2022-03-05 08:16:20
ᠰᠢ ᠵᠢᠨ ᠫᠢᠩ ᠯᠢ ᠺᠸᠴᠢᠶᠠᠩ ᠯᠢ ᠵᠠᠨ ᠱᠸ᠋ ᠸᠠᠩ ᠬ᠍ᠸ᠋ ᠨᠢᠩ ᠵᠤᠤ ᠯᠸ ᠵᠶ᠋ᠢ ᠬᠠᠨ ᠵᠧᠩ ᠸᠠᠩ ᠴᠢ ᠱᠠᠨ ᠬᠤᠷᠠᠯ᠎ᠳᠤ ᠰᠠᠭᠠᠳᠠᠵᠥ ᠪᠠᠶᠠᠷ ᠬᠦᠷᠭᠡᠵᠡᠢ
ᠸᠠᠩ ᠶᠠᠩ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶᠠᠨᠤᠠᠵᠢᠯᠤᠨ ᠮᠡᠳᠡᠭᠦᠯᠦᠯᠲᠡ ᠬᠢᠪᠡ ᠵᠠᠩ ᠴᠢᠩ ᠯᠢ ᠬᠤᠷᠠᠯᠢᠡᠷᠬᠢᠯᠡᠵᠥ ᠯᠢᠦ ᠱᠢᠨ ᠴᠧᠩ ᠰᠠᠨᠠᠯ ᠳᠤᠷᠠᠳᠤᠯᠭᠠᠶ᠋ᠢᠨᠠᠵᠢᠯᠤᠨ ᠪᠠᠢᠳᠠᠯ᠎ᠤᠨ ᠲᠤᠬᠠᠢ ᠮᠡᠳᠡᠭᠦᠯᠦᠯᠲᠡ ᠬᠢᠵᠡᠢ

3ᠰᠠᠷ᠎ᠠ᠎ᠵᠢᠨ 4ᠤ᠋ᠡᠳᠤᠷ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍ᠶ᠋ᠢᠨᠵᠥᠪᠯᠡᠯᠭᠡᠨᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶᠠᠨ᠎ᠤ ᠲᠠᠪᠤᠳᠤᠭᠠᠷ ᠬᠤᠷᠠᠯᠪᠡᠬᠡᠵᠢᠩᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠢᠷᠤᠭ ᠪᠤᠯ ᠰᠢ᠎ᠵᠢᠨ ᠫᠢᠩ᠂ ᠯᠢ ᠺᠸ ᠴᠢᠶᠠᠩ᠂ ᠯᠢ ᠵᠠᠨ ᠱᠸ᠋᠂ ᠸᠠᠩ ᠬ᠍ᠸ᠋ᠨᠢᠩ᠂ ᠵᠤᠤ ᠯᠸ ᠵᠶ᠋ᠢ᠂ ᠬᠠᠨ ᠵᠧᠩ᠂ ᠸᠠᠩ ᠴᠢ ᠱᠠᠨ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠤ᠂ ᠸᠠᠩ ᠶᠠᠩᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶᠠᠨᠤᠪᠠᠢᠩᠭᠤᠶ᠋ᠢᠨ ᠬᠣᠷᠢᠶ᠎ᠡ᠎ᠶ᠋ᠢ ᠲᠥᠯᠥᠭᠡᠯᠡᠵᠦ᠍ ᠶᠡᠬᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠵᠤ ᠪᠠᠢᠭ᠎ᠠ᠎ᠨᠢ ᠃
ᠰᠢᠨᠬᠤᠸᠠ ᠬᠤᠷᠢᠶᠠᠨ᠎ᠤ ᠰᠤᠷᠪᠤᠯᠵᠢᠯᠠᠬᠴᠢ ᠬᠤᠸᠠᠩ ᠵᠢᠩᠸᠸᠨ ᠰᠡᠬᠦᠳᠡᠷᠯᠡᠪᠡ

3ᠰᠠᠷ᠎ᠠ᠎ᠵᠢᠨ 4ᠤ᠋ᠡᠳᠤᠷ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍ᠶ᠋ᠢᠨᠵᠥᠪᠯᠡᠯᠭᠡᠨᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶᠠᠨ᠎ᠤ ᠲᠠᠪᠤᠳᠤᠭᠠᠷ ᠬᠤᠷᠠᠯᠪᠡᠬᠡᠵᠢᠩᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠪᠦᠬᠦ ᠤᠯᠤᠰ᠎ᠤᠨ ᠤᠯᠤᠰ ᠳᠦᠷᠦ ᠵᠢᠨ ᠵᠦᠪᠯᠡᠯᠬᠡᠨᠤᠳᠡᠷᠢᠬᠦᠯᠡᠭᠴᠢ ᠸᠠᠩ ᠶᠠᠩ ᠤᠯᠤᠰ ᠳᠦᠷᠦ ᠵᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦᠤᠯᠤᠰ᠎ᠤᠨ ᠬᠤᠷᠢᠶᠠᠨ᠎ᠤ ᠪᠠᠢᠩᠭᠤ ᠵᠢᠨ ᠬᠤᠷᠢᠶ᠎ᠠ ᠵᠢ ᠳᠦᠯᠦᠬᠡᠯᠡᠵᠥ᠂ ᠶᠡᠬᠡ ᠬᠤᠷᠠᠯ ᠳ᠋ᠤ ᠠᠵᠢᠯ᠎ᠤᠨ ᠮᠡᠳᠡᠬᠦᠯᠦᠯᠳᠡᠬᠢᠪᠡ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠷᠤᠤ ᠠᠢ ᠮᠢᠨ ᠰᠡᠬᠦᠳᠡᠷᠯᠡᠪᠡ
ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ4ᠤ᠋ᠴᠠᠬᠢᠯᠭᠠᠨ ᠮᠡᠳᠡᠭᠡ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠵᠤ ᠠᠭᠤᠤ ᠶᠡᠬᠡ ᠬᠦᠰᠡᠯ ᠵᠡᠭᠦᠳᠦ᠍ᠪᠡᠨᠬᠠᠮᠲᠤᠪᠠᠷ ᠲᠡᠷᠭᠡᠯᠱᠢᠭᠦᠯᠵᠦ᠍᠂ ᠡᠷᠡᠮᠡᠬᠡᠢᠯᠡᠨ ᠲᠡᠮᠡᠴᠡᠵᠦ᠍ ᠴᠠᠭ ᠦᠶ᠎ᠡ᠎ᠶ᠋ᠢᠨ ᠢᠷᠠᠭᠤ ᠬᠠᠭᠤᠳᠠᠰᠤᠶ᠋ᠢᠲᠠᠬᠢᠨᠳᠠ ᠪᠢᠴᠢᠭ᠌ᠯᠡᠨ᠎ᠡ᠃ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷᠬᠤᠭᠤᠴᠠᠭᠠᠨ᠎ᠤ ᠪᠦᠬᠦ᠌ ᠤᠯᠤᠰ᠎ᠤᠨ ᠬᠣᠷᠢᠶᠠᠨ᠎ᠤ ᠲᠠᠪᠤᠳᠤᠭᠠᠷ ᠬᠤᠷᠠᠯ 4 ᠤ᠋ ᠦᠳᠡᠶ᠋ᠢᠨᠬᠣᠢᠨᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ 2000 ᠱᠢᠬᠠᠮᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠨᠠᠮ ᠪᠠ ᠤᠯᠤᠰ᠎ᠤᠨ ᠠᠵᠢᠯ᠎ᠤᠨ ᠶᠡᠬᠡ ᠲᠠᠯᠠᠲᠠᠶᠨᠢᠭ᠍ᠲᠠ ᠤᠶᠠᠯᠳᠤᠭᠤᠯᠤᠨ᠂ ᠭᠦᠨᠵᠡᠭᠡᠢ ᠵᠥᠪᠯᠡᠯᠭᠡ ᠬᠢᠵᠦ᠍ ᠲᠦᠷᠦ ᠵᠢᠨ ᠶᠠᠪᠤᠳᠠᠯ᠎ᠢ ᠵᠥᠪᠯᠡᠨ᠂ᠲᠤᠱᠢᠶᠠᠯ ᠬᠠᠷᠢᠭᠤᠴᠠᠯᠭᠠᠪᠠᠨᠨᠠᠷᠢᠨ ᠬᠢᠨᠠᠮᠠᠭᠠᠢ ᠭᠦᠢᠴᠡᠳᠭᠡᠵᠦ᠍᠂ ᠬᠠᠮᠲᠤ᠎ᠶ᠋ᠢᠨ ᠲᠠᠨᠢᠯᠲᠠ᠎ᠪᠠᠨ ᠥᠷᠭᠡᠨ᠎ᠢᠶᠡᠷ ᠨᠢᠭ᠍ᠲᠠᠷᠠᠭᠤᠯᠤᠨ᠂ ᠨᠡᠢᠭᠡᠮᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠤᠶᠤᠨ ᠤᠬᠠᠭᠠᠨ ᠪᠠᠬᠦᠴᠦᠨ ᠴᠢᠳᠠᠯ᠎ᠢᠶᠠᠨ ᠬᠤᠷᠠᠮᠳᠤᠭᠤᠯᠪᠠ᠃
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨᠦᠲᠡᠷᠢᠭᠦᠯᠡᠭ᠌ᠴᠢ ᠸᠠᠩ ᠶᠠᠩ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢᠵᠠᠩ ᠴᠢᠩ ᠯᠢ᠂ ᠯᠢᠦ ᠴᠢ ᠪᠦᠦ᠂ ᠫᠠᠪᠠᠯᠠ· ᠭᠸᠯᠸᠭᠨᠡᠮᠵᠢᠯ᠂ ᠸᠠᠨ ᠭᠠᠩ᠂ ᠾᠧ ᠾᠧᠦ ᠬᠤᠸᠠ᠂ᠯᠸ᠋ ᠵᠠᠨ ᠬᠦᠩ᠂ ᠮᠠ ᠪᠢᠶᠤᠤ᠂ ᠴᠧᠨ ᠱᠢᠶᠤᠤ ᠭᠤᠸᠠᠩ᠂ ᠯᠢᠶᠠᠩ ᠵᠧᠨ ᠶᠢᠩ᠂ ᠱᠢᠶᠠ ᠪᠦᠦ ᠯᠦᠩ᠂ ᠯᠢ ᠪᠢᠨ᠂ ᠪᠠᠭᠠᠲᠤᠷ᠂ᠸᠠᠩ ᠶᠦᠩ ᠴᠢᠩ᠂ ᠾᠧ ᠯᠢ ᠹᠸᠩ᠂ ᠰᠸ᠋ ᠬᠤᠢ᠂ ᠵᠧᠩ ᠵᠢᠶᠠᠨ ᠪᠠᠩ᠂ ᠭᠦ᠋ ᠱᠧᠩ ᠽᠦ᠍᠂ ᠯᠢᠦ ᠱᠢᠨ ᠴᠧᠩ᠂ ᠾᠧ ᠸᠧᠢ᠂ᠱᠤᠤ ᠬᠣᠩ᠂ ᠭᠤᠤ ᠶᠦᠨ ᠯᠦᠩ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃
ᠨᠠᠮ ᠪᠠ ᠲᠦᠷᠦ᠍᠎ᠶ᠋ᠢᠨ ᠤᠳᠤᠷᠢᠳᠭᠤ ᠬᠥᠮᠦᠨ ᠰᠢ ᠵᠢᠨ ᠫᠢᠩ᠂ ᠯᠢ ᠺᠸ ᠴᠢᠶᠠᠩ᠂ᠯᠢ ᠵᠠᠨ ᠱᠸ᠋᠂ ᠸᠠᠩ ᠬ᠍ᠸ᠋ ᠨᠢᠩ᠂ ᠵᠤᠤ ᠯᠸ ᠵᠶ᠋ᠢ᠂ ᠬᠠᠨ ᠵᠧᠩ᠂ ᠸᠠᠩ ᠴᠢ ᠱᠠᠨ᠎ᠨᠠᠷ ᠲᠡᠷᠢᠭᠦᠯᠡᠭ᠌ᠴᠢᠳᠦᠨᠲᠠᠢᠰᠠᠨᠳᠤ ᠰᠠᠭᠠᠲᠠᠵᠤ᠂ ᠶᠡᠬᠡ ᠬᠤᠷᠠᠯ ᠬᠤᠷᠠᠯᠳᠤᠭ᠍ᠰᠠᠨ᠎ᠳᠤ ᠪᠠᠶᠠᠷ ᠬᠦᠷᠭᠡᠪᠡ᠃
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ᠎ᠳᠤ ᠣᠷᠣᠯᠴᠠᠬᠤ ᠶᠣᠰᠣᠲᠠᠢ ᠭᠡᠱᠢᠭᠦᠨ 2157 ᠬᠥᠮᠦᠨ᠂ᠪᠣᠳᠠᠲᠠᠢ ᠣᠷᠣᠯᠴᠠᠭ᠍ᠰᠠᠨ ᠨᠢ 1988 ᠬᠥᠮᠦᠨ ᠪᠠᠢᠵᠥ᠂ ᠲᠣᠭ᠍ᠲᠠᠭ᠍ᠰᠠᠨᠬᠥᠮᠦᠨᠦ ᠲᠣᠭ᠎ᠠ᠎ᠳᠤ ᠨᠡᠢᠴᠡᠵᠡᠢ᠃
ᠦᠳᠡ᠎ᠶ᠋ᠢᠨ ᠬᠣᠢᠨᠠᠬᠢ 3 ᠴᠠᠭ᠎ᠲᠤ᠂ᠵᠠᠩ ᠴᠢᠩ ᠯᠢ ᠶᠡᠬᠡ ᠬᠤᠷᠠᠯ ᠡᠬᠢᠯᠡᠭ᠌ᠰᠡᠨ᠎ᠢ ᠵᠠᠷᠯᠠᠵᠤ᠂ ᠤᠯᠠᠨ ᠵᠢᠡᠷ᠎ᠢᠶᠡᠨ ᠪᠣᠰᠴᠤ᠌ ᠵᠣᠭ᠍ᠰᠣᠨ ᠤᠯᠤᠰᠤᠨᠰᠦᠯᠳᠡ ᠳᠠᠭᠤᠤ᠎ᠶ᠋ᠢ ᠳᠠᠭᠤᠯᠠᠪᠠ᠃
ᠶᠡᠬᠡ ᠬᠤᠷᠠᠯ ᠡᠴᠡ ᠡᠩ ᠲᠡᠷᠢᠭᠦᠨ᠎ᠳᠦ ᠤᠯᠤᠰ ᠲᠥᠷᠥ᠎ᠶ᠋ᠢᠨ ᠵᠥᠪᠯᠡᠯᠭᠡᠨ᠎ᠦᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶᠠᠨ᠎ᠤ ᠲᠠᠪᠤᠳᠤᠭᠠᠷ ᠬᠤᠷᠠᠯ᠎ᠤᠨ ᠵᠥᠪᠯᠡᠬᠦ᠌ᠵᠦᠶ᠋ᠯᠢ ᠬᠢᠨᠠᠨ ᠵᠥᠪᠯᠡᠵᠦ᠍ ᠪᠠᠲᠤᠯᠠᠪᠠ᠃
ᠸᠠᠩ ᠶᠠᠩ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨᠤᠪᠦᠬᠦ᠌ ᠤᠯᠤᠰ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶ᠎ᠡ᠎ᠶ᠋ᠢ ᠲᠥᠯᠥᠭᠡᠯᠡᠵᠦ᠍᠂ ᠶᠡᠬᠡ ᠬᠤᠷᠠᠯ᠎ᠳᠤ ᠠᠵᠢᠯᠤᠨᠮᠡᠳᠡᠭᠦᠯᠦᠯᠲᠡ ᠬᠢᠪᠡ᠃
ᠸᠠᠩ ᠶᠠᠩ᠂ 2021᠎ᠤᠨ ᠪᠣᠯ ᠨᠠᠮ ᠪᠣᠯᠤᠨ ᠤᠯᠤᠰ᠎ᠤᠨ ᠲᠡᠦᠬᠡᠨ ᠳᠡᠭᠡᠷᠡᠬᠢ ᠬᠥᠱᠢᠢᠡᠲᠡᠮᠳᠡᠭᠤᠨ ᠠᠴᠢ ᠬᠣᠯᠪᠣᠭ᠍ᠳᠠᠯ᠎ᠲᠠᠶ ᠨᠢᠭᠡ ᠵᠢᠯ ᠪᠣᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪᠬᠣᠷᠢᠶᠠᠨᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠤᠯᠤᠰ ᠲᠥᠷᠥ᠎ᠶ᠋ᠢᠨ ᠵᠥᠪᠯᠡᠯᠭᠡᠨ᠎ᠦ ᠪᠥᠬᠥ᠌ ᠤᠯᠤᠰᠤᠨᠬᠣᠷᠢᠶᠠ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠪᠦᠯᠬᠦᠮᠳᠡᠯᠪᠠ ᠠᠷᠠᠳᠴᠢᠯᠠᠯ ᠬᠣᠶᠠᠷ ᠶᠡᠬᠡ ᠭᠤᠤᠯ ᠰᠡᠳᠦᠪ᠎ᠢ ᠪᠠᠷᠢᠮᠲᠠᠯᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠱᠢᠨᠵᠢᠴᠢᠨᠠᠷᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨᠵᠠᠭᠤᠨ ᠵᠢᠯ᠎ᠦᠨ ᠣᠶ᠎ᠶ᠋ᠢ ᠪᠡᠯᠭᠡᠯᠡᠬᠦ᠌᠎ᠪᠡᠷ ᠭᠤᠤᠯ ᠱᠢᠵᠢᠮ ᠪᠣᠯᠭᠠᠵᠤ ᠦᠵᠡᠯ ᠰᠠᠨᠠᠭ᠎ᠠ ᠤᠯᠤᠰ ᠲᠥᠷᠥᠶ᠋ᠢᠨᠵᠢᠯᠣᠭᠣᠳᠣᠯᠭᠠᠶ᠋ᠢ ᠴᠢᠩᠭᠠᠳᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡᠶ᠋ᠢᠠᠬᠢᠭᠤᠯᠬᠤᠪᠠᠷ ᠭᠤᠤᠯᠳᠠᠯᠭ᠎ᠠ ᠪᠣᠯᠭᠠᠵᠤ ᠲᠤᠱᠢᠶᠠᠯ ᠬᠠᠷᠢᠭᠤᠴᠠᠯᠭᠠᠪᠠᠨᠨᠠᠷᠢᠨ ᠬᠢᠨᠠᠮᠠᠭᠠᠶ ᠭᠦᠶ᠋ᠴᠡᠳᠭᠡᠵᠦ᠍᠂ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠭᠤᠯᠤᠯ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠪᠡᠷ ᠬᠠᠷᠠᠯᠲᠠ ᠪᠣᠯᠭᠠᠵᠤ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠᠶ᠋ᠢᠠᠬᠢᠭᠤᠯᠵᠤ᠂ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠵᠠᠢᠭᠡᠵᠤ ᠵᠢᠭᠠᠵᠤ ᠭᠠᠷᠭᠠᠪᠠ᠃
ᠸᠠᠩ ᠶᠠᠩ ᠥᠩᠭᠡᠷᠡᠭ᠌ᠰᠡᠨ ᠨᠢᠭᠡ ᠵᠢᠯ᠎ᠦᠨ ᠪᠦᠬᠦ᠌ ᠤᠯᠤᠰ᠎ᠤᠨ ᠤᠯᠤᠰ ᠲᠦᠷᠦ᠍ᠶ᠋ᠢᠨᠵᠥᠪᠯᠡᠯᠭᠡᠨᠦ ᠠᠵᠢᠯ᠎ᠢ 5 ᠲᠠᠯ᠎ᠠ᠎ᠪᠠᠷ ᠳ᠋ᠦᠩᠨᠡᠪᠡ᠃ ᠨᠢᠭᠡ᠎ᠳᠦ᠂ ᠳᠤᠮᠳᠠᠳᠤ ᠤᠯᠤᠰᠤᠨᠡᠪ ᠬᠠᠮᠲᠤ ᠨᠠᠮ ᠪᠠᠢᠭᠤᠯᠤᠬᠳᠠᠬᠰᠡᠨ ᠵᠠᠭᠤᠨ ᠵᠢᠯ᠎ᠦᠨ ᠣᠶ᠎ᠶ᠋ᠢ ᠪᠡᠯᠭᠡᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠪᠡᠷ ᠭᠤᠤᠯᠳᠠᠯᠭ᠎ᠠ ᠪᠣᠯᠭᠠᠭ᠍ᠰᠠᠨ 《ᠳᠥᠷᠪᠡᠨ ᠲᠡᠦᠬᠡ》 ᠶ᠋ᠢᠨ ᠬᠥᠮᠦᠵᠢᠯ᠎ᠢ ᠭᠦᠨᠵᠡᠭᠡᠶ ᠥᠷᠨᠢᠭᠦᠯᠵᠦ᠍᠂ ᠥᠷᠭᠡᠨ ᠣᠯᠠᠨᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠢ ᠬᠥᠲᠥᠯᠥᠨ ᠵᠢᠯᠣᠭᠣᠳᠴᠤ᠌ 《ᠬᠣᠶᠠᠷ᠎ᠢ ᠲᠣᠭ᠍ᠲᠠᠭᠠᠬᠤ》᠎ᠶ᠋ᠢᠨ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠭᠤᠯᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠤᠯᠤᠰ ᠲᠥᠷᠥ᠎ᠶ᠋ᠢᠨ ᠤᠬᠠᠮᠰᠠᠷ᠂ ᠦᠵᠡᠯᠰᠠᠨᠠᠭᠠᠨᠤ ᠤᠬᠠᠮᠰᠠᠷ᠂ ᠦᠶ᠋ᠯᠡ ᠠᠵᠢᠯᠯᠠᠭᠠᠨ᠎ᠤ ᠤᠬᠠᠮᠰᠠᠷ᠎ᠢᠶᠠᠨ ᠴᠢᠩᠭᠠᠳᠭᠠᠵᠤ᠂ ᠬᠠᠮᠲᠤ᠎ᠶ᠋ᠢᠨ ᠦᠵᠡᠯ ᠰᠠᠨᠠᠭ᠎ᠠᠤᠯᠤᠰ ᠲᠥᠷᠥ᠎ᠶ᠋ᠢᠨ ᠰᠠᠭᠤᠷᠢ᠎ᠶ᠋ᠢ ᠪᠠᠲᠤᠳᠭᠠᠪᠠ᠃ ᠬᠣᠶᠠᠷ᠎ᠲᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠬᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠌ᠵᠡᠷᠭᠡ ᠵᠢᠨ ᠲᠣᠭᠣᠷᠢᠨ᠎ᠳᠤ ᠲᠦᠷᠦ ᠵᠢᠨ ᠶᠠᠪᠤᠳᠠᠯ᠎ᠢ ᠵᠥᠪᠯᠡᠨᠰᠠᠨᠠᠯ ᠰᠠᠨᠠᠭᠤᠯᠭ᠎ᠠ ᠳᠤᠷᠠᠳᠴᠤ᠌᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡᠶ᠋ᠢᠨᠰᠠᠢᠨ ᠰᠠᠢᠬᠠᠨ ᠡᠬᠢᠯᠡᠯᠲᠡ᠎ᠳᠦ ᠬᠦᠴᠦᠨ ᠨᠡᠮᠡᠷᠢᠯᠡᠪᠡ᠃ ᠭᠤᠷᠪᠠ᠎ᠳᠤ᠂ ᠤᠯᠤᠰ ᠲᠦᠷᠦ᠍᠎ᠶ᠋ᠢᠨ ᠵᠥᠪᠯᠡᠯᠭᠡᠨᠦᠵᠥᠪᠯᠡᠬᠦ᠌ ᠠᠭᠤᠯᠤᠭ᠍ᠳᠠᠬᠤᠨ᠎ᠢ ᠪᠠᠶᠠᠯᠢᠭ᠍ᠵᠢᠭᠤᠯᠵᠤ᠂ ᠲᠤᠰᠭᠠᠢ ᠵᠥᠪᠯᠡᠯ᠎ᠦᠨ ᠰᠠᠭᠤᠷᠢᠯᠠᠬᠤ ᠴᠢᠨᠠᠷᠲᠠᠢ ᠦᠢᠯᠡᠳᠦᠯᠢᠴᠢᠩᠭᠠᠳᠭᠠᠨ᠂ ᠲᠤᠰᠭᠠᠢ ᠮᠡᠷᠭᠡᠵᠢᠯᠲᠡᠨ᠎ᠦ ᠵᠥᠪᠯᠡᠬᠦ᠌ ᠬᠤᠷᠠᠯ᠎ᠢ ᠪᠠᠢᠭᠤᠯᠵᠤ᠂ ᠵᠥᠪᠯᠡᠬᠦ᠌ ᠮᠠᠶᠢᠭ᠎ᠤᠨ ᠬᠢᠨᠠᠯᠲᠠ᠎ᠲᠠᠯᠪᠢᠬᠤ ᠣᠨᠴᠠᠯᠢᠭ᠎ᠢ ᠲᠤᠪᠤᠢ᠌ᠯᠭᠠᠨ᠂ ᠭᠡᠱᠢᠭᠦᠳ᠎ᠦᠨ ᠪᠡᠶ᠎ᠡ᠎ᠪᠡᠨ ᠳᠠᠭᠠᠭᠠᠵᠤ ᠪᠠᠢᠴᠠᠭᠠᠨ ᠰᠤᠳᠤᠯᠬᠤ ᠳᠠᠪᠠᠭᠤᠯᠢᠭᠢᠪᠠᠳᠠᠷᠠᠭᠤᠯᠵᠤ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭᠠᠨ᠎ᠤ ᠮᠡᠳᠡᠭᠡ ᠵᠠᠩᠭᠢ᠎ᠶ᠋ᠢ ᠲᠤᠰᠭᠠᠬᠤ ᠠᠷᠭ᠎ᠠ ᠵᠠᠮᠢᠥᠷᠭᠡᠳᠭᠡᠨ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ ᠴᠢᠳᠠᠪᠤᠷᠢ᠎ᠶ᠋ᠢ ᠨᠡᠩ ᠰᠠᠢ᠌ᠨ ᠪᠠᠳᠠᠷᠠᠭᠤᠯᠪᠠ᠃ᠳᠥᠷᠪᠡ᠎ᠳᠦ᠂ ᠪᠦᠯᠬᠦᠮᠳᠡᠨ ᠨᠥᠬᠥᠷᠯᠡᠬᠦ᠌ ᠠᠷᠭ᠎ᠠ᠎ᠶ᠋ᠢᠨ ᠠᠴᠢᠶᠠᠯᠠᠪᠤᠷᠢ᠎ᠶ᠋ᠢ ᠲᠡᠭᠦᠯᠳᠡᠷᠵᠢᠭᠦᠯᠵᠦ᠍᠂ ᠰᠡᠳᠭᠢᠯᠦᠨᠦᠭᠡᠪᠡᠨ ᠶᠠᠷᠢᠯᠴᠠᠬᠤ᠂ ᠭᠡᠱᠢᠭᠦᠳ᠎ᠦᠨ ᠤᠬᠠᠭᠤᠯᠤᠨ ᠲᠠᠢᠯᠪᠤᠷᠢᠯᠠᠬᠤ ᠵᠡᠷᠭᠡ ᠠᠵᠢᠯ᠎ᠢ ᠢᠳᠡᠪᠬᠢᠲᠡᠶ ᠥᠷᠨᠢᠭᠦᠯᠵᠦ᠍᠂ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠤᠭ᠍ᠰᠠᠨ ᠨᠥᠬᠥᠴᠡᠯ ᠳᠤᠤᠷ᠎ᠠ ᠭᠠᠳᠠᠭᠠᠳᠤᠯᠤᠭᠠᠶ᠋ᠢᠨᠶᠠᠪᠤᠯᠴᠠᠭᠠᠶ᠋ᠢᠨ ᠠᠵᠢᠯ᠎ᠢ ᠰᠠᠢᠲᠤᠷ ᠬᠢᠵᠦ᠍᠂ ᠴᠠᠭᠠᠭ᠍ᠴᠢᠨ ᠭᠠᠬᠠᠶ ᠵᠢᠯ᠎ᠦᠨ ᠬᠤᠪᠢᠰᠭᠠᠯ᠎ᠤᠨ 110 ᠵᠢᠯᠦᠨᠣᠶᠶ᠋ᠢ ᠳᠤᠷᠠᠰᠭᠠᠬᠤ ᠶᠡᠬᠡ ᠬᠤᠷᠠᠯ᠎ᠢ ᠠᠮᠵᠢᠯᠲᠠ᠎ᠲᠠᠶ ᠡᠷᠭᠢᠯᠡᠵᠦ᠍᠂ ᠣᠶᠤᠨ ᠤᠬᠠᠭᠠᠨ ᠪᠠ ᠬᠦᠴᠦᠨ ᠴᠢᠳᠠᠯᠢᠥᠷᠭᠡᠨᠢᠶᠡᠷ ᠬᠤᠷᠠᠮᠳᠤᠭᠤᠯᠪᠠ᠃ ᠲᠠᠪᠤ᠎ᠳᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰ ᠪᠡᠶ᠎ᠡ᠎ᠶ᠋ᠢᠨ ᠪᠠᠢᠭᠤᠯᠤᠯᠲᠠᠪᠠᠨᠴᠢᠩᠭᠠᠳᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠷ᠎ᠡ ᠪᠦᠲᠦᠮᠵᠢ᠎ᠪᠡᠨ ᠦᠨᠡᠨ ᠬᠦ᠌ ᠳᠡᠭᠡᠭ᠌ᠰᠢᠯᠡᠭᠦᠯᠪᠡ᠃
ᠸᠠᠩ ᠶᠠᠩ᠂ 2022 ᠣᠨ ᠳ᠋ᠤ᠂ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰᠤᠨᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷᠶᠡᠬᠡ ᠬᠤᠷᠠᠯ ᠪᠤᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢᠶ᠋ᠢᠨᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠦ᠂ ᠲᠥᠪ ᠬᠣᠷᠢᠶᠠᠨ᠎ᠤ ᠤᠯᠤᠰᠲᠦᠷᠦ᠍ᠶ᠋ᠢᠨ ᠵᠥᠪᠯᠡᠯᠭᠡᠨ᠎ᠦ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠤᠨ᠂《ᠳᠥᠷᠪᠡᠨ ᠤᠬᠠᠮᠰᠠᠷ 》ᠵᠢᠨᠨ ᠴᠢᠩᠭᠠᠳᠭᠠᠵᠦ᠂ 《ᠳᠥᠷᠪᠡᠨ ᠢᠲᠡᠭᠡᠯ 》ᠵᠢᠨᠨ ᠪᠠᠲᠤᠳᠭᠠᠠ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢᠬᠦᠭ ᠠᠶᠠᠰ᠎ᠢ ᠪᠠᠷᠢᠮᠲᠠᠯᠠᠠ᠂ ᠪᠦᠯᠬᠦᠮᠳᠡᠯ ᠪᠠ ᠠᠷᠠᠳᠴᠢᠯᠠᠯ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠠ᠂ᠠᠷᠭ᠎ᠠ ᠤᠬᠠᠭᠠᠨ ᠭᠠᠷᠭᠠᠵᠤ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠤᠤᠰᠴᠢᠭ᠌ᠯᠡᠯᠢᠶᠡᠷ ᠬᠦᠴᠦᠯᠡᠬᠦ᠌᠎ᠶ᠋ᠢ ᠪᠠᠷᠢᠮᠲᠠᠯᠠᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷᠶᠡᠬᠡ ᠬᠤᠷᠠᠯ᠎ᠢ ᠤᠭ᠍ᠲᠤᠬᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠪᠦᠬᠦ᠌ ᠵᠢᠯ᠎ᠦᠨ ᠴᠢᠬᠤᠯᠠ ᠶᠡᠬᠡ ᠤᠯᠤᠰ ᠲᠦᠷᠦ᠍ᠶ᠋ᠢᠨᠡᠭᠦᠷᠭᠡ ᠪᠣᠯᠭᠠᠵᠦ᠂ ᠦᠵᠡᠯ ᠰᠠᠨᠠᠭᠠᠨ᠎ᠤ ᠵᠢᠯᠣᠭᠣᠳᠤᠯᠭ᠎ᠠ᠂ ᠬᠦᠴᠦᠨ ᠴᠢᠳᠠᠯ᠎ᠢ ᠬᠤᠷᠠᠮᠳᠤᠭᠤᠯᠬᠤ᠂ ᠵᠠᠰᠠᠭᠤᠨᠶᠠᠪᠤᠳᠠᠯᠢ ᠵᠥᠪᠯᠡᠨ ᠠᠷᠭ᠎ᠠ ᠤᠬᠠᠭᠠᠠ ᠭᠠᠷᠭᠠᠠ ᠦᠭᠬᠦ᠂ ᠶᠡᠬᠡ ᠲᠠᠯ᠎ᠠ᠎ᠳᠤ ᠦᠶ᠋ᠯᠡᠴᠢᠯᠡᠬᠦ᠌ ᠡᠯ᠎ᠡ ᠵᠦᠶ᠋ᠯᠦᠨᠠᠵᠢᠯ ᠢ ᠨᠠᠷᠢᠨ ᠬᠢᠨᠠᠮᠠᠭᠠᠢ ᠰᠠᠢᠲᠤᠷ ᠬᠢᠵᠦ᠂ ᠡᠷᠡᠭᠦᠯ ᠲᠣᠭ᠍ᠲᠠᠭᠤᠨ ᠠᠵᠤ ᠠᠬᠤᠶ᠎ᠶ᠋ᠢᠨ ᠣᠷᠴᠢᠨ ᠲᠣᠭᠣᠷᠢᠨ᠂ᠲᠦᠷᠦ᠍ ᠲᠦᠪᠱᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ᠂ ᠰᠤᠷᠲᠠᠯ ᠴᠢᠬᠡᠴᠢ ᠣᠪᠣᠷ ᠲᠥᠪ ᠤᠯᠤᠰᠲᠥᠷᠥ᠎ᠶ᠋ᠢᠨ ᠣᠷᠴᠢᠨ ᠲᠣᠭᠣᠷᠢᠨ᠎ᠢ ᠬᠠᠮᠠᠭᠠᠯᠠᠬᠤ ᠳ᠋ᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠶᠠᠩ᠂ ᠠᠷᠠᠳ᠎ᠤᠨᠤᠯᠤᠰ ᠲᠦᠷᠦ᠍᠎ᠶ᠋ᠢᠨ ᠵᠥᠪᠯᠡᠯᠭᠡᠨ ᠪᠦᠯᠬᠦᠮᠳᠡᠯ᠎ᠡᠴᠡ ᠡᠭᠦᠰᠴᠦ᠍᠂ ᠪᠦᠯᠬᠦᠮᠳᠡᠯ᠎ᠳᠦ ᠲᠦᠱᠢᠭ᠌ᠯᠡᠨ ᠣᠷᠣᠱᠢᠵᠤ᠂ᠪᠦᠯᠬᠦᠮᠳᠡᠯ᠎ᠳᠦ ᠲᠦᠱᠢᠭ᠌ᠯᠡᠨ ᠬᠥᠭ᠌ᠵᠢᠨ ᠮᠠᠨᠳᠤᠬᠤ ᠪᠣᠯ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠤᠨ ᠪᠡᠯᠭᠡᠲᠡᠮᠳᠡᠭ ᠮᠥᠨ᠃ ᠳᠤᠮᠳᠠᠳᠤ᠎ᠶ᠋ᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠴᠢᠩᠭᠠᠳᠭᠠᠬᠤ ᠪᠣᠯ ᠱᠢᠨ᠎ᠡ ᠴᠠᠭᠦᠶ᠎ᠡ᠎ᠶ᠋ᠢᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠦᠬᠡᠲᠦ ᠬᠠᠷᠢᠭᠤᠴᠠᠯᠭ᠎ᠠ ᠪᠣᠯᠬᠤ᠎ᠶ᠋ᠢ ᠭᠦᠨᠵᠡᠭᠡᠢᠲᠠᠨᠢᠵᠤ᠂ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ᠎ᠤᠨ ᠨᠢᠭᠡᠳᠦᠯ᠎ᠢ ᠪᠠᠷᠢᠮᠲᠠᠯᠠᠵᠤ᠂ ᠪᠠᠢᠭᠤᠯᠤᠯᠤᠨᠳᠠᠪᠠᠭᠤᠯᠢᠭᠢ ᠪᠦᠲᠦᠮᠵᠢᠲᠡᠢ ᠠᠱᠢᠭ᠍ᠯᠠᠨ ᠬᠠᠮᠤᠭ᠎ᠤᠨ ᠶᠡᠬᠡ ᠶᠡᠷᠦᠩᠬᠡᠢ ᠬᠤᠷᠢᠶᠠᠭ᠍ᠴᠢ ᠲᠣᠭ᠎ᠠ᠎ᠶ᠋ᠢ ᠡᠷᠢᠯᠬᠢᠯᠡᠵᠦ᠍᠂ᠬᠠᠮᠤᠭ᠎ᠤᠨ ᠶᠡᠬᠡ ᠢᠵᠢᠯᠢ ᠲᠥᠪ᠎ᠲᠦ ᠲᠣᠭᠣᠷᠢᠭ᠎ᠢ ᠵᠢᠷᠤᠵᠤ᠂ ᠨᠡᠩ ᠤᠯᠠᠨ ᠬᠥᠮᠦᠨ᠎ᠢ ᠳᠤᠮᠳᠠᠳᠤ ᠤᠯᠤᠰ᠎ᠤᠨ ᠡᠪᠬᠠᠮᠲᠤ ᠨᠠᠮ᠎ᠤᠨ ᠲᠣᠭᠣᠷᠢᠨ᠎ᠳᠤ ᠪᠦᠯᠬᠦᠮᠳᠡᠭᠦᠯᠵᠦ᠍᠂ ᠨᠡᠩ ᠤᠯᠠᠨ ᠬᠦᠴᠦᠨ᠎ᠢ ᠰᠡᠷᠭᠦᠨ ᠮᠠᠨᠳᠤᠯᠲᠠ᠎ᠶ᠋ᠢᠨ ᠠᠭᠤᠤᠦᠢᠯᠡᠰᠢ ᠬᠠᠮᠲᠤ᠎ᠪᠠᠷ ᠴᠣᠭ᠍ᠴᠠᠯᠠᠬᠤ ᠲᠡᠦᠬᠡᠨ ᠠᠬᠢᠴᠠ ᠳᠤᠮᠳᠠ ᠨᠢᠭ᠍ᠲᠠᠷᠠᠭᠤᠯᠬᠤ ᠬᠡᠷᠡᠭ᠌ᠲᠡᠢ᠃ ᠠᠷᠠᠳ᠎ᠤᠨᠤᠯᠤᠰ ᠲᠦᠷᠦ᠍᠎ᠶ᠋ᠢᠨ ᠵᠥᠪᠯᠡᠯᠭᠡᠨ᠎ᠦ ᠵᠥᠪᠯᠡᠬᠦ᠌ ᠳᠠᠪᠠᠭᠤᠯᠢᠭ᠎ᠢ ᠨᠡᠩ ᠰᠠᠢᠲᠤᠷ ᠪᠠᠳᠠᠷᠠᠭᠤᠯᠵᠤ᠂ ᠨᠢᠭᠡ ᠰᠡᠳᠭᠢᠯᠨᠢᠭᠡ ᠴᠢᠭ᠌ᠯᠡᠯ᠎ᠢᠶᠡᠷ ᠴᠢᠩ ᠦᠨᠡᠨᠴᠢ᠎ᠪᠡᠷ ᠵᠥᠪᠯᠡᠬᠦ᠌᠎ᠪᠡᠷ ᠳᠠᠮᠵᠢᠭᠤᠯᠤᠨ᠂ ᠭᠡᠱᠢᠭᠦᠳ᠎ᠢ ᠬᠦᠲᠦᠯᠦᠨ ᠵᠢᠯᠣᠭᠣᠳᠴᠤ᠌ᠪᠠᠢᠭᠠᠳ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠢᠳᠠᠯ᠎ᠳᠤ ᠵᠥᠪ᠎ᠢᠶᠡᠷ ᠬᠠᠨᠳᠤᠭᠤᠯᠵᠤ᠂ ᠨᠠᠮ᠎ᠤᠨ ᠴᠢᠭ᠌ᠯᠡᠯᠲᠡᠲᠦᠷᠦ᠍ᠶ᠋ᠢᠨ ᠪᠤᠳᠤᠯᠭ᠎ᠠ᠎ᠶ᠋ᠢ ᠨᠡᠩ ᠰᠠᠢᠲᠤᠷ ᠤᠢ᠍ᠢᠯᠠᠭᠠᠨ ᠨᠠᠢᠳᠠᠪᠤᠷᠢᠵᠢᠭᠤᠯᠵᠤ᠂ ᠤᠷᠮ᠎ᠠ ᠰᠡᠳᠭᠢᠯᠭᠡᠶ᠋ᠢᠱᠢᠯᠤᠭᠤᠳᠭᠠᠬᠤ᠂ ᠵᠢᠱ᠌ᠢᠯᠲᠡ᠎ᠶ᠋ᠢ ᠬᠦᠲᠦᠯᠦᠨ ᠵᠢᠯᠣᠭᠣᠳᠭᠤ᠂ ᠢᠲᠡᠭᠡᠯ ᠵᠣᠷᠢᠭ᠎ᠢ ᠪᠠᠲᠤᠳᠭᠠᠬᠤ ᠠᠵᠢᠯ᠎ᠢ ᠣᠨᠣᠴᠠᠲᠠᠢᠪᠥᠭᠡᠳ ᠪᠦᠲᠦᠮᠵᠢᠲᠡᠢ ᠰᠠᠢᠲᠤᠷ ᠬᠢᠵᠦ᠍᠂ ᠵᠥᠪᠯᠡᠯᠭᠡ᠎ᠪᠡᠷ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠂ᠬᠠᠮᠲᠤ᠎ᠶ᠋ᠢᠨ ᠲᠠᠨᠢᠯᠲᠠ᠎ᠪᠠᠷ ᠪᠦᠯᠬᠦᠮᠳᠡᠯ᠎ᠢ ᠪᠡᠬᠢᠵᠢᠭᠦᠯᠬᠦ᠌ ᠬᠡᠷᠡᠭ᠌ᠲᠡᠢ᠃ ᠪᠦᠯᠬᠦᠮᠳᠡᠯ᠎ᠳᠦ ᠲᠣᠭᠣᠷᠢᠭᠤᠨᠲᠥᠪ ᠪᠠᠢᠬᠤ ᠬᠡᠷᠡᠭ᠌ᠲᠡᠢ᠂ ᠲᠣᠭᠣᠷᠢᠭ᠎ᠤᠨ ᠲᠥᠪ᠎ᠢ ᠪᠠᠲᠤ ᠰᠠᠬᠢᠪᠠᠯ ᠰᠠᠶᠢ ᠲᠦᠮᠡᠨ ᠤᠯᠠᠨ᠎ᠢᠶᠠᠷ᠎ᠢᠶᠠᠨ ᠰᠡᠳᠭᠢᠯᠨᠢᠭᠡᠳᠴᠦ᠍ ᠴᠢᠳᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ᠎ᠶ᠋ᠢᠨ ᠬᠥᠪᠡᠭᠦᠳ ᠥᠬᠢᠳ᠎ᠦᠨ ᠶᠡᠬᠡᠪᠦᠯᠬᠦᠮᠳᠡᠯᠦᠨ ᠲᠥᠪ ᠪᠣᠯᠤᠭ᠍ᠰᠠᠨ ᠨᠢ ᠲᠡᠦᠬᠡ᠎ᠶ᠋ᠢᠨ ᠰᠣᠩᠭᠣᠯᠲᠠ᠂ ᠠᠷᠠᠳ ᠲᠦᠮᠡᠨ᠎ᠦ ᠰᠣᠩᠭᠣᠯᠲᠠ ᠮᠥᠨ᠃ ᠠᠷᠠᠳ᠎ᠤᠨᠤᠯᠤᠰ ᠲᠦᠷᠦ᠍᠎ᠶ᠋ᠢᠨ ᠵᠥᠪᠯᠡᠯᠭᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠢᠯᠠᠩᠭᠤᠶᠠᠨᠠᠮᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮᠤᠨᠲᠤᠭᠤᠨ ᠳᠣᠣᠷ᠎ᠠ ᠡᠭᠡ ᠣᠷᠣᠨᠴᠢ ᠨᠢᠭᠡᠳᠦᠮᠡᠯ ᠹᠷᠣᠨᠲ᠎ᠢ ᠪᠡᠬᠢᠵᠢᠭᠦᠯᠦᠨ ᠪᠤᠵᠠᠭᠠᠢᠷᠠᠭᠤᠯᠵᠤ᠂ ᠳᠤᠮᠳᠠᠳᠤ ᠤᠯᠤᠰᠤᠨᠠᠷᠠᠳ ᠲᠦᠮᠡᠨ ᠪᠠ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠤᠶᠤᠨ ᠤᠬᠠᠭᠠᠨᠬᠦᠴᠦᠨ ᠴᠢᠳᠠᠯ᠎ᠢ ᠪᠦᠲᠦᠮᠵᠢᠲᠡᠢ ᠨᠢᠭ᠍ᠲᠠᠷᠠᠭᠤᠯᠵᠤ᠂ ᠵᠢᠩᠬᠢᠨᠢ᠂ ᠥᠷᠭᠡᠨ ᠳᠡᠯᠭᠡᠷ᠂ ᠨᠢᠭ᠍ᠲᠠ ᠴᠢᠩᠭ᠎ᠠ ᠶᠡᠬᠡᠪᠦᠯᠬᠦᠮᠳᠡᠯᠢ ᠪᠤᠢ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠪᠦᠬᠦ᠌ ᠤᠯᠤᠰ᠎ᠤᠨᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠢᠦ ᠱᠢᠨ ᠴᠧᠩ ᠤᠯᠤᠰ ᠲᠦᠷᠦ᠍᠎ᠶ᠋ᠢᠨ ᠵᠥᠪᠯᠡᠯᠭᠡᠨ᠎ᠦᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶ᠎ᠠ᠎ᠶ᠋ᠢ ᠲᠥᠯᠥᠭᠡᠯᠡᠵᠦ᠍᠂ᠶᠡᠬᠡ ᠬᠤᠷᠠᠯ᠎ᠳᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶᠠᠨᠤᠳᠥᠷᠪᠡᠳᠦᠭᠡᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡᠬᠢᠵᠡᠢ᠃ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠤᠯᠤᠰ ᠲᠥᠷᠥ᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠰᠠᠨᠨᠢᠭᠡᠴᠢ ᠡᠴᠡ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠬᠢᠯᠡᠯᠲᠡ᠎ᠶ᠋ᠢᠨ ᠠᠯᠬᠤᠮ ᠪᠠ ᠠᠷᠠᠳ ᠣᠯᠠᠨ᠎ᠤ ᠨᠡᠢᠳᠡᠮ ᠠᠩᠬᠠᠷᠴᠤ᠌ ᠪᠠᠢᠭ᠎ᠠ ᠬᠠᠯᠠᠮᠱᠢᠯᠠᠰᠠᠭᠤᠳᠠᠯ ᠬᠦᠴᠢᠷ ᠠᠰᠠᠭᠤᠳᠠᠯ᠎ᠤᠨ ᠲᠣᠭᠣᠷᠢᠨ᠎ᠳᠤ 6117 ᠬᠤᠪᠢ ᠰᠠᠨᠠᠯ ᠳᠤᠷᠠᠳᠤᠯᠭ᠎ᠠ ᠲᠡᠪᠰᠢᠭᠦᠯᠵᠦ᠂ 5039 ᠬᠤᠪᠢ ᠰᠠᠨᠠᠯ ᠳᠤᠷᠠᠳᠤᠯᠭ᠎ᠠ᠎ᠶ᠋ᠢ ᠨᠢ ᠬᠡᠷᠡᠭ ᠪᠤᠯᠭᠠᠨ ᠳᠡᠩᠰᠡᠯᠡᠵᠦ᠍᠂ 99.8% ᠶ᠋ᠢ ᠨᠢ ᠨᠢᠭᠡᠨᠲᠡ ᠱᠢᠶ᠋ᠳᠪᠦᠷᠢᠯᠡᠵᠦ᠍ ᠬᠠᠷᠢᠭᠤᠯᠲᠠᠥᠭ᠌ᠪᠡ᠃ ᠰᠠᠨᠠᠯ ᠳᠤᠷᠠᠳᠤᠯᠭ᠎ᠠ᠎ᠶ᠋ᠢ ᠲᠤᠱᠢᠶᠠᠨ ᠱᠢᠢᠳᠪᠦᠷᠢᠯᠡᠭᠦ ᠲᠣᠭ᠍ᠲᠠᠴᠠ᠎ᠶ᠋ᠢ ᠪᠦᠷᠢᠨᠱᠢᠬᠥᠯᠵᠥ᠂ ᠡᠯᠡᠳᠠᠭᠠᠭᠠᠨ ᠱᠢᠢᠳᠪᠦᠷᠢᠯᠡᠬᠦ᠌ ᠨᠢᠭᠡᠴᠢ ᠤᠯᠤᠰ ᠲᠦᠷᠤ᠎ᠶ᠋ᠢᠨ ᠵᠥᠪᠯᠡᠯᠭᠡᠨ᠎ᠦ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠬᠦ᠌ᠠᠵᠢᠯᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭᠠᠪᠠᠨᠴᠢᠩᠭᠠᠳᠭᠠᠵᠦ᠂ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠬᠦ᠌ ᠵᠥᠪᠯᠡᠯᠭᠡ᠎ᠶ᠋ᠢ ᠭᠦᠨᠵᠡᠭᠡᠢᠷᠡᠭᠦᠯᠵᠦ᠍᠂ ᠱᠢᠢᠳᠪᠦᠷᠢᠯᠡᠬᠦ᠌ᠶᠠᠰᠤ ᠴᠢᠨᠠᠷ᠎ᠢᠶᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠪᠡ᠃ ᠰᠠᠨᠠᠯ ᠳᠤᠷᠠᠳᠤᠯᠭ᠎ᠠ᠎ᠳᠤ ᠳᠤᠷᠠᠳᠤᠭ᠍ᠰᠠᠨᠰᠠᠨᠠᠯ ᠰᠠᠨᠠᠭᠤᠯᠭ᠎ᠠ᠎ᠨᠢ ᠨᠠᠮ ᠪᠣᠯᠤᠨ ᠤᠯᠤᠰ᠎ᠤᠨ ᠱᠢᠶ᠋ᠳᠪᠦᠷᠢᠲᠦ ᠪᠣᠳᠣᠯᠭ᠎ᠠ᠎ᠳᠤ ᠦᠶ᠋ᠯᠡᠴᠢᠯᠡᠬᠦ᠌᠂ ᠬᠢᠵᠢᠭᠦᠨᠪᠠᠢᠳᠠᠯᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠬᠦ᠌᠂ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠳᠠᠪᠱᠢᠯᠲᠠ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠭᠰᠡᠨᠪᠠᠢᠨᠠ᠃
ᠲᠡᠷᠢᠭᠦᠯᠡᠭ᠌ᠴᠢᠳᠦᠨᠲᠠᠢᠰᠠᠨᠳᠤ ᠰᠠᠭᠠᠲᠠᠭ᠍ᠰᠠᠨ ᠨᠥᠬᠥᠳ᠎ᠲᠦ ᠪᠠᠰᠠ᠄ ᠳ᠋ᠢᠩ ᠱᠢᠤᠸᠠᠢ ᠱᠢᠶᠠᠩ᠂ ᠸᠠᠩ ᠴᠧᠨ᠂ ᠯᠢᠦ ᠾᠧ᠂ ᠱᠢᠤᠢ ᠴᠢᠯᠢᠶᠠᠩ᠂ ᠰᠦᠨ ᠴᠦᠨ ᠯᠠᠨ᠂ ᠯᠢ ᠰᠢ᠂ ᠯᠢ ᠴᠢᠶᠠᠩ᠂ ᠯᠢ ᠬᠣᠩ ᠵᠦᠩ᠂ ᠶᠠᠩ ᠵᠢᠶ᠍ᠸᠤ᠋ᠤᠢ᠂ ᠶᠠᠩ ᠱᠢᠶᠤᠤ ᠳ᠋ᠦ᠋᠂ᠵᠠᠩ ᠶᠢᠤ ᠱᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠬᠤ᠌ ᠴᠦᠨ ᠬᠤᠸᠠ᠂ ᠭᠦᠸᠧ ᠱᠧᠩ ᠺᠦᠨ᠂ ᠬᠤᠸᠠᠩᠺᠦᠨ ᠮᠢᠩ᠂ ᠼᠠᠢ ᠴᠢ᠂ ᠶᠢᠤ ᠴᠢᠤᠸᠠᠨ᠂ ᠼᠤᠤ ᠵᠢᠶᠠᠨ ᠮᠢᠩ᠂ ᠵᠠᠩ ᠴᠦᠨ ᠱᠢᠶᠠᠨ᠂ ᠱᠸᠨ ᠶᠤᠸᠠᠢ ᠶᠤᠸᠠᠢ᠂ ᠵᠶ᠋ᠢᠪᠢᠩ ᠱᠢᠤᠸᠠᠨ᠂ ᠠᠢ᠌ᠯᠢᠭ᠌ᠸᠩ·ᠢᠮᠢᠩᠪᠠᠬᠠᠢ᠂ ᠸᠠᠨ ᠡᠸ ᠰᠢᠶᠠᠩ᠂ ᠴᠸᠨ ᠵᠤ᠌᠂ ᠸᠠᠩ ᠳ᠋ᠦᠩ ᠮᠢᠩ᠂ ᠪᠠᠳᠮᠠᠫᠸᠷᠠᠩᠯᠠᠢ᠂ ᠳ᠋ᠢᠩᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠡᠤ ᠸᠸᠢ ᠬᠤᠸᠠ᠂ ᠸᠸᠢ ᠹᠸᠩ ᠾᠸ᠂ ᠸᠠᠩ ᠶᠦᠩ᠂ ᠸᠠᠩ ᠢ᠂ ᠰᠢᠶᠤᠤᠵᠢᠶᠸ᠂ ᠵᠤᠤ ᠺᠸ ᡁᠢ᠂ ᠵᠸᠤ ᠴᠢᠶᠠᠩ᠂ ᠵᠠᠩ ᠵᠢᠶᠦ᠋ᠨ ᠨᠠᠷ ᠪᠤᠢ᠃
ᠲᠤᠮᠳᠠᠳᠤ ᠤᠯᠤᠰ᠎ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯᠤᠨᠪᠠᠢᠩᠭᠤᠶ᠋ᠢᠨ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷᠦᠨᠬᠠᠷᠢᠭᠤᠴᠠᠯᠭᠠᠲᠠᠨ ᠨᠥᠬᠥᠳ ᠤᠷᠢᠯᠭ᠎ᠠ᠎ᠪᠠᠷ ᠡᠬᠢᠯᠡᠯᠲᠡ᠎ᠶ᠋ᠢᠨ ᠬᠤᠷᠠᠯ᠎ᠳᠤ ᠰᠤᠯᠠ ᠣᠷᠣᠯᠴᠠᠪᠠ᠃ ᠳᠤᠮᠳᠠᠳᠤ ᠤᠯᠤᠰᠲᠤᠰᠠᠭᠤᠭᠠ ᠭᠠᠳᠠᠭᠠᠳᠤ᠎ᠶ᠋ᠢᠨ ᠡᠯᠴᠢᠨ ᠰᠠᠢᠳ ᠨᠠᠷ ᠤᠷᠢᠯᠭ᠎ᠠ᠎ᠪᠠᠷ ᠡᠬᠢᠯᠡᠯᠲᠡ᠎ᠶ᠋ᠢᠨ ᠬᠤᠷᠠᠯ᠎ᠳᠤ ᠣᠷᠣᠯᠴᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃