠠ ᠪᠣᠯᠭᠠᠭ᠍ᠰᠠᠨ 《ᠳᠥᠷᠪᠡᠨ ᠲᠡᠦᠬᠡ》᠎ᠶ᠋ᠢᠨ ᠬᠥᠮᠦᠵᠢᠯ᠎ᠢ ᠭᠦᠨᠵᠡᠭᠡᠶ ᠥᠷᠨᠢᠭᠦᠯᠵᠦ᠍᠂ᠨᠠᠮ᠎ᠤᠨ ᠳᠣᠲᠣᠭᠠᠳᠤᠶ᠋ᠢᠨᠬᠢᠪᠠᠷ ᠨᠠᠮ᠎ᠤᠨ ᠭᠠᠳᠠᠨᠠᠬᠢ᠎ᠶ᠋ᠢ ᠬᠥᠲᠥᠯᠥᠨ ᠳᠠᠭᠠᠭᠤᠯᠵᠦ᠍᠂ ᠳᠡᠰ ᠳᠠᠪᠬᠤᠷᠭᠠᠬᠤᠪᠢᠶᠠᠨ ᠰᠤᠷᠤᠯᠴᠠᠯᠭ᠎ᠠ ᠥᠷᠨᠢᠭᠦᠯᠵᠦ᠍᠂ ᠤᠯᠤᠰ ᠲᠥᠷᠥ᠎ᠶ᠋ᠢᠨ ᠵᠥᠪᠯᠡᠯᠭᠡᠨ᠎ᠤ ᠣᠨᠴᠠᠯᠢᠭ᠎ᠢ ᠳᠣᠪᠤᠢᠯᠭᠠᠨ᠂ᠭᠡᠱᠢᠭᠦᠳ᠎ᠤᠨ ᠪᠡᠶᠡᠴᠢ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤᠶ᠋ᠢᠴᠢᠬᠤᠯᠠᠴᠢᠯᠠᠵᠤ᠂ ᠲᠡᠤᠬᠡ᠎ᠶ᠋ᠢ ᠰᠤᠷᠤᠯᠴᠠᠨ ᠶᠣᠰᠣ᠎ᠶ᠋ᠢ ᠤᠬᠠᠬᠤ᠂ ᠲᠡᠤᠬᠡ᠎ᠶ᠋ᠢ ᠰᠤᠷᠤᠯᠴᠠᠨ ᠢᠲᠡᠭᠡᠯᠢᠶᠠᠨᠨᠡᠮᠡᠭ᠌ᠳᠡᠭᠦᠯᠬᠦ᠂ ᠲᠡᠤᠬᠡ᠎ᠶ᠋ᠢ ᠰᠤᠷᠤᠯᠴᠠᠨ ᠮᠣᠷᠠᠯ᠎ᠢ ᠳᠡᠬᠡᠳᠦᠯᠡᠬᠦ᠂ ᠲᠡᠤᠬᠡ᠎ᠶ᠋ᠢ ᠰᠤᠷᠤᠯᠴᠠᠨ ᠠᠵᠢᠯᠯᠠᠭᠠᠪᠠᠨᠡᠷᠴᠢᠮᠵᠢᠬᠦᠯᠬᠦ᠌ ᠳᠡᠭᠡᠷ᠎ᠡ ᠬᠦᠴᠦ᠍ ᠲᠠᠯᠪᠢᠪᠠ᠃ ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳᠤᠨᠶᠡᠷᠦᠩᠬᠡᠶ ᠱᠦᠵᠢ ᠰᠢ᠎ᠶ᠋ᠢᠨ ᠫᠢᠩ᠎ᠤ᠋ᠨ 《ᠳᠤᠯᠤᠭᠠᠨ ᠰᠠᠷ᠎ᠠ᠎ᠶ᠋ᠢᠨ ᠨᠢᠭᠡᠨ》 ᠤ᠋ ᠴᠢᠬᠤᠯᠠᠶᠠᠷᠢᠶᠠᠨᠤ ᠵᠣᠷᠢᠭ ᠰᠠᠨᠠᠭ᠎ᠠ᠎ᠶ᠋ᠢ ᠰᠤᠷᠤᠯᠴᠠᠬᠤ ᠲᠤᠷᠱᠢᠯᠭ᠎ᠠ ᠰᠣᠯᠢᠯᠴᠠᠬᠤ ᠬᠤᠷᠠᠯ᠎ᠢ ᠬᠤᠷᠠᠯᠳᠤᠭᠤᠯᠵᠤ᠂ᠨᠠᠮ᠎ᠤᠨ ᠤᠳᠤᠷᠢᠳᠤᠯᠭ᠎ᠠ ᠳᠣᠤᠷ᠎ᠠ ᠱᠢᠨ᠎ᠡ ᠱᠢᠯᠭᠠᠯᠲᠠ᠎ᠶ᠋ᠢᠨ ᠠᠶᠠᠨ ᠵᠠᠮ᠎ᠢᠶᠠᠷ ᠰᠠᠢᠲᠤᠷ ᠵᠠᠮᠨᠠᠬᠤ ᠬᠠᠮᠲᠤᠶ᠋ᠢᠨᠤᠯᠤᠰ ᠲᠥᠷᠥ᠎ᠶ᠋ᠢᠨ ᠰᠡᠳᠭᠢᠯ᠎ᠤᠨ ᠳᠠᠭᠤᠨ᠎ᠢᠶᠠᠨ ᠢᠯᠡᠳᠭᠡᠪᠡ᠃ ᠪᠠᠢᠴᠠᠭᠠᠨ ᠦᠵᠡᠬᠦ᠌ ᠪᠠᠢᠴᠠᠭᠠᠨ ᠱᠢᠨᠵᠢᠯᠡᠬᠦ᠌ᠪᠠᠢᠴᠠᠭᠠᠨ ᠰᠤᠳᠤᠯᠤᠯᠲᠠ ᠬᠢᠬᠦ᠌᠎ᠲᠠᠢ ᠤᠶᠠᠯᠳᠤᠭᠤᠯᠤᠨ ᠦᠢᠷ᠎ᠡ ᠬᠠᠪᠢ᠎ᠶ᠋ᠢᠨ ᠬᠤᠪᠢᠰᠭᠠᠯᠳᠦ ᠬᠥᠮᠦᠵᠢᠯ᠎ᠤᠨ ᠰᠠᠭᠤᠷᠢᠨᠭᠠᠵᠠᠷ᠎ᠢᠶᠠᠷ ᠲᠣᠭᠤᠷᠢᠨ ᠦᠵᠡᠭᠦᠯᠵᠦ᠍᠂ 34 ᠡᠲᠡᠭᠡᠳ᠎ᠤᠨ ᠢᠯᠭᠠᠯ᠎ᠤᠨ ᠭᠡᠱᠢᠭᠦᠨ᠎ᠢ ᠬᠠᠮᠤᠷᠤᠭ᠍ᠰᠠᠨᠲᠤᠰᠭᠠᠶ ᠰᠡᠳᠦᠪᠲᠦ ᠪᠠᠢᠴᠠᠭᠠᠨ ᠦᠵᠡᠬᠦ᠌ ᠪᠦᠯᠬᠦᠮ᠎ᠢ ᠵᠣᠬᠢᠶᠠᠨ ᠪᠠᠢᠭᠤᠯᠵᠤ ᠵᠢᠶᠠᠩᠰᠢ᠂ ᠭᠦᠢᠵᠧᠦ ᠵᠡᠷᠭᠡ ᠭᠠᠵᠠᠷᠤᠨᠬᠤᠪᠢᠰᠭᠠᠯᠤᠨ ᠬᠠᠭᠤᠴᠢᠨ ᠪᠠᠭᠤᠷᠢ᠎ᠳᠤ ᠬᠦᠷᠴᠦ᠍ ᠨᠠᠮ᠎ᠤᠨ ᠠᠭᠤᠦ ᠶᠡᠭᠡ ᠲᠡᠤᠬᠡ᠎ᠶ᠋ᠢ ᠳᠠᠬᠢᠨ ᠡᠷᠭᠢᠴᠡᠭᠦᠯᠦᠭᠦᠯᠵᠦ᠍᠂ᠦᠵᠡᠯ ᠰᠠᠨᠠᠭᠠᠨ᠎ᠤ ᠬᠥᠮᠦᠵᠢᠯ᠎ᠢ ᠭᠦᠨᠵᠡᠭᠡᠢᠷᠡᠭᠦᠯᠪᠡ᠃ 《ᠡᠪ ᠬᠠᠮᠲᠤᠴᠤᠳᠤᠨᠣᠶᠤᠨ ᠰᠠᠨᠠᠭᠠᠨ᠎ᠤ ᠤᠳᠤᠮ ᠤᠯᠠᠮᠵᠢᠯᠠᠯ᠎ᠢ ᠦᠷᠭᠦᠯᠵᠢᠯᠡᠭᠦᠯᠰᠦᠬᠡᠢ》 ᠵᠡᠷᠭᠡ ᠭᠡᠱᠢᠭᠦᠳ᠎ᠤᠨ ᠬᠢᠴᠢᠶᠡᠯ᠎ᠢ ᠦᠢᠯᠡᠳᠦᠨ ᠨᠡᠪᠲᠡᠷᠡᠭᠦᠯᠵᠦ᠍᠂ 《〈ᠤᠭ ᠰᠠᠨᠠᠭ᠎ᠠ ᠪᠡᠨ ᠥᠯᠤ ᠮᠡᠷᠳᠡᠨ᠂ ᠡᠬᠥᠷᠭᠡ ᠬᠠᠷᠢᠭᠤᠴᠠᠯᠭ᠎ᠠ ᠪᠡᠨ ᠪᠠᠳᠤ ᠴᠡᠭᠡᠵᠢᠯᠠᠬᠥ〉 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠤᠬᠡ᠎ᠶ᠋ᠢᠨ ᠦᠵᠡᠰᠭᠦᠯᠡᠩ》᠎ᠢ ᠵᠣᠬᠢᠶᠠᠨ ᠪᠠᠢᠭᠤᠯᠤᠨ ᠦᠵᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠢ᠍ᠮᠠᠳᠤᠭᠠᠷᠶᠡᠭᠡ ᠬᠤᠷᠠᠯ᠎ᠤᠨ ᠲᠡᠤᠬᠡ᠎ᠶ᠋ᠢᠨ ᠦᠵᠡᠭᠦᠯᠭᠡ᠂ ᠨᠠᠮ᠎ᠤᠨ ᠲᠤᠭ ᠤᠯᠤᠰ᠎ᠤᠨ ᠲᠤᠭ ᠴᠡᠷᠢᠭ᠎ᠤᠨ ᠲᠤᠭ᠎ᠤᠨ ᠮᠡᠨᠳᠦᠯᠡᠭ᠌ᠰᠡᠨᠬᠤᠪᠣᠷ ᠨᠠᠨᠳᠢᠨ ᠲᠡᠤᠬᠡᠨ ᠮᠠᠲ᠋ᠧᠷᠢᠶᠠᠯ᠎ᠤᠨ ᠦᠵᠡᠰᠭᠦᠯᠡᠩ᠎ᠢ ᠡᠷᠬᠢᠯᠡᠵᠦ᠍᠂ ᠭᠡᠱᠢᠭᠦᠳ᠎ᠢ ᠬᠥᠲᠥᠯᠥᠨ ᠵᠢᠯᠣᠭᠤᠳᠴᠤ᠌ᠪᠠᠢᠭᠠᠳ ᠪᠡᠶᠡᠴᠢᠯᠡᠨ ᠣᠢᠯᠠᠭᠠᠬᠤ ᠮᠠᠶᠢᠭ᠎ᠤᠨ ᠰᠤᠷᠤᠯᠴᠠᠯᠭ᠎ᠠ ᠳᠤᠮᠳᠠ ᠬᠦᠰᠡᠯᠡᠩ ᠢᠲᠡᠭᠡᠯ ᠪᠢᠱᠢᠷᠡᠯᠢᠨᠢᠪᠠᠲᠤᠳᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠤᠬᠡ᠎ᠶ᠋ᠢ ᠰᠤᠷᠤᠯᠴᠠᠬᠤ ᠠᠵᠢᠯᠯᠠᠭ᠎ᠠ᠎ᠶ᠋ᠢ 48 ᠭᠤᠤᠯ ᠰᠡᠳᠦᠪᠲᠦ ᠨᠣᠮ ᠤᠩᠱᠢᠬᠤ ᠬᠤᠯᠪᠤᠭᠠᠳᠤ ᠲᠤᠭᠤᠱᠢᠯᠠᠭᠤᠯᠤᠨ᠂ ᠪᠦᠬᠦ᠌ ᠤᠯᠤᠰ᠎ᠤᠨᠤᠯᠤᠰ ᠲᠥᠷᠥ᠎ᠶ᠋ᠢᠨ ᠵᠥᠪᠯᠡᠯᠭᠡᠨ᠎ᠤ 385 ᠭᠡᠱᠢᠭᠦᠨ ᠲᠤᠰ ᠲᠤᠰ ᠬᠤᠯᠪᠤᠭ᠎ᠠ᠎ᠶ᠋ᠢᠨ ᠠᠬᠠᠯᠠᠭ᠍ᠴᠢ᠂ᠳᠠᠭᠠᠭᠤᠯᠤᠨ ᠣᠩᠱᠢᠭ᠍ᠴᠢ ᠪᠣᠯᠵᠤ᠂ ᠭᠡᠱᠢᠭᠦᠳ 27 ᠲᠦᠮᠡ ᠭᠠᠷᠤᠶ ᠵᠤᠷᠪᠤᠰ ᠶᠠᠷᠢᠶ᠎ᠠ ᠲᠠᠯᠪᠢᠵᠦ᠍᠂ ᠰᠦᠯᠵᠢᠶᠠᠨᠳᠡᠬᠡᠷᠡ ᠬᠦᠶᠦᠯᠬᠡᠨ ᠦᠵᠡᠭ᠌ᠰᠡᠨ ᠬᠡᠮᠵᠢᠶ᠎ᠡ 142 ᠲᠦᠮᠡᠨ ᠬᠥᠮᠦᠨ ᠤᠳᠠᠭ᠎ᠠ᠎ᠶ᠋ᠢ ᠳᠠᠪᠠᠵᠠᠢ᠂ 《ᠬᠤᠪᠢᠰᠭᠠᠯᠲᠦ ᠰᠣᠩᠭᠤᠳᠠᠭ ᠨᠣᠮ᠎ᠢ ᠤᠩᠱᠢᠬᠤ》ᠵᠡᠷᠭᠡᠰᠦᠯᠵᠢᠶᠡᠨ ᠭᠠᠳᠠᠨᠠᠬᠢ ᠶᠠᠷᠢᠬᠤ ᠤᠩᠱᠢᠬᠤ ᠬᠤᠷᠠᠯ᠎ᠢ ᠬᠤᠷᠠᠯᠳᠤᠭᠤᠯᠵᠦ᠍᠂ ᠦᠵᠡᠯ ᠰᠠᠨᠠᠭᠠᠨ᠎ᠤ ᠣᠢᠯᠠᠭᠠᠯᠲᠠᠪᠠᠨᠬᠤᠪᠢᠶᠠᠯᠴᠠᠨ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠪᠡ᠃ ᠳᠤᠮᠳᠠᠳᠤ ᠤᠯᠤᠰᠤᠨᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠥᠬᠦᠳᠡ ᠬᠤᠷᠠᠯᠲᠡᠭᠦᠰᠦᠭ᠌ᠰᠡᠨᠤ ᠳᠠᠷᠠᠭ᠎ᠠ᠂ ᠪᠠᠢᠩᠭᠤ᠎ᠶ᠋ᠢᠨ ᠬᠤᠷᠢᠶᠠᠨ᠎ᠤ ᠬᠤᠷᠠᠯ᠂ ᠲᠡᠷᠢᠭᠦᠯᠡᠭ᠌ᠴᠢᠳ᠎ᠤᠨ ᠬᠤᠷᠠᠯ᠎ᠢ ᠴᠠᠭᠲᠤᠬᠠᠶᠳᠤᠨᠢ ᠬᠤᠷᠠᠯᠳᠤᠭᠤᠯᠤᠨ ᠬᠠᠮᠲᠦ᠍ᠪᠠᠷ ᠰᠤᠷᠤᠯᠴᠠᠵᠦ᠍᠂ ᠰᠢ᠎ᠶ᠋ᠢᠨ ᠫᠢᠩ ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠶᠠᠷᠢᠯᠴᠠᠬᠤ ᠬᠤᠷᠠᠯ ᠪᠣᠯᠤᠨ ᠲᠤᠰᠭᠠᠶ ᠰᠡᠳᠦᠪᠲᠦ ᠤᠬᠠᠭᠤᠯᠭᠠᠲᠠᠢᠯᠪᠤᠷᠢᠯᠠᠯᠲᠠᠵᠡᠷᠭᠡᠲᠣᠭ᠍ᠲᠠᠴᠠᠪᠠᠷᠳᠠᠮᠵᠢᠭᠤᠯᠤᠨ᠂ᠰᠤᠷᠤᠯᠴᠠᠨᠲᠤᠭᠤᠱᠢᠯᠠᠭᠤᠯᠬᠤᠶ᠋ᠢᠲᠠᠰᠤᠷᠠᠯᠲᠠᠦᠭᠡᠢ ᠭᠦᠨᠵᠡᠭᠡᠢᠷᠡᠭᠦᠯᠵᠦ᠍᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠢ ᠬᠥᠲᠥᠯᠥᠨᠵᠢᠯᠣᠭᠤᠳᠴᠤ᠌ ᠪᠠᠢᠭᠠᠳ 《ᠬᠤᠶᠠᠷ᠎ᠢ ᠲᠣᠭ᠍ᠲᠠᠭᠠᠭ᠍ᠰᠠᠨ》᠎ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯᠢᠭᠦᠨᠵᠡᠭᠡᠶ ᠣᠢᠯᠠᠭᠠᠭᠤᠯᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠤᠯᠤᠰ ᠲᠦᠷᠦ᠍᠎ᠶ᠋ᠢᠨ ᠤᠬᠠᠮᠰᠠᠷ᠂ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶ᠋ᠢᠨ ᠤᠬᠠᠮᠰᠠᠷ᠎ᠢ᠎ᠨᠢ ᠨᠡᠮᠡᠭ᠌ᠳᠡᠭᠦᠯᠪᠡ᠃
(ᠬᠤᠶᠠᠷ) ᠭᠤᠤᠯ ᠡᠭᠦᠷᠭᠡ᠎ᠲᠠᠢ ᠤᠶᠠᠯᠳᠤᠭᠤᠯᠤᠨᠲᠦᠷᠦ᠍ᠶ᠋ᠢᠨ ᠬᠡᠷᠡᠭ᠎ᠢ ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠌᠂ ᠠᠷᠪᠠᠨ ᠳᠥᠷᠪᠡᠳᠦᠭᠡᠷ ᠲᠠᠪᠤᠨ ᠵᠢᠯᠤᠨᠲᠦᠯᠦᠪᠵᠢᠭᠦᠯᠬᠡᠶ᠋ᠢᠨ ᠰᠠᠢᠨ ᠰᠠᠢᠬᠠᠨ ᠡᠬᠢᠯᠡᠯᠲᠡ᠎ᠳᠤ ᠬᠦᠴᠦᠨ ᠨᠡᠮᠡᠷᠢᠯᠡᠪᠡ᠃ ᠣᠨ᠎ᠤ ᠵᠥᠪᠯᠡᠬᠦ᠌ ᠲᠥᠯᠥᠪᠯᠡᠭᠡᠶ᠋ᠢᠨᠠᠢᠳᠠᠪᠤᠷᠢᠵᠢᠭᠤᠯᠤᠨ᠂ ᠬᠢᠵᠢᠭ᠎ᠤᠨ ᠨᠥᠯᠥᠭᠡ᠎ᠶ᠋ᠢ ᠢᠯᠠᠨ ᠳᠠᠪᠠᠵᠤ᠂ ᠪᠦᠬᠦ᠌ ᠵᠢᠯ᠎ᠳᠤ ᠴᠢᠬᠤᠯᠠ ᠵᠥᠪᠯᠡᠬᠦ᠌ᠠᠵᠢᠯᠯᠠᠭᠠᠶ᠋ᠢ 25᠎ᠤᠳᠠᠭ᠎ᠠ ᠡᠷᠬᠢᠯᠡᠵᠦ᠍᠂ 82 ᠵᠦᠢᠯ᠎ᠤᠨ ᠪᠠᠢᠴᠠᠭᠠᠨ ᠦᠵᠡᠬᠦ᠌ᠪᠠᠢᠴᠠᠭᠠᠨ ᠱᠢᠨᠵᠢᠯᠡᠬᠦ᠌ ᠪᠠᠢᠴᠠᠭᠠᠨ ᠰᠤᠳᠤᠯᠤᠯᠲᠠ ᠬᠢᠬᠦ᠌ ᠠᠵᠢᠯᠯᠠᠭ᠎ᠠ᠎ᠶ᠋ᠢ ᠦᠷᠨᠢᠭᠦᠯᠦᠨ᠂ 5039 ᠬᠤᠪᠢ ᠰᠠᠨᠠᠯ ᠳᠤᠷᠠᠳᠤᠯᠭᠠᠶ᠋ᠢᠳᠠᠩᠰᠠᠯᠠᠨ ᠳᠡᠮᠳᠡᠭ᠌ᠯᠡᠵᠦ᠍᠂ ᠶᠡᠭᠡ ᠬᠤᠷᠠᠯ ᠳᠡᠭᠡᠷ᠎ᠡ ᠶᠠᠷᠢᠭ᠍ᠰᠠᠨ 867ᠬᠤᠪᠢ ᠶᠠᠷᠢᠶ᠎ᠠ᠎ᠶ᠋ᠢ ᠨᠠᠢᠷᠠᠭᠤᠯᠤᠨ ᠲᠠᠷᠬᠠᠭᠠᠵᠦ᠍᠂ ᠪᠣᠳᠣᠯᠭ᠎ᠠ ᠲᠣᠭ᠍ᠲᠠᠭᠠᠬᠤᠪᠠ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠳᠤ ᠪᠦᠲᠦᠮᠵᠢᠲᠡᠢ ᠦᠢᠯᠡᠴᠢᠯᠡᠪᠡ᠃ ᠴᠢᠨᠠᠷ ᠰᠠᠢᠲᠠᠶ ᠬᠥᠭ᠌ᠵᠢᠯᠲᠡᠶ᠋ᠢᠠᠬᠢᠭᠤᠯᠬᠤᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤᠲᠤᠰᠭᠠᠶ ᠰᠡᠳᠦᠪᠲᠦ ᠲᠥᠷᠥ᠎ᠶ᠋ᠢᠨ ᠬᠡᠷᠡᠭ᠎ᠢ ᠵᠥᠪᠯᠡᠬᠦ᠌ ᠴᠢᠨᠠᠷᠲᠠᠶ ᠪᠠᠢᠩᠭᠤ᠎ᠶ᠋ᠢᠨ ᠬᠤᠷᠢᠶᠠᠨ᠎ᠤ ᠬᠤᠷᠠᠯᠢᠬᠤᠷᠠᠯᠳᠤᠭᠤᠯᠵᠤ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢᠨ ᠰᠠᠭᠤᠷᠢ ᠴᠡᠭᠢᠪᠠᠷᠢᠮᠲᠠᠯᠠᠬᠤ᠂ ᠠᠵᠤ ᠠᠬᠤᠶ᠎ᠶ᠋ᠢᠨ ᠣᠷᠴᠢᠯ᠎ᠢ ᠬᠢᠵᠠᠭᠠᠷᠯᠠᠬᠤ ᠵᠠᠩᠭᠢᠯᠠᠭ᠎ᠠ᠎ᠶ᠋ᠢᠨ ᠲᠦᠭ᠌ᠵᠢᠷᠡᠯ᠎ᠢ ᠨᠡᠪᠲᠡᠷᠡᠭᠦᠯᠬᠦ᠂ᠲᠠᠷᠢᠶᠠᠯᠠᠩ᠎ᠤᠨ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭᠠᠯᠠᠨ ᠠᠱᠢᠭ᠍ᠯᠠᠬᠤ᠂ ᠤᠯᠤᠰ᠎ᠤᠨ ᠱᠢᠨᠵᠢᠯᠡᠬᠦ᠌ ᠤᠬᠠᠭᠠᠨᠮᠡᠷᠭᠡᠵᠢᠯ᠎ᠤᠨ ᠴᠢᠬᠤᠯᠠ ᠶᠡᠭᠡ ᠱᠢᠨ᠎ᠡ ᠲᠤᠰᠭᠠᠶ ᠲᠦᠰᠦᠯ᠎ᠢ ᠲᠦᠷᠭᠡᠯᠡᠨ ᠡᠬᠢᠯᠡᠭᠦᠯᠬᠦ᠂ ᠤᠯᠤᠰ᠎ᠤᠨ ᠪᠠᠢᠯᠳᠤᠬᠤᠪᠤᠳᠤᠯᠭᠠᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠦᠴᠦᠨ᠎ᠢ ᠴᠢᠩᠭᠠᠳᠭᠠᠬᠤ᠂ ᠭᠤᠸᠠᠩᠳᠦ᠋ᠩ ᠱᠢᠶᠠᠩᠭᠠᠩᠣᠣᠮᠧᠨᠤ ᠲᠤᠮᠤ ᠪᠤᠯᠤᠩ᠎ᠤᠨ ᠣᠷᠣᠨ᠎ᠤ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠲᠣᠪᠴᠢ᠎ᠶ᠋ᠢ ᠨᠠᠢᠳᠠᠪᠤᠷᠢᠵᠢᠭᠤᠯᠬᠤ᠂ᠬᠥᠬᠡᠮᠥ᠋ᠷᠡᠨ᠎ᠤ ᠳᠤᠮᠳᠠ ᠤᠷᠤᠰᠭᠠᠯ᠎ᠤᠨ ᠬᠤᠳᠠ᠎ᠶ᠋ᠢᠨ ᠪᠦᠬᠡᠬᠡᠨᠡᠷᠡᠯᠢ ᠬᠠᠮᠵᠢᠯᠴᠠᠨ ᠬᠥᠭ᠌ᠵᠢᠬᠦᠯᠬᠦ᠂ ᠱᠢᠨᠡᠬᠡᠯᠪᠡᠷᠢᠶ᠋ᠢᠨ ᠰᠠᠭᠤᠷᠢ ᠲᠥᠬᠦᠭᠡᠷᠦᠮᠵᠢ᠎ᠶ᠋ᠢ ᠱᠢᠰᠲ᠋ᠧᠮ᠎ᠲᠠᠢ ᠪᠠᠢᠷᠢᠯᠠᠭᠤᠯᠬᠤ᠂ ᠤᠯᠠᠨ ᠬᠡᠯᠪᠡᠷᠢᠶ᠋ᠢᠨᠬᠤᠯᠪᠤᠯᠳᠤᠭ᠍ᠰᠠᠨ ᠲᠡᠭᠡᠭᠡᠪᠦᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠢᠨᠲ᠋ᠧᠷ ᠰᠦᠯᠵᠢᠶᠡᠨᠤᠲᠣᠭ᠍ᠯᠠᠭᠠᠮᠤᠨ ᠠᠵᠤ ᠦᠢᠯᠡᠰ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ ᠵᠡᠷᠭᠡ ᠲᠠᠯ᠎ᠠ᠎ᠪᠠᠷ ᠪᠠᠢᠴᠠᠭᠠᠨᠰᠤᠳᠤᠯᠤᠯᠲᠠ ᠬᠢᠵᠦ᠍ ᠲᠦᠷᠦ᠍᠎ᠶ᠋ᠢᠨ ᠬᠡᠷᠡᠭ᠎ᠢ ᠵᠥᠪᠯᠡᠪᠡ᠃ ᠠᠷᠠᠳ᠎ᠤᠨ ᠠᠮᠢᠳᠤᠷᠠᠯ᠎ᠤᠨ ᠠᠩᠬᠠᠷᠤᠯ᠎ᠤᠨ ᠴᠡᠭᠲᠠᠢᠨᠢᠭ᠍ᠲᠠ ᠤᠶᠠᠯᠳᠤᠭᠤᠯᠤᠨ᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨᠪᠠᠢᠭᠤᠯᠬᠤ ᠲᠤᠰᠭᠠᠶ ᠰᠡᠳᠦᠪᠲᠦ ᠲᠥᠷᠥ᠎ᠶ᠋ᠢᠨ ᠬᠡᠷᠡᠭ᠎ᠢ ᠵᠥᠪᠯᠡᠬᠦ᠌ ᠴᠢᠨᠠᠷᠲᠠᠶ ᠪᠠᠢᠩᠭᠤ᠎ᠶ᠋ᠢᠨ ᠬᠤᠷᠢᠶᠠᠨᠤᠬᠤᠷᠠᠯᠢ ᠬᠤᠷᠠᠯᠳᠤᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠭ᠌ᠰᠡᠨ ᠦᠷ᠎ᠡᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠂ ᠬᠥᠮᠦᠨ ᠠᠮᠠ᠎ᠶ᠋ᠢᠨ ᠨᠠᠰᠤᠵᠢᠯᠲᠠ᠎ᠶ᠋ᠢ ᠠᠷᠭᠠᠴᠠᠬᠤ ᠵᠡᠷᠭᠡᠶ᠋ᠢᠨᠲᠣᠭᠤᠷᠢᠨᠳᠤ ᠲᠤᠰᠭᠠᠶ ᠰᠡᠳᠦᠪᠲᠦ ᠵᠦᠪᠯᠡᠬᠦ᠌ ᠬᠤᠷᠠᠯ᠎ᠢ ᠬᠤᠷᠠᠯᠳᠤᠭᠤᠯᠵᠦ᠍᠂ ᠱᠢᠨ᠎ᠡ ᠴᠠᠭ ᠦᠶ᠎ᠡ᠎ᠶ᠋ᠢᠨ ᠬᠢᠯᠢ᠎ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠠᠬᠢᠭᠤᠯᠬᠤ᠂ ᠴᠢᠨᠠᠷ ᠰᠠᠢᠲᠠᠶᠰᠤᠷᠭᠠᠨ ᠬᠥᠮᠦᠵᠢᠯ᠎ᠤᠨ ᠱᠢᠰᠲ᠋ᠧᠮ᠎ᠢ ᠪᠠᠢᠭᠤᠯᠬᠤ᠂ ᠤᠯᠤᠰ᠎ᠤᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯᠤᠨᠰᠡᠷᠭᠡᠢᠯᠡᠯᠳᠡᠶ᠋ᠢᠨ ᠲᠣᠣᠷ᠂ ᠬᠢᠲᠠᠳ ᠡᠮ ᠡᠮᠨᠡᠯᠭᠡ᠎ᠶ᠋ᠢᠨ ᠡᠬᠢ ᠪᠠᠶᠠᠯᠢᠭ᠎ᠢ ᠠᠭᠤᠳᠠᠯᠤᠨ ᠬᠠᠮᠠᠭᠠᠯᠠᠬᠤ᠂ᠬᠥᠳᠡᠭᠡ ᠲᠣᠰᠭᠤᠨ᠎ᠤ ᠡᠷᠡᠭᠦᠯ ᠬᠠᠮᠠᠭᠠᠯᠠᠯ᠎ᠤᠨ ᠬᠤᠷᠢᠶ᠎ᠠ ᠦᠷᠲᠡᠭᠡ᠎ᠶ᠋ᠢᠨ ᠪᠠᠢᠭᠤᠯᠤᠯᠲᠠ ᠪᠠ ᠬᠠᠮᠢᠶᠠᠷᠤᠯᠲᠠᠶ᠋ᠢᠴᠢᠩᠭᠠᠳᠭᠠᠬᠤ᠂ ᠨᠡᠢᠭᠡᠮ᠎ᠤᠨ ᠠᠪᠤᠷᠠᠨ ᠲᠤᠰᠠᠯᠠᠬᠤ ᠬᠠᠤᠯᠢ᠎ᠶ᠋ᠢ ᠲᠣᠭ᠍ᠲᠠᠭᠠᠬᠤ᠂ ᠬᠢᠯᠢ ᠬᠢᠵᠠᠭᠠᠷ ᠣᠷᠣᠨᠤᠬᠥᠭ᠌ᠵᠢᠯᠲᠡ ᠬᠢᠭᠡᠳ ᠠᠮᠤᠷ ᠲᠦᠪᠱᠢᠨ ᠵᠡᠷᠭᠡ ᠠᠰᠠᠭᠤᠳᠠᠯ᠎ᠤᠨ ᠲᠠᠯ᠎ᠠ᠎ᠪᠠᠷ ᠪᠠᠢᠴᠠᠭᠠᠨ ᠦᠵᠡᠵᠦ᠍ ᠰᠠᠨᠠᠯ ᠰᠠᠨᠠᠭᠤᠯᠭ᠎ᠠ᠎ᠳᠤᠷᠠᠳᠪᠠ᠃ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠠᠩᠬᠠᠷᠤᠯ᠎ᠢᠶᠠᠨ ᠬᠠᠨᠳᠤᠭᠤᠯᠵᠦ᠍᠂ ᠬᠦᠬᠡᠨᠠᠭᠤᠷᠲᠥᠪᠡᠳᠤᠨ ᠥᠨᠳᠦᠷᠯᠢᠭ᠎ᠤᠨ ᠠᠮᠢ ᠠᠬᠤᠶ᠎ᠶ᠋ᠢᠨ ᠣᠷᠴᠢᠨ ᠨᠥᠬᠦᠴᠡᠯ᠎ᠢ ᠬᠠᠮᠠᠭᠠᠯᠠᠬᠤ ᠬᠢᠭᠡᠳ ᠠᠭᠤᠷ ᠠᠮᠢᠰᠭᠤᠯᠤᠨᠬᠤᠪᠢᠷᠠᠯᠲᠠᠳᠤ ᠵᠤᠬᠢᠴᠠᠬᠤ᠎ᠶ᠋ᠢ ᠴᠢᠩᠭᠠᠳᠭᠠᠬᠤ ᠲᠤᠬᠠᠶ ᠭᠤᠤᠯᠳᠠᠯᠭ᠎ᠠ᠎ᠲᠠᠢ ᠰᠠᠨᠠᠯ ᠳᠤᠷᠠᠳᠤᠯᠭ᠎ᠠ᠎ᠶ᠋ᠢ ᠱᠢᠪᠠᠳᠠᠨᠱᠢᠢᠳᠪᠦᠷᠢᠯᠡᠬᠦᠯᠭᠦ᠌ ᠠᠵᠢᠯᠯᠠᠭ᠎ᠠ ᠥᠷᠨᠢᠭᠦᠯᠵᠦ᠍᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶᠶ᠋ᠢᠨᠪᠣᠯᠪᠠᠰᠤᠨᠤ ᠪᠠᠢᠭᠤᠯᠤᠯᠲᠠ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠤᠷᠭᠢᠯ ᠬᠡᠮᠵᠢᠭ᠌ᠳᠡᠯᠳᠤᠨᠢᠬᠦᠷᠭᠡᠬᠦ᠌ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠠᠭ᠍ᠵᠢᠭᠤᠯᠬᠤ᠂ ᠤᠯᠤᠰᠤᠨᠭᠤᠤᠯᠳᠠᠯᠭᠠᠲᠠᠢ ᠨᠠᠭᠤᠷ ᠴᠥᠭᠦᠷᠥᠮ᠎ᠤᠨ ᠠᠮᠢ ᠠᠬᠤᠶ᠎ᠶ᠋ᠢᠨ ᠣᠷᠴᠢᠨ ᠨᠥᠬᠦᠴᠡᠯ᠎ᠢ ᠬᠠᠮᠠᠭᠠᠯᠠᠬᠤ᠂ ᠬᠤᠳᠠ ᠪᠠᠯᠭᠠᠰᠤᠨᠤᠪᠣᠬᠢᠷ ᠤᠰᠤ᠎ᠶ᠋ᠢ ᠱᠢᠢᠳᠪᠦᠷᠢᠯᠡᠬᠦ᠌ ᠵᠡᠷᠭᠡ ᠠᠰᠠᠭᠤᠳᠠᠯ᠎ᠤᠨ ᠲᠠᠯ᠎ᠠ᠎ᠪᠠᠷ ᠵᠣᠬᠢᠶᠠᠨ ᠪᠠᠢᠭᠤᠯᠵᠦ᠍ ᠵᠥᠪᠯᠡᠯᠭᠡᠬᠢᠪᠡ᠃ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡᠳᠤ ᠬᠦᠴᠦᠨ ᠨᠡᠮᠡᠷᠢᠯᠡᠵᠦ᠍᠂ ᠠᠷᠪᠠᠨ ᠳᠥᠷᠪᠡᠳᠦᠭᠡᠷᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠭᠠᠳᠠᠭᠠᠳᠤ ᠨᠡᠭᠡᠭᠡᠯᠳᠠ᠎ᠶ᠋ᠢᠨ ᠴᠢᠬᠤᠯᠠ ᠶᠡᠭᠡ ᠠᠷᠭ᠎ᠠ ᠬᠡᠮᠵᠢᠶᠡᠶ᠋ᠢᠨᠠᠢᠳᠠᠪᠤᠷᠢᠵᠢᠭᠤᠯᠬᠤ᠂ ᠭᠠᠳᠠᠭᠠᠳᠤ ᠠᠷᠠᠯᠵᠢᠶᠠᠨ᠎ᠤ ᠶᠡᠷᠦᠩᠬᠡᠢᠯᠡᠭ᠌ᠰᠡᠨ ᠥᠷᠢᠰᠥᠯᠳᠦᠬᠦ᠌ ᠬᠦᠴᠦᠨ᠎ᠢ ᠴᠢᠩᠭᠠᠷᠠᠭᠤᠯᠬᠤ᠂ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠪᠦᠳᠦᠭᠡᠨ ᠪᠠᠢᠭᠤᠯᠬᠤ᠂ ᠭᠠᠳᠠᠭᠠᠳᠤ᠎ᠳᠤ ᠬᠤᠯᠪᠣᠭ᠍ᠳᠠᠬᠤᠬᠠᠤᠯᠢ ᠬᠡᠷᠡᠭ᠌ᠵᠢᠭᠦᠯᠦᠯᠲᠡ ᠬᠠᠤᠯᠢ ᠪᠠᠷᠢᠯᠲᠠ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ᠵᠡᠷᠭᠡᠶ᠋ᠢᠨ ᠲᠣᠭᠤᠷᠢᠨ᠎ᠳᠤ ᠵᠥᠪᠯᠡᠯᠳᠦᠨ ᠶᠠᠷᠢᠯᠴᠠᠬᠤ ᠬᠤᠷᠠᠯ ᠬᠢᠪᠡ᠃
(ᠭᠤᠷᠪᠠ) ᠤᠯᠤᠰ ᠲᠦᠷᠦ᠍᠎ᠶ᠋ᠢᠨ ᠵᠥᠪᠯᠡᠯᠭᠡᠨᠤᠵᠥᠪᠯᠡᠯᠭᠡᠶ᠋ᠢᠨ ᠠᠭᠤᠯᠤᠭ᠍ᠳᠠᠬᠤᠨ᠎ᠢ ᠪᠠᠶᠠᠯᠢᠭ᠍ᠵᠢᠭᠤᠯᠵᠤ᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯᠴᠢᠳᠠᠪᠤᠷᠢᠶ᠋ᠢ ᠨᠡᠩ ᠰᠠᠢᠨ ᠪᠠᠳᠠᠷᠠᠭᠤᠯᠪᠠ᠃ ᠲᠤᠰᠭᠠᠶ ᠵᠥᠪᠯᠡᠯ᠎ᠤᠨ ᠰᠠᠭᠤᠷᠢᠯᠠᠬᠤ ᠴᠢᠨᠠᠷᠲᠠᠶ ᠦᠢᠯᠡᠳᠦᠯᠢᠴᠢᠩᠭᠠᠷᠠᠭᠤᠯᠵᠤ᠂ ᠵᠥᠪᠯᠡᠬᠦ᠌ ᠠᠷᠭ᠎ᠠ ᠮᠠᠶᠢᠭ ᠪᠠ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠴᠦ᠍᠂ ᠵᠥᠪᠯᠡᠬᠦ᠌ᠭᠦᠨᠴᠡᠶ᠋ᠢ ᠥᠷᠭᠡᠳᠭᠡᠨ᠂ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠪᠡ᠃ᠲᠤᠰᠭᠠᠶ ᠮᠡᠷᠭᠡᠵᠢᠯᠲᠡᠨ᠎ᠤ ᠵᠥᠪᠯᠡᠬᠦ᠌ ᠬᠤᠷᠠᠯ᠎ᠢ ᠡᠭᠦᠳᠦᠨ ᠪᠠᠢᠭᠤᠯᠵᠤ᠂ ᠡᠲᠡᠭᠡᠳ᠎ᠤᠨ ᠢᠯᠭᠠᠯ ᠠᠯᠤᠰᠯᠠᠭ᠍ᠰᠠᠨ᠂ᠱᠢᠨᠵᠢᠯᠡᠭᠡᠨ᠎ᠤ ᠰᠠᠯᠠᠭ᠎ᠠ ᠠᠯᠤᠰᠯᠠᠭ᠍ᠰᠠᠨ᠂ ᠬᠦᠷᠢᠶ᠎ᠡ ᠠᠯᠤᠰᠯᠠᠭ᠍ᠰᠠᠨ ᠲᠤᠰᠭᠠᠶ ᠮᠡᠷᠭᠡᠵᠢᠯᠲᠡᠨ ᠭᠡᠱᠢᠭᠦᠳᠪᠣᠯᠤᠨ ᠬᠤᠯᠪᠣᠭ᠍ᠳᠠᠯ ᠪᠦᠬᠦᠢ ᠡᠷᠳᠡᠮᠲᠡᠳ᠎ᠢ ᠵᠣᠬᠢᠶᠠᠨ ᠪᠠᠢᠭᠤᠯᠵᠤ᠂ ᠪᠠᠭ᠎ᠠ ᠬᠡᠪᠴᠢᠶᠡᠨ᠎ᠤ ᠣᠯᠠᠨ ᠡᠭᠡᠯᠵᠢᠶ᠋ᠢᠨᠭᠦᠨᠵᠡᠭᠡᠶ ᠵᠥᠪᠯᠡᠯᠭᠡ᠎ᠶ᠋ᠢ ᠶᠠᠪᠤᠭ᠍ᠳᠠᠭᠤᠯᠵᠤ᠂ ᠪᠦᠬᠦ᠌ ᠵᠢᠯ᠎ᠳᠤ ᠱᠢᠨᠵᠢᠯᠡᠬᠦ᠌ ᠤᠬᠠᠭᠠᠨ ᠮᠡᠷᠭᠡᠵᠢᠯᠤᠨᠱᠢᠨᠡᠶ᠋ᠢ ᠡᠭᠦᠳᠬᠦ᠌ ᠪᠠ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠂ ᠲᠠᠷᠢᠶᠠᠯᠠᠩ ᠬᠥᠳᠡᠭᠡ ᠲᠣᠰᠭᠤᠨᠤᠣᠳᠣᠬᠢᠴᠢᠯᠠᠭ᠍ᠰᠠᠨ ᠭᠦᠢᠴᠡᠳᠭᠡᠯ ᠲᠣᠭᠠᠨ᠎ᠤ ᠱᠢᠰᠲ᠋ᠧᠮ᠎ᠢ ᠰᠤᠳᠤᠯᠬᠤ ᠵᠡᠷᠭᠡ ᠪᠠᠢᠯᠳᠤᠬᠤ ᠪᠣᠳᠣᠯᠭᠠᠶ᠋ᠢᠨᠴᠢᠨᠠᠷᠲᠠᠢ ᠪᠠᠷᠠᠯᠠᠬᠢᠯᠠᠯᠲᠤ ᠴᠢᠨᠠᠷᠲᠠᠢ ᠵᠥᠪᠯᠡᠬᠦ᠌ ᠰᠡᠳᠦᠪ᠎ᠲᠠᠢ ᠤᠶᠠᠯᠳᠤᠭᠤᠯᠤᠨ 36 ᠤᠳᠠᠭ᠎ᠠ ᠬᠤᠷᠠᠯ ᠬᠤᠷᠠᠯᠳᠤᠭᠤᠯᠵᠤ᠂ ᠵᠠᠷᠢᠮ ᠴᠢᠬᠤᠯᠠ ᠦᠷ᠎ᠡ ᠪᠦᠲᠦᠭᠡᠯ᠎ᠨᠢ ᠭᠦᠢᠴᠡᠳ ᠨᠤᠲᠠᠯᠠᠭ᠍ᠳᠠᠭ᠍ᠰᠠᠨᠪᠠ ᠬᠡᠷᠡᠭ᠌ᠯᠡᠭ᠌ᠳᠡᠪᠡ᠃ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠤᠨ ᠲᠥᠯᠥᠪᠯᠡᠭᠡ᠎ᠶ᠋ᠢ ᠲᠣᠭ᠍ᠲᠠᠭᠠᠵᠤ᠂《ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠴᠢᠩᠭᠠᠳᠭᠠᠨ ᠰᠠᠢᠵᠢᠷᠠᠭᠤᠯᠬᠤ》ᠲᠡᠷᠢᠭᠦᠯᠡᠭ᠌ᠴᠢᠳ᠎ᠤᠨ ᠬᠤᠷᠠᠯᠳᠤᠭᠠᠨ᠎ᠤ ᠪᠦᠷᠢᠯᠳᠦᠭᠦᠨ᠎ᠤ ᠤᠯᠤᠰ ᠲᠦᠷᠦ᠍᠎ᠶ᠋ᠢᠨ ᠣᠨᠣᠯᠢᠶᠠᠷᠢᠯᠴᠠᠬᠤ ᠬᠤᠷᠠᠯ᠎ᠢ ᠬᠤᠷᠠᠯᠳᠤᠭᠤᠯᠪᠠ᠃ ᠵᠥᠪᠯᠡᠬᠦ᠌ ᠬᠡᠯᠪᠡᠷᠢ᠎ᠶ᠋ᠢᠨ ᠬᠢᠨᠠᠯᠲᠠ᠎ᠶ᠋ᠢᠨ ᠣᠨᠴᠠᠯᠢᠭ᠎ᠢ ᠳᠣᠪᠤᠢᠯᠭᠠᠵᠤ᠂ᠵᠥᠪᠯᠡᠬᠦ᠌᠎ᠶ᠋ᠢ ᠬᠢᠨᠠᠯᠲᠠ ᠲᠠᠯᠪᠢᠬᠤ ᠰᠡᠳᠦᠪ᠎ᠢ ᠲᠣᠭ᠍ᠲᠠᠭᠠᠬᠤ᠂ ᠪᠠᠢᠴᠠᠭᠠᠨ ᠰᠤᠳᠤᠯᠵᠤ ᠪᠠᠢᠳᠠᠯ᠎ᠢ ᠣᠢᠯᠠᠭᠠᠬᠤ᠂ᠬᠢᠨᠠᠯᠲᠠ᠎ᠶ᠋ᠢᠨ ᠰᠠᠨᠠᠯ᠎ᠢ ᠪᠥᠷᠢᠯᠳᠦᠬᠦᠯᠬᠦ᠌ ᠵᠡᠷᠭᠡ ᠪᠦᠬᠦ᠌ ᠶᠠᠪᠤᠴᠠ᠎ᠳᠤ ᠲᠤᠭᠤᠱᠢᠯᠠᠭᠤᠯᠤᠨ᠂ ᠲᠡᠷᠢᠭᠦᠯᠡᠭ᠌ᠴᠢᠳᠤᠨᠬᠤᠷᠠᠯᠳᠤᠭᠠᠨᠤ ᠪᠦᠷᠢᠯᠳᠦᠭᠦᠨ᠎ᠢᠶᠠᠷ ᠲᠦᠷᠦᠭᠦᠯᠡᠭᠦᠯᠦᠨ᠂ 10 ᠲᠤᠰᠭᠠᠶ ᠵᠥᠪᠯᠡᠯ ᠡᠯ᠎ᠡ ᠬᠦᠷᠢᠶᠡᠨ᠎ᠤ ᠠᠵᠢᠯ᠎ᠤᠨ ᠭᠤᠣᠯᠳᠠᠯᠭ᠎ᠠ᠎ᠲᠠᠢ ᠤᠶᠠᠯᠳᠤᠭᠤᠯᠤᠨᠦᠷᠭᠦᠯᠵᠢᠯᠡᠨ ᠮᠥᠷᠳᠡᠨ ᠬᠢᠨᠠᠯᠲᠠ ᠲᠠᠯᠪᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠳᠤ ᠨᠡᠢᠭᠡᠮ᠎ᠤᠨ ᠨᠠᠰᠤᠲᠠᠢᠴᠤᠳ᠎ᠲᠤ ᠲᠣᠬᠢᠷᠠᠮᠵᠢᠲᠠᠢ ᠪᠣᠯᠭᠠᠬᠤ ᠱᠢᠨᠡᠳᠭᠡᠨᠰᠠᠢᠵᠢᠷᠠᠭᠤᠯᠤᠯᠲᠠᠶ᠋ᠢ ᠲᠦᠷᠭᠡᠯᠡᠨ ᠠᠬᠢᠭᠤᠯᠬᠤ ᠵᠡᠷᠭᠡ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠮᠡᠳᠡᠭᠦᠯᠦᠯᠲᠡᠶ᠋ᠢᠮᠡᠳᠡᠭᠦᠯᠦᠨ ᠬᠦᠷᠭᠡᠵᠦ᠍᠂ ᠵᠥᠪᠯᠡᠬᠦ᠌᠎ᠪᠠᠷ ᠰᠠᠢᠵᠢᠷᠠᠭᠤᠯᠤᠯᠲᠠ᠎ᠶ᠋ᠢ ᠠᠬᠢᠭᠤᠯᠬᠤ᠂ ᠬᠢᠨᠠᠯᠲᠠ ᠲᠠᠯᠪᠢᠬᠤᠪᠠᠷᠨᠠᠢᠳᠠᠪᠤᠷᠢᠵᠢᠭᠤᠯᠤᠯᠲᠠᠶ᠋ᠢ ᠬᠠᠪᠰᠤᠷᠬᠤ ᠦᠢᠯᠡᠳᠦᠯ ᠦᠵᠡᠭᠦᠯᠪᠡ᠃ ᠪᠡᠶ᠎ᠡ᠎ᠪᠠᠨ ᠳᠠᠭᠠᠭᠠᠭ᠍ᠰᠠᠨ ᠪᠠᠢᠴᠠᠭᠠᠨᠰᠤᠳᠤᠯᠤᠯᠲᠠᠶ᠋ᠢᠨ ᠠᠮᠢᠳᠤᠯᠢᠭ ᠪᠦᠭᠡᠳ ᠳᠦᠭᠦᠮ ᠲᠦᠳᠡ᠂ ᠪᠣᠳᠠᠲᠠᠶ᠎ᠶ᠋ᠢ ᠡᠷᠬᠢᠮᠯᠡᠬᠦ᠌ ᠪᠦᠭᠡᠳ ᠥᠨᠳᠥᠷ ᠪᠦᠲᠦᠮᠵᠢᠲᠡᠶᠪᠠᠢᠳᠠᠭ ᠳᠠᠪᠠᠭᠤᠯᠢᠭ᠎ᠢ ᠪᠠᠳᠠᠷᠠᠭᠤᠯᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠤᠳᠤᠷᠢᠳᠭᠤᠨᠥᠬᠦᠳᠤᠨ ᠪᠡᠶ᠎ᠡ᠎ᠪᠠᠨ ᠳᠠᠭᠠᠭᠠᠵᠤ ᠪᠠᠢᠴᠠᠭᠠᠨ ᠰᠤᠳᠤᠯᠤᠯᠲᠠ ᠬᠢᠬᠦ᠌᠎ᠪᠠᠷ ᠭᠡᠱᠢᠭᠦᠳ᠎ᠤᠨ ᠪᠡᠶ᠎ᠡ᠎ᠪᠠᠨ ᠳᠠᠭᠠᠭᠠᠵᠤᠪᠠᠢᠴᠠᠭᠠᠨ ᠰᠤᠳᠤᠯᠤᠯᠲᠠ ᠬᠢᠬᠦ᠌᠎ᠶ᠋ᠢ ᠳᠠᠢᠴᠢᠯᠠᠨ ᠭᠦᠨᠵᠡᠭᠡᠶ ᠠᠬᠢᠭᠤᠯᠵᠤ᠂ ᠨᠡᠢᠲᠡ 120 ᠭᠠᠷᠤᠶ ᠵᠦᠢᠯ᠎ᠢ ᠵᠣᠬᠢᠶᠠᠨ ᠪᠠᠢᠭᠤᠯᠤᠨ ᠥᠷᠨᠢᠭᠦᠯᠪᠡ᠃ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢᠨ ᠮᠡᠳᠡᠭᠡ ᠵᠠᠩᠭᠢ᠎ᠶ᠋ᠢ ᠲᠤᠰᠭᠠᠬᠤ ᠠᠷᠭ᠎ᠠ ᠵᠠᠮ᠎ᠢ ᠥᠷᠭᠡᠳᠭᠡᠵᠦ᠍᠂ᠭᠤᠣᠯᠳᠠᠯᠭ᠎ᠠ᠎ᠲᠠᠢ ᠪᠠᠢᠴᠠᠭᠠᠨ ᠰᠤᠳᠤᠯᠵᠤ ᠵᠥᠪᠯᠡᠭ᠌ᠰᠡᠨ ᠦᠷ᠎ᠡ ᠪᠦᠲᠦᠭᠡᠯ᠎ᠢ ᠨᠠᠷᠢᠯᠢᠭ ᠣᠨᠣᠴᠠᠲᠠᠢ ᠮᠡᠳᠡᠭᠦᠯᠦᠨᠬᠦᠷᠭᠡᠵᠦ᠍᠂ ᠪᠦᠬᠦ᠌ ᠵᠢᠯ᠎ᠳᠤ ᠡᠯ᠎ᠡ ᠲᠥᠷᠥᠯ᠎ᠤᠨ ᠮᠡᠳᠡᠭᠡ ᠵᠠᠩᠭᠢ᠎ᠶ᠋ᠢ 3010 ᠬᠤᠭᠤᠴᠠᠭ᠎ᠠ ᠨᠠᠢᠷᠠᠭᠤᠯᠤᠨ ᠮᠡᠳᠡᠭᠦᠯᠪᠡ᠃
( ᠲᠦᠷᠪᠡ ) ᠪᠦᠯᠬᠦᠮᠳᠡᠵᠦ᠍ ᠨᠥᠬᠦᠷᠯᠡᠬᠦ᠌ ᠠᠷᠭᠠᠠᠴᠢᠶᠠᠯᠠᠪᠤᠷᠢᠶ᠋ᠢ ᠲᠡᠭᠦᠯᠳᠡᠷᠵᠢᠭᠦᠯᠵᠦ᠍᠂ ᠤᠶᠤᠨ ᠤᠬᠠᠭᠠᠨ ᠪᠠ ᠬᠦᠴᠦᠨ ᠴᠢᠳᠠᠯ᠎ᠢ ᠥᠷᠭᠡᠨ᠎ᠢᠶᠠᠷ ᠬᠤᠷᠠᠮᠳᠤᠭᠤᠯᠪᠠ᠃ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ᠴᠠᠭᠠᠭ᠍ᠴᠢᠨ ᠭᠠᠭ᠍ᠠᠶ ᠵᠢᠯ᠎ᠤᠨ ᠬᠤᠪᠢᠰᠭᠠᠯ᠎ᠤᠨ 110 ᠵᠢᠯ ᠤᠨ ᠤᠢ᠎ᠶ᠋ᠢ ᠳᠤᠷᠠᠰᠭᠠᠬᠤ ᠶᠡᠭᠡ ᠬᠤᠷᠠᠯ᠎ᠢ ᠠᠮᠵᠢᠯᠲᠠ᠎ᠲᠠᠢ ᠡᠷᠬᠢᠯᠡᠪᠡ᠃ ᠶᠡᠷᠦᠩᠬᠡᠶᠱᠦᠵᠢ ᠰᠢ᠎ᠶ᠋ᠢᠨ ᠫᠢᠩ᠎ᠤᠨ ᠶᠡᠭᠡ ᠬᠤᠷᠠᠯ ᠳᠡᠭᠡᠷ᠎ᠡ ᠶᠠᠷᠢᠭ᠍ᠰᠠᠨ ᠴᠢᠬᠤᠯᠠ ᠶᠠᠷᠢᠶ᠎ᠠ᠎ᠶ᠋ᠢ ᠭᠦᠨᠵᠡᠭᠡᠶ ᠰᠤᠷᠤᠯᠴᠠᠵᠤ᠂ᠡᠬᠡ ᠤᠯᠤᠰ᠎ᠤᠨ ᠪᠦᠷᠢᠨ ᠨᠢᠭᠡᠳᠦᠯ᠎ᠢ ᠠᠬᠢᠭᠤᠯᠬᠤ᠂ ᠦᠨᠳᠦᠰᠦᠲᠡᠨ᠎ᠢᠶᠠᠨ ᠰᠡᠷᠭᠦᠭᠡᠨ ᠮᠠᠨᠳᠤᠭᠤᠯᠬᠤ ᠠᠭᠤᠤ ᠦᠢᠯᠡᠰᠢᠪᠡᠶᠡᠯᠡᠭᠦᠯᠬᠦ᠌ ᠡᠷᠡᠰ ᠪᠠᠲᠤ ᠵᠣᠷᠢᠭ᠎ᠢᠶᠠᠨ ᠤᠯᠠᠮ ᠨᠢᠭᠡ ᠠᠯᠬᠤᠮ ᠴᠢᠩᠭᠠᠷᠠᠭᠤᠯᠪᠠ᠃ ᠪᠦᠬᠦ᠌ ᠤᠯᠤᠰ᠎ᠤᠨ ᠤᠯᠤᠰᠲᠥᠷᠥ᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠨᠠᠮ᠎ᠤᠨ ᠭᠠᠳᠠᠨᠠᠬᠢ 367 ᠭᠡᠱᠢᠭᠦᠨ᠎ᠲᠠᠢ ᠰᠡᠳᠭᠢᠯ᠎ᠤᠨ ᠦᠭᠡᠪᠠᠨᠬᠡᠯᠡᠯᠴᠡᠨ ᠶᠠᠷᠢᠯᠴᠠᠵᠤ᠂ ᠴᠢᠬᠤᠯᠠ ᠶᠡᠭᠡ ᠲᠤᠰᠭᠠᠶ ᠠᠵᠢᠯ᠎ᠤᠨ ᠭᠡᠱᠢᠭᠦᠳ᠎ᠤᠨ ᠤᠬᠠᠭᠤᠯᠭ᠎ᠠ ᠲᠠᠢᠯᠪᠤᠷᠢᠯᠠᠯᠲᠠ᠎ᠶ᠋ᠢ 11 ᠤᠳᠠᠭ᠎ᠠ ᠵᠣᠬᠢᠶᠠᠨ ᠪᠠᠢᠭᠤᠯᠵᠤ᠂ ᠭᠡᠱᠢᠭᠦᠳ᠎ᠤᠨ ᠬᠢᠴᠢᠶᠡᠯ᠎ᠢ 10 ᠬᠤᠭᠤᠴᠠᠭ᠎ᠠ ᠦᠢᠯᠡᠳᠦᠨ ᠨᠡᠪᠲᠡᠷᠡᠭᠦᠯᠵᠦ᠍᠂ ᠨᠠᠮᠤᠨᠭᠠᠳᠠᠨᠠᠬᠢ ᠭᠡᠱᠢᠭᠦᠳ᠎ᠤᠨ ᠥᠪᠡᠷ᠎ᠢ᠎ᠪᠠᠨ ᠬᠥᠮᠦᠵᠢᠭᠦᠯᠬᠦ᠌ ᠥᠪᠡᠷ᠎ᠢ᠎ᠪᠠᠨ ᠳᠡᠭᠡᠭ᠌ᠰᠢᠯᠡᠭᠦᠯᠬᠦ᠌ ᠭᠤᠣᠯ ᠵᠣᠷᠢᠯᠲᠠᠲᠤᠲᠤᠰᠭᠠᠶ ᠰᠡᠳᠦᠪᠲᠦ ᠪᠠᠢᠴᠠᠭᠠᠯᠲᠠ᠎ᠶ᠋ᠢ 11 ᠤᠳᠠᠭ᠎ᠠ ᠥᠷᠨᠢᠭᠦᠯᠵᠦ᠍᠂ ᠬᠤᠷᠸ᠎ᠠ ᠠᠵᠤ ᠠᠬᠤᠢ᠎ᠶ᠋ᠢᠨ ᠪᠠᠢᠳᠠᠯ᠎ᠤᠨ ᠲᠤᠬᠠᠢᠵᠠᠳᠠᠯᠤᠯᠲᠠᠶ᠋ᠢᠨ ᠶᠠᠷᠢᠯᠴᠠᠬᠤ ᠬᠤᠷᠠᠯ᠎ᠢ 4 ᠤᠳᠠᠭ᠎ᠠ ᠂ ᠭᠤᠣᠯᠳᠠᠯᠭ᠎ᠠ᠎ᠲᠠᠢ ᠠᠩᠬᠠᠷᠴᠤ᠌ ᠪᠠᠢᠭ᠎ᠠ ᠠᠰᠠᠭᠤᠳᠠᠯ᠎ᠤᠨ ᠲᠤᠬᠠᠢ ᠪᠠᠢᠳᠠᠯᠢᠮᠡᠳᠡᠭ᠌ᠳᠡᠬᠦ᠌ ᠬᠤᠷᠠᠯ᠎ᠢ 10 ᠤᠳᠠᠭ᠎ᠠ ᠡᠷᠬᠢᠯᠡᠵᠦ᠍᠂ 《ᠭᠡᠱᠢᠭᠦᠳ ᠦᠭᠦᠯᠡᠬᠦᠢ》 ᠱᠢᠷᠢᠰ ᠰᠤᠷᠪᠤᠯᠵᠢᠯᠠᠭᠠᠶ᠋ᠢᠨᠣᠬᠤᠷ ᠸᠢᠳᠢᠣ᠋ ᠪᠢᠴᠢᠯᠭᠡ ᠵᠣᠬᠢᠶᠠᠨ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠵᠤ᠂ ᠠᠩᠬᠠᠷᠤᠯ ᠲᠠᠯᠪᠢᠵᠤ ᠪᠠᠢᠭᠠᠠᠰᠠᠭᠤᠳᠠᠯᠳᠤ ᠬᠠᠷᠢᠭᠤᠯᠲᠠ ᠥᠭ᠌ᠴᠦ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠪᠠ᠃ ᠲᠥᠪ᠎ᠤᠨ ᠦᠨᠳᠦᠰᠦᠲᠡᠨᠤᠠᠵᠢᠯᠤᠨ ᠬᠤᠷᠠᠯᠳᠤᠭᠠᠨ ᠪᠠ ᠪᠦᠬᠦ᠌ ᠤᠯᠤᠰ᠎ᠤᠨ ᠱᠠᠱᠢᠨ ᠰᠤᠷᠲᠠᠬᠤᠨ᠎ᠤ ᠠᠵᠢᠯ᠎ᠤᠨ ᠬᠤᠷᠠᠯᠳᠤᠭᠠᠨ᠎ᠤ ᠵᠣᠷᠢᠭᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠴᠥᠭᠡᠨ ᠲᠣᠭᠠᠲᠤ ᠦᠨᠳᠦᠰᠦᠲᠡᠨ᠎ᠤ ᠡᠲᠡᠭᠡᠳ᠂ ᠱᠠᠱᠢᠨ ᠰᠤᠷᠲᠠᠬᠤᠨᠤᠡᠲᠡᠭᠡᠳᠤᠨ ᠭᠡᠱᠢᠭᠦᠳ᠎ᠤᠨ ᠪᠣᠯᠪᠠᠰᠤᠷᠠᠯ᠎ᠤᠨ ᠠᠩᠭᠢ ᠡᠷᠬᠢᠯᠡᠵᠦ᠍᠂ ᠦᠨᠳᠦᠰᠦᠲᠡᠨ᠎ᠤ ᠭᠠᠵᠠᠷ ᠣᠷᠣᠨ᠎ᠤ ᠣᠯᠠᠨᠠᠷᠭᠠ ᠵᠠᠮ᠎ᠢᠶᠠᠷ ᠠᠵᠢᠯ ᠣᠯᠬᠤ᠂ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠢ ᠵᠠᠰᠠᠬᠤ ᠵᠡᠷᠭᠡ ᠲᠠᠯᠠᠪᠠᠷᠪᠠᠢᠴᠠᠭᠠᠨ ᠰᠤᠳᠤᠯᠵᠤ ᠵᠥᠪᠯᠡᠯᠭᠡ ᠬᠢᠵᠦ᠍᠂ ᠦᠨᠳᠦᠰᠦᠲᠡᠨ᠎ᠤ ᠪᠦᠯᠬᠦᠮᠳᠡᠯ ᠪᠠ ᠱᠠᠱᠢᠨ ᠰᠤᠷᠲᠠᠬᠤᠨ᠎ᠤ ᠡᠶᠡᠵᠤᠬᠢᠴᠠᠯᠢ ᠠᠬᠢᠭᠤᠯᠪᠠ᠃ ᠱᠢᠶᠠᠩᠭᠠᠩ ᠣᠷᠣᠨ᠎ᠤ ᠭᠡᠱᠢᠭᠦᠳ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳᠤᠨᠶᠡᠭᠡ ᠬᠤᠷᠠᠯ᠎ᠠᠴᠠ ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠰᠣᠩᠭᠤᠭᠤᠯᠢ᠎ᠶ᠋ᠢᠨ ᠳᠦᠷᠢᠮᠢᠲᠡᠭᠦᠯᠳᠡᠷᠵᠢᠭᠦᠯᠬᠦ᠌ᠳᠤ ᠰᠠᠨᠠᠯ᠎ᠢᠶᠠᠨ ᠢᠯᠡᠷᠬᠡᠢᠯᠡᠨ ᠳᠡᠮᠵᠢᠬᠦ᠌᠎ᠶ᠋ᠢ ᠵᠣᠷᠢᠭ᠍ᠵᠢᠭᠤᠯᠵᠤ᠂ 《ᠡᠬᠡ ᠤᠷᠤᠨᠴᠢ ᠬᠦᠮᠦᠰ᠎ᠢᠶᠠᠷ ᠱᠢᠶᠠᠩᠭᠠᠩ᠎ᠢ ᠵᠠᠰᠠᠭᠤᠯᠬᠤ》 ᠦᠨᠳᠦᠰᠦᠨ ᠵᠠᠷᠴᠢᠮ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠱᠢᠶᠠᠩᠭᠠᠩ ᠣᠣᠮᠧᠨᠤᠵᠠᠯᠠᠭᠤᠴᠤᠳ ᠪᠠᠭᠠᠴᠤᠳ᠎ᠤᠨ ᠡᠬᠡ ᠣᠷᠣᠨᠴᠢ ᠦᠵᠡᠯ᠎ᠤᠨ ᠬᠥᠮᠦᠵᠢᠯ ᠪᠠ ᠬᠢᠵᠢᠭ᠎ᠢ ᠡᠰᠡᠷᠭᠦᠴᠡᠬᠦ᠌ ᠵᠡᠷᠬᠡᠲᠠᠢᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠴᠤ᠌᠂ ᠠᠷᠪᠠᠨ ᠭᠤᠷᠪᠠᠳᠤᠭᠠᠷ ᠬᠤᠭᠤᠴᠠᠭᠠᠨ᠎ᠤ ᠲᠠᠢᠸᠠᠨ ᠬᠤᠭᠤᠯᠠᠶᠶ᠋ᠢᠨᠶᠠᠷᠢᠯᠴᠠᠭᠠᠨᠤ ᠲᠠᠪᠴᠠᠩ • ᠳᠥᠷᠪᠡᠳᠦᠭᠡᠷ ᠬᠤᠭᠤᠴᠠᠭᠠᠨ᠎ᠤ ᠲᠠᠢᠸᠠᠨ ᠬᠤᠭᠤᠯᠠᠢ᠎ᠶ᠋ᠢᠨ ᠬᠤᠶᠠᠷ ᠲᠠᠯᠠᠶ᠋ᠢᠨᠦᠨᠳᠦᠰᠦᠨ ᠱᠠᠲᠤᠨ᠎ᠤ ᠵᠠᠰᠠᠯᠲᠠ᠎ᠶ᠋ᠢᠨ ᠶᠠᠷᠢᠯᠴᠠᠭᠠᠨ᠎ᠤ ᠲᠠᠪᠴᠠᠩ᠎ᠢ ᠡᠷᠬᠢᠯᠡᠬᠦ᠌᠎ᠳᠤ ᠣᠷᠣᠯᠴᠠᠵᠤ᠂ ᠱᠢᠶᠠᠩᠭᠠᠩᠣᠣᠮᠧᠨᠤ ᠠᠬ᠎ᠠ ᠳᠡᠭᠦᠦ ᠨᠡᠷ᠂ ᠲᠠᠢᠸᠠᠨ᠎ᠤ ᠠᠬ᠎ᠠ ᠳᠡᠭᠦᠦ ᠨᠡᠷ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬᠠᠳᠡᠭᠦᠦ ᠨᠡᠷ ᠯᠤᠭ᠎ᠠ᠎ᠶ᠋ᠢᠨ ᠪᠦᠯᠬᠦᠮᠳᠡᠯ ᠨᠥᠬᠦᠷᠯᠡᠯ᠎ᠢᠶᠠᠨ ᠴᠢᠩᠭᠠᠳᠭᠠᠪᠠ᠃ ᠬᠢᠵᠢᠭ᠎ᠢ ᠰᠡᠷᠭᠡᠢᠯᠡᠨ ᠬᠢᠵᠠᠭᠠᠷᠯᠠᠬᠤᠠᠵᠢᠯᠢ ᠪᠠᠢᠩᠭᠤᠵᠢᠭᠤᠯᠤᠭ᠍ᠰᠠᠨ ᠨᠥᠬᠦᠴᠡᠯ ᠳᠣᠣᠷᠠᠬᠢ ᠭᠠᠳᠠᠭᠠᠳᠤ ᠬᠠᠷᠢᠯᠴᠠᠭᠠᠨ᠎ᠤ ᠠᠵᠢᠯ᠎ᠢ ᠰᠠᠢᠲᠤᠷ ᠬᠢᠵᠦ᠍᠂ᠯᠠᠲ᠋ᠢᠨ ᠠᠮᠧᠷᠢᠺᠠ ᠲᠢᠪ ᠪᠠ ᠺᠠᠷᠢᠪᠧ᠎ᠶ᠋ᠢᠨ ᠤᠯᠤᠰ᠎ᠤᠳ᠎ᠤᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳᠢᠤᠷᠢᠵᠤ ᠤᠯᠤᠰ ᠲᠥᠷᠥ᠎ᠶ᠋ᠢᠨ ᠵᠥᠪᠯᠡᠯᠭᠡᠨ᠎ᠳᠤ ᠠᠢᠯᠴᠢᠯᠠᠭᠤᠯᠬᠤ ᠠᠵᠢᠯᠯᠠᠭ᠎ᠠ᠎ᠶ᠋ᠢ ᠡᠷᠬᠢᠯᠡᠵᠦ᠍᠂ ᠳᠤᠮᠳᠠᠳᠤᠤᠯᠤᠰ᠎ᠤᠨ ᠠᠵᠤ ᠠᠬᠤᠶ ᠨᠡᠢᠭᠡᠮ᠎ᠤᠨ ᠬᠡᠷᠡᠭ ᠡᠷᠬᠢᠯᠡᠭ᠌ᠴᠢᠳ᠎ᠤᠨ ᠬᠤᠷᠠᠯ᠂ ᠳᠤᠮᠳᠠᠳᠤ ᠤᠯᠤᠰ᠎ᠤᠨ ᠱᠠᠱᠢᠨ ᠰᠤᠷᠲᠠᠬᠤᠨᠤᠡᠲᠡᠭᠡᠳᠤᠨ ᠨᠠᠢᠷᠠᠮᠳᠠᠯ᠎ᠤᠨ ᠵᠥᠪᠯᠡᠯ᠎ᠤᠨ ᠬᠠᠮᠢᠶ᠎ᠠ ᠪᠦᠬᠦᠢ ᠣᠯᠠᠨ ᠤᠯᠤᠰ᠎ᠤᠨ ᠵᠣᠬᠢᠶᠠᠨ ᠪᠠᠢᠭᠤᠯᠤᠯᠲᠠᠶ᠋ᠢᠨᠠᠵᠢᠯᠯᠠᠭᠠᠳᠤ ᠣᠷᠣᠯᠴᠠᠬᠤ᠎ᠶ᠋ᠢ ᠳᠡᠮᠵᠢᠵᠦ᠍᠂ ᠰᠦᠯᠵᠢᠶᠡᠨ ᠳᠡᠭᠡᠷᠡᠬᠢ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠶ᠋ᠢ80 ᠤᠳᠠᠭ᠎ᠠ ᠥᠷᠨᠢᠭᠦᠯᠪᠡ᠃ ᠳᠤᠮᠳᠠᠳᠤ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨᠤᠠᠩᠭ᠌ᠯᠢ ᠬᠡᠯᠡᠨ᠎ᠤ ᠰᠦᠯᠵᠢᠶᠡᠨ ᠥᠷᠲᠡᠭᠡ ᠳᠡᠭᠡᠷ᠎ᠡ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠢᠶ᠋ᠢᠪᠡᠯᠭᠡᠯᠡᠬᠦ᠌ ᠲᠤᠰᠭᠠᠶ ᠰᠡᠳᠦᠪᠲᠦ ᠪᠤᠯᠤᠩ ᠭᠠᠷᠭᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠤ ᠭᠠᠳᠠᠭᠠᠳᠤ ᠤᠬᠠᠭᠤᠯᠭᠠᠶ᠋ᠢᠨᠣᠬᠤᠷ ᠹᠢᠯᠢᠮ᠎ᠢ ᠵᠣᠬᠢᠶᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡᠨᠶᠠᠪᠤᠴᠠ ᠪᠠ ᠲᠥᠷᠥ᠎ᠶ᠋ᠢ ᠵᠠᠰᠠᠵᠤ ᠵᠠᠰᠠᠭ᠎ᠢ ᠡᠷᠬᠢᠯᠡᠭ᠌ᠰᠡᠨ ᠠᠮᠵᠢᠯᠲᠠ ᠪᠦᠲᠦᠮᠵᠢ᠎ᠶ᠋ᠢ ᠤᠬᠠᠭᠤᠯᠵᠤ᠂ ᠳᠤᠮᠳᠠᠳᠤᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨᠤᠪᠠᠢᠭᠤᠯᠤᠯ ᠵᠡᠷᠭᠡ᠎ᠶ᠋ᠢ ᠤᠬᠠᠭᠤᠯᠤᠨ ᠲᠠᠨᠢᠯᠴᠠᠭᠤᠯᠪᠠ᠃ ᠠᠮᠧᠷᠢᠺᠠ᠎ᠶ᠋ᠢᠨ ᠱᠢᠨᠵᠢᠶᠠᠩ᠎ᠳᠤ ᠬᠤᠯᠪᠣᠭ᠍ᠳᠠᠬᠤ ᠬᠠᠤᠯᠢᠶ᠋ᠢᠨᠲᠦᠰᠦᠯ ᠬᠡᠮᠡᠭ᠌ᠴᠢᠪᠠᠨ ᠭᠠᠷᠤᠨ ᠦᠰᠦᠭ ᠵᠢᠷᠤᠵᠤ ᠬᠠᠤᠯᠢ᠎ᠶ᠋ᠢᠨ ᠬᠦᠴᠦᠨ᠎ᠲᠠᠢ ᠪᠣᠯᠭᠠᠭ᠍ᠰᠠᠨ᠂ ᠧᠦ᠋ᠷᠣᠫᠠᠶ᠋ᠢᠨᠵᠥᠪᠯᠡᠯᠭᠡᠨᠤ ᠬᠤᠷᠠᠯ᠎ᠤᠨ ᠭᠠᠳᠠᠭᠠᠳᠤ ᠶᠠᠪᠤᠳᠠᠯ᠎ᠤᠨ ᠵᠦᠪᠯᠡᠯ ᠪᠣᠯᠤᠨ ᠧᠦ᠋ᠷᠣᠫᠠ᠎ᠶ᠋ᠢᠨ ᠵᠥᠪᠯᠡᠯᠭᠡᠨ᠎ᠤ ᠬᠤᠷᠠᠯᠤᠨᠲᠠᠢᠸᠠᠨᠳᠤ ᠬᠤᠯᠪᠣᠭ᠍ᠳᠠᠭ᠍ᠰᠠᠨ ᠮᠡᠳᠡᠭᠦᠯᠦᠯᠲᠡ ᠬᠡᠮᠡᠭ᠌ᠴᠢᠪᠠᠨ ᠪᠠᠲᠤᠯᠠᠭ᠍ᠰᠠᠨ᠎ᠳᠤ ᠴᠢᠭ᠌ᠯᠡᠭᠦᠯᠵᠦ᠍᠂ ᠲᠥᠪᠴᠢᠩᠭᠠ ᠢᠯᠡᠷᠬᠡᠢᠯᠡᠯᠲᠡ ᠨᠡᠢᠲᠡᠯᠡᠵᠦ᠍᠂ ᠮᠠᠨ᠎ᠤ ᠤᠯᠤᠰ᠎ᠤᠨ ᠵᠠᠷᠴᠢᠮ᠎ᠤᠨ ᠵᠣᠭ᠍ᠰᠣᠯᠲᠠ᠎ᠶ᠋ᠢ ᠲᠣᠳᠣᠷᠬᠠᠢᠯᠠᠪᠠ᠃
(ᠲᠠᠪᠤ) ᠤᠯᠤᠰ ᠲᠦᠷᠦ᠍᠎ᠶ᠋ᠢᠨ ᠵᠥᠪᠯᠡᠯᠭᠡᠨᠤᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠷ᠎ᠡᠪᠦᠲᠦᠮᠵᠢ᠎ᠶ᠋ᠢ ᠦᠨᠡᠨ ᠬᠦ᠌ ᠳᠡᠭᠡᠭ᠌ᠰᠢᠯᠡᠭᠦᠯᠪᠡ᠃ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨᠵᠢᠯᠣᠭᠤᠳᠤᠭᠤᠯᠵᠤ ᠨᠠᠮ᠎ᠤᠨ ᠪᠠᠢᠭᠤᠯᠤᠯᠲᠠ᠎ᠶ᠋ᠢ ᠠᠬᠢᠭᠤᠯᠵᠤ᠂ 《ᠱᠢᠨ᠎ᠡᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠍ᠶ᠋ᠢᠨᠵᠥᠪᠯᠡᠯᠭᠡᠨᠤᠨᠠᠮᠤᠨᠪᠠᠢᠭᠤᠯᠤᠯᠲᠠᠶ᠋ᠢᠨ ᠠᠵᠢᠯᠢᠴᠢᠩᠭᠠᠳᠭᠠᠬᠤ ᠲᠤᠬᠠᠶ ᠰᠠᠨᠠᠯ᠎ᠤᠳ》᠎ᠢ᠋ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠪᠠᠢᠴᠠᠭᠠᠨᠰᠤᠳᠤᠯᠵᠤ᠂ ᠬᠤᠷᠠᠯ ᠬᠤᠷᠠᠯᠳᠤᠭᠤᠯᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯᠤᠨᠲᠤᠷᠱᠢᠯᠭᠠᠶ᠋ᠢ ᠳ᠋ᠦᠩᠨᠡᠨ ᠰᠣᠯᠢᠯᠴᠠᠪᠠ᠃ ᠪᠢᠴᠢᠭ᠎ᠤᠨ ᠰᠤᠷᠪᠤᠯᠵᠢᠲᠤ ᠤᠯᠤᠰ ᠲᠥᠷᠥ᠎ᠶ᠋ᠢᠨ ᠵᠥᠪᠯᠡᠯᠭᠡᠨᠤᠪᠠᠢᠭᠤᠯᠤᠯᠲᠠᠶ᠋ᠢ ᠠᠬᠢᠭᠤᠯᠵᠤ᠂ ᠪᠦᠬᠦ᠌ ᠤᠯᠤᠰ ᠵᠢᠴᠢ ᠣᠷᠣᠨ ᠨᠤᠲᠤᠭ᠎ᠤᠨ ᠤᠯᠤᠰ ᠲᠥᠷᠥ᠎ᠶ᠋ᠢᠨ ᠵᠥᠪᠯᠡᠯᠭᠡᠨᠤᠭᠡᠱᠢᠭᠦᠳᠤᠨ ᠨᠣᠮ ᠤᠩᠱᠢᠵᠤ ᠰᠦᠯᠵᠢᠶᠡᠨ ᠳᠡᠭᠡᠷ᠎ᠡ ᠲᠤᠷᠱᠢᠯᠭ᠎ᠠ ᠰᠣᠯᠢᠯᠴᠠᠬᠤ ᠬᠤᠷᠠᠯ᠎ᠢ ᠬᠤᠷᠠᠯᠳᠤᠭᠤᠯᠵᠤ᠂ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ᠎ᠤᠨ ᠨᠣᠮ ᠤᠩᠱᠢᠭ᠍ᠰᠠᠨ ᠲᠡᠮᠳᠡᠭ᠌ᠯᠡᠯ᠎ᠤᠨ ᠱᠢᠷᠢᠰ ᠨᠣᠮ ᠪᠢᠴᠢᠭᠢᠬᠡᠪᠯᠡᠭᠦᠯᠵᠦ᠍᠂ ᠭᠡᠱᠢᠭᠦᠳ᠎ᠤᠨ ᠰᠤᠷᠤᠯᠴᠠᠬᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠠᠷᠭ᠎ᠠ᠎ᠳᠤ ᠵᠠᠰᠠᠪᠤᠷᠢᠣᠷᠣᠭᠤᠯᠪᠠ᠃ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠬᠦ᠌ ᠵᠥᠪᠯᠡᠬᠦ᠌ ᠬᠤᠷᠠᠯ᠎ᠤᠨ ᠠᠵᠢᠯ᠎ᠤᠨ ᠲᠦᠷᠢᠮ᠎ᠢ ᠲᠣᠭ᠍ᠲᠠᠭᠠᠵᠤ᠂ᠪᠦᠬᠦ᠌ ᠤᠯᠤᠰ᠎ᠤᠨ ᠣᠷᠣᠨ ᠨᠤᠲᠤᠭ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠰᠠᠨᠠᠯ ᠳᠤᠷᠠᠳᠤᠯᠭ᠎ᠠ᠎ᠶ᠋ᠢᠨ ᠠᠵᠢᠯᠤᠨᠲᠤᠷᠱᠢᠯᠭᠠ ᠰᠣᠯᠢᠯᠴᠠᠬᠤ ᠬᠤᠷᠠᠯ᠎ᠢ ᠬᠤᠷᠠᠯᠳᠤᠭᠤᠯᠪᠠ᠃ ᠤᠯᠤᠰ ᠲᠦᠷᠦ᠍᠎ᠶ᠋ᠢᠨ ᠵᠥᠪᠯᠡᠯᠭᠡᠨ᠎ᠤ ᠤᠨᠤᠯ᠎ᠤᠨ ᠰᠤᠳᠤᠯᠭᠠᠨᠤᠠᠵᠢᠯᠢ ᠴᠢᠩᠭᠠᠳᠭᠠᠨ ᠰᠠᠢᠵᠢᠷᠠᠭᠤᠯᠬᠤ ᠰᠠᠨᠠᠯ᠎ᠢ ᠨᠡᠢᠲᠡᠯᠡᠵᠦ᠍᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍ᠶ᠋ᠢᠨᠵᠥᠪᠯᠡᠯᠭᠡᠨᠤ ᠤᠨᠤᠯ᠎ᠤᠨ ᠰᠤᠳᠤᠯᠭᠠᠨ᠎ᠤ ᠨᠡᠢᠭᠡᠮᠯᠢᠭ᠎ᠤᠨ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯᠢᠪᠠᠳᠠᠷᠠᠭᠤᠯᠬᠤ ᠲᠤᠬᠠᠶ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠬᠦ᠌᠎ᠶ᠋ᠢ ᠳᠡᠮᠵᠢᠪᠡ᠃ ᠪᠦᠬᠦ᠌ ᠤᠯᠤᠰ᠎ᠤᠨᠤᠯᠤᠰ ᠲᠦᠷᠦ᠍᠎ᠶ᠋ᠢᠨ ᠵᠥᠪᠯᠡᠯᠭᠡᠨ᠎ᠤ ᠤᠬᠠᠭᠤᠯᠭ᠎ᠠ ᠦᠵᠡᠯ ᠰᠠᠨᠠᠭᠠᠨ᠎ᠤ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ᠬᠤᠯᠪᠣᠭ᠍ᠳᠠᠯ ᠪᠦᠬᠦᠢ ᠦᠵᠡᠯ ᠤᠬᠠᠮᠰᠠᠷ᠎ᠤᠨ ᠬᠡᠯᠪᠡᠷᠢ᠎ᠶ᠋ᠢᠨ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ ᠪᠠᠬᠠᠮᠢᠶᠠᠷᠤᠯᠲᠠᠶ᠋ᠢ ᠴᠢᠩᠭᠠᠳᠭᠠᠪᠠ᠃ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠠᠪᠴᠠᠩᠪᠠ ᠨᠤᠮ ᠤᠩᠱᠢᠬᠤ ᠤᠶᠤᠨᠲᠤ ᠲᠠᠪᠴᠠᠩ᠎ᠢ ᠱᠢᠯᠢᠳᠡᠭ᠌ᠵᠢᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭᠠᠷᠳᠠᠯᠭᠠᠶ᠋ᠢᠨᠠᠢᠳᠠᠪᠤᠷᠢᠵᠢᠭᠤᠯᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩᠪᠠᠢᠭᠤᠯᠭᠠᠶ᠋ᠢᠨ ᠨᠠᠮ᠎ᠤᠨ ᠤᠳᠤᠷᠢᠳᠭᠤ ᠳᠤᠭᠤᠢᠯᠠᠩ᠎ᠢ ᠵᠢᠭᠠᠨ ᠵᠢᠯᠣᠭᠤᠳᠴᠤ᠌ ᠲᠥᠪ᠎ᠤᠨ ᠲᠣᠭᠤᠷᠢᠨ ᠪᠠᠢᠴᠠᠭᠠᠯᠲᠠᠪᠠᠷᠳᠠᠮᠵᠢᠨ ᠴᠡᠭ᠌ᠴᠡᠯᠡᠨ ᠰᠠᠢᠵᠢᠷᠠᠭᠤᠯᠬᠤ ᠠᠵᠢᠯ᠎ᠢ ᠰᠠᠢᠲᠤᠷ ᠬᠢᠯᠭᠡᠵᠦ᠍᠂ ᠲᠤᠰᠭᠠᠢ ᠵᠥᠪᠯᠡᠯ᠎ᠤᠨ ᠬᠤᠪᠢᠶᠠᠷᠢᠨᠠᠮᠤᠨ ᠤᠳᠤᠷᠢᠳᠭᠤ ᠳᠤᠭᠤᠢᠯᠠᠩ᠎ᠳᠤ ᠲᠤᠰᠭᠠᠢ ᠲᠣᠭᠤᠷᠢᠨ ᠪᠠᠢᠴᠠᠭᠠᠯᠲᠠ ᠥᠷᠨᠢᠭᠦᠯᠬᠦ᠌᠎ᠶ᠋ᠢ ᠬᠠᠢᠨ ᠰᠦᠪᠡᠭ᠌ᠴᠢᠯᠡᠪᠡ᠃
ᠭᠡᠱᠢᠭᠦᠳ ᠡ᠂ ᠨᠢᠭᠡ ᠵᠢᠯ᠎ᠤᠨ ᠲᠤᠷᠱᠢᠬᠢ ᠠᠵᠢᠯ᠎ᠤᠨ ᠠᠮᠵᠢᠯᠲᠠ ᠪᠦᠲᠦᠮᠵᠢ ᠪᠣᠯ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠳᠤᠮᠳᠠᠳᠤᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠭ᠍ᠰᠠᠨ᠎ᠤ ᠦᠷ᠎ᠡ ᠳ᠋ᠦᠩ ᠮᠥᠨ᠂ᠡᠯ᠎ᠡ ᠲᠠᠯ᠎ᠠ᠎ᠶ᠋ᠢᠨ᠎ᠬᠢᠨ᠎ᠤ ᠬᠦᠴᠦᠲᠡᠢ ᠳᠡᠮᠵᠢᠭ᠌ᠰᠡᠨ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨᠤᠡᠯᠡ ᠣᠷᠣᠯᠴᠠᠭ᠍ᠴᠢ ᠨᠢᠭᠡᠴᠢ᠂ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠬᠠᠮᠲᠤ᠎ᠪᠠᠷ ᠲᠡᠮᠡᠴᠡᠭ᠌ᠰᠡᠨᠤᠦᠷᠡ ᠳ᠋ᠦᠩ ᠮᠥᠨ᠂ ᠤᠯᠤᠰ ᠲᠦᠷᠦ᠍᠎ᠶ᠋ᠢᠨ ᠵᠥᠪᠯᠡᠯᠭᠡᠨ᠎ᠤ ᠥᠷᠭᠡᠨ ᠤᠯᠠᠨ ᠭᠡᠱᠢᠭᠦᠳ᠎ᠤᠨ ᠢᠷᠠᠭᠤ ᠠᠯᠳᠠᠷᠢᠶᠠᠨᠡᠷᠬᠢᠮᠯᠡᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠬᠠᠷᠢᠭᠤᠴᠠᠯᠭ᠎ᠠ᠎ᠪᠠᠨ ᠡᠭᠦᠷᠭᠡᠯᠡᠨᠴᠢᠷᠮᠠᠢᠨ ᠵᠣᠷᠢᠭᠤᠯᠤᠭ᠍ᠰᠠᠨᠤ ᠦᠷ᠎ᠡ ᠳ᠋ᠦᠩ ᠮᠥᠨ᠃ ᠪᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨᠤᠪᠠᠢᠩᠭᠤᠶ᠋ᠢᠨ ᠬᠤᠷᠢᠶ᠎ᠠ᠎ᠶ᠋ᠢ ᠲᠥᠯᠥᠭᠡᠯᠡᠨ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!
ᠪᠢᠳᠡ ᠠᠵᠢᠯ᠎ᠤᠨ ᠳᠤᠮᠳᠠ ᠬᠠᠷᠠᠬᠠᠨ ᠵᠠᠷᠢᠮ ᠬᠦᠷᠦᠯᠴᠡᠬᠦ᠌ ᠦᠭᠡᠢ ᠲᠠᠯ᠎ᠠ ᠪᠠᠢᠬᠤᠶ᠋ᠢᠴᠤ᠌ ᠰᠡᠷᠭᠡᠭ᠎ᠢᠶᠠᠷ ᠣᠯᠵᠤ ᠬᠠᠷᠠᠵᠠᠢ᠄ ᠡᠨᠡ᠎ᠨᠢ ᠵᠥᠪᠯᠡᠯᠭᠡ ᠬᠢᠵᠦ᠍ ᠰᠠᠨᠠᠯ ᠰᠠᠨᠠᠭᠤᠯᠭ᠎ᠠ ᠳᠤᠷᠠᠳᠭᠤ ᠶᠠᠰᠤᠴᠢᠨᠠᠷ ᠪᠠ ᠬᠢᠷᠢ ᠬᠡᠮᠵᠢᠶ᠎ᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠢ᠂ ᠬᠠᠮᠲᠤᠶ᠋ᠢᠨᠲᠠᠨᠢᠯᠲᠠᠶ᠋ᠢ ᠨᠢᠭ᠍ᠲᠠᠷᠠᠭᠤᠯᠬᠤ ᠠᠵᠢᠯ᠎ᠤᠨ ᠪᠣᠳᠠᠲᠤ ᠪᠦᠲᠦᠮᠵᠢ᠎ᠳᠦ ᠴᠢᠨᠠᠷ᠎ᠢ ᠤᠯᠠᠮ ᠨᠢᠭᠡ ᠠᠯᠬᠤᠮ ᠴᠢᠩᠭᠠᠳᠭᠠᠬᠤᠴᠢᠬᠤᠯᠠᠲᠠᠶ᠂ ᠭᠡᠱᠢᠭᠦᠳ᠎ᠤᠨ ᠡᠲᠡᠭᠡᠳ᠎ᠤᠨ ᠢᠯᠭᠠᠯ᠎ᠤᠨ᠎ᠢᠶᠠᠨ ᠣᠯᠠᠨ ᠲᠦᠮᠡᠨ᠎ᠲᠠᠢ ᠬᠠᠷᠢᠯᠴᠠᠬᠤ ᠪᠠ ᠲᠡᠳᠡᠨᠳᠤᠦᠢᠯᠡᠴᠢᠯᠡᠬᠦ᠌ ᠠᠵᠢᠯ᠎ᠢ ᠤᠯᠠᠮ ᠨᠢᠭᠡ ᠠᠯᠬᠤᠮ ᠰᠠᠢᠵᠢᠷᠠᠭᠤᠯᠬᠤ ᠴᠢᠬᠤᠯᠠᠲᠠᠢ᠂ ᠭᠡᠱᠢᠭᠦᠳ᠎ᠤᠨ ᠬᠠᠷᠢᠭᠤᠴᠠᠯᠭᠠᠲᠤᠤᠬᠠᠮᠰᠠᠷᠢ ᠤᠯᠠᠮ ᠨᠢᠭᠡ ᠠᠯᠬᠤᠮ ᠴᠢᠩᠭᠠᠳᠭᠠᠬᠤ ᠴᠢᠬᠤᠯᠠᠲᠠᠢ ᠪᠠᠢᠬᠤ ᠵᠡᠷᠭᠡ ᠪᠣᠯᠤᠨ᠎ᠠ᠂ ᠬᠤᠢᠱᠢᠳᠠᠶ᠋ᠢᠨᠠᠵᠢᠯᠤᠨ ᠳᠤᠮᠳᠠ᠎ᠪᠠᠨ ᠬᠠᠯᠠᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠬᠢᠨᠠᠮᠠᠭᠠᠶ ᠰᠤᠳᠤᠯᠤᠨ ᠨᠠᠢᠳᠠᠪᠤᠷᠢᠵᠢᠭᠤᠯᠬᠤᠬᠡᠷᠡᠭ᠌ᠲᠡᠶ᠃
ᠬᠤᠶᠠᠷ᠂ 2022 ᠣᠨ᠎ᠳᠤ᠄ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷᠶᠡᠭᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤᠲᠤᠭᠤᠷᠢᠨᠳᠤ ᠰᠡᠳᠭᠢᠯ᠎ᠢᠶᠠᠨ ᠨᠢᠭᠡᠳᠭᠡᠨ ᠬᠦᠴᠦᠨ᠎ᠢᠶᠠᠨ ᠬᠠᠮᠲᠤᠳᠭᠠᠨᠠ
2022 ᠣᠨ ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ᠲᠠᠯᠠᠪᠠᠷ ᠪᠦᠲᠦᠭᠡᠨ ᠪᠠᠢᠭᠤᠯᠬᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠲᠡᠢᠰᠢ ᠤᠷᠤᠭ᠍ᠰᠢᠯᠠᠬᠤᠱᠢᠨᠡ ᠠᠶᠠᠯᠠᠯ᠎ᠤᠨ ᠴᠢᠬᠤᠯᠠ ᠨᠢᠭᠡ ᠵᠢᠯ ᠪᠣᠯᠤᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ ᠬᠤᠷᠢᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠢ ᠬᠤᠷᠠᠯᠳᠤᠭᠤᠯᠬᠤ ᠪᠣᠯᠤᠨ᠎ᠠ᠃ ᠠᠷᠠᠳ᠎ᠤᠨᠤᠯᠤᠰ ᠲᠥᠷᠥ᠎ᠶ᠋ᠢᠨ ᠵᠥᠪᠯᠡᠯᠭᠡᠨ ᠰᠢ᠎ᠶ᠋ᠢᠨ ᠫᠢᠩᠤᠨᠱᠢᠨᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠪᠠᠷᠵᠢᠯᠣᠭᠤᠳᠣᠯᠭᠠ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯᠪᠣᠯᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠤᠨ ᠤᠯᠤᠰ ᠲᠥᠷᠥ᠎ᠶ᠋ᠢᠨ ᠵᠥᠪᠯᠡᠯᠭᠡᠨᠤᠠᠵᠢᠯᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠢ ᠨᠠᠢᠳᠠᠪᠤᠷᠢᠵᠢᠭᠤᠯᠤᠨ᠂ 《ᠬᠤᠶᠠᠷ᠎ᠢ ᠲᠣᠭ᠍ᠲᠠᠭᠠᠭ᠍ᠰᠠᠨ》᠎ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠭᠤᠯᠵᠤ᠂《ᠳᠥᠷᠪᠡᠨ ᠤᠬᠠᠮᠰᠠᠷ》ᠵᠢᠡᠨ ᠴᠢᠩᠭᠠᠳᠭᠠᠵᠤ᠂ 《ᠳᠥᠷᠪᠡᠨ ᠢᠲᠡᠭᠡᠯᠢᠶᠠᠨᠪᠠᠲᠤᠳᠭᠠᠵᠤ》᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠲᠣᠭ᠍ᠲᠠᠭᠤᠨ ᠪᠠᠢᠯᠭᠠᠬᠤᠶ᠋ᠢᠨᠵᠡᠷᠭᠡᠳᠤ ᠤᠷᠤᠭ᠍ᠰᠢᠯᠠᠭᠤᠯᠬᠤ ᠠᠵᠢᠯ᠎ᠤᠨ ᠶᠡᠷᠤᠩᠬᠡᠢ ᠬᠥᠭ ᠠᠶᠠᠰ᠎ᠢ ᠪᠠᠷᠢᠮᠲᠠᠯᠠᠨ᠂ ᠪᠦᠯᠬᠦᠮᠳᠡᠯ ᠪᠠ ᠠᠷᠠᠳᠴᠢᠯᠠᠯᠭᠡᠬᠦ᠌ ᠬᠤᠶᠠᠷ ᠶᠡᠭᠡ ᠭᠤᠤᠯ ᠰᠡᠳᠦᠪ᠎ᠢ ᠪᠠᠷᠢᠮᠲᠠᠯᠠᠵᠤ᠂ ᠰᠠᠨᠠᠯ ᠰᠠᠨᠠᠭᠤᠯᠭ᠎ᠠ ᠳᠤᠷᠠᠳᠤᠨ ᠵᠠᠰᠠᠭ᠎ᠲᠤ ᠲᠤᠰᠠᠯᠠᠬᠤᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠤᠤᠰ ᠴᠢᠭ᠌ᠯᠡᠯ᠎ᠢᠶᠠᠷ ᠬᠦᠴᠦᠯᠡᠬᠦ᠌᠎ᠶ᠋ᠢ ᠪᠠᠷᠢᠮᠲᠠᠯᠠᠵᠤ᠂ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ᠎ᠢ ᠤᠭ᠍ᠲᠤᠬᠤ᠂ ᠬᠤᠷᠢᠳᠤᠭᠠᠷ ᠶᠡᠭᠡ ᠬᠤᠷᠠᠯ᠎ᠤᠨᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠪᠦᠬᠦ᠌ ᠵᠢᠯ᠎ᠳᠤ ᠲᠤᠭᠤᠱᠢᠯᠠᠬ᠍ᠳᠠᠬᠤᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠪᠣᠯᠭᠠᠠ᠂ ᠦᠵᠡᠯ ᠰᠠᠨᠠᠭ᠎ᠠ᠎ᠪᠠᠷ ᠬᠥᠲᠥᠯᠥᠨ ᠵᠢᠯᠣᠭᠤᠳᠭᠤ᠂ ᠬᠦᠴᠦᠨᠴᠢᠳᠠᠯᠢ ᠨᠢᠭ᠍ᠲᠠᠷᠠᠭᠤᠯᠬᠤ᠂ ᠲᠦᠷᠤ᠎ᠶ᠋ᠢᠨ ᠬᠡᠷᠡᠭ᠎ᠢ ᠵᠥᠪᠯᠡᠨ ᠰᠠᠨᠠᠯ ᠰᠠᠨᠠᠭᠤᠯᠭ᠎ᠠ ᠲᠡᠪᠱᠢᠭᠦᠯᠬᠦ᠂ ᠶᠡᠭᠡᠲᠠᠯᠠᠳᠤ ᠦᠢᠯᠡᠴᠢᠯᠡᠬᠦ᠌ ᠡᠯ᠎ᠡ ᠲᠠᠯ᠎ᠠ᠎ᠶ᠋ᠢᠨ ᠠᠵᠢᠯ᠎ᠢ ᠬᠢᠨᠠᠮᠠᠭᠠᠶ ᠰᠠᠢᠲᠤᠷ ᠬᠢᠵᠦ᠍᠂ ᠡᠷᠡᠭᠦᠯ ᠲᠣᠭ᠍ᠲᠠᠭᠤᠨᠠᠵᠤ ᠠᠬᠤᠶ᠎ᠶ᠋ᠢᠨ ᠣᠷᠴᠢᠨ ᠨᠥᠬᠦᠴᠡᠯ᠂ ᠲᠦᠷᠤ ᠲᠦᠪᠱᠢᠨ ᠲᠦᠮᠡᠨ ᠠᠮᠤᠭᠤᠯᠠᠩ ᠨᠡᠢᠭᠡᠮ᠎ᠤᠨ ᠣᠷᠴᠢᠨ ᠨᠦᠬᠦᠴᠡᠯ᠂ᠴᠡᠪᠡᠷ ᠠᠷᠢᠭᠤᠨ ᠲᠦᠪ ᠴᠢᠬᠡᠴᠢ ᠤᠯᠤᠰ ᠲᠦᠷᠦ᠍᠎ᠶ᠋ᠢᠨ ᠣᠷᠴᠢᠨ ᠨᠥᠬᠦᠴᠡᠯ᠎ᠢ ᠪᠠᠲᠤᠯᠠᠬᠤ᠎ᠳᠤ ᠬᠤᠪᠢ ᠨᠡᠮᠡᠷᠢᠦᠵᠡᠭᠦᠯᠦᠨᠡ᠃
( ᠨᠢᠭᠡ ) ᠨᠠᠮ ᠪᠠ ᠤᠯᠤᠰ᠎ᠤᠨ ᠠᠵᠢᠯ᠎ᠤᠨ ᠶᠡᠭᠡᠲᠠᠯᠠᠲᠠᠢ ᠨᠢᠭ᠍ᠲᠠ ᠤᠶᠠᠯᠳᠤᠭᠤᠯᠤᠨ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠤᠨ᠎ᠠ᠃ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ᠎ᠢ ᠤᠭ᠍ᠲᠤᠬᠤ᠎ᠶ᠋ᠢᠨ ᠲᠣᠭᠤᠷᠢᠨ᠎ᠳᠤ ᠦᠵᠡᠯᠰᠠᠨᠠᠭ᠎ᠠ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠰᠢ᠎ᠶ᠋ᠢᠨ ᠫᠢᠩ᠎ᠤ᠋ᠨ ᠱᠢᠨ᠎ᠡ ᠴᠠᠭ ᠦᠶᠡᠶ᠋ᠢᠨᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠬᠤ ᠶᠠᠷᠢᠯᠴᠠᠬᠤᠬᠤᠷᠠᠯᠤᠨ ᠲᠦᠷᠢᠮ᠎ᠢ ᠪᠠᠷᠢᠮᠲᠠᠯᠠᠵᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩᠢᠶᠠᠷᠭᠤᠤᠯ ᠤᠳᠤᠷᠢᠳᠤᠮᠵᠢ ᠪᠣᠯᠭᠠᠭ᠍ᠰᠠᠨ ᠰᠤᠷᠤᠯᠴᠠᠬᠤ ᠲᠦᠷᠢᠮ᠎ᠤᠨ ᠱᠢᠰᠲ᠋ᠧᠮ᠎ᠢ ᠲᠡᠭᠦᠯᠳᠡᠷᠵᠢᠭᠦᠯᠵᠤ᠂ ᠳᠤᠮᠳᠠᠳᠤᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠥᠬᠦᠳᠡᠬᠤᠷᠠᠯᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭᠠᠬᠥᠮᠦᠵᠢᠯᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠨᠠᠮ᠎ᠤᠨ ᠱᠢᠨ᠎ᠡ ᠡᠭᠦᠳᠤᠯᠲᠡ᠎ᠶ᠋ᠢᠨ ᠣᠨᠣᠯᠢᠰᠤᠷᠤᠯᠴᠠᠨ ᠡᠵᠡᠮᠱᠢᠵᠤ ᠲᠤᠭᠤᠷᠠᠲᠠᠯ᠎ᠠ ᠣᠢᠯᠠᠭᠠᠵᠤ᠂ ᠥᠷᠭᠡᠨ ᠤᠯᠠᠨ ᠭᠡᠱᠢᠭᠦᠳ᠎ᠢ ᠪᠦᠯᠬᠦᠮᠳᠡᠭᠦᠯᠦᠨ ᠬᠥᠲᠥᠯᠥᠨᠵᠢᠯᠣᠭᠤᠳᠴᠤ᠌ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢᠵᠠᠮᠨᠠᠭᠤᠯᠬᠤ ᠬᠡᠷᠡᠭ᠌ᠲᠡᠢ᠃ ᠰᠡᠳᠭᠢᠯ᠎ᠤᠨ ᠦᠭᠡ᠎ᠪᠠᠨ ᠬᠡᠯᠡᠯᠴᠡᠨ ᠶᠠᠷᠢᠯᠴᠠᠬᠤ᠂ ᠭᠡᠱᠢᠬᠦᠳ᠎ᠤᠨ ᠬᠢᠴᠢᠶᠠᠯ᠂ᠴᠢᠬᠤᠯᠠ ᠶᠡᠭᠡ ᠲᠤᠰᠭᠠᠢ ᠠᠵᠢᠯ᠎ᠤᠨ ᠲᠤᠬᠠᠢ ᠭᠡᠱᠢᠬᠦᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠂ ᠲᠣᠰᠭᠠᠢᠵᠥᠪᠯᠡᠯᠤᠨ ᠵᠠᠭᠤᠴᠢᠯᠠᠭᠤᠷ᠎ᠤᠨ ᠠᠭᠤᠯᠵᠠᠯᠲᠠ᠎ᠶ᠋ᠢᠨ ᠬᠤᠷᠠᠯ᠂ ᠭᠤᠤᠯᠳᠠᠯᠭ᠎ᠠ᠎ᠲᠠᠢ ᠠᠩᠬᠠᠷᠴᠤ᠌ ᠪᠠᠢᠭ᠎ᠠ ᠠᠰᠠᠭᠤᠳᠠᠯᠤᠨᠲᠤᠬᠠᠢ ᠪᠠᠢᠳᠠᠯ᠎ᠢ ᠮᠡᠳᠡᠭ᠌ᠳᠡᠬᠦ᠌ ᠬᠤᠷᠠᠯ ᠵᠡᠷᠭᠡ ᠲᠤᠬ᠍ᠲᠠᠴᠠᠵᠢᠭᠤᠯᠤᠬ᠍ᠰᠠᠨ ᠠᠷᠭ᠎ᠠ ᠬᠢᠳᠡᠯ᠎ᠤᠨ ᠬᠢᠷᠢ ᠬᠡᠮᠵᠢᠶᠡᠶ᠋ᠢᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠭᠡᠱᠢᠭᠦᠳ᠎ᠤᠨ ᠲᠤᠰ ᠪᠡᠶ᠎ᠡ᠎ᠶ᠋ᠢᠨ ᠥᠩᠭᠡᠷᠡᠯᠲᠡ᠎ᠲᠠᠢ᠎ᠪᠠᠨ ᠤᠶᠠᠯᠳᠤᠭᠤᠯᠤᠨ᠂ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠨᠠᠮ ᠪᠠᠤᠯᠤᠰᠤᠨ ᠠᠵᠢᠯ ᠦᠢᠯᠡᠰ᠎ᠲᠤ ᠣᠯᠤᠭ᠍ᠰᠠᠨ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ᠂ ᠡᠬᠦᠰᠦᠭ᠌ᠰᠡᠨ ᠲᠡᠤᠬᠡᠲᠦᠴᠢᠨᠠᠷᠲᠠᠶ ᠬᠤᠪᠢᠰᠤᠯᠲᠠ᠎ᠶ᠋ᠢ ᠤᠯᠠᠨ ᠵᠦᠢᠯ᠎ᠤᠨ ᠠᠷᠭ᠎ᠠ ᠮᠠᠶᠢᠭ᠎ᠢᠶᠠᠷ ᠶᠠᠷᠢᠬᠤ᠎ᠶ᠋ᠢ ᠵᠣᠷᠢᠬ᠍ᠵᠢᠭᠤᠯᠬᠤ ᠬᠡᠷᠡᠭ᠌ᠲᠡᠢ᠃ᠪᠦᠯᠬᠦᠮᠳᠡᠯ ᠨᠥᠬᠦᠷᠯᠡᠯ᠎ᠤᠨ ᠠᠵᠢᠯᠯᠠᠭ᠎ᠠ᠎ᠶ᠋ᠢᠨ ᠬᠡᠯᠪᠡᠷᠢ᠎ᠶ᠋ᠢ ᠪᠠᠶᠠᠯᠢᠬ᠍ᠵᠢᠭᠤᠯᠵᠤ᠂ ᠨᠡᠢᠭᠡᠮ᠎ᠤᠨ ᠬᠦᠳᠡᠯᠦᠯᠪᠠᠢᠳᠠᠯᠢ ᠡᠵᠡᠮᠱᠢᠵᠦ᠍᠂ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠤ ᠬᠦᠰᠡᠯ ᠱᠠᠭᠠᠷᠳᠠᠯᠭ᠎ᠠ᠎ᠶ᠋ᠢ ᠲᠤᠰᠭᠠᠵᠤ᠂ᠨᠡᠢᠭᠡᠮ᠎ᠤᠨ ᠡᠶ᠎ᠡ ᠵᠣᠬᠢᠴᠠᠯ᠎ᠢ ᠠᠬᠢᠭᠤᠯᠬᠤ ᠬᠡᠷᠡᠭ᠌ᠲᠡᠢ᠃ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷᠶᠡᠭᠡ ᠬᠤᠷᠠᠯ ᠬᠤᠷᠠᠯᠳᠤᠭ᠍ᠰᠠᠨᠤ ᠳᠠᠷᠠᠭ᠎ᠠ᠂ ᠪᠠᠢᠩᠭᠤ᠎ᠶ᠋ᠢᠨ ᠬᠤᠷᠢᠶᠠᠨ᠎ᠤ ᠬᠤᠷᠠᠯ᠂ ᠲᠡᠷᠢᠭᠦᠯᠡᠭ᠌ᠴᠢᠳᠤᠨᠬᠤᠷᠠᠯ᠂ ᠣᠨᠣᠯ᠎ᠤᠨ ᠭᠤᠤᠯ ᠳᠤᠭᠤᠢᠯᠠᠩ᠎ᠤᠨ ᠰᠤᠷᠤᠯᠴᠠᠯᠭ᠎ᠠ᠂ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠮᠡᠳᠡᠭᠦᠯᠦᠯᠲᠡ᠂ᠭᠡᠱᠢᠭᠦᠳ᠎ᠤᠨ ᠨᠣᠮ ᠤᠩᠱᠢᠯᠭ᠎ᠠ ᠵᠡᠷᠭᠡ ᠬᠡᠯᠪᠡᠷᠢ᠎ᠪᠠᠷ ᠳᠠᠮᠵᠢᠨ ᠰᠤᠷᠤᠯᠴᠠᠨ ᠤᠬᠠᠭᠤᠯᠵᠤ ᠲᠤᠭᠤᠱᠢᠯᠠᠭᠤᠯᠬᠤᠠᠵᠢᠯᠢ ᠬᠦᠨᠵᠡᠭᠡᠢ ᠰᠠᠢᠲᠤᠷ ᠬᠢᠵᠦ᠍᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠶᠡᠭᠡ ᠬᠤᠷᠠᠯ᠎ᠤᠨᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠭᠡᠨ᠂ ᠤᠯᠤᠰ ᠲᠦᠷᠦ᠍᠎ᠶ᠋ᠢᠨ ᠵᠥᠪᠯᠡᠯᠭᠡᠨ᠎ᠳᠤ ᠣᠷᠣᠯᠴᠠᠭ᠍ᠰᠠᠨ ᠡᠯᠡᠨᠠᠮ ᠪᠦᠯᠦᠭ ᠪᠦᠯᠬᠦᠮ ᠨᠡᠢᠲᠠ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠦᠰ᠎ᠢ ᠪᠦᠯᠬᠦᠮᠳᠡᠭᠦᠯᠦᠨ ᠬᠦᠲᠦᠯᠦᠨᠲᠠᠭᠠᠭᠤᠯᠵᠤ᠂ ᠪᠠᠲᠤ ᠴᠢᠩᠭ᠎ᠠ ᠲᠡᠤᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠪᠠᠷ ᠱᠢᠨ᠎ᠡ ᠠᠶᠠᠨ ᠵᠠᠮᠳᠤᠡᠷᠡᠯᠬᠡᠭ᠌ᠯᠡᠨ ᠤᠷᠤᠭ᠍ᠰᠢᠯᠠᠭᠤᠯᠵᠤ᠂ ᠱᠢᠨ᠎ᠡ ᠴᠠᠭ ᠦᠶ᠎ᠡ᠎ᠳᠤ ᠭᠠᠪᠢᠶ᠎ᠠ ᠵᠢᠳᠬᠦᠯ ᠭᠠᠷᠭᠠᠭᠤᠯᠬᠤ ᠬᠡᠷᠡᠭ᠌ᠲᠡᠢ᠃
(ᠬᠤᠶᠠᠷ) ᠴᠢᠨᠠᠷ ᠰᠠᠢᠲᠠᠶ ᠰᠠᠨᠠᠯ ᠰᠠᠨᠠᠭᠤᠯᠭᠠᠳᠤᠷᠠᠳᠴᠤ᠌ ᠴᠢᠨᠠᠷ ᠰᠠᠢᠲᠠᠶ ᠬᠥᠭ᠌ᠵᠢᠯᠲᠡ᠎ᠳᠤ ᠦᠢᠯᠡᠴᠢᠯᠡᠨ᠎ᠡ᠃ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢᠪᠠᠭᠠᠲᠠᠢ ᠴᠢᠨᠠᠷ ᠰᠠᠢᠲᠠᠶ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ᠠᠵᠢᠯ ᠣᠯᠭᠤᠯᠲᠠᠶ᠋ᠢᠲᠡᠷᠢᠭᠦᠨᠳᠤ ᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠪᠠᠷᠢᠮᠲᠠᠯᠠᠬᠤ᠎ᠪᠠᠷ ᠵᠥᠪᠯᠡᠬᠦ᠌ᠰᠡᠳᠦᠪ ᠪᠣᠯᠭᠠᠨ᠂ ᠲᠤᠰᠭᠠᠶ ᠰᠡᠳᠦᠪᠲᠦ ᠲᠥᠷᠥ᠎ᠶ᠋ᠢᠨ ᠬᠡᠷᠡᠭ᠎ᠢ ᠵᠥᠪᠯᠡᠬᠦ᠌ ᠴᠢᠨᠠᠷᠲᠠᠶ ᠪᠠᠢᠩᠭᠤ᠎ᠶ᠋ᠢᠨ ᠬᠤᠷᠢᠶᠠᠨᠤᠬᠤᠷᠠᠯ ᠬᠤᠷᠠᠯᠳᠤᠭᠤᠯᠵᠤ᠂ ᠳ᠋ᠢᠵᠢᠲ᠋ᠠᠯ ᠠᠵᠤ ᠠᠬᠤᠶ᠎ᠶ᠋ᠢᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ᠂ᠱᠢᠨ᠎ᠡ ᠴᠠᠭ ᠦᠶ᠎ᠡ᠎ᠶ᠋ᠢᠨ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭᠠᠶ᠋ᠢᠭᠦᠨᠵᠡᠭᠡᠶ ᠬᠡᠷᠡᠭ᠌ᠵᠢᠭᠦᠯᠬᠦ᠌ ᠲᠤᠬᠠᠶ ᠲᠤᠰᠭᠠᠶ ᠰᠡᠳᠦᠪᠲᠦ ᠵᠥᠪᠯᠡᠯᠭᠡ ᠬᠢᠨ᠎ᠡ᠃ ᠬᠤᠣᠰ ᠭᠠᠷᠠᠭ᠎ᠲᠤ ᠵᠦᠪᠯᠡᠬᠦ᠂ᠠᠯᠤᠰ᠎ᠠᠴᠠ ᠵᠥᠪᠯᠡᠬᠦ᠂ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠬᠦ᠌᠎ᠪᠠᠷ ᠵᠦᠪᠯᠡᠬᠦ᠂ ᠠᠵᠢᠯ ᠲᠥᠷᠥᠯᠤᠨᠱᠢᠰᠲ᠋ᠧᠮᠢᠶᠠᠷ ᠵᠥᠪᠯᠡᠬᠦ᠌ ᠵᠡᠷᠭᠡ ᠬᠡᠯᠪᠡᠷᠢ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠥᠷ᠎ᠠ ᠵᠢᠨ ᠤᠢᠯᠡᠰ ᠤᠨᠲᠥᠷᠤ ᠵᠢᠨ ᠪᠤᠳᠤᠯᠭ᠎ᠠ ᠵᠢᠨ ᠲᠡᠮᠵᠢᠯᠭᠡ ᠵᠢᠨ ᠰᠢᠰᠲᠸᠮ ᠢ ᠪᠠᠢᠭᠤᠯᠤᠨ ᠪᠥᠷᠢᠨᠰᠢᠬᠥᠯᠬᠥ᠂ ᠬᠥᠳᠡᠭᠡ ᠲᠣᠰᠭᠤᠨ᠎ᠤ ᠡᠮᠨᠡᠯᠭᠡ ᠡᠷᠡᠭᠦᠯ ᠬᠠᠮᠠᠭᠠᠯᠠᠯ᠎ᠤᠨ ᠡᠷᠡᠭᠦᠯᠢᠶᠠᠷᠬᠥᠭ᠌ᠵᠢᠬᠦ᠌ᠶ᠋ᠢ ᠠᠬᠢᠭᠤᠯᠬᠤ᠂ ᠡᠬᠡ ᠤᠯᠤᠰ᠎ᠢᠶᠠᠨ ᠬᠠᠢᠷᠠᠯᠠᠬᠤ ᠱᠢᠶᠠᠩᠭᠠᠩ᠎ᠢᠶᠠᠨ ᠬᠠᠢᠷᠠᠯᠠᠬᠤ ᠣᠣᠮᠧᠨᠢᠶᠠᠨᠬᠠᠢᠷᠠᠯᠠᠬᠤ ᠬᠦᠴᠦᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠂ᠬᠥᠨᠳᠡᠯᠡᠨ᠎ᠠᠴᠠ ᠲᠠᠰᠤᠯᠬᠤ ᠬᠠᠤᠯᠢ᠎ᠳᠤ ᠵᠠᠰᠠᠪᠤᠷᠢ ᠣᠷᠣᠭᠤᠯᠬᠤ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯᠤᠨᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠳᠤᠮᠳᠠᠬᠢ ᠦᠢᠯᠡᠳᠦᠯ᠎ᠢ ᠭᠦᠢᠴᠡᠳ ᠪᠠᠳᠠᠷᠠᠭᠤᠯᠬᠤ᠂ ᠬᠠᠳᠤᠨᠭᠤᠣᠯᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠂ 《ᠨᠢᠭᠡ ᠪᠦᠰᠡ ᠨᠢᠭᠡ ᠵᠠᠮ》 ᠦᠨ ᠠᠷᠠᠳ᠎ᠤᠨ ᠰᠡᠳᠭᠢᠯᠤᠨᠨᠡᠪᠲᠡᠷᠡᠯᠴᠡᠭᠡᠶ᠋ᠢ ᠠᠬᠢᠭᠤᠯᠬᠤ ᠵᠡᠷᠭᠡ᠎ᠶ᠋ᠢᠨ ᠲᠣᠭᠤᠷᠢᠨ᠎ᠳᠤ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍ᠵᠥᠪᠯᠡᠨᠡ᠃ ᠪᠠᠢᠴᠠᠭᠠᠨ ᠰᠤᠳᠤᠯᠤᠯᠲᠠ᠎ᠶ᠋ᠢ ᠵᠥᠪᠯᠡᠬᠦ᠌᠎ᠠᠴᠠ ᠡᠮᠦᠨ᠎ᠡ ᠬᠢᠬᠦ᠌᠎ᠶ᠋ᠢ ᠪᠠᠷᠢᠮᠲᠠᠯᠠᠵᠤ᠂ ᠪᠠᠢᠴᠠᠭᠠᠨᠰᠤᠳᠤᠯᠤᠯᠲᠠᠶ᠋ᠢᠨ ᠭᠦᠨᠴᠡ ᠪᠠ ᠪᠣᠳᠠᠲᠤ ᠦᠷ᠎ᠡ ᠪᠦᠲᠦᠮᠵᠢ᠎ᠶ᠋ᠢ ᠨᠡᠮᠡᠭ᠌ᠳᠡᠭᠦᠯᠬᠦ᠌ ᠳᠡᠭᠡᠷ᠎ᠡ ᠬᠦᠴᠦ᠍ ᠲᠠᠯᠪᠢᠨ᠎ᠠ᠃ᠲᠤᠰᠭᠠᠶ ᠮᠡᠷᠭᠡᠵᠢᠯᠲᠡᠳ᠎ᠤᠨ ᠵᠥᠪᠯᠡᠬᠦ᠌ ᠬᠤᠷᠠᠯ᠎ᠤᠨ ᠲᠦᠷᠢᠮ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ᠬᠠᠮᠲᠤ᠎ᠪᠠᠷ ᠴᠢᠨᠡᠭᠡᠯᠢᠭ᠌ᠵᠢᠬᠦ᠌᠎ᠶ᠋ᠢᠨ ᠪᠡᠶᠡᠯᠡᠭ᠌ᠳᠡᠬᠦ᠌ ᠠᠷᠭ᠎ᠠ ᠵᠠᠮ᠂ ᠲᠠᠬᠢᠨ ᠡᠭᠦᠰᠴᠦ᠍ ᠪᠣᠯᠬᠤ ᠡᠨᠧᠷᠭᠢᠶ᠋ᠢᠨᠰᠤᠷᠪᠤᠯᠵᠢᠶ᠋ᠢᠨ ᠬᠥᠭ᠌ᠵᠢᠯᠲᠡ᠂ ᠤᠤᠭᠠᠯ ᠡᠭᠦᠳᠦᠯᠲᠡᠶ᠋ᠢᠨᠴᠢᠨᠠᠷᠲᠠᠶᠬᠥᠲᠥᠯᠥᠨᠳᠠᠭᠠᠭᠤᠯᠬᠤᠴᠢᠨᠠᠷᠲᠠᠶᠱᠢᠨᠵᠢᠯᠡᠬᠦ᠌ᠤᠬᠠᠭᠠᠨ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠴᠢᠩᠭᠠᠳᠭᠠᠬᠤ᠂ ᠬᠥᠮᠦᠨᠠᠮᠠᠶ᠋ᠢᠨ ᠨᠠᠰᠤᠵᠢᠯᠲᠠ᠎ᠶ᠋ᠢ ᠠᠷᠭᠠᠴᠠᠬᠤ᠂ ᠱᠢᠯᠵᠢᠭᠦᠯᠵᠦ᠍ ᠪᠣᠯᠤᠰᠢ ᠦᠭᠡᠢ ᠲᠡᠤᠬᠡ᠎ᠶ᠋ᠢᠨ ᠳᠤᠷᠠᠰᠭᠠᠯᠲᠤ ᠵᠦᠢᠯᠡᠰᠢᠬᠠᠮᠠᠭᠠᠯᠠᠵᠤ ᠠᠱᠢᠭ᠍ᠯᠠᠬᠤ ᠵᠡᠷᠭᠡ᠎ᠶ᠋ᠢᠨ ᠲᠤᠬᠠᠶ ᠪᠠᠷᠠᠯᠠᠬᠢᠯᠠᠯᠲᠤ ᠰᠤᠳᠤᠯᠭᠠᠨ ᠪᠠ ᠭᠦᠨᠵᠡᠭᠡᠶ ᠵᠥᠪᠯᠡᠯᠭᠡᠥᠷᠨᠢᠭᠦᠯᠦᠨᠡ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ᠶ᠋ᠢᠨᠲᠣᠭᠤᠷᠢᠨᠳᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠦᠷᠭᠦᠯᠵᠢᠯᠡᠨ ᠥᠷᠨᠢᠭᠦᠯᠵᠦ᠍᠂ ᠠᠰᠠᠭᠤᠳᠠᠯᠢᠢᠯᠡᠷᠡᠭᠦᠯᠬᠦ᠌ ᠪᠠ ᠬᠠᠯᠠᠨ ᠰᠠᠢᠵᠢᠷᠠᠭᠤᠯᠬᠤ ᠰᠠᠨᠠᠯ ᠳᠤᠷᠠᠳᠭᠤ᠎ᠪᠠᠷ ᠭᠤᠤᠯᠳᠠᠯᠭ᠎ᠠ ᠪᠤᠯᠭᠠᠵᠤ᠂ ᠠᠵᠢᠯᠤᠨᠨᠠᠢᠳᠠᠪᠤᠷᠢᠵᠢᠭᠤᠯᠤᠯᠲᠠᠶ᠋ᠢ ᠠᠬᠢᠭᠤᠯᠤᠨ᠎ᠠ᠃
(ᠭᠤᠷᠪᠠ) ᠲᠤᠰᠭᠠᠶ ᠵᠥᠪᠯᠡᠬᠦ᠌ ᠪᠠᠢᠭᠤᠯᠤᠮᠵᠢᠶ᠋ᠢᠨᠪᠠᠢᠭᠤᠯᠤᠯᠲᠠᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠶᠡᠷᠦᠩᠬᠡᠶ ᠱᠦᠵᠢ ᠰᠢ᠎ᠶ᠋ᠢᠨ ᠫᠢᠩ᠎ᠤ᠋ᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯᠢᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠲᠥᠪ᠎ᠤᠨ ᠤᠯᠤᠰ ᠲᠥᠷᠥ᠎ᠶ᠋ᠢᠨ ᠵᠥᠪᠯᠡᠯᠭᠡᠨᠤᠠᠵᠢᠯᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠢ ᠤᠶᠠᠯᠳᠤᠭᠤᠯᠤᠨ《ᠡᠷᠭᠢᠵᠦ᠍ ᠬᠠᠷᠠᠬᠤ》ᠠᠵᠢᠯᠢᠥᠷᠨᠢᠭᠦᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢᠠᠷᠠᠳᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠡᠯ᠎ᠡ ᠲᠠᠯ᠎ᠠ᠎ᠶ᠋ᠢᠨ ᠱᠢᠨ᠎ᠡ ᠡᠭᠦᠳᠦᠯᠲᠡ᠎ᠶ᠋ᠢᠨ ᠦᠷ᠎ᠡᠪᠦᠲᠦᠮᠵᠢ᠎ᠶ᠋ᠢ ᠪᠠᠢᠴᠠᠭᠠᠨ ᠳ᠋ᠦᠩᠨᠡᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠴᠢᠬᠤᠯᠠ ᠶᠡᠭᠡ ᠤᠨᠤᠯᠪᠠ ᠦᠢᠯᠡᠳᠦᠯᠭᠡ᠎ᠶ᠋ᠢᠨ ᠠᠰᠠᠭᠤᠳᠠᠯ᠎ᠤᠨ ᠲᠤᠬᠠᠶ ᠰᠤᠳᠤᠯᠭᠠᠨ᠎ᠢ ᠭᠦᠨᠵᠡᠭᠡᠢᠷᠡᠭᠦᠯᠵᠦ᠍᠂ ᠵᠥᠪᠯᠡᠬᠦ᠌ ᠠᠭᠤᠯᠭᠠᠶ᠋ᠢᠲᠡᠭᠦᠯᠳᠡᠷᠵᠢᠭᠦᠯᠬᠦ᠂ ᠵᠥᠪᠯᠡᠬᠦ᠌ ᠬᠡᠯᠪᠡᠷᠢ᠎ᠶ᠋ᠢ ᠪᠠᠶᠠᠯᠢᠬ᠍ᠵᠢᠭᠤᠯᠬᠤ᠂ ᠵᠥᠪᠯᠡᠬᠦ᠌ ᠲᠦᠷᠢᠮ᠎ᠢ ᠪᠦᠷᠢᠨᠱᠢᠭᠦᠯᠬᠦ᠂ᠵᠥᠪᠯᠡᠬᠦ᠌ ᠰᠣᠶᠣᠯ᠎ᠢ ᠪᠤᠢᠵᠢᠭᠤᠯᠬᠤ᠂ ᠵᠥᠪᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠠᠯ᠎ᠠ᠎ᠪᠠᠷ ᠱᠢᠨᠡᠲᠠᠪᠱᠢᠯᠳᠠᠲᠠᠢ ᠪᠣᠯᠭᠠᠬᠤ᠎ᠪᠠᠷ ᠴᠢᠷᠮᠠᠢᠨ᠎ᠠ᠃ ᠤᠯᠤᠰ ᠲᠦᠷᠦ᠍᠎ᠶ᠋ᠢᠨ ᠵᠥᠪᠯᠡᠯᠭᠡᠨ᠎ᠤ ᠣᠨᠴᠠᠯᠢᠭ ᠪᠦᠬᠦᠢ ᠬᠡᠷᠡᠭ᠌ᠯᠡᠭᠡᠨᠤᠬᠡᠯᠪᠡᠷᠢᠶ᠋ᠢᠨ ᠤᠶᠤᠨ᠎ᠤ ᠬᠥᠮᠥᠷᠭᠡ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ᠃ ᠱᠢᠨ᠎ᠡ ᠴᠠᠭ ᠦᠶᠡᠶ᠋ᠢᠨᠬᠤᠲᠠ ᠱᠢᠶᠠᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠢ ᠴᠢᠩᠭᠠᠳᠭᠠᠬᠤ ᠪᠠ ᠵᠠᠰᠠᠨ ᠰᠠᠢᠵᠢᠷᠠᠭᠤᠯᠬᠤᠲᠤᠬᠠᠢ ᠪᠢᠴᠢᠭ ᠮᠠᠲ᠋ᠧᠷᠢᠶᠠᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠵᠢᠯᠣᠭᠤᠳᠤᠨ᠎ᠠ᠃ ᠠᠷᠠᠳ᠎ᠤᠨᠤᠯᠤᠰ ᠲᠦᠷᠦ᠍᠎ᠶ᠋ᠢᠨ ᠵᠥᠪᠯᠡᠯᠭᠡᠨ᠎ᠤ ᠤᠨᠤᠯ᠎ᠤᠨ ᠰᠤᠳᠤᠯᠭᠠᠨ᠎ᠢ ᠴᠢᠩᠭᠠᠳᠭᠠᠵᠤ᠂ 《ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠬᠢᠭᠡᠳ ᠪᠦᠬᠦ᠌ ᠶᠠᠪᠤᠴᠠ᠎ᠶ᠋ᠢᠨ ᠠᠷᠠᠳᠤᠨᠠᠷᠠᠳᠴᠢᠯᠠᠯ》 ᠤᠨ ᠤᠨᠤᠯ᠎ᠤᠨ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠤᠨ᠎ᠠ᠃ᠰᠠᠨᠠᠯ ᠲᠤᠷᠠᠳᠤᠯᠭ᠎ᠠ᠎ᠶ᠋ᠢ ᠱᠢᠢᠳᠪᠦᠷᠢᠯᠡᠬᠦ᠌ ᠵᠥᠪᠯᠡᠯᠭᠡ᠎ᠶ᠋ᠢ ᠭᠦᠨᠵᠡᠭᠡᠢᠷᠡᠭᠦᠯᠵᠦ᠍᠂ ᠭᠤᠤᠯᠳᠠᠯᠭᠠᠲᠠᠢᠰᠠᠨᠠᠯ ᠲᠤᠷᠠᠳᠤᠯᠭ᠎ᠠ᠎ᠶ᠋ᠢ ᠱᠢᠪᠠᠳᠠᠨ ᠱᠢᠢᠳᠪᠦᠷᠢᠯᠡᠭᠦᠯᠬᠦ᠌᠎ᠶ᠋ᠢ ᠴᠢᠩᠭᠠᠳᠭᠠᠵᠤ᠂ ᠱᠢᠯᠢᠳᠡᠭ ᠰᠠᠨᠠᠯ ᠲᠤᠷᠠᠳᠤᠯᠭᠠᠪᠠ ᠳᠠᠭᠠᠭᠠᠨ ᠠᠪᠴᠤ᠌ ᠱᠢᠢᠳᠪᠦᠷᠢᠯᠡᠬᠦ᠌ ᠲᠡᠷᠢᠭᠦᠨ᠎ᠤ ᠨᠢᠭᠡᠴᠢ᠎ᠶ᠋ᠢ ᠬᠥᠬᠢᠭᠦᠯᠦᠨ ᠰᠠᠢᠱᠢᠶᠠᠬᠤ ᠬᠤᠷᠠᠯᠢᠵᠣᠬᠢᠶᠠᠨ ᠪᠠᠢᠭᠤᠯᠤᠨ ᠬᠤᠷᠠᠯᠳᠤᠭᠤᠯᠤᠨ᠎ᠠ᠃ ᠤᠯᠤᠰ ᠲᠦᠷᠦ᠍᠎ᠶ᠋ᠢᠨ ᠵᠥᠪᠯᠡᠯᠭᠡᠨ᠎ᠤ ᠮᠡᠳᠡᠭᠡ ᠵᠠᠩᠭᠢ᠂ ᠶᠡᠭᠡᠬᠤᠷᠠᠯ᠎ᠤᠨ ᠶᠠᠷᠢᠶ᠎ᠠ᠂ ᠰᠣᠶᠣᠯ ᠲᠡᠤᠬᠡ᠎ᠶ᠋ᠢᠨ ᠮᠠᠲ᠋ᠧᠷᠢᠶᠠᠯ᠂ ᠰᠣᠨᠢᠨ ᠮᠡᠳᠡᠭᠡᠯᠡᠯ ᠤᠬᠠᠭᠤᠯᠭ᠎ᠠ ᠵᠡᠷᠭᠡ ᠠᠵᠢᠯᠤᠨᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠶᠡᠷᠦᠩᠬᠡᠶᠪᠠᠢᠷᠢᠯᠠᠭᠤᠯᠤᠯᠲᠠ ᠶᠣᠰᠣᠭᠠᠷ᠂ ᠭᠠᠳᠠᠭᠠᠳᠤ᠎ᠯᠤᠭ᠎ᠠ᠎ᠶ᠋ᠢᠨ ᠨᠥᠬᠦᠷᠰᠡᠭ ᠶᠠᠪᠤᠯᠴᠠᠭ᠎ᠠ᠎ᠶ᠋ᠢ ᠢᠳᠡᠪᠬᠢᠲᠡᠶ ᠥᠷᠨᠢᠭᠦᠯᠦᠨ᠎ᠡ᠃ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠪᠠᠢᠷᠢᠯᠠᠭᠤᠯᠤᠯᠲᠠ᠎ᠶ᠋ᠢᠨ ᠱᠠᠭᠠᠷᠳᠠᠯᠭᠠᠶ᠋ᠢᠨᠠᠢᠳᠠᠪᠤᠷᠢᠵᠢᠭᠤᠯᠵᠤ᠂ ᠰᠠᠬᠢᠯᠭ᠎ᠠ ᠪᠠᠲᠤ᠎ᠶ᠋ᠢ ᠴᠢᠩᠳᠠᠯᠠᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨᠤᠬᠤᠭᠤᠴᠠᠭᠠ ᠰᠣᠯᠢᠬᠤ ᠪᠡᠯᠡᠳᠭᠡᠯ ᠠᠵᠢᠯ᠎ᠢ ᠬᠠᠮᠵᠢᠯᠴᠠᠨ ᠰᠠᠢᠲᠤᠷ ᠬᠢᠨ᠎ᠡ᠃ ᠵᠢᠱ᠌ᠢᠶᠡᠴᠢ ᠪᠠᠢᠭᠤᠯᠭᠠᠶ᠋ᠢᠪᠠᠢᠭᠤᠯᠬᠤᠪᠠᠷ ᠬᠠᠷᠠᠯᠲᠠ ᠪᠣᠯᠭᠠᠨ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤᠪᠠᠢᠭᠤᠯᠤᠯᠲᠠᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠱᠠᠭᠠᠷᠳᠠᠯᠭ᠎ᠠ᠎ᠳᠤ ᠵᠣᠬᠢᠴᠠᠭ᠍ᠰᠠᠨ ᠥᠨᠳᠥᠷᠬᠡᠪ ᠴᠢᠨᠠᠷ ᠪᠦᠬᠦᠢ ᠲᠤᠰᠭᠠᠢᠵᠢᠭ᠍ᠰᠠᠨ ᠪᠠᠢᠭᠤᠯᠭ᠎ᠠ᠎ᠶ᠋ᠢᠨ ᠺᠠᠳ᠋ᠷ᠎ᠤᠨ ᠡᠩᠨᠡᠭᠡ᠎ᠶ᠋ᠢ ᠪᠠᠢᠭᠤᠯᠤᠨ᠎ᠠ᠃
ᠭᠤᠷᠪᠠ᠂ᠡᠭᠦᠷᠭᠡ ᠬᠠᠷᠢᠭᠤᠴᠠᠯᠭ᠎ᠠ᠎ᠪᠠᠨ ᠴᠢᠩᠭᠠᠳᠭᠠᠨ᠎ᠠ᠄ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯᠢᠴᠢᠩᠭᠠᠳᠭᠠᠬᠤᠶ᠋ᠢᠨ ᠲᠥᠯᠥᠭᠡ ᠴᠢᠷᠮᠠᠢᠨ ᠲᠡᠮᠡᠴᠡᠨ᠎ᠡ
ᠶᠡᠷᠦᠩᠬᠡᠢᠱᠦᠵᠢ ᠰᠢ᠎ᠶ᠋ᠢᠨ ᠫᠢᠩ ᠤ᠋ᠨ 《ᠲᠤᠯᠤᠭᠠᠨ ᠰᠠᠷᠠᠶ᠋ᠢᠨᠨᠢᠭᠡᠨ》 ᠤ᠋ ᠴᠢᠬᠤᠯᠠ ᠶᠠᠷᠢᠶ᠎ᠠ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠱᠢᠢᠳᠪᠦᠷᠢᠳᠤ ᠨᠢᠭᠡᠳᠦᠮᠡᠯ ᠹᠷᠣᠨᠲᠢᠪᠠᠷᠢᠮᠲᠠᠯᠠᠬ᠍ᠰᠠᠨ ᠪᠠ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬ᠍ᠰᠠᠨ ᠴᠢᠬᠤᠯᠠᠶᠡᠭᠡ ᠲᠡᠦᠬᠡᠨ ᠲᠤᠷᠱᠢᠯᠭ᠎ᠠ᠎ᠶ᠋ᠢ ᠭᠦᠨᠵᠡᠭᠡᠢ ᠳ᠋ᠦᠩᠨᠡᠵᠡᠢ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠬᠠᠮᠤᠭᠤᠨᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ ᠪᠣᠯᠤᠭ᠍ᠰᠠᠨ᠎ᠤ ᠬᠤᠪᠢᠳᠤᠶᠡᠭᠡ ᠪᠦᠯᠬᠦᠮᠳᠡᠯ ᠶᠡᠭᠡ ᠬᠤᠯᠪᠣᠭᠠᠯᠠᠯ᠎ᠤᠨ ᠪᠡᠯᠭᠡ ᠲᠡᠮᠳᠡᠭ ᠪᠤᠯᠲᠠᠭ᠂ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ᠲᠤᠱᠢᠶᠠᠯ ᠬᠠᠷᠢᠭᠤᠴᠠᠯᠭ᠎ᠠ ᠡᠭᠦᠷᠬᠡ᠎ᠪᠠᠨ ᠡᠭᠦᠷᠭᠡᠯᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰᠢᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠᠶ᠋ᠢᠨᠳᠤᠮᠳᠠᠳᠤ ᠤᠯᠤᠰ᠎ᠤᠨ ᠵᠡᠭᠦᠳᠦ᠍᠎ᠶ᠋ᠢ ᠪᠡᠶᠡᠯᠡᠬᠦᠯᠬᠦ᠌᠎ᠳᠤ ᠬᠦᠴᠦᠷᠬᠡᠭ ᠶᠡᠭᠡ ᠬᠠᠮᠲᠤ᠎ᠶ᠋ᠢᠨ ᠲᠠᠨᠢᠯᠲᠠ ᠪᠠᠰᠦᠷ ᠳᠠᠯᠠᠢᠴᠠᠲᠠᠢ ᠠᠤᠭ᠎ᠠ ᠬᠦᠴᠦᠨ᠎ᠢ ᠨᠢᠭ᠍ᠲᠠᠷᠠᠭᠤᠯᠬᠤ ᠬᠡᠷᠡᠭ᠌ᠲᠠᠢ᠃
(ᠨᠢᠭᠡ) ᠳᠤᠮᠳᠠᠳᠤ᠎ᠶ᠋ᠢᠨ ᠬᠥᠪᠡᠭᠦᠳᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬᠤ ᠪᠣᠯ ᠱᠢᠨ᠎ᠡ ᠴᠠᠭ ᠦᠶ᠎ᠡ᠎ᠶ᠋ᠢᠨ ᠠᠷᠠᠳᠤᠨᠤᠯᠤᠰᠲᠦᠷᠦ᠍ᠶ᠋ᠢᠨᠵᠥᠪᠯᠡᠯᠭᠡᠨᠤ ᠲᠡᠤᠬᠡᠨ ᠬᠠᠷᠢᠭᠤᠴᠠᠯᠭ᠎ᠠ ᠮᠥᠨ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠨᠢ ᠪᠦᠯᠬᠦᠮᠳᠡᠯᠠᠴᠠᠪᠣᠢ ᠪᠣᠯᠵᠤ᠂ ᠪᠦᠯᠭᠦᠮᠳᠡᠯ᠎ᠢᠶᠠᠷ ᠤᠷᠤᠱᠢᠨ ᠲᠤᠬ᠍ᠲᠠᠨᠢᠵᠤ᠂ ᠪᠦᠯᠬᠦᠮᠳᠡᠯ᠎ᠳᠤ ᠲᠦᠱᠢᠭ᠌ᠯᠡᠨ ᠬᠥᠭ᠌ᠵᠢᠵᠦ᠍᠂ ᠠᠳᠠᠯᠢᠪᠤᠰᠤ ᠲᠡᠤᠬᠡᠨ ᠴᠠᠭ ᠦᠶ᠎ᠡ᠎ᠳᠤ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠠᠬᠢᠭᠤᠯᠬᠤᠳᠤᠴᠢᠬᠤᠯᠠ ᠬᠤᠪᠢ ᠨᠡᠮᠡᠷᠢ ᠦᠵᠡᠭᠦᠯᠪᠡ᠃ ᠤᠳᠤᠬᠠᠨ᠎ᠳᠤ᠂ ᠳᠡᠯᠡᠬᠡᠢ᠎ᠶ᠋ᠢᠨ ᠵᠠᠭᠤᠨ ᠵᠢᠯ᠎ᠳᠤ ᠲᠤᠬᠢᠶᠠᠯᠳᠤᠭ᠎ᠠ ᠦᠭᠡᠢᠶᠡᠭᠡ ᠬᠤᠪᠢᠰᠤᠯᠲᠠ ᠲᠦᠷᠭᠡᠰᠦᠨ ᠤᠯᠠᠷᠢᠵᠤ᠂ ᠤᠳᠤ ᠦᠶ᠎ᠡ᠎ᠶ᠋ᠢᠨ ᠳᠤᠮᠳᠠᠳᠤ ᠤᠯᠤᠰ ᠶᠠᠭ ᠬᠥᠮᠦᠨ ᠲᠥᠷᠥᠯᠬᠢᠲᠡᠨᠤᠲᠡᠦᠬᠡᠨ ᠳᠡᠭᠡᠷᠡᠬᠢ ᠬᠠᠮᠤᠭ᠎ᠤᠨ ᠠᠤᠭ᠎ᠠ ᠶᠡᠭᠡ ᠮᠦᠷᠲᠡᠭᠡᠨ ᠥᠪᠡᠷᠮᠢᠴᠡ ᠦᠢᠯᠡᠳᠦᠯᠭᠡ᠎ᠶ᠋ᠢᠨ ᠱᠢᠨ᠎ᠡ ᠡᠭᠦᠳᠦᠯᠲᠡᠶ᠋ᠢᠥᠩᠭᠡᠷᠡᠭᠡᠵᠦ᠍ ᠪᠠᠢᠭ᠎ᠠ ᠪᠦᠭᠡᠳ ᠥᠭᠡᠷᠡᠴᠢᠯᠡᠯᠲᠡ ᠬᠢᠬᠦ᠌ ᠬᠥᠭ᠌ᠵᠢᠭᠦᠯᠬᠦ᠌ ᠲᠣᠭ᠍ᠲᠠᠭᠤᠨ ᠪᠠᠢᠯᠭᠠᠬᠤ ᠡᠭᠦᠷᠭᠡᠶ᠋ᠢᠨᠬᠦᠨᠳᠦ᠂ ᠵᠥᠷᠢᠴᠡᠯ ᠲᠦᠭ᠌ᠰᠢᠭᠦᠷᠢ ᠥᠷᠢᠰᠥᠯᠳᠦᠭᠡᠨ᠎ᠤ ᠣᠯᠠᠨ᠂ ᠲᠥᠷᠥ᠎ᠶ᠋ᠢ ᠵᠠᠰᠠᠵᠤ ᠵᠠᠰᠠᠭ᠎ᠢ ᠡᠷᠬᠢᠯᠡᠬᠦ᠌ᠱᠢᠯᠭᠠᠯᠲᠠᠶ᠋ᠢᠨ ᠶᠡᠭᠡ᠎ᠨᠢ ᠤᠷᠢᠳ ᠡᠮᠦᠨ᠎ᠡ ᠪᠠᠢᠭ᠎ᠠ ᠦᠭᠡᠢ ᠪᠣᠯᠬᠤᠷ ᠳᠤᠮᠳᠠᠳᠤ᠎ᠶ᠋ᠢᠨ ᠬᠥᠪᠡᠭᠦᠳ ᠥᠬᠢᠳᠤᠨᠶᠡᠭᠡ ᠪᠦᠯᠬᠦᠮᠳᠡᠯ᠎ᠢ ᠨᠡᠩ ᠴᠢᠩᠭᠠᠳᠭᠠᠬᠤ ᠴᠢᠬᠤᠯᠠᠲᠠᠶ ᠶᠤᠮ᠃ ᠱᠢᠨ᠎ᠡ ᠴᠠᠭ ᠦᠶ᠎ᠡ᠎ᠡᠴᠡ ᠣᠯᠭᠤᠭ᠍ᠰᠠᠨ ᠠᠷᠠᠳ᠎ᠤᠨᠤᠯᠤᠰ ᠲᠥᠷᠥ᠎ᠶ᠋ᠢᠨ ᠵᠥᠪᠯᠡᠯᠭᠡᠨ᠎ᠤ ᠲᠤᠱᠢᠶᠠᠯ ᠬᠠᠷᠢᠭᠤᠴᠠᠯᠭ᠎ᠠ ᠡᠭᠦᠷᠭᠡ᠎ᠪᠠᠨ ᠦᠨᠡᠨ ᠬᠦ᠌ ᠭᠦᠢᠴᠡᠳᠭᠡᠵᠦ᠍᠂ᠨᠢᠭᠡᠳᠦᠯᠲᠦ ᠴᠢᠨᠠᠷ ᠪᠣᠯᠤᠨ ᠣᠯᠠᠨ ᠶᠠᠩᠵᠤᠲᠤ ᠴᠢᠨᠠᠷ᠎ᠤᠨ ᠨᠢᠭᠡᠳᠦᠯ᠎ᠢ ᠪᠠᠷᠢᠮᠲᠠᠯᠠᠨ᠂ ᠪᠠᠢᠭᠤᠯᠤᠯ᠎ᠤᠨ ᠳᠠᠪᠠᠭᠤᠯᠢᠭᠢᠪᠦᠲᠦᠮᠵᠢᠲᠡᠶ ᠠᠱᠢᠭ᠍ᠯᠠᠨ ᠬᠠᠮᠤᠭ᠎ᠤᠨ ᠶᠡᠭᠡ ᠶᠡᠷᠦᠩᠬᠡᠶ ᠬᠤᠷᠢᠶᠠᠭ᠍ᠴᠢ᠎ᠶ᠋ᠢ ᠡᠷᠢᠯᠭᠢᠯᠡᠵᠦ᠍᠂ ᠬᠠᠮᠤᠭᠤᠨᠶᠡᠭᠡ ᠢᠵᠢᠯ ᠲᠥᠪ᠎ᠲᠦ ᠲᠣᠭᠤᠷᠢᠭ᠎ᠢ ᠵᠢᠷᠤᠵᠦ᠍᠂ ᠲᠦᠷᠦ᠍᠎ᠶ᠋ᠢᠨ ᠨᠠᠮ᠎ᠤᠨ ᠬᠠᠷᠢᠴᠠᠭ᠎ᠠ᠂ ᠦᠨᠳᠦᠰᠦᠲᠡᠨ᠎ᠤ ᠬᠠᠷᠢᠴᠠᠭ᠎ᠠ᠂ᠱᠠᠱᠢᠨ ᠰᠤᠷᠲᠠᠬᠤᠨ᠎ᠤ ᠬᠠᠷᠢᠴᠠᠭ᠎ᠠ᠂ ᠳᠠᠪᠬᠤᠷᠭ᠎ᠠ᠎ᠶ᠋ᠢᠨ ᠬᠠᠷᠢᠴᠠᠭ᠎ᠠ᠂ ᠣᠯᠣᠰ᠎ᠤᠨ ᠲᠣᠳᠣᠭᠠᠳᠣ ᠭᠠᠳᠠᠭᠠᠳᠣᠶ᠋ᠢᠨᠠᠬᠠ ᠳᠡᠭᠦᠣ ᠨᠡᠷ᠎ᠤᠨ ᠬᠠᠷᠢᠴᠠᠭ᠎ᠠ᠎ᠶ᠋ᠢᠨ ᠡᠶ᠎ᠡ ᠵᠣᠬᠢᠴᠠᠯ᠎ᠢ ᠠᠬᠢᠭᠤᠯᠬᠤ ᠭᠡᠷᠡᠭ᠌ᠳᠡᠢ᠃ ᠤᠯᠤᠰ ᠲᠥᠷᠥᠶ᠋ᠢᠨᠵᠥᠪᠯᠡᠯᠭᠡᠨᠤ ᠭᠡᠱᠢᠭᠦᠳ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠭᠡᠱᠢᠭᠦᠨ ᠨᠢᠭᠡᠪᠦᠷᠢᠴᠥᠮ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬᠤ ᠴᠢᠬᠤᠯᠠ ᠬᠦᠴᠦᠨ ᠮᠥᠨ᠂ ᠡᠲᠡᠭᠡᠳᠤᠨᠢᠯᠭᠠᠯᠤᠨ ᠤᠯᠠᠨ ᠲᠦᠮᠡᠨ ᠪᠣᠯ ᠴᠥᠮ ᠥᠪᠡᠷ᠎ᠤᠨ ᠪᠦᠯᠬᠦᠮᠳᠡᠬᠦ᠌ ᠡᠲᠡᠭᠡᠳ ᠮᠥᠨ ᠭᠡᠳᠡᠭ᠎ᠢ ᠭᠦᠨᠵᠡᠭᠡᠶ ᠲᠠᠨᠢᠵᠦ᠍᠂ᠬᠥᠮᠦᠨ ᠪᠦᠬᠦᠨ ᠪᠦᠯᠬᠦᠮᠳᠡᠯ᠎ᠢ ᠴᠢᠬᠤᠯᠠᠴᠢᠯᠠᠵᠤ᠂ ᠬᠥᠮᠦᠨ ᠪᠦᠬᠦᠨ ᠪᠦᠯᠬᠦᠮᠳᠡᠯ᠎ᠢ ᠬᠦᠬᠡᠬᠡᠴᠡᠯᠳᠦᠵᠦ᠍᠂ ᠬᠥᠮᠦᠨᠪᠦᠬᠦᠨ ᠪᠦᠯᠬᠦᠮᠳᠡᠯ᠎ᠢ ᠠᠬᠢᠭᠤᠯᠵᠤ᠂ ᠬᠥᠨᠳᠡᠯᠡᠨ᠎ᠠᠴᠠ ᠬᠠᠷᠠᠭ᠍ᠴᠢ ᠪᠢᠰᠢ ᠬᠠᠷᠢᠨ ᠡᠬᠦᠷᠭᠡᠯᠡᠭ᠌ᠴᠢ᠂ ᠬᠤᠭᠤᠰᠣᠨᠶᠠᠷᠢᠬ᠍ᠴᠢ ᠪᠢᠰᠢ ᠬᠠᠷᠢᠨ ᠦᠢᠯᠡᠳᠦᠯᠭᠡᠵᠢᠭᠦᠯᠦᠭ᠌ᠴᠢ ᠪᠤᠯᠬᠤ᠎ᠪᠠᠷ ᠴᠢᠷᠮᠠᠢᠵᠤ᠂ ᠨᠡᠩ ᠤᠯᠠᠨ ᠬᠥᠮᠦᠨ᠎ᠢ ᠳᠤᠮᠳᠠᠳᠤᠤᠯᠤᠰ᠎ᠤᠨ ᠡᠪ ᠬᠠᠮᠲᠤ ᠨᠠᠮ᠎ᠤᠨ ᠲᠣᠭᠤᠷᠢᠨ᠎ᠳᠤ ᠪᠦᠯᠬᠦᠮᠳᠡᠭᠦᠯᠦᠨ᠂ ᠨᠡᠩ ᠤᠯᠠᠨ ᠬᠦᠴᠦᠨ᠎ᠢ ᠰᠡᠷᠭᠦᠨ ᠮᠠᠨᠳᠤᠯᠲᠠᠶ᠋ᠢᠨᠠᠤᠭᠠ ᠦᠢᠯᠡᠰ᠎ᠢ ᠬᠠᠮᠲᠤ᠎ᠪᠠᠷ ᠴᠣᠭ᠍ᠴᠠᠯᠠᠬᠤ ᠲᠡᠦᠬᠡᠨ ᠠᠬᠢᠴᠠ ᠳᠤᠮᠳᠠ ᠲᠥᠪᠯᠡᠷᠡᠭᠦᠯᠬᠦ᠌ ᠬᠡᠷᠡᠭ᠌ᠳᠡᠢ᠃
(ᠬᠤᠶᠠᠷ)ᠳᠤᠮᠳᠠᠳᠤ᠎ᠶ᠋ᠢᠨ ᠬᠥᠪᠡᠭᠦᠳᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬᠤ᠎ᠳᠤ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠵᠥᠪᠯᠡᠬᠦ᠌ᠳᠠᠪᠠᠭᠤᠯᠢᠭᠢ ᠨᠡᠩ ᠰᠠᠢᠨ ᠪᠠᠳᠠᠷᠠᠭᠤᠯᠬᠤ ᠭᠡᠷᠡᠭ᠌ᠳᠡᠢ᠃ ᠵᠥᠪᠯᠡᠬᠦ᠌᠎ᠪᠠᠷ ᠬᠠᠮᠲᠤ᠎ᠶ᠋ᠢᠨ ᠲᠠᠨᠢᠯᠲᠠᠶ᠋ᠢᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠪᠠᠷ ᠪᠦᠯᠬᠦᠮᠳᠡᠯ᠎ᠢ ᠪᠠᠲᠤᠳᠭᠠᠬᠤ᠎ᠨᠢ ᠪᠦᠬᠦ᠌ ᠶᠠᠪᠤᠴᠠᠶ᠋ᠢᠨᠠᠷᠠᠳᠤᠨ ᠠᠷᠠᠳᠴᠢᠯᠠᠯ᠎ᠤᠨ ᠦᠷᠳᠡᠭ᠎ᠤᠨ ᠤᠢ᠍ᠢᠯᠠᠭᠠᠭ᠍ᠳᠠᠬᠤᠨ᠎ᠢ ᠢᠯᠡᠷᠡᠭᠦᠯᠵᠦ᠍᠂ ᠲᠤᠰᠭᠠᠢ ᠵᠥᠪᠯᠡᠬᠦ᠌ ᠪᠠᠢᠭᠤᠯᠤᠮᠵᠢᠶ᠋ᠢᠨᠲᠦᠷᠢᠮᠤᠨ ᠦᠢᠯᠡᠳᠦᠯ ᠴᠢᠳᠡᠪᠦᠷᠢ᠎ᠶ᠋ᠢ ᠢᠯᠡᠷᠡᠭᠦᠯᠪᠡ᠃ ᠱᠢᠨ᠎ᠡ ᠴᠠᠭ ᠦᠶ᠎ᠡ᠎ᠶ᠋ᠢᠨ ᠨᠥᠬᠦᠴᠡᠯ ᠳᠣᠣᠷ᠎ᠠ ᠪᠦᠯᠬᠦᠮᠳᠡᠯᠢᠴᠢᠩᠭᠠᠳᠭᠠᠬᠤᠳᠤ ᠤᠢ᠍ᠵᠡᠬᠦᠯᠬᠦ᠌ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠶ᠋ᠢᠨ ᠴᠢᠬᠤᠯᠠ ᠴᠢᠨᠠᠷᠢᠭᠦᠨᠵᠡᠭᠡᠶ ᠲᠠᠨᠢᠵᠤ᠂ ᠠᠷᠠᠳᠴᠢᠯᠠᠯ᠎ᠤᠨ ᠠᠷᠭ᠎ᠠ᠂ ᠶᠠᠷᠢᠯᠴᠠᠬᠤ ᠠᠷᠭ᠎ᠠ᠂ ᠱᠢᠭᠦᠮᠵᠢᠯᠡᠬᠦ᠌ ᠠᠷᠭ᠎ᠠ᠂ ᠢᠳᠭᠠᠵᠦ᠍ᠬᠦᠮᠦᠵᠢᠬᠦᠯᠬᠦ᠌ ᠠᠷᠭ᠎ᠠ᠎ᠶ᠋ᠢ ᠴᠢᠳᠠᠮᠠᠭᠠᠶ ᠭᠡᠷᠡᠭ᠌ᠯᠡᠨ᠂ ᠠᠷᠠᠳ᠎ᠤᠨ ᠳᠣᠲᠣᠭᠠᠳᠤ᠎ᠶ᠋ᠢᠨ ᠵᠥᠷᠢᠴᠡᠯ᠎ᠢ ᠵᠥᠪᠢᠶᠠᠷᠱᠢᠢᠳᠪᠦᠷᠢᠯᠡᠬᠦ᠌ ᠭᠡᠷᠡᠭ᠌ᠳᠡᠢ᠃ ᠨᠢᠭᠡ ᠰᠡᠳᠭᠢᠯ ᠨᠢᠭᠡ ᠴᠢᠭ᠌ᠯᠡᠯ᠎ᠢᠶᠠᠷ ᠦᠨᠡᠨᠴᠢ᠎ᠪᠠᠷ ᠵᠥᠪᠯᠡᠯᠳᠦᠬᠦ᠌ᠪᠠᠷᠳᠠᠮᠵᠢᠭᠤᠯᠤᠨ᠂ ᠳᠣᠲᠣᠷ᠎ᠠ᠎ᠡᠴᠡ ᠭᠠᠳᠠᠭ᠍ᠰᠢ᠂ ᠮᠡᠳᠡᠬᠦᠢ᠎ᠠᠴᠠ ᠬᠢᠬᠦᠢ ᠬᠦᠷᠲᠡᠯᠡᠬᠢ ᠠᠵᠢᠯ᠎ᠤᠨ ᠪᠠᠢᠷᠢᠱᠢᠯᠢᠪᠤᠢ ᠪᠣᠯᠭᠠᠬᠤ᠎ᠶ᠋ᠢ ᠠᠬᠢᠭᠤᠯᠤᠨ᠎ᠠ᠃ ᠠᠷᠭ᠎ᠠ ᠮᠠᠶᠢᠬ ᠠᠷᠭ᠎ᠠ ᠪᠠᠷᠢᠯ᠎ᠢᠶᠠᠨ ᠬᠢᠯᠪᠡᠷᠴᠢᠯᠠᠬᠤᠶ᠋ᠢ ᠡᠷᠡᠰ ᠬᠤᠷᠢᠭ᠍ᠯᠠᠵᠤ᠂ᠭᠡᠱᠢᠭᠦᠳ᠎ᠤᠨ ᠠᠳᠠᠯᠢ ᠪᠤᠰᠤ ᠡᠲᠡᠭᠡᠳ᠎ᠤᠨ ᠢᠯᠭᠠᠯ᠂ ᠬᠦᠷᠢᠶ᠎ᠡ ᠴᠠᠷᠠᠭ᠎ᠠ᠂ ᠠᠵᠢᠯ ᠲᠥᠷᠥᠯ᠎ᠠᠴᠠ ᠢᠷᠡᠭ᠌ᠰᠡᠨᠵᠡᠷᠭᠡ ᠣᠨᠴᠠᠯᠢᠭᠲᠤ ᠴᠢᠭ᠌ᠯᠡᠭᠦᠯᠦᠨ᠂ ᠦᠵᠡᠯ ᠰᠠᠨᠠᠭᠠᠨ᠎ᠤ ᠬᠥᠳᠡᠯᠦᠯ ᠪᠠᠢᠳᠠᠯ᠎ᠢ᠎ᠨᠢ ᠴᠠᠭ ᠲᠤᠬᠠᠶᠳᠤᠨᠢᠠᠮᠵᠢᠨ ᠣᠢᠯᠠᠭᠠᠵᠤ᠂ ᠬᠥᠮᠦᠨ᠎ᠳᠤ᠎ᠨᠢ ᠲᠤᠬᠢᠷᠠᠭᠤᠯᠤᠨ᠂ ᠴᠠᠭ᠎ᠤᠨ ᠪᠠᠢᠳᠠᠯ᠎ᠳᠤ ᠵᠤᠬᠢᠴᠠᠭᠤᠯᠤᠨ ᠰᠤᠷᠤᠯᠴᠠᠵᠤ ᠶᠠᠷᠢᠯᠴᠠᠬᠤ᠂ᠰᠡᠳᠭᠢᠯ᠎ᠤᠨ ᠦᠭᠡ᠎ᠪᠠᠨ ᠶᠠᠷᠢᠯᠴᠠᠬᠤ᠂ ᠲᠥᠷᠥ᠎ᠶ᠋ᠢᠨ ᠪᠣᠳᠣᠯᠭ᠎ᠠ᠎ᠶ᠋ᠢ ᠲᠠᠢᠯᠪᠤᠷᠢᠯᠠᠬᠤ ᠵᠡᠷᠭᠡ ᠠᠵᠢᠯ᠎ᠢ ᠰᠠᠢᠲᠤᠷᠥᠷᠨᠢᠭᠦᠯᠵᠦ᠍᠂ ᠵᠦᠶ ᠵᠣᠬᠢᠰᠲᠠᠶ ᠬᠦᠰᠡᠯ ᠪᠤᠳᠤᠯ ᠪᠤᠯᠤᠨ ᠱᠠᠭᠠᠷᠳᠠᠯᠭ᠎ᠠ᠎ᠶ᠋ᠢ ᠢᠳᠡᠪᠬᠢᠲᠡᠶ ᠲᠤᠰᠭᠠᠵᠤ᠂ ᠣᠯᠠᠨᠢᠬᠥᠲᠥᠯᠥᠨ ᠵᠢᠯᠣᠭᠤᠳᠴᠤ᠌ ᠪᠠᠢᠭᠠᠳ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠠᠢᠳᠠᠯ᠎ᠳᠤ ᠵᠥᠪ᠎ᠢᠶᠠᠷ ᠬᠠᠨᠳᠤᠭᠤᠯᠣᠨ᠂ᠨᠠᠮ᠎ᠤᠨ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠨᠡᠩ ᠰᠠᠢᠲᠤᠷ ᠤᠢ᠍ᠢᠯᠠᠭᠠᠭᠤᠯᠤᠨ ᠨᠠᠢᠳᠠᠪᠤᠷᠢᠵᠢᠭᠤᠯᠵᠤ᠂ᠤᠷᠮ᠎ᠠ ᠰᠡᠳᠭᠢᠯ᠎ᠢ ᠱᠢᠯᠤᠭᠤᠳᠭᠠᠬᠤ᠂ ᠵᠢᠱ᠌ᠢᠯᠲᠡ᠎ᠶ᠋ᠢ ᠬᠥᠲᠥᠯᠥᠨ ᠵᠢᠯᠣᠭᠤᠳᠭᠤ᠂ ᠢᠲᠡᠭᠡᠯ ᠵᠣᠷᠢᠭ᠎ᠢ ᠪᠠᠲᠤᠳᠭᠠᠬᠤᠠᠵᠢᠯᠢ ᠨᠠᠷᠢᠯᠢᠬ ᠤᠨᠤᠴᠠᠳᠡᠢ ᠪᠦᠲᠦᠮᠵᠢᠲᠡᠶ ᠰᠠᠢᠲᠤᠷ ᠬᠢᠬᠦ᠌ ᠭᠡᠷᠡᠭ᠌ᠳᠡᠢ᠃ ᠬᠠᠷᠠᠯᠲᠠᠳᠣ ᠦᠢᠯᠡ ᠠᠵᠢᠯᠯᠠᠭᠠᠶ᠋ᠢᠣᠬᠤᠷ ᠬᠤᠭᠤᠴᠠᠭ᠎ᠠ᠎ᠶ᠋ᠢᠨ ᠪᠣᠯᠭᠠᠬᠤ᠎ᠡᠴᠡ ᠵᠠᠢᠯᠠᠰᠭᠢᠵᠦ᠍᠂ ᠠᠯᠬᠤᠮ ᠳᠠᠷᠠᠭ᠎ᠠ᠎ᠲᠠᠢ᠎ᠪᠠᠷ ᠤᠷᠤᠭ᠍ᠰᠢᠯᠠᠭᠤᠯᠬᠤᠶ᠋ᠢᠪᠠᠷᠢᠮᠲᠠᠯᠠᠨ᠂ ᠦᠷᠭᠦᠯᠵᠢᠯᠡᠨ ᠬᠦᠴᠦᠯᠡᠬᠦ᠌ ᠮᠦᠷᠲᠡᠬᠡᠨ ᠤᠳᠠᠭᠠᠨ ᠲᠠᠭᠠᠭᠠᠮᠠᠭᠠᠢ᠎ᠪᠠᠷ ᠴᠢᠷᠮᠠᠢᠵᠤ᠂ ᠵᠠᠷᠢᠮᠪᠤᠳᠤᠯᠢᠶᠠᠨᠲᠠᠶ ᠬᠦᠨᠳᠡᠬᠦᠷᠲᠠᠢ ᠠᠰᠠᠭᠤᠳᠠᠯ᠎ᠤᠨ ᠲᠠᠯ᠎ᠠ᠎ᠪᠠᠷ᠎ᠬᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠦᠳᠦᠯᠦᠨᠲᠠᠭᠠᠭᠤᠯᠭᠠᠶ᠋ᠢ ᠴᠢᠩᠭᠠᠳᠭᠠᠬᠤ᠎ᠶ᠋ᠢ ᠪᠠᠢᠩᠭᠤ᠎ᠶ᠋ᠢᠨ ᠴᠢᠨᠠᠷᠲᠠᠶ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯᠲᠠᠢᠤᠶᠠᠯᠳᠤᠭᠤᠯᠵᠤ᠂ ᠨᠡᠢᠭᠡᠮ᠎ᠤᠨ ᠠᠩᠬᠠᠷᠤᠯ ᠲᠠᠯᠪᠢᠵᠤ ᠪᠠᠢᠭ᠎ᠠ ᠬᠦᠴᠢᠷᠳᠡᠯᠳᠡᠢ ᠠᠰᠠᠭᠤᠳᠠᠯ᠂ ᠬᠠᠯᠠᠮᠱᠢᠯ ᠠᠰᠠᠭᠤᠳᠠᠯᠪᠠ ᠴᠤᠬᠤᠢᠯᠲᠠ᠎ᠶ᠋ᠢᠨ ᠴᠢᠨᠠᠷᠲᠠᠶ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠣᠨ᠂ ᠠᠷᠠᠳ᠎ᠤᠨ ᠲᠦᠯᠦᠭᠡᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠳᠤᠮᠳᠠ ᠠᠷᠠᠳᠴᠢᠯᠠᠯ᠎ᠢ ᠪᠠᠳᠠᠷᠠᠭᠤᠯᠬᠤ ᠪᠠ ᠠᠷᠠᠳ᠎ᠤᠨ ᠰᠡᠳᠭᠢᠯᠢᠨᠢᠭ᠍ᠲᠠᠷᠠᠭᠤᠯᠬᠤᠶ᠋ᠢᠨ ᠣᠷᠭᠠᠨᠢᠭ ᠨᠢᠭᠡᠳᠦᠯ᠎ᠢ ᠱᠢᠨᠲᠠᠷᠠᠰᠢ ᠦᠭᠡᠢ ᠪᠡᠶᠡᠯᠡᠭᠦᠯᠬᠦ᠌ ᠭᠡᠷᠡᠭ᠌ᠳᠡᠢ᠃ ᠦᠨᠡᠯᠡᠬᠦ᠌ᠪᠠᠷᠢᠮᠵᠢᠶᠠᠶ᠋ᠢ ᠥᠷᠥᠭᠡᠰᠦᠭᠡᠯ ᠪᠣᠯᠭᠠᠬᠤ᠎ᠡᠴᠡ ᠰᠡᠷᠭᠡᠢᠯᠡᠵᠦ᠍᠂ ᠪᠣᠳᠠᠲᠠᠶ ᠦᠷ᠎ᠡ ᠪᠦᠲᠦᠮᠵᠢ᠎ᠳᠤ ᠪᠣᠳᠠᠲᠠᠶᠠᠰᠠᠭᠤᠳᠠᠯᠢ ᠱᠢᠢᠳᠪᠦᠷᠢᠯᠡᠬᠦ᠌᠎ᠳᠤ ᠠᠱᠢᠭ᠍ᠲᠠᠶ ᠡᠰᠡᠬᠦ᠌᠎ᠶ᠋ᠢ ᠦᠵᠡᠬᠦ᠌ ᠮᠥᠷᠲᠡᠭᠡᠨ ᠪᠠᠰᠠ ᠳᠠᠯᠳᠠ ᠠᠶᠤᠯᠲᠦᠭ᠌ᠰᠢᠭᠦᠷᠢᠶ᠋ᠢᠨ ᠭᠡᠮ ᠰᠤᠭᠤᠭ᠎ᠢ ᠠᠷᠢᠯᠭᠠᠬᠤ᠎ᠳᠤ ᠠᠱᠢᠭ᠍ᠲᠠᠶ ᠡᠰᠡᠬᠦ᠌᠎ᠶ᠋ᠢ ᠦᠵᠡᠬᠦ᠌ ᠬᠡᠷᠡᠭ᠌ᠲᠡᠶ; ᠵᠠᠩᠭᠢᠯᠠᠭᠠᠶ᠋ᠢᠨᠦᠶᠡᠶ᠋ᠢᠨ ᠡᠷᠡᠰ ᠪᠠᠲᠤ ᠵᠣᠭ᠍ᠰᠣᠯᠲᠠ ᠪᠣᠯᠤᠨ ᠣᠪᠣᠷ᠎ᠢᠶᠠᠨ ᠢᠯᠡᠳᠭᠡᠬᠦ᠌᠎ᠶ᠋ᠢ ᠦᠵᠡᠬᠦ᠌ ᠮᠥᠷᠲᠡᠭᠡᠨ ᠪᠠᠰᠠᠡᠲᠡᠭᠡᠳᠤᠨ ᠢᠯᠭᠠᠯ᠎ᠤᠨ ᠤᠯᠠᠨ ᠲᠦᠮᠡᠨ᠎ᠤ ᠲᠤᠮᠳᠠ ᠬᠦᠨᠵᠡᠭᠡᠢᠷᠡᠨ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠬᠤ᠂ᠵᠥᠷᠢᠴᠡᠯ᠎ᠢ ᠠᠷᠢᠯᠭᠠᠬᠤ᠂ ᠪᠦᠯᠬᠦᠮᠳᠡᠯ᠎ᠢ ᠴᠢᠩᠭᠠᠳᠭᠠᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨᠦᠢᠯᠡᠳᠦᠯᠭᠡᠶ᠋ᠢ ᠦᠵᠡᠬᠦ᠌ ᠬᠡᠷᠡᠭ᠌ᠲᠡᠢ᠃ ᠠᠵᠢᠯ᠎ᠤᠨ ᠠᠷᠭ᠎ᠠ ᠬᠡᠮᠵᠢᠶ᠎ᠡ᠎ᠶ᠋ᠢᠨ ᠬᠡᠯᠪᠡᠷᠢᠴᠢᠯᠡᠯᠳᠡᠶ᠋ᠢ ᠢᠯᠠᠨᠳᠠᠪᠠᠵᠤ᠂ ᠣᠯᠠᠨ ᠲᠦᠮᠡᠨᠴᠢ ᠱᠤᠭᠤᠮ᠎ᠢ ᠦᠢᠯᠡᠳᠦᠯᠭᠡᠵᠢᠭᠦᠯᠬᠦ᠌ ᠪᠠ ᠤᠯᠤᠰ ᠲᠥᠷᠥ᠎ᠶ᠋ᠢᠨ ᠵᠥᠪᠯᠡᠯᠭᠡᠨ᠎ᠤ ᠵᠥᠪᠯᠡᠬᠦ᠌ᠶ᠋ᠢᠠᠬᠢᠭᠤᠯᠬᠤᠶ᠋ᠢ ᠨᠢᠭᠡᠳᠦᠯᠲᠡᠶ ᠪᠠᠢᠯᠭᠠᠬᠤ᠎ᠶ᠋ᠢ ᠪᠠᠷᠢᠮᠲᠠᠯᠠᠵᠦ᠍᠂ ᠪᠣᠳᠠᠲᠤ ᠪᠠᠢᠳᠠᠯ᠎ᠳᠤ ᠰᠠᠭᠤᠷᠢᠯᠠᠨ ᠣᠢᠷᠠᠬᠠᠪᠢᠳᠠᠭᠠᠨ ᠲᠤᠬᠠᠶ᠎ᠶ᠋ᠢᠨ ᠭᠠᠵᠠᠷ᠎ᠲᠠᠭᠠᠨ ᠣᠯᠠᠨ ᠲᠦᠮᠡᠨ᠎ᠲᠠᠢ ᠬᠠᠷᠢᠯᠴᠠᠬᠤ ᠠᠷᠭ᠎ᠠ᠎ᠶ᠋ᠢ ᠰᠦᠪᠡᠭ᠌ᠴᠢᠯᠡᠵᠣ᠂ᠤᠳᠤ ᠦᠶ᠎ᠡ᠎ᠶ᠋ᠢᠨ ᠮᠡᠳᠡᠭᠡ ᠵᠠᠩᠭᠢ᠎ᠶ᠋ᠢᠨ ᠠᠷᠭ᠎ᠠ ᠪᠠᠷᠢᠯ᠎ᠢ ᠬᠡᠷᠡᠭ᠌ᠯᠡᠨ ᠤᠯᠠᠨ ᠲᠦᠮᠡᠨ᠎ᠳᠤ ᠥᠨᠳᠥᠷ ᠪᠦᠲᠦᠮᠵᠢᠲᠡᠶᠦᠢᠯᠡᠴᠢᠯᠡᠬᠦ᠌ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠴᠦ᠍᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨᠤᠭᠡᠱᠢᠭᠦᠳᠤᠨ ᠨᠠᠮ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠤᠭ᠍ᠴᠢ᠂ ᠦᠵᠡᠯ ᠰᠠᠨᠠᠭ᠎ᠠ ᠤᠯᠤᠰ ᠲᠦᠷᠦ᠍ᠶ᠋ᠢᠨᠲᠠᠭᠠᠭᠤᠯᠤᠬ᠍ᠴᠢ᠂ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠤ ᠳᠣᠲᠣᠨᠣ ᠬᠥᠮᠦᠨ ᠪᠣᠯᠬᠤ᠎ᠶ᠋ᠢ ᠠᠬᠢᠭᠤᠯᠬᠤ ᠭᠡᠷᠡᠭ᠌ᠳᠡᠢ᠃
(ᠭᠤᠷᠪᠠ)ᠳᠤᠮᠳᠠᠳᠤ᠎ᠶ᠋ᠢᠨ ᠬᠥᠪᠡᠭᠦᠳᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬᠤ᠎ᠳᠤ ᠡᠷᠬᠡᠪᠰᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤᠭᠡᠷᠡᠭ᠌ᠳᠡᠢ᠃ ᠪᠦᠯᠬᠦᠮᠳᠡᠯ᠎ᠳᠤ ᠲᠣᠭᠤᠷᠢᠭ᠎ᠤᠨ ᠲᠥᠪ᠎ᠲᠠᠢ ᠪᠠᠢᠬᠤ ᠭᠡᠷᠡᠭ᠌ᠳᠡᠢ᠂ ᠲᠣᠭᠤᠷᠢᠭ᠎ᠤᠨ ᠲᠥᠪ᠎ᠢ ᠪᠠᠲᠤᠰᠠᠬᠢᠪᠠᠯ ᠰᠠᠶᠢ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠲᠡᠶ ᠪᠠᠢᠵᠤ ᠴᠢᠳᠠᠨ᠎ᠠ᠃ ᠳᠤᠮᠳᠠᠳᠤ ᠤᠯᠤᠰᠤᠨᠡᠪ ᠬᠠᠮᠲᠤ ᠨᠠᠮ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠤᠨ ᠲᠣᠭᠤᠷᠢᠭ᠎ᠤᠨ ᠲᠥᠪ ᠪᠣᠯᠤᠭ᠍ᠰᠠᠨᠶᠠᠪᠤᠳᠠᠯ ᠪᠣᠯ ᠲᠡᠣᠬᠡ᠎ᠶ᠋ᠢᠨ ᠰᠣᠩᠭᠤᠯᠲᠠ᠂ ᠠᠷᠠᠳ ᠲᠦᠮᠡᠨ᠎ᠤ ᠰᠣᠩᠭᠤᠯᠲᠠ ᠮᠥᠨ᠃ ᠨᠠᠮ᠎ᠤᠨ ᠤᠳᠤᠷᠢᠳᠤᠯᠭ᠎ᠠ ᠬᠡᠳᠦᠢᠬᠦᠴᠦᠲᠡᠶ᠂ ᠨᠠᠮ᠎ᠤᠨ ᠲᠤᠭ ᠲᠡᠮᠳᠡᠭ ᠬᠡᠳᠦᠶ ᠲᠣᠳᠣᠷᠬᠠᠶ ᠪᠣᠯᠬᠤ ᠲᠤᠲᠤᠮ ᠡᠬᠡ ᠣᠷᠣᠨᠴᠢ ᠨᠢᠭᠡᠳᠦᠮᠡᠯ ᠹᠷᠣᠨᠲᠢᠲᠡᠳᠦᠶ ᠪᠠᠬᠢᠵᠢᠭᠦᠯᠦᠨ ᠪᠤᠵᠠᠭᠠᠢᠷᠠᠭᠤᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ ᠪᠠ ᠤᠯᠤᠰ᠎ᠤᠨ ᠳᠣᠲᠣᠭᠠᠳᠤᠭᠠᠳᠠᠭᠠᠳᠤᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠤᠨ ᠤᠶᠤᠨ ᠤᠬᠠᠭᠠᠨ ᠬᠦᠴᠦᠨ ᠴᠢᠳᠠᠯ᠎ᠢ ᠪᠦᠲᠦᠮᠵᠢᠲᠡᠶᠪᠠᠷᠨᠢᠭ᠍ᠲᠠᠷᠠᠭᠤᠯᠵᠤ᠂ ᠵᠢᠩᠬᠢᠨᠢ᠂ ᠥᠷᠭᠡᠨ ᠳᠡᠯᠭᠡᠷ᠂ ᠨᠢᠭ᠍ᠲᠠ ᠴᠢᠩᠭ᠎ᠠ ᠶᠡᠭᠡ ᠪᠦᠯᠬᠦᠮᠳᠡᠯ᠎ᠢ ᠪᠤᠢ ᠪᠣᠯᠭᠠᠵᠦ᠍ᠴᠢᠳᠡᠨᠡ ᠭᠡᠳᠡᠭ᠎ᠢ ᠲᠡᠣᠬᠡ ᠪᠠ ᠣᠢ᠌ᠯᠡᠳᠦᠯᠭᠡ ᠬᠦᠢᠴᠡᠳ ᠭᠡᠷᠡᠴᠢᠯᠡᠪᠡ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨᠲᠤᠭ ᠲᠡᠮᠳᠡᠭ ᠲᠣᠳᠣᠷᠬᠠᠢ᠎ᠪᠠᠷ ᠤᠯᠤᠰ ᠲᠥᠷᠥ᠎ᠶ᠋ᠢ ᠡᠷᠬᠢᠮᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮᠤᠨᠤᠳᠤᠷᠢᠳᠤᠯᠭᠠ ᠤᠨᠴᠠᠭᠠᠢ᠌ᠯᠠᠨ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭᠠᠶ᠋ᠢᠪᠠᠷᠢᠮᠲᠠᠯᠠᠨ᠂ ᠨᠡᠩ ᠰᠠᠢᠨ᠎ᠢᠶᠠᠷ ᠨᠠᠮ᠎ᠤᠨ ᠡᠯ᠎ᠡ ᠵᠦᠢᠯ᠎ᠤᠨ ᠠᠵᠢᠯ᠎ᠳᠠᠬᠢ ᠤᠳᠤᠷᠢᠳᠤᠯᠭ᠎ᠠ᠎ᠶ᠋ᠢ ᠪᠠᠷᠢᠮᠲᠠᠯᠠᠨᠴᠢᠩᠭᠠᠳᠭᠠᠬᠤ ᠴᠢᠬᠤᠯᠠ ᠵᠢᠭ᠍ᠰᠠᠭᠠᠯ᠎ᠤᠨ ᠭᠠᠵᠠᠷ᠂ ᠨᠠᠮ᠎ᠤᠨ ᠱᠢᠨ᠎ᠡ ᠡᠭᠦᠳᠦᠯᠲᠡ᠎ᠶ᠋ᠢᠨ ᠤᠨᠤᠯ᠎ᠢᠶᠠᠷ ᠡᠯ᠎ᠡᠦᠨᠳᠦᠰᠦᠲᠡᠨ ᠡᠯ᠎ᠡ ᠡᠲᠡᠭᠡᠳ᠎ᠤᠨ ᠲᠥᠯᠥᠭᠡᠯᠡᠭ᠌ᠴᠢ ᠬᠥᠮᠦᠰ᠎ᠢ ᠪᠦᠯᠬᠦᠮᠳᠡᠭᠦᠯᠦᠨ ᠬᠦᠮᠦᠵᠢᠬᠦᠯᠵᠦ᠍ ᠬᠥᠲᠥᠯᠥᠨᠵᠢᠯᠣᠭᠤᠳᠭᠤ ᠴᠢᠬᠤᠯᠠ ᠲᠠᠪᠴᠠᠩ᠂ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢᠨ ᠳᠡᠭᠡᠷᠡᠵᠥᠷᠢᠴᠡᠯᠢ ᠠᠷᠢᠯᠭᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠴᠢᠬᠤᠯᠠ ᠠᠷᠭ᠎ᠠ ᠵᠠᠮ ᠪᠣᠯᠬᠤᠬᠡᠷᠡᠭ᠌ᠲᠡᠶ᠃ ᠤᠯᠤᠰ ᠲᠥᠷᠥ᠎ᠶ᠋ᠢᠨ ᠵᠥᠪᠯᠡᠯᠭᠡᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠡᠪ ᠬᠠᠮᠲᠤ ᠨᠠᠮᠤᠨᠭᠡᠱᠢᠭᠦᠳ ᠨᠠᠮ᠎ᠤᠨ ᠤᠳᠤᠷᠢᠳᠤᠯᠭ᠎ᠠ᠎ᠶ᠋ᠢ ᠪᠡᠶᠡᠯᠡᠭᠦᠯᠬᠦ᠌ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍ᠪᠠᠢᠳᠠᠭ᠂ ᠰᠡᠳᠭᠢᠯ᠎ᠢᠶᠠᠨ ᠨᠢᠭᠡᠳᠭᠡᠨ ᠬᠦᠴᠦᠨ᠎ᠢᠶᠠᠨ ᠬᠠᠮᠲᠤᠳᠭᠠᠬᠤ ᠬᠠᠷᠢᠭᠤᠴᠠᠯᠭ᠎ᠠ᠎ᠶ᠋ᠢᠨ ᠤᠬᠠᠮᠰᠠᠷ᠎ᠢ ᠪᠤᠢᠪᠣᠯᠭᠠᠵᠤ᠂ ᠰᠤᠷᠭᠠᠨ ᠬᠥᠮᠦᠵᠢᠭᠦᠯᠵᠦ᠍ ᠬᠥᠲᠥᠯᠥᠨ ᠳᠠᠭᠠᠭᠤᠯᠬᠤ ᠲᠠᠯ᠎ᠠ᠎ᠪᠠᠷ ᠵᠣᠷᠢᠭ᠍ᠲᠠᠶ᠎ᠪᠠᠷ ᠦᠵᠡᠯᠳᠡᠪᠠᠨᠢᠯᠡᠷᠬᠡᠢᠯᠡᠨ᠂ ᠵᠥᠷᠢᠴᠡᠯ᠎ᠢ ᠨᠠᠮᠳᠠᠭᠤᠯᠬᠤ ᠲᠠᠯ᠎ᠠ᠎ᠪᠠᠷ ᠴᠢᠳᠠᠮᠠᠭᠠᠶ᠎ᠪᠠᠷ ᠠᠵᠢᠯᠯᠠᠬᠤ ᠬᠡᠷᠡᠭ᠌ᠲᠡᠶ᠃ ᠬᠡᠯᠡᠬᠦ᠌ᠪᠠᠷᠢᠶᠠᠨᠲᠣᠭ᠍ᠲᠠᠭᠠᠬᠤ ᠪᠢᠰᠢ ᠬᠠᠷᠢᠨ ᠵᠥᠪ ᠭᠡᠯᠡᠬᠦ᠌᠎ᠳᠤ ᠲᠦᠱᠢᠭ᠌ᠯᠡᠵᠦ᠍ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ᠣᠢᠯᠠᠭᠠᠭ᠍ᠳᠠᠬᠤᠨᠢ ᠴᠢᠩᠭᠠᠳᠭᠠᠵᠤ᠂ ᠵᠥᠪ ᠬᠡᠯᠡᠬᠦ᠌ᠠᠴᠠᠪᠠᠨ ᠣᠶᠤᠨ ᠰᠠᠨᠠᠭᠠᠨ᠎ᠳᠤ ᠬᠠᠳᠡᠩᠱᠢᠳᠠᠯᠠ ᠬᠡᠯᠡᠵᠦ᠍ᠴᠢᠳᠠᠬᠤ ᠪᠤᠯᠳᠡᠯᠡᠬᠢ ᠠᠵᠢᠯ᠎ᠤᠨ ᠴᠢᠳᠠᠪᠤᠷᠢ᠎ᠪᠠᠨ ᠳᠡᠭᠡᠭ᠌ᠰᠢᠯᠡᠭᠦᠯᠤᠨ᠂ ᠬᠠᠮᠲᠤ᠎ᠶ᠋ᠢᠨ ᠲᠡᠣᠬᠡ᠎ᠶ᠋ᠢᠨ ᠳᠤᠷᠠᠳᠭᠠᠯ᠂ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢᠶᠠᠷ ᠰᠣᠶᠣᠯ᠎ᠤᠨ ᠡᠨᠡᠭ᠌ᠰᠢᠯ᠂ ᠥᠷᠲᠡᠭ᠎ᠤᠨ ᠡᠨᠡᠭ᠌ᠰᠢᠯ᠎ᠢ ᠭᠦᠨᠵᠡᠭᠡᠢᠷᠡᠭᠦᠯᠵᠦ᠍᠂ᠵᠠᠭᠤᠨ ᠵᠢᠯ᠎ᠤᠨ ᠠᠭᠤᠣ ᠶᠡᠭᠡ ᠠᠮᠵᠢᠯᠲᠠ ᠪᠦᠲᠦᠮᠵᠢ᠂ ᠬᠠᠮᠲᠤ᠎ᠪᠠᠷ ᠲᠡᠮᠡᠴᠡᠬᠦ᠌ ᠬᠠᠷᠠᠯᠲᠠ᠎ᠪᠠᠷ ᠵᠠᠮ᠎ᠤᠨ ᠡᠨᠡᠭ᠌ᠰᠢᠯ᠂ᠪᠠᠢᠭᠤᠯᠤᠯ᠎ᠤᠨ ᠡᠨᠡᠭ᠌ᠰᠢᠯ᠎ᠢ ᠴᠢᠩᠭᠠᠳᠭᠠᠨ᠂ ᠦᠵᠡᠯ ᠰᠠᠨᠠᠭ᠎ᠠ ᠤᠯᠤᠰ ᠲᠥᠷᠥ᠎ᠶ᠋ᠢᠨ ᠪᠠᠢᠭᠤᠯᠤᠯᠲᠠ᠂ ᠠᠱᠢᠭ ᠲᠤᠰᠠᠶ᠋ᠢᠨᠠᠩᠬᠠᠷᠤᠯᠢ ᠬᠠᠷᠠᠭᠠᠯᠵᠠᠬᠤ᠎ᠪᠠᠷ ᠣᠨᠣᠯ᠎ᠤᠨ ᠡᠨᠡᠭ᠌ᠰᠢᠯ᠂ ᠲᠥᠷᠥ᠎ᠶ᠋ᠢᠨ ᠪᠣᠳᠣᠯᠭ᠎ᠠ᠎ᠶ᠋ᠢᠨ ᠡᠨᠡᠭ᠌ᠰᠢᠯ᠎ᠢ ᠨᠡᠮᠡᠭ᠌ᠳᠡᠭᠦᠯᠵᠦ᠍᠂ᠲᠤᠱᠢᠶᠠᠯ ᠬᠠᠷᠢᠭᠤᠴᠠᠯᠭ᠎ᠠ᠎ᠪᠠᠨ ᠴᠢᠷᠮᠠᠢᠨ ᠭᠦᠢᠴᠡᠳᠭᠡᠬᠦ᠌ ᠶᠠᠪᠤᠴᠠ᠎ᠳᠤ ᠪᠦᠯᠬᠦᠮᠳᠡᠯ᠎ᠢᠶᠠᠨ ᠴᠢᠩᠭᠠᠳᠭᠠᠨ᠂ᠬᠠᠮᠲᠤᠷᠠᠨ ᠠᠵᠢᠯᠯᠠᠬᠤ ᠳᠤᠮᠳᠠ ᠪᠦᠯᠬᠦᠮᠳᠡᠯ᠎ᠢᠶᠠᠨ ᠪᠠᠲᠤᠳᠭᠠᠵᠤ᠂ ᠬᠠᠮᠲᠤ᠎ᠪᠠᠷ ᠲᠡᠮᠡᠴᠡᠬᠦ᠌ ᠳᠤᠮᠳᠠ ᠪᠦᠯᠬᠦᠮᠳᠡᠯᠢᠶᠠᠨᠭᠦᠨᠵᠡᠭᠡᠢᠷᠡᠭᠦᠯᠤᠨ᠂ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠤᠨ ᠰᠡᠳᠭᠢᠯ ᠨᠢᠭᠡᠲᠡᠶ᠂ ᠬᠦᠴᠦ᠍ ᠨᠢᠭᠡᠲᠡᠶᠪᠠᠢᠬᠤ ᠠᠮᠢᠳᠤᠯᠢᠭ ᠪᠠᠢᠳᠠᠯ᠎ᠢ ᠪᠤᠢ ᠪᠣᠯᠭᠠᠬᠤ᠎ᠶ᠋ᠢ ᠠᠬᠢᠭᠤᠯᠬᠤ ᠭᠡᠷᠡᠭ᠌ᠳᠡᠢ᠃
ᠭᠡᠱᠢᠭᠦᠳᠡ! ᠬᠦᠴᠦᠨ ᠴᠢᠳᠠᠯ ᠪᠦᠯᠬᠦᠮᠳᠡᠯᠡᠴᠡᠡᠭᠦᠰᠴᠦ᠍᠂ ᠡᠭᠦᠷᠭᠡ ᠬᠠᠷᠢᠭᠤᠴᠠᠯᠭ᠎ᠠ ᠪᠦᠯᠬᠦᠮᠳᠡᠯ᠎ᠢ ᠤᠷᠢᠶᠠᠯᠠᠵᠤ ᠪᠠᠢᠨ᠎ᠠ᠃ ᠪᠢᠳᠡ ᠰᠢ᠎ᠶ᠋ᠢᠨ ᠫᠢᠩ ᠨᠦᠬᠦᠷᠢᠶᠠᠷᠭᠤᠤᠯᠯᠠᠭᠤᠯᠤᠭ᠍ᠰᠠᠨ ᠲᠤᠮᠳᠠᠳᠣ ᠤᠯᠤᠰ᠎ᠤᠨ ᠡᠪ ᠬᠠᠮᠳᠣ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠢᠯᠡᠬᠦᠦᠨᠢᠭ᠍ᠲᠠᠷᠠᠨ ᠪᠦᠯᠬᠦᠮᠳᠡᠵᠦ᠍᠂ ᠱᠢᠷᠭᠠᠭᠤ ᠬᠠᠲᠠᠭᠤᠵᠢᠯᠲᠠᠶ ᠠᠵᠢᠯᠯᠠᠵᠤ᠂ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡᠴᠠᠭ ᠦᠶ᠎ᠡ᠎ᠶ᠋ᠢᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠪᠠᠢᠳᠠᠯᠢᠲᠠᠰᠤᠷᠠᠯᠲᠠ ᠤᠢ᠍ᠭᠡᠢ ᠨᠡᠭᠡᠭᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯᠠᠪᠠᠷᠪᠦᠲᠦᠭᠡᠨ ᠪᠠᠢᠭᠤᠯᠬᠤ ᠱᠢᠨ᠎ᠡ ᠢᠯᠠᠯᠲᠠ᠎ᠶ᠋ᠢ ᠲᠡᠮᠡᠴᠡᠨ ᠣᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠣ ᠶᠡᠭᠡᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠵᠡᠭᠦᠳᠦ᠍᠎ᠶ᠋ᠢ ᠪᠡᠶᠡᠯᠡᠭᠦᠯᠬᠦ᠌᠎ᠳᠤ ᠨᠡᠩ ᠶᠡᠭᠡ ᠱᠢᠨᠡᠬᠤᠪᠢ ᠨᠡᠮᠡᠷᠢ ᠦᠵᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮᠤᠨᠬᠤᠷᠢᠳᠤᠭᠠᠷ ᠶᠡᠭᠡ ᠬᠤᠷᠠᠯ ᠢᠯᠠᠯᠲᠠ᠎ᠲᠠᠢ᠎ᠪᠠᠷ ᠬᠤᠷᠠᠯᠳᠤᠬᠤ᠎ᠶ᠋ᠢ ᠤᠭ᠍ᠲᠤᠵᠠᠭᠠᠶᠠ!
(ᠰᠢᠨᠬᠣᠸᠠ ᠬᠣᠷᠢᠶᠠᠨᠦᠪᠡᠭᠡᠵᠢᠩ ᠤ᠋ᠨ 3 ᠰᠠᠷ᠎ᠠ ᠵᠢᠨ 10 ᠤ᠋ ᠡᠳᠦᠷ ᠤ᠋ᠨ ᠴᠠᠬᠢᠯᠭᠠᠨ ᠮᠡᠳᠡᠭᠡ᠂ ᠳᠣᠮᠳᠠᠳᠣᠣᠯᠣᠰᠤᠨ ᠦᠨᠳᠦᠰᠦᠳᠡᠨ᠎ᠦ ᠬᠡᠯᠡᠨ ᠤ᠋ ᠣᠷᠴᠢᠭᠣᠯᠭ᠎ᠠ ᠵᠢᠨ ᠳᠣᠪᠴᠢᠶ᠎ᠠ ᠣᠷᠴᠢᠭᠣᠯᠪᠠ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃