2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-06 08:55:53

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢ ᠵᠢᠨ ᠫᠢᠩ ᠸᠠᠩ ᠶᠠᠩ ᠸᠠᠩ ᠬ᠍ᠸ᠋ ᠨᠢᠩ ᠵᠤᠤ ᠯᠸ ᠵᠶ᠋ᠢ ᠬᠠᠨ ᠵᠧᠩ ᠸᠠᠩ ᠴᠢ ᠱᠠᠨ ᠎ᠨᠠᠷ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠠᠢ

ᠯᠢ ᠺᠸ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠵᠦ᠍ ᠯᠢ ᠵᠠᠨ ᠱᠸ᠋ ᠬᠤᠷᠠᠯ᠎ᠢ ᠡᠷᠬᠢᠯᠡᠪᠡ

ᠣᠷᠣᠨ ᠨᠤᠲᠤᠭ᠎ᠤᠨ ᠵᠣᠬᠢᠶᠠᠨ ᠪᠠᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠳᠤᠬᠠᠢ ᠲᠥᠰᠦᠯ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠣᠷᠣᠨ ᠲᠣᠭ᠎ᠠ ᠪᠣᠯᠤᠨ ᠰᠣᠩᠭᠣᠭᠤᠯᠢ᠎ᠶ᠋ᠢᠨ ᠠᠰᠠᠭᠤᠳᠠᠯ ᠎ᠤᠨ ᠲᠣᠭ᠍ᠲᠠᠭᠠᠯ᠎ᠤᠨ ᠲᠤᠬᠠᠢ ᠲᠥᠰᠦᠯ᠎ᠦᠨ ᠲᠣᠳᠣᠷᠬᠠᠢᠯᠠᠯᠲᠠ ᠵᠡᠷᠭᠡ᠎ᠶ᠋ᠢ ᠰᠣᠨᠣᠰᠪᠠ


ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ 5 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ 3000 ᠱᠢᠬᠠᠮ ᠲᠥᠯᠥᠭᠡᠯᠡᠭ᠌ᠴᠢ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠨ ᠶᠡᠬᠡ ᠬᠤᠷᠠᠯ᠎ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠡᠴᠡ ᠣᠯᠭᠣᠭ᠍ᠰᠠᠨ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠨ᠎ᠡ᠃


QQ图片20220306085502.png


3 ᠰᠠᠷ᠎ᠠ᠎ᠶ᠋ᠢᠨ5᠎ᠤ᠋ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ᠎ᠬᠤᠷᠠᠯ᠎ᠤᠨ᠎ᠲᠠᠪᠤᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠨᠠᠮ ᠪᠠ ᠲᠦᠷᠦ᠍᠎ᠶ᠋ᠢᠨ ᠤᠳᠤᠷᠢᠳᠭᠤ ᠬᠥᠮᠦᠨ ᠰᠢ ᠵᠢᠨ ᠫᠢᠩ᠂ ᠯᠢ ᠺᠸ ᠴᠢᠶᠠᠩ᠂ ᠸᠠᠩ ᠶᠠᠩ᠂ ᠸᠠᠩ ᠬ᠍ᠤ᠌ ᠨᠢᠩ᠂ ᠵᠤᠤ ᠯᠸ ᠵᠶ᠋ᠢ᠂ ᠬᠠᠨ ᠵᠧᠩ᠂ ᠸᠠᠩ ᠴᠢ ᠱᠠᠨ᠎ᠨᠠᠷ ᠬᠤᠷᠠᠯ ᠎ᠳᠤ ᠣᠷᠣᠯᠴᠠᠵᠤ᠂ ᠯᠢ ᠵᠠᠨ ᠱᠤ᠌ ᠬᠤᠷᠠᠯ ᠎ᠢ ᠡᠷᠬᠢᠯᠡᠪᠡ᠃

ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠵᠢᠤᠢ ᠫᠸᠩ ᠰᠡᠭᠦᠳᠡᠷᠯᠡᠪᠡ



QQ图片20220306085512.png


3 ᠰᠠᠷ᠎ᠠ᠎ᠶ᠋ᠢᠨ 5 ᠎ᠤ᠋ ᠡᠳᠦᠷ᠂᠎ᠠᠷᠪᠠᠨ᠎ᠭᠤᠷᠪᠠᠳᠤᠭᠠᠷ᠎ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠢᠳ ᠯᠢ ᠺᠸ ᠴᠢᠶᠠᠩ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠡᠮᠦᠨ᠎ᠡ᠎ᠡᠴᠡ ᠶᠡᠬᠡ ᠬᠤᠷᠠᠯ ᠲᠡᠬᠡᠷ᠎ᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠠ᠃

ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠶᠣᠣ ᠳ᠋ᠠ ᠸᠧᠶ ᠰᠡᠭᠦᠳᠡᠷᠯᠡᠪᠡ



ᠠᠷᠠᠳ᠎ᠤᠨ᠎ᠶᠡᠬᠡ᠎ᠬᠤᠷᠠᠯ᠎ᠤᠨ᠎ᠲᠠᠩᠬᠢᠮ᠎ᠤᠨ᠎ᠲᠦᠮᠡᠨ ᠬᠥᠮᠦᠨ᠎ᠦ ᠶᠣᠰᠣᠯᠠᠯ᠎ᠤᠨ ᠲᠠᠩᠬᠢᠮ᠎ᠳᠤ ᠠᠭᠤᠷ ᠠᠮᠢᠰᠬᠤᠯ ᠥᠪᠡᠲᠡᠭᠰᠢ ᠶᠡᠬᠡ ᠪᠥᠭᠡᠳ ᠬᠥᠷ ᠬᠥᠭ᠌ᠵᠢᠶᠡᠨ᠎ᠢᠶᠡᠷ ᠪᠢᠯᠬᠠᠵᠤ᠂ ᠲᠡᠷᠢᠭᠦᠯᠡᠭ᠌ᠴᠢᠳ᠎ᠦᠨ ᠲᠠᠢᠰᠠᠨ᠎ᠤ ᠬᠥᠱᠢᠭᠡ᠎ᠶ᠋ᠢᠨ ᠭᠤᠤᠯ ᠳᠤᠮᠳᠠ ᠡᠯᠬᠦᠭᠳᠡᠭᠰᠡᠨ ᠤᠯᠤᠰ᠎ᠤᠨ ᠰᠦᠯᠳᠡ ᠬᠢᠭᠡᠳ ᠬᠤᠷᠴᠠ ᠤᠯᠠᠭᠠᠨ ᠲᠣᠭ ᠦᠩᠬᠡ ᠢᠯᠭᠠᠷᠠᠨ ᠬᠡᠷᠡᠯ ᠳᠠᠳᠠᠨ ᠬᠢᠯᠠᠯᠵᠠᠨ᠎ᠠ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠯᠢ ᠵᠠᠨ᠎ᠱᠸ᠋ ᠬᠤᠷᠠᠯ᠎ᠢ᠎ᠡᠷᠬᠢᠯᠡᠪᠡ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠸᠠᠩ ᠴᠧᠨ᠂ ᠼᠤᠤ ᠵᠢᠶᠠᠨ ᠮᠢᠩ᠂ ᠵᠠᠩ ᠴᠦᠨ ᠱᠢᠶᠠᠨ᠂ ᠱᠸᠨ ᠶᠤᠸᠠᠢ ᠶᠤᠸᠠᠢ᠂ ᠵᠶ᠋ᠢ ᠪᠢᠩ ᠱᠢᠤᠸᠠᠨ᠂ ᠠᠢ᠌ᠯᠢᠭ᠌ᠸᠩ·ᠢᠮᠢᠩᠪᠠᠬᠠᠢ᠂ ᠸᠠᠨ ᠧ ᠱᠢᠶᠠᠩ᠂ ᠴᠧᠨ ᠵᠦ᠍᠂ ᠸᠠᠩ ᠳ᠋ᠦᠩ ᠮᠢᠩ᠂ ᠪᠠᠳᠮᠠᠫᠸᠷᠡᠩᠯᠠᠢ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂᠎ᠡᠸ᠋᠎ᠸᠧᠢ᠎ᠬᠤᠸᠠ᠂᠎ᠶᠠᠩ᠎ᠵᠧᠨ᠎ᠡᠸ᠋᠎ᠲᠡᠷᠢᠭᠦᠯᠡᠭ᠌ᠴᠢᠳ᠎ᠦᠨ᠎ᠲᠠᠢᠰᠠᠨ᠎ᠤ᠎ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠰᠠᠭᠤᠳᠠᠯ᠎ᠳᠤ ᠰᠠᠭᠠᠲᠠᠪᠠ᠃


QQ图片20220306085520.png


3ᠰᠠᠷ᠎ᠠ᠎ᠶ᠋ᠢᠨ 5 ᠎ᠤ᠋ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ᠎ᠪᠦᠯᠬᠦᠮ᠎ᠦᠨ᠎ᠪᠠᠢᠩᠭᠤ᠎ᠶ᠋ᠢᠨ᠎ᠲᠡᠷᠢᠭᠦᠯᠡᠭ᠌ᠴᠢ᠂᠎ᠭᠦᠢᠴᠡᠳᠭᠡᠭ᠌ᠴᠢ᠎ᠲᠡᠷᠢᠭᠦᠯᠡᠭ᠌ᠴᠢ ᠯᠢ ᠵᠠᠨ ᠱᠤ᠌ ᠬᠤᠷᠠᠯ᠎ᠢ ᠡᠷᠬᠢᠯᠡᠪᠡ᠃

ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠬᠤᠸᠠᠩ ᠵᠢᠩ ᠸᠸᠨ ᠰᠡᠭᠦᠳᠡᠷᠯᠡᠪᠡ


ᠰᠢ ᠵᠢᠨ ᠫᠢᠩ᠂ ᠯᠢ ᠺᠸ ᠴᠢᠶᠠᠩ᠂ ᠸᠠᠩ ᠶᠠᠩ᠂ ᠸᠠᠩ ᠬ᠍ᠸ᠋ ᠨᠢᠩ᠂ ᠵᠤᠤ ᠯᠸ ᠵᠶ᠋ᠢ᠂ ᠬᠠᠨ ᠵᠧᠩ᠂ ᠸᠠᠩ ᠴᠢ ᠱᠠᠨ ᠪᠣᠯᠤᠨ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ ᠲᠡᠷᠢᠭᠦᠯᠡᠭ᠌ᠴᠢ ᠵᠢᠨ ᠲᠠᠢᠰᠠᠨ᠎ᠳᠤ ᠰᠠᠭᠠᠲᠠᠵᠠᠢ᠃

ᠠᠷᠪᠠᠨ᠎ᠭᠤᠷᠪᠠᠳᠤᠭᠠᠷ᠎ᠬᠤᠭᠤᠴᠠᠭᠠᠨ᠎ᠤ᠎ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠳᠤ ᠤᠷᠤᠯᠴᠠᠬᠤ ᠶᠤᠰᠤᠳᠠᠢ ᠲᠥᠯᠥᠭᠡᠯᠡᠭ᠌ᠴᠢ 2951 ᠬᠦᠮᠦᠨ ᠪᠤᠢ᠃ 5 ᠤ᠋ ᠦᠳᠡ᠎ᠶ᠋ᠢᠨ ᠡᠮᠦᠨᠡᠬᠢ ᠬᠤᠷᠠᠯ᠎ᠳᠤ 2790 ᠬᠥᠮᠦᠨ ᠣᠷᠣᠯᠴᠠᠵᠤ᠂ 161 ᠬᠥᠮᠦᠨ ᠣᠷᠣᠯᠴᠠᠭ᠍ᠰᠠᠨ ᠥᠬᠡᠶ᠂ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

ᠦᠳᠡ᠎ᠶ᠋ᠢᠨ ᠡᠮᠦᠨᠡᠬᠢ 9 ᠴᠠᠭ᠎ᠲᠤ ᠯᠢ ᠵᠠᠨ ᠱᠸ᠋᠄ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠬᠢᠯᠡᠯ᠎ᠡ ᠭᠡᠵᠦ᠍ ᠨᠡᠢᠲᠡᠯᠡᠪᠡ᠃ ᠪᠦᠭᠦᠳᠡᠭᠡᠷ᠎ᠢᠶᠡᠨ ᠪᠣᠰᠴᠤ᠌ ᠵᠣᠭ᠍ᠰᠣᠨ ᠤᠯᠤᠰ᠎ᠤᠨ ᠰᠦᠯᠳᠡ ᠳᠠᠭᠤᠤ᠎ᠶ᠋ᠢ ᠬᠠᠩᠬᠢᠨᠠᠳᠠᠯ᠎ᠠ ᠳᠠᠭᠤᠯᠠᠪᠠ᠃

ᠬᠤᠷᠠᠯ᠎ᠤᠨ ᠵᠥᠪᠯᠡᠬᠦ᠌ ᠵᠦᠢᠯ᠎ᠢ ᠦᠨᠳᠦᠰᠦᠯᠡᠵᠦ᠍᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠺᠸ ᠴᠢᠶᠠᠩ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠡᠮᠦᠨ᠎ᠡ᠎ᠡᠴᠡ ᠶᠡᠬᠡ ᠬᠤᠷᠠᠯ ᠲᠡᠬᠡᠷ᠎ᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠵᠡᠢ᠃ ᠢᠯᠡᠳᠭᠡᠯ ᠨᠢ ᠭᠤᠷᠪᠠᠨ ᠬᠡᠰᠡᠭ᠎ᠢᠶᠡᠷ ᠪᠦᠷᠢᠯᠳᠦᠪᠡ᠄ ᠨᠢᠭᠡ᠂ 2021 ᠣᠨ᠎ᠤ ᠠᠵᠢᠯ᠎ᠤᠨ ᠡᠷᠭᠢᠴᠡᠭᠦᠯᠦᠯ; ᠬᠣᠶᠠᠷ᠂ 2022 ᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠶ ᠱᠠᠭᠠᠷᠳᠠᠯᠭ᠎ᠠ ᠪᠠ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ; ᠭᠤᠷᠪᠠ᠂ 2022 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠡᠭᠦᠷᠭᠡ᠃

ᠯᠢ ᠺᠸ ᠴᠢᠶᠠᠩ ᠢᠯᠡᠳᠭᠡᠯ᠎ᠳᠡᠭᠡᠨ᠂ ᠥᠩᠭᠡᠷᠡᠭ᠌ᠰᠡᠨ ᠨᠢᠭᠡ ᠵᠢᠯ ᠪᠣᠯ ᠨᠠᠮ ᠪᠣᠯᠤᠨ ᠤᠯᠤᠰ᠎ᠤᠨ ᠲᠡᠦᠬᠡᠨ ᠳᠡᠭᠡᠷᠡᠬᠢ ᠬᠥᠱᠢᠢ᠎ᠡ ᠳᠡᠮᠳᠡᠭ᠎ᠤᠨ ᠠᠴᠢ ᠬᠣᠯᠪᠣᠭ᠍ᠳᠠᠯ᠎ᠲᠠᠶ ᠨᠢᠭᠡ ᠵᠢᠯ ᠪᠣᠯᠤᠨ᠎ᠠ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ ᠨᠤᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢ ᠦᠪᠡᠳᠡᠭ᠌ᠰᠢ ᠶᠡᠬᠡ᠎ᠪᠡᠷ ᠪᠡᠯᠭᠡᠯᠡᠵᠦ᠍᠂ ᠨᠠᠮ᠎ᠤᠨ᠎ᠠᠷᠪᠠ᠎ᠶᠢᠰᠦᠳᠦᠭᠡᠷ᠎ᠬᠤᠭᠤᠴᠠᠭᠠᠨ᠎ᠤ᠎ᠲᠥᠪ᠎ᠬᠣᠷᠢᠶᠠᠨ᠎ᠤ᠎ᠵᠢᠷᠭᠤᠳᠤᠭᠠᠷ ᠪᠦᠬᠦᠳᠠ ᠬᠤᠷᠠᠯ᠎ᠢ ᠠᠮᠵᠢᠯᠲᠠ᠎ᠲᠠᠶ ᠬᠤᠷᠠᠯᠳᠤᠭᠤᠯᠵᠤ᠂ ᠨᠠᠮ᠎ᠤᠨ ᠭᠤᠷᠪᠠᠳᠤᠭᠠᠷ ᠲᠡᠦᠬᠡᠨ ᠱᠢᠢᠳᠪᠦᠷᠢ᠎ᠶ᠋ᠢ ᠲᠣᠭ᠍ᠲᠠᠭᠠᠵᠤ᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ᠎ᠪᠡᠶᠡᠯᠡᠭᠦᠯᠵᠦ᠍᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠬᠰᠢᠯᠠᠬᠤ ᠱᠢᠨ᠎ᠡ ᠠᠶᠠᠨ᠎ᠢᠶᠠᠨ ᠡᠬᠢᠯᠡᠭᠦᠯᠪᠡ᠃ ᠨᠢᠭᠡ ᠵᠢᠯ᠎ᠦᠨ ᠲᠤᠷᠰᠢ᠂ ᠨᠠᠷᠢᠨ ᠪᠤᠳᠤᠯᠢᠶᠠᠨᠲᠠᠶ ᠪᠡᠷᠭᠡ ᠬᠠᠳᠠᠭᠤᠵᠢᠯᠳᠠᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ ᠪᠣᠯᠤᠨ ᠠᠯᠢ ᠣᠯᠠᠨ ᠠᠶᠤᠯ ᠲᠦᠭ᠌ᠰᠢᠭᠦᠷᠢ ᠥᠷᠢᠰᠥᠯᠳᠦᠭᠡᠨ᠎ᠦ ᠡᠮᠦᠨ᠎ᠡ᠂ ᠤᠯᠤᠰ ᠳᠠᠶᠠᠭᠠᠷ᠎ᠢᠶᠠᠨ ᠬᠠᠮᠲᠤ᠎ᠪᠠᠷ ᠴᠢᠷᠮᠠᠢᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠪᠥᠬᠥ᠌ ᠵᠢᠯ᠎ᠦᠨ ᠭᠤᠤᠯ ᠬᠠᠷᠠᠯᠲᠠ ᠡᠭᠦᠷᠭᠡ᠎ᠶ᠋ᠢ ᠨᠡᠯᠢᠶᠡᠳ ᠰᠠᠢᠨ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠲᠥᠯᠥᠪᠵᠢᠭᠦᠯᠭᠡ᠎ᠶ᠋ᠢ ᠰᠠᠢᠨ ᠰᠠᠢᠬᠠᠨ ᠡᠬᠢᠯᠡᠯᠲᠡ᠎ᠲᠡᠶ ᠪᠣᠯᠭᠠᠵᠤ᠂ ᠮᠠᠨ᠎ᠤ ᠤᠯᠤᠰ᠎ᠤᠨ ᠬᠥᠭ᠌ᠵᠢᠯᠲᠡ ᠪᠠᠰᠠ ᠴᠢᠬᠤᠯᠠ ᠶᠡᠬᠡ ᠱᠢᠨ᠎ᠡ ᠠᠮᠵᠢᠯᠲᠠ ᠤᠯᠵᠠᠢ ᠬᠡᠵᠥ ᠵᠢᠭᠠᠵᠥ ᠭᠠᠷᠭᠠᠪᠠ᠃

ᠯᠢ ᠺᠸ ᠴᠢᠶᠠᠩ ᠢᠯᠡᠳᠬᠡᠯ᠎ᠳᠡᠭᠡᠨ᠂ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠵᠤ᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠲᠤᠯᠠᠬᠤ》 ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢᠨ ᠦᠶᠡᠯᠡᠯ ᠠᠯᠤᠰᠯᠠᠬᠤ ᠪᠠ ᠦᠶᠡᠯᠡᠯ ᠦᠭᠰᠦᠬᠦ ᠲᠤᠬᠢᠷᠠᠭᠤᠯᠤᠯᠳᠠ᠎ᠶ᠋ᠢ ᠴᠢᠬᠤᠯᠠᠴᠢᠯᠠᠵᠤ᠂ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠭᠣᠣᠯᠳᠠᠭᠤ ᠳᠣᠣᠷᠠᠬᠢ ᠠᠵᠢᠯ᠎ᠢ ᠬᠢᠪᠡ᠄ ᠨᠢᠭᠡ᠎ᠳᠦ᠂ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢᠨ ᠦᠷᠭᠦᠯᠵᠢᠯᠡᠬᠦ᠌ ᠴᠢᠨᠠᠷ ᠬᠠᠨᠳᠤᠯᠭᠠᠲᠤ᠎ᠴᠢᠨᠠᠷ᠎ᠢ ᠪᠠᠲᠤᠯᠠᠵᠤ᠂ ᠠᠵᠤ ᠠᠬᠤᠢ᠎ᠶ᠋ᠢᠨ ᠡᠷᠬᠢᠯᠳᠠ ᠵᠣᠬᠢᠰᠲᠠᠢ ᠬᠡᠪᠴᠢᠶᠡᠨ᠎ᠳᠦ ᠪᠠᠢᠬᠤ᠎ᠶ᠋ᠢ ᠠᠬᠢᠭᠤᠯᠪᠠ; ᠬᠣᠶᠠᠷ᠎ᠲᠤ᠂ ᠠᠵᠤ ᠠᠬᠤᠢᠯᠠᠯ᠎ᠢ ᠬᠠᠪᠰᠤᠷᠤᠨ ᠬᠦᠴᠢᠷᠳᠡᠯ ᠡᠴᠡ ᠮᠤᠯᠳᠤᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠦᠨ ᠨᠠᠢᠳᠠᠪᠤᠷᠢᠵᠢᠭᠤᠯᠵᠤ᠂ ᠠᠵᠤ ᠠᠬᠤᠶ᠎ᠶ᠋ᠢᠨ ᠰᠡᠷᠭᠦᠯᠲᠡ᠎ᠶ᠋ᠢᠨ ᠰᠠᠭᠤᠷᠢ᠎ᠶ᠋ᠢ ᠪᠡᠬᠢᠵᠢᠭᠦᠯᠪᠠ; ᠭᠤᠷᠪᠠ᠎ᠳᠤ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠨᠡᠭᠡᠭᠡᠯᠲᠡ᠎ᠶ᠋ᠢ᠎ᠥᠷᠭᠡᠳᠭᠡᠵᠦ᠍᠂᠎ᠬᠤᠳᠠᠯᠳᠤᠭ᠎ᠠ᠎ᠡᠷᠬᠢᠯᠡᠬᠦ᠎ᠣᠷᠴᠢᠨ᠎ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠪᠠ; ᠳᠥᠷᠪᠡ᠎ᠳᠦ᠂ ᠱᠢᠨ᠎ᠡ᠎ᠶ᠋ᠢ ᠡᠭᠦᠳᠬᠦ᠌᠎ᠪᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠲᠣᠭ᠍ᠲᠠᠪᠤᠷᠢᠵᠢᠭᠤᠯᠪᠠ; ᠲᠠᠪᠤ᠎ᠳᠤ᠂ ᠬᠤᠳᠠ ᠬᠥᠳᠡᠭᠡ ᠵᠢᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠵᠤ᠂ ᠠᠵᠤ ᠠᠬᠤᠢ᠎ᠶ᠋ᠢᠨ ᠪᠠᠢᠷᠢᠰᠢᠭᠤᠯᠤᠯᠳᠠ ᠵᠢ ᠲᠠᠰᠤᠷᠠᠯᠳᠠ ᠦᠭᠡᠢ ᠱᠢᠯᠢᠳᠡᠭ᠌ᠵᠢᠭᠦᠯᠪᠠ; ᠵᠢᠷᠭᠤᠭ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠪᠠ; ᠲᠤᠯᠤᠭ᠎ᠠ᠎ᠳᠤ᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠨ ᠰᠠᠢᠵᠢᠷᠠᠭᠤᠯᠵᠤ᠂ ᠨᠡᠢᠭᠡᠮ᠎ᠦᠨ ᠦᠢᠯᠡᠰ᠎ᠢ ᠲᠦᠷᠭᠡᠳᠭᠡᠨ ᠬᠦᠭᠵᠢᠬᠦᠯᠪᠠ; ᠨᠠᠢ᠍ᠮᠠ᠎ᠳᠤ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢᠭᠤᠯᠤᠯᠲᠠ ᠪᠠ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ ᠪᠠᠢᠳᠠᠯ᠎ᠢ ᠪᠠᠲᠤᠯᠠᠵᠠᠢ ᠭᠡᠵᠤ ᠵᠢᠭᠠᠵᠤ ᠭᠠᠷᠭᠠᠪᠠ᠃

ᠯᠢ ᠺᠸ ᠴᠢᠶᠠᠩ ᠢᠯᠡᠳᠭᠡᠯ᠎ᠳᠡᠭᠡᠨ᠂ ᠠᠮᠵᠢᠯᠲᠠ᠎ᠪᠠᠨ ᠨᠤᠲᠠᠯᠠᠬᠤ᠎ᠶ᠋ᠢᠨ ᠬᠠᠮᠲᠤ᠂ ᠪᠢᠳᠠ ᠪᠠᠰᠠ ᠲᠤᠯᠭᠠᠷᠠᠵᠤ ᠪᠠᠢᠭ᠎ᠠ ᠠᠰᠠᠭᠤᠳᠠᠯ᠎ᠪᠣᠯᠤᠨ᠎ᠥᠷᠢᠰᠥᠯᠳᠦᠭᠡᠨ᠎ᠢ ᠰᠡᠷᠭᠡᠭ᠎ᠢᠶᠡᠷ ᠣᠯᠵᠤ ᠬᠠᠷᠠᠬᠤ ᠬᠡᠷᠡᠭᠲᠡᠢ᠃ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠠᠰᠠᠭᠤᠳᠠᠯ ᠥᠷᠢᠰᠥᠯᠳᠦᠭᠡᠨ᠎ᠳᠦ ᠱᠢᠭᠤᠳ᠎ᠬᠠᠨᠳᠤᠵᠤ᠂ ᠪᠦᠬᠦ᠌ ᠬᠦᠴᠦᠨ᠎ᠢᠶᠡᠷ᠎ᠢᠶᠡᠨ ᠠᠵᠢᠯ᠎ᠢᠶᠠᠨ ᠰᠠᠢᠲᠤᠷ ᠬᠢᠵᠦ᠍᠂ ᠠᠷᠠᠳ ᠲᠦᠮᠡᠨ᠎ᠦ ᠬᠦᠰᠡᠯ ᠡᠷᠡᠮᠡᠯᠵᠡᠯ᠎ᠢ ᠶᠠᠭᠠᠬᠢᠭ᠍ᠰᠠᠨ ᠴᠤ᠌ ᠬᠥᠰᠡᠷᠳᠡᠭᠦᠯᠬᠦ᠌ ᠦᠭᠡᠢ ᠪᠠᠢᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠯᠢ ᠺᠸ ᠴᠢᠶᠠᠩ ᠢᠯᠡᠳᠭᠡᠯ᠎ᠳᠡᠭᠡᠨ᠂ 2022 ᠣᠨ᠎ᠤ ᠬᠥᠭ᠌ᠵᠢᠯᠲᠡ᠎ᠶ᠋ᠢᠨ ᠭᠣᠣᠯ ᠵᠢᠱ᠌ᠢᠭ᠌ᠰᠡᠨ ᠬᠠᠷᠠᠯᠲᠠ ᠪᠣᠯ᠄ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ᠎ᠢ 5.5% ᠣᠷᠴᠢᠮ ᠨᠡᠮᠡᠭ᠌ᠳᠡᠭᠦᠯᠦᠨ᠎ᠡ; ᠬᠣᠲᠠ ᠪᠠᠯᠭᠠᠰᠤᠨ᠎ᠤ 1100 ᠲᠦᠮᠡ᠎ᠡᠴᠡ ᠳᠡᠭᠡᠭ᠌ᠰᠢ ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠬᠣᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ ᠪᠦᠬᠦ᠌ ᠵᠢᠯ᠎ᠳᠦ 5.5% ᠎ᠶ᠋ᠢᠨ ᠳᠣᠲᠣᠷ᠎ᠠ ᠡᠵᠡᠮᠳᠡᠨ᠎ᠡ; ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠦᠨ᠎ᠡ ᠬᠠᠩᠰᠢ᠎ᠶ᠋ᠢᠨ ᠥᠰᠥᠯᠲᠡ᠎ᠶ᠋ᠢ 3% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠵᠤ ᠠᠬᠤᠢ᠎ᠶ᠋ᠢᠨ ᠨᠡᠮᠡᠭ᠌ᠳᠡᠯ᠎ᠲᠡᠶ ᠦᠨᠳᠦᠰᠦᠨ᠎ᠳᠡᠭᠡᠨ ᠢᠵᠢᠯᠢ ᠠᠯᠬᠤᠮ᠎ᠲᠠᠶ ᠪᠠᠢᠯᠭᠠᠨ᠎ᠠ; ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠤᠯᠤᠰ᠎ᠤᠨ ᠬᠣᠭᠣᠷᠣᠨᠳᠣᠬᠢ ᠣᠷᠣᠯᠭ᠎ᠠ ᠵᠠᠷᠤᠯᠭ᠎ᠠ ᠵᠢ ᠦᠨᠳᠦᠰᠦᠨ᠎ᠳᠡᠭᠡᠨ ᠲᠡᠩᠴᠡᠭᠦᠷᠢᠲᠡᠢ ᠪᠠᠢᠯᠭᠠᠨ᠎ᠠ; ᠠᠮᠤ ᠪᠤᠳᠠᠭᠠᠨ᠎ᠤ ᠤᠨᠠᠯᠲᠠ 1.3 ᠲᠦᠮᠡᠨ ᠳ᠋ᠦᠩᠱᠢᠭᠤᠷ ᠵᠢᠩ᠎ᠡᠴᠡ ᠳᠡᠭᠡᠭ᠌ᠰᠢ ᠪᠠᠢᠬᠤ᠎ᠶ᠋ᠢ ᠪᠠᠲᠤᠯᠠᠨ᠎ᠠ; ᠠᠮᠢ ᠠᠬᠤᠢ ᠣᠷᠴᠢᠨ ᠲᠤᠭᠤᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠵᠤ ᠂ ᠭᠣᠣᠯ ᠪᠤᠯᠬᠤ ᠪᠣᠬᠢᠷᠲᠤᠯ ᠪᠣᠳᠠᠰ᠎ᠤᠨ ᠭᠠᠳᠠᠭ᠍ᠰᠢᠯᠠᠭᠤᠯᠤᠯᠲᠠ᠎ᠶ᠋ᠢᠨ ᠬᠡᠮᠵᠢᠶ᠎ᠡ ᠵᠢ ᠦᠷᠭᠦᠯᠵᠢᠯᠡᠨ ᠪᠠᠭᠤᠷᠠᠭᠤᠯᠤᠨ᠎ᠠ; ᠡᠨᠧᠷᠭᠢ᠎ᠶ᠋ᠢᠨ ᠬᠣᠷᠣᠭ᠍ᠳᠠᠯ᠎ᠤᠨ ᠬᠦᠴᠦᠯᠡᠴᠡ᠎ᠶ᠋ᠢᠨ ᠬᠠᠷᠠᠯᠲᠠ᠎ᠶ᠋ᠢ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠨᠢᠭᠡᠳᠦᠯᠲᠡᠶ ᠲᠥᠯᠥᠪᠵᠢᠬᠦᠯᠤᠨ ᠬᠢᠨᠡᠨ ᠪᠠᠢᠴᠠᠭᠠᠬᠤ᠎ᠶ᠋ᠢᠨ ᠬᠠᠮᠲᠤ ᠵᠣᠬᠢᠰᠲᠠᠶ ᠬᠠᠷᠢᠮᠠᠬᠠᠶ ᠴᠢᠨᠠᠷ ᠦᠯᠡᠳᠡᠭᠡᠵᠦ᠍᠂ ᠱᠢᠨ᠎ᠡ᠎ᠪᠡᠷ ᠨᠡᠮᠡᠭ᠌ᠳᠡᠬᠦ᠌ ᠲᠠᠬᠢᠯᠳᠠ ᠡᠨᠧᠷᠭᠢ ᠪᠠ ᠲᠦᠭᠦᠬᠡᠶ ᠮᠠᠲ᠋ᠧᠷᠢᠶᠠᠯ᠎ᠤᠨ ᠬᠡᠷᠡᠭ᠌ᠯᠡᠬᠦ᠌ ᠡᠨᠧᠷᠭᠢ᠎ᠶ᠋ᠢ ᠡᠨᠧᠷᠭᠢ᠎ᠶ᠋ᠢᠨ ᠬᠡᠷᠡᠭ᠌ᠯᠡᠭᠡᠨ᠎ᠦ ᠶᠡᠷᠦᠩᠬᠡᠶ ᠬᠡᠮᠵᠢᠶ᠎ᠡ᠎ᠶ᠋ᠢ ᠡᠵᠡᠮᠳᠡᠬᠦ᠌᠎ᠳᠦ ᠣᠷᠣᠭᠤᠯᠬᠤ ᠥᠬᠡᠶ ᠭᠡᠵᠤ ᠲᠤᠷᠠᠳᠪᠠ᠃

ᠯᠢ ᠺᠸ ᠴᠢᠶᠠᠩ ᠢᠯᠡᠳᠭᠡᠯ᠎ᠳᠡᠭᠡᠨ᠂ 2022 ᠣᠨ᠎ᠳᠤ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ ᠄ ᠬᠣᠷᠸ᠎ᠠ ᠠᠵᠤ ᠠᠬᠤᠢ᠎ᠶ᠋ᠢᠨ ᠶᠡᠬᠡ ᠲᠠᠯ᠎ᠠ᠎ᠶ᠋ᠢ ᠬᠦᠴᠦᠯᠡᠨ ᠲᠣᠭ᠍ᠲᠠᠪᠤᠷᠢᠵᠢᠭᠤᠯᠵᠤ᠂ ᠠᠵᠤ ᠠᠬᠤᠢ᠎ᠶ᠋ᠢᠨ ᠡᠷᠭᠢᠯᠲᠡ ᠵᠣᠬᠢᠰᠲᠠᠢ ᠬᠡᠪᠴᠢᠶᠡᠨ᠎ᠳᠦ ᠪᠠᠢᠬᠤ᠎ᠶ᠋ᠢ ᠪᠠᠲᠤᠯᠠᠨ᠎ᠠ; ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢ ᠬᠦᠴᠦᠯᠡᠨ ᠲᠣᠭ᠍ᠲᠠᠪᠤᠷᠢᠵᠢᠭᠤᠯᠵᠤ ᠠᠵᠢᠯ ᠣᠯᠭᠣᠯᠲᠠ᠎ᠶ᠋ᠢ ᠪᠠᠲᠤᠯᠠᠨ᠂ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠌ ᠡᠷᠴᠢᠮ᠎ᠢ ᠴᠢᠩᠭᠠᠷᠠᠭᠤᠯᠤᠨ᠎ᠠ; ᠥᠭᠡᠷᠡᠴᠢᠯᠡᠯᠲᠡ᠎ᠶ᠋ᠢ ᠡᠷᠡᠰ ᠭᠤᠢᠪᠢᠰᠢ ᠦᠭᠡᠢ ᠭᠦᠨᠵᠡᠭᠡᠢᠷᠡᠭᠦᠯᠵᠦ᠍᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ ᠪᠠ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠨᠡᠩ ᠶᠡᠬᠡ᠎ᠪᠡᠷ ᠬᠥᠭ᠌ᠵᠢᠭᠡᠨ᠎ᠡ; ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠦᠭᠵᠢᠯᠳᠠ ᠵᠢᠨ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠰᠠᠭᠤᠷᠢ᠎ᠶ᠋ᠢ ᠪᠡᠬᠢᠵᠢᠭᠦᠯᠦᠨ ᠪᠤᠵᠠᠭᠠᠢᠷᠠᠭᠤᠯᠤᠨ᠎ᠠ; ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢ ᠡᠷᠡᠰ ᠬᠡᠷᠡᠭ᠌ᠵᠢᠭᠦᠯᠵᠦ᠍᠂᠎ᠣᠷᠣᠨ᠎ᠪᠦᠰᠡ᠎ᠶ᠋ᠢᠨ᠎ᠵᠣᠬᠢᠴᠠᠩᠭᠤᠢ᠎ᠬᠥᠭ᠌ᠵᠢᠯᠲᠡ ᠪᠠ ᠱᠢᠨ᠎ᠡ ᠮᠠᠶᠢᠭ᠎ᠤᠨ ᠬᠤᠳᠠ ᠪᠠᠯᠭᠠᠰᠤᠵᠢᠯᠲᠠ᠎ᠶ᠋ᠢ ᠠᠬᠢᠭᠤᠯᠤᠨ᠎ᠠ; ᠲᠠᠷᠢᠶᠠᠯᠠᠩ᠎ᠤᠨ ᠦᠶ᠋ᠯᠡᠳᠪᠦᠷᠢᠯᠡᠯ᠎ᠢ ᠬᠦᠴᠤᠯᠡᠨ ᠰᠠᠢᠲᠤᠷ ᠠᠳᠭᠤᠵᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ; ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ᠎ᠶ᠋ᠢᠨ ᠲᠣᠭ᠍ᠲᠠᠭᠤᠨ ᠬᠥᠭ᠌ᠵᠢᠯᠲᠡ᠎ᠶ᠋ᠢ ᠠᠬᠢᠭᠤᠯᠤᠨ᠎ᠠ; ᠠᠮᠢ ᠠᠬᠤᠶ ᠣᠷᠴᠢᠨ ᠲᠣᠭᠣᠷᠢᠨ᠎ᠢ ᠦᠷᠭᠦᠯᠵᠢᠯᠡᠨ ᠰᠠᠢᠵᠢᠷᠠᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠤᠨ᠎ᠠ; ᠠᠷᠠᠳ᠎ᠤᠨ ᠠᠮᠢᠳᠤᠷᠠᠯ᠎ᠢ ᠦᠨᠡᠨ᠎ᠬᠦ᠌ ᠪᠠᠲᠤᠯᠠᠨ ᠰᠠᠢᠵᠢᠷᠠᠭᠤᠯᠵᠤ᠂ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠨ ᠱᠢᠨ᠎ᠡ᠎ᠶ᠋ᠢ ᠡᠭᠦᠳᠦᠨ᠎ᠡ ᠭᠡᠵᠤ ᠵᠢᠭᠠᠵᠤ ᠭᠠᠷᠭᠠᠪᠠ᠃

ᠢᠯᠡᠳᠭᠡᠯ᠎ᠳᠦ᠂ ᠯᠢ ᠺᠸ ᠴᠢᠶᠠᠩ ᠪᠠᠰᠠ ᠵᠠᠰᠠᠭ᠎ᠤᠨ ᠣᠷᠳᠣᠨ᠎ᠤ ᠲᠤᠰ ᠪᠡᠶ᠎ᠡ᠎ᠶ᠋ᠢᠨ ᠪᠠᠢᠭᠤᠯᠤᠯᠲᠠ᠂ ᠦᠨᠳᠦᠰᠦᠲᠡᠨ᠂ ᠱᠠᠱᠢᠨ ᠰᠤᠷᠲᠠᠬᠤᠨ ᠪᠣᠯᠤᠨ ᠬᠠᠷᠢᠶᠠᠲᠤ᠎ᠨᠠᠷ᠎ᠤᠨ ᠠᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ᠎ᠶ᠋ᠢᠨ ᠪᠠᠢᠭᠤᠯᠤᠯᠲᠠ᠂ ᠱᠢᠶᠠᠩᠭᠠᠩ᠂ ᠣᠣᠮᠧᠨ᠎ᠦ ᠬᠥᠭ᠌ᠵᠢᠯᠲᠡ ᠪᠣᠯᠤᠨ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠬᠠᠷᠢᠴᠠᠭ᠎ᠠ ᠵᠢᠴᠢ ᠮᠠᠨ᠎ᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠲᠦᠷᠦ᠍᠎ᠶ᠋ᠢᠨ ᠪᠤᠳᠤᠯᠭ᠎ᠠ ᠵᠡᠷᠭᠡ᠎ᠶ᠋ᠢᠨ ᠲᠤᠬᠠᠢ ᠲᠣᠳᠣᠷᠬᠠᠢᠯᠠᠨ ᠥᠭᠦᠯᠡᠵᠡᠢ᠃

ᠬᠤᠷᠠᠯ᠎ᠤᠨ ᠵᠥᠪᠯᠡᠬᠦ᠌ ᠵᠦᠶ᠋ᠯ᠎ᠢ ᠦᠨᠳᠦᠰᠦᠯᠡᠨ᠂ ᠶᠡᠬᠡ ᠬᠤᠷᠠᠯ᠎ᠡᠴᠡ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ 2021 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠮᠡᠳᠡᠭᠦᠯᠦᠯᠲᠡ ᠵᠢᠴᠢ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ 2021 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠮᠡᠳᠡᠭᠦᠯᠦᠯᠲᠡ ᠵᠢᠴᠢ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠨ᠎ᠠ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠨᠠᠢᠳᠠᠯᠭ᠎ᠠ᠎ᠪᠠᠷ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠳᠡᠳ᠋ ᠬᠤᠷᠢᠶᠠᠨ ᠳᠠᠷᠤᠭ᠎ᠠ ᠸᠠᠩ ᠴᠧᠨ ᠲᠤᠰ ᠲᠤᠰ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠥᠰᠦᠯ᠎ᠦᠨ ᠲᠣᠳᠣᠷᠬᠠᠢᠯᠠᠯᠲᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠤᠷᠤᠨ ᠲᠣᠭ᠎ᠠ ᠪᠣᠯᠤᠨ ᠰᠣᠩᠭᠣᠭᠤᠯᠢ᠎ᠶ᠋ᠢᠨ ᠠᠰᠠᠭᠤᠳᠠᠯ᠎ᠤᠨ ᠲᠤᠭᠲᠠᠭᠠᠯ᠎ᠤᠨ ᠲᠤᠬᠠᠢ ᠲᠥᠰᠦᠯ᠎ᠦᠨ ᠲᠣᠳᠣᠷᠬᠠᠢᠯᠠᠯᠲᠠ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ᠎ᠶ᠋ᠢᠨ ᠲᠤᠬᠠᠢ ᠲᠥᠰᠦᠯ᠎ᠦᠨ ᠲᠣᠳᠣᠷᠬᠠᠢᠯᠠᠯᠲᠠ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ᠎ᠬᠤᠭᠤᠴᠠᠭᠠᠨ᠎ᠤ᠎ᠪᠦᠬᠦ᠌᠎ᠤᠯᠤᠰ᠎ᠤᠨ᠎ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ᠎ᠶ᠋ᠢᠨ ᠲᠤᠬᠠᠢ ᠲᠥᠰᠦᠯ᠎ᠦᠨ ᠲᠣᠳᠣᠷᠬᠠᠢᠯᠠᠯᠲᠠ ᠬᠢᠪᠡ᠃

ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠥᠰᠦᠯ᠎ᠦᠨ ᠲᠣᠳᠣᠷᠬᠠᠢᠯᠠᠯᠲᠠ᠎ᠳᠤ᠂ ᠣᠷᠣᠨ ᠨᠤᠲᠤᠭ᠎ᠤᠨ ᠵᠣᠬᠢᠶᠠᠨ ᠪᠠᠢᠭᠤᠯᠤᠯᠳᠠ ᠵᠢᠨ ᠬᠠᠤᠯᠢ ᠪᠣᠯ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠤᠯᠲᠠ ᠪᠠ ᠠᠵᠢᠯ᠎ᠤᠨ᠎ᠲᠦᠷᠢᠮ᠎ᠦᠨ᠎ᠲᠤᠬᠠᠢ᠎ᠦᠨᠳᠦᠰᠦᠨ᠎ᠬᠠᠤᠯᠢ᠎ᠴᠠᠭᠠᠵᠠ᠎ᠮᠥᠨ᠂᠎ᠣᠷᠣᠨ᠎ᠨᠤᠲᠤᠭ᠎ᠤᠨ᠎ᠵᠠᠰᠠᠭ᠎ᠤᠨ ᠡᠷᠬᠡ᠎ᠶ᠋ᠢᠨ ᠪᠠᠢᠭᠤᠯᠤᠯᠲᠠ᠎ᠶ᠋ᠢᠨ ᠲᠤᠬᠠᠢ ᠦᠨᠳᠦᠰᠦᠨ ᠬᠠᠤᠯᠢ ᠵᠢᠨ ᠬᠠᠤᠯᠢ ᠲᠣᠭ᠍ᠲᠠᠭᠠᠯᠲᠠ᠎ᠶ᠋ᠢᠨ ᠬᠡᠷᠡᠭ᠌ᠵᠢᠭᠦᠯᠦᠯᠲᠡ ᠮᠥᠨ᠂ ᠣᠷᠣᠨ ᠨᠤᠲᠤᠭ᠎ᠤᠨ ᠡᠯ᠎ᠡ ᠱᠠᠲᠤᠨ᠎ᠤ ᠤᠯᠤᠰ᠎ᠤᠨ ᠡᠷᠬᠡᠲᠦ ᠪᠠᠢᠭᠤᠯᠭ᠎ᠠ᠂ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠡᠷᠬᠡ ᠲᠤᠱᠢᠶᠠᠯ᠎ᠢᠶᠠᠨ ᠬᠡᠷᠡᠭ᠌ᠵᠢᠭᠦᠯᠬᠦ᠌᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠬᠤᠯᠠ ᠲᠦᠷᠢᠮ᠎ᠦᠨ ᠪᠠᠲᠤᠯᠠᠭ᠎ᠠ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠤᠯᠤᠰ᠎ᠤᠨ ᠲᠦᠷᠦ ᠵᠢᠨ ᠡᠷᠬᠡᠲᠦ ᠪᠠᠢᠭᠤᠯᠭ᠎ᠠ᠎ᠶ᠋ᠢᠨ ᠠᠵᠢᠯ ᠪᠣᠯᠤᠨ ᠪᠦᠲᠦᠭᠡᠡ ᠪᠠᠢᠭᠤᠯᠤᠯᠲᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠠᠯᠢ ᠤᠯᠠᠨ ᠴᠢᠬᠤᠯᠠ ᠶᠡᠬᠡ ᠪᠠᠢᠷᠢᠯᠠᠭᠤᠯᠤᠯᠲᠠ ᠬᠢᠵᠦ᠍᠂ ᠠᠯᠢ ᠤᠯᠠᠨ ᠴᠢᠬᠤᠯᠠ ᠶᠡᠬᠡ ᠠᠵᠢᠯ᠎ᠢ ᠠᠬᠢᠭᠤᠯᠵᠤ᠂ ᠠᠯᠢ ᠤᠯᠠᠨ ᠴᠢᠬᠤᠯᠠ ᠶᠡᠬᠡ ᠦᠷ᠎ᠡ ᠪᠦᠲᠦᠭᠡᠯ ᠣᠯᠵᠠᠢ᠃ ᠰᠢ ᠵᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠠ ᠲᠥᠪ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠳᠤ᠂ ᠦᠢᠯᠡᠳᠦᠯᠭᠡ᠎ᠶ᠋ᠢᠨ ᠲᠤᠷᠱᠢᠯᠭ᠎ᠠ᠎ᠪᠠᠨ ᠨᠠᠷᠢᠨ ᠬᠢᠨᠠᠮᠠᠭᠠᠢ ᠳ᠋ᠦᠩᠨᠡᠭ᠌ᠰᠡᠨ ᠰᠠᠭᠤᠷᠢᠨ ᠳᠡᠭᠡᠷ᠎ᠡ᠂ ᠣᠷᠣᠨ ᠨᠤᠲᠤᠭ᠎ᠤᠨ ᠵᠣᠬᠢᠶᠠᠨ ᠪᠠᠢᠭᠤᠯᠤᠯᠲᠠ ᠵᠢᠨ ᠬᠠᠤᠯᠢ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ᠌ ᠴᠢᠬᠤᠯᠠᠲᠠᠢ ᠭᠡᠵᠤ ᠵᠢᠭᠠᠵᠤ ᠭᠠᠷᠭᠠᠪᠠ᠃ ᠲᠥᠰᠦᠯ᠎ᠳᠦ ᠨᠡᠢ᠌ᠳᠡ 48 ᠵᠦᠢᠯ᠎ᠪᠤᠢ᠂ ᠭᠣᠣᠯ ᠵᠠᠰᠠᠪᠤᠷᠢ ᠣᠷᠣᠭᠤᠯᠬᠤ ᠠᠭᠤᠯᠭ᠎ᠠ᠎ᠳᠤ᠄ 《ᠶᠡᠷᠦᠩᠬᠡᠢ ᠲᠦᠷᠢᠮ》 ᠭᠡᠬᠦ᠌ ᠪᠦᠯᠦᠭ᠎ᠦᠨ ᠠᠭᠤᠯᠭ᠎ᠠ᠎ᠶ᠋ᠢ ᠲᠡᠭᠦᠯᠳᠡᠷᠵᠢᠭᠦᠯᠦᠨ᠎ᠡ; ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶᠠᠨ᠎ᠤ ᠵᠣᠬᠢᠶᠠᠨ ᠪᠠᠢᠭᠤᠯᠬᠤ᠂ ᠡᠷᠬᠡ ᠲᠤᠱᠢᠶᠠᠯ ᠵᠡᠷᠭᠡ ᠬᠣᠯᠪᠣᠭ᠍ᠳᠠᠯ ᠪᠦᠬᠦᠢ ᠲᠣᠭ᠍ᠲᠠᠭᠠᠯ᠎ᠢ ᠲᠡᠭᠦᠯᠳᠡᠷᠵᠢᠭᠦᠯᠦᠨ᠎ᠡ; ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠬᠤ᠂ ᠡᠷᠬᠡ ᠲᠤᠱᠢᠶᠠᠯ ᠵᠡᠷᠭᠡ ᠬᠣᠯᠪᠣᠭ᠍ᠳᠠᠯ ᠪᠦᠬᠦᠢ ᠲᠣᠭ᠍ᠲᠠᠭᠠᠯ᠎ᠢ ᠲᠡᠭᠦᠯᠳᠡᠷᠵᠢᠭᠦᠯᠦᠨ᠎ᠡ; ᠬᠢᠨᠠᠨ ᠪᠠᠢᠴᠠᠭᠠᠬᠤ ᠪᠠᠢᠭᠤᠯᠤᠮᠵᠢ ᠵᠢᠨ ᠥᠭᠡᠷᠡᠴᠢᠯᠡᠯᠲᠡ᠎ᠳᠦ ᠵᠣᠬᠢᠴᠠᠬᠤ ᠬᠣᠯᠪᠣᠭ᠍ᠳᠠᠯ ᠪᠦᠬᠦᠢ ᠠᠭᠤᠯᠭ᠎ᠠ᠎ᠶ᠋ᠢ ᠨᠡᠮᠡᠬᠦ᠌ ᠴᠢᠬᠤᠯᠠᠲᠠᠢ; ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠲᠣᠳᠣᠷᠬᠠᠢᠯᠠᠨ᠎ᠠ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠡᠷᠭᠡ ᠠᠭᠤᠯᠭ᠎ᠠ᠎ᠶ᠋ᠢ ᠲᠡᠭᠦᠯᠳᠡᠷᠵᠢᠭᠦᠯᠬᠦ᠌᠎ᠶ᠋ᠢᠨ ᠬᠠᠮᠲᠤ ᠬᠣᠯᠪᠣᠭ᠍ᠳᠠᠯ ᠪᠦᠬᠦᠢ ᠲᠣᠭ᠍ᠲᠠᠭᠠᠯ᠎ᠢ ᠲᠡᠭᠦᠯᠳᠡᠷᠵᠢᠭᠦᠯᠦᠨ᠎ᠡ᠃

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠤᠷᠤᠨ ᠲᠣᠭ᠎ᠠ ᠪᠣᠯᠤᠨ ᠰᠣᠩᠭᠣᠭᠤᠯᠢ᠎ᠶ᠋ᠢᠨ ᠠᠰᠠᠭᠤᠳᠠᠯ᠎ᠤᠨ ᠲᠣᠭ᠍ᠲᠠᠭᠠᠯ᠎ᠤᠨ ᠲᠤᠬᠠᠢ ᠲᠥᠰᠦᠯ᠎ᠦᠨ ᠲᠣᠳᠣᠷᠬᠠᠢᠯᠠᠯᠲᠠ᠎ᠳᠤ᠂ ᠦᠨᠳᠦᠰᠦᠨ ᠬᠠᠤᠯᠢ ᠪᠣᠯᠤᠨ ᠬᠣᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠲᠣᠭ᠍ᠲᠠᠭᠠᠯ᠎ᠢ ᠦᠨᠳᠦᠰᠦᠯᠡᠪᠠᠯ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠤᠱᠢᠶᠠᠯ᠎ᠤᠨ ᠬᠤᠭᠤᠴᠠᠭ᠎ᠠ ᠨᠢ 2023 ᠣᠨ᠎ᠤ 3 ᠰᠠᠷ᠎ᠠ ᠳ᠋ᠤ ᠳᠠᠭᠤᠰᠴᠤ᠌᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ 2023 ᠣᠨ᠎ᠤ 1 ᠰᠠᠷ᠎ᠠ᠎ᠳᠤ ᠰᠣᠩᠭᠣᠨ ᠭᠠᠷᠭᠠᠨ᠎ᠠ᠃ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠵᠢᠯ᠎ᠢ ᠰᠠᠢᠲᠤᠷ ᠬᠢᠬᠦ᠌ ᠨᠢ ᠨᠠᠮ ᠪᠠ ᠲᠦᠷᠦ ᠵᠢᠨ ᠤᠯᠤᠰ ᠲᠥᠷᠥ᠎ᠶ᠋ᠢᠨ ᠠᠮᠢᠳᠤᠷᠠᠯ᠎ᠳᠠᠬᠢ ᠨᠢᠭᠡᠨ ᠶᠡᠬᠡ ᠶᠠᠪᠤᠳᠠᠯ ᠮᠥᠨ᠂ ᠨᠠᠮ᠎ᠤᠨ ᠣᠷᠳᠣ ᠬᠤᠭᠤᠴᠠᠭ᠎ᠠ᠎ᠪᠠᠷ ᠲᠥᠷᠥ᠍ ᠪᠠᠷᠢᠬᠤ ᠰᠠᠭᠤᠷᠢ᠎ᠶ᠋ᠢ ᠪᠡᠬᠢᠵᠢᠭᠦᠯᠬᠦ᠌᠂ ᠤᠯᠤᠰ᠎ᠤᠨ ᠲᠦᠷᠦ ᠵᠢᠨ ᠡᠷᠬᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠂ ᠪᠥᠬᠥ᠌ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌᠂ ᠤᠯᠤᠰ᠎ᠤᠨ ᠵᠠᠰᠠᠯᠲᠠ ᠵᠢᠨ ᠱᠢᠰᠲ᠋ᠧᠮ ᠪᠠ ᠵᠠᠰᠠᠯᠲᠠ ᠵᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ᠂ ᠡᠯ᠎ᠡ ᠲᠠᠯ᠎ᠠ᠎ᠶ᠋ᠢᠨ ᠣᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠤᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ᠎ᠪᠥᠲᠥᠭᠡᠨ᠎ᠪᠠᠢᠭᠤᠯᠬᠤ᠎ᠳᠤ᠎ᠲᠤᠢᠯ᠎ᠤᠨ᠎ᠴᠢᠬᠤᠯᠠ᠎ᠠᠴᠢ᠎ᠬᠣᠯᠪᠣᠭ᠍ᠳᠠᠯ᠎ᠲᠠᠶ ᠶᠤᠮ᠃ ᠦᠨᠳᠦᠰᠦᠨ ᠬᠠᠤᠯᠢ᠂ ᠰᠣᠩᠭᠣᠭᠤᠯᠢ᠎ᠶ᠋ᠢᠨ ᠬᠠᠤᠯᠢ᠎ᠶ᠋ᠢᠨ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ᠂ ᠡᠯ᠎ᠡ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ᠎ᠦ ᠰᠠᠨᠠᠯ᠎ᠢ ᠥᠷᠭᠡᠨ᠎ᠢᠶᠡᠷ ᠬᠤᠷᠢᠶᠠᠭ᠍ᠰᠠᠨ ᠰᠠᠭᠤᠷᠢᠨ ᠳᠡᠭᠡᠷ᠎ᠡ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠬᠤᠷᠢᠶᠠᠨ ᠳᠠᠷᠤᠭ᠎ᠠ᠎ᠵᠢᠨ ᠬᠤᠷᠠᠯ᠎ᠡᠴᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ᠎ᠲᠥᠯᠥᠭᠡᠯᠡᠭ᠌ᠴᠢᠳ᠎ᠦᠨ᠎ᠶᠡᠬᠡ᠎ᠬᠤᠷᠠᠯ᠎ᠤᠨ ᠲᠥᠯᠥᠭᠡᠯᠡᠭ᠌ᠴᠢ᠎ᠶ᠋ᠢᠨ ᠣᠷᠣᠨ ᠲᠣᠭ᠎ᠠ ᠪᠣᠯᠤᠨ ᠰᠣᠩᠭᠣᠭᠤᠯᠢ᠎ᠶ᠋ᠢᠨ ᠠᠰᠠᠭᠤᠳᠠᠯ᠎ᠤᠨ ᠲᠣᠭ᠍ᠲᠠᠭᠠᠯ᠎ᠤᠨ ᠲᠤᠬᠠᠢ ᠲᠥᠰᠦᠯ᠎ᠢ ᠲᠤᠭᠤᠷᠪᠢᠵᠤ᠂ 2021 ᠣᠨ᠎ᠤ 12 ᠰᠠᠷ᠎ᠠ᠎ᠳᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠭᠤᠴᠢᠨ ᠬᠣᠶᠠᠳᠤᠭᠠᠷ ᠬᠤᠷᠠᠯ᠎ᠳᠤ ᠳᠡᠪᠱᠢᠭᠦᠯᠦᠨ ᠬᠢᠨᠠᠨ ᠵᠥᠪᠯᠡᠭᠦᠯᠵᠦ᠍᠂ ᠬᠤᠷᠠᠯ᠎ᠡᠴᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠳᠤ ᠳᠡᠪᠱᠢᠭᠦᠯᠦᠨ ᠬᠢᠨᠠᠨ ᠵᠥᠪᠯᠡᠭᠦᠯᠬᠦ᠌᠎ᠪᠡᠷ ᠲᠣᠭ᠍ᠲᠠᠵᠠᠢ ᠭᠡᠵᠦ ᠵᠢᠭᠠᠵᠤ ᠭᠠᠷᠭᠠᠪᠠ᠃

ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ᠎ᠶ᠋ᠢᠨ ᠲᠤᠬᠠᠢ ᠲᠥᠰᠦᠯ᠎ᠦᠨ ᠲᠣᠳᠣᠷᠬᠠᠢᠯᠠᠯᠲᠠ ᠪᠠ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ᠎ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ᠎ᠶ᠋ᠢᠨ ᠲᠤᠬᠠᠢ ᠲᠥᠰᠦᠯ᠎ᠦᠨ ᠲᠣᠳᠣᠷᠬᠠᠢᠯᠠᠯᠲᠠ᠎ᠳᠤ᠂ ᠰᠣᠩᠭᠣᠭᠤᠯᠢ᠎ᠶ᠋ᠢᠨ ᠬᠠᠤᠯᠢ᠎ᠶ᠋ᠢᠨ ᠲᠣᠭ᠍ᠲᠠᠭᠠᠯ ᠶᠣᠰᠣᠭᠠᠷ᠂ ᠱᠢᠶᠠᠩᠭᠠᠩ᠎ᠤᠨᠴᠠᠭᠠᠢ ᠵᠠᠰᠠᠭ ᠵᠠᠬᠢᠷᠭᠠᠨ᠎ᠤ ᠣᠷᠣᠨ᠂ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠬᠢᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠰᠤᠩᠭᠤᠭᠤᠯᠢ ᠳ᠋ᠦ ᠤᠷᠤᠯᠴᠠᠬᠤ ᠲᠥᠯᠥᠭᠡᠯᠡᠭ᠌ᠴᠢ᠎ᠶ᠋ᠢᠨ ᠤᠷᠤᠨ ᠲᠣᠭ᠎ᠠ ᠪᠠ ᠲᠥᠯᠥᠭᠡᠯᠡᠭ᠌ᠴᠢ᠎ᠶ᠋ᠢ ᠰᠣᠩᠭᠣᠨ ᠭᠠᠷᠭᠠᠬᠤ ᠠᠷᠭ᠎ᠠ᠎ᠶ᠋ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠠᠰ᠎ᠲᠤᠨᠢ ᠲᠣᠭ᠍ᠲᠠᠭᠠᠨ᠎ᠠ᠃ ᠡᠢᠮᠦ ᠡᠴᠡ᠂ ᠲᠤᠰ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠤᠱᠢᠶᠠᠯ᠎ᠤᠨ ᠬᠤᠭᠤᠴᠠᠭ᠎ᠠ ᠳᠠᠭᠤᠰᠭᠤ᠎ᠡᠴᠡ ᠡᠮᠦᠨ᠎ᠡ᠂ ᠱᠢᠶᠠᠩᠭᠠᠩ᠂ ᠣᠣᠮᠧᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ᠎ᠶ᠋ᠢ ᠲᠣᠭ᠍ᠲᠠᠭᠠᠬᠤ ᠴᠢᠬᠤᠯᠠᠲᠠᠢ᠃ ᠬᠣᠯᠪᠣᠭ᠍ᠳᠠᠯ ᠪᠦᠬᠦᠢ ᠠᠵᠢᠯ᠎ᠤᠨ ᠲᠤᠬᠢᠷᠠᠭᠤᠯᠤᠯᠲᠠ᠎ᠶ᠋ᠢ ᠦᠨᠳᠦᠰᠦᠯᠡᠵᠦ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠬᠠᠤᠯᠢ ᠴᠠᠭᠠᠵᠠ᠎ᠶ᠋ᠢᠨ ᠠᠵᠢᠯ᠎ᠤᠨ ᠬᠤᠷᠢᠶ᠎ᠠ᠂ ᠱᠢᠶᠠᠩᠭᠠᠩ ᠣᠣᠮᠧᠨ᠎ᠦ ᠦᠨᠳᠦᠰᠦ ᠪᠤᠯᠬᠤ ᠬᠠᠤᠯᠢ ᠴᠠᠭᠠᠵᠠ ᠵᠢᠨ ᠬᠤᠷᠢᠶ᠎ᠠ ᠲᠥᠪ᠎ᠦᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠱᠢᠶᠠᠩᠭᠠᠩ᠎ᠤᠨᠴᠠᠭᠠᠢ ᠵᠠᠰᠠᠭ ᠵᠠᠬᠢᠷᠭᠠᠨ᠎ᠤ ᠣᠷᠣᠨ᠂ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ᠎ᠶ᠋ᠢᠨ ᠲᠥᠰᠦᠯ᠎ᠢ ᠬᠠᠮᠲᠤ᠎ᠪᠠᠷ ᠰᠤᠳᠤᠯᠤᠨ ᠲᠤᠭᠤᠷᠪᠢᠭ᠍ᠰᠠᠨ ᠪᠥᠭᠡᠳ ᠱᠢᠶᠠᠩᠭᠠᠩ᠎ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ᠂ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ᠂ ᠱᠢᠶᠠᠩᠭᠠᠩ᠎ᠤᠨᠴᠠᠭᠠᠢ ᠵᠠᠰᠠᠭ ᠵᠠᠬᠢᠷᠭᠠᠨ᠎ᠤ ᠣᠷᠣᠨ ᠪᠠ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠡᠴᠨ ᠰᠠᠨᠠᠯ᠎ᠬᠤᠷᠢᠶᠠᠵᠠᠢ ᠭᠡᠵᠦ ᠵᠢᠭᠠᠵᠤ ᠭᠠᠷᠭᠠᠪᠠ᠃

ᠲᠡᠷᠢᠭᠦᠯᠡᠭ᠌ᠴᠢ ᠵᠢᠨ ᠲᠠᠢᠰᠠᠨ᠎ᠳᠤ ᠰᠠᠭᠠᠲᠠᠭ᠍ᠰᠠᠳ᠎ᠲᠤ ᠪᠠᠰᠠ᠄ ᠳ᠋ᠢᠩ ᠱᠢᠤᠸᠠᠢ ᠱᠢᠶᠠᠩ᠂ ᠯᠢᠦ ᠾᠧ᠂ ᠱᠢᠤᠢ ᠴᠢ ᠯᠢᠶᠠᠩ᠂ ᠰᠦᠨ ᠴᠦᠨ ᠯᠠᠨ᠂ ᠯᠢ ᠰᠢ᠂ ᠯᠢ ᠴᠢᠶᠠᠩ᠂ ᠯᠢ ᠬᠣᠩ ᠵᠥᠩ᠂ ᠶᠠᠩ ᠵᠢᠶᠧ ᠤ᠋ᠤᠢ᠂ ᠶᠠᠩ ᠱᠢᠶᠣᠤ ᠳ᠋ᠦ᠋᠂ ᠵᠠᠩ ᠶᠢᠦ ᠱᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠬᠤ᠌ ᠴᠦᠨ ᠬᠤᠸᠠ᠂ ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠶᠢᠤ ᠴᠢᠤᠸᠠᠨ᠂ ᠸᠧᠶ ᠹᠧᠩ ᠾᠧ᠂ ᠸᠠᠩ ᠶᠦᠩ᠂ ᠸᠠᠩ ᠢ᠂ ᠱᠢᠶᠣᠤ ᠵᠢᠶᠧ᠂ ᠵᠣᠣ ᠺᠧ ᡁᠢ᠂ ᠵᠧᠸ᠋ ᠴᠢᠶᠠᠩ᠂ ᠵᠠᠩ ᠵᠢᠶᠦ᠋ᠨ᠂ ᠵᠠᠩ ᠴᠢᠩ ᠯᠢ᠂ ᠯᠢᠦ ᠴᠢ ᠪᠦᠦ᠂ ᠫᠠᠪᠠᠯᠠ·ᠭᠧᠯᠸᠭ᠌ᠨᠡᠮᠵᠢᠯ᠂ ᠸᠠᠨ ᠭᠠᠩ᠂ ᠾᠧ ᠾᠧᠦ ᠬᠤᠸᠠ᠂ ᠯᠦ᠍ ᠵᠠᠨ ᠬᠥᠩ᠂ ᠮᠠ ᠪᠢᠶᠤᠤ᠂ ᠴᠧᠨ ᠱᠢᠶᠤᠤ ᠭᠤᠸᠠᠩ᠂ ᠯᠢᠶᠠᠩ ᠵᠧᠨ ᠶᠢᠩ᠂ ᠱᠢᠶᠠ ᠪᠦᠦ ᠯᠦᠩ᠂ ᠯᠢ ᠪᠢᠨ᠂ ᠪᠠᠭᠠᠲᠤᠷ᠂ ᠸᠠᠩ ᠶᠦᠩ ᠴᠢᠩ᠂ ᠾᠧ ᠯᠢ ᠹᠧᠩ᠂ ᠰᠤ᠌ ᠬᠣᠶ᠂ ᠵᠧᠩ ᠵᠢᠶᠠᠨ ᠪᠠᠩ᠂ ᠭᠦ ᠱᠸᠩ ᠽᠤ᠌᠂ ᠯᠢᠦ ᠱᠢᠨ ᠴᠧᠩ᠂ ᠾᠧ ᠸᠧᠶ᠂ ᠱᠤᠤ ᠬᠣᠩ᠂ ᠭᠤᠤ ᠶᠦᠨ ᠯᠦᠩ ᠵᠢᠴᠢ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠭᠡᠱᠢᠭᠦᠨ ᠯᠢ ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ᠎ᠨᠡᠷ ᠪᠤᠢ᠃

ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠾᠧ ᠢ ᠴᠧᠩ ᠬᠤᠷᠠᠯ᠎ᠳᠤ ᠰᠤᠯᠠ ᠣᠷᠣᠯᠴᠠᠭ᠍ᠰᠠᠨ ᠪᠥᠭᠡᠳ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠠᠢ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ᠎ᠳᠤ ᠣᠷᠣᠯᠴᠠᠵᠤ ᠪᠠᠢᠭ᠎ᠠ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠶᠡᠬᠡ ᠬᠤᠷᠠᠯ᠎ᠳᠤ ᠰᠤᠯᠠ ᠣᠷᠣᠯᠴᠠᠵᠠᠢ᠃

ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠴᠢᠯᠥᠭᠡᠯᠡᠬᠦ᠌ ᠴᠡᠷᠢᠭ᠎ᠦᠨ ᠬᠣᠯᠪᠣᠭ᠍ᠳᠠᠯ ᠪᠦᠬᠦᠢ ᠨᠢᠭᠡᠴᠢ᠂ ᠡᠯ᠎ᠡ ᠠᠷᠠᠳ᠎ᠤᠨ ᠪᠦᠯᠬᠦᠮ᠎ᠦᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠶᠡᠬᠡ ᠬᠤᠷᠠᠯ᠎ᠳᠤ ᠰᠤᠯᠠ ᠣᠷᠣᠯᠴᠠᠭ᠍ᠰᠠᠨ ᠪᠤᠶᠤ ᠶᠡᠬᠡ ᠬᠤᠷᠠᠯ᠎ᠢ ᠰᠤᠯᠠ ᠰᠣᠨᠣᠰᠴᠠᠢ᠃

ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳ ᠶᠡᠬᠡ ᠬᠤᠷᠠᠯ᠎ᠢ ᠰᠤᠯᠠ ᠰᠣᠨᠣᠰᠴᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面