2022-03-05 08:47:46
ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨᠮᠡᠳᠡᠭᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡᠬᠤᠷᠠᠯ᠎ᠤᠨ ᠪᠠᠢᠩᠭᠤ᠎ᠶ᠋ᠢᠨ ᠬᠣᠷᠢᠶ᠎ᠠ 4 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯᠤᠨᠲᠠᠩᠬᠢᠮᠳᠤ ᠵᠠᠭᠤ ᠠᠷᠪᠠᠨ ᠬᠣᠶᠠᠳᠤᠭᠠᠷ ᠤᠳᠠᠭ᠎ᠠ᠎ᠶ᠋ᠢᠨ ᠬᠤᠷᠢᠶᠠᠨ ᠳᠠᠷᠤᠭ᠎ᠠ᠎ᠵᠢᠨ ᠬᠤᠷᠠᠯ ᠬᠢᠪᠡ᠃ ᠬᠣᠷᠢᠶᠠᠨᠳᠠᠷᠤᠭᠠ ᠯᠢ ᠵᠠᠨ ᠱᠤ᠌ ᠬᠤᠷᠠᠯ᠎ᠢ ᠡᠷᠭᠢᠯᠡᠵᠡᠢ᠃
ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯᠤᠨᠪᠠᠢᠩᠭᠤᠶ᠋ᠢᠨ ᠬᠣᠷᠢᠶᠠᠨ᠎ᠤ ᠨᠠᠷᠢᠨ ᠪᠢᠴᠢᠭ᠎ᠦᠨ ᠳᠠᠷᠤᠭ᠎ᠠ ᠶᠠᠩ ᠵᠧᠨ ᠦ᠋᠎ᠶ᠋ᠢᠨ ᠬᠢᠭ᠌ᠰᠡᠨ ᠠᠷᠪᠠᠨ ᠭᠤᠷᠪᠠᠳᠤᠭᠠᠷᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯᠤᠨᠲᠡᠷᠢᠭᠦᠯᠡᠭ᠌ᠴᠢᠳᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠎ᠦᠨ ᠲᠥᠰᠦᠯ᠂ ᠵᠥᠪᠯᠡᠬᠦ᠌ᠵᠦᠢᠯᠦᠨ ᠲᠥᠰᠦᠯ᠎ᠢ ᠬᠢᠨᠠᠨ ᠵᠥᠪᠯᠡᠭ᠌ᠰᠡᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ᠬᠣᠶᠠᠷ ᠲᠥᠰᠦᠯ᠎ᠢ ᠲᠤᠰ ᠲᠤᠰ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠪᠡᠯᠡᠳᠭᠡᠯ ᠬᠤᠷᠠᠯ᠎ᠳᠤ ᠳᠡᠪᠱᠢᠭᠦᠯᠦᠨ ᠰᠣᠩᠭᠣᠭᠤᠯᠢ ᠬᠢᠯᠭᠡᠬᠦ᠌ᠪᠠ ᠪᠠᠲᠤᠯᠠᠯᠲᠠ ᠬᠢᠯᠭᠡᠬᠦ᠌᠎ᠪᠡᠷ ᠲᠣᠭ᠍ᠲᠠᠵᠠᠢ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤᠶ᠋ᠢᠨᠬᠣᠷᠢᠶᠠᠨᠤ ᠳᠡᠳ᠋ ᠬᠤᠷᠢᠶᠠᠨ ᠳᠠᠷᠤᠭ᠎ᠠ ᠸᠠᠩ ᠴᠧᠨ᠂ ᠼᠤᠤ ᠵᠢᠶᠠᠨ ᠮᠢᠩ᠂ ᠵᠠᠩ ᠴᠦᠨ ᠱᠢᠶᠠᠨ᠂ ᠱᠸᠨ ᠶᠤᠸᠠᠢᠶᠤᠸᠠᠢ᠂ ᠵᠶ᠋ᠢ ᠪᠢᠩ ᠱᠢᠤᠸᠠᠨ᠂ ᠠᠢ᠌ᠯᠢᠭ᠌ᠸᠩ·ᠢᠮᠢᠩᠪᠠᠬᠠᠢ᠂ ᠸᠠᠨ ᠧ ᠱᠢᠶᠠᠩ᠂ᠴᠧᠨ ᠵᠦ᠍᠂ ᠸᠠᠩ ᠳ᠋ᠦᠩ ᠮᠢᠩ᠂ ᠪᠠᠳᠮᠠᠫᠸᠷᠠᠩᠯᠠᠢ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠦ᠋ᠸᠧᠢ ᠬᠤᠸᠠ ᠬᠤᠷᠠᠯ᠎ᠳᠤ ᠣᠷᠣᠯᠴᠠᠵᠠᠢ᠃
3ᠤ᠋ᠦᠳᠡᠶ᠋ᠢᠨᠬᠣᠢᠨᠠ᠂ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯᠤᠨᠲᠠᠪᠤᠳᠤᠭᠠᠷ ᠬᠤᠷᠠᠯ᠎ᠳᠤ ᠣᠷᠣᠯᠴᠠᠬᠤ ᠡᠯ᠎ᠡ ᠲᠥᠯᠥᠭᠡᠯᠡᠭ᠌ᠴᠢᠳ᠎ᠦᠨ ᠪᠦᠯᠬᠦᠮ ᠬᠤᠷᠠᠯ ᠬᠢᠵᠦ᠍᠂ ᠠᠷᠪᠠᠨ ᠭᠤᠷᠪᠠᠳᠤᠭᠠᠷᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯᠤᠨᠲᠡᠷᠢᠭᠦᠯᠡᠭ᠌ᠴᠢᠳᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠎ᠦᠨ ᠲᠥᠰᠦᠯ᠂ ᠵᠥᠪᠯᠡᠬᠦ᠌ᠵᠦᠶ᠋ᠯᠦᠨ ᠲᠥᠰᠦᠯ᠎ᠢ ᠬᠢᠨᠠᠨ ᠵᠥᠪᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃