2022-03-04 09:31:52
ᠬᠦᠨᠳᠦ ᠨᠠᠢᠳᠠᠯᠭᠠᠬᠦᠰᠡᠯ ᠡᠷᠡᠮᠡᠯᠵᠡᠯ᠎ᠢ ᠡᠭᠦᠷᠭᠡᠯᠡᠨ᠂ 3 ᠰᠠᠷ᠎ᠠ᠎ᠶ᠋ᠢᠨ3ᠤ᠋᠎ᠦᠳᠡ᠎ᠶ᠋ᠢᠨ ᠬᠣᠢᠨ᠎ᠠ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨᠤᠬᠣᠷᠢᠶᠠᠨᠤ ᠲᠠᠪᠤᠳᠤᠭᠠᠷ ᠬᠤᠷᠠᠯ᠎ᠳᠤ ᠣᠷᠣᠯᠴᠠᠬᠤ ᠮᠠᠨ᠎ᠤ ᠣᠷᠣᠨ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥᠶ᠋ᠢᠨᠵᠥᠪᠯᠡᠯᠭᠡᠨᠦ ᠭᠡᠱᠢᠭᠦᠳ ᠪᠡᠭᠡᠵᠢᠩ᠎ᠳᠦ ᠬᠦᠷᠴᠦ᠍᠂ ᠤᠷᠢᠬᠠᠨ ᠬᠠᠪᠤᠷ᠎ᠤᠨ ᠡᠨᠡ ᠬᠦ᠌ ᠦᠪᠡᠳᠡᠭ᠌ᠰᠢ ᠬᠤᠷᠠᠯᠳᠤᠣᠷᠣᠯᠴᠠᠬᠤ ᠪᠡᠷ ᠪᠤᠢ᠃
ᠡᠨᠡ ᠵᠢᠯ ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯᠠᠪᠠᠷᠪᠦᠳᠦᠭᠡᠨ ᠪᠠᠢᠭᠤᠯᠬᠤ᠂ ᠬᠣᠶᠠᠳᠤᠭᠠᠷ ᠵᠠᠭᠤᠨᠵᠢᠯᠦᠨᠲᠡᠮᠡᠴᠡᠬᠦ᠌ᠬᠠᠷᠠᠯᠲᠠᠲᠡᠢᠰᠢᠤᠷᠤᠭᠰᠢᠯᠠᠬᠤᠱᠢᠨᠡᠠᠶᠠᠨ ᠤ᠋ ᠴᠢᠬᠤᠯᠠ ᠨᠢᠭᠡ ᠵᠢᠯ ᠪᠣᠯᠤᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ ᠬᠣᠷᠢᠳᠤᠭᠠᠷ ᠤᠳᠠᠭᠠᠶ᠋ᠢᠨᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠬᠤᠷᠠᠯᠳᠤᠭᠤᠯᠬᠤ ᠪᠤᠯᠤᠨ᠎ᠠ᠂ ᠡᠨᠡᠤᠳᠠᠭᠠᠶ᠋ᠢᠨᠪᠦᠬᠦ᠌ᠤᠯᠤᠰᠤᠨ ᠬᠣᠶᠠᠷ ᠬᠤᠷᠠᠯ᠎ᠢ ᠰᠠᠢᠲᠤᠷ ᠬᠤᠷᠠᠯᠳᠤᠭᠤᠯᠬᠤ ᠨᠢ ᠲᠤᠢᠯ᠎ᠤᠨ ᠴᠢᠬᠤᠯᠠ ᠠᠴᠢ ᠬᠣᠯᠪᠣᠭ᠍ᠳᠠᠯᠲᠠᠶᠶᠤᠮ᠃ ᠭᠡᠱᠢᠭᠦᠳ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠴᠢᠬᠤᠯᠠ ᠶᠡᠬᠡ ᠠᠰᠠᠭᠤᠳᠠᠯ ᠪᠣᠯᠤᠨ ᠠᠷᠠᠳ ᠤᠯᠠᠨᠤᠠᠩᠬᠠᠷᠴᠤ ᠪᠠᠢᠭ᠎ᠠ ᠬᠠᠯᠠᠮᠱᠢᠯ ᠠᠰᠠᠭᠤᠳᠠᠯ ᠬᠦᠴᠢᠷ ᠠᠰᠠᠭᠤᠳᠠᠯ᠎ᠤᠨ ᠲᠣᠭᠣᠷᠢᠨ᠎ᠳᠤ᠂ ᠥᠷᠭᠡᠨ ᠭᠦᠨᠵᠡᠭᠡᠢ ᠪᠠᠢᠴᠠᠭᠠᠨᠰᠤᠳᠤᠯᠤᠯᠲᠠ ᠬᠢᠵᠦ᠍᠂ ᠰᠠᠨᠠᠯ ᠳᠤᠷᠠᠳᠤᠯᠭ᠎ᠠ ᠪᠣᠯᠤᠨ ᠶᠠᠷᠢᠶ᠎ᠠ ᠪᠠᠨ ᠨᠠᠷᠢᠨ ᠨᠢᠮᠪᠠᠢ ᠪᠡᠯᠡᠳᠭᠡᠵᠦ᠍᠂ ᠬᠤᠷᠠᠯᠳᠤᠣᠷᠣᠯᠴᠠᠬᠤᠳᠤ ᠡᠯ᠎ᠡ ᠵᠦᠢᠯ᠎ᠦᠨ ᠪᠡᠯᠡᠳᠭᠡᠯ᠎ᠢ ᠢᠳᠡᠪᠬᠢᠲᠡᠢ ᠰᠠᠢᠲᠤᠷ ᠬᠢᠪᠡ᠃ ᠴᠢᠨᠠᠷ ᠰᠠᠢᠲᠠᠢ ᠬᠥᠭ᠌ᠵᠢᠯᠲᠡ᠂ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ᠂ ᠬᠥᠳᠡᠭᠡ ᠲᠣᠰᠭᠣᠨ᠎ᠢ ᠬᠥᠭ᠌ᠵᠢᠭᠦᠯᠦᠨᠮᠠᠨᠳᠤᠭᠤᠯᠬᠤ᠂ ᠠᠮᠢ ᠠᠬᠤᠢ᠎ᠶ᠋ᠢ ᠬᠠᠮᠠᠭᠠᠯᠠᠬᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ᠵᠡᠷᠭᠡ ᠪᠣᠯ ᠤᠯᠠᠨ᠎ᠤ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ ᠪᠣᠯᠤᠨ᠎ᠠ᠃
ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠡᠬᠢ 《ᠠᠬᠠᠮᠠᠳ ᠴᠡᠷᠢᠭ》 ᠪᠣᠯᠤᠭ᠍ᠰᠠᠨ᠎ᠤ ᠬᠤᠪᠢ᠎ᠳᠤ᠂ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠣᠷᠴᠢᠨ ᠲᠣᠭᠣᠷᠢᠨᠤᠬᠠᠮᠠᠭᠠᠯᠠᠯᠲᠠᠶ᠋ᠢᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠶᠳᠠᠭᠠᠭᠠᠮᠠᠯ ᠵᠠᠩ ᠯᠢ ᠸᠸᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠬᠤ᠎ᠶ᠋ᠢᠨ ᠲᠣᠭᠣᠷᠢᠨᠳᠤᠴᠥᠬᠥᠷᠡᠰᠢ ᠥᠬᠡᠶ ᠴᠢᠷᠮᠠᠢᠭ᠍ᠰᠠᠭᠠᠷ ᠢᠷᠡᠵᠡᠶ᠃ ᠡᠨᠡ ᠵᠢᠯ᠂ ᠲᠡᠷᠡ《ᠬᠠᠳᠤᠨᠭᠣᠣᠯᠤᠨ ᠰᠠᠪᠠ ᠭᠠᠵᠠᠷ᠎ᠤᠨ ᠠᠵᠤ ᠦᠢᠯᠡᠳᠪᠦᠷᠢ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠡᠬᠢ ᠪᠠᠶᠠᠯᠢᠭ᠍ᠵᠢᠭᠤᠯᠤᠨᠠᠱᠢᠭ᠍ᠯᠠᠬᠤ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢᠨ ᠡᠷᠴᠢᠮ᠎ᠢ ᠴᠢᠩᠭᠠᠷᠠᠭᠤᠯᠬᠤ ᠲᠤᠬᠠᠢ》᠂ 《ᠥᠪᠥᠷ ᠮᠣᠩᠭᠣᠯ᠎ᠳᠤ ᠬᠠᠳᠤᠨ ᠭᠣᠣᠯᠤᠨᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠡᠮᠵᠢᠨ ᠪᠤᠳᠤᠯᠳᠠ ᠵᠢᠨ ᠲᠥᠪᠢᠪᠠᠢᠭᠤᠯᠬᠤ》᠂ 《ᠲᠠᠯ᠎ᠠ ᠨᠤᠲᠤᠭᠦᠨᠨᠡᠭᠦᠷᠡᠰᠦᠲᠥ᠋ᠷᠥᠭ᠌ᠴᠢᠵᠢᠨ ᠭᠠᠳᠠᠭᠰᠢᠯᠠᠭᠤᠯᠤᠯᠳᠠ ᠵᠢᠨ ᠵᠢᠭᠠᠯᠳᠠ ᠲᠤᠭ᠎ᠠ ᠵᠢᠨ ᠠᠷᠠᠯᠵᠢᠶ᠎ᠠ᠎ᠶ᠋ᠢ ᠰᠦᠪᠡᠭ᠌ᠴᠢᠯᠡᠨᠥᠷᠨᠢᠭᠦᠯᠬᠦ᠌》 ᠵᠡᠷᠭᠡ ᠲᠠᠯ᠎ᠠ᠎ᠶ᠋ᠢᠨ ᠰᠠᠨᠠᠯ ᠳᠤᠷᠠᠳᠤᠯᠭ᠎ᠠ᠎ᠶ᠋ᠢ ᠪᠡᠯᠡᠳᠭᠡᠪᠡ᠃
ᠡᠨᠡ ᠵᠢᠯ ᠪᠣᠯ ᠮᠸᠩ ᠼᠤᠤ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠᠸᠠᠩ ᠵᠤᠤ ᠮᠢᠩ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢᠳᠤᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠠᠷᠪᠠᠳᠠᠬᠢ ᠵᠢᠯ ᠪᠣᠯᠤᠨ᠎ᠠ᠃ ᠡᠨᠡ 10 ᠵᠢᠯ᠎ᠦᠨ ᠲᠤᠷᠰᠢ᠂ᠲᠡᠷᠡ ᠨᠤᠲᠤᠭ ᠪᠡᠯᠴᠢᠭᠡᠷ᠎ᠤᠨ ᠠᠮᠢ ᠠᠬᠤᠢ᠎ᠶ᠋ᠢ ᠰᠡᠷᠭᠦᠭᠡᠨ ᠵᠠᠰᠠᠬᠤ᠂ ᠤᠨᠴᠠᠯᠢᠬ᠍ᠳᠤ ᠡᠪᠡᠰᠦᠨ᠎ᠦ ᠦᠷᠡᠶ᠋ᠢᠨᠦᠢᠯᠡᠰᠦᠨ ᠬᠥᠭ᠌ᠵᠢᠯᠲᠡ᠎ᠶ᠋ᠢ ᠵᠣᠷᠢᠭ᠍ᠵᠢᠭᠤᠯᠤᠨ ᠤᠷᠢᠶᠠᠯᠠᠭ᠍ᠰᠠᠭᠠᠷ ᠢᠷᠡᠭ᠌ᠰᠡᠨ ᠪᠥᠭᠡᠳ ᠲᠡᠷᠡ ᠪᠦᠯᠬᠦᠮ ᠨᠡᠢᠲᠡᠪᠡᠨᠳᠠᠭᠠᠭᠤᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ ᠪᠣᠯᠤᠨ ᠦᠢᠯᠡᠳᠦᠯᠭᠡ᠎ᠶ᠋ᠢᠨ ᠡᠮᠦᠨ᠎ᠡ ᠹᠷᠣᠨᠲ᠎ᠲᠤ ᠦᠨᠳᠦᠰᠦᠯᠡᠵᠦ᠍᠂ᠠᠮᠢ ᠠᠬᠤᠢ᠎ᠶ᠋ᠢ ᠰᠡᠷᠭᠦᠭᠡᠨ ᠵᠠᠰᠠᠬᠤ ᠳᠤᠮᠳᠠᠬᠢ ᠱᠢᠢᠳᠪᠦᠷᠢᠯᠡᠬᠦ᠌᠎ᠳᠦ ᠬᠦᠴᠢᠷ ᠮᠠᠰᠢ ᠤᠯᠠᠨ ᠠᠰᠠᠭᠤᠳᠠᠯᠢᠱᠢᠢᠳᠪᠦᠷᠢᠯᠡᠵᠡᠢ᠃ ᠲᠤᠰ ᠤᠳᠠᠭ᠎ᠠ᠎ᠶ᠋ᠢᠨ ᠬᠤᠷᠠᠯ᠎ᠳᠤ᠂ ᠲᠡᠷᠡ ᠲᠣᠭᠠᠴᠢᠯᠠᠭ᠍ᠰᠠᠨ ᠤᠨᠴᠠᠯᠢᠬ᠍ᠳᠤ ᠡᠪᠡᠰᠦᠨᠦᠦᠷᠡᠶ᠋ᠢᠨ ᠦᠢᠯᠡᠰ᠎ᠦᠨ ᠱᠢᠰᠲ᠋ᠧᠮ᠎ᠢ ᠬᠦᠴᠦᠯᠡᠨ ᠪᠠᠢᠭᠤᠯᠵᠤ᠂ᠮᠠᠨᠤᠤᠯᠤᠰᠤᠨᠦᠷᠡᠶ᠋ᠢᠨᠡᠬᠢᠪᠠᠶᠠᠯᠢᠭᠤᠨᠬᠥᠭ᠌ᠵᠢᠯᠲᠡᠵᠢᠨᠲᠣᠭᠠᠴᠢᠯᠠᠯᠳᠠᠶ᠋ᠢ ᠠᠬᠢᠭᠤᠯᠬᠤ; 《ᠣᠨᠴᠠᠯᠢᠭ᠍ᠲᠤ ᠦᠷ᠎ᠡ᠎ᠶ᠋ᠢᠨ ᠦᠶ᠋ᠯᠡᠰ᠎ᠢ ᠪᠣᠢᠵᠢᠭᠤᠯᠬᠤ ᠦᠷᠡᠵᠢᠭᠦᠯᠬᠦ᠌ ᠳᠡᠯᠭᠡᠷᠡᠭᠦᠯᠬᠦ᠌ᠵᠠᠭ᠍ᠪᠤᠷ》 ᠢ᠋ ᠲᠡᠭᠦᠯᠳᠡᠷᠵᠢᠭᠦᠯᠵᠦ᠍᠂ ᠡᠪᠡᠰᠦᠨ ᠦᠷ᠎ᠡ᠎ᠶ᠋ᠢᠨ ᠦᠶ᠋ᠯᠡᠰ᠂ᠣᠷᠣᠨ ᠨᠤᠲᠤᠭ᠎ᠤᠨ ᠣᠨᠴᠠᠯᠢᠭ᠍ᠲᠤ ᠦᠷ᠎ᠡ᠎ᠶ᠋ᠢᠨ ᠢᠷᠡᠯᠲᠡ᠎ᠶ᠋ᠢ ᠬᠢᠨᠠᠨ ᠲᠣᠭ᠍ᠲᠠᠭᠠᠬᠤ᠂ ᠱᠠᠲᠤ ᠲᠥᠷᠥᠯ ᠬᠤᠪᠢᠶᠠᠨᠬᠠᠮᠠᠭᠠᠯᠠᠬᠤ᠂ ᠨᠠᠷᠢᠯᠢᠭ ᠣᠨᠣᠪᠴᠢᠲᠠᠶ᠎ᠪᠠᠷ ᠰᠠᠢᠵᠢᠷᠠᠭᠤᠯᠬᠤ᠎ᠶ᠋ᠢ ᠴᠢᠩᠭᠠᠳᠭᠠᠬᠤ ᠵᠢ ᠰᠠᠨᠠᠭᠤᠯᠬᠤ ᠪᠡᠷ ᠪᠤᠢ᠃
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯᠤᠨᠶᠡᠬᠡ ᠰᠤᠷᠭᠠᠭᠤᠯᠢ᠎ᠶ᠋ᠢᠨ ᠬᠠᠤᠯᠢ ᠵᠦᠢ ᠵᠢᠨ ᠳᠡᠭᠡᠳᠦᠰᠤᠷᠭᠠᠭᠤᠯᠢ᠎ᠶ᠋ᠢᠨ ᠫᠷᠤᠹᠸᠰᠰᠤᠷ ᠧ ᠱᠢᠶᠤᠤ ᠮᠧᠶ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ᠳᠡᠭᠡᠨᠥᠪᠡᠷᠦᠨᠲᠤᠰᠭᠠᠶᠮᠡᠷᠭᠡᠵᠢᠯᠦᠨᠣᠨᠴᠠᠭᠠᠶ ᠴᠢᠳᠠᠪᠤᠷᠢ᠎ᠪᠠᠷ᠎ᠢᠶᠠᠨ ᠰᠠᠭᠤᠷᠢ ᠪᠣᠯᠭᠠᠬᠤ᠎ᠶ᠋ᠢ ᠢᠮᠠᠭ᠍ᠲᠠᠴᠢᠬᠤᠯᠠᠴᠢᠯᠠᠵᠤ᠂ ᠬᠠᠦᠯᠢᠵᠢᠯ᠎ᠤᠨ ᠪᠠᠢᠭᠤᠯᠤᠯᠲᠠ᠎ᠶ᠋ᠢ ᠠᠬᠢᠭᠤᠯᠬᠤ᠎ᠪᠠᠷ ᠬᠦᠴᠦᠯᠡᠬᠦ᠌ ᠴᠡᠭ ᠪᠣᠯᠭᠠᠵᠤ᠂ ᠠᠵᠤᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠳᠤᠮᠳᠠᠬᠢ ᠪᠣᠳᠠᠲᠠᠶ ᠠᠰᠠᠭᠤᠳᠠᠯ᠎ᠢ ᠨᠢᠭ᠍ᠲᠠ ᠠᠩᠬᠠᠷᠤᠭᠰᠠᠭᠠᠷ ᠢᠷᠡᠵᠡᠢ᠃ᠲᠡᠷᠡ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠲᠠᠪᠤᠳᠤᠭᠠᠷᠬᠤᠷᠠᠯᠤᠨ ᠬᠤᠭᠤᠴᠠᠭᠠᠨ᠎ᠳᠤ᠂ ᠨᠤᠲᠤᠭ ᠪᠡᠯᠴᠢᠭᠡᠷ᠎ᠦᠨ ᠠᠮᠢ ᠠᠬᠤᠢ᠎ᠶ᠋ᠢᠨ ᠬᠠᠮᠠᠭᠠᠯᠠᠯᠲᠠ᠂ ᠭᠠᠳᠠᠭᠠᠳᠤᠳᠤᠬᠣᠯᠪᠣᠭ᠍ᠳᠠᠬᠤ ᠬᠠᠤᠯᠢ ᠴᠠᠭᠠᠵᠠ᠎ᠶ᠋ᠢᠨ ᠠᠰᠠᠭᠤᠳᠠᠯ ᠵᠡᠷᠭᠡ 3 ᠠᠭᠤᠯᠭ᠎ᠠ᠎ᠶ᠋ᠢ ᠳᠡᠪᠱᠢᠭᠦᠯᠬᠦ᠌᠎ᠪᠡᠷ ᠪᠠᠢᠨ᠎ᠠ᠃
《ᠪᠢ ᠶᠡᠬᠡ ᠬᠤᠷᠠᠯ᠎ᠤᠨ ᠬᠣᠯᠪᠣᠭ᠍ᠳᠠᠯ ᠪᠦᠬᠦᠢ ᠢᠯᠡᠳᠭᠡᠯ ᠪᠡ ᠮᠡᠳᠡᠬᠦᠯᠦᠯᠳᠡ ᠵᠢ ᠨᠠᠷᠢᠨᠬᠢᠨᠠᠮᠠᠭᠠᠢ ᠰᠣᠨᠣᠰᠭᠤ ᠪᠥᠭᠡᠳ ᠬᠢᠨᠠᠨ ᠵᠥᠪᠯᠡᠵᠦ᠍᠂ ᠰᠠᠢᠲᠤᠷ ᠶᠠᠷᠢᠯᠴᠠᠵᠤ᠂ ᠨᠡᠢᠭᠡᠮ᠎ᠦᠨ ᠪᠠᠢᠳᠠᠯ ᠠᠷᠠᠳᠤᠨᠰᠠᠨᠠᠭᠠᠶ᠋ᠢ ᠢᠳᠡᠪᠬᠢᠲᠡᠢ ᠲᠤᠰᠭᠠᠨ᠎ᠠ》᠃ ᠪᠥᠬᠥ᠌ ᠤᠯᠤᠰ᠎ᠤᠨ ᠤᠯᠤᠰᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠬᠥᠯᠥᠨ ᠪᠣᠢᠷ ᠬᠣᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰᠦᠨᠲᠣᠪᠴᠢᠶᠠᠨᠤ ᠳᠡᠳ᠋ ᠳᠠᠷᠤᠭ᠎ᠠ ᠳ᠋ᠦ᠋ ᠮᠢᠩ ᠶᠠᠨ᠂ ᠡᠨᠡ ᠤᠳᠠᠭ᠎ᠠ ᠬᠤᠷᠠᠯ᠎ᠳᠤ ᠣᠷᠣᠯᠴᠠᠬᠤ᠎ᠳᠠᠭᠠᠨ ᠴᠠ ᠪᠤᠭᠤᠲᠡᠵᠢᠭᠡᠨ ᠦᠷᠡᠵᠢᠭᠦᠯᠬᠦ᠌ ᠠᠵᠤ ᠦᠶ᠋ᠯᠡᠰ᠂ ᠭᠠᠭ᠍ᠴᠠ ᠬᠡᠦᠬᠡᠳ᠎ᠢᠶᠡᠨ ᠠᠯᠳᠠᠭ᠍ᠰᠠᠨ ᠬᠡᠷ ᠪᠦᠯᠢ᠎ᠶ᠋ᠢ ᠠᠪᠤᠷᠠᠨᠲᠤᠰᠠᠯᠠᠬᠤ ᠪᠠ ᠣᠶ ᠱᠢᠭᠤᠶ᠎ᠶ᠋ᠢᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠥᠷᠲᠡᠭ᠎ᠢ ᠪᠡᠶᠡᠯᠡᠭᠦᠯᠬᠦ᠌ ᠠᠷᠭ᠎ᠠᠵᠠᠮ ᠵᠡᠷᠭᠡ ᠠᠭᠤᠯᠭ᠎ᠠ᠎ᠶ᠋ᠢ ᠣᠨᠴᠠᠭᠠᠢᠯᠠᠨ ᠠᠩᠬᠠᠷᠤᠭ᠍ᠰᠠᠨ ᠪᠠᠢᠨ᠎ᠠ ᠭᠡᠵᠦ ᠰᠤᠷᠪᠤᠯᠵᠢᠯᠠᠭ᠍ᠴᠢ᠎ᠳᠤ ᠶᠠᠷᠢᠵᠤᠪᠠᠢᠯᠠ᠃
ᠭᠡᠱᠢᠭᠦᠳ᠂ ᠭᠡᠱᠢᠭᠦᠨ᠎ᠦ ᠢᠷᠠᠭᠤ ᠠᠯᠳᠠᠷ᠎ᠢᠶᠠᠨ ᠬᠤᠪᠢ ᠳᠠᠬᠢᠨ ᠨᠠᠨᠳᠢᠩᠨᠠᠵᠤ᠂ᠬᠡᠬᠦᠳᠡᠭ ᠳᠦᠭᠦᠷᠡᠩ ᠤᠯᠤᠰ ᠲᠥᠷᠥ᠎ᠶ᠋ᠢᠨ ᠬᠠᠯᠠᠭᠤᠨ ᠰᠡᠳᠭᠢᠯᠭᠡ ᠪᠠ ᠴᠣᠭ ᠪᠠᠳᠠᠷᠠᠩᠭᠤᠶ ᠣᠶᠤᠨ ᠰᠠᠨᠠᠭᠠᠨᠤᠳᠦᠷᠰᠦ ᠪᠠᠢᠳᠠᠯ᠎ᠢᠶᠠᠷ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠡᠯ᠎ᠡ ᠵᠦᠶ᠋ᠯᠦᠨᠬᠤᠷᠠᠯᠤᠨ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠵᠦ᠍᠂ ᠨᠠᠮ ᠪᠣᠯᠤᠨ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠬᠤᠪᠠᠷᠴᠢᠷᠮᠠᠢᠨᠠ ᠭᠡᠵᠦ᠍ ᠢᠯᠡᠳᠭᠡᠵᠡᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃