2022-03-06 09:08:57
ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭ᠌ᠴᠢ᠂ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠲᠡᠷᠢᠭᠦᠯᠡᠭ᠌ᠴᠢ ᠰᠢ ᠵᠢᠨ ᠫᠢᠩ 5 ᠤ᠋ᠦᠳᠡᠶ᠋ᠢᠨᠬᠣᠢᠨᠠᠲᠡᠭᠦᠨᠦᠪᠠᠢᠭᠠᠠᠷᠪᠠᠨᠭᠤᠷᠪᠠᠳᠤᠭᠠᠷᠬᠤᠭᠤᠴᠠᠭᠠᠨᠤᠪᠦᠬᠦ᠌ᠤᠯᠤᠰ ᠤᠨ ᠠᠷᠠᠳ᠎ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠦᠨᠳᠦᠰᠦᠲᠡᠨ᠎ᠦ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠮᠥᠨ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠵᠥ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠵᠥ᠂ ᠦᠨᠳᠦᠰᠦᠲᠡᠨ ᠨᠤᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠳᠤᠳᠬᠠᠬᠤ᠂ ᠤᠢ᠍ᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠳᠤ ᠪᠤᠢ ᠪᠤᠯᠭᠠᠵᠥ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠲᠠᠰᠤᠷᠠᠯᠲᠠ ᠦᠭᠡᠢ ᠪᠡᠬᠢᠵᠢᠭᠦᠯᠵᠥ᠂ ᠦᠨᠳᠦᠰᠦᠲᠡᠨ᠎ᠨᠦᠭᠦᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠳᠦ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠵᠥ᠂ ᠠᠭᠤᠤ ᠶᠡᠬᠡ ᠡᠬᠡ ᠤᠯᠤᠰ᠎ᠢᠶᠠᠨ ᠬᠠᠮᠲᠤ᠎ᠪᠠᠷ ᠪᠦᠲᠦᠭᠡᠨᠪᠠᠢᠭᠤᠯᠵᠥ᠂ᠰᠠᠢᠨᠰᠠᠢᠬᠠᠨ ᠠᠮᠢᠳᠤᠷᠠᠯ᠎ᠢ ᠬᠠᠮᠲᠤ᠎ᠪᠠᠷ ᠴᠤᠬᠴᠠᠯᠠᠵᠥ᠂ ᠲᠣᠭ᠍ᠲᠠᠭᠤᠨ ᠪᠥᠭᠡᠳ ᠡᠷᠡᠭᠦᠯ ᠠᠵᠤ ᠠᠬᠤᠢ᠎ᠶ᠋ᠢᠨ ᠣᠷᠴᠢᠨ ᠳᠤᠭᠤᠷᠢᠨ᠂ ᠲᠦᠷᠦ᠍ ᠲᠦᠪᠱᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠣᠷᠴᠢᠨ ᠲᠣᠭᠣᠷᠢᠨ᠎ᠢ ᠬᠦᠴᠦᠯᠡᠨ ᠪᠠᠷᠢᠮᠳᠠᠯᠠᠵᠥ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭᠳᠡᠢ ᠬᠡᠵᠥ ᠴᠢᠬᠤᠯᠠᠴᠢᠯᠠᠪᠠ᠃

3 ᠰᠠᠷ᠎ᠠ ᠵᠢᠨ 5 ᠦ ᠡᠳᠤᠷ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃
ᠰᠢᠨᠬᠤᠸᠠ ᠬᠤᠷᠢᠶᠠᠨᠦ ᠰᠤᠷᠪᠤᠯᠵᠢᠯᠠᠭᠴᠢ ᠬᠤᠸᠠᠩ ᠵᠢᠩ ᠸᠸᠨ ᠰᠡᠬᠦᠳᠡᠷᠯᠡᠪᠡ
ᠥᠪᠥᠷᠮᠣᠩᠭᠣᠯᠤᠨᠲᠥᠯᠥᠭᠡᠯᠡᠭ᠌ᠴᠢᠳᠦᠨ ᠪᠦᠯᠬᠦᠮ᠎ᠦᠨ ᠬᠢᠨ ᠬᠥᠷ ᠬᠥᠭ᠌ᠵᠢᠶᠡᠨᠲᠡᠶ ᠬᠢᠨᠠᠨ ᠵᠦᠪᠯᠡᠵᠥ ᠶᠠᠷᠢᠯᠴᠠᠵᠠᠭᠠᠪᠠ᠃ ᠵᠠᠩ ᠯᠸᠢ᠂ ᠭᠦᠸᠧ ᠶᠠᠨ ᠯᠢᠩ᠂ ᠵᠢᠶᠠ ᠷᠦᠨ ᠠᠨ᠂ ᠸᠠᠩ ᠱᠢᠶᠤᠤ ᠬᠣᠩ᠂ ᠹᠸᠩ ᠶᠠᠨ ᠯᠢ᠂ ᠵᠣᠣ ᠬᠣᠶ ᠵᠢᠶᠧ᠂ ᠱ᠌ᠢ ᠢᠦᠶ ᠳ᠋ᠦᠩ ᠵᠡᠷᠭᠡ 7 ᠲᠥᠯᠥᠭᠡᠯᠡᠭ᠌ᠴᠢ ᠲᠣᠰ ᠲᠣᠰ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠰᠢᠯᠠᠭᠤᠯᠬᠤ᠂ ᠲᠠᠯ᠎ᠠ ᠨᠤᠲᠤᠭ᠎ᠤᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠬᠤ᠂ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ᠂ ᠨᠡᠬᠦᠷᠡᠰᠦᠳᠦ᠋ᠷᠦᠭᠴᠢ ᠵᠢ ᠰᠠᠭᠠᠷᠮᠠᠭ᠍ᠵᠢᠭᠤᠯᠬᠤ᠎ᠳᠤ ᠬᠦᠴᠦᠨ ᠨᠡᠮᠡᠷᠢᠯᠡᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢ ᠰᠤᠷᠭᠠᠭᠤᠯᠢ ᠡᠷᠭᠢᠯᠡᠵᠤ ᠰᠤᠷᠭᠠᠭᠤᠯᠢ ᠵᠢ ᠵᠠᠰᠠᠬᠤ ᠪᠢᠴᠢᠭ ᠵᠢᠭᠠᠵᠤ ᠬᠥᠮᠦᠨ ᠬᠥᠮᠦᠵᠢᠭᠦᠯᠬᠦ᠌ ᠪᠥᠬᠥ᠌ ᠶᠠᠪᠤᠴᠠ᠎ᠳᠤ ᠠᠭᠤᠰᠤᠯᠴᠠᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠰᠠᠨᠰᠠᠷ᠎ᠤᠨ ᠠᠶᠠᠯᠠᠯ᠎ᠤᠨ ᠬᠦᠴᠦᠨ ᠴᠢᠳᠠᠯ᠎ᠢᠶᠠᠨ ᠡᠷᠭᠦᠬᠦ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠂ ᠦᠨᠳᠦᠰᠦᠲᠡᠨ᠎ᠦ ᠰᠦ ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠠᠰᠠᠭᠤᠳᠠᠯ᠎ᠤᠨ ᠲᠤᠬᠠᠶ ᠦᠭᠡ ᠬᠡᠯᠡᠪᠡ᠃ ᠰᠢ ᠵᠢᠨ ᠫᠢᠩ ᠪᠠᠢᠨ ᠳᠠᠬᠢᠨ ᠦᠭᠡ ᠬᠠᠪᠴᠢᠭᠤᠯᠵᠤ ᠲᠡᠮᠳᠡᠭ᠌ᠯᠡᠯ ᠬᠢᠵᠦ᠍ ᠪᠠᠢᠯ᠎ᠠ᠃
ᠣᠯᠠᠨ᠎ᠤ ᠬᠡᠯᠡᠬᠦ᠌᠎ᠶ᠋ᠢ ᠨᠠᠷᠢᠨ ᠬᠢᠨᠠᠮᠠᠭᠠᠶ ᠰᠣᠨᠣᠰᠤᠭ᠍ᠰᠠᠨ᠎ᠤ ᠳᠠᠷᠠᠭ᠎ᠠ ᠰᠢ ᠵᠢᠨ ᠫᠢᠩ ᠦᠭᠡ ᠬᠡᠯᠡᠪᠡ᠃ ᠲᠡᠷᠡ ᠡᠩ ᠲᠡᠷᠢᠭᠦᠨ᠎ᠳᠦ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠵᠥ᠂ ᠥᠪᠥᠷ ᠮᠣᠩᠭᠣᠯ᠎ᠤᠨ ᠨᠢᠭᠡ ᠵᠢᠯ᠎ᠦᠨ ᠲᠤᠷᠱᠢᠬᠢ ᠠᠵᠢᠯ᠎ᠢ ᠨᠤᠲᠠᠯᠠᠵᠥ᠂ ᠥᠪᠥᠷ ᠮᠣᠩᠭᠣᠯ᠎ᠤᠨ ᠨᠥᠬᠥᠳ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠵᠥ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠥ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠬᠠᠤ᠂ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠡᠷᠡᠰ ᠭᠤᠢᠪᠢᠰᠢ ᠦᠬᠡᠢ ᠵᠠᠮᠨᠠᠵᠥ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠂ ᠡᠨᠧᠷᠭᠢ᠎ᠶ᠋ᠢᠨ ᠰᠤᠷᠪᠤᠯᠵᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠳᠤᠯᠠᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ ᠪᠠᠨ ᠦᠨᠡᠨ ᠬᠦ᠌ ᠬᠦᠢᠴᠡᠳᠬᠡᠵᠥ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠦᠭᠡᠢ ᠪᠠᠲᠤ ᠴᠣᠭ᠍ᠴᠠᠯᠠᠵᠥ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠵᠥ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠵᠥ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠰᠤᠭᠡᠢ ᠬᠡᠵᠥ ᠬᠦᠰᠡᠪᠡ᠃
ᠰᠢ ᠵᠢᠨ ᠫᠢᠩ᠂ 2021 ᠣᠨ᠎ᠳᠤ᠂ ᠪᠢᠳᠡ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠵᠦᠢᠯ᠎ᠦᠨ ᠠᠵᠢᠯ᠎ᠢ ᠪᠦᠬᠦ᠌ ᠲᠠᠯ᠎ᠠ᠎ᠪᠠᠷ ᠠᠬᠢᠭᠤᠯᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠴᠢᠬᠤᠯᠠ ᠶᠡᠬᠡ ᠱᠢᠨ᠎ᠡ ᠠᠮᠵᠢᠯᠲᠠ ᠤᠯᠬᠤ᠎ᠶ᠋ᠢ ᠠᠬᠢᠭᠤᠯᠪᠠ᠃ ᠪᠢᠳᠡ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢ ᠦᠪᠡᠳᠡᠭ᠌ᠰᠢ ᠶᠡᠬᠡᠪᠡᠷ ᠪᠡᠯᠭᠡᠯᠡᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠡ ᠬᠤᠷᠠᠯ᠎ᠢ ᠬᠤᠷᠠᠯᠳᠤᠭᠤᠯᠤᠭ᠍ᠰᠠᠨ ᠪᠥᠭᠡᠳ ᠨᠠᠮ᠎ᠤᠨ ᠭᠤᠷᠪᠠᠳᠤᠭᠠᠷ ᠲᠡᠦᠬᠡ᠎ᠶ᠋ᠢᠨ ᠱᠢᠢᠳᠪᠦᠷᠢ᠎ᠶ᠋ᠢ ᠭᠠᠷᠭᠠᠪᠠ᠃ ᠪᠢᠳᠡᠲᠣᠭ᠍ᠲᠠᠭ᠍ᠰᠠᠨ ᠬᠤᠭᠤᠴᠠᠭᠠᠨ᠎ᠳᠠᠭᠠᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠲᠣᠭ᠍ᠲᠠᠭ᠍ᠰᠠᠨ ᠬᠤᠭᠤᠴᠠᠭᠠᠨ᠎ᠳᠠᠭᠠᠨ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠲᠡᠮᠡᠴᠡᠬᠦ ᠱᠢᠨ᠎ᠡ ᠠᠶᠠᠨ᠎ᠢᠶᠠᠨ ᠡᠬᠢᠯᠡᠭᠦᠯᠵᠡᠢ᠃ ᠪᠢᠳᠠ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠭᠠᠳᠠᠨ᠎ᠠ᠎ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌᠂ ᠳᠣᠲᠣᠭᠠᠳᠤ᠎ᠳᠠᠭᠠᠨ ᠲᠠᠬᠢᠨ ᠡᠭᠦᠰᠭᠦ᠎ᠶ᠋ᠢ ᠰᠡᠷᠭᠡᠢᠯᠡᠬᠦ᠌᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ ᠣᠨᠣᠴᠠᠲᠠᠢ ᠪᠠᠢᠬᠤ᠂ ᠬᠥᠳᠡᠯᠦᠩᠭᠦᠢ᠎ᠪᠡᠷ ᠪᠦᠬᠦᠨ᠎ᠢ ᠠᠷᠢᠯᠭᠠᠬᠤ ᠶ᠋ᠢ ᠪᠠᠷᠢᠮᠲᠠᠯᠠᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ᠌᠎ᠶ᠋ᠢ ᠢᠮᠠᠭ᠍ᠲᠠ ᠪᠣᠯᠭᠣᠮᠵᠢᠲᠠᠢ ᠰᠠᠢᠲᠤᠷ ᠠᠳᠭᠤᠵᠤ᠂ ᠠᠵᠤ ᠠᠬᠤᠢ᠎ᠶ᠋ᠢᠨ ᠬᠥᠭ᠌ᠵᠢᠯᠲᠡ ᠪᠣᠯᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠪᠦᠬᠦ᠌ ᠪᠥᠮᠪᠥᠷᠴᠡᠭ᠎ᠦᠨ ᠲᠡᠷᠢᠭᠦᠨ᠎ᠦ ᠪᠠᠢᠷᠢ ᠰᠠᠭᠤᠷᠢ᠎ᠪᠠᠨ ᠪᠠᠲᠤᠯᠠᠵᠤ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃ ᠪᠢᠳᠡ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠬᠢᠯᠡᠵᠦ᠍᠂ ᠳᠡᠯᠡᠬᠡᠢ ᠳ᠋ᠠᠬᠢᠨ᠎ᠳᠤ ᠳᠥᠭᠥᠮ ᠳᠥᠲᠡ᠂ ᠠᠮᠤᠷ ᠲᠦᠪᠱᠢᠨ᠂ ᠭᠣᠢᠳᠠ ᠰᠠᠢᠬᠠᠨ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ᠎ᠢ ᠬᠠᠨᠳᠢᠪᠯᠠᠵᠤ᠂ ᠮᠠᠨ᠎ᠤ ᠤᠯᠤᠰ᠎ᠤᠨ ᠲᠠᠮᠢᠷᠴᠢᠳ ᠡᠷᠡᠮᠡᠭᠡᠢᠯᠡᠨ ᠲᠡᠮᠡᠴᠡᠵᠦ᠍᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ ᠲᠡᠦᠬᠡ᠎ᠶ᠋ᠢᠨ ᠬᠠᠮᠤᠭ᠎ᠤᠨ ᠰᠠᠢ᠌ᠨ ᠬᠢᠷᠢ ᠪᠦᠲᠦᠮᠵᠢ᠎ᠶ᠋ᠢ ᠣᠯᠵᠠᠢ᠃ ᠡᠳᠡᠭᠡᠷ ᠠᠮᠵᠢᠯᠲᠠ ᠪᠦᠲᠦᠮᠵᠢ ᠨᠢ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ ᠭᠡᠵᠤ ᠵᠢᠭᠠᠵᠤ ᠭᠠᠷᠭᠠᠪᠠ᠃
ᠰᠢ ᠵᠢᠨ ᠫᠢᠩ᠂ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠠᠷᠠᠳ ᠲᠦᠮᠡᠨ᠎ᠦ ᠡᠷᠡᠮᠡᠬᠡᠢᠯᠡᠨ ᠤᠷᠤᠭ᠍ᠰᠢᠯᠠᠭ᠍ᠰᠠᠨ ᠥᠩᠭᠡᠷᠡᠯᠲᠡ᠎ᠶ᠋ᠢ ᠡᠷᠭᠢᠴᠡᠭᠦᠯᠪᠡᠯ᠂ ᠪᠢᠳᠡ ᠳᠣᠣᠷᠠᠬᠢ ᠴᠢᠬᠤᠯᠠ ᠲᠠᠨᠢᠯᠲᠠ᠎ᠶ᠋ᠢ ᠨᠡᠩ ᠪᠠᠲᠤᠳᠭᠠᠪᠠ᠃ ᠨᠢᠭᠡ᠎ᠳᠦ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠎ᠶ᠋ᠢᠨ ᠵᠠᠢᠯᠠᠰᠢ ᠦᠭᠡᠢ ᠵᠠᠮᠨᠠᠬᠤ ᠵᠠᠮ ᠮᠥᠨ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠠᠭᠠᠯᠠᠳᠠᠭ ᠯᠠ ᠶᠤᠮ ᠪᠣᠯ᠂ ᠪᠢᠳᠠ ᠯᠠᠪᠲᠠᠢ ᠪᠦᠬᠦ᠌ ᠨᠠᠮ ᠪᠦᠬᠦ᠌ ᠤᠯᠤᠰ᠎ᠢᠶᠠᠷ᠎ᠢᠶᠠᠨ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠤᠯᠤᠰ ᠲᠦᠷᠦ᠍᠎ᠶ᠋ᠢᠨ ᠨᠢᠭ᠍ᠲᠠᠷᠠᠯ᠎ᠤᠨ ᠬᠦᠴᠦᠨ᠎ᠲᠡᠶ᠂ ᠬᠥᠭ᠌ᠵᠢᠯᠲᠡ᠎ᠶ᠋ᠢᠨ ᠢᠲᠡᠭᠡᠯ ᠵᠣᠷᠢᠭᠲᠠᠶ ᠪᠠᠢᠬᠤ᠎ᠶ᠋ᠢ ᠪᠠᠲᠤᠯᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠂ ᠴᠠᠭ᠎ᠤᠨ ᠪᠡᠷᠬᠡ᠎ᠶ᠋ᠢ ᠬᠠᠮᠲᠤ᠎ᠪᠠᠷ ᠲᠤᠭᠤᠯᠬᠤ ᠬᠦᠴᠦᠷᠬᠡᠭ ᠶᠡᠬᠡ ᠬᠦᠴᠦᠨ ᠴᠢᠳᠠᠯ᠎ᠢ ᠨᠢᠭ᠍ᠲᠠᠷᠠᠭᠤᠯᠵᠤ᠂ ᠰᠠᠯᠬᠢ ᠪᠣᠷᠣᠭᠠᠨ᠎ᠤ ᠲᠠᠭᠠᠷᠢᠯᠳᠡ᠎ᠳᠤ ᠪᠦᠬᠦ᠌ ᠠᠷᠠᠳ ᠲᠦᠮᠡᠨ᠎ᠦ ᠬᠠᠮᠤᠭ᠎ᠤᠨ ᠨᠠᠢᠳᠠᠪᠤᠷᠢᠲᠠᠢ ᠲᠦᠱᠢᠭ ᠲᠤᠯᠭᠠᠭᠤᠷᠢ᠎ᠶ᠋ᠢ ᠪᠦᠷᠢᠯᠳᠦᠭᠦᠯᠵᠦ᠍ ᠴᠢᠳᠠᠨ᠎ᠠ᠃ ᠬᠣᠶᠠᠷ᠎ᠲᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ ᠪᠣᠯ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠵᠢᠨ ᠵᠠᠢᠯᠠᠰᠢ ᠦᠭᠡᠢ ᠵᠠᠮᠨᠠᠬᠤ ᠵᠠᠮ ᠮᠥᠨ᠃ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠵᠠᠮ᠎ᠢᠶᠠᠷ ᠢᠮᠠᠭ᠍ᠲᠠ ᠭᠤᠢᠪᠢᠰᠢ ᠦᠭᠡᠢ ᠵᠠᠮᠨᠠᠳᠠᠭ ᠯᠠ ᠶᠤᠮ ᠪᠣᠯ ᠪᠢᠳᠡ ᠯᠠᠪᠲᠠᠢ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠪᠡᠶᠡᠯᠡᠭᠦᠯᠵᠦ᠍᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠲᠠᠰᠤᠷᠠᠯᠲᠠ ᠦᠭᠡᠢ ᠠᠬᠢᠭᠤᠯᠵᠤ ᠴᠢᠳᠠᠨ᠎ᠠ᠃ ᠭᠤᠷᠪᠠ᠎ᠳᠤ᠂ ᠪᠦᠯᠬᠦᠮᠳᠡᠨ ᠲᠡᠮᠡᠴᠡᠬᠦ᠌ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠦᠬᠡ᠎ᠶ᠋ᠢᠨ ᠠᠭᠤᠤ ᠦᠢᠯᠡᠰ᠎ᠢ ᠡᠭᠦᠳᠦᠨ ᠪᠦᠲᠦᠭᠡᠬᠦ᠌᠎ᠶ᠋ᠢᠨ ᠵᠠᠢᠯᠠᠰᠢ ᠦᠭᠡᠢ ᠶᠠᠪᠤᠬᠤ ᠵᠠᠮ ᠮᠥᠨ᠃ ᠨᠠᠮ᠎ᠤᠨ ᠤᠳᠤᠷᠢᠳᠤᠯᠭ᠎ᠠ ᠳᠣᠣᠷ᠎ᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠦᠯᠬᠦᠮᠳᠡᠨ ᠨᠢᠭᠡᠳᠴᠦ᠍᠂ ᠲᠦᠮᠡᠨ᠎ᠤ ᠵᠤᠷᠢᠭ᠎ᠢ ᠨᠢᠭᠡᠳᠬᠡᠵᠤ ᠲᠠᠮᠤᠷ ᠭᠡᠷᠡᠮ ᠮᠡᠳᠤ ᠪᠤᠯᠵᠤ᠂ ᠵᠣᠷᠢᠭ᠍ᠲᠠᠢ᠎ᠪᠠᠷ ᠲᠡᠮᠡᠴᠡᠵᠦ᠍᠂ ᠴᠢᠳᠠᠮᠠᠭᠠᠢ᠎ᠪᠠᠷ ᠲᠡᠮᠡᠴᠡᠳᠡᠭ ᠯᠡ ᠶᠤᠮ ᠪᠣᠯ᠂ ᠪᠢᠳᠡ ᠯᠠᠪᠲᠠᠢ ᠤᠷᠤᠭ᠍ᠰᠢᠯᠠᠯᠲᠠ᠎ᠶ᠋ᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠱᠢᠶᠡᠯ ᠥᠷᠢᠰᠥᠯᠳᠦᠭᠡᠨ᠎ᠢ ᠢᠯᠠᠨ ᠳᠠᠪᠠᠵᠤ᠂ ᠬᠥᠮᠦᠰ᠎ᠦᠨ ᠠᠩᠬᠠᠷᠤᠯ᠎ᠢ ᠲᠠᠲᠠᠭ᠍ᠰᠠᠨ ᠱᠢᠨ᠎ᠡ ᠭᠠᠢᠬᠠᠮᠱᠢᠭ᠎ᠢ ᠦᠷᠭᠦᠯᠵᠢᠯᠡᠨ ᠡᠭᠦᠳᠴᠦ᠍ ᠴᠢᠳᠠᠨ᠎ᠠ᠃ ᠲᠦᠷᠪᠡ᠎ᠳᠦ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ ᠪᠣᠯ ᠱᠢᠨ᠎ᠡ ᠴᠠᠭ ᠦᠶ᠎ᠡ᠎ᠶ᠋ᠢᠨ ᠮᠠᠨ᠎ᠤ ᠤᠯᠤᠰ᠎ᠤᠨ ᠬᠥᠭ᠌ᠵᠢᠨ ᠪᠤᠵᠠᠭᠠᠢ᠌ᠷᠠᠬᠤ᠎ᠶ᠋ᠢᠨ ᠵᠠᠢᠯᠠᠰᠢ ᠦᠭᠡᠢ ᠵᠠᠮᠨᠠᠬᠤ ᠵᠠᠮ ᠮᠥᠨ᠃ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠨ ᠪᠡᠶᠡᠯᠡᠭᠦᠯᠳᠡᠭ ᠯᠡ ᠶᠤᠮ ᠪᠤᠯ ᠪᠢᠳᠠ ᠯᠠᠪᠲᠠᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠦᠷᠢᠰᠦᠯᠳᠦᠬᠦ᠌ ᠬᠦᠴᠦᠨ ᠪᠣᠯᠤᠨ ᠦᠷᠭᠦᠯᠵᠢᠯᠡᠬᠦ᠌ ᠬᠦᠴᠦᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠡᠳᠦᠷ ᠢᠷᠡᠬᠦᠶ᠎ᠡ ᠱᠢᠷᠦᠭᠦᠰᠴᠦ᠍ ᠪᠠᠢᠭ᠎ᠠ ᠤᠯᠠᠨ ᠤᠯᠤᠰ᠎ᠤᠨ ᠥᠷᠢᠰᠥᠯᠳᠦᠭᠡᠨ᠎ᠦ ᠳᠤᠮᠳᠠ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠵᠦ᠍᠂ ᠢᠷᠡᠭᠡᠳᠦᠢ᠎ᠶ᠋ᠢ ᠣᠯᠵᠤ ᠴᠢᠳᠠᠨ᠎ᠠ᠃ ᠲᠠᠪᠤ᠎ᠳᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠯ ᠨᠠᠮ᠎ᠤᠨ ᠠᠮᠢᠵᠢᠷᠠᠯ᠎ᠤᠨ ᠬᠦᠴᠦᠨ᠎ᠢ ᠡᠭᠦᠷᠢᠳᠡ ᠪᠠᠲᠤᠯᠠᠵᠤ᠂ ᠱᠢᠨ᠎ᠡ ᠱᠢᠯᠭᠠᠯᠲᠠ ᠵᠢᠨ ᠵᠠᠮ᠎ᠢᠶᠠᠷ ᠰᠠᠢᠲᠤᠷ ᠵᠠᠮᠨᠠᠬᠤ ᠵᠠᠢᠯᠠᠰᠢ ᠦᠭᠡᠢ ᠵᠠᠮ ᠮᠥᠨ᠃ ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠳᠤ ᠪᠤᠢ᠃ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠯᠦ᠍ ᠮᠠᠷᠳᠠᠨ᠂ ᠵᠣᠷᠢᠭ᠍ᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠵᠦ᠍᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠬᠣᠬᠢᠷᠠᠭᠤᠯᠬᠤ ᠠᠯᠢᠪᠠ ᠬᠣᠣᠷᠲᠠᠢ ᠡᠯᠧᠮᠧᠨ᠋ᠲ᠎ᠢ ᠲᠠᠰᠤᠷᠠᠯᠲᠠ ᠦᠭᠡᠢ ᠴᠡᠪᠡᠷᠯᠡᠨ ᠠᠷᠢᠯᠭᠠᠵᠤ᠂ ᠨᠠᠮ᠎ᠤᠨ ᠡᠷᠡᠭᠦᠯ ᠴᠢᠭᠢᠷᠠᠭ ᠪᠡᠶ᠎ᠡ ᠴᠣᠭ᠍ᠴᠠ᠎ᠶ᠋ᠢ ᠬᠣᠬᠢᠷᠠᠭᠤᠯᠬᠤ ᠠᠯᠢᠪᠠ ᠡᠪᠡᠳᠴᠢᠨ ᠡᠭᠦᠰᠭᠡᠭ᠌ᠴᠢ᠎ᠶ᠋ᠢ ᠲᠠᠰᠤᠷᠠᠯᠲᠠ ᠦᠭᠡᠢ ᠴᠡᠪᠡᠷᠯᠡᠨ ᠠᠷᠢᠯᠭᠠᠳᠠᠭ ᠯᠠ ᠶᠤᠮ ᠪᠣᠯ᠂ ᠪᠢᠳᠡ ᠯᠠᠪᠲᠠᠢ ᠨᠠᠮ᠎ᠤᠨ ᠴᠢᠨᠠᠷ ᠬᠤᠪᠢᠷᠠᠬᠤ ᠦᠭᠡᠢ᠂ ᠢᠷᠠᠭᠤ ᠠᠯᠲᠠᠷᠲᠦ ᠤᠯᠠᠮᠵᠢᠯᠠᠯ ᠬᠤᠪᠢᠷᠠᠬᠤ ᠦᠭᠡᠢ᠂ ᠰᠢᠯᠢᠲᠡᠭ ᠰᠤᠷᠲᠠᠯ ᠬᠤᠪᠢᠷᠠᠬᠤ ᠦᠭᠡᠢ ᠪᠠᠢᠬᠤ᠎ᠶ᠋ᠢ ᠪᠠᠲᠤᠯᠠᠵᠤ ᠴᠢᠳᠠᠨ᠎ᠠ ᠭᠡᠵᠤ ᠴᠢᠬᠤᠯᠠᠴᠢᠯᠠᠪᠠ᠃
ᠰᠢ ᠵᠢᠨ ᠫᠢᠩ᠂ ᠮᠠᠨ᠎ᠤ ᠤᠯᠤᠰ ᠪᠣᠯ ᠤᠯᠠᠨ ᠦᠨᠳᠦᠰᠦᠲᠡᠨ᠎ᠲᠡᠶ ᠨᠢᠭᠡᠳᠦᠭ᠌ᠰᠡᠨ ᠤᠯᠤᠰ ᠮᠥᠨ᠂ ᠦᠨᠳᠦᠰᠦᠲᠡᠨ᠎ᠨᠦᠭᠦᠳ ᠪᠦᠯᠬᠦᠮᠳᠡᠯ᠎ᠲᠡᠶ ᠡᠶ᠎ᠡ ᠵᠣᠬᠢᠴᠠᠩᠭᠤᠢ ᠪᠠᠢᠪᠠᠯ ᠤᠯᠤᠰ ᠣᠷᠣᠨ ᠬᠥᠭ᠌ᠵᠢᠨ ᠮᠠᠨᠳᠤᠵᠤ᠂ ᠨᠡᠢᠭᠡᠮ ᠠᠮᠤᠷ ᠲᠣᠭ᠍ᠲᠠᠭᠤᠨ᠂ ᠠᠷᠠᠳ ᠲᠦᠮᠡᠨ ᠵᠣᠯ ᠵᠢᠷᠭᠠᠯ᠎ᠲᠠᠶ ᠠᠮᠢᠲᠤᠷᠠᠵᠦ ᠴᠢᠲᠠᠨ᠎ᠠ; ᠡᠭᠦᠨ᠎ᠦ ᠡᠰᠡᠷᠭᠦ᠎ᠪᠡᠷ ᠬᠢᠪᠠᠯ ᠤᠯᠤᠰ ᠣᠷᠣᠨ ᠲᠤᠷᠦᠢ᠌ᠳᠡᠵᠦ᠍᠂ ᠨᠡᠢᠭᠡᠮ ᠲᠣᠭ᠍ᠲᠠᠭᠤᠨ ᠪᠤᠰᠤ ᠪᠤᠯᠵᠦ᠍᠂ ᠠᠷᠠᠳ ᠲᠦᠮᠡᠨ ᠵᠣᠪᠠᠯᠠᠩ ᠠᠮᠰᠠᠬᠤ ᠪᠣᠯᠤᠨ᠎ᠠ᠃ ᠨᠠᠮ᠎ᠤᠨ ᠲᠥᠪ ᠬᠣᠷᠢᠶ᠎ᠠ᠎ᠠᠴᠠ ᠳᠤᠮᠳᠠᠳᠤ᠎ᠶ᠋ᠢᠨ ᠦᠨᠳᠦᠰᠦᠲᠡᠨᠦᠬᠠᠮᠲᠤᠶ᠋ᠢᠨᠴᠣᠭ᠍ᠴᠠᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠱᠢᠵᠢᠮ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠭ᠍ᠰᠠᠨ ᠨᠢ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ᠎ᠢ ᠬᠠᠮᠠᠭᠠᠯᠠᠬᠤ᠂ᠳᠤᠮᠳᠠᠳᠤᠶ᠋ᠢᠨᠦᠨᠳᠦᠰᠦᠲᠡᠨᠦᠠᠭᠤᠤᠶᠡᠬᠡᠰᠡᠷᠭᠦᠨᠮᠠᠨᠳᠤᠯᠲᠠᠶ᠋ᠢᠨᠳᠤᠮᠳᠠᠳᠤᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠬᠠᠨᠳᠤᠭᠤᠯᠤᠬᠰᠠᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠣᠯᠬᠤ ᠪᠥᠭᠡᠳ ᠲᠡᠦᠬᠡ᠎ᠶ᠋ᠢᠨ ᠲᠤᠷᠱᠢᠯᠭ᠎ᠠ ᠰᠤᠷᠭᠠᠮᠵᠢ᠎ᠶ᠋ᠢ ᠭᠦᠨᠵᠡᠭᠡᠢ ᠳ᠋ᠦᠩᠨᠡᠭᠡᠳ ᠣᠯᠤᠭ᠍ᠰᠠᠨ ᠴᠢᠬᠤᠯᠠ ᠳ᠋ᠦᠩᠨᠡᠯᠲᠡ ᠪᠣᠯᠤᠨ᠎ᠠ ᠭᠡᠵᠦ ᠵᠢᠭᠠᠵᠦ ᠭᠠᠷᠭᠠᠵᠠᠢ᠃
ᠰᠢ ᠵᠢᠨ ᠫᠢᠩ᠂ ᠥᠪᠥᠷ ᠮᠣᠩᠭᠣᠯ᠎ᠤᠨ ᠥᠨᠥᠳᠦᠷ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠥᠪᠥᠷ ᠮᠣᠩᠭᠣᠯ᠎ᠤᠨ ᠮᠠᠷᠭᠠᠰᠢ ᠮᠥᠨ ᠬᠦ᠌ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠦᠯᠬᠦᠮᠳᠡᠨ ᠲᠡᠮᠡᠴᠡᠬᠦ᠌᠎ᠶ᠋ᠢ ᠱᠠᠭᠠᠷᠳᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ᠎ᠳᠤ ᠨᠢᠳᠤᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠠᠵᠢᠯ᠎ᠢ ᠬᠢᠬᠦ᠌ ᠮᠥᠷᠲᠡᠭᠡᠨ ᠪᠠᠰᠠ ᠶᠡᠬᠡ ᠬᠡᠮᠵᠢᠶᠡᠨ᠎ᠦ 《 ᠵᠦᠭᠡᠯᠡᠨ ᠪᠤᠷᠤᠭ᠎ᠠ ᠲᠦᠮᠡᠨ ᠪᠤᠳᠠᠰ᠎ᠢ ᠤᠮᠳᠠᠯᠠᠬᠤ》 ᠶᠠᠪᠤᠳᠠᠯ᠎ᠢ ᠬᠢᠬᠦ᠌ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠎ᠳᠤ ᠡᠯ᠎ᠡ ᠵᠦᠢᠯ᠎ᠦᠨ ᠠᠵᠢᠯ᠎ᠢ ᠪᠣᠳᠠᠲᠠᠢ ᠠᠳᠭᠤᠵᠤ᠂ ᠨᠠᠷᠢᠯᠢᠭ ᠬᠢᠵᠦ᠍᠂ ᠳᠦᠷᠰᠦᠯᠢᠭ᠂ ᠰᠡᠳᠬᠢᠯᠭᠡ᠎ᠲᠡᠶ᠂ ᠪᠦᠲᠦᠮᠵᠢᠲᠡᠢ ᠲᠠᠢ ᠪᠠᠢᠯᠭᠠᠬᠤ ᠬᠡᠷᠡᠭ᠌ᠲᠡᠢ᠃ ᠦᠨᠳᠦᠰᠦᠲᠡᠨ᠎ᠨᠦᠭᠦᠳ᠎ᠦᠨ ᠺᠠᠳ᠋ᠷᠴᠤᠳ ᠨᠠᠮ᠎ᠤᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠤ᠂ ᠤᠬᠠᠮᠰᠠᠷ᠎ᠠᠴᠠ᠎ᠪᠠᠨ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠂ ᠳᠤᠮᠳᠠᠳᠤ᠎ᠶ᠋ᠢᠨ ᠦᠨᠳᠦᠰᠦᠲᠡᠨ᠎ᠦ ᠪᠦᠬᠦᠯᠢ ᠴᠣᠭ᠍ᠴᠠ᠎ᠶ᠋ᠢᠨ ᠠᠱᠢᠭ ᠲᠤᠰᠠ᠎ᠶ᠋ᠢᠨ ᠦᠨᠳᠦᠷᠴᠡ ᠡᠴᠡ ᠠᠰᠠᠭᠤᠳᠠᠯ᠎ᠢ ᠪᠣᠳᠣᠯᠬᠢᠯᠠᠵᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠠᠵᠢᠯ᠎ᠢ ᠠᠳᠭᠤᠬᠤ ᠬᠡᠷᠡᠭ᠌ᠲᠡᠢ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠠᠱᠢᠭ᠍ᠲᠠᠢ ᠠᠵᠢᠯ ᠯᠠ ᠶᠤᠮ ᠪᠣᠯ ᠢᠯᠡᠭᠦᠬᠡᠨ ᠬᠢᠬᠦ᠌ ᠬᠡᠷᠡᠭ᠌ᠲᠡᠢ ᠪᠥᠭᠡᠳ ᠭᠦᠨᠵᠡᠭᠡᠢ ᠨᠠᠷᠢᠯᠢᠭ ᠪᠣᠳᠠᠲᠠᠢ ᠬᠢᠬᠦ᠌ ᠬᠡᠷᠡᠭ᠌ᠲᠡᠢ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠠᠱᠢᠭ ᠦᠭᠡᠢ ᠶᠠᠪᠤᠳᠠᠯ ᠢ ᠶᠠᠭᠠᠬᠢᠭ᠍ᠰᠠᠨ ᠴᠤ᠌ ᠬᠢᠵᠦ᠍ ᠪᠣᠯᠬᠤ ᠦᠭᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠱᠠᠭᠠᠷᠳᠠᠯᠭ᠎ᠠ᠎ᠶ᠋ᠢ ᠪᠦᠬᠦ᠌ ᠣᠷᠣᠨ᠎ᠤ ᠲᠡᠦᠬᠡ ᠰᠣᠶᠣᠯ᠎ᠤᠨ ᠤᠬᠠᠭᠤᠯᠭ᠎ᠠ ᠬᠥᠮᠦᠵᠢᠯ᠂ ᠤᠯᠠᠨ ᠨᠡᠢᠲᠡ᠎ᠶ᠋ᠢᠨ ᠰᠣᠶᠣᠯ᠎ᠤᠨ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠂ ᠬᠤᠳᠠ᠎ᠶ᠋ᠢᠨ ᠪᠡᠯᠭᠡ ᠲᠡᠮᠳᠡᠭ᠎ᠦᠨ ᠴᠢᠨᠠᠷᠲᠠᠢ ᠪᠠᠷᠢᠯᠭ᠎ᠠ᠎ᠶ᠋ᠢᠨ ᠪᠦᠳᠦᠭᠡᠨ ᠪᠠᠢᠭᠤᠯᠤᠯᠲᠠ᠂ ᠵᠢᠭᠤᠯᠴᠢᠯᠠᠯ᠎ᠤᠨ ᠦᠵᠡᠮᠵᠢᠲᠡᠯᠭᠡᠨ ᠦᠵᠡᠭᠦᠯᠭᠡ ᠵᠡᠷᠭᠡ ᠬᠣᠯᠪᠣᠭ᠍ᠳᠠᠯ ᠪᠦᠬᠦᠢ ᠲᠠᠯ᠎ᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠰᠣᠶᠣᠯ ᠪᠣᠯᠤᠨ ᠲᠤᠰ ᠦᠨᠳᠦᠰᠦᠲᠡᠨ᠎ᠦ ᠰᠣᠶᠣᠯ᠎ᠤᠨ ᠬᠠᠷᠢᠴᠠᠭ᠎ᠠ᠎ᠶ᠋ᠢ ᠵᠥᠪ ᠱᠢᠢᠳᠪᠦᠷᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠦᠵᠡᠯ ᠰᠠᠨᠠᠭ᠎ᠠ ᠰᠣᠶᠣᠯ᠎ᠤᠨ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠵᠠᠢ᠃
ᠰᠢ ᠵᠢᠨ ᠫᠢᠩ᠂ ᠥᠪᠥᠷ ᠮᠣᠩᠭᠣᠯ ᠪᠣᠯ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠮᠥᠨ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠬᠤ ᠲᠠᠯ᠎ᠠ᠎ᠪᠠᠷ ᠴᠢᠬᠤᠯᠠ ᠶᠡᠬᠡ ᠬᠠᠷᠢᠭᠤᠴᠠᠯᠭ᠎ᠠ ᠡᠭᠦᠷᠭᠡᠯᠡᠵᠦ᠍ ᠪᠠᠢᠨ᠎ᠠ᠃ ᠪᠠᠭ᠎ᠠ᠎ᠡᠴᠡ ᠶᠡᠬᠡ᠎ᠶ᠋ᠢ ᠮᠡᠳᠡᠵᠦ᠍᠂ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠪᠠᠢᠯᠳᠤᠬᠤ ᠪᠣᠳᠣᠯᠭ᠎ᠠ᠎ᠶ᠋ᠢᠨ ᠰᠡᠳᠭᠢᠬᠦᠶ᠎ᠪᠡᠨ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠠᠵᠢᠯ᠎ᠤᠨ ᠬᠦᠷᠢᠶᠡᠨ᠎ᠳᠡᠬᠢ ᠡᠯ᠎ᠡ ᠵᠦᠶ᠋ᠯ᠎ᠦᠨ ᠠᠶᠤᠯ ᠲᠦᠭ᠌ᠰᠢᠭᠦᠷᠢ ᠬᠡᠮ ᠰᠣᠭᠣᠭ᠎ᠢ ᠪᠦᠲᠦᠮᠵᠢᠲᠡᠶ ᠰᠡᠷᠭᠡᠢᠯᠡᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠦᠨᠡᠨ ᠬᠦ᠌ ᠪᠡᠬᠢᠵᠢᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠰᠠᠢᠲᠤᠷ ᠨᠠᠢᠳᠠᠪᠤᠷᠢᠵᠢᠭᠤᠯᠵᠤ᠂ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠪᠠ ᠭᠡᠨᠡᠳᠲᠡ ᠡᠭᠦᠰᠭᠦ ᠬᠢᠵᠢᠭ᠎ᠦᠨ ᠪᠠᠢᠳᠠᠯ᠎ᠢ ᠪᠠᠴᠢᠮ ᠠᠷᠭᠠᠴᠠᠭᠠᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠢᠯᠢ᠎ᠶ᠋ᠢᠨ ᠪᠣᠭᠣᠮᠲᠠ᠎ᠶ᠋ᠢᠨ ᠭᠠᠵᠠᠷ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠨᠡ ᠬᠦ᠌ ᠭᠤᠤᠯᠳᠠᠯᠭ᠎ᠠ᠎ᠶ᠋ᠢ ᠳᠣᠪᠣᠢᠯᠭᠠᠵᠤ᠂ ᠬᠢᠵᠢᠭ᠎ᠦᠨ ᠪᠠᠢᠳᠠᠯ ᠶᠡᠬᠡ ᠬᠡᠪᠴᠢᠶ᠎ᠡ᠎ᠪᠡᠷ ᠳᠠᠬᠢᠨ ᠡᠭᠦᠰᠭᠦ ᠥᠬᠡᠶ ᠪᠠᠢᠬᠤ ᠬᠣᠷᠢᠭ᠎ᠠ ᠱᠤᠭᠤᠮ᠎ᠢ ᠰᠠᠬᠢᠬᠤ ᠬᠡᠷᠡᠭ᠌ᠲᠡᠶ᠃ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠤᠷᠬᠢᠯᠬᠡᠮᠵᠢᠭᠳᠡᠯ ᠳ᠋ᠤ ᠬᠦᠷᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠠᠵᠢᠯ᠎ᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠵᠤ᠂ ᠨᠡᠭᠦᠷᠡᠰᠦ ᠡᠯᠪᠡᠭ᠂ ᠴᠢᠯᠠᠭᠤᠨ ᠲᠤᠰᠤ ᠴᠥᠭᠡᠨ᠂ ᠱᠢᠲᠠᠮᠠᠬᠠᠢ ᠬᠡᠢ ᠪᠠᠭ᠎ᠠ ᠪᠠᠢᠬᠤ ᠤᠯᠤᠰ᠎ᠤᠨ ᠦᠨᠳᠦᠰᠦᠨ ᠪᠠᠢᠳᠠᠯ᠎ᠳᠤ ᠰᠠᠭᠤᠷᠢᠯᠠᠵᠦ ᠂ ᠤᠯᠤᠰ᠎ᠤᠨ 《ᠬᠣᠣᠰ ᠨᠡᠭᠦᠷᠡᠰᠦᠲᠥ᠋ᠷᠥᠭ᠌ᠴᠢ》 ᠶ᠋ᠢᠨ ᠠᠵᠢᠯ᠎ᠤᠨ ᠲᠥᠯᠥᠪᠵᠢᠭᠦᠯᠭᠡ᠎ᠶ᠋ᠢᠨ ᠪᠠᠢᠷᠢᠯᠠᠭᠤᠯᠤᠯᠲᠠ ᠶᠣᠰᠣᠭᠠᠷ᠂ ᠱᠢᠰᠲ᠋ᠧᠮ᠎ᠦᠨ ᠦᠵᠡᠯᠲᠡ᠎ᠪᠡᠨ ᠴᠢᠩᠭᠠᠳᠭᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠎ᠶ᠋ᠢ ᠪᠠᠷᠢᠮᠲᠠᠯᠠᠵᠤ᠂ ᠠᠯᠬᠤᠮ ᠠᠯᠬᠤᠮ᠎ᠢᠶᠠᠷ ᠪᠡᠶᠡᠯᠡᠭᠦᠯᠵᠦ᠍᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢᠨ ᠬᠡᠮᠵᠢᠶ᠎ᠡ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ᠎ᠢ ᠬᠠᠮᠵᠢᠯᠴᠠᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢᠨ ᠬᠡᠮᠵᠢᠶ᠎ᠡ ᠵᠢ ᠪᠠᠭᠤᠷᠠᠭᠤᠯᠬᠤ᠎ᠶ᠋ᠢᠨ ᠬᠠᠮᠲᠤ ᠡᠨᠧᠷᠭᠢ᠎ᠶ᠋ᠢᠨ ᠠᠮᠤᠷ ᠲᠦᠪᠱᠢᠨ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠵᠤ᠂ ᠤᠯᠠᠨ ᠲᠦᠮᠡᠨ᠎ᠦ ᠬᠡᠪ᠎ᠦᠨ ᠠᠮᠢᠳᠤᠷᠠᠯ᠎ᠢ ᠪᠠᠲᠤᠯᠠᠵᠦ ᠂ ᠪᠣᠳᠠᠲᠠᠢ᠎ᠡᠴᠡ ᠰᠠᠯᠤᠡᠭᠭᠢᠷᠠᠵᠤ᠂ ᠠᠮᠵᠢᠯᠲᠠ ᠤᠯᠬᠤ᠎ᠪᠠᠷ ᠶᠠᠭᠠᠷᠠᠵᠤ ᠪᠣᠯᠬᠤ ᠦᠭᠡᠢ᠃ ᠢᠯᠵᠠᠷᠠᠯ᠎ᠢ ᠡᠰᠡᠷᠭᠦᠴᠡᠬᠦ᠌ ᠠᠵᠢᠯ ᠡᠭᠦᠷᠢᠳᠡ ᠵᠤᠬ᠍ᠰᠤᠰᠢ ᠦᠭᠡᠢ ᠪᠠᠢᠬᠤ ᠶᠠᠪᠤᠴᠠ ᠳ᠋ᠡᠬᠢ ᠰᠡᠷᠭᠡᠭ ᠪᠥᠭᠡᠳ ᠡᠷᠡᠰ ᠪᠠᠲᠤ ᠪᠠᠢᠬᠤ᠎ᠶ᠋ᠢ ᠢᠮᠠᠭ᠍ᠲᠠ ᠪᠠᠲᠤᠯᠠᠵᠤ᠂ ᠢᠯᠵᠠᠷᠠᠬᠤ᠎ᠡᠴᠡ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠬᠣᠣᠷᠲᠤ ᠬᠠᠪᠤᠳᠠᠷ᠎ᠢ ᠡᠷᠡᠰ ᠠᠷᠢᠯᠭᠠᠵᠦ᠂ ᠢᠯᠵᠠᠷᠠᠯ ᠤ᠋ᠨ ᠡᠬᠢ ᠡᠭᠦᠰᠦᠯᠢ᠋ ᠠᠷᠢᠯᠭᠠᠵᠤ᠂ ᠲᠠᠷᠬᠠᠭᠠᠭ᠍ᠰᠠᠨ ᠬᠣᠣᠷ ᠨᠦᠯᠦᠭᠡ᠎ᠵᠢ ᠠᠷᠢᠯᠭᠠᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠬᠤ᠎ᠶ᠋ᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠡᠷᠡᠭᠦᠯ ᠪᠥᠭᠡᠳ ᠵᠢᠷᠤᠮᠵᠢᠭ᠍ᠰᠠᠨ ᠵᠠᠮ᠎ᠳᠤ ᠪᠦᠬᠦ᠌ ᠲᠠᠯ᠎ᠠ᠎ᠪᠠᠷ ᠪᠤᠴᠠᠬᠤ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠪᠠᠢ᠌ᠩᠭᠤᠵᠢᠭ᠍ᠰᠠᠨ ᠤᠷᠲᠤ ᠬᠤᠭᠤᠴᠠᠭᠠᠨ᠎ᠤ ᠪᠦᠲᠦᠮᠵᠢᠲᠡᠢ ᠳᠦᠷᠢᠮ ᠲᠣᠭ᠍ᠲᠠᠴᠠ᠎ᠶ᠋ᠢ ᠪᠠᠢᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷᠴᠤᠳ᠎ᠤᠨ ᠨᠠᠮ᠎ᠤᠨ ᠲᠡᠦᠬᠡ᠎ᠶ᠋ᠢ ᠰᠤᠷᠤᠯᠴᠠᠨ᠂ ᠨᠠᠮ᠎ᠤᠨ ᠲᠡᠦᠬᠡ᠎ᠪᠡᠷ ᠨᠠᠰᠤᠨ ᠲᠤᠷᠱᠢᠳᠠ ᠵᠠᠪᠠᠯ ᠰᠤᠷᠬᠤ ᠬᠢᠴᠢᠶᠡᠯ ᠪᠣᠯᠭᠠᠵᠤ᠂ ᠲᠡᠦᠬᠡ᠎ᠶ᠋ᠢᠨ ᠢᠲᠡᠭᠡᠯ᠎ᠢᠶᠡᠨ ᠲᠠᠰᠤᠷᠠᠯᠲᠠ ᠦᠭᠡᠢ ᠪᠠᠲᠤᠳᠭᠠᠵᠤ᠂ ᠤᠯᠤᠰ ᠲᠦᠷᠦ᠍᠎ᠶ᠋ᠢᠨ ᠤᠬᠠᠮᠰᠠᠷ᠎ᠢᠶᠠᠨ ᠴᠢᠩᠭᠠᠳᠭᠠᠨ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠨᠡᠩ ᠢᠲᠡᠭᠡᠯ ᠲᠡᠭᠦᠯᠳᠡᠷ᠎ᠢᠶᠡᠷ ᠱᠢᠨ᠎ᠡ ᠠᠶᠠᠨᠳᠠᠭᠠᠨ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠵᠢ ᠬᠥᠮᠦᠵᠢᠭᠦᠯᠦᠨ ᠵᠢᠯᠣᠭᠣᠳᠬᠤ ᠬᠡᠷᠡᠭ᠌ᠲᠡᠢ ᠭᠡᠵᠦ᠍ ᠤᠨᠴᠠᠭᠠᠢᠯᠠᠨ ᠴᠢᠬᠤᠯᠠᠴᠢᠯᠠᠪᠠ᠃
ᠳ᠋ᠢᠩ ᠱᠢᠤᠸᠠᠢ ᠱᠢᠶᠠᠩ᠂ ᠾᠧ ᠯᠢ ᠹᠸᠩ ᠨᠠᠷ ᠣᠷᠣᠯᠴᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃