2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-05 09:01:40

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷᠬᠤᠭᠤᠴᠠᠭᠠᠨ᠎ᠤ ᠬᠣᠷᠢᠶᠠᠨ᠎ᠤ ᠳᠥᠷᠪᠡᠳᠦᠭᠡᠷ ᠬᠤᠷᠠᠯ ᠡᠴᠨ ᠨᠠᠭᠠᠱᠢᠬᠢ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠵᠦ᠍ᠬᠠᠷᠢᠭᠤᠯᠳᠠ ᠥᠭ᠌ᠭᠦᠭ᠌ᠰᠡᠨ ᠨᠤᠷᠮ᠎ᠠ 99.8% ᠳ᠋ᠦ᠍ ᠬᠦᠷᠴᠡᠢ

ᠰᠢᠨᠬᠤᠸᠠ ᠬᠤᠷᠢᠶᠠᠨ᠎ᠤ ᠪᠡᠬᠡᠵᠢᠩ ᠤ᠋ᠨ 3 ᠰᠠᠷ᠎ᠠ ᠵᠢᠨ 4 ᠤ᠋ ᠴᠠᠬᠢᠯᠭᠠᠨ ᠮᠡᠳᠡᠬᠡ ᠪᠦᠬᠦ ᠤᠯᠤᠰ ᠤ᠋ᠨ ᠤᠯᠤᠰ ᠲᠦᠷᠦ ᠵᠢᠨ ᠵᠦᠪᠯᠡᠯᠬᠡᠨ ᠤ᠋ ᠠᠷᠪᠠᠨ᠎ᠭᠤᠷᠪᠠᠳᠤᠭᠠᠷ ᠬᠤᠭᠤᠴᠠᠭᠠᠨ ᠤ᠋ ᠬᠤᠷᠢᠶᠠᠨ ᠤ᠋ ᠲᠦᠷᠪᠡᠳᠦᠬᠡᠷ ᠬᠤᠷᠠᠯ ᠡᠴᠨᠨᠠᠭᠠᠰᠢ᠂ ᠤᠯᠤᠰ ᠲᠦᠷᠦ ᠵᠢᠨ ᠵᠦᠪᠯᠡᠯᠬᠡᠨᠤ᠋ ᠬᠡᠰᠢᠬᠦᠨ᠂ ᠤᠯᠤᠰ ᠲᠦᠷᠦ ᠵᠢᠨ ᠵᠦᠪᠯᠡᠯᠬᠡᠨ ᠤ᠋ ᠡᠯ᠎ᠡ ᠤᠷᠤᠯᠴᠠᠬᠰᠠᠨ ᠨᠢᠬᠡᠴᠢ 6117 ᠬᠤᠪᠢ ᠰᠠᠨᠠᠯ ᠲᠤᠷᠠᠳᠤᠯᠭ᠎ᠠ ᠲᠤᠷᠠᠳᠴᠤ᠂ 5039 ᠬᠤᠪᠢ ᠵᠢ ᠨᠢ ᠲᠠᠩᠰᠠᠯᠠᠪᠠ᠃ ᠰᠠᠨᠠᠯ ᠲᠤᠷᠠᠳᠤᠯᠭ᠎ᠠ ᠵᠢ ᠳᠠᠭᠠᠭᠠᠨ ᠠᠪᠴᠤ᠌ ᠱᠢᠢᠳᠪᠦᠷᠢᠯᠡᠬᠦ᠌ ᠡᠯ᠎ᠡ ᠨᠢᠭᠡᠴᠢ ᠵᠣᠬᠢᠶᠠᠨᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠵᠤ᠂ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠬᠦ᠌ ᠵᠥᠪᠯᠡᠯᠴᠡᠭᠡᠷ᠎ᠢᠭᠦᠨᠵᠡᠭᠡᠢᠷᠡᠭᠦᠯᠵᠦ᠍᠂ ᠱᠢᠢᠳᠪᠦᠷᠢᠯᠡᠵᠦ᠍ ᠬᠠᠷᠢᠭᠤ ᠥᠭ᠌ᠭᠦᠭ᠌ᠰᠡᠨᠨᠤᠷᠮ᠎ᠠ ᠨᠢ 99.8% ᠳ᠋ᠦ᠍ ᠬᠦᠷᠪᠡ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢᠯᠢᠦ ᠱᠢᠨ ᠴᠧᠩ 4 ᠤ᠋ ᠦᠳᠡ᠎ᠶ᠋ᠢᠨ ᠬᠣᠢᠨ᠎ᠠ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤᠪᠦᠬᠦ᠌ ᠤᠯᠤᠰ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠡᠮᠦᠨ᠎ᠡ᠎ᠡᠴᠡ᠂ ᠤᠯᠤᠰ ᠲᠦᠷᠦ᠍᠎ᠶ᠋ᠢᠨ ᠵᠥᠪᠯᠡᠯᠭᠡᠨ᠎ᠦᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ᠎ᠳᠤ ᠤᠯᠤᠰ ᠲᠦᠷᠦ᠍᠎ᠶ᠋ᠢᠨ ᠵᠥᠪᠯᠡᠯᠭᠡᠨ᠎ᠦᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶᠠᠨ᠎ᠤ ᠳᠥᠷᠪᠡᠳᠦᠭᠡᠷ ᠬᠤᠷᠠᠯ ᠡᠴᠨ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨᠲᠤᠬᠠᠢ ᠮᠡᠳᠡᠭᠦᠯᠦᠯᠲᠡ ᠬᠢᠪᠡ᠃ ᠲᠡᠷᠡ᠂ ᠰᠠᠨᠠᠯ ᠳᠤᠷᠠᠳᠤᠯᠭ᠎ᠠ᠎ᠳᠤᠳᠤᠷᠠᠳᠤᠭ᠍ᠰᠠᠨ᠎ᠰᠠᠨᠠᠯ᠎ᠰᠠᠨᠠᠭᠤᠯᠭ᠎ᠠ᠎ᠨᠤᠭᠤᠳ᠎ᠨᠢ 《ᠠᠷᠪᠠᠨ᠎ᠳᠥᠷᠪᠡᠳᠦᠭᠡᠷ᠎ᠲᠠᠪᠤᠨᠵᠢᠯ》᠎ᠤ᠋ᠨ᠎ᠲᠥᠯᠥᠪᠵᠢᠭᠦᠯᠭᠡ᠎ᠶ᠋ᠢ ᠲᠡᠭᠦᠯᠳᠡᠷᠵᠢᠭᠦᠯᠦᠨ ᠬᠡᠷᠡᠭ᠌ᠵᠢᠭᠦᠯᠬᠦ᠌᠂ ᠲᠥᠷᠥ᠎ᠶ᠋ᠢᠨ ᠪᠣᠳᠣᠯᠭ᠎ᠠ᠎ᠶ᠋ᠢᠨᠪᠢᠴᠢᠭ ᠮᠠᠲ᠋ᠧᠷᠢᠶᠠᠯ ᠭᠠᠷᠭᠠᠬᠤ᠂ ᠬᠠᠮᠢᠶ᠎ᠠ ᠪᠥᠬᠥᠶ ᠠᠵᠢᠯ᠎ᠤᠨ ᠳᠤᠮᠳᠠ ᠪᠦᠲᠦᠮᠵᠢᠲᠡᠶ ᠬᠡᠷᠡᠭ᠌ᠯᠡᠭ᠌ᠳᠡᠬᠦ᠌᠎ᠶ᠋ᠢᠠᠬᠢᠭᠤᠯᠬᠤ᠂ ᠨᠠᠮ ᠪᠣᠯᠤᠨ ᠤᠯᠤᠰ᠎ᠤᠨ ᠱᠢᠶ᠋ᠳᠪᠦᠷᠢᠲᠦ ᠪᠣᠳᠣᠯᠭ᠎ᠠ᠎ᠳᠤ ᠦᠶ᠋ᠯᠡᠴᠢᠯᠡᠬᠦ᠌᠂ ᠬᠢᠵᠢᠭ᠎ᠦᠨ ᠪᠠᠢᠳᠠᠯ᠎ᠢᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠬᠦ᠌᠂ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠳᠠᠪᠱᠢᠯᠲᠠ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠬᠦᠪᠡ ᠬᠡᠪᠡ᠃

ᠯᠢᠦ᠎ᠱᠢᠨ᠎ᠴᠧᠩ᠂ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠠᠯ᠎ᠠ᠎ᠶ᠋ᠢᠨᠰᠠᠨᠠᠯ ᠳᠤᠷᠠᠳᠤᠯᠭ᠎ᠠ ᠨᠢ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠲᠤᠯᠠᠬᠤ》 ᠠᠵᠢᠯ᠎ᠢ ᠰᠠᠢᠲᠤᠷᠬᠢᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠪᠡᠶᠡᠯᠡᠭᠦᠯᠬᠦ᠌᠎ᠪᠡᠷ ᠬᠦᠴᠦᠯᠡᠬᠦ᠌ ᠴᠡᠭ ᠪᠤᠯᠭᠠᠪᠠ᠃ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢᠨ᠎ᠲᠠᠯ᠎ᠠ᠎ᠪᠠᠷ᠎ᠬᠢ ᠰᠠᠨᠠᠯ ᠲᠤᠷᠠᠳᠤᠯᠭ᠎ᠠ ᠨᠢ ᠨᠡᠢᠭᠡᠮ ᠵᠢᠷᠤᠮ᠎ᠤᠨ ᠠᠷᠠᠳᠴᠢᠯᠠᠭ᠍ᠰᠠᠨᠤᠯᠤᠰ ᠲᠦᠷᠦ᠍᠎ᠶ᠋ᠢ ᠪᠠᠢᠭᠤᠯᠬᠤ᠂ ᠨᠢᠭᠡᠳᠦᠮᠡᠯ ᠹᠷᠤᠨᠲ ᠢ᠋ ᠪᠠᠷᠢᠮᠲᠠᠯᠠᠬᠤ᠂ ᠪᠦᠬᠦ᠌ ᠲᠠᠯ᠎ᠠ᠎ᠪᠠᠷ ᠬᠠᠤᠯᠢᠶᠣᠰᠣᠭᠠᠷ ᠤᠯᠤᠰ᠎ᠢᠶᠠᠨ ᠵᠠᠰᠠᠬᠤ᠎ᠶ᠋ᠢ ᠠᠬᠢᠭᠤᠯᠬᠤ᠎ᠶ᠋ᠢ ᠲᠤᠪᠤᠢ᠌ᠯᠭᠠᠪᠠ᠃ ᠰᠣᠶᠣᠯ᠎ᠤᠨ ᠪᠠᠢᠭᠤᠯᠤᠯᠲᠠ᠎ᠶ᠋ᠢᠨᠲᠠᠯ᠎ᠠ᠎ᠪᠠᠷ ᠬᠢ ᠰᠠᠨᠠᠯ ᠲᠤᠷᠠᠳᠤᠯᠭ᠎ᠠ ᠨᠢ ᠰᠣᠶᠣᠯ᠎ᠤᠨᠢᠲᠡᠭᠡᠯ᠎ᠢᠶᠡᠨ ᠪᠠᠲᠤᠳᠭᠠᠬᠤ᠂ ᠱᠢᠯᠢᠳᠡᠭ ᠤᠯᠠᠮᠵᠢᠯᠠᠯᠲᠤ ᠰᠣᠶᠣᠯ᠎ᠢ ᠵᠠᠯᠭᠠᠮᠵᠢᠯᠠᠨ ᠪᠠᠳᠠᠷᠠᠭᠤᠯᠬᠤ᠂ ᠨᠡᠢᠭᠡᠮᠵᠢᠷᠤᠮ᠎ᠤᠨ ᠤᠳᠭ᠎ᠠ ᠤᠷᠠᠯᠢᠭ᠎ᠢ ᠴᠡᠴᠡᠭ᠌ᠯᠡᠭᠦᠯᠦᠨ ᠬᠥᠭ᠌ᠵᠢᠭᠦᠯᠬᠦ᠌ ᠵᠡᠷᠭᠡ ᠭᠣᠣᠯᠳᠠᠯᠭ᠎ᠠ᠎ᠶ᠋ᠢ ᠲᠤᠪᠤᠢ᠌ᠯᠭᠠᠪᠠ᠃ᠨᠡᠢᠭᠡᠮ᠎ᠦᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠲᠤᠷᠠᠳᠤᠯᠭ᠎ᠠ ᠨᠢ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠬᠦ᠌᠂ᠠᠷᠠᠳ ᠲᠦᠮᠡᠨ᠎ᠳᠦ ᠬᠠᠨᠤᠮᠵᠢᠳᠠᠢ ᠰᠤᠷᠭᠠᠨ ᠬᠥᠮᠦᠵᠢᠯ᠎ᠢ ᠰᠠᠢᠲᠤᠷ ᠡᠷᠬᠢᠯᠡᠬᠦ᠌᠂᠎ᠠᠷᠠᠳ᠎ᠤᠨ᠎ᠠᠮᠢᠳᠤᠷᠠᠯ᠎ᠢ᠎ᠪᠠᠲᠤᠯᠠᠨ᠎ᠰᠠᠢᠵᠢᠷᠠᠭᠤᠯᠬᠤ᠎ᠬᠢᠷᠢ᠎ᠬᠡᠮᠵᠢᠶ᠎ᠡ᠎ᠶ᠋ᠢ᠎ᠳᠡᠭᠡᠭ᠌ᠰᠢᠯᠡᠭᠦᠯᠬᠦ᠌ ᠭᠣᠣᠯ ᠰᠡᠳᠦᠪ᠎ᠢ ᠲᠤᠪᠤᠢ᠌ᠯᠭᠠᠪᠠ᠃ ᠠᠮᠢ ᠠᠬᠤᠢ᠎ᠶ᠋ᠢᠨᠪᠣᠯᠪᠠᠰᠤᠨ᠎ᠤ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯᠳᠤᠷᠠᠳᠤᠯᠭ᠎ᠠ ᠨᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ᠂ ᠭᠣᠣᠯᠳᠠᠯᠭ᠎ᠠ᠎ᠲᠠᠶᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢᠪᠠᠭ᠎ᠠ ᠭᠠᠳᠠᠭ᠍ᠰᠢᠯᠠᠭᠤᠯᠬᠤ ᠬᠥᠭ᠌ᠵᠢᠯᠲᠡ᠎ᠶ᠋ᠢ ᠠᠬᠢᠭᠤᠯᠬᠤ᠎ᠪᠡᠷ ᠭᠤᠤᠯᠳᠠᠯᠭ᠎ᠠ ᠪᠤᠯᠭᠠᠪᠠ ᠬᠡᠵᠡᠢ᠃

ᠯᠢᠦ ᠱᠢᠨ ᠴᠧᠩ᠂ ᠨᠢᠭᠡ ᠵᠢᠯ᠎ᠦᠨ ᠲᠤᠷᠰᠢ᠂ ᠪᠠᠢᠩᠭᠤ᠎ᠶ᠋ᠢᠨ ᠬᠤᠷᠢᠶ᠎ᠠ ᠨᠢ ᠶᠠᠰᠤᠴᠢᠨᠠᠷ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠣᠨᠴᠠᠯᠢᠭᠨᠡᠩ ᠢᠯᠡ ᠲᠣᠳᠣ᠂ ᠦᠢᠯᠡᠳᠦᠯ ᠨᠡᠩ ᠲᠤᠪᠤᠢ᠌ᠮ᠎ᠠ᠂ ᠦᠷ᠎ᠡ ᠪᠦᠲᠦᠮᠵᠢ ᠨᠡᠩ ᠢᠯᠡᠷᠬᠡᠢ ᠪᠣᠯᠪᠠ᠃ ᠨᠢᠭᠡ᠎ᠳᠦ᠂ ᠤᠯᠤᠰᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠨᠠᠮ ᠪᠣᠯᠤᠨ ᠤᠯᠤᠰ᠎ᠤᠨ ᠭᠤᠤᠯ ᠠᠵᠢᠯ᠎ᠳᠤ ᠦᠶ᠋ᠯᠡᠴᠢᠯᠡᠵᠦ᠍᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠬᠢᠯᠡᠯᠲᠡ᠎ᠶ᠋ᠢᠨᠲᠣᠭᠣᠷᠢᠨ᠎ᠳᠤ ᠰᠠᠨᠠᠯ ᠳᠤᠷᠠᠳᠤᠯᠭ᠎ᠠ᠎ᠪᠠᠷ ᠳᠠᠮᠵᠢᠭᠤᠯᠤᠨ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠪᠡ᠃ ᠬᠣᠶᠠᠷ᠎ᠲᠤ᠂ ᠱᠠᠯᠠᠪᠳᠠᠭᠤᠯᠤᠨ ᠱᠢᠶ᠋ᠳᠪᠦᠷᠢᠯᠡᠭᠦᠯᠬᠦ᠌᠎ᠡᠷᠴᠢᠮ᠎ᠢᠶᠡᠨ᠎ᠴᠢᠩᠭᠠᠷᠠᠭᠤᠯᠵᠤ᠂᠎ᠵᠢᠱ᠌ᠢᠶ᠎ᠡ᠎ᠦᠵᠡᠭᠦᠯᠵᠦ᠍᠎ᠬᠥᠲᠥᠯᠥᠨ᠎ᠳᠠᠭᠠᠭᠤᠯᠬᠤ᠎ᠦᠶ᠋ᠯᠡᠳᠦᠯ᠎ᠵᠢᠡᠨ ᠪᠠᠳᠠᠷᠠᠭᠤᠯᠪᠠ᠃ ᠭᠤᠷᠪᠠ᠎ᠳᠤ᠂ ᠪᠦᠬᠦ᠌ ᠶᠠᠪᠤᠴᠠ᠎ᠪᠠᠷ ᠵᠥᠪᠯᠡᠬᠦ᠌᠎ᠶ᠋ᠢᠪᠠᠷᠢᠮᠲᠠᠯᠠᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠵᠦᠪᠯᠡᠯᠬᠡᠨ ᠤ᠋ ᠣᠷᠣᠯᠴᠠᠬᠤ ᠬᠡᠪᠴᠢᠶ᠎ᠡ ᠶ᠋ᠢ ᠥᠷᠭᠡᠳᠭᠡᠵᠦ᠍᠂ ᠵᠥᠪᠯᠡᠬᠦ᠌ ᠭᠦᠨᠴᠡ᠎ᠶ᠋ᠢ ᠠᠭᠤᠳᠠᠯᠪᠠ᠃ ᠲᠦᠷᠪᠡ᠎ᠳᠦ᠂ᠲᠦᠷᠢᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠰᠠᠨᠠᠯ ᠲᠤᠷᠠᠳᠤᠯᠭ᠎ᠠ᠎ᠶ᠋ᠢᠨ ᠠᠵᠢᠯ᠎ᠤᠨ ᠨᠡᠢᠯᠡᠯ ᠬᠦᠴᠦᠨ᠎ᠢ ᠴᠢᠩᠭᠠᠳᠭᠠᠪᠠ᠃

ᠯᠢᠦ ᠱᠢᠨ ᠴᠧᠩ 2022 ᠣᠨ᠎ᠤ ᠰᠠᠨᠠᠯ ᠳᠤᠷᠠᠳᠤᠯᠭ᠎ᠠ᠎ᠶ᠋ᠢᠨᠠᠵᠢᠯ᠎ᠢ ᠰᠠᠢᠲᠤᠷ ᠬᠢᠬᠦ᠌᠎ᠲᠤᠬᠠᠢ ᠭᠤᠷᠪᠠᠨ ᠰᠠᠨᠠᠯ ᠳᠤᠷᠠᠳᠪᠠ᠄ ᠰᠠᠨᠠᠯ ᠳᠤᠷᠠᠳᠤᠯᠭ᠎ᠠ ᠵᠢᠨ ᠰᠠᠨᠠᠯ ᠰᠠᠨᠠᠭᠤᠯᠭ᠎ᠠ ᠲᠡᠪᠰᠢᠬᠦᠯᠬᠦᠳᠠᠪᠠᠭᠤᠯᠢᠭ᠎ᠢ ᠰᠠᠢᠲᠤᠷ ᠪᠠᠳᠠᠷᠠᠭᠤᠯᠬᠤ ᠬᠡᠷᠡᠭ᠌ᠲᠡᠢ; ᠰᠠᠨᠠᠯ᠎ᠳᠤᠷᠠᠳᠤᠯᠭ᠎ᠠ᠎ᠶ᠋ᠢ᠎ᠱᠢᠢᠳᠪᠦᠷᠢᠯᠡᠬᠦ᠌᠎ᠵᠢᠨ᠎ᠵᠦᠪᠳᠡᠯᠴᠡᠬᠦ᠎ᠣᠨᠴᠠᠯᠢᠭ᠎ᠢ᠎ᠰᠠᠢᠲᠤᠷ᠎ᠪᠠᠳᠠᠷᠠᠭᠤᠯᠬᠤ᠎ᠬᠡᠷᠡᠭᠳᠡᠢ; ᠰᠠᠨᠠᠯ ᠳᠤᠷᠠᠳᠤᠯᠭ᠎ᠠ᠎ᠶ᠋ᠢᠨᠱᠢᠯᠢᠳᠡᠭ᠎ᠢ ᠱᠢᠯᠭᠠᠷᠠᠭᠤᠯᠬᠤ ᠤᠷᠮᠠᠱᠢᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠬᠤ ᠬᠡᠷᠡᠭᠳᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面