2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-05 08:37:18

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠣᠩᠭᠣᠭᠣᠯᠢ ᠪᠡᠷ ᠲᠠᠮᠵᠢᠨᠶᠡᠬᠡ ᠬᠣᠷᠠᠯ᠎ᠤᠨ ᠲᠡᠷᠢᠬᠦᠯᠡᠭᠴᠢᠳ᠎ᠤᠨ ᠪᠦᠯᠬᠦᠮ ᠪᠠ ᠨᠠᠷᠢᠨ ᠪᠢᠴᠢᠭ᠎ᠤᠨ ᠲᠠᠷᠣᠭ᠎ᠠ᠎ᠶᠢ ᠰᠣᠩᠭᠣᠨ ᠭᠠᠷᠭᠠᠪᠠ

ᠶᠡᠬᠡ ᠬᠣᠷᠠᠯ᠎ᠤᠨ ᠵᠦᠪᠯᠡᠬᠦᠵᠦᠢᠯ᠎ᠢ ᠪᠠᠲᠣᠯᠠᠯᠲᠠ ᠬᠢᠵᠦ ᠪᠠᠲᠣᠯᠠᠪᠠ

ᠰᠢᠨᠬᠣᠸᠠ ᠬᠣᠷᠢᠶᠠᠨ᠎ᠤ ᠪᠡᠭᠡᠵᠢᠩ᠎ᠤᠨ 3 ᠰᠠᠷ᠎ᠠ᠎ᠶᠢᠨ 4 ᠤ᠋ ᠴᠠᠬᠢᠯᠭᠠᠨ ᠮᠡᠳᠡᠭᠡ ᠠᠷᠪᠠᠨ ᠭᠣᠷᠪᠠᠲᠣᠭᠠᠷ ᠬᠣᠭᠣᠴᠠᠭᠠᠨ᠎ᠤ ᠪᠦᠬᠦ᠎ᠣᠯᠣᠰ᠎ᠤᠨ᠎ᠠᠷᠠᠳ᠎ᠤᠨ᠎ᠲᠦᠯᠦᠭᠡᠯᠡᠭᠴᠢᠳ᠎ᠤᠨ᠎ᠶᠡᠬᠡ᠎ᠬᠣᠷᠠᠯ᠎ᠤᠨᠲᠠᠪᠣᠲᠣᠭᠠᠷ ᠬᠣᠷᠠᠯ 4 ᠤ᠋ ᠦᠲᠡ᠎ᠶᠢᠨ ᠡᠮᠦᠨ᠎ᠡ ᠪᠡᠭᠡᠵᠢᠩ᠎ᠤᠨᠠᠷᠠᠳ᠎ᠤᠨ ᠶᠡᠬᠡ ᠬᠣᠷᠠᠯ᠎ᠤᠨ ᠲᠠᠩᠬᠢᠮ ᠳ᠋ᠦ ᠪᠡᠯᠡᠳᠭᠡᠯ ᠬᠣᠷᠠᠯ ᠬᠢᠪᠠ᠃ ᠪᠦᠬᠦ ᠣᠯᠣᠰ᠎ᠤᠨ ᠠᠷᠠᠳ᠎ᠤᠨ ᠲᠦᠯᠦᠭᠡᠯᠡᠭᠴᠢᠳ᠎ᠤᠨᠶᠡᠬᠡ ᠬᠣᠷᠠᠯ᠎ᠤᠨ ᠪᠠᠢᠩᠭᠣ᠎ᠶᠢᠨ ᠬᠣᠷᠢᠶᠠᠨ᠎ᠤ ᠬᠣᠷᠢᠶᠠᠨ ᠲᠠᠷᠣᠭ᠎ᠠ ᠯᠢ ᠵᠠᠨ ᠱᠦ᠍ ᠬᠣᠷᠠᠯ᠎ᠢ ᠡᠷᠬᠢᠯᠡᠵᠡᠢ᠃ᠬᠣᠷᠠᠯ ᠡᠴᠡ ᠠᠷᠪᠠᠨ ᠭᠣᠷᠪᠠᠲᠣᠭᠠᠷ ᠬᠣᠭᠣᠴᠠᠭᠠᠨ᠎ᠤ ᠪᠦᠬᠦ ᠣᠯᠣᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡᠬᠣᠷᠠᠯ᠎ᠤᠨ ᠲᠠᠪᠣᠲᠣᠭᠠᠷ ᠬᠣᠷᠠᠯ᠎ᠤᠨ ᠲᠡᠷᠢᠬᠦᠯᠡᠭᠴᠢᠳ᠎ᠤᠨ᠎ᠪᠦᠯᠬᠦᠮ᠎ᠪᠣᠯᠣᠨ᠎ᠨᠠᠷᠢᠨ ᠪᠢᠴᠢᠭ᠎ᠤᠨ ᠲᠠᠷᠣᠭ᠎ᠠ᠎ᠶᠢᠰᠣᠩᠭᠣᠨ ᠭᠠᠷᠭᠠᠵᠣ᠂ ᠠᠷᠪᠠᠨ ᠭᠣᠷᠪᠠᠲᠣᠭᠠᠷ ᠬᠣᠭᠣᠴᠠᠭᠠᠨ᠎ᠤ ᠪᠦᠬᠦ ᠣᠯᠣᠰ᠎ᠤᠨ ᠠᠷᠠᠳ᠎ᠤᠨ ᠲᠦᠯᠦᠭᠡᠯᠡᠭᠴᠢᠳ᠎ᠤᠨᠶᠡᠬᠡ ᠬᠣᠷᠠᠯ᠎ᠤᠨ ᠲᠠᠪᠣᠲᠣᠭᠠᠷ ᠬᠣᠷᠠᠯ᠎ᠤᠨ ᠵᠦᠪᠯᠡᠬᠦ ᠵᠦᠢᠯ᠎ᠢ ᠪᠠᠲᠣᠯᠠᠯᠲᠠ ᠬᠢᠵᠦ ᠪᠠᠲᠣᠯᠠᠪᠠ᠃

ᠠᠷᠪᠠᠨ ᠭᠣᠷᠪᠠᠲᠣᠭᠠᠷ ᠬᠣᠭᠣᠴᠠᠭᠠᠨ᠎ᠤ ᠪᠦᠬᠦ ᠣᠯᠣᠰ᠎ᠤᠨ ᠠᠷᠠᠳ᠎ᠤᠨ ᠲᠦᠯᠦᠭᠡᠯᠡᠭᠴᠢᠳ᠎ᠤᠨᠶᠡᠬᠡ ᠬᠣᠷᠠᠯ᠎ᠤᠨ ᠣᠲᠣ ᠪᠠᠢᠭ᠎ᠠ ᠲᠦᠯᠦᠭᠡᠯᠡᠭᠴᠢ 2951 ᠪᠣᠢ᠃ 3 ᠰᠠᠷ᠎ᠠ᠎ᠶᠢᠨ 3᠎ᠤ᠋ ᠡᠳᠦᠷ ᠪᠣᠯᠲᠠᠯ᠎ᠠ᠂ᠶᠡᠬᠡ ᠬᠣᠷᠠᠯ᠎ᠤᠨ ᠨᠠᠷᠢᠨ ᠪᠢᠴᠢᠭ᠎ᠤᠨ ᠭᠠᠵᠠᠷ ᠲᠦ᠍ ᠨᠡᠷ᠎ᠡ ᠮᠡᠳᠡᠬᠦᠯᠦᠭᠰᠡᠨ ᠲᠦᠯᠦᠭᠡᠯᠡᠭᠴᠢ 2801 ᠪᠣᠢ᠃4᠎ᠤ᠋ ᠡᠳᠦᠷ᠎ᠤᠨ ᠪᠡᠯᠡᠳᠭᠡᠯ ᠬᠣᠷᠠᠯ ᠳ᠋ᠦ 2763 ᠬᠦᠮᠦᠨ ᠣᠷᠣᠯᠴᠠᠵᠤ᠂ 188 ᠬᠦᠮᠦᠨ ᠣᠷᠣᠯᠴᠠᠬᠰᠠᠨ ᠦᠭᠡᠢ᠂ᠣᠷᠣᠯᠴᠠᠬᠰᠠᠨ ᠬᠦᠮᠦᠨ᠎ᠤ ᠲᠣᠭ᠎ᠠ ᠬᠠᠣᠯᠢ ᠳ᠋ᠦ ᠲᠣᠬᠲᠠᠭᠠᠬᠰᠠᠨ ᠬᠦᠮᠦᠨ᠎ᠤ ᠲᠣᠭ᠎ᠠ ᠳ᠋ᠦ ᠨᠡᠢᠴᠡᠵᠡᠢ᠃

ᠯᠢ ᠵᠠᠨ ᠱᠦ᠍᠂ ᠠᠷᠪᠠᠨ ᠭᠣᠷᠪᠠᠲᠣᠭᠠᠷ ᠬᠣᠭᠣᠴᠠᠭᠠᠨ᠎ᠤ ᠪᠦᠬᠦ ᠣᠯᠣᠰ᠎ᠤᠨ ᠠᠷᠠᠳ᠎ᠤᠨᠲᠦᠯᠦᠭᠡᠯᠡᠭᠴᠢᠳ᠎ᠤᠨ ᠶᠡᠬᠡ ᠬᠣᠷᠠᠯ᠎ᠤᠨ ᠲᠠᠪᠣᠲᠣᠭᠠᠷ ᠬᠣᠷᠠᠯ 2022 ᠤᠨ᠎ᠤ 3 ᠰᠠᠷ᠎ᠠ ᠶ᠋ᠢᠨ 5᠎ᠤ᠋ ᠡᠳᠦᠷ ᠬᠣᠷᠠᠯᠲᠣᠨ᠎ᠠ᠂ᠶᠡᠬᠡ ᠬᠣᠷᠠᠯ᠎ᠤᠨ ᠡᠯ᠎ᠡ ᠵᠦᠢᠯ᠎ᠤᠨ ᠪᠡᠯᠡᠳᠭᠡᠯ ᠠᠵᠢᠯ ᠴᠦᠮ ᠪᠡᠯᠡᠬᠡᠨ ᠪᠣᠯᠵᠠᠢ ᠭᠡᠵᠦ ᠨᠡᠢᠲᠡᠯᠡᠪᠡ᠃

ᠯᠢ ᠵᠠᠨ ᠱᠦ᠍᠂ ᠠᠷᠪᠠᠨ ᠭᠣᠷᠪᠠᠲᠣᠭᠠᠷ ᠬᠣᠭᠣᠴᠠᠭᠠᠨ᠎ᠤ ᠪᠦᠬᠦ ᠣᠯᠣᠰ᠎ᠤᠨ ᠠᠷᠠᠳ᠎ᠤᠨᠲᠦᠯᠦᠭᠡᠯᠡᠭᠴᠢᠳ᠎ᠤᠨ ᠶᠡᠬᠡ ᠬᠣᠷᠠᠯ᠎ᠤᠨ ᠲᠠᠪᠣᠲᠣᠭᠠᠷ ᠬᠣᠷᠠᠯ᠎ᠤᠨ ᠵᠢᠯᠣᠭᠣᠳᠬᠣ ᠦᠵᠡᠯ ᠰᠠᠨᠠᠭ᠎ᠠ ᠪᠣᠯ᠄ ᠰᠢᠵᠢᠨ ᠫᠢᠩ᠎ᠤᠨ ᠰᠢᠨ᠎ᠡ ᠴᠠᠬ ᠦᠶ᠎ᠡ᠎ᠶᠢᠨ ᠲᠣᠮᠲᠠᠲᠣ ᠣᠯᠣᠰ᠎ᠤᠨ ᠣᠨᠴᠠᠯᠢᠬ ᠲᠠᠢ ᠨᠡᠢᠭᠡᠮ ᠵᠢᠷᠣᠮ᠎ᠤᠨ ᠦᠵᠡᠯ ᠰᠠᠨᠠᠭ᠎ᠠᠪᠡᠷ ᠵᠢᠯᠣᠭᠣᠲᠣᠯᠭ᠎ᠠ ᠪᠣᠯᠭᠠᠵᠦ᠂ ᠨᠠᠮ᠎ᠤᠨ ᠠᠷᠪᠠ ᠶᠢᠰᠦᠲᠦᠭᠡᠷ ᠶᠡᠬᠡ ᠬᠣᠷᠠᠯ ᠪᠣᠯᠣᠨ ᠨᠠᠮ᠎ᠤᠨ ᠠᠷᠪᠠ ᠶᠢᠰᠦᠲᠦᠭᠡᠷᠬᠣᠭᠣᠴᠠᠭᠠᠨ᠎ᠤ ᠲᠦᠪ ᠬᠣᠷᠢᠶᠠᠨ᠎ᠤ ᠤᠳᠠᠭ᠎ᠠ ᠪᠦᠷᠢ᠎ᠶᠢᠨ᠎ᠪᠦᠬᠦᠲᠡ ᠬᠣᠷᠠᠯ᠂ ᠲᠦᠪ᠎ᠤᠨ ᠠᠷᠠᠳ᠎ᠤᠨ ᠲᠦᠯᠦᠭᠡᠯᠡᠭᠴᠢᠳ᠎ᠤᠨᠶᠡᠭᠡ ᠬᠤᠷᠠᠯ᠎ᠤᠨ ᠠᠵᠢᠯ᠎ᠤᠨ ᠬᠣᠷᠠᠯ᠎ᠤᠨ ᠵᠣᠷᠢᠬ ᠰᠠᠨᠠᠭ᠎ᠠ᠎ᠶᠢ ᠪᠦᠬᠦ ᠲᠠᠯ᠎ᠠ ᠪᠡᠷ ᠲᠣᠭᠣᠰᠢᠯᠠᠭᠣᠯᠣᠨ ᠨᠠᠢᠲᠠᠪᠣᠷᠢᠵᠢᠭᠣᠯᠵᠦ᠂ 《ᠲᠦᠷᠪᠡᠨ ᠣᠬᠠᠮᠰᠠᠷ》᠎ᠢ᠋ ᠴᠢᠩᠭᠠᠳᠬᠠᠨ᠂ 《ᠲᠦᠷᠪᠡᠨ ᠢᠲᠡᠭᠡᠯ》ᠶ᠋ᠢᠡᠨ ᠪᠠᠲᠣᠳᠬᠠᠵᠦ᠂ 《ᠬᠣᠶᠠᠷ᠎ᠢ ᠬᠠᠮᠠᠭᠠᠯᠠᠬᠣ》᠎ᠶ᠋ᠢ ᠪᠡᠶᠡᠯᠡᠬᠦᠯᠵᠦ᠂ ᠨᠠᠮ᠎ᠤᠨ ᠣᠲᠣᠷᠢᠲᠣᠯᠭ᠎ᠠ᠎ᠶᠢᠪᠠᠷᠢᠮᠲᠠᠯᠠᠬᠣ᠂ ᠠᠷᠠᠳ ᠲᠦᠮᠡᠨ ᠡᠵᠡᠨ ᠰᠠᠭᠣᠵᠦ ᠡᠷᠬᠡ ᠮᠡᠳᠡᠬᠦ᠂ ᠬᠠᠣᠯᠢ ᠪᠡᠷ ᠣᠯᠣᠰ ᠶ᠋ᠢᠡᠨ ᠵᠠᠰᠠᠬᠣ᠎ᠶᠢᠣᠷᠭᠠᠨᠢᠬ ᠶ᠋ᠢᠡᠷ ᠨᠢᠭᠡᠳᠭᠡᠨ᠂ ᠠᠷᠠᠳ᠎ᠤᠨ ᠲᠦᠯᠦᠭᠡᠯᠡᠭᠴᠢᠳ᠎ᠤᠨ ᠶᠡᠬᠡ ᠬᠣᠷᠠᠯ᠎ᠤᠨ ᠪᠠᠢᠭᠤᠯᠤᠯ᠎ᠢ ᠪᠠᠷᠢᠮᠲᠠᠯᠠᠨᠲᠡᠬᠦᠯᠲᠡᠷᠵᠢᠬᠦᠯᠵᠦ᠂ ᠪᠦᠬᠦ ᠶᠠᠪᠣᠴᠠ᠎ᠶᠢᠨ ᠠᠷᠠᠳ᠎ᠤᠨ ᠠᠷᠠᠳᠴᠢᠯᠠᠯ᠎ᠢ ᠲᠠᠰᠣᠷᠠᠯᠲᠠ ᠦᠭᠡᠢ ᠬᠦᠭᠵᠢᠬᠦᠯᠵᠦ᠂ᠨᠠᠮ ᠪᠠ ᠣᠯᠣᠰ᠎ᠤᠨ ᠠᠵᠢᠯ᠎ᠤᠨ ᠶᠡᠬᠡ ᠲᠠᠯ᠎ᠠ᠎ᠶᠢᠨ ᠲᠣᠭᠣᠷᠢᠨ ᠳ᠋ᠦ᠂ ᠦᠨᠳᠦᠰᠦᠨ ᠬᠠᠣᠯᠢ ᠪᠣᠯᠣᠨ ᠬᠠᠣᠯᠢ ᠴᠠᠭᠠᠵᠠᠡᠴᠡ ᠣᠯᠭᠣᠬᠰᠠᠨ ᠡᠬᠦᠷᠭᠡ ᠬᠠᠷᠢᠭᠣᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠦ᠂ ᠶᠡᠬᠡ ᠬᠣᠷᠠᠯ᠎ᠤᠨ ᠡᠯ᠎ᠡᠵᠦᠢᠯ᠎ᠤᠨ ᠡᠬᠦᠷᠭᠡ᠎ᠶᠢ ᠠᠮᠵᠢᠯᠲᠠ ᠲᠠᠢ ᠪᠡᠶᠡᠯᠡᠬᠦᠯᠵᠦ᠂ ᠶᠡᠬᠡ ᠬᠣᠷᠠᠯ᠎ᠢ ᠠᠷᠠᠳᠴᠢᠯᠠᠯ ᠲᠠᠢ᠂ ᠪᠦᠯᠬᠦᠮᠳᠡᠯᠲᠠᠢ᠂ᠦᠨᠡᠨ᠎ᠢ ᠪᠠᠷᠢᠮᠲᠠᠯᠠᠬᠰᠠᠨ᠂ ᠡᠷᠡᠮᠡᠬᠡᠢᠯᠡᠨ ᠣᠷᠣᠬᠰᠢᠯᠠᠬᠰᠠᠨ ᠶᠡᠬᠡ ᠬᠣᠷᠠᠯ ᠪᠣᠯᠭᠠᠨ ᠬᠣᠷᠠᠯᠲᠣᠭᠣᠯᠵᠦ᠂ᠪᠦᠬᠦ ᠣᠯᠣᠰ᠎ᠤᠨ ᠦᠨᠳᠦᠰᠦᠲᠡᠨ ᠨᠣᠬᠦᠳ᠎ᠤᠨ ᠠᠷᠠᠳ ᠲᠦᠮᠡᠨ᠎ᠢ ᠲᠠᠢᠴᠢᠯᠠᠨ ᠰᠢ ᠵᠢᠨ ᠫᠢᠩ ᠨᠦᠬᠦᠷ ᠶ᠋ᠢᠡᠷ ᠭᠣᠣᠯᠪᠣᠯᠭᠠᠬᠰᠠᠨ ᠨᠠᠮ᠎ᠤᠨ ᠲᠦᠪ ᠬᠣᠷᠢᠶᠠᠨ᠎ᠤ ᠲᠣᠭᠣᠷᠢᠨ ᠳ᠋ᠦ ᠨᠢᠬᠲᠠᠷᠠᠨ ᠪᠦᠯᠬᠦᠮᠳᠡᠬᠦᠯᠵᠦ᠂᠎ᠬᠦᠴᠢᠷ᠎ᠢ᠎ᠲᠤᠭᠤᠯᠤᠨ᠎ᠪᠡᠷᠬᠡ᠎ᠶᠢ᠎ᠳᠠᠪᠠᠵᠦ᠂᠎ᠵᠠᠮ ᠨᠡᠭᠡᠭᠡᠨ ᠣᠷᠣᠬᠰᠢᠯᠠᠵᠦ᠂ ᠨᠡᠢᠭᠡᠮ ᠵᠢᠷᠣᠮ᠎ᠤᠨ ᠣᠲᠣᠬᠢᠴᠢᠯᠠᠬᠰᠠᠨ ᠣᠯᠣᠰ᠎ᠢ ᠪᠦᠬᠦᠲᠠᠯ᠎ᠠ ᠪᠡᠷ ᠪᠦᠲᠦᠭᠡᠨ ᠪᠠᠢᠭᠣᠯᠵᠦ᠂ ᠰᠢᠨ᠎ᠡ ᠴᠠᠬ ᠦᠶ᠎ᠡ᠎ᠶᠢᠨ ᠲᠣᠮᠲᠠᠲᠣ ᠣᠯᠣᠰ᠎ᠤᠨ ᠣᠨᠴᠠᠯᠢᠬ ᠲᠠᠢ ᠨᠡᠢᠭᠡᠮᠵᠢᠷᠣᠮ᠎ᠤᠨ ᠠᠭᠣᠣ ᠶᠡᠬᠡ ᠢᠯᠠᠯᠲᠠ᠎ᠶᠢ ᠲᠡᠮᠡᠴᠡᠨ ᠣᠯᠵᠦ᠂ ᠲᠣᠮᠲᠠᠲᠣ᠎ᠶᠢᠨ ᠦᠨᠳᠦᠰᠦᠲᠡᠨ᠎ᠤ ᠠᠭᠣᠣ ᠶᠡᠬᠡ ᠰᠡᠷᠬᠦᠨᠮᠠᠨᠲᠣᠯᠲᠠ᠎ᠶᠢᠨ ᠲᠣᠮᠲᠠᠲᠣ᠎ᠶᠢᠨ ᠵᠡᠬᠦᠲᠦ᠎ᠶᠢ ᠲᠡᠷᠭᠡᠯᠰᠢᠬᠦᠯᠬᠦ ᠪᠡᠷ ᠴᠣᠴᠠᠯᠲᠠ ᠦᠭᠡᠢ ᠴᠢᠷᠮᠠᠢᠵᠦ᠂ ᠪᠣᠲᠠᠲᠣᠠᠵᠢᠯᠯᠠᠭ᠎ᠠ ᠪᠡᠷ ᠶ᠋ᠢᠡᠨ ᠨᠠᠮ᠎ᠤᠨ ᠬᠣᠷᠢᠲᠣᠭᠠᠷ ᠶᠡᠬᠡ ᠬᠣᠷᠠᠯ᠎ᠤᠨ ᠠᠮᠵᠢᠯᠲᠠ ᠲᠠᠢ ᠬᠣᠷᠠᠯᠲᠣᠬᠣ᠎ᠶᠢ ᠣᠬᠲᠣᠬᠣᠬᠡᠷᠡᠭᠲᠡᠢ ᠭᠡᠵᠦ ᠵᠢᠭᠠᠵᠦ ᠭᠠᠷᠭᠠᠪᠠ᠃

ᠪᠡᠯᠡᠳᠭᠡᠯ᠎ᠬᠤᠷᠠᠯ᠎ᠨᠢ᠎ᠪᠠᠲᠤᠯᠠᠯᠲᠠ᠎ᠬᠢᠬᠦ᠌᠎ᠪᠡᠷ᠎ᠲᠠᠮᠵᠢᠵᠤ᠂᠎ᠠᠷᠪᠠᠨ᠎ᠭᠤᠷᠪᠠᠳᠤᠭᠠᠷᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢ ᠰᠣᠩᠭᠣᠨ ᠭᠠᠷᠭᠠᠪᠠ᠃ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 175 ᠬᠥᠮᠦᠨ᠎ᠢᠶᠡᠷ ᠪᠦᠷᠢᠯᠳᠦᠵᠦ᠍᠂ ᠸᠠᠩ ᠴᠧᠨ ᠶᠡᠬᠡᠬᠤᠷᠠᠯ᠎ᠤᠨ ᠨᠠᠷᠢᠨ ᠪᠢᠴᠢᠭ᠎ᠦᠨ ᠳᠠᠷᠤᠭ᠎ᠠ᠎ᠪᠠᠷ ᠰᠣᠩᠭᠣᠭ᠍ᠳᠠᠵᠠᠢ ᠃

ᠪᠠᠳᠤᠯᠠᠯᠲᠠ ᠬᠢᠵᠦ ᠪᠠᠲᠤᠯᠠᠭ᠍ᠰᠠᠨ ᠬᠤᠷᠠᠯ᠎ᠤᠨ ᠵᠦᠪᠯᠡᠬᠦ ᠵᠦᠢᠯ ᠎ᠢ ᠦᠨᠳᠦᠰᠦᠯᠡᠪᠡᠯ᠂ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨᠲᠠᠪᠤᠳᠤᠭᠠᠷ ᠬᠤᠷᠠᠯ᠎ᠨᠢ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠵᠦ᠂ 2021 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨᠪᠠᠢᠳᠠᠯ ᠬᠢᠭᠡᠳ 2022 ᠣᠨ ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠮᠡᠳᠡᠭᠦᠯᠦᠯᠲᠡ᠂ 2022 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠵᠤ᠂ 2021 ᠣᠨ ᠎ᠤ ᠲᠥᠪ ᠎ᠦᠨ ᠪᠠ ᠣᠷᠣᠨ ᠨᠤᠲᠤᠭ᠎ᠤᠨ ᠲᠥᠰᠦᠪ᠎ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ ᠎ᠦᠨ ᠲᠥᠰᠦᠯ᠎ᠦᠨᠮᠡᠳᠡᠭᠦᠯᠦᠯᠲᠡ᠂ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠬᠤ ᠬᠠᠤᠯᠢ ( ᠵᠠᠰᠠᠪᠤᠷᠢᠣᠷᠣᠭᠤᠯᠬᠤ ᠲᠥᠰᠦᠯ)》 ᠵᠢᠲᠡᠪᠰᠢᠭᠦᠯᠦᠨ ᠬᠢᠨᠠᠨ ᠵᠦᠪᠯᠡᠭᠦᠯᠬᠦ᠌ ᠲᠤᠬᠠᠢ ᠰᠠᠨᠠᠯ ᠵᠥᠪᠯᠡᠯᠭᠡ᠎ᠶ᠋ᠢ ᠬᠢᠨᠠᠨ ᠵᠦᠪᠯᠡᠵᠦ᠂ ᠪᠦᠬᠦ᠌ ᠤᠯᠤᠰ᠎ᠤᠨᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ 《ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ ᠎ᠤᠨᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠲᠣᠭ᠎ᠠ ᠪᠣᠯᠤᠨ ᠰᠣᠩᠭᠣᠭᠤᠯᠢ᠎ᠶ᠋ᠢᠨ ᠠᠰᠠᠭᠤᠳᠠᠯ᠎ᠤᠨ ᠲᠤᠬᠠᠢ ᠲᠣᠭ᠍ᠲᠠᠭᠠᠯ ( ᠲᠥᠰᠦᠯ ) 》 ᠎ᠢ᠋ ᠲᠡᠪᠰᠢᠭᠦᠯᠦᠨ ᠬᠢᠨᠠᠨ ᠵᠦᠪᠯᠡᠭᠦᠯᠬᠦ᠌ ᠲᠤᠬᠠᠢ ᠰᠠᠨᠠᠯ ᠵᠥᠪᠯᠡᠯᠭᠡ᠎ᠶ᠋ᠢᠬᠢᠨᠠᠨ ᠵᠦᠪᠯᠡᠵᠦ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨᠬᠣᠷᠢᠶᠠᠨ᠎ᠤ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ (ᠲᠥᠰᠦᠯ)》 ᠵᠢ ᠲᠡᠪᠰᠢᠭᠦᠯᠦᠨ᠎ᠬᠢᠨᠠᠨ᠎ᠵᠦᠪᠯᠡᠭᠦᠯᠬᠦ᠌᠎ᠲᠤᠬᠠᠢ᠎ᠰᠠᠨᠠᠯ᠎ᠵᠥᠪᠯᠡᠯᠭᠡ᠎ᠶ᠋ᠢ᠎ᠬᠢᠨᠠᠨ᠎ᠵᠦᠪᠯᠡᠵᠦ᠂᠎ᠪᠦᠬᠦ᠌᠎ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ 《ᠪᠦᠬᠦᠳᠡ ᠨᠠᠢᠷᠠᠮᠳᠠᠬᠤᠳᠤᠮᠳᠠᠳᠤ ᠠᠷᠠᠳ ᠤᠯᠤᠰ᠎ᠤᠨ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ (ᠲᠥᠰᠦᠯ)》 ᠶ᠋ᠢ ᠲᠡᠪᠰᠢᠭᠦᠯᠦᠨ ᠬᠢᠨᠠᠨ ᠵᠦᠪᠯᠡᠭᠦᠯᠬᠦ᠌ ᠲᠤᠬᠠᠢ ᠰᠠᠨᠠᠯ ᠵᠥᠪᠯᠡᠯᠭᠡ᠎ᠶ᠋ᠢ ᠬᠢᠨᠠᠨᠵᠦᠪᠯᠡᠵᠦ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤᠠᠵᠢᠯ᠎ᠤᠨ ᠮᠡᠳᠡᠭᠦᠯᠦᠯᠲᠡ ᠵᠢ ᠬᠢᠨᠠᠨ ᠵᠦᠪᠯᠡᠵᠦ᠂ ᠠᠷᠠᠳ᠎ᠤᠨ ᠳᠡᠭᠡᠳᠦ ᠱᠢᠭᠦᠬᠦ᠌ ᠬᠣᠷᠢᠶᠠᠨ᠎ᠤ ᠠᠵᠢᠯ᠎ᠤᠨ ᠮᠡᠳᠡᠭᠦᠯᠦᠯᠲᠡᠵᠢ ᠬᠢᠨᠠᠨ ᠵᠦᠪᠯᠡᠵᠦ᠂ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ ᠵᠢ ᠬᠢᠨᠠᠨᠵᠦᠪᠯᠡᠨ᠎ᠡ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨᠪᠠᠢᠩᠭᠤ᠎ᠶ᠋ᠢᠨ ᠬᠣᠷᠢᠶᠠᠨ᠎ᠤ ᠳᠡᠳ᠋ ᠬᠤᠷᠢᠶᠠᠨ ᠳᠠᠷᠤᠭ᠎ᠠ ᠸᠠᠩ ᠴᠧᠨ᠂ ᠼᠤᠤ ᠵᠢᠶᠠᠨ ᠮᠢᠩ᠂ ᠵᠠᠩ ᠴᠦᠨ ᠱᠢᠶᠠᠨ᠂ᠱᠸᠨ ᠶᠤᠸᠠᠢ ᠶᠤᠸᠠᠢ᠂ ᠵᠶ᠋ᠢ ᠪᠢᠩ ᠱᠢᠤᠸᠠᠨ᠂ ᠠᠢ᠌ᠯᠢᠭ᠌ᠸᠩ·ᠢᠮᠢᠩᠪᠠᠬᠠᠢ᠂ ᠸᠠᠨ ᠧ ᠱᠢᠶᠠᠩ᠂ᠴᠧᠨ ᠵᠦ᠍᠂ ᠸᠠᠩ ᠳ᠋ᠦᠩ ᠮᠢᠩ᠂ ᠪᠠᠳᠮᠠᠫᠸᠷᠠᠩᠯᠠᠢ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠦ᠋ᠸᠧᠢ ᠬᠤᠸᠠ᠂ ᠨᠠᠷᠢᠨ ᠪᠢᠴᠢᠭ᠎ᠦᠨ ᠳᠠᠷᠤᠭ᠎ᠠ ᠶᠠᠩ ᠵᠧᠨ ᠦ᠋ ᠬᠤᠷᠠᠯ᠎ᠳᠤ ᠣᠷᠣᠯᠴᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面