2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-05 08:41:15

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 4 ᠎ᠤ᠋ ᠴᠠᠬᠢᠯᠭᠠᠨᠮᠡᠳᠡᠭᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ 5 ᠎ᠤ᠋ ᠦᠳᠡ᠎ᠶ᠋ᠢᠨ ᠡᠮᠦᠨᠡᠬᠢ9 ᠴᠠᠭ᠎ᠲᠤ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠵᠤ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤᠶᠡᠷᠦᠩᠬᠡᠢ ᠰᠠᠢᠳ ᠯᠢ ᠺᠸ ᠴᠢᠶᠠᠩ᠎ᠤᠨ ᠬᠢᠭᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠴᠤ᠂ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ 2021ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2022 ᠣᠨ᠎ᠤ ᠤᠯᠤᠰ ᠠᠷᠠᠳ᠎ᠤᠨ ᠠᠵᠤ ᠠᠬᠤᠶ ᠪᠠᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠮᠡᠳᠡᠭᠦᠯᠦᠯᠲᠡ ᠵᠢᠴᠢ 2022 ᠣᠨ᠎ᠤ ᠤᠯᠤᠰᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠵᠤ᠂ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ 2021 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠡᠷᠡᠭᠵᠢᠬᠦᠯᠦᠭᠰᠡᠨᠪᠠᠢᠳᠠᠯ ᠬᠢᠬᠡᠳ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠮᠡᠳᠡᠭᠦᠯᠦᠯᠲᠡ ᠵᠢᠴᠢ2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠵᠤ᠂ ᠪᠦᠬᠦ᠌ ᠤᠯᠤᠰ᠎ᠤᠨᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠳᠡᠳ᠋ ᠬᠤᠷᠢᠶᠠᠨ ᠳᠠᠷᠤᠭ᠎ᠠᠸᠠᠩ ᠴᠧᠨ᠎ᠦ ᠬᠢᠭᠰᠡᠨ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠣᠨ ᠨᠤᠲᠤᠭ᠎ᠤᠨ ᠡᠯ᠎ᠡ ᠱᠠᠲᠤᠨ᠎ᠤᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨᠣᠷᠳᠣᠨ᠎ᠤ ᠵᠣᠬᠢᠶᠠᠨ ᠪᠠᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠢ ᠲᠣᠳᠣᠷᠬᠠᠢᠯᠠᠯᠲᠠ᠂ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨᠲᠥᠯᠥᠭᠡᠯᠡᠭ᠌ᠴᠢ᠎ᠶ᠋ᠢᠨ ᠣᠷᠣᠨ ᠲᠣᠭ᠎ᠠ ᠪᠠ ᠰᠣᠩᠭᠣᠭᠤᠯᠢ᠎ᠶ᠋ᠢᠨ ᠠᠰᠠᠭᠤᠳᠠᠯ᠎ᠤᠨ ᠲᠤᠬᠠᠢ ᠲᠣᠭ᠍ᠲᠠᠭᠠᠯ᠎ᠤᠨ ᠲᠥᠰᠦᠯ᠎ᠦᠨᠲᠤᠬᠠᠢ ᠲᠣᠳᠣᠷᠬᠠᠢᠯᠠᠯᠲᠠ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠶᠠᠩᠭᠠᠩ ᠤᠨᠴᠠᠭᠠᠢ ᠵᠠᠰᠠᠭᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ᠎ᠶ᠋ᠢᠨ ᠲᠥᠰᠦᠯ᠎ᠦᠨ ᠲᠤᠬᠠᠢ ᠲᠣᠳᠣᠷᠬᠠᠢᠯᠠᠯᠲᠠ᠂ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠰᠣᠩᠭᠣᠬᠤ ᠠᠷᠭ᠎ᠠ᠎ᠶ᠋ᠢᠨ ᠲᠥᠰᠦᠯ᠎ᠦᠨ ᠲᠤᠬᠠᠢ ᠲᠣᠳᠣᠷᠬᠠᠢᠯᠠᠯᠲᠠ ᠵᠢ ᠰᠤᠨᠤᠰᠤᠨ᠎ᠠ᠃ ᠦᠳᠡ᠎ᠶ᠋ᠢᠨ ᠬᠣᠢᠨ᠎ᠠ᠂ᠡᠯ᠎ᠡ ᠲᠥᠯᠥᠭᠡᠯᠡᠭ᠌ᠴᠢᠳ᠎ᠦᠨ ᠪᠦᠯᠬᠦᠮ ᠪᠥᠬᠥᠳᠡ ᠬᠤᠷᠠᠯ ᠬᠢᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢᠬᠢᠨᠠᠨ ᠵᠥᠪᠯᠡᠨ᠎ᠡ᠃

5᠎ᠤ᠋᠎ᠦᠳᠡ᠎ᠶ᠋ᠢᠨ ᠡᠮᠦᠨ᠎ᠡ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ᠎ᠳᠤ ᠣᠷᠣᠯᠴᠠᠵᠤ ᠪᠠᠢᠭ᠎ᠠ ᠪᠥᠬᠥ᠌ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠡᠬᠢᠯᠡᠯᠲᠡ᠎ᠶ᠋ᠢᠨ ᠬᠤᠷᠠᠯ᠎ᠳᠤᠰᠤᠯᠠ ᠣᠷᠣᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠨ᠎ᠠ᠃ 5 ᠎ᠤ᠋ ᠦᠳᠡ᠎ᠶ᠋ᠢᠨ ᠬᠣᠢᠨ᠎ᠠ᠂ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶᠠᠨ᠎ᠤᠲᠠᠪᠤᠳᠤᠭᠠᠷ ᠬᠤᠷᠠᠯ ᠳᠤᠭᠤᠢᠯᠠᠩ᠎ᠤᠨ ᠬᠤᠷᠠᠯ ᠬᠢᠵᠦ᠍᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨᠮᠡᠳᠡᠭᠦᠯᠦᠯᠲᠡ᠎ᠶ᠋ᠢ ᠬᠢᠨᠠᠨ ᠵᠥᠪᠯᠡᠨ᠎ᠠ᠃

ᠲᠥᠪ᠎ᠦᠨ᠎ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ ᠠᠷᠪᠠᠨ ᠭᠤᠷᠪᠠᠳᠤᠭᠠᠷᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨᠡᠬᠢᠯᠡᠯᠲᠡ᠎ᠶ᠋ᠢᠨ ᠬᠤᠷᠠᠯ᠎ᠳᠤ ᠠᠬᠤᠶ ᠲᠠᠯᠠᠪᠠᠶ᠎ᠶ᠋ᠢᠨ ᠱᠢᠭᠤᠳ ᠨᠡᠪᠲᠡᠷᠡᠭᠦᠯᠭᠡ ᠬᠢᠵᠦ᠍᠂ ᠱᠢᠨᠬᠤᠸᠠ ᠰᠦᠯᠵᠢᠶ᠎ᠡᠡᠬᠢᠯᠡᠯᠲᠡ᠎ᠶ᠋ᠢᠨ ᠬᠤᠷᠠᠯ᠎ᠳᠤ ᠠᠬᠤᠶ ᠲᠠᠯᠠᠪᠠᠶ᠎ᠶ᠋ᠢᠨ ᠵᠢᠷᠤᠭ ᠪᠠ ᠦᠰᠦᠭ ᠪᠢᠴᠢᠭ᠎ᠦᠨ ᠱᠢᠭᠤᠳ ᠨᠡᠪᠲᠡᠷᠡᠭᠦᠯᠭᠡᠬᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面