2022-03-05 09:07:10
ᠱᠢᠨ᠎ᠡ ᠠᠶᠠᠨ ᠳ᠋ᠠᠭᠠᠨ ᠲᠡᠮᠡᠴᠡᠯ᠎ᠦᠨ ᠬᠦᠴᠦᠨ᠎ᠢ ᠨᠢᠭ᠍ᠲᠠᠷᠠᠭᠤᠯᠵᠤ ᠱᠢᠨ᠎ᠡ ᠢᠷᠠᠭᠤ ᠬᠠᠭᠤᠳᠠᠰᠤ᠎ᠶ᠋ᠢ ᠪᠢᠴᠢᠭ᠌ᠯᠡᠰᠦᠬᠡᠢ
ᠲᠦᠮᠡᠨ ᠭᠠᠵᠠᠷ᠎ᠤᠨ ᠠᠭᠤᠯᠠ ᠤᠰᠤᠨ᠎ᠠ ᠬᠠᠪᠤᠷ᠎ᠤᠨ ᠤᠷᠢ ᠰᠠᠭᠠᠳᠠᠵᠤ ᠠᠮᠢᠵᠢᠷᠠᠯᠤᠨᠬᠦᠴᠦᠨᠢᠶᠡᠷ ᠪᠢᠯᠬᠠᠨ᠎ᠠ᠃ ᠡᠨᠡ ᠡᠳᠦᠷ᠂ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ᠎ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠡᠭᠡᠵᠢᠩ᠎ᠳᠦ ᠡᠬᠢᠯᠡᠪᠡ᠃ 3000 ᠱᠢᠬᠠᠮ ᠪᠦᠬᠦ᠌ᠤᠯᠤᠰᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠠᠷᠠᠳ ᠲᠦᠮᠡᠨ᠎ᠦ ᠬᠦᠨᠳᠦ ᠨᠠᠢᠳᠠᠯᠭᠠᠶ᠋ᠢᠡᠭᠦᠷᠭᠡᠯᠡᠵᠦ᠍᠂ ᠬᠠᠤᠯᠢ ᠶᠣᠰᠣᠭᠠᠷ ᠡᠷᠬᠡ ᠲᠤᠱᠢᠶᠠᠯ᠎ᠢᠶᠠᠨ ᠬᠡᠷᠡᠭ᠌ᠵᠢᠭᠦᠯᠵᠦ᠍᠂ ᠥᠭᠡᠷᠡᠴᠢᠯᠡᠯᠲᠡ ᠬᠥᠭ᠌ᠵᠢᠯᠲᠡᠲᠣᠭ᠍ᠲᠠᠭᠤᠨᠤ ᠶᠡᠬᠡ ᠪᠤᠳᠤᠯᠭ᠎ᠠ᠎ᠶ᠋ᠢ ᠬᠠᠮᠲᠤ ᠪᠠᠷ ᠵᠥᠪᠯᠡᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨᠤᠯᠤᠰᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠬᠠᠭᠤᠳᠠᠰᠤ᠎ᠶ᠋ᠢ ᠬᠠᠮᠲᠤ ᠪᠠᠷ ᠪᠢᠴᠢᠭ᠌ᠯᠡᠬᠦᠪᠤᠯᠤᠨᠠ᠃ ᠪᠢᠳᠡ ᠶᠡᠬᠡ ᠬᠤᠷᠠᠯ᠎ᠤᠨ ᠬᠤᠷᠠᠯᠳᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ !
ᠲᠡᠦᠬᠡ᠎ᠶ᠋ᠢ ᠳ᠋ᠦᠩᠨᠡᠨ ᠥᠩᠭᠡᠷᠡᠭ᠌ᠰᠡᠨ᠎ᠢᠶᠡᠨ ᠡᠷᠭᠢᠴᠡᠭᠦᠯᠵᠦ᠍᠂ ᠲᠡᠦᠬᠡᠳᠦᠬᠦᠨᠳᠦᠳᠭᠡᠯ ᠳᠡᠪᠱᠢᠭᠦᠯᠤᠨ ᠢᠷᠡᠭᠡᠳᠦᠢ ᠪᠠᠨ ᠪᠠᠷᠠᠯᠠᠬᠤ ᠳ᠋ᠤ᠂ ᠥᠩᠭᠡᠷᠡᠭ᠌ᠰᠡᠨ ᠨᠢᠭᠡ ᠵᠢᠯ ᠬᠡᠵᠥ ᠶᠡᠷᠦ᠍ᠪᠤᠰᠤᠶ᠋ᠢᠨ ᠠᠴᠢ ᠬᠣᠯᠪᠣᠭ᠍ᠳᠠᠯ᠎ᠲᠠᠶ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨᠵᠠᠭᠤᠨ ᠵᠢᠯ᠎ᠦᠨ ᠤᠢ᠎ᠶ᠋ᠢ ᠦᠪᠡᠳᠡᠭ᠌ᠰᠢ ᠶᠡᠬᠡᠪᠡᠷ ᠪᠡᠯᠭᠡᠯᠡᠵᠦ᠍᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠢ ᠠᠮᠵᠢᠯᠲᠠ᠎ᠲᠠᠶ ᠬᠤᠷᠠᠯᠳᠤᠭᠤᠯᠤᠭ᠍ᠰᠠᠨ ᠪᠥᠭᠡᠳ ᠭᠤᠷᠪᠠᠳᠤᠭᠠᠷᠲᠡᠦᠬᠡᠨᠱᠢᠢᠳᠪᠦᠷᠢᠵᠢᠭᠠᠷᠭᠠᠵᠤ᠂ᠨᠠᠮᠤᠨᠲᠡᠦᠬᠡᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ᠍᠂ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨᠤᠢᠯᠠᠯᠲᠠᠶ᠋ᠢ ᠣᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠪᠡ᠂ ᠪᠢᠳᠠ ᠨᠠᠮ ᠪᠣᠯᠤᠨ ᠤᠯᠤᠰᠤᠨᠲᠡᠦᠬᠡᠨ ᠳᠡᠭᠡᠷᠡᠬᠢ ᠬᠥᠱᠢᠢ᠎ᠡ ᠳᠤᠷᠠᠰᠭᠠᠯ᠎ᠤᠨ ᠠᠴᠢ ᠬᠣᠯᠪᠣᠭ᠍ᠳᠠᠯ᠎ᠲᠠᠶ ᠶᠡᠬᠡ ᠶᠠᠪᠤᠳᠠᠯ᠎ᠢ ᠪᠡᠶᠡᠴᠢᠯᠡᠨᠥᠩᠭᠡᠷᠡᠭᠦᠯᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠬᠰᠢᠯᠠᠬᠤ ᠱᠢᠨ᠎ᠡ ᠠᠶᠠᠨᠢᠶᠠᠨᠡᠬᠢᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠᠳᠤᠬᠡᠷᠡᠯ ᠰᠠᠴᠤᠷᠠᠩᠭᠤᠢ ᠬᠠᠭᠤᠳᠠᠰᠤ᠎ᠶ᠋ᠢ ᠪᠢᠴᠢᠭ᠌ᠯᠡᠪᠡ᠃ ᠵᠠᠭᠤᠨ ᠵᠢᠯ᠎ᠦᠨ ᠬᠤᠪᠢᠰᠤᠯᠲᠠ ᠪᠠ ᠡᠷᠢᠨ ᠵᠠᠭᠤᠨᠤᠬᠢᠵᠢᠭᠦᠨ ᠪᠠᠢᠳᠠᠯ ᠰᠤᠯᠪᠢᠴᠠᠨ ᠲᠠᠪᠬᠤᠴᠠᠵᠤ᠂ ᠲᠦᠢᠯ᠎ᠤᠨ ᠬᠦᠨᠳᠤ ᠨᠦᠰᠡᠷ ᠬᠠᠳᠠᠭᠤ ᠪᠡᠷᠬᠡᠰᠢᠶᠡᠯᠳᠡᠢ ᠤᠯᠤᠰᠤᠨᠳᠣᠲᠣᠭᠠᠳᠤᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡᠶ᠋ᠢᠨᠡᠯᠡ ᠵᠦᠶ᠋ᠯ᠎ᠦᠨ ᠡᠭᠦᠷᠭᠡ᠎ᠶ᠋ᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪᠬᠣᠷᠢᠶᠡ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤᠬᠦᠨᠳᠦ ᠡᠭᠦᠷᠭᠡ᠎ᠶ᠋ᠢ ᠡᠭᠦᠷᠭᠡᠯᠡᠵᠦ᠍᠂ ᠪᠡᠷᠭᠡ ᠵᠢ ᠲᠠᠪᠠᠨ ᠬᠦᠴᠢᠷ᠎ᠢ ᠲᠤᠭᠤᠯᠵᠤ᠂ ᠡᠷᠡᠮᠡᠬᠡᠢᠯᠡᠨ ᠤᠷᠤᠭ᠍ᠰᠢᠯᠠᠵᠤ᠂ᠨᠠᠮ ᠪᠠ ᠤᠯᠤᠰ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠴᠢᠬᠤᠯᠠ ᠶᠡᠬᠡ ᠱᠢᠨ᠎ᠡ ᠠᠮᠵᠢᠯᠲᠠ ᠤᠯᠬᠤ᠎ᠶ᠋ᠢ ᠠᠬᠢᠭᠤᠯᠵᠥ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠦᠨ᠂ ᠳᠤᠮᠳᠠᠳᠤ ᠤᠯᠤᠰ᠎ᠤᠨ ᠡᠪ ᠬᠠᠮᠲᠤᠨᠠᠮᠤᠨ ᠤᠳᠤᠷᠢᠳᠤᠯᠭ᠎ᠠ ᠪᠣᠯᠤᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠪᠠᠢᠭᠤᠯᠤᠯᠤᠨᠢᠯᠡᠳᠲᠡ ᠳᠠᠪᠠᠭᠤᠯᠢᠭ᠎ᠢ ᠢᠯᠡᠷᠡᠭᠦᠯᠵᠥ᠂ ᠲᠦᠭ ᠲᠦᠮᠡᠨ ᠠᠷᠠᠳ ᠲᠦᠮᠡᠨ᠎ᠦ ᠱᠢᠨ᠎ᠡ ᠠᠶᠠᠨ ᠳ᠋ᠠᠭᠠᠨ ᠡᠷᠡᠮᠡᠬᠡᠢᠯᠡᠨᠤᠷᠤᠭ᠍ᠰᠢᠯᠠᠵᠥ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ᠎ᠳᠤ ᠬᠦᠴᠦᠷᠬᠡᠭ ᠶᠡᠬᠡ ᠢᠲᠡᠭᠡᠯ ᠵᠣᠷᠢᠭ ᠪᠠᠬᠦᠴᠦᠨ ᠴᠢᠳᠠᠯ ᠨᠡᠮᠡᠷᠢᠯᠡᠪᠡ᠃
ᠥᠩᠭᠡᠷᠡᠭ᠌ᠰᠡᠨ ᠨᠢᠭᠡ ᠵᠢᠯ᠎ᠳᠦ᠂ ᠨᠠᠮ᠎ᠤᠨ ᠲᠥᠪ ᠬᠣᠷᠢᠶ᠎ᠠ ᠠᠩᠬ᠎ᠠ ᠤᠳᠠᠭᠠᠠᠷᠠᠳᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠬᠤᠷᠠᠯ ᠬᠤᠷᠠᠯᠳᠤᠭᠤᠯᠵᠤ᠂ ᠱᠢᠨ᠎ᠡ ᠴᠠᠭ ᠦᠶᠡᠶ᠋ᠢᠨᠠᠷᠠᠳᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠯᠲᠠᠶ᠋ᠢᠨᠴᠢᠭ᠌ᠯᠡᠯᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠨᠠᠮ᠎ᠤᠨ ᠲᠥᠪ ᠬᠣᠷᠢᠶᠠᠨ᠎ᠤ ᠪᠠᠲᠤ ᠴᠢᠩᠭᠠᠤᠳᠤᠷᠢᠳᠤᠯᠭᠠ ᠳᠤᠤᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨᠦᠪᠠᠢᠩᠭᠤᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭᠲᠠᠶᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠳᠠᠯᠠᠵᠤ᠂ ᠨᠠᠮ᠎ᠤᠨ ᠲᠥᠪᠬᠣᠷᠢᠶᠠᠨᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠴᠢᠩᠭ᠎ᠠ ᠳᠠᠭᠠᠵᠤ᠂ ᠠᠷᠠᠳᠣᠯᠠᠨᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠲᠡᠶ ᠨᠢᠭ᠍ᠲᠠ ᠤᠶᠠᠯᠳᠤᠭᠤᠯᠵᠤ᠂ ᠤᠯᠤᠰ᠎ᠤᠨ ᠵᠠᠰᠠᠯᠲᠠᠶ᠋ᠢᠨᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠬᠡᠷᠡᠭ᠌ᠴᠡᠭᠡ ᠱᠠᠭᠠᠷᠳᠠᠯᠭᠠᠲᠠᠶᠨᠢᠭ᠍ᠲᠠ ᠤᠶᠠᠯᠳᠤᠭᠤᠯᠵᠤ᠂ ᠦᠨᠳᠦᠰᠦᠨ ᠬᠠᠤᠯᠢ᠎ᠶ᠋ᠢᠨ ᠬᠣᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠲᠦᠷᠢᠮᠢᠤᠯᠠᠮ ᠴᠢᠨᠠᠬᠰᠢᠳᠠ ᠲᠡᠭᠦᠯᠳᠡᠷᠵᠢᠭᠦᠯᠵᠤ᠂ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠲᠠᠶ ᠤᠶᠠᠯᠳᠤᠭᠤᠯᠤᠨᠬᠠᠤᠯᠢ ᠲᠣᠭ᠍ᠲᠠᠭᠠᠬᠤ ᠪᠠ ᠬᠠᠤᠯᠢ᠎ᠳᠤ ᠵᠠᠰᠠᠪᠤᠷᠢ ᠣᠷᠣᠭᠤᠯᠬᠤ ᠠᠯᠬᠤᠭ᠎ᠠ᠎ᠶ᠋ᠢ ᠲᠦᠷᠭᠡᠳᠭᠡᠵᠤ᠂ ᠬᠠᠤᠯᠢ ᠶᠣᠰᠣᠭᠠᠷᠬᠢᠨᠠᠯᠲᠠ ᠲᠠᠯᠪᠢᠬᠤ᠂ ᠬᠢᠨᠠᠯᠲᠠ ᠲᠠᠯᠪᠢᠬᠤ ᠡᠷᠴᠢᠮ ᠪᠠ ᠪᠣᠳᠠᠲᠤ ᠦᠷ᠎ᠡ ᠪᠦᠲᠦᠮᠵᠢ᠎ᠶ᠋ᠢ ᠴᠢᠩᠭᠠᠳᠬᠠᠵᠤ᠂ ᠠᠷᠠᠳ᠎ᠤᠨ᠎ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠷᠠᠳ᠎ᠤᠨ᠎ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠢ ᠪᠦᠬᠦ᠌ ᠲᠠᠯ᠎ᠠ᠎ᠪᠠᠷ ᠠᠬᠢᠭᠤᠯᠵᠤ᠂ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠲᠤᠰ ᠪᠡᠶ᠎ᠡ᠎ᠶ᠋ᠢᠨ ᠪᠠᠢᠭᠤᠯᠤᠯᠲᠠᠶ᠋ᠢᠴᠢᠩᠭᠠᠳᠭᠠᠵᠤ᠂ ᠡᠯ᠎ᠡ ᠵᠦᠢᠯ᠎ᠦᠨ ᠠᠵᠢᠯ ᠴᠥᠮ ᠱᠢᠨ᠎ᠡ ᠠᠬᠢᠴᠠ᠎ᠲᠠᠶ ᠪᠣᠯᠵᠤ᠂ ᠨᠠᠮ ᠪᠠ ᠠᠷᠠᠳ ᠲᠦᠮᠡᠨ᠎ᠦ ᠠᠭᠤᠤᠶᠡᠬᠡ ᠦᠶ᠋ᠯᠡᠰ᠎ᠢ ᠠᠬᠢᠭᠤᠯᠬᠤ ᠳᠤᠮᠳᠠᠠᠷᠠᠳᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠷᠢᠭᠤᠴᠠᠯᠭ᠎ᠠ᠎ᠡᠭᠦᠷᠭᠡᠯᠡᠯ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠪᠡ᠃
ᠪᠠᠢᠭᠤᠯᠤᠯ ᠲᠣᠭ᠍ᠲᠠᠭᠤᠨ ᠪᠣᠯ ᠤᠯᠤᠰ ᠣᠷᠣᠨ ᠲᠣᠭ᠍ᠲᠠᠭᠤᠨ᠂ ᠪᠠᠢᠭᠤᠯᠤᠯ ᠴᠢᠩᠭᠠᠪᠣᠯ ᠤᠯᠤᠰ ᠣᠷᠣᠨ ᠬᠦᠴᠦᠷᠬᠡᠭ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷᠪᠥᠬᠥᠳᠡ ᠬᠤᠷᠠᠯ᠎ᠡᠴᠡ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨᠲᠤᠷᠱᠢᠯᠭᠠᠶ᠋ᠢ ᠪᠥᠬᠥ᠌ ᠲᠠᠯ᠎ᠠ᠎ᠪᠠᠷ ᠳ᠋ᠦᠩᠨᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮᠤᠨᠪᠠᠢᠭᠤᠯᠤᠯᠤᠨ ᠢᠲᠡᠭᠡᠯ᠎ᠢ ᠪᠠᠲᠤᠳᠭᠠᠬᠤ᠎ᠳᠤ ᠡᠩ ᠲᠡᠷᠢᠭᠦᠨ᠎ᠳᠦ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮᠵᠢᠷᠤᠮ᠎ᠤᠨ ᠤᠯᠤᠰ ᠲᠥᠷᠥ᠎ᠶ᠋ᠢᠨ ᠪᠠᠢᠭᠤᠯᠤᠯ᠎ᠤᠨ ᠢᠲᠡᠭᠡᠯ᠎ᠢ ᠪᠠᠲᠤᠳᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠮᠠᠨ᠎ᠤ ᠨᠠᠮ᠎ᠤᠨ ᠠᠷᠠᠳ ᠲᠦᠮᠡᠨ᠎ᠢ ᠤᠳᠤᠷᠢᠳᠤᠨᠬᠥᠮᠦᠨ ᠲᠥᠷᠥᠯᠬᠢᠲᠡᠨ᠎ᠦ ᠤᠯᠤᠰ ᠲᠦᠷᠦ᠍᠎ᠶ᠋ᠢᠨ ᠪᠠᠢᠭᠤᠯᠤᠯ᠎ᠤᠨ ᠲᠡᠦᠬᠡᠨ ᠳᠡᠭᠡᠷᠡᠬᠢ ᠠᠭᠤᠤ ᠶᠡᠬᠡ ᠡᠭᠦᠳᠦᠯᠲᠡᠮᠥᠨ᠂ ᠮᠠᠨ᠎ᠤ ᠤᠯᠤᠰ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠲᠡᠦᠬᠡ ᠴᠢᠨᠠᠭ᠍ᠰᠢᠯᠠᠪᠠᠯ ᠳᠡᠯᠡᠬᠡᠢᠶ᠋ᠢᠨᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠴᠣᠱᠢᠨᠡ ᠤᠯᠤᠰ ᠲᠦᠷᠦ᠍᠎ᠶ᠋ᠢᠨ ᠪᠠᠢᠭᠤᠯᠤᠯ ᠮᠥᠨ᠂ ᠲᠡᠷᠡ᠎ᠨᠢ ᠨᠠᠮ᠎ᠤᠨ ᠠᠷᠠᠳ ᠲᠦᠮᠡᠨ᠎ᠢ ᠤᠳᠤᠷᠢᠳᠤᠨ ᠠᠵᠤ ᠠᠬᠤᠢᠶ᠋ᠢᠨᠲᠦᠷᠭᠡᠨ ᠬᠥᠭ᠌ᠵᠢᠯᠲᠡ᠎ᠶ᠋ᠢᠨ ᠭᠠᠢᠬᠠᠮᠱᠢᠭ ᠪᠠ ᠨᠡᠢᠭᠡᠮ᠎ᠦᠨ ᠤᠷᠳᠤ ᠬᠤᠭᠤᠴᠠᠭᠠᠨ᠎ᠤ ᠲᠣᠭ᠍ᠲᠠᠭᠤᠨ ᠪᠠᠢᠳᠠᠯᠤᠨᠭᠠᠢᠬᠠᠮᠱᠢᠭᠢ ᠡᠭᠦᠳᠬᠦ᠌᠎ᠳᠦ ᠴᠢᠬᠤᠯᠠ ᠪᠠᠢᠭᠤᠯᠤᠯ᠎ᠤᠨ ᠪᠠᠲᠤᠯᠠᠭ᠎ᠠ ᠬᠠᠩᠭᠠᠪᠠ᠃ ᠳᠤᠮᠳᠠᠳᠤ ᠤᠯᠤᠰ᠎ᠤᠨ ᠡᠪᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠮᠠᠷᠺᠰ᠎ᠤᠨ ᠦᠵᠡᠯ᠎ᠦᠨ ᠲᠦᠷᠦ᠍᠎ᠶ᠋ᠢᠨ ᠲᠤᠬᠠᠢ ᠰᠤᠷᠭᠠᠯᠤᠨᠦᠨᠳᠦᠰᠦᠨ ᠵᠠᠷᠴᠢᠮ᠎ᠢ ᠪᠠᠷᠢᠮᠲᠠᠯᠠᠵᠤ᠂ ᠠᠷᠠᠳ᠎ᠤᠨ ᠠᠷᠠᠳᠴᠢᠯᠠᠭ᠍ᠰᠠᠨ ᠳᠠᠷᠤᠩᠭᠤᠢᠯᠠᠬᠤ ᠵᠠᠰᠠᠭ᠍ᠲᠤ ᠲᠦᠷᠦ᠍ᠶ᠋ᠢᠨᠪᠦᠲᠦᠴᠡᠲᠡᠶ ᠵᠣᠬᠢᠴᠠᠭ᠍ᠰᠠᠨ᠎ᠡᠴᠡ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠨᠢ ᠤᠯᠤᠰᠣᠷᠣᠨᠤ ᠨᠡᠢᠭᠡᠮ ᠵᠢᠷᠤᠮ᠎ᠤᠨ ᠵᠠᠮ᠎ᠢᠶᠠᠷ ᠤᠷᠤᠭ᠍ᠰᠢᠯᠠᠬᠤ᠎ᠶ᠋ᠢ ᠪᠦᠲᠦᠮᠵᠢᠲᠡᠢ ᠪᠠᠲᠤᠯᠠᠭ᠍ᠰᠠᠨ ᠶᠤᠮ᠃ ᠤᠯᠤᠰᠤᠨᠠᠯᠢᠪᠠ ᠡᠷᠬᠡ ᠠᠷᠠᠳ ᠲᠦᠮᠡᠨ᠎ᠦ ᠬᠢ ᠪᠣᠯᠬᠤ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠡᠷᠬᠡ ᠮᠡᠳᠡᠵᠦ᠍ ᠡᠵᠡᠨᠰᠠᠭᠤᠬᠤᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠲᠤᠯᠠᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨᠦᠡᠷᠬᠡ ᠮᠡᠳᠡᠵᠦ᠍ ᠡᠵᠡᠨ ᠰᠠᠭᠤᠬᠤ᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠤᠶᠠᠯᠳᠤᠭᠤᠯᠤᠭᠰᠠᠨ᠎ᠡᠴᠡ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠨᠢ ᠤᠯᠤᠰ᠎ᠤᠨ ᠵᠠᠰᠠᠯᠲᠠᠵᠢᠰᠠᠮᠠᠭᠤᠨᠢ᠋ᠵᠠᠰᠠᠵᠤ ᠮᠠᠨᠳᠤᠵᠤ ᠪᠠᠭᠤᠷᠠᠬᠤ ᠲᠡᠦᠬᠡ᠎ᠶ᠋ᠢᠨ ᠦᠶᠡᠯᠡᠯ᠎ᠡᠴᠡ ᠳᠠᠪᠠᠵᠤ ᠭᠠᠷᠬᠤ᠎ᠶ᠋ᠢ ᠪᠦᠲᠦᠮᠵᠢᠲᠡᠢ ᠪᠠᠲᠤᠯᠠᠪᠠ᠃ᠤᠯᠤᠰ ᠣᠷᠣᠨ᠎ᠤ ᠢᠷᠡᠭᠡᠳᠦᠢ ᠬᠤᠪᠢ ᠵᠠᠶᠠᠭ᠎ᠠ᠎ᠳᠤ ᠬᠣᠯᠪᠣᠭ᠍ᠳᠠᠬᠤ ᠠᠯᠢ ᠤᠯᠠᠨ ᠴᠢᠬᠤᠯᠠ ᠶᠡᠬᠡ ᠤᠯᠤᠰ ᠲᠦᠷᠦ᠍ᠶ᠋ᠢᠨᠬᠠᠷᠢᠴᠠᠭᠠᠶ᠋ᠢ ᠵᠥᠪ ᠱᠢᠢᠳᠪᠦᠷᠢᠯᠡᠵᠦ᠍᠂ ᠤᠯᠤᠰ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠢ ᠨᠢᠭᠡᠳᠦᠯᠲᠡᠢᠪᠥᠭᠡᠳ ᠥᠨᠳᠥᠷ ᠪᠦᠲᠦᠮᠵᠢᠲᠡᠢ᠎ᠪᠡᠷ ᠵᠣᠬᠢᠶᠠᠨ ᠪᠠᠢᠭᠤᠯᠬᠤ᠎ᠶ᠋ᠢ ᠪᠡᠶᠡᠯᠡᠭᠦᠯᠵᠦ᠍᠂ ᠤᠯᠤᠰ ᠣᠷᠣᠨ᠎ᠤ ᠨᠢᠭᠡᠳᠦᠯᠪᠠ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠭ᠍ᠰᠠᠨ᠎ᠡᠴᠡ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯᠤᠨᠪᠠᠢᠭᠤᠯᠤᠯ ᠨᠢ ᠤᠯᠤᠰ ᠣᠷᠣᠨ᠎ᠤ ᠤᠯᠤᠰ ᠲᠦᠷᠦ᠍᠎ᠶ᠋ᠢᠨ ᠠᠮᠢᠳᠤᠷᠠᠯ᠎ᠤᠨ ᠠᠮᠢᠳᠤᠯᠢᠭ ᠬᠦᠴᠦᠨ᠎ᠢᠶᠡᠷ ᠪᠢᠯᠬᠠᠮᠠᠪᠥᠭᠡᠳ ᠠᠮᠤᠷ ᠲᠣᠭ᠍ᠲᠠᠭᠤᠨ ᠡᠮᠬᠢ ᠵᠢᠷᠤᠮ᠎ᠲᠠᠶ ᠪᠠᠢᠬᠤ᠎ᠶ᠋ᠢ ᠪᠦᠲᠦᠮᠵᠢᠲᠡᠢ ᠪᠠᠲᠤᠯᠠᠭ᠍ᠰᠠᠨ ᠶᠤᠮ᠃ ᠠᠷᠠᠳ᠎ᠤᠨ᠎ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠮᠠᠨ᠎ᠤ ᠤᠯᠤᠰ᠎ᠤᠨ ᠤᠯᠤᠰ᠎ᠤᠨ ᠪᠠᠢᠳᠠᠯ ᠪᠠ ᠪᠣᠳᠠᠲᠤᠪᠠᠢᠳᠠᠯᠳᠤ ᠨᠡᠢᠴᠡᠬᠦ᠌᠂ ᠨᠡᠢᠭᠡᠮ ᠵᠢᠷᠤᠮᠲᠤ ᠤᠯᠤᠰ᠎ᠤᠨ ᠱᠢᠨᠵᠢ ᠴᠢᠨᠠᠷ᠎ᠢ ᠢᠯᠡᠷᠡᠭᠦᠯᠬᠦ᠌᠂ ᠠᠷᠠᠳ ᠲᠦᠮᠡᠨᠦᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨᠮᠠᠨᠳᠤᠯᠲᠠᠶ᠋ᠢ ᠪᠡᠶᠡᠯᠡᠭᠦᠯᠬᠦ᠌᠎ᠶ᠋ᠢ ᠪᠠᠲᠤᠯᠠᠬᠤ ᠰᠠᠢ᠌ᠨ ᠪᠠᠢᠭᠤᠯᠤᠯ ᠮᠥᠨ ᠭᠡᠳᠡᠭ᠎ᠢ ᠦᠢᠯᠡᠳᠦᠯᠭᠡ ᠭᠦᠢᠴᠡᠳᠭᠡᠷᠡᠴᠢᠯᠡᠪᠡ᠃
ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠪᠣᠯ ᠠᠷᠠᠳ ᠲᠦᠮᠡᠨ ᠡᠵᠡᠨᠰᠠᠭᠤᠵᠤ ᠡᠷᠬᠡ ᠮᠡᠳᠡᠬᠦ᠌᠎ᠶ᠋ᠢᠨ ᠠᠮᠢᠳᠤᠯᠢᠭ ᠦᠢᠯᠡᠳᠦᠯᠭᠡ ᠪᠠ ᠵᠠᠢᠯᠠᠰᠢ ᠦᠭᠡᠢ ᠶᠠᠪᠤᠬᠤ ᠵᠠᠮ ᠮᠥᠨ᠃ ᠨᠠᠮᠤᠨᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬᠰᠠᠨ ᠨᠠᠮᠤᠨᠲᠥᠪ ᠬᠣᠷᠢᠶ᠎ᠠ ᠳᠤᠮᠳᠠᠳᠤ ᠤᠯᠤᠰ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣᠨᠤᠲᠤᠬᠠᠢ ᠲᠠᠨᠢᠯᠲᠠ᠎ᠪᠠᠨ ᠭᠦᠨᠵᠡᠭᠡᠢᠷᠡᠭᠦᠯᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠᠶᠡᠬᠡ ᠣᠢᠯᠠᠭᠠᠭ᠍ᠳᠠᠬᠤᠨ᠎ᠢ ᠳᠤᠷᠠᠳᠤᠨ ᠭᠠᠷᠭᠠᠭ᠍ᠰᠠᠨ ᠪᠥᠭᠡᠳ ᠶᠡᠬᠡᠬᠦᠴᠦ ᠪᠡᠷ ᠠᠬᠢᠭᠤᠯᠪᠠ᠃ ᠪᠦᠬᠦ᠌ ᠲᠠᠯ᠎ᠠ᠎ᠶ᠋ᠢᠨ᠂ᠥᠷᠭᠡᠨ ᠳᠡᠯᠭᠡᠷ᠂ ᠣᠷᠭᠠᠨᠢᠭ᠎ᠢᠶᠠᠷ ᠵᠣᠯᠭᠠᠯᠳᠤᠭ᠍ᠰᠠᠨ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠳᠦᠷᠢᠮᠦᠨᠱᠢᠰᠲ᠋ᠧᠮᠢ ᠲᠡᠭᠦᠯᠳᠡᠷᠵᠢᠭᠦᠯᠵᠦ᠍᠂ ᠤᠯᠠᠨ ᠶᠠᠩᠵᠤ᠎ᠶ᠋ᠢᠨ᠂ ᠰᠠᠭᠠᠳ ᠦᠭᠡᠢ ᠨᠡᠪᠳᠡᠷᠡᠬᠦ᠂ ᠡᠮᠬᠢ ᠵᠢᠷᠤᠮᠲᠠᠶᠠᠷᠠᠳᠴᠢᠯᠠᠯᠤᠨ ᠠᠷᠭ᠎ᠠ ᠵᠠᠮ᠎ᠢ ᠪᠠᠢᠭᠤᠯᠵᠤ᠂ ᠠᠷᠠᠳ ᠲᠦᠮᠡᠨ᠎ᠦ ᠠᠷᠠᠳᠴᠢᠯᠠᠯ᠎ᠢᠶᠠᠷ ᠰᠣᠩᠭᠣᠭᠤᠯᠢ ᠶᠠᠪᠤᠭᠤᠯᠬᠤ᠂ᠠᠷᠠᠳᠴᠢᠯᠠᠯ᠎ᠢᠶᠠᠷ ᠵᠥᠪᠯᠡᠬᠦ᠌᠂ ᠠᠷᠠᠳᠴᠢᠯᠠᠯ᠎ᠢᠶᠠᠷ ᠰᠢᠳᠪᠤᠷᠢᠳᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠯᠢᠶᠠᠷᠬᠠᠮᠢᠶᠠᠷᠬᠤ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠬᠠᠤᠯᠢ ᠶᠣᠰᠣᠭᠠᠷ ᠬᠡᠷᠡᠭ᠌ᠵᠢᠭᠦᠯᠬᠦ᠌᠎ᠶ᠋ᠢ ᠪᠠᠲᠤᠯᠠᠵᠤ᠂ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯᠳᠤ ᠪᠦᠷᠢᠨ ᠪᠦᠲᠦᠨ ᠳᠦᠷᠢᠮ᠎ᠦᠨ ᠲᠡᠰ ᠳᠠᠷᠠᠭᠠᠯᠠᠯᠪᠠᠢᠬᠤᠪᠠᠷ ᠪᠠᠷᠠᠬᠤ ᠦᠭᠡᠢ ᠪᠠᠰᠠ ᠪᠦᠷᠢᠨ ᠪᠦᠲᠦᠨ ᠣᠷᠣᠯᠴᠠᠭ᠍ᠰᠠᠨ ᠦᠢᠯᠡᠳᠦᠯᠭᠡ᠎ᠲᠡᠶ ᠪᠠᠢᠵᠤ᠂ ᠶᠠᠪᠤᠴᠠᠶ᠋ᠢᠨᠠᠷᠠᠳᠴᠢᠯᠠᠯ ᠪᠠ ᠦᠷ᠎ᠡ ᠪᠦᠲᠦᠭᠡᠯ᠎ᠦᠨ ᠠᠷᠠᠳᠴᠢᠯᠠᠯ᠂ ᠲᠡᠰ ᠲᠠᠷᠠᠭᠠᠯᠠᠯ ᠤ᠋ᠨ ᠠᠷᠠᠳᠴᠢᠯᠠᠯ ᠪᠠ ᠮᠥᠨ ᠴᠢᠨᠠᠷᠤᠨᠠᠷᠠᠳᠴᠢᠯᠠᠯ᠂ ᠱᠢᠭᠤᠳ ᠠᠷᠠᠳᠴᠢᠯᠠᠯ ᠪᠠ ᠳᠠᠮ ᠠᠷᠠᠳᠴᠢᠯᠠᠯ᠂ ᠠᠷᠠᠳ᠎ᠤᠨ ᠠᠷᠠᠳᠴᠢᠯᠠᠯ ᠪᠠ ᠲᠦᠷᠦ ᠵᠢᠨ ᠵᠤᠷᠢᠯᠳᠠ᠎ᠵᠢᠨ ᠨᠢᠭᠡᠳᠦᠯ᠎ᠢ ᠪᠡᠶᠡᠯᠡᠭᠦᠯᠪᠡ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠮᠠᠨᠤᠤᠯᠤᠰᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ᠌ ᠴᠢᠬᠤᠯᠠ ᠪᠠᠢᠭᠤᠯᠤᠯ᠎ᠦᠨ ᠠᠴᠢᠶᠠᠯᠠᠪᠤᠷᠢᠮᠥᠨ᠂ ᠨᠠᠮ᠎ᠤᠨ ᠤᠳᠤᠷᠢᠳᠤᠯᠭ᠎ᠠ ᠳᠣᠣᠷ᠎ᠠ᠂ ᠠᠷᠠᠳ ᠲᠦᠮᠡᠨ᠎ᠦ ᠡᠮᠬᠢ ᠵᠢᠷᠤᠮ᠎ᠲᠠᠶ᠎ᠪᠠᠷ ᠤᠯᠤᠰ ᠲᠦᠷᠦ᠍᠎ᠳᠦ ᠣᠷᠣᠯᠴᠠᠬᠤᠶ᠋ᠢᠲᠠᠰᠤᠷᠠᠯᠳᠠ ᠦᠭᠡᠢ ᠥᠷᠭᠡᠳᠭᠡᠵᠦ᠍᠂ ᠬᠥᠮᠦᠨ᠎ᠦ ᠡᠷᠬᠡ᠎ᠶ᠋ᠢᠨ ᠬᠠᠤᠯᠢᠵᠢᠯ᠎ᠤᠨ ᠪᠠᠲᠤᠯᠠᠭ᠎ᠠ᠎ᠶ᠋ᠢ ᠴᠢᠩᠭᠠᠳᠭᠠᠵᠤ᠂ᠠᠷᠠᠳ ᠲᠦᠮᠡᠨ᠎ᠦ ᠬᠠᠤᠯᠢ ᠶᠣᠰᠣᠭᠠᠷ ᠥᠷᠭᠡᠨ ᠳᠡᠯᠭᠡᠷ ᠡᠷᠬᠡ ᠪᠠ ᠡᠷᠬᠡ ᠴᠢᠯᠥᠭᠡ ᠡᠳ᠋ᠯᠡᠬᠦ᠌᠎ᠶ᠋ᠢ ᠪᠠᠲᠤᠯᠠᠪᠠ᠃ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠪᠣᠯ ᠪᠦᠬᠦ᠌ ᠬᠡᠯᠬᠢᠶᠡᠨ᠎ᠦ᠂ ᠪᠦᠬᠦ᠌ ᠲᠠᠯ᠎ᠠ᠎ᠶ᠋ᠢᠨ᠂ ᠪᠦᠬᠦᠨᠢᠬᠠᠮᠤᠷᠤᠭ᠍ᠰᠠᠨ ᠠᠷᠠᠳᠴᠢᠯᠠᠯ ᠮᠥᠨ᠂ ᠬᠠᠮᠤᠭ᠎ᠤᠨ ᠥᠷᠭᠡᠨ ᠳᠡᠯᠭᠡᠷ᠂ ᠬᠠᠮᠤᠭ᠎ᠤᠨ ᠦᠨᠡᠨ ᠪᠣᠳᠠᠲᠠᠢ᠂ ᠬᠠᠮᠤᠭᠤᠨᠪᠦᠳᠦᠮᠵᠢᠳᠠᠢ ᠨᠡᠢᠭᠡᠮ ᠵᠢᠷᠤᠮ᠎ᠤᠨ ᠠᠷᠠᠳᠴᠢᠯᠠᠯ ᠮᠥᠨ᠂ ᠬᠥᠮᠦᠨ ᠲᠥᠷᠥᠯᠬᠢᠲᠡᠨ᠎ᠦ ᠤᠯᠤᠰ ᠲᠦᠷᠦ᠍᠎ᠶ᠋ᠢᠨ ᠪᠣᠯᠪᠠᠰᠤᠨᠢᠪᠠᠶᠠᠯᠢᠭ᠍ᠵᠢᠭᠤᠯᠤᠨ ᠬᠥᠭ᠌ᠵᠢᠭᠦᠯᠬᠦ᠌᠎ᠳᠦ ᠳᠤᠮᠳᠠᠳᠤ ᠤᠯᠤᠰ᠎ᠤᠨ ᠤᠶᠤᠨ ᠤᠬᠠᠭᠠᠨ᠂ ᠳᠤᠮᠳᠠᠳᠤ ᠤᠯᠤᠰ᠎ᠤᠨ ᠲᠥᠰᠦᠯ᠎ᠢ ᠬᠠᠨᠳᠢᠪᠯᠠᠵᠠᠢ ᠭᠡᠳᠡᠭ᠎ᠢ ᠦᠢᠯᠡᠳᠦᠯᠭᠡ ᠭᠦᠢᠴᠡᠳ ᠬᠠᠷᠠᠭᠤᠯᠪᠠ᠃
ᠠᠷᠠᠳ ᠲᠦᠮᠡᠨ ᠪᠣᠯ ᠲᠡᠦᠬᠡ᠎ᠶ᠋ᠢ ᠡᠭᠦᠳᠦᠨ ᠪᠦᠲᠦᠭᠡᠭ᠌ᠴᠢ ᠮᠥᠨ᠂ ᠨᠠᠮ ᠪᠠ ᠤᠯᠤᠰᠤᠨᠢᠷᠡᠭᠡᠳᠦᠢ ᠬᠤᠪᠢ ᠵᠠᠶᠠᠭ᠎ᠠ᠎ᠶ᠋ᠢ ᠲᠣᠭ᠍ᠲᠠᠭᠠᠬᠤ ᠦᠨᠳᠦᠰᠦᠨ ᠬᠦᠴᠦᠨ ᠮᠥᠨ᠃ ᠣᠳᠣᠬᠠᠨ᠎ᠤ ᠳᠡᠯᠡᠬᠡᠢ ᠶᠢᠷᠲᠢᠨᠴᠦ᠍ᠶᠠᠭ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢ ᠥᠩᠭᠡᠷᠡᠭᠡᠵᠦ᠍᠂ ᠮᠠᠨ᠎ᠤ ᠤᠯᠤᠰ ᠶᠠᠭᠳᠤᠮᠳᠠᠳᠤᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠩᠭᠢᠯᠠᠭᠠᠶ᠋ᠢᠨᠬᠤᠭᠤᠴᠠᠭᠠᠨᠳᠤ ᠣᠷᠣᠱᠢᠵᠤ ᠪᠠᠢᠨ᠎ᠠ᠃ ᠱᠢᠯᠭᠠᠯᠲᠠ᠎ᠳᠤ ᠣᠷᠣᠯᠴᠠᠬᠤ ᠱᠢᠨ᠎ᠡ ᠠᠶᠠᠨ ᠳ᠋ᠠᠭᠠᠨ᠂ ᠦᠨᠳᠦᠰᠦᠲᠡᠨᠦᠰᠡᠷᠭᠦᠨ ᠮᠠᠨᠳᠤᠯᠲᠠ᠎ᠳᠤ ᠣᠢᠷᠠᠲᠤᠬᠤ ᠲᠤᠳᠤᠮ ᠢᠯᠭᠤᠮ ᠤᠷᠤᠭ᠍ᠰᠢᠲᠠᠢ ᠪᠠᠢᠵᠤ ᠴᠢᠳᠠᠬᠤ ᠦᠭᠡᠢ᠂ ᠠᠶᠤᠯ ᠲᠦᠭ᠌ᠰᠢᠭᠦᠷᠢᠥᠷᠢᠰᠥᠯᠳᠦᠭᠡᠨ ᠴᠢᠨᠠᠭ᠍ᠰᠢᠯᠠᠪᠠᠯ ᠲᠤᠬ᠍ᠰᠢᠨ ᠳᠠᠪᠠᠯᠭᠠᠨ ᠱᠢᠷᠦᠭᠦᠨ ᠳᠣᠯᠭᠢᠶᠠᠨ᠎ᠢᠶᠠᠷ ᠳᠦᠭᠦᠷᠴᠦ᠍ ᠪᠠᠢᠬᠤᠶ᠋ᠢᠪᠢᠳᠡ ᠭᠦᠨᠵᠡᠭᠡᠢ ᠮᠡᠳᠡᠵᠤ ᠪᠠᠢᠨ᠎ᠠ᠃ ᠶᠠᠮᠠᠷᠪᠠ ᠦᠶ᠎ᠡ ᠶᠠᠮᠠᠷᠪᠠ ᠪᠠᠢᠳᠠᠯ ᠳᠣᠣᠷ᠎ᠠ ᠴᠤ᠌ ᠭᠡᠰᠡᠨ ᠴᠥᠮ ᠳᠤᠮᠳᠠᠳᠤᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠵᠣᠭ᠍ᠰᠣᠯᠲᠠ᠎ᠳᠤ ᠪᠠᠲᠤᠵᠣᠭ᠍ᠰᠣᠵᠤ᠂ ᠠᠷᠠᠳ ᠲᠦᠮᠡᠨ᠎ᠦ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠠᠷᠠᠳ ᠤᠯᠠᠨᠤᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠭᠦᠢᠴᠡᠳ ᠬᠥᠭ᠌ᠵᠢᠭᠡᠵᠦ᠍᠂ ᠬᠠᠮᠤᠭᠤᠨᠥᠷᠭᠡᠨ ᠤᠯᠠᠨ ᠠᠷᠠᠳ ᠲᠦᠮᠡᠨ᠎ᠦ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭ᠌ᠲᠡᠢ᠃ ᠠᠷᠠᠳᠲᠦᠮᠡᠨ ᠡᠵᠡᠨ ᠰᠠᠭᠤᠵᠤ ᠡᠷᠬᠡ ᠮᠡᠳᠡᠬᠦ᠌ ᠪᠣᠯ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍ᠶ᠋ᠢᠨᠮᠥᠨ ᠴᠢᠨᠠᠷ ᠪᠠ ᠭᠣᠣᠯᠳᠠᠯᠭ᠎ᠠ ᠮᠥᠨ᠂ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢ ᠬᠥᠭ᠌ᠵᠢᠭᠦᠯᠬᠦ᠌ᠪᠣᠯ ᠠᠷᠠᠳ ᠲᠦᠮᠡᠨ᠎ᠦ ᠬᠦᠰᠡᠯ ᠵᠤᠷᠢᠯᠳᠠ ᠵᠢ ᠢᠯᠡᠷᠡᠭᠦᠯᠦᠨ᠂ ᠠᠷᠠᠳ ᠲᠦᠮᠡᠨ᠎ᠦ ᠡᠷᠬᠡ ᠠᠱᠢᠭ᠎ᠢ ᠪᠠᠲᠤᠯᠠᠵᠤ᠂ᠠᠷᠠᠳ ᠲᠦᠮᠡᠨ᠎ᠦ ᠡᠭᠦᠳᠦᠨ ᠪᠦᠲᠦᠭᠡᠬᠦ᠌ ᠠᠮᠢᠳᠤᠯᠢᠭ ᠬᠦᠴᠦᠨ᠎ᠢ ᠬᠥᠭ᠌ᠵᠢᠭᠡᠬᠦ᠌ ᠶᠠᠪᠤᠳᠠᠯ ᠪᠣᠯᠤᠨ᠎ᠠ᠃ ᠳᠤᠮᠳᠠᠳᠤᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢ ᠪᠠᠷᠢᠮᠲᠠᠯᠠᠵᠤ᠂ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠲᠠᠰᠤᠷᠠᠯᠳᠠ ᠦᠭᠡᠢ ᠬᠥᠭ᠌ᠵᠢᠭᠦᠯᠦᠨ᠂ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠪᠠᠢᠭᠤᠯᠤᠯ᠎ᠤᠨ ᠡᠨᠡ ᠬᠦ᠌ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ᠎ᠤᠨ ᠦᠢᠯᠡᠳᠦᠯᠢᠭᠦᠢᠴᠡᠳ ᠪᠠᠳᠠᠷᠠᠭᠤᠯᠵᠤ᠂ ᠠᠷᠠᠳ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠰᠣᠨᠣᠰᠤᠨ᠂ ᠠᠷᠠᠳ ᠲᠦᠮᠡᠨ᠎ᠦ ᠤᠶᠤᠨᠤᠬᠠᠭᠠᠨᠢ ᠨᠢᠭ᠍ᠲᠠᠷᠠᠭᠤᠯᠵᠤ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤ ᠦᠭᠪᠡᠯ᠂ ᠤᠯᠤᠰ ᠪᠠ ᠦᠨᠳᠦᠰᠦᠲᠡᠨᠦᠢᠷᠡᠭᠡᠳᠦᠢ ᠬᠤᠪᠢ ᠵᠠᠶᠠᠭ᠎ᠠ᠎ᠶ᠋ᠢ ᠠᠷᠠᠳ ᠲᠦᠮᠡᠨ᠎ᠦ ᠭᠠᠷ᠎ᠲᠤ ᠪᠠᠲᠤ ᠡᠵᠡᠮᠱᠢᠭᠦᠯᠵᠦ᠍ ᠴᠢᠳᠠᠬᠤ ᠨᠢ ᠯᠠᠪᠲᠠᠢ᠃
ᠡᠨᠡ ᠵᠢᠯ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯᠠᠪᠠᠷᠪᠦᠳᠦᠭᠡᠨ ᠪᠠᠢᠭᠤᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠵᠢᠨ ᠱᠢᠨ᠎ᠡ ᠠᠶᠠᠨ ᠳᠠᠭᠠᠨᠮᠤᠷᠲᠠᠬᠤ ᠴᠢᠬᠤᠯᠠ ᠨᠢᠭᠡ ᠵᠢᠯ ᠪᠠᠢᠵᠦ᠂ ᠮᠠᠨ᠎ᠤ ᠨᠠᠮ ᠬᠣᠷᠢᠳᠤᠭᠠᠷ ᠶᠡᠬᠡ ᠬᠤᠷᠠᠯ᠎ᠢ ᠬᠤᠷᠠᠯᠳᠤᠭᠤᠯᠤᠨ᠎ᠠ᠂ᠡᠨᠡ ᠪᠣᠯ ᠨᠠᠮ ᠪᠣᠯᠤᠨ ᠤᠯᠤᠰ᠎ᠤᠨ ᠤᠯᠤᠰ ᠲᠦᠷᠦ᠍᠎ᠶ᠋ᠢᠨ ᠠᠮᠢᠳᠤᠷᠠᠯ᠎ᠳᠠᠬᠢ ᠨᠢᠭᠡᠨ ᠲᠤᠮᠤ ᠶᠠᠪᠤᠳᠠᠯ ᠮᠦᠨ᠃ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠬᠣᠶᠠᠷ᠎ᠢ ᠲᠣᠭ᠍ᠲᠠᠭᠠᠬᠤ》 ᠵᠢᠠ ᠱᠢᠢᠳᠪᠦᠷᠢᠲᠦᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》ᠵᠢᠡᠨ ᠴᠢᠩᠭᠠᠳᠭᠠᠵᠤ᠂ 《ᠲᠦᠷᠪᠡᠨ ᠢᠲᠡᠭᠡᠯ》ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》ᠵᠢ ᠪᠡᠶᠡᠯᠡᠭᠦᠯᠵᠦ᠍᠂ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷᠬᠢᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤᠶ᠋ᠢᠤᠭ᠍ᠲᠤᠵᠤ᠂ ᠱᠢᠨ᠎ᠡ ᠠᠶᠠᠨᠳᠠᠭᠠᠨ ᠲᠡᠮᠡᠴᠡᠯ᠎ᠦᠨ ᠬᠦᠴᠦᠨ᠎ᠢᠶᠡᠨ ᠨᠢᠭ᠍ᠲᠠᠷᠠᠭᠤᠯᠵᠤ᠂ ᠱᠢᠨ᠎ᠡ ᠢᠷᠠᠭᠤ ᠬᠠᠭᠤᠳᠠᠰᠤᠶ᠋ᠢᠪᠢᠴᠢᠭ᠌ᠯᠡᠰᠤᠭᠡᠢ᠃ ᠥᠷᠭᠡᠨ ᠤᠯᠠᠨ ᠲᠥᠯᠥᠭᠡᠯᠡᠭ᠌ᠴᠢᠳ ᠠᠷᠠᠳ ᠲᠦᠮᠡᠨ᠎ᠦ ᠳᠤᠮᠳᠠ᠎ᠠᠴᠠ ᠢᠷᠡᠵᠦ᠂ ᠠᠷᠠᠳ ᠲᠦᠮᠡᠨᠦᠳᠤᠮᠳᠠ ᠦᠨᠳᠦᠰᠦᠯᠡᠭ᠌ᠰᠡᠨ ᠳᠠᠪᠠᠭᠤᠯᠢᠭ᠎ᠢᠶᠠᠨ ᠪᠠᠳᠠᠷᠠᠭᠤᠯᠵᠤ᠂ ᠦᠨᠳᠦᠰᠦᠨ ᠱᠠᠲᠤᠨ᠎ᠳᠤ ᠨᠡᠩ ᠰᠠᠢ᠌ᠨ ᠣᠢᠷᠠᠳᠴᠦ᠂ᠠᠷᠠᠳ᠎ᠤᠨ ᠪᠠᠢᠳᠠᠯ᠎ᠢ ᠣᠢᠯᠠᠭᠠᠵᠤ᠂ ᠠᠷᠠᠳ᠎ᠤᠨ ᠤᠶᠤᠨ ᠤᠬᠠᠭᠠᠨ᠎ᠢ ᠨᠢᠭ᠍ᠲᠠᠷᠠᠭᠤᠯᠵᠤ᠂ ᠠᠷᠠᠳ᠎ᠤᠨ ᠠᠮᠢᠳᠤᠷᠠᠯᠳᠤᠠᠱᠢᠭ ᠬᠦᠷᠲᠡᠭᠡᠵᠦ᠍᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠤᠶᠤᠨ ᠤᠬᠠᠭᠠᠨᠪᠠ ᠬᠦᠴᠦᠨ ᠴᠢᠳᠠᠯ᠎ᠢᠶᠠᠨ ᠢᠳᠡᠪᠬᠢᠲᠡᠢ ᠡᠷᠭᠦᠬᠦ᠌᠎ᠶ᠋ᠢ ᠬᠦᠰᠡᠵᠦ᠍ ᠪᠠᠢᠨ᠎ᠠ᠃
ᠶᠡᠬᠡ ᠬᠤᠷᠠᠯ᠎ᠤᠨ ᠲᠡᠭᠦᠰ ᠠᠮᠵᠢᠯᠲᠠ ᠲᠠᠢ ᠬᠤᠷᠠᠯᠲᠤᠬᠤ᠎ᠶ᠋ᠢ ᠵᠥᠩᠨᠡᠶ᠎ᠡ!
(ᠰᠢᠨᠬᠤᠸᠠ ᠬᠤᠷᠢᠶᠠᠠ᠎ᠤ ᠪᠡᠭᠡᠵᠢᠩ᠎ᠤᠨ 3 ᠰᠠᠷ᠎ᠠ ᠵᠢᠨ 4᠎ᠤ᠋ ᠴᠠᠬᠢᠯᠭᠠᠠ ᠮᠡᠲᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃