2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-04 09:43:23

ᠵᠣᠬᠢᠶᠠᠭ᠍ᠴᠢ᠄ ᠴᠧᠨ ᠴᠦᠨ ᠶᠠᠨ ᠣᠩᠱᠢᠭ᠍ᠰᠠᠨ ᠣᠳᠠᠭ᠎ᠠ᠄ 3

ᠪᠦᠬᠦ᠌ ᠤᠯᠤᠰ᠎ᠤᠨ ᠬᠣᠶᠠᠷ ᠬᠤᠷᠠᠯ ᠬᠤᠷᠠᠯᠳᠤᠬᠤ ᠬᠡᠵᠤ ᠪᠠᠢᠭ᠎ᠠ ᠦᠶ᠎ᠡ ᠳ᠋ᠤ᠂ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨᠤᠯᠤᠰ᠎ᠤᠨ ᠥᠮᠴᠢᠯᠡᠯᠳᠤ ᠤᠢ ᠱᠢᠭᠤᠢ᠎ᠶ᠋ᠢᠨ ᠲᠠᠯᠠᠪᠠᠢ ᠪᠣᠯᠤᠨ ᠤᠢ ᠱᠢᠭᠤᠢ᠎ᠶ᠋ᠢᠨ ᠴᠡᠴᠡᠷᠯᠢᠭ᠎ᠦᠨ ᠬᠠᠮᠢᠶᠠᠷᠤᠯᠲᠠ᠎ᠶ᠋ᠢᠨᠲᠣᠪᠴᠢᠶᠠᠨ᠎ᠤ ᠳᠡᠳ᠋ ᠳᠠᠷᠤᠭ᠎ᠠ ᠴᠧᠨ ᠯᠢᠶᠠᠩ ᠥᠪᠡᠷ᠎ᠦᠨ ᠶᠠᠷᠢᠬᠤ ᠮᠠᠲᠧᠷᠢᠶᠠᠯ᠎ᠢᠶᠠᠨ ᠪᠡᠯᠡᠳᠭᠡᠭᠡᠳ ᠶᠠᠭᠠᠷᠠᠨ᠎ᠠ᠃《ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤᠬᠤᠪᠢ᠎ᠳᠤ᠂ ᠡᠷᠬᠡᠪᠰᠢ ᠥᠪᠡᠷ᠎ᠦᠨ ᠬᠡᠯᠡᠭ᠌ᠰᠡᠨ ᠦᠭᠡ᠎ᠳᠡᠭᠡᠨ ᠬᠠᠷᠢᠭᠤᠴᠠᠵᠤ᠂ ᠠᠷᠠᠳ ᠲᠦᠮᠡᠨ᠎ᠳᠦ ᠬᠠᠷᠢᠭᠤᠴᠠᠬᠤᠬᠡᠷᠡᠭ᠌ᠲᠡᠢ》 ᠭᠡᠵᠦ᠍ ᠴᠧᠨ ᠯᠢᠶᠠᠩ ᠬᠡᠯᠡᠨ᠎ᠠ᠃

ᠲᠤᠬᠠᠶ᠎ᠶ᠋ᠢᠨ᠎ᠲᠠᠯᠠᠪᠠᠶ᠎ᠳᠤ ᠪᠠᠢᠴᠠᠭᠠᠨ ᠰᠤᠳᠤᠯᠤᠯᠲᠠ ᠬᠢᠵᠦ᠍᠂ ᠠᠰᠠᠭᠤᠳᠠᠯ᠎ᠢᠭᠦᠨᠵᠡᠭᠡᠶ ᠵᠠᠳᠠᠯᠬᠤ ᠵᠢᠨ ᠬᠠᠮᠳᠤ ᠪᠣᠳᠠᠲᠠᠶ᠎ᠲᠠᠶ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠤᠨ᠎ᠠ ᠁ᠮᠠᠯᠵᠢᠬᠤ ᠲᠠᠷᠢᠶᠠᠯᠠᠬᠤ ᠣᠷᠣᠨ᠂ ᠲᠠᠷᠢᠶᠠᠨ ᠭᠠᠵᠠᠷ᠂ ᠣᠶ ᠱᠢᠭᠤᠶ ᠨᠤᠲᠤᠭ ᠪᠡᠯᠴᠢᠭᠡᠷ᠂ ᠭᠠᠵᠠᠷ ᠪᠣᠯᠭᠠᠨ᠎ᠳᠤᠴᠧᠨ ᠯᠢᠶᠠᠩ᠎ᠤᠨ ᠤᠯᠠ ᠮᠥᠷ ᠦᠯᠡᠳᠡᠵᠤ ᠪᠢᠯᠡ᠃ ᠨᠢᠳᠤᠨᠤᠨ᠂ ᠴᠧᠨ ᠯᠢᠶᠠᠩ ᠨᠤᠲᠤᠭ ᠪᠡᠯᠴᠢᠭᠡᠷ᠎ᠦᠨ ᠬᠠᠤᠯᠢ ᠲᠣᠭ᠍ᠲᠠᠭᠠᠯ᠎ᠳᠤᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ᠌᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨᠦᠷ᠎ᠡ ᠪᠦᠲᠦᠭᠡᠯ᠎ᠢ ᠪᠡᠬᠢᠵᠢᠭᠦᠯᠬᠦ᠌᠂ ᠬᠥᠳᠡᠭᠡ ᠲᠣᠰᠭᠣᠨ᠎ᠤ ᠭᠠᠵᠠᠷ ᠱᠢᠷᠣᠢ᠎ᠶ᠋ᠢᠨ ᠵᠠᠰᠠᠯᠲᠠ᠎ᠶ᠋ᠢ ᠬᠠᠤᠯᠢᠶᠣᠰᠣᠭᠠᠷ ᠴᠢᠩᠭᠠᠳᠭᠠᠬᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠴᠢᠩᠭᠠᠳᠭᠠᠬᠤ᠂ ᠬᠥᠳᠡᠭᠡᠲᠣᠰᠭᠣᠨ᠎ᠤ ᠴᠠᠬᠢᠯᠭᠠᠨ ᠲᠣᠣᠷ᠎ᠤᠨ ᠢᠨᠵᠧᠨᠧᠷᠢᠩ᠎ᠢ ᠪᠡᠬᠢᠵᠢᠭᠦᠯᠦᠨ ᠳᠡᠭᠡᠭ᠌ᠰᠢᠯᠡᠭᠦᠯᠬᠦ᠌ ᠵᠡᠷᠭᠡ 5 ᠵᠦᠢᠯ᠎ᠦᠨᠰᠠᠨᠠᠭᠤᠯᠭ᠎ᠠ ᠳᠤᠷᠠᠳᠴᠤ᠌᠂ ᠪᠦᠷ ᠬᠤᠯᠪᠤᠭᠳᠠᠯ ᠪᠦᠬᠦᠢ ᠰᠠᠯᠠᠭ᠎ᠠ ᠮᠥᠴᠢᠷ᠎ᠦᠨ ᠢᠳᠡᠪᠬᠢᠲᠡᠢ ᠬᠠᠷᠢᠭᠤ ᠲᠤᠰᠭᠠᠯ᠎ᠢᠣᠯᠵᠠᠢ᠃

ᠴᠧᠨ ᠯᠢᠶᠠᠩ ᠠᠵᠢᠯ᠎ᠤᠨ ᠳᠤᠮᠳᠠ᠎ᠪᠠᠨ᠂ ᠠᠵᠤ ᠠᠬᠤᠶ᠎ᠶ᠋ᠢᠨ ᠬᠡᠯᠪᠡᠷᠢ᠎ᠶ᠋ᠢ ᠬᠤᠪᠢᠷᠠᠭᠤᠯᠬᠤᠪᠠ ᠨᠤᠲᠤᠭ ᠪᠡᠯᠴᠢᠭᠡᠷ᠎ᠦᠨ ᠡᠷᠬᠡ᠎ᠶ᠋ᠢ ᠨᠤᠲᠠᠯᠠᠨ ᠲᠣᠭ᠍ᠲᠠᠭᠠᠬᠤ ᠲᠥᠷᠥ᠎ᠶ᠋ᠢᠨ ᠪᠣᠳᠣᠯᠭ᠎ᠠ᠎ᠶ᠋ᠢ ᠠᠬᠢᠭᠤᠯᠤᠨᠨᠠᠢᠳᠠᠪᠤᠷᠢᠵᠢᠭᠤᠯᠬᠤ᠎ᠶ᠋ᠢ ᠳᠠᠭᠠᠯᠳᠤᠨ᠂ ᠤᠤᠯ᠎ᠤᠨ ᠨᠤᠲᠤᠭ ᠪᠡᠯᠴᠢᠭᠡᠷ᠎ᠦᠨ ᠬᠠᠤᠯᠢ᠎ᠳᠤ ᠬᠠᠦᠯᠢ ᠴᠠᠭᠠᠵᠠ ᠵᠢᠨᠬᠤᠭᠤᠰᠤᠳᠠᠯ ᠤᠷᠤᠰᠢᠵᠤ ᠪᠠᠢᠬᠤ ᠪᠠ ᠱᠢᠶ᠋ᠳᠭᠡᠯ ᠨᠢ ᠬᠡᠲᠦ ᠬᠥᠩᠭᠡᠳᠡᠭᠰᠡᠨ᠎ᠡᠴᠡ ᠪᠣᠯᠵᠣ᠂ ᠶᠠᠯ᠎ᠠ ᠬᠢᠬᠦ᠌ ᠪᠤᠶᠤᠬᠠᠤᠯᠢ ᠴᠠᠭᠠᠵᠠ᠎ᠶ᠋ᠢᠨ ᠡᠷᠬᠡ ᠰᠦᠷ ᠲᠤ᠌ ᠬᠠᠯᠳᠠᠬᠤ ᠦᠵᠡᠭ᠌ᠳᠡᠯ ᠪᠠᠢᠩᠭᠤ ᠡᠬᠦᠰᠴᠤ ᠪᠠᠢᠬᠤ ᠵᠢ ᠣᠯᠵᠤ ᠮᠡᠳᠡᠵᠡᠶ᠃

ᠡᠢᠮᠦᠷᠬᠦᠦ ᠪᠠᠢᠳᠠᠯ᠎ᠳᠤ ᠴᠢᠭ᠌ᠯᠡᠭᠦᠯᠦᠨ ᠴᠧᠨ ᠯᠢᠶᠠᠩ᠄ ᠨᠤᠲᠤᠭ ᠪᠡᠯᠴᠢᠭᠡᠷ᠎ᠦᠨᠳᠣᠲᠣᠭᠠᠳᠤ᠎ᠶ᠋ᠢ ᠬᠠᠮᠠᠭᠠᠯᠠᠬᠤ ᠬᠠᠤᠯᠢ ᠬᠡᠷᠡᠭ᠌ᠵᠢᠭᠦᠯᠬᠦ᠌ ᠰᠠᠯᠠᠭ᠎ᠠ ᠮᠥᠴᠢᠷ᠎ᠢ ᠪᠠᠢᠭᠤᠯᠵᠤ᠂ ᠬᠠᠤᠯᠢᠵᠢᠯᠤ᠋ᠨ ᠰᠦᠷᠳᠡᠭᠦᠯᠬᠦ᠌ ᠬᠦᠴᠦᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ; ᠨᠤᠲᠤᠭ ᠪᠡᠯᠴᠢᠭᠡᠷ᠎ᠦᠨ ᠬᠠᠤᠯᠢ᠎ᠶ᠋ᠢᠨ 42 ᠳ᠋ᠤᠭᠠᠷ ᠵᠦᠶ᠋ᠯ᠎ᠳᠦ ᠵᠠᠰᠠᠪᠤᠷᠢ ᠣᠷᠣᠭᠤᠯᠵᠤ᠂ᠨᠤᠲᠤᠭ ᠪᠡᠯᠴᠢᠭᠡᠷ᠎ᠦᠨ ᠥᠮᠴᠢᠯᠡᠭ᠌ᠴᠢ᠎ᠶ᠋ᠢᠨ ᠨᠤᠲᠤᠭ ᠪᠡᠯᠴᠢᠭᠡᠷ᠎ᠢ ᠬᠠᠮᠠᠭᠠᠯᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢᠬᠠᠤᠯᠢ ᠴᠠᠭᠠᠵᠠ᠎ᠳᠤ ᠪᠢᠴᠢᠵᠦ᠍ ᠣᠷᠣᠭᠤᠯᠬᠤ ᠬᠡᠷᠡᠭᠳᠠᠢ; ᠨᠤᠲᠤᠭ ᠪᠡᠯᠴᠢᠭᠡᠷ᠎ᠦᠨ᠎ᠤᠷᠭᠤᠮᠠᠯ᠎ᠤᠨ᠎ᠬᠤᠴᠢᠯᠭ᠎ᠠ᠎ᠶ᠋ᠢ ᠰᠡᠷᠭᠦᠭᠡᠬᠦ᠌ ᠬᠠᠷᠢᠭᠤᠴᠠᠯᠭ᠎ᠠ᠎ᠶ᠋ᠢᠨ ᠭᠣᠣᠯ ᠴᠣᠭ᠍ᠴᠠ᠂ ᠪᠠᠷᠢᠮᠵᠢᠶ᠎ᠠ ᠪᠣᠯᠤᠨᠬᠢᠨᠠᠨ ᠬᠠᠮᠢᠶᠠᠷᠬᠤ ᠨᠢᠭᠡᠴᠢ᠎ᠶ᠋ᠢ ᠴᠢᠨᠠᠭᠰᠢᠳᠠ ᠲᠣᠳᠣᠷᠬᠠᠢᠯᠠᠵᠤ᠂ ᠨᠤᠲᠤᠭ ᠪᠡᠯᠴᠢᠭᠡᠷ᠎ᠦᠨ ᠤᠷᠭᠤᠮᠠᠯ᠎ᠤᠨᠬᠤᠴᠢᠯᠭ᠎ᠠ᠎ᠶ᠋ᠢ ᠰᠡᠷᠭᠦᠭᠡᠬᠦ᠌ ᠳ᠋ᠤ ᠬᠥᠮᠦᠨ ᠦᠯᠦ ᠪᠠᠢᠬᠤ ᠪᠠᠢᠳᠠᠯ᠎ᠢ ᠬᠤᠪᠢᠷᠠᠭᠤᠯᠬᠤ ᠬᠡᠷᠡᠭ᠌ᠲᠡᠶ; ᠨᠤᠲᠤᠭ ᠪᠡᠯᠴᠢᠭᠡᠷ᠎ᠦᠨᠠᠮᠢ ᠠᠬᠤᠶ᠎ᠶ᠋ᠢ ᠡᠪᠳᠡᠭ᠌ᠰᠡᠨ ᠬᠡᠷᠡᠭ᠎ᠡᠴᠡ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠬᠦ᠌ ᠠᠭᠤᠯᠭ᠎ᠠ᠎ᠶ᠋ᠢᠨᠡᠮᠡᠵᠤ ᠤᠷᠤᠭᠤᠯᠬᠤ ᠬᠡᠷᠡᠭᠳᠠᠢ ᠬᠡᠵᠤ ᠰᠠᠨᠠᠭᠤᠯᠭ᠎ᠠ ᠳᠤᠷᠠᠳᠴᠠᠢ᠃

ᠴᠧᠨ ᠯᠢᠶᠠᠩ᠎ᠤᠨ ᠦᠵᠡᠬᠦ ᠪᠡᠷ᠂ ᠨᠤᠲᠤᠭ ᠪᠡᠯᠴᠢᠭᠡᠷ ᠤᠢ ᠰᠢᠭᠤᠢ ᠵᠢ ᠬᠠᠮᠠᠭᠠᠯᠠᠬᠤ᠎ᠳᠤᠪᠠᠰᠠ ᠬᠥᠳᠡᠭᠡ ᠲᠣᠰᠭᠣᠨ᠎ᠤ ᠭᠠᠵᠠᠷ ᠱᠢᠷᠣᠶ᠎ᠶ᠋ᠢᠨ ᠵᠠᠰᠠᠯᠲᠠ᠎ᠶ᠋ᠢ ᠬᠠᠤᠯᠢ ᠶᠣᠰᠣᠭᠠᠷ ᠴᠢᠩᠭᠠᠳᠭᠠᠵᠤ᠂ ᠬᠥᠳᠡᠭᠡᠲᠣᠰᠭᠣᠨ᠎ᠤ ᠦᠨᠳᠦᠰᠦᠨ ᠲᠠᠷᠢᠶᠠᠨ ᠭᠠᠵᠠᠷ ᠪᠠ ᠤᠢ ᠰᠢᠭᠤᠢ ᠵᠢᠨ ᠵᠠᠭᠠᠭ ᠬᠢᠵᠠᠭᠠᠷ᠎ᠢ ᠲᠤᠳᠤᠷᠬᠠᠢᠯᠠᠬᠤ ᠬᠡᠷᠡᠭ᠌ᠲᠡᠶ᠃ᠡᠢᠨ ᠬᠦ᠌᠂ 2021 ᠣᠨ᠎ᠳᠤ᠂ ᠪᠥᠬᠥ᠌ ᠣᠷᠣᠨ᠎ᠤ ᠨᠤᠲᠤᠭ ᠪᠡᠯᠴᠢᠭᠡᠷ ᠤᠢ ᠰᠢᠭᠤᠢ ᠵᠢ ᠡᠪᠳᠡᠭ᠌ᠰᠡᠨ ᠬᠠᠤᠯᠢ ᠲᠣᠭ᠍ᠲᠠᠭᠠᠯ᠎ᠡᠴᠡᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠵᠦ᠍᠂ᠣᠶ ᠱᠢᠭᠤᠶ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠠᠵᠢᠯ ᠱᠠᠲᠤᠴᠢ ᠴᠢᠨᠠᠷᠲᠠᠶᠦᠷ᠎ᠡ ᠪᠦᠲᠦᠮᠵᠢ ᠤᠯᠵᠠᠢ᠃

ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠳᠠᠢᠯᠠᠯᠳᠤᠭᠠᠨ᠎ᠤᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠᠪᠦᠲᠦᠮᠵᠢᠲᠡᠢ ᠵᠣᠯᠭᠠᠭᠤᠯᠬᠤ᠎ᠶ᠋ᠢ ᠬᠡᠷᠬᠢᠨ ᠰᠠᠢᠲᠤᠷ ᠬᠢᠵᠤ᠂ ᠠᠵᠢᠯ᠎ᠤᠨ ᠲᠠᠯ᠎ᠠ ᠪᠠᠷ ᠬᠣᠭᠣᠰᠣᠳᠠᠯ ᠦᠯᠦ ᠦᠯᠡᠳᠡᠭᠡᠬᠦ᠌᠂ ᠲᠦᠷᠦ᠍᠎ᠶ᠋ᠢᠨ ᠪᠤᠳᠤᠯᠭ᠎ᠠ ᠵᠢᠨ ᠲᠠᠯ᠎ᠠ ᠪᠠᠷᠬᠣᠭᠣᠰᠣᠳᠠᠯ ᠦᠯᠦ ᠦᠯᠡᠳᠡᠭᠡᠬᠦ᠌ ᠪᠣᠯ ᠪᠠᠰᠠ ᠴᠤ᠌ ᠴᠧᠨ ᠯᠢᠶᠠᠩ᠎ᠤᠨ ᠠᠩᠬᠠᠷᠴᠤ᠌ ᠪᠣᠳᠣᠯᠬᠢᠯᠠᠵᠤ ᠪᠠᠢᠭ᠎ᠠ ᠠᠰᠠᠭᠤᠳᠠᠯᠪᠣᠯᠤᠨ᠎ᠠ᠃ ᠴᠧᠨ ᠯᠢᠶᠠᠩ᠄ 《ᠡᠬᠢ ᠪᠠᠶᠠᠯᠢᠭ᠎ᠢ ᠲᠥᠪᠯᠡᠷᠡᠭᠦᠯᠦᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ᠎ᠶ᠋ᠢᠳᠡᠮᠵᠢᠵᠦ᠍ ᠪᠠᠢᠭ᠍ᠰᠠᠨ᠎ᠡᠴᠡ ᠬᠥᠳᠡᠭᠡ ᠲᠣᠰᠭᠣᠨ᠎ᠢ᠎ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷᠠᠬᠢᠭᠤᠯᠬᠤ ᠲᠡᠢᠰᠢ ᠲᠣᠭ᠍ᠲᠠᠭᠤᠨ ᠵᠢᠡᠷ ᠱᠢᠯᠵᠢᠬᠦ᠌᠎ᠶ᠋ᠢ ᠪᠡᠶᠡᠯᠡᠭᠦᠯᠬᠦ᠌᠎ᠳᠦ᠂ ᠮᠢᠨᠦ ᠰᠠᠨᠠᠭᠤᠯᠬᠤ ᠨᠢ᠂ ᠨᠢᠭᠡ᠎ᠳᠦ᠂ᠣᠷᠣᠨ ᠨᠤᠲᠤᠭ᠎ᠤᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠲᠡᠷᠢᠭᠦᠨ᠎ᠳᠤ ᠲᠠᠯᠪᠢᠵᠤ᠂ ᠲᠡᠭᠦᠨ᠎ᠢ ᠴᠢᠳᠠᠪᠤᠷᠢᠲᠠᠨ᠎ᠢ ᠭᠣᠣᠯᠳᠠᠯᠭ᠎ᠠ᠎ᠲᠠᠶ ᠬᠥᠮᠦᠵᠢᠭᠦᠯᠬᠦ᠌ ᠲᠥᠯᠥᠪᠯᠡᠭᠡ᠎ᠳᠦ ᠣᠷᠣᠭᠤᠯᠬᠤᠬᠡᠷᠡᠭ᠌ᠲᠡᠢ᠃ ᠬᠣᠶᠠᠷ᠎ᠲᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠡᠷᠬᠡᠪᠰᠢ ᠠᠵᠤ ᠦᠢᠯᠡᠰ᠎ᠢᠬᠥᠭ᠌ᠵᠢᠭᠦᠯᠦᠨ ᠮᠠᠨᠳᠤᠭᠤᠯᠬᠤ᠎ᠪᠠᠷ ᠰᠠᠭᠤᠷᠢ ᠪᠣᠯᠭᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢᠠᠬᠢᠭᠤᠯᠵᠤ᠂ ᠨᠡᠷᠡᠳᠦ ᠱᠢᠯᠢᠳᠡᠭ ᠣᠨᠴᠠ ᠪᠦᠲᠦᠭᠡᠭ᠌ᠳᠡᠬᠦᠨ᠎ᠢ ᠭᠣᠣᠯᠳᠠᠯᠭ᠎ᠠ᠎ᠲᠠᠶ ᠪᠣᠢᠵᠢᠭᠤᠯᠬᠤ ᠳ᠋ᠤ ᠵᠠᠰᠠᠭ᠎ᠤᠨᠣᠷᠳᠣᠨ᠎ᠤ ᠨᠢᠭᠡᠳᠦᠯᠲᠡᠢ ᠲᠥᠯᠥᠪᠵᠢᠭᠦᠯᠭᠡ᠂ ᠦᠵᠦ᠍ ᠲᠥᠯᠥᠪᠯᠡᠭᠡ᠎ᠡᠴᠡ ᠰᠠᠯᠵᠤ ᠴᠢᠳᠠᠬᠤ ᠦᠭᠡᠢ᠂ ᠲᠡᠷᠡᠴᠢᠯᠡᠨᠰᠦᠯᠵᠢᠶᠡᠨ᠎ᠦ ᠠᠵᠤ ᠠᠬᠤᠢ᠎ᠲᠠᠶ ᠣᠨᠣᠪᠴᠢᠲᠠᠢ ᠵᠣᠯᠭᠠᠭᠤᠯᠵᠤ᠂ ᠱᠢᠭᠤᠳ ᠨᠡᠪᠲᠡᠷᠡᠭᠦᠯᠭᠡ᠎ᠪᠡᠷ ᠪᠠᠷᠠᠭ᠎ᠠ ᠬᠤᠳᠠᠯᠳᠤᠬᠤᠵᠡᠷᠭᠡ᠎ᠱᠢᠨ᠎ᠡ᠎ᠪᠡᠷ᠎ᠮᠠᠨᠳᠤᠭ᠍ᠰᠠᠨ᠎ᠵᠠᠬ᠎ᠠ᠎ᠳᠡᠯᠭᠡᠭᠦᠷ᠎ᠦᠨ᠎ᠬᠥᠭ᠌ᠵᠢᠯᠲᠡ᠎ᠶ᠋ᠢᠨ᠎ᠬᠠᠨᠳᠤᠰᠢ᠎ᠳᠤ᠎ᠵᠣᠬᠢᠴᠠᠬᠤᠬᠡᠷᠡᠭ᠌ᠲᠡᠢ》 ᠬᠡᠵᠡᠢ᠃ ᠪᠠᠶᠠᠷᠯᠠᠭᠤᠰᠢᠳᠠᠢ ᠶᠠᠪᠤᠳᠠᠯ ᠭᠡᠪᠡᠯ᠂ ᠴᠢᠳᠠᠪᠤᠷᠢᠲᠠᠨ᠎ᠢ ᠬᠥᠮᠦᠵᠢᠭᠦᠯᠬᠦ᠌ ᠪᠠ ᠠᠵᠤ ᠦᠶ᠋ᠯᠡᠰ᠎ᠢᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠵᠢᠨ ᠲᠤᠬᠠᠢ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠳᠦᠲᠣᠳᠣᠷᠬᠠᠢᠯᠠᠭᠰᠠᠨ ᠪᠠᠢᠨ᠎ᠠ᠃

ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠂ ᠠᠷᠠᠳ᠎ᠤᠨ ᠪᠠᠢᠳᠠᠯ᠎ᠢᠪᠠᠢᠴᠠᠭᠠᠵᠤ᠂ ᠠᠷᠠᠳ᠎ᠤᠨ ᠰᠠᠨᠠᠭ᠎ᠠ᠎ᠶ᠋ᠢ ᠰᠣᠨᠣᠰᠴᠤ᠂ ᠠᠷᠠᠳ᠎ᠤᠨ ᠵᠣᠪᠠᠭᠤᠷᠢ᠎ᠶ᠋ᠢ ᠠᠷᠢᠯᠭᠠᠵᠤ᠂ ᠭᠣᠣᠯ ᠠᠵᠢᠯ᠎ᠲᠠᠶᠤᠶᠠᠯᠳᠤᠭᠤᠯᠤᠨ᠂ ᠶᠡᠬᠡ ᠲᠠᠯ᠎ᠠ᠎ᠳᠤ ᠦᠢᠯᠡᠴᠢᠯᠡᠵᠦ᠍᠂ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠨ᠂ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠭᠤ ᠪᠣᠯ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨᠲᠥᠯᠥᠭᠡᠯᠡᠭ᠌ᠴᠢ᠎ᠶ᠋ᠢᠨ ᠠᠷᠢᠭᠤᠨ ᠲᠠᠷᠬᠠᠨ ᠡᠭᠦᠷᠭᠡ ᠮᠥᠨ᠃ ᠡᠨᠡ ᠵᠢᠯ᠂ ᠴᠧᠨ ᠯᠢᠶᠠᠩ ᠨᠤᠲᠤᠭ ᠪᠡᠯᠴᠢᠭᠡᠷ ᠤᠢᠰᠢᠭᠤᠢ ᠵᠢ ᠬᠠᠮᠠᠭᠠᠯᠠᠬᠤ ᠠᠰᠠᠭᠤᠳᠠᠯ᠎ᠢ ᠦᠷᠭᠦᠯᠵᠢᠯᠡᠨ ᠠᠩᠬᠠᠷᠴᠤ᠌᠂ ᠣᠢ ᠱᠢᠭᠤᠶ᠎ᠶ᠋ᠢᠨ ᠲᠦᠢᠮᠡᠷ᠎ᠢ ᠰᠡᠷᠭᠡᠢᠯᠡᠬᠦ᠌ᠵᠠᠮ ᠢ᠋ ᠵᠠᠰᠠᠬᠤ᠂ ᠬᠠᠮᠠᠭᠠᠯᠠᠬᠤ ᠵᠡᠷᠭᠡ᠎ᠳᠦ ᠬᠠᠨᠳᠤᠭᠤᠯᠤᠨ ᠥᠪᠡᠷ᠎ᠦᠨ ᠰᠠᠨᠠᠭᠤᠯᠭ᠎ᠠ᠎ᠪᠠᠨ ᠳᠤᠷᠠᠳᠬᠤ ᠪᠡᠷᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面