2022-03-05 09:16:12
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠷᠡᠭ ᠵᠥᠪᠯᠡᠬᠦ᠌ ᠲᠦᠷᠢᠮ᠎ᠳᠦ ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ ᠠᠩᠬᠠᠳᠤᠭᠠᠷ ᠤᠳᠠᠭᠠᠨ᠎ᠤ ᠶᠡᠬᠡ ᠬᠤᠷᠠᠯ —— ᠡᠳᠡᠭᠡᠷ ᠨᠠᠷᠢᠨ ᠵᠦᠢᠯᠡᠰ ᠨᠢ ᠭᠦᠨ ᠤᠳᠭ᠎ᠠ ᠠᠭᠤᠯᠭ
ᠤᠳᠠᠯ ᠦᠭᠡᠢ ᠬᠤᠷᠠᠯᠳᠤᠬᠤ ᠭᠡᠵᠦ ᠪᠠᠢᠭ᠎ᠠ ᠠᠷᠪᠠᠨ ᠭᠤᠷᠪᠠᠳᠤᠭᠠᠷ ᠬᠤᠭᠤᠴᠠᠭᠠᠨᠤᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠤᠯ ᠪᠦᠬᠦ ᠤᠯᠤᠰ᠎ᠤᠨᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠡᠷᠡᠭ ᠵᠥᠪᠯᠡᠬᠦ ᠳᠦᠷᠢᠮ᠎ᠳᠦ ᠨᠢᠳᠦᠨᠦᠨ᠎ᠤ 3 ᠰᠠᠷ᠎ᠠ᠎ᠶᠢᠨ11᠎ᠤ᠋ ᠡᠳᠦᠷ ᠵᠠᠰᠠᠪᠤᠷᠢ ᠤᠷᠤᠭᠤᠯᠤᠭᠰᠠᠨ᠎ᠤ ᠳᠠᠷᠠᠭ᠎ᠠ ᠬᠤᠷᠠᠯᠳᠤᠭᠤᠯᠤᠭᠰᠠᠨ ᠠᠨᠭᠬᠠᠳᠤᠭᠠᠷ ᠶᠡᠬᠡ ᠬᠤᠷᠠᠯᠪᠤᠯᠤᠨᠠ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠷᠡᠭᠵᠥᠪᠯᠡᠬᠦ᠌ ᠲᠦᠷᠢᠮ ᠪᠣᠯ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ《ᠶᠠᠭᠠᠬᠢᠵᠤ ᠬᠤᠷᠠᠯᠳᠤᠭᠤᠯᠬᠤ》 《ᠶᠠᠭᠠᠬᠢᠵᠤ ᠰᠠᠢᠲᠤᠷ ᠬᠤᠷᠠᠯᠳᠤᠭᠤᠯᠬᠤ》 ᠵᠢ ᠵᠢᠷᠤᠮᠵᠢᠭᠤᠯᠬᠤᠴᠢᠬᠤᠯᠠ ᠬᠠᠤᠯᠢ ᠴᠠᠭᠠᠵᠠ ᠪᠣᠯᠤᠨ᠎ᠠ᠃ ᠵᠠᠰᠠᠪᠤᠷᠢ ᠣᠷᠣᠭᠤᠯᠤᠭ᠍ᠰᠠᠨ᠎ᠤ ᠳᠠᠷᠠᠭ᠎ᠠ᠂ ᠡᠨᠡ ᠵᠢᠯ ᠬᠤᠷᠠᠯᠳᠤᠭᠤᠯᠬᠤᠶᠡᠬᠡ ᠬᠤᠷᠠᠯ᠎ᠳᠤ ᠶᠠᠮᠠᠷ ᠶᠠᠮᠠᠷ ᠱᠢᠨ᠎ᠡ ᠬᠤᠪᠢᠷᠠᠯᠲᠠ᠎ᠵᠢ ᠠᠪᠴᠢᠷᠠᠬᠤ ᠪᠤᠢ?
ᠬᠠᠤᠯᠢᠴᠠᠭᠠᠵᠠᠶ᠋ᠢᠨᠲᠥᠰᠦᠯᠢᠬᠢᠨᠠᠨᠵᠥᠪᠯᠡᠬᠦ᠌ᠭᠣᠭ᠍ᠴᠣᠭᠠᠶ᠋ᠢᠱᠢᠯᠢᠳᠡᠭ᠌ᠵᠢᠭᠦᠯᠵᠦ᠍᠂ᠦᠷ᠎ᠡ ᠪᠦᠲᠦᠮᠵᠢ᠎ᠵᠢ ᠳᠡᠭᠡᠭᠰᠢᠯᠡᠭᠦᠯᠦᠨ ᠶᠠᠰᠤ ᠴᠢᠨᠠᠷ᠎ᠢ ᠪᠠᠭᠤᠷᠠᠭᠤᠯᠬᠤ ᠦᠭᠡᠢ
ᠥᠩᠭᠡᠷᠡᠭ᠌ᠰᠡᠨ᠎ᠳᠦ ᠶᠡᠬᠡ ᠬᠤᠷᠠᠯ᠎ᠡᠴᠡ ᠬᠠᠤᠯᠢ ᠴᠠᠭᠠᠵᠠ᠎ᠶ᠋ᠢᠨ ᠲᠦᠰᠦᠯᠢᠬᠢᠨᠠᠨ ᠵᠥᠪᠯᠡᠬᠦ᠎ᠳᠤ᠂ 《ᠬᠠᠤᠯᠢ ᠴᠠᠭᠠᠵᠠ᠎ᠶ᠋ᠢᠨ ᠲᠥᠰᠦᠯ — ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ —ᠲᠥᠰᠦᠯ᠎ᠦᠨ ᠰᠠᠨᠠᠭᠤᠯᠭ᠎ᠠ᠎ᠶ᠋ᠢ ᠪᠠᠲᠤᠯᠠᠬᠤ ᠨᠤᠤᠷᠠᠭ — ᠪᠠᠲᠤᠯᠠᠬᠤ ᠨᠤᠤᠷᠠᠭ》 ᠭᠡᠬᠦ᠌ ᠬᠡᠳᠦᠨ ᠭᠣᠭ᠍ᠴᠣᠭ᠎ᠠ᠎ᠶ᠋ᠢ ᠵᠢᠷᠤᠮᠯᠠᠳᠠᠭ ᠪᠠᠢᠭ᠍ᠰᠠᠨ᠎ᠢ ᠨᠠᠷᠢᠨ ᠨᠢᠮᠪᠠᠶ ᠬᠥᠮᠦᠰᠪᠦᠷ ᠣᠯᠵᠤ ᠮᠡᠳᠡᠬᠦ᠌ ᠪᠣᠯᠤᠨ᠎ᠠ᠃
2020 ᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ᠎ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠡᠴᠡ ᠬᠢᠨᠠᠨ ᠵᠥᠪᠯᠡᠭ᠌ᠰᠡᠨ ᠢᠷᠭᠡᠨ᠎ᠦ ᠬᠠᠤᠯᠢᠶ᠋ᠢᠨᠪᠢᠴᠢᠭᠦᠨ ᠲᠥᠰᠦᠯ᠎ᠢᠶᠡᠷ ᠵᠢᠱ᠌ᠢᠶᠡᠯᠡᠪᠡᠯ᠂ ᠡᠨᠡ ᠬᠤᠭᠤᠴᠠᠭᠠᠨ᠎ᠳᠤ《ᠶᠡᠬᠡ ᠬᠤᠷᠠᠯ᠎ᠤᠨ ᠲᠣᠳᠣᠷᠬᠠᠢᠯᠠᠯᠲᠠ— ᠲᠥᠯᠥᠭᠡᠯᠡᠭ᠌ᠴᠢᠳᠦᠨᠳᠤᠭᠤᠢᠯᠠᠩᠤᠨ ᠬᠤᠷᠠᠯ᠎ᠢᠶᠠᠷ ᠶᠠᠷᠢᠯᠴᠠᠬᠤ — ᠠᠩᠬᠠᠳᠤᠭᠠᠷ ᠤᠳᠠᠭ᠎ᠠ᠎ᠶ᠋ᠢᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠬᠤᠷᠠᠯ᠎ᠢᠶᠠᠷ ᠬᠢᠨᠠᠨᠵᠥᠪᠯᠡᠬᠦ᠌ — ᠬᠣᠶᠠᠳᠤᠭᠠᠷ ᠤᠳᠠᠭᠠᠶ᠋ᠢᠨᠲᠡᠷᠢᠭᠦᠯᠡᠭ᠌ᠴᠢᠳᠦᠨ ᠪᠦᠯᠬᠦᠮ᠎ᠦᠨ ᠬᠤᠷᠠᠯ᠎ᠢᠶᠠᠷ ᠬᠢᠨᠠᠨ ᠵᠥᠪᠯᠡᠬᠦ᠌ — ᠲᠥᠯᠥᠭᠡᠯᠡᠭ᠌ᠴᠢᠳᠦᠨᠳᠤᠭᠤᠢᠯᠠᠩᠤᠨ ᠬᠤᠷᠠᠯ᠎ᠢᠶᠠᠷ ᠶᠠᠷᠢᠯᠴᠠᠬᠤ — ᠬᠣᠶᠠᠳᠤᠭᠠᠷ ᠤᠳᠠᠭ᠎ᠠ᠎ᠶ᠋ᠢᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠬᠤᠷᠠᠯ᠎ᠢᠶᠠᠷ ᠬᠢᠨᠠᠨᠵᠥᠪᠯᠡᠬᠦ᠌ — ᠭᠤᠷᠪᠠᠳᠤᠭᠠᠷ ᠤᠳᠠᠭᠠᠶ᠋ᠢᠨᠲᠡᠷᠢᠭᠦᠯᠡᠭ᠌ᠴᠢᠳᠦᠨ ᠪᠥᠯᠬᠥᠮ᠎ᠤᠨ ᠬᠤᠷᠠᠯ᠎ᠢᠶᠠᠷ ᠬᠢᠨᠠᠨ ᠵᠥᠪᠯᠡᠬᠦ᠌ — ᠲᠥᠯᠥᠭᠡᠯᠡᠭ᠌ᠴᠢᠳ᠎ᠦᠨ ᠳᠤᠭᠤᠢᠯᠠᠩ᠎ᠤᠨ ᠬᠤᠷᠠᠯ᠎ᠢᠶᠠᠷ ᠶᠠᠷᠢᠯᠴᠠᠬᠤ — ᠭᠤᠷᠪᠠᠳᠤᠭᠠᠷ ᠤᠳᠠᠭ᠎ᠠ᠎ᠶᠢᠨ ᠪᠠᠢᠩᠭᠤ᠎ᠶ᠋ᠢᠨ ᠲᠡᠷᠢᠭᠦᠯᠡᠭ᠌ᠴᠢᠳᠦᠨᠬᠤᠷᠠᠯᠢᠶᠠᠷ ᠬᠢᠨᠠᠨ ᠵᠥᠪᠯᠡᠬᠦ᠌ — ᠳᠥᠷᠪᠡᠳᠦᠭᠡᠷ ᠤᠳᠠᠭᠠᠶ᠋ᠢᠨᠲᠡᠷᠢᠭᠦᠯᠡᠭ᠌ᠴᠢᠳᠦᠨ ᠪᠦᠯᠬᠦᠮ᠎ᠦᠨ ᠬᠤᠷᠠᠯ᠎ᠢᠶᠠᠷ ᠬᠢᠨᠠᠨ ᠵᠥᠪᠯᠡᠬᠦ᠌ — ᠲᠡᠭᠦᠰᠭᠦ ᠬᠤᠷᠠᠯ᠎ᠢᠶᠠᠷ ᠪᠠᠲᠤᠯᠠᠬᠤ》 ᠶᠠᠪᠤᠴᠠᠶ᠋ᠢᠥᠩᠭᠡᠷᠡᠭᠦᠯᠵᠦ᠍᠂ 《ᠭᠤᠷᠪᠠ ᠳᠡᠭᠡᠭᠰᠢ ᠮᠡᠳᠡᠭᠦᠯᠵᠦ ᠭᠤᠷᠪᠠ ᠲᠤᠷᠤᠭᠰᠢᠪᠠᠭᠤᠯᠭᠠᠬᠤ》 ᠭᠡᠵᠦ᠍ ᠨᠡᠷᠡᠢᠳᠪᠡ᠃
ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠬᠡᠷᠡᠭ ᠵᠥᠪᠯᠡᠬᠦ᠌ ᠲᠦᠷᠢᠮ᠎ᠳᠦ᠂ ᠬᠠᠤᠯᠢ᠎ᠶ᠋ᠢᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨᠨᠤᠤᠷᠠᠭᠢ ᠡᠯ᠎ᠡ ᠲᠥᠯᠥᠭᠡᠯᠡᠭ᠌ᠴᠢᠳ᠎ᠦᠨ ᠪᠦᠯᠬᠦᠮ ᠬᠢᠨᠠᠨ ᠵᠥᠪᠯᠡᠭ᠌ᠰᠡᠨᠦ ᠳᠠᠷᠠᠭ᠎ᠠ᠂ ᠤᠯᠠᠮ ᠨᠢᠭᠡ ᠠᠯᠬᠤᠮᠵᠠᠰᠠᠪᠤᠷᠢ ᠣᠷᠣᠭᠤᠯᠤᠬᠰᠠᠨᠤ ᠲᠠᠷᠠᠭ᠎ᠠ ᠳᠠᠷᠤᠶ ᠪᠠᠲᠤᠯᠠᠬᠤ ᠨᠤᠤᠷᠠᠭ᠎ᠢ ᠱᠢᠭᠤᠳ ᠳᠤᠷᠠᠳᠤᠨ ᠭᠠᠷᠭᠠᠵᠤ ᠶᠡᠬᠡᠬᠤᠷᠠᠯ᠎ᠳᠤ ᠲᠡᠪᠰᠢᠭᠦᠯᠦᠨ ᠪᠠᠲᠤᠯᠠᠭᠤᠯᠵᠤ ᠪᠣᠯᠬᠤᠶ᠋ᠢᠲᠣᠳᠣᠷᠬᠠᠢᠯᠠᠵᠤ᠂ ᠥᠩᠭᠡᠷᠡᠭ᠌ᠰᠡᠨ᠎ᠦ 《ᠲᠥᠰᠦᠯ᠎ᠦᠨ ᠰᠠᠨᠠᠭᠤᠯᠭ᠎ᠠ᠎ᠶ᠋ᠢ ᠪᠠᠲᠤᠯᠠᠬᠤᠨᠤᠤᠷᠠᠭ》᠎ᠤ᠋ᠨ ᠬᠢᠨᠠᠨ ᠵᠥᠪᠯᠡᠬᠦ᠌ ᠭᠣᠭ᠍ᠴᠣᠭ᠎ᠠ᠎ᠶ᠋ᠢ ᠬᠠᠰᠤᠪᠠ᠃
ᠢᠩᠭᠢᠵᠦ᠍ ᠵᠠᠰᠠᠪᠤᠷᠢ ᠣᠷᠣᠭᠤᠯᠤᠭ᠍ᠰᠠᠨ ᠨᠢ ᠬᠠᠤᠯᠢ ᠲᠣᠭ᠍ᠲᠠᠭᠠᠬᠤ ᠬᠠᠤᠯᠢᠶ᠋ᠢᠨᠬᠣᠯᠪᠣᠭ᠍ᠳᠠᠯ ᠪᠦᠬᠦᠢ ᠲᠣᠭ᠍ᠲᠠᠭᠠᠯ᠎ᠲᠠᠶ ᠪᠦᠷᠢᠮᠦᠰᠦᠨ ᠨᠡᠢᠴᠡᠬᠦ᠌ ᠮᠥᠷᠲᠡᠭᠡᠨ ᠬᠢᠨᠠᠨ ᠵᠥᠪᠯᠡᠬᠦ ᠦᠷ᠎ᠡ ᠪᠦᠲᠦᠮᠵᠢᠶ᠋ᠢᠳᠡᠭᠡᠭ᠌ᠰᠢᠯᠡᠭᠦᠯᠬᠦ᠌ᠳᠦ ᠴᠦ᠍ ᠠᠱᠢᠭ᠍ᠲᠠᠢ ᠶᠤᠮ᠃ ᠭᠡᠪᠡᠴᠦ᠍ ᠬᠠᠤᠯᠢ ᠴᠠᠭᠠᠵᠠ᠎ᠶ᠋ᠢᠨ ᠲᠥᠰᠦᠯ᠎ᠢ ᠬᠢᠨᠠᠨ ᠵᠥᠪᠯᠡᠬᠦ ᠶᠠᠰᠤ ᠴᠢᠨᠠᠷ᠎ᠢ ᠨᠥᠯᠥᠭᠡᠯᠡᠨ᠎ᠡ ᠦᠦ ᠦᠭᠡᠢ ᠦᠦ?
ᠦᠨᠡᠨ᠎ᠳᠡᠭᠡᠨ᠂ ᠡᠨᠡ ᠵᠢᠯ᠎ᠦᠨ ᠶᠡᠬᠡ ᠬᠤᠷᠠᠯ᠎ᠳᠤ ᠬᠢᠨᠠᠨ ᠵᠥᠪᠯᠡᠬᠦᠯᠬᠦᠪᠠᠷᠳᠡᠪᠱᠢᠭᠦᠯᠦᠭ᠌ᠰᠡᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢᠣᠷᠣᠭᠤᠯᠬᠤ ᠲᠥᠰᠦᠯ᠎ᠢ ᠨᠢᠳᠤᠨᠤᠨ᠎ᠤ 10 ᠰᠠᠷ᠎ᠠ ᠪᠠ 12 ᠰᠠᠷ᠎ᠠ᠎ᠶ᠋ᠢᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠬᠤᠷᠠᠯ ᠳᠡᠭᠡᠷ᠎ᠡ ᠨᠢᠭᠡᠨᠲᠡ ᠬᠣᠶᠠᠷ ᠤᠳᠠᠭ᠎ᠠ ᠬᠢᠨᠠᠨ ᠵᠥᠪᠯᠡᠵᠦᠥᠩᠭᠡᠷᠡᠵᠡᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨᠤᠭᠡᠱᠢᠭᠦᠳ ᠬᠢᠨᠠᠨ ᠵᠥᠪᠯᠡᠬᠦ ᠳᠤᠮᠳᠠ᠎ᠪᠠᠨ ᠰᠠᠨᠠᠯ ᠵᠥᠪᠯᠡᠯᠭᠡ᠎ᠪᠠᠨ ᠭᠦᠢᠴᠡᠳ ᠳᠤᠷᠠᠳᠪᠠ᠂ ᠡᠭᠦᠨ᠎ᠢ ᠦᠨᠳᠦᠰᠦᠯᠡᠨ᠂ᠬᠠᠤᠯᠢ᠎ᠶ᠋ᠢᠨ ᠲᠥᠰᠦᠯ᠎ᠢ ᠲᠡᠭᠦᠯᠳᠡᠷᠵᠢᠭᠦᠯᠪᠡ᠂ ᠵᠢᠱ᠌ᠢᠶᠡᠯᠡᠪᠡᠯ ᠲᠥᠰᠦᠯ᠎ᠦᠨ ᠬᠣᠶᠠᠳᠠᠬᠢ ᠬᠢᠨᠠᠯᠲᠠᠶ᠋ᠢᠨᠨᠤᠤᠷᠠᠭᠲᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠰᠦᠪ ᠪᠠ ᠲᠥᠰᠦᠪ᠎ᠦᠨ ᠭᠦᠢᠴᠡᠳᠭᠡᠯ᠎ᠢ ᠬᠢᠨᠠᠨᠪᠠᠢᠴᠠᠭᠠᠵᠤ ᠬᠢᠨᠠᠯᠲᠠ ᠲᠠᠯᠪᠢᠬᠤ ᠬᠣᠯᠪᠣᠭ᠍ᠳᠠᠯ ᠪᠦᠬᠦᠢ ᠲᠣᠭ᠍ᠲᠠᠭᠠᠯ᠎ᠢ ᠨᠠᠷᠢᠯᠢᠭ᠍ᠵᠢᠭᠤᠯᠤᠨ ᠨᠥᠬᠥᠪᠥᠷᠢᠯᠡᠵᠦ᠍ᠴᠢᠩᠭᠠᠳᠭᠠᠬᠤ᠂ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳᠦᠨᠶᠡᠬᠡᠬᠤᠷᠠᠯᠡᠴᠡᠬᠤᠷᠠᠯᠬᠤᠷᠠᠯᠳᠤᠭᠤᠯᠬᠤᠶ᠋ᠢᠵᠣᠬᠢᠰᠲᠠᠢᠪᠠᠷᠤᠷᠢᠳᠴᠢᠯᠠᠭᠤᠯᠬᠤᠪᠤᠶᠤ ᠬᠣᠢᠱᠢᠯᠠᠭᠤᠯᠬᠤ᠎ᠪᠠᠷ ᠲᠣᠭ᠍ᠲᠠᠭᠠᠵᠤ ᠪᠣᠯᠤᠨ᠎ᠠ ᠭᠡᠬᠦ᠌ ᠮᠡᠲᠦ᠍ᠲᠤᠭᠲᠠᠭᠠᠯᠢ ᠨᠡᠮᠡᠪᠡ᠃
ᠡᠭᠦᠨ᠎ᠦ ᠬᠠᠮᠲᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡᠬᠤᠷᠠᠯ᠎ᠤᠨ ᠬᠡᠷᠡᠭ ᠵᠥᠪᠯᠡᠬᠦ᠌ ᠲᠦᠷᠢᠮ᠎ᠢ ᠦᠨᠳᠦᠰᠦᠯᠡᠨ᠂ ᠡᠨᠡ ᠵᠢᠯ᠎ᠦᠨ 1 ᠰᠠᠷ᠎ᠠ᠎ᠳᠤ ᠪᠦᠬᠦ᠌ ᠤᠯᠤᠰ᠎ᠤᠨ ᠠᠷᠠᠳ᠎ᠤᠨ᠎ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠯᠪᠠᠨ ᠲᠢᠩᠬᠢᠮ᠂ ᠪᠦᠬᠦ᠌ ᠤᠯᠤᠰ᠎ᠤᠨᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠬᠠᠤᠯᠢ ᠴᠠᠭᠠᠵᠠ᠎ᠶ᠋ᠢᠨ ᠵᠥᠪᠯᠡᠯ ᠪᠠᠪᠠᠢᠩᠭᠤᠶ᠋ᠢᠨ ᠬᠣᠷᠢᠶᠠᠨ᠎ᠤ ᠬᠠᠤᠯᠢ ᠴᠠᠭᠠᠵᠠ᠎ᠶ᠋ᠢᠨ ᠠᠵᠢᠯ᠎ᠤᠨ ᠵᠥᠪᠯᠡᠯ ᠡᠴᠡ ᠪᠦᠬᠦ᠌ ᠤᠯᠤᠰ᠎ᠤᠨ ᠠᠷᠠᠳ᠎ᠤᠨ᠎ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠢ ᠤᠷᠢᠳᠴᠢᠯᠠᠨ ᠵᠣᠬᠢᠶᠠᠨ ᠪᠠᠢᠭᠤᠯᠵᠤ ᠣᠷᠣᠨ ᠨᠤᠲᠤᠭᠤᠨᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠰᠤᠳᠤᠯᠤᠨ ᠤᠩᠱᠢᠭᠤᠯᠵᠤ ᠶᠠᠷᠢᠯᠴᠠᠭᠤᠯᠤᠨ᠂ᠲᠥᠯᠥᠭᠡᠯᠡᠭ᠌ᠴᠢᠳ᠎ᠦᠨ ᠰᠠᠨᠠᠯ᠎ᠢ ᠥᠷᠭᠡᠨ᠎ᠢᠶᠡᠷ ᠬᠤᠷᠢᠶᠠᠵᠤ᠂ ᠵᠠᠷᠢᠮ ᠰᠠᠨᠠᠯ᠎ᠢ ᠨᠢᠭᠡᠨᠲᠡ ᠶᠡᠬᠡ ᠬᠤᠷᠠᠯᠳᠤᠬᠢᠨᠠᠨ ᠵᠦᠪᠯᠡᠭᠦᠯᠬᠦ᠎ᠪᠠᠷ ᠳᠡᠪᠱᠢᠭᠦᠯᠦᠭ᠌ᠰᠡᠨ ᠲᠥᠰᠦᠯ᠎ᠳᠦ ᠲᠤᠰᠭᠠᠪᠠ᠃ ᠶᠡᠬᠡ ᠬᠤᠷᠠᠯ᠎ᠤᠨ ᠬᠤᠭᠤᠴᠠᠭᠠᠨ᠎ᠳᠤ᠂ᠲᠥᠯᠥᠭᠡᠯᠡᠭ᠌ᠴᠢᠳ ᠪᠠᠰᠠ ᠭᠦᠢᠴᠡᠳ ᠬᠢᠨᠠᠨ ᠵᠦᠪᠯᠡᠵᠦ᠂ ᠰᠠᠨᠠᠯ ᠳᠤᠷᠠᠳᠭᠤ ᠴᠠᠭ᠎ᠲᠠᠶ ᠶᠤᠮ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠷᠡᠭᠵᠥᠪᠯᠡᠬᠦ᠌ ᠲᠦᠷᠢᠮ᠎ᠦᠨ ᠵᠦᠢᠯ ᠪᠦᠷᠢ᠎ᠵᠢᠨ ᠲᠤᠬᠳᠠᠭᠠᠯ᠎ᠦᠨ ᠵᠢᠷᠤᠭ ᠲᠥᠯᠥᠪᠯᠡᠭᠡ ᠨᠢ ᠶᠡᠬᠡ ᠬᠤᠷᠠᠯ᠎ᠤᠨ ᠬᠤᠭᠤᠴᠠᠭᠠᠨᠳᠤᠬᠠᠤᠯᠢ ᠴᠠᠭᠠᠵᠠ᠎ᠶ᠋ᠢᠨ ᠰᠠᠨᠠᠯ ᠵᠥᠪᠯᠡᠯᠭᠡ᠎ᠶ᠋ᠢ ᠬᠢᠨᠠᠨ ᠵᠥᠪᠯᠡᠬᠦ᠌ ᠭᠣᠭ᠍ᠴᠣᠭ᠎ᠠ᠎ᠶ᠋ᠢ ᠱᠢᠯᠢᠳᠡᠭ᠌ᠵᠢᠭᠦᠯᠵᠦ᠍᠂ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠂ ᠮᠥᠨ ᠴᠦ᠍ ᠲᠥᠯᠥᠭᠡᠯᠡᠭ᠌ᠴᠢᠳ᠎ᠦᠨ ᠭᠦᠢᠴᠡᠳ ᠬᠢᠨᠠᠨ ᠵᠥᠪᠯᠡᠬᠦ᠌᠂ᠰᠠᠨᠠᠯ ᠳᠤᠷᠠᠳᠭᠤ᠎ᠶ᠋ᠢ ᠪᠠᠲᠤᠯᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠦᠨ ᠴᠠᠭᠦᠶ᠎ᠡ᠎ᠲᠡᠶ ᠵᠡᠷᠭᠡ᠎ᠪᠡᠷ ᠤᠷᠤᠭ᠍ᠰᠢᠯᠠᠵᠤ᠂ ᠲᠠᠰᠤᠷᠠᠯᠳᠠ ᠦᠭᠡᠢ ᠲᠡᠭᠦᠯᠳᠡᠷᠵᠢᠵᠤ ᠪᠠᠢᠭ᠎ᠠ᠎ᠶ᠋ᠢ ᠢᠯᠡᠷᠡᠭᠦᠯᠪᠡ᠃
ᠰᠠᠨᠠᠯ ᠵᠥᠪᠯᠡᠯᠭᠡ ᠵᠢ ᠪᠠᠲᠤᠯᠠᠬᠤ ᠠᠷᠭ᠎ᠠ ᠮᠠᠶᠢᠭ᠎ᠢ ᠨᠢᠭᠡᠳᠦᠯᠲᠡᠢ ᠲᠣᠭ᠍ᠲᠠᠭᠠᠵᠤ᠂ᠶᠡᠬᠡ ᠬᠤᠷᠠᠯ᠎ᠤᠨ ᠲᠡᠰ ᠲᠠᠷᠠᠭᠠᠯᠠᠯ᠎ᠢ ᠤᠯᠠᠮ ᠨᠢᠭᠡ ᠠᠯᠬᠤᠮ ᠵᠢᠷᠤᠮᠵᠢᠭᠤᠯᠵᠠᠢ
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠳᠡᠭᠡᠷᠡᠪᠠᠲᠤᠯᠠᠬᠤ ᠡᠷᠬᠡ᠎ᠶ᠋ᠢ ᠬᠡᠷᠡᠭ᠌ᠵᠢᠭᠦᠯᠬᠦ᠌ ᠪᠣᠯ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡᠬᠤᠷᠠᠯ᠎ᠤᠨ ᠲᠥᠯᠥᠭᠡᠯᠡᠭ᠌ᠴᠢ᠎ᠶ᠋ᠢᠨ ᠨᠢᠭᠡ ᠵᠦᠢᠯ᠎ᠦᠨ ᠬᠠᠤᠯᠢ᠎ᠳᠤ ᠲᠣᠭ᠍ᠲᠠᠭᠠᠭ᠍ᠰᠠᠨ ᠡᠷᠬᠡ ᠮᠥᠨ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠷᠡᠭᠵᠥᠪᠯᠡᠬᠦ᠌ ᠲᠦᠷᠢᠮ᠎ᠳᠦ ᠵᠠᠰᠠᠪᠤᠷᠢ ᠣᠷᠣᠭᠤᠯᠬᠤ ᠦᠶ᠎ᠡ᠎ᠳᠦ᠂ ᠥᠩᠭᠡᠷᠡᠭ᠌ᠰᠡᠨ ᠵᠢᠯ᠎ᠦᠳ᠎ᠦᠨ ᠶᠡᠬᠡ ᠬᠤᠷᠠᠯᠤᠨᠰᠠᠨᠠᠯ ᠵᠥᠪᠯᠡᠯᠭᠡ᠎ᠶ᠋ᠢ ᠪᠠᠲᠤᠯᠠᠬᠤ ᠠᠷᠭ᠎ᠠ᠎ᠶ᠋ᠢᠨ ᠬᠣᠯᠪᠣᠭ᠍ᠳᠠᠯ ᠪᠦᠬᠦᠢ ᠠᠭᠤᠯᠭ᠎ᠠ᠎ᠶ᠋ᠢ ᠱᠢᠩᠭᠡᠭᠡᠨ ᠠᠪᠴᠤ᠌᠂ᠬᠡᠷᠡᠭ ᠵᠥᠪᠯᠡᠬᠦ᠌ ᠲᠦᠷᠢᠮ᠎ᠦᠨ 60 ᠳ᠋ᠤᠭᠠᠷ ᠵᠤᠷᠪᠤᠰ᠎ᠲᠤ ᠪᠠᠲᠤᠯᠠᠬᠤ ᠠᠷᠭ᠎ᠠ ᠮᠠᠶᠢᠭ᠎ᠤᠨ ᠲᠤᠬᠠᠢ ᠲᠣᠳᠣᠷᠬᠠᠢᠨᠢᠭᠡᠳᠦᠯᠲᠡᠢ ᠲᠣᠭ᠍ᠲᠠᠭᠠᠯ ᠭᠠᠷᠭᠠᠪᠠ —
《ᠬᠤᠷᠠᠯ᠎ᠡᠴᠡ ᠰᠠᠨᠠᠯ ᠵᠥᠪᠯᠡᠯᠭᠡ᠎ᠶ᠋ᠢ ᠪᠠᠲᠤᠯᠠᠬᠤ᠎ᠳᠠᠭᠠᠨ ᠨᠡᠷ᠎ᠡ ᠲᠡᠮᠲᠡᠭᠯᠡᠬᠦᠦᠭᠡᠢᠪᠠᠷ ᠪᠠᠲᠤᠯᠠᠭᠤᠷ ᠮᠠᠰᠢᠨ᠎ᠢ ᠳᠠᠷᠤᠬᠤ ᠠᠷᠭ᠎ᠠ᠎ᠶ᠋ᠢ ᠬᠡᠷᠡᠭ᠌ᠯᠡᠨ᠎ᠡ᠃ ᠬᠡᠷᠪᠡ ᠪᠠᠲᠤᠯᠠᠭᠤᠷ ᠮᠠᠱᠢᠨᠤᠱᠢᠰᠲ᠋ᠧᠮ ᠬᠡᠷᠡᠭ᠌ᠯᠡᠬᠦ᠌ ᠶᠠᠪᠤᠴᠠ᠎ᠳᠤ ᠰᠠᠭᠠᠳ ᠭᠠᠷᠪᠠᠯ ᠭᠠᠷ ᠡᠷᠭᠦᠬᠦ᠌ ᠠᠷᠭ᠎ᠠ᠎ᠶ᠋ᠢ ᠬᠡᠷᠡᠭ᠌ᠯᠡᠨ᠎ᠡ》᠃
《ᠦᠨᠳᠦᠰᠦᠨ ᠬᠠᠤᠯᠢ᠎ᠳᠤ ᠵᠠᠰᠠᠪᠤᠷᠢ ᠣᠷᠣᠭᠤᠯᠬᠤ᠎ᠳᠤ ᠨᠡᠷ᠎ᠡ ᠲᠡᠮᠲᠡᠭᠯᠡᠬᠦ ᠦᠭᠡᠢ᠎ᠪᠡᠷ ᠪᠢᠯᠸᠲ ᠦᠭᠬᠦ ᠠᠷᠭ᠎ᠠ᠎ᠪᠠᠷ ᠪᠠᠲᠤᠯᠠᠨ᠎ᠠ》᠃
《ᠪᠡᠯᠡᠳᠭᠡᠯ ᠬᠤᠷᠠᠯ᠂ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠢᠶᠠᠷ ᠪᠠᠲᠤᠯᠠᠬᠤᠠᠷᠭᠠ ᠬᠡᠯᠪᠡᠷᠢᠳᠦ ᠲᠤᠰ ᠵᠤᠷᠪᠤᠰ᠎ᠦᠨ ᠨᠢᠭᠡᠳᠦᠭᠡᠷ ᠵᠤᠷᠪᠤᠰ᠎ᠤᠨ ᠲᠣᠭ᠍ᠲᠠᠭᠠᠯ᠎ᠢ ᠬᠡᠷᠡᠭ᠌ᠯᠡᠨ᠎ᠡ》᠃
ᠰᠠᠨᠠᠯ ᠵᠥᠪᠯᠡᠯᠭᠡ᠎ᠶ᠋ᠢ ᠪᠠᠲᠤᠯᠠᠬᠤ ᠠᠷᠭ᠎ᠠ ᠮᠠᠶᠢᠭ᠎ᠢ ᠨᠢᠭᠡᠳᠦᠯᠲᠡᠢ ᠵᠢᠷᠤᠮᠵᠢᠭᠤᠯᠤᠬᠰᠠᠨ᠎ᠨᠢ ᠪᠠᠲᠤᠯᠠᠬᠤ ᠠᠷᠭ᠎ᠠ ᠮᠠᠶᠢᠭ᠎ᠤᠨ ᠨᠢᠭᠡᠳᠦᠯᠲᠦ ᠴᠢᠨᠠᠷ᠎ᠢ ᠪᠠᠲᠤᠯᠠᠪᠠ᠃ ᠢᠩᠭᠢᠪᠡᠯ ᠬᠣᠢᠱᠢᠳᠠ ᠵᠢᠯ ᠪᠦᠷᠢᠶ᠋ᠢᠨᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠠᠩᠬᠠᠳᠤᠭᠠᠷ ᠬᠤᠷᠠᠯ᠎ᠳᠤ ᠲᠤᠰ ᠤᠳᠠᠭᠠᠨ᠎ᠤ ᠶᠡᠬᠡ ᠬᠤᠷᠠᠯᠤᠨᠰᠠᠨᠠᠯ ᠵᠥᠪᠯᠡᠯᠭᠡ᠎ᠶ᠋ᠢ ᠪᠠᠲᠤᠯᠠᠬᠤ ᠠᠷᠭ᠎ᠠ᠎ᠶ᠋ᠢ ᠠᠰᠲᠤᠨᠢ ᠬᠢᠨᠠᠨ ᠶᠠᠷᠢᠯᠴᠠᠵᠤ ᠪᠠᠲᠤᠯᠠᠬᠤ ᠴᠢᠬᠤᠯᠠ ᠦᠭᠡᠢᠪᠣᠯᠤᠨᠠ᠃
ᠠᠵᠢᠯ᠎ᠤᠨ ᠮᠡᠳᠡᠭᠡ ᠵᠠᠩᠭᠢᠵᠢᠯᠲᠠ᠎ᠶ᠋ᠢᠨ ᠲᠠᠪᠴᠠᠩ᠎ᠢ ᠡᠬᠢᠯᠡᠨ ᠬᠡᠷᠡᠭ᠌ᠯᠡᠵᠦ᠍᠂ ᠲᠥᠯᠥᠭᠡᠯᠡᠭ᠌ᠴᠢᠳ᠎ᠦᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠦ ᠨᠡᠩ ᠲᠦᠬᠦᠮ ᠦᠵᠡᠭᠦᠯᠪᠡ
ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠬᠡᠷᠡᠭ ᠵᠥᠪᠯᠡᠬᠦ᠌ ᠲᠦᠷᠢᠮ᠎ᠳᠦ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡᠬᠤᠷᠠᠯ᠎ᠤᠨ ᠬᠤᠷᠠᠯ᠎ᠡᠴᠡ ᠣᠲᠣ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠢ ᠬᠡᠷᠡᠭ᠌ᠯᠡᠨ᠂ ᠬᠤᠷᠠᠯᠤᠨᠪᠢᠴᠢᠭ ᠮᠠᠲ᠋ᠧᠷᠢᠶᠠᠯ᠎ᠢ ᠡᠯᠸᠺᠲ᠋ᠷᠤᠨᠴᠢᠯᠠᠬᠤ ᠵᠢ ᠠᠬᠢᠭᠤᠯᠵᠤ᠂ ᠰᠦᠯᠵᠢᠶᠡᠨ ᠸᠢᠳᠢᠦ᠌ ᠵᠡᠷᠭᠡ ᠠᠷᠭ᠎ᠠ ᠮᠠᠶᠢᠭᠢᠶᠠᠷᠲᠥᠯᠥᠭᠡᠯᠡᠭ᠌ᠴᠢᠳᠦᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠦ ᠲᠥᠬᠥᠮ ᠳᠦᠲᠡ ᠪᠠ ᠦᠶ᠋ᠯᠡᠴᠢᠯᠡᠭᠡᠬᠠᠩᠭᠠᠨᠠ ᠭᠡᠵᠦ᠍ ᠲᠣᠭ᠍ᠲᠠᠭᠠᠵᠠᠶ᠃
ᠬᠡᠷᠡᠭ ᠵᠥᠪᠯᠡᠬᠦ᠌ ᠲᠦᠷᠢᠮ᠎ᠦᠨ ᠱᠠᠭᠠᠷᠳᠠᠯᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤᠶ᠋ᠢᠨᠲᠥᠯᠥᠭᠡ᠂ ᠡᠨᠡ ᠵᠢᠯ᠎ᠦᠨ 2 ᠰᠠᠷ᠎ᠠ᠎ᠶ᠋ᠢᠨ 23 ᠤ᠋ ᠡᠳᠦᠷ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠠᠵᠢᠯ᠎ᠤᠨ ᠮᠡᠳᠡᠭᠡ ᠵᠠᠩᠭᠢᠵᠢᠯᠲᠠ᠎ᠶ᠋ᠢᠨ ᠲᠠᠪᠴᠠᠩ ᠵᠢᠩᠬᠢᠨᠢᠪᠡᠷᠠᠰᠢᠬᠯᠠᠯᠳᠠᠳᠦ ᠤᠷᠤᠪᠠ᠃
ᠣᠢᠯᠠᠭᠠᠭ᠍ᠰᠠᠨ᠎ᠢᠶᠠᠷ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨᠤᠠᠵᠢᠯᠤᠨᠲᠣᠬᠢᠷᠠᠭᠤᠯᠤᠯᠲᠠᠶ᠋ᠢᠦᠨᠳᠦᠰᠦᠯᠡᠨ᠂ ᠡᠨᠡ ᠵᠢᠯᠦᠨᠶᠡᠬᠡ ᠬᠤᠷᠠᠯ᠎ᠤᠨ ᠬᠤᠭᠤᠴᠠᠭᠠᠨ᠎ᠳᠤ᠂ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠠᠩᠬ᠎ᠠ ᠤᠳᠠᠭ᠎ᠠ ᠲᠠᠪᠴᠠᠩᠢᠶᠠᠷᠳᠠᠮᠵᠢᠭᠤᠯᠤᠨ ᠲᠤᠱᠢᠶᠠᠬᠤ ᠪᠠ ᠬᠤᠪᠢᠶᠠᠨ ᠭᠦᠶ᠋ᠴᠡᠳᠭᠡᠬᠦ᠌ ᠪᠣᠯᠤᠨ᠎ᠠ᠃
ᠦᠨᠡᠨ᠎ᠳᠡᠭᠡᠨ᠂ 2021 ᠣᠨ᠎ᠤ 3 ᠰᠠᠷ᠎ᠠ᠎ᠳᠤ᠂ ᠠᠷᠪᠠᠨ ᠭᠤᠷᠪᠠᠳᠤᠭᠠᠷ ᠬᠤᠭᠤᠴᠠᠭᠠᠨᠤᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠬᠤᠭᠤᠴᠠᠭᠠᠨ᠎ᠳᠤ᠂ᠬᠡᠰᠡᠭ ᠲᠥᠯᠥᠭᠡᠯᠡᠭ᠌ᠴᠢ ᠡᠴᠡ ᠲᠥᠯᠥᠭᠡᠯᠡᠭ᠌ᠴᠢᠳ᠎ᠦᠨ ᠠᠵᠢᠯ᠎ᠤᠨ ᠮᠡᠳᠡᠭᠡ ᠵᠠᠩᠭᠢᠵᠢᠯᠲᠠ᠎ᠶ᠋ᠢᠨ ᠲᠠᠪᠴᠠᠩᠢᠲᠤᠷᠱᠢᠨ ᠬᠡᠷᠡᠭ᠌ᠯᠡᠪᠡ᠃
ᠨᠢᠳᠤᠨᠤᠨ᠎ᠤ ᠶᠡᠬᠡ ᠬᠤᠷᠠᠯ᠎ᠤᠨ ᠬᠤᠭᠤᠴᠠᠭᠠᠨ᠎ᠳᠤ ᠲᠤᠷᠱᠢᠨ ᠬᠡᠷᠡᠭ᠌ᠯᠡᠭ᠌ᠰᠡᠨᠪᠠ ᠬᠤᠷᠠᠯ ᠲᠡᠭᠦᠰᠴᠦ ᠬᠠᠯᠠᠨ ᠰᠠᠢᠵᠢᠷᠠᠭᠤᠯᠤᠭ᠍ᠰᠠᠨᠤ ᠳᠠᠷᠠᠭ᠎ᠠ᠂ ᠣᠳᠣᠬᠠᠨ᠎ᠳᠤ᠂ ᠬᠠᠤᠯᠢ ᠴᠠᠭᠠᠵᠠᠶ᠋ᠢᠨᠲᠥᠰᠦᠯᠳᠦ ᠲᠥᠯᠥᠭᠡᠯᠡᠭ᠌ᠴᠢᠳ ᠡᠴᠡ ᠰᠠᠨᠠᠯ ᠬᠤᠷᠢᠶᠠᠬᠤ᠂ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ᠎ᠶ᠋ᠢ ᠪᠥᠬᠥ᠌ᠶᠠᠪᠤᠴᠠᠪᠠᠷ ᠮᠡᠳᠡᠭᠡ ᠵᠠᠩᠭᠢᠵᠢᠭᠤᠯᠬᠤ᠂ ᠲᠥᠯᠥᠭᠡᠯᠡᠭ᠌ᠴᠢᠳᠦᠨᠰᠠᠨᠠᠭᠤᠯᠭᠠᠶ᠋ᠢ ᠪᠥᠬᠥ᠌ ᠶᠠᠪᠤᠴᠠ ᠪᠠᠷ ᠮᠡᠳᠡᠭᠡ ᠵᠠᠩᠭᠢᠵᠢᠭᠤᠯᠬᠤᠵᠡᠷᠭᠡ ᠴᠢᠳᠠᠮᠵᠢ᠎ᠵᠢᠨ ᠦᠢᠯᠡᠳᠦᠯ ᠨᠢ ᠮᠠᠰᠢ ᠰᠠᠢᠨ ᠪᠠᠢᠵᠤ᠂ ᠲᠥᠯᠥᠭᠡᠯᠡᠭ᠌ᠴᠢᠳ ᠡᠴᠡ ᠰᠤᠷᠤᠯᠴᠠᠯᠭ᠎ᠠ ᠪᠠ ᠲᠤᠱᠢᠶᠠᠯ᠎ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠮᠡᠳᠡᠭᠡ ᠵᠠᠩᠭᠢ᠎ᠶ᠋ᠢ ᠨᠠᠩ ᠲᠦᠷᠭᠡᠨ ᠣᠯᠵᠤ᠂ ᠰᠠᠨᠠᠯ ᠵᠥᠪᠯᠡᠯᠭᠡ ᠰᠠᠨᠠᠭᠤᠯᠭᠠᠶ᠋ᠢᠨᠠᠩ ᠥᠨᠳᠥᠷ ᠪᠦᠲᠦᠮᠵᠢᠲᠡᠶ ᠱᠢᠶ᠋ᠳᠪᠦᠷᠢᠯᠡᠵᠦ᠍᠂ ᠨᠡᠪᠲᠡᠷᠡᠯᠴᠡᠨ ᠬᠠᠷᠢᠯᠴᠠᠬᠤ᠎ᠳᠤ ᠴᠤ᠌ ᠨᠠᠩ ᠲᠥᠬᠥᠮ ᠪᠣᠯᠭᠠᠪᠠ᠃
ᠡᠨᠡ ᠵᠢᠯ ᠮᠡᠳᠡᠭᠡ ᠵᠠᠩᠭᠢᠵᠢᠯᠲᠠ᠎ᠶ᠋ᠢᠨ ᠲᠠᠪᠴᠠᠩ᠎ᠤᠨ ᠳᠡᠮᠵᠢᠯᠭᠡ᠎ᠪᠡᠷ ᠲᠥᠯᠥᠭᠡᠯᠡᠭ᠌ᠴᠢᠳᠡᠭᠦᠷᠭᠡ ᠲᠤᠱᠢᠶᠠᠯ᠎ᠢᠶᠠᠨ ᠭᠦᠢᠴᠡᠳᠭᠡᠬᠦ᠌᠎ᠳᠦ ᠨᠡᠩ ᠳᠥᠭᠥᠮ ᠪᠤᠯᠵᠤ᠂ ᠶᠡᠬᠡ ᠬᠤᠷᠠᠯ᠎ᠢ ᠨᠡᠩ ᠴᠣᠮᠬᠠᠳᠭᠠᠵᠤ᠂ ᠥᠨᠳᠥᠷ ᠪᠦᠲᠦᠮᠵᠢᠲᠡᠢ ᠬᠤᠷᠠᠯᠳᠤᠭᠤᠯᠬᠤ᠎ᠶ᠋ᠢ ᠢᠲᠡᠭᠡᠵᠦ᠍ ᠪᠠᠢᠨ᠎ᠠ᠃
ᠶᠡᠬᠡ ᠬᠤᠷᠠᠯ᠎ᠢ ᠨᠡᠩ ᠨᠡᠭᠡᠭᠡᠯᠲᠡ ᠲᠡᠢ ᠢᠯᠡ ᠲᠤᠲᠤ ᠬᠤᠷᠠᠯᠳᠤᠭᠤᠯᠵᠤ ᠳᠤᠮᠳᠠᠳᠤᠤᠯᠤᠰ᠎ᠤᠨ ᠢᠲᠡᠭᠡᠯ᠎ᠢ ᠢᠯᠡᠷᠡᠭᠦᠯᠦᠨ᠎ᠠ
ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠬᠡᠷᠡᠭ ᠵᠥᠪᠯᠡᠬᠦ᠌ ᠲᠦᠷᠢᠮ᠎ᠳᠦ ᠰᠢᠨ᠎ᠡ ᠲᠤᠭᠲᠠᠭᠠᠯ ᠨᠡᠮᠡᠭᠰᠡᠡ ᠪᠠᠢᠨ᠎ᠠ —
《ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠷᠠᠯᠳᠤᠥᠭᠦᠯᠡᠭ᠌ᠴᠢ ᠲᠤᠮᠢᠯᠠᠨ᠎ᠠ᠂ ᠲᠥᠯᠥᠭᠡᠯᠡᠭ᠌ᠴᠢᠳ᠎ᠤᠨ ᠪᠦᠯᠬᠦᠮ ᠬᠡᠷᠡᠭ᠌ᠴᠡᠭᠡ᠎ᠪᠡᠨ ᠦᠨᠳᠦᠰᠦᠯᠡᠵᠦ᠍ ᠥᠭᠦᠯᠡᠭ᠌ᠴᠢᠲᠤᠮᠢᠯᠠᠵᠦ ᠪᠣᠯᠤᠨ᠎ᠠ》᠃
《ᠨᠠᠷᠢᠨ ᠪᠢᠴᠢᠭ᠎ᠦᠨ ᠭᠠᠵᠠᠷ᠎ᠡᠴᠡ ᠲᠥᠯᠥᠭᠡᠯᠡᠭ᠌ᠴᠢ ᠪᠣᠯᠤᠨ ᠬᠣᠯᠪᠣᠭ᠍ᠳᠠᠯ ᠪᠦᠬᠦᠢᠰᠠᠯᠠᠭ᠎ᠠ ᠮᠥᠴᠢᠷ᠂ ᠨᠢᠭᠡᠴᠢ᠎ᠶ᠋ᠢᠨ ᠬᠠᠷᠢᠭᠤᠴᠠᠯᠭᠠᠲᠠᠨ᠎ᠢ ᠵᠣᠬᠢᠶᠠᠨ ᠪᠠᠢᠭᠤᠯᠵᠤ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠰᠤᠷᠪᠤᠯᠵᠢᠯᠠᠭ᠎ᠠ᠎ᠶ᠋ᠢ ᠬᠦᠯᠢᠶᠡᠯᠭᠡᠵᠦ᠍ ᠪᠣᠯᠤᠨ᠎ᠠ᠃ ᠲᠥᠯᠥᠭᠡᠯᠡᠭ᠌ᠴᠢᠳᠦᠨᠪᠦᠯᠬᠦᠮᠤᠨᠬᠢᠨᠲᠤᠰ ᠲᠥᠯᠥᠭᠡᠯᠡᠭ᠌ᠴᠢᠳᠦᠨᠪᠦᠯᠬᠦᠮᠦᠨᠢᠶᠡᠨ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠵᠤ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠰᠤᠷᠪᠤᠯᠵᠢᠯᠠᠭᠠᠶ᠋ᠢᠬᠦᠯᠢᠶᠡᠯᠭᠡᠵᠦ᠍ ᠪᠣᠯᠤᠨ᠎ᠠ》᠃
《ᠶᠡᠬᠡ ᠬᠤᠷᠠᠯ᠎ᠤᠨ ᠪᠥᠬᠥᠳᠡ ᠬᠤᠷᠠᠯ᠎ᠢ ᠷᠠᠳᠢᠣ᠋ ᠨᠡᠪᠲᠡᠷᠡᠭᠦᠯᠭᠡ᠂ ᠲᠧᠯᠸᠢᠰ᠂ᠰᠦᠯᠵᠢᠶ᠎ᠡ ᠵᠡᠷᠭᠡ ᠵᠠᠭᠤᠴᠢᠯᠠᠭᠤᠷ᠎ᠢᠶᠠᠷ ᠳᠠᠮᠵᠢᠭᠤᠯᠤᠨ ᠢᠯᠡ᠎ᠪᠡᠷ ᠮᠡᠳᠡᠭᠡᠯᠡᠨ᠎ᠡ》᠃
ᠡᠳᠡᠭᠡᠷ ᠲᠣᠭ᠍ᠲᠠᠭᠠᠯ ᠪᠣᠯ ᠤᠢ᠍ᠢᠷ᠎ᠠ᠎ᠶ᠋ᠢᠨ ᠵᠢᠯ᠎ᠦᠨ ᠲᠤᠷᠱᠢᠬᠢ ᠶᠡᠬᠡ ᠬᠤᠷᠠᠯᠤᠨᠠᠯᠢ ᠤᠯᠠᠨ ᠪᠣᠯᠪᠠᠰᠤᠷᠠᠩᠭᠤᠢ ᠦᠢᠯᠡᠳᠦᠯᠭᠡ᠎ᠶ᠋ᠢᠨ ᠳ᠋ᠦᠩᠨᠡᠯᠲᠡ ᠪᠠ ᠵᠢᠷᠤᠮᠵᠢᠯ ᠮᠥᠨ᠂ ᠬᠠᠤᠯᠢ᠎ᠳᠤ ᠲᠣᠭ᠍ᠲᠠᠭᠠᠭ᠍ᠰᠠᠨᠲᠡᠰ ᠲᠠᠷᠠᠭᠠᠯᠠᠯ᠎ᠢᠶᠠᠷ ᠶᠡᠬᠡ ᠬᠤᠷᠠᠯ᠎ᠤᠨ ᠬᠤᠷᠠᠯᠳᠤᠬᠤ᠎ᠶ᠋ᠢ ᠢᠯᠡ ᠲᠣᠳᠣ ᠪᠠᠢᠯᠭᠠᠬᠤ᠎ᠶ᠋ᠢ ᠪᠠᠲᠤᠯᠠᠪᠠ᠃
ᠣᠢᠯᠠᠭᠠᠭ᠍ᠰᠠᠨ᠎ᠢᠶᠠᠷ᠂ ᠡᠨᠡ ᠵᠢᠯ᠂ ᠶᠡᠬᠡ ᠬᠤᠷᠠᠯ᠎ᠤᠨ ᠥᠭᠦᠯᠡᠭ᠌ᠴᠢ ᠡᠴᠡ ᠰᠣᠨᠢᠨᠮᠡᠳᠡᠭᠡ ᠨᠡᠢᠲᠡᠯᠡᠬᠦ᠌ ᠬᠤᠷᠠᠯ ᠶᠠᠪᠤᠬᠳᠠᠭᠤᠯᠬᠤ ᠪᠥᠭᠡᠳ ᠲᠥᠯᠥᠭᠡᠯᠡᠭ᠌ᠴᠢᠳ᠎ᠦᠨ ᠰᠤᠷᠪᠤᠯᠵᠢᠯᠠᠭ᠎ᠠ ᠬᠦᠯᠢᠶᠡᠬᠦ ᠵᠠᠮ᠂ ᠰᠠᠢᠳᠨᠠᠷᠤᠨ ᠰᠤᠷᠪᠤᠯᠵᠢᠯᠠᠭ᠎ᠠ ᠬᠦᠯᠢᠶᠡᠬᠦ ᠵᠠᠮ᠎ᠢ ᠲᠣᠬᠢᠷᠠᠭᠤᠯᠤᠨ᠎ᠠ᠃ ᠰᠣᠨᠢᠨᠮᠡᠳᠡᠭᠡᠨᠦ ᠲᠥᠪ᠎ᠤᠨ ᠬᠢᠨ ᠢᠨᠲ᠋ᠸᠷ ᠰᠦᠯᠵᠢᠶ᠎ᠡ ᠵᠡᠷᠭᠡ ᠮᠡᠷᠭᠡᠵᠢᠯ᠎ᠢ ᠭᠦᠶ᠋ᠴᠡᠳ ᠬᠡᠷᠡᠭ᠌ᠯᠡᠨ ᠳᠤᠮᠳᠠᠳᠤᠭᠠᠳᠠᠭᠠᠳᠤᠶ᠋ᠢᠨᠰᠣᠷᠪᠣᠯᠵᠢᠯᠠᠭ᠍ᠴᠢᠳᠲᠤᠦᠶ᠋ᠯᠡᠴᠢᠯᠡᠭᠡᠬᠠᠩᠭᠠᠵᠤ᠂ᠳᠤᠮᠳᠠᠳᠤ ᠭᠠᠳᠠᠭᠠᠳᠤ᠎ᠶ᠋ᠢᠨ ᠰᠣᠷᠪᠣᠯᠵᠢᠯᠠᠭ᠍ᠴᠢᠳᠤᠨᠬᠠᠷᠢᠯᠴᠠᠵᠤ ᠰᠤᠷᠪᠤᠯᠵᠢᠯᠠᠭ᠎ᠠ ᠬᠢᠬᠦ ᠵᠢ ᠢᠳᠡᠪᠬᠢᠲᠡᠶ ᠬᠠᠮᠵᠢᠨ᠎ᠠ᠃
ᠶᠡᠬᠡ ᠬᠤᠷᠠᠯ᠎ᠢ ᠢᠯᠡᠲᠣᠳᠣ ᠬᠤᠷᠠᠯᠲᠤᠭᠤᠯᠬᠤ ᠨᠢ᠂ ᠪᠠᠰᠠ ᠴᠤ᠌ ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠭ᠍ᠰᠠᠨ ᠪᠠᠢᠭᠤᠯᠤᠯᠤᠨᠳᠠᠪᠠᠭᠤᠯᠢᠭᠤᠨ ᠪᠣᠳᠠᠲᠠᠶ ᠢᠯᠡᠷᠡᠯ ᠮᠥᠨ᠂ ᠡᠨᠡ᠎ᠨᠢ ᠳᠤᠮᠳᠠᠳᠤ ᠤᠯᠤᠰ᠎ᠤᠨ ᠨᠡᠭᠡᠭᠡᠯᠲᠡ ᠲᠠᠢ ᠪᠠᠢᠬᠤ ᠬᠢᠭᠡᠳ ᠢᠲᠡᠭᠡᠯ ᠵᠣᠷᠢᠭ ᠲᠠᠢ ᠪᠠᠢᠬᠤ᠎ᠵᠢ ᠢᠯᠡᠷᠡᠭᠦᠯᠦᠭᠰᠡᠡᠪᠠᠢᠨᠠ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠶᠠᠩ ᠸᠸᠢ ᠬᠠᠨ ᠴᠸᠨ ᠹᠸᠢ ᠸᠠᠩ ᠴᠢ
(ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 3᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃