2022-03-05 08:44:19
ᠶᠡᠬᠡ ᠬᠤᠷᠠᠯ᠎ᠤᠨ ᠡᠳᠦᠷ᠎ᠦᠨ ᠳᠠᠷᠠᠭᠠᠯᠠᠯ ᠵᠡᠷᠭᠡ ᠶ᠋ᠢ ᠲᠣᠭ᠍ᠲᠠᠭᠠᠪᠠ
ᠲᠣᠰ ᠤᠳᠠᠭᠠᠨ᠎ᠤ ᠶᠡᠬᠡ ᠬᠤᠷᠠᠯ 5 ᠤ᠋ ᠡᠳᠦᠷ ᠡᠬᠢᠯᠡᠨ᠎ᠡ
ᠬᠤᠷᠠᠯ᠎ᠤᠨ ᠬᠤᠭᠤᠴᠠᠭ᠎ᠠ 6 ᠡᠳᠦᠷ ᠬᠠᠭᠠᠰ ᠪᠣᠯᠤᠨ᠎ᠠ
ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ ᠶ᠋ᠢᠨ 4 ᠤ᠋ ᠴᠠᠬᠢᠯᠭᠠᠨᠮᠡᠳᠡᠭᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ᠤᠯᠤᠰᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳᠦᠨᠪᠦᠯᠬᠦᠮ 4 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳᠤᠨᠶᠡᠬᠡ ᠬᠤᠷᠠᠯ᠎ᠤᠨ ᠲᠠᠩᠬᠢᠮ᠎ᠳᠤ ᠠᠩᠬᠠᠳᠤᠭᠠᠷ ᠤᠳᠠᠭ᠎ᠠ ᠢ᠋ᠢᠨ ᠬᠤᠷᠠᠯ ᠬᠢᠪᠡ᠃ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯᠤᠨᠪᠠᠢᠩᠭᠤ ᠶ᠋ᠢᠨ ᠬᠣᠷᠢᠶᠠᠨ ᠤ ᠬᠤᠷᠢᠶᠠᠨ ᠳᠠᠷᠤᠭ᠎ᠠ ᠯᠢ ᠵᠠᠨ ᠱᠸ᠋ ᠬᠤᠷᠠᠯ᠎ᠢ ᠡᠷᠭᠢᠯᠡᠵᠡᠢ᠃
ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠳᠤ 175 ᠬᠥᠮᠦᠨ ᠣᠷᠣᠯᠴᠠᠬᠤ ᠶᠣᠰᠣᠲᠠᠢᠪᠠᠢᠵᠦ᠂ 171 ᠬᠥᠮᠦᠨ ᠣᠷᠣᠯᠴᠠᠵᠤ᠂ 4 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭᠠᠳᠦ ᠨᠡᠢᠴᠡᠪᠡ ᠃
ᠬᠤᠷᠠᠯᠡᠴᠠᠡᠩᠲᠡᠷᠢᠭᠦᠨᠳᠦᠠᠷᠪᠠᠨᠭᠤᠷᠪᠠᠳᠤᠭᠠᠷᠬᠤᠭᠤᠴᠠᠭᠠᠨᠤᠪᠦᠬᠦ᠌ᠤᠯᠤᠰᠤᠨᠠᠷᠠᠳᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠎ᠶ᠋ᠢ ᠳᠡᠪᠱᠢᠭᠦᠯᠦᠨ ᠰᠣᠩᠭᠣᠪᠠ᠃ ᠲᠡᠷᠢᠭᠦᠯᠡᠭ᠌ᠴᠢᠳ᠎ᠦᠨ ᠪᠦᠯᠬᠦᠮᠦᠨᠪᠠᠢᠩᠭᠤᠶ᠋ᠢᠨ ᠲᠡᠷᠢᠭᠦᠯᠡᠭ᠌ᠴᠢ᠎ᠵᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ᠎ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠬᠤᠷᠢᠶᠠᠨ ᠳᠠᠷᠤᠭ᠎ᠠ᠂ ᠳᠡᠳ᠋ ᠬᠤᠷᠢᠶᠠᠨᠳᠠᠷᠤᠭᠠ᠂ ᠨᠠᠷᠢᠨ ᠪᠢᠴᠢᠭ᠎ᠦᠨ ᠳᠠᠷᠤᠭ᠎ᠠ ᠡᠭᠦᠷᠭᠡᠯᠡᠪᠡ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤᠶ᠋ᠢᠨᠲᠡᠷᠢᠭᠦᠯᠡᠭ᠌ᠴᠢ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠢ ᠡᠷᠬᠢᠯᠡᠨ ᠬᠤᠷᠠᠯᠳᠤᠭᠤᠯᠵᠠᠢ᠃
ᠬᠤᠷᠠᠯ ᠡᠴᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ᠎ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠡᠳᠦᠷ᠎ᠦᠨ ᠳᠠᠷᠠᠭᠠᠯᠠᠯ᠎ᠢ ᠪᠠᠲᠤᠯᠠᠯᠲᠠᠬᠢᠵᠦ ᠪᠠᠲᠤᠯᠠᠪᠠ᠃ ᠬᠤᠷᠠᠯ᠎ᠤᠨ ᠡᠳᠦᠷ᠎ᠦᠨ ᠳᠠᠷᠠᠭᠠᠯᠠᠯ ᠢ ᠦᠨᠳᠦᠰᠦᠯᠡᠪᠡᠯ᠂ ᠡᠨᠡ ᠤᠳᠠᠭ᠎ᠠ᠎ᠶ᠋ᠢᠨ ᠶᠡᠬᠡᠬᠤᠷᠠᠯ 3 ᠰᠠᠷ᠎ᠠ ᠶ᠋ᠢᠨ 5 ᠤ᠋ ᠦᠳᠡ᠎ᠶ᠋ᠢᠨ ᠡᠮᠦᠨᠡᠡᠬᠢᠯᠡᠵᠦ᠍᠂ 3 ᠰᠠᠷ᠎ᠠ᠎ᠶ᠋ᠢᠨ 11 ᠤ᠋ ᠦᠳᠡ᠎ᠶ᠋ᠢᠨ ᠡᠮᠦᠨᠡᠲᠡᠭᠦᠰᠦᠨᠡ᠂ ᠬᠤᠷᠠᠯ᠎ᠤᠨ ᠬᠤᠭᠤᠴᠠᠭ᠎ᠠ 6 ᠡᠳᠦᠷ ᠬᠠᠭᠠᠰᠪᠣᠯᠤᠨᠠ ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠷᠡᠭᠵᠥᠪᠯᠡᠬᠦ᠌ ᠲᠦᠷᠢᠮ᠎ᠦᠨ ᠲᠣᠭ᠍ᠲᠠᠭᠠᠯ᠎ᠢ ᠦᠨᠳᠦᠰᠦᠯᠡᠨ᠂ ᠲᠡᠷᠢᠭᠦᠯᠡᠭ᠌ᠴᠢᠳ᠎ᠦᠨ ᠪᠦᠯᠬᠦᠮ᠎ᠦᠨ ᠠᠩᠬᠠᠳᠤᠭᠠᠷ ᠤᠳᠠᠭᠠᠢ᠋ᠢᠨ ᠬᠤᠷᠠᠯ ᠡᠴᠡ ᠲᠡᠪᠰᠢᠭᠦᠯᠦᠨ ᠰᠤᠩᠭᠤᠬᠰᠠᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ ᠤ᠋ ᠲᠤᠲᠤᠷᠠᠬᠢ ᠬᠡᠲᠦᠨ ᠬᠦᠮᠦᠨ ᠨᠢ ᠲᠤᠰ ᠲᠤᠰ ᠤᠳᠠᠭ᠎ᠠ ᠪᠦᠷᠢ᠎ᠶ᠋ᠢᠨ ᠶᠡᠬᠡ ᠬᠤᠷᠠᠯ᠎ᠤᠨ ᠪᠦᠬᠦᠳᠡᠬᠤᠷᠠᠯᠤᠨ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠨ᠎ᠡ᠃ ᠪᠠᠲᠤᠯᠠᠯᠲᠠ ᠬᠢᠬᠦ᠌᠎ᠪᠡᠷ ᠳᠠᠮᠵᠢᠵᠦ᠂ ᠬᠤᠷᠠᠯ ᠡᠴᠡ ᠶᠡᠬᠡ ᠬᠤᠷᠠᠯ᠎ᠤᠨ ᠪᠦᠭᠦᠳᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢ ᠲᠡᠪᠰᠢᠭᠦᠯᠦᠨ ᠰᠤᠩᠭᠤᠪᠠ᠃
ᠬᠤᠷᠠᠯ ᠡᠴᠡ ᠪᠠᠲᠤᠯᠠᠯᠲᠠ ᠬᠢᠬᠦ᠌ ᠪᠡᠷ ᠳᠠᠮᠵᠢᠵᠦ᠂ ᠶᠠᠩ ᠵᠧᠨ ᠡᠸ᠋᠂ ᠱᠢᠨᠴᠦᠨ ᠶᠢᠩ᠂ ᠯᠢ ᠹᠸᠢ᠂ ᠵᠠᠩ ᠶᠧ ᠰᠦᠢ᠂ ᠺᠦᠩ ᠱᠤᠤ ᠱᠢᠶᠦ᠋ᠨ᠂ ᠯᠢ ᠪᠦᠦ ᠷᠦᠩ᠎ᠢ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭᠠᠪᠤᠯᠭᠠᠬᠤᠪᠠᠷ ᠲᠣᠭ᠍ᠲᠠᠪᠠ᠃ ᠬᠤᠷᠠᠯ ᠡᠴᠡ ᠵᠠᠩ ᠶᠧ ᠰᠦᠢ᠎ᠳᠤ ᠶᠡᠬᠡ ᠬᠤᠷᠠᠯ᠎ᠤᠨ ᠥᠭᠦᠯᠡᠭ᠌ᠴᠢ ᠵᠢ ᠬᠠᠪᠰᠤᠷᠭᠠᠨ ᠡᠭᠦᠷᠭᠡᠯᠡᠭᠦᠯᠬᠦᠪᠡᠷᠲᠤᠬᠲᠠᠵᠠᠢ᠃
ᠬᠤᠷᠠᠯ ᠡᠴᠡ ᠪᠠᠲᠤᠯᠠᠯᠲᠠ ᠬᠢᠬᠦ ᠪᠡᠷ ᠲᠠᠮᠵᠢᠵᠦ᠂ ᠬᠤᠷᠠᠯ᠎ᠤᠨ ᠬᠤᠭᠤᠴᠠᠭᠠᠨ᠎ᠳᠤ ᠲᠥᠯᠥᠭᠡᠯᠡᠭ᠌ᠴᠢ ᠢ᠋ᠢᠨ ᠰᠠᠨᠠᠯ ᠵᠥᠪᠯᠡᠯᠭᠡ ᠳᠤᠷᠠᠳᠭᠤᠴᠠᠭᠢ 3 ᠰᠠᠷ᠎ᠠ᠎ᠶ᠋ᠢᠨ 8᠎ᠤ᠋ ᠡᠳᠦᠷ᠎ᠦᠨ 12 ᠴᠠᠭ᠎ᠢᠶᠠᠷ ᠬᠢᠵᠠᠭᠠᠷᠯᠠᠬᠤ᠎ᠪᠠᠷ ᠲᠤᠬᠲᠠᠵᠠᠢ᠃ ᠬᠤᠷᠠᠯ᠎ᠤᠨ ᠬᠤᠭᠤᠴᠠᠭᠠᠨ᠎ᠳᠤ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠡᠴᠡ ᠲᠥᠯᠥᠭᠡᠯᠡᠭ᠌ᠴᠢᠳ᠎ᠦᠨ ᠪᠦᠯᠬᠦᠮ ᠪᠠ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭᠠᠨ᠎ᠳᠤ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠰᠤᠳᠤᠯᠵᠤ᠂ ᠱᠢᠢᠳᠪᠦᠷᠢᠯᠡᠬᠦ᠌ ᠰᠠᠨᠠᠯ ᠳᠤᠷᠠᠳᠴᠤ᠌᠂ ᠲᠡᠷᠢᠭᠦᠯᠡᠭ᠌ᠴᠢᠳ᠎ᠦᠨ ᠪᠦᠯᠬᠦᠮ᠎ᠳᠦ ᠮᠡᠳᠡᠭᠦᠯᠦᠨ ᠲᠣᠭ᠍ᠲᠠᠭᠠᠯ ᠭᠠᠷᠭᠠᠯᠭᠠᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃