2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-05 08:47:46

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 4 ᠎ᠤ᠋ ᠴᠠᠬᠢᠯᠭᠠᠨᠮᠡᠳᠡᠭᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡᠬᠤᠷᠠᠯ᠎ᠤᠨ ᠪᠠᠢᠩᠭᠤ᠎ᠶ᠋ᠢᠨ ᠬᠣᠷᠢᠶ᠎ᠠ 4 ᠎ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨᠲᠠᠩᠬᠢᠮ᠎ᠳᠤ ᠵᠠᠭᠤ ᠠᠷᠪᠠᠨ ᠬᠣᠶᠠᠳᠤᠭᠠᠷ ᠤᠳᠠᠭ᠎ᠠ᠎ᠶ᠋ᠢᠨ ᠬᠤᠷᠢᠶᠠᠨ ᠳᠠᠷᠤᠭ᠎ᠠ᠎ᠵᠢᠨ ᠬᠤᠷᠠᠯ ᠬᠢᠪᠡ᠃ ᠬᠣᠷᠢᠶᠠᠨᠳᠠᠷᠤᠭ᠎ᠠ ᠯᠢ ᠵᠠᠨ ᠱᠤ᠌ ᠬᠤᠷᠠᠯ᠎ᠢ ᠡᠷᠭᠢᠯᠡᠵᠡᠢ᠃

ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨᠪᠠᠢᠩᠭᠤ᠎ᠶ᠋ᠢᠨ ᠬᠣᠷᠢᠶᠠᠨ᠎ᠤ ᠨᠠᠷᠢᠨ ᠪᠢᠴᠢᠭ᠎ᠦᠨ ᠎ᠳᠠᠷᠤᠭ᠎ᠠ ᠶᠠᠩ ᠵᠧᠨ ᠦ᠋᠎ᠶ᠋ᠢᠨ ᠬᠢᠭ᠌ᠰᠡᠨ ᠠᠷᠪᠠᠨ ᠭᠤᠷᠪᠠᠳᠤᠭᠠᠷᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠎ᠦᠨ ᠲᠥᠰᠦᠯ᠂ ᠵᠥᠪᠯᠡᠬᠦ᠌ᠵᠦᠢᠯ᠎ᠦᠨ ᠲᠥᠰᠦᠯ᠎ᠢ ᠬᠢᠨᠠᠨ ᠵᠥᠪᠯᠡᠭ᠌ᠰᠡᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ᠬᠣᠶᠠᠷ ᠲᠥᠰᠦᠯ᠎ᠢ ᠲᠤᠰ ᠲᠤᠰ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠪᠡᠯᠡᠳᠭᠡᠯ ᠬᠤᠷᠠᠯ᠎ᠳᠤ ᠳᠡᠪᠱᠢᠭᠦᠯᠦᠨ ᠰᠣᠩᠭᠣᠭᠤᠯᠢ ᠬᠢᠯᠭᠡᠬᠦ᠌ᠪᠠ ᠪᠠᠲᠤᠯᠠᠯᠲᠠ ᠬᠢᠯᠭᠡᠬᠦ᠌᠎ᠪᠡᠷ ᠲᠣᠭ᠍ᠲᠠᠵᠠᠢ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨᠬᠣᠷᠢᠶᠠᠨ᠎ᠤ ᠳᠡᠳ᠋ ᠬᠤᠷᠢᠶᠠᠨ ᠳᠠᠷᠤᠭ᠎ᠠ ᠸᠠᠩ ᠴᠧᠨ᠂ ᠼᠤᠤ ᠵᠢᠶᠠᠨ ᠮᠢᠩ᠂ ᠵᠠᠩ ᠴᠦᠨ ᠱᠢᠶᠠᠨ᠂ ᠱᠸᠨ ᠶᠤᠸᠠᠢᠶᠤᠸᠠᠢ᠂ ᠵᠶ᠋ᠢ ᠪᠢᠩ ᠱᠢᠤᠸᠠᠨ᠂ ᠠᠢ᠌ᠯᠢᠭ᠌ᠸᠩ·ᠢᠮᠢᠩᠪᠠᠬᠠᠢ᠂ ᠸᠠᠨ ᠧ ᠱᠢᠶᠠᠩ᠂ᠴᠧᠨ ᠵᠦ᠍᠂ ᠸᠠᠩ ᠳ᠋ᠦᠩ ᠮᠢᠩ᠂ ᠪᠠᠳᠮᠠᠫᠸᠷᠠᠩᠯᠠᠢ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠦ᠋ᠸᠧᠢ ᠬᠤᠸᠠ ᠬᠤᠷᠠᠯ᠎ᠳᠤ ᠣᠷᠣᠯᠴᠠᠵᠠᠢ᠃

3᠎ᠤ᠋᠎ᠦᠳᠡ᠎ᠶ᠋ᠢᠨ᠎ᠬᠣᠢᠨ᠎ᠠ᠂ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨᠲᠠᠪᠤᠳᠤᠭᠠᠷ ᠬᠤᠷᠠᠯ᠎ᠳᠤ ᠣᠷᠣᠯᠴᠠᠬᠤ ᠡᠯ᠎ᠡ ᠲᠥᠯᠥᠭᠡᠯᠡᠭ᠌ᠴᠢᠳ᠎ᠦᠨ ᠪᠦᠯᠬᠦᠮ ᠬᠤᠷᠠᠯ ᠬᠢᠵᠦ᠍᠂ ᠠᠷᠪᠠᠨ ᠭᠤᠷᠪᠠᠳᠤᠭᠠᠷᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠎ᠦᠨ ᠲᠥᠰᠦᠯ᠂ ᠵᠥᠪᠯᠡᠬᠦ᠌ᠵᠦᠶ᠋ᠯ᠎ᠦᠨ ᠲᠥᠰᠦᠯ᠎ᠢ ᠬᠢᠨᠠᠨ ᠵᠥᠪᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面