2022-03-06 09:23:58
ᠱᠢᠨᠬᠤᠸᠠ ᠬᠣᠷᠢᠶᠠᠨ ᠤ ᠪᠡᠭᠡᠵᠢᠩ ᠦᠨ 3 ᠰᠠᠷ᠎ᠠ ᠶ᠋ᠢᠨ 5 ᠤ᠋ ᠴᠠᠬᠢᠯᠭᠠᠨ ᠮᠡᠳᠡᠭᠡ ᠨᠠᠮ᠎ᠤᠨ ᠲᠥᠪ ᠬᠣᠷᠢᠶᠠᠨ ᠤ ᠤᠯᠤᠰᠲᠦᠷᠦ᠍ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ᠎ᠶ᠋ᠢᠨ ᠬᠣᠷᠢᠶᠠᠨ ᠤ ᠬᠤᠷᠢᠶᠠᠨ ᠳᠠᠷᠤᠭ᠎ᠠ ᠯᠢ ᠵᠠᠨ ᠱᠸ᠋ 5 ᠤ᠋ ᠦᠳᠡ ᠶ᠋ᠢᠨ ᠬᠣᠢᠨ᠎ᠠ ᠲᠡᠭᠦᠨ ᠦ ᠪᠠᠢᠭ᠎ᠠ ᠵᠢᠶᠠᠩᠰᠢ ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠢ ᠬᠢᠨᠠᠨ ᠵᠥᠪᠯᠡᠪᠡ᠃
ᠶᠠᠩ ᠬᠦᠢ ᠫᠢᠩ᠂ ᠴᠧᠨ ᠺᠠᠩ ᠫᠢᠩ᠂ ᠯᠢ ᠱᠢᠤ ᠱᠢᠶᠠᠩ ᠵᠡᠷᠭᠡ ᠲᠥᠯᠥᠭᠡᠯᠡᠭ᠌ᠴᠢ᠎ᠶ᠋ᠢᠨ ᠬᠡᠯᠡᠬᠦ᠎ᠶ᠋ᠢ ᠰᠣᠨᠣᠰᠤᠭ᠍ᠰᠠᠨ ᠤ ᠳᠠᠷᠠᠭ᠎ᠠ ᠯᠢ ᠵᠠᠨ ᠱᠸ᠋᠂ ᠶᠡᠷᠦᠩᠬᠡᠢ ᠰᠠᠢᠳ ᠯᠢ ᠺᠸ ᠴᠢᠶᠠᠩ ᠤᠨ ᠬᠢᠭ᠌ᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ᠎ᠲᠠᠶ ᠨᠡᠢᠭᠡᠮ ᠵᠢᠷᠤᠮ ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠲᠥᠪ ᠬᠣᠷᠢᠶᠠᠨ᠎ᠤ ᠡᠨᠡ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡᠶ᠋ᠢᠨᠲᠤᠬᠠᠢᠱᠢᠢᠳᠪᠦᠷᠢᠲᠦᠪᠤᠳᠤᠯᠭᠠᠪᠠᠢᠷᠢᠯᠠᠭᠤᠯᠤᠯᠲᠠᠶ᠋ᠢ ᠪᠦᠬᠦ᠌ ᠲᠠᠯ᠎ᠠ ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠵᠠᠮ ᠨᠡᠭᠡᠭᠡᠨ ᠱᠢᠨ᠎ᠡ᠎ᠶ᠋ᠢ ᠡᠭᠦᠳᠦᠭ᠌ᠰᠡᠨ᠂ ᠬᠥᠮᠦᠰ᠎ᠦᠨ ᠰᠡᠳᠭᠢᠯ᠎ᠢ ᠵᠣᠷᠢᠭ᠍ᠵᠢᠭᠤᠯᠤᠮ᠎ᠠ ᠰᠠᠢ᠌ᠨ ᠢᠯᠡᠳᠭᠡᠯ ᠪᠣᠯᠵᠠᠢ᠃ ᠡᠨᠡᠬᠦ ᠢᠯᠡᠳᠬᠡᠯ ᠢ᠋ ᠪᠦᠷᠢᠮᠦᠰᠦᠨ ᠵᠥᠪᠱᠢᠶᠡᠷᠡᠵᠦ ᠪᠠᠢᠨ᠎ᠡ ᠬᠡᠵᠦ ᠬᠡᠯᠡᠪᠡ᠃
ᠯᠢ ᠵᠠᠨ ᠱᠸ᠋᠂ ᠥᠩᠭᠡᠷᠡᠭ᠌ᠰᠡᠨ ᠨᠢᠭᠡ ᠵᠢᠯ ᠪᠣᠯ ᠨᠠᠮ ᠪᠣᠯᠤᠨ ᠤᠯᠤᠰ᠎ᠤᠨ ᠲᠡᠦᠬᠡᠨ ᠳᠡᠭᠡᠷᠡᠬᠢ ᠬᠥᠱᠢᠢ᠎ᠡ ᠲᠡᠮᠳᠡᠭ ᠤᠨ ᠠᠴᠢ ᠬᠣᠯᠪᠣᠭ᠍ᠳᠠᠯ᠎ᠲᠠᠶ ᠨᠢᠭᠡ ᠵᠢᠯ ᠪᠣᠯᠤᠨ᠎ᠠ᠂ ᠰᠢ ᠵᠢᠨ ᠫᠢᠩ ᠨᠥᠬᠥᠷ ᠢᠶᠡᠷ ᠭᠣᠣᠯ ᠪᠣᠯᠭᠠᠭ᠍ᠰᠠᠨ ᠨᠠᠮ ᠤᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠵᠠᠭᠤᠨ ᠵᠢᠯ᠎ᠦᠨ ᠬᠤᠪᠢᠰᠤᠯᠲᠠ ᠪᠣᠯᠤᠨ ᠡᠷᠡᠨ ᠵᠠᠭᠤᠨ ᠤ᠋ ᠬᠢᠵᠢᠭ ᠦᠨ ᠪᠠᠢᠳᠠᠯ ᠢ ᠯᠠᠪᠳᠠᠭᠤᠨ ᠪᠠᠲᠤᠲᠠᠢ ᠠᠷᠭᠠᠴᠠᠭᠠᠵᠤ᠂ ᠨᠠᠮ ᠪᠣᠯᠤᠨ ᠤᠯᠤᠰ ᠤᠨ ᠦᠢᠯᠡᠰ ᠢ ᠠᠬᠢᠭᠤᠯᠤᠨ ᠴᠢᠬᠤᠯᠠ ᠶᠡᠬᠡ ᠱᠢᠨ᠎ᠡ ᠠᠮᠵᠢᠯᠲᠠ ᠣᠯᠵᠤ᠂ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠰᠠᠢ᠌ᠨ ᠰᠠᠢᠬᠠᠨ ᠡᠬᠢᠯᠡᠯᠲᠡ ᠶ᠋ᠢ ᠪᠡᠶᠡᠯᠡᠭᠦᠯᠪᠡ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ ᠂ ᠨᠠᠮ ᠪᠠ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠌᠂ ᠳᠤᠮᠳᠠᠳᠤ᠎ᠶ᠋ᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶ᠋ᠢ ᠪᠡᠶᠡᠯᠡᠭᠦᠯᠬᠦ᠌ ᠳᠦ ᠨᠡᠩ ᠪᠦᠷᠢᠨ ᠲᠡᠭᠦᠯᠳᠡᠷ ᠪᠠᠢᠭᠤᠯᠤᠯ ᠤᠨ ᠪᠠᠲᠤᠯᠠᠭ᠎ᠠ᠂ ᠨᠡᠩ ᠪᠠᠲᠤ ᠪᠡᠬᠢ ᠪᠣᠳᠠᠰ ᠤᠨ ᠰᠠᠭᠤᠷᠢ ᠂ ᠨᠡᠩ ᠰᠠᠨᠠᠭᠠᠴᠢᠯᠠᠭᠠᠲᠤ ᠤᠶᠤᠨ ᠤ ᠬᠦᠴᠦᠨ ᠢ ᠬᠠᠩᠭᠠᠵᠤ᠂ ᠨᠠᠮ ᠶᠠᠭ ᠰᠠᠶ᠍ᠢᠬᠠᠨ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ ᠤᠨ ᠵᠠᠮ ᠳᠡᠭᠡᠷ᠎ᠡ ᠳᠤᠮᠳᠠᠳᠤ ᠶ᠋ᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠬᠦᠯᠬᠦ ᠪᠡᠷ ᠪᠤᠴᠠᠯᠲᠠ ᠦᠭᠡᠢ ᠤᠷᠤᠭ᠍ᠰᠢᠯᠠᠵᠤ ᠪᠠᠢᠨ᠎ᠠ᠃ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠯᠳᠠ ᠴᠠᠭ ᠦᠶᠡᠴᠢᠯᠡᠯᠳᠡ ᠲᠠᠰᠤᠷᠠᠯᠳᠠ ᠦᠭᠡᠢ ᠠᠮᠵᠢᠯᠲᠠ ᠣᠯᠵᠤ᠂ ᠮᠠᠷᠺᠰ ᠤᠨ ᠦᠵᠡᠯ ᠢ ᠴᠣ᠋ ᠱᠢᠨ᠎ᠡ ᠲᠦᠷᠢ ᠲᠥᠷᠬᠦ᠌ ᠪᠡᠷ ᠳᠡᠯᠡᠬᠡᠢ ᠳ᠋ᠠᠬᠢᠨ᠎ᠠ ᠢᠯᠡᠷᠡᠭᠦᠯᠵᠦ᠍᠂ ᠳᠡᠯᠡᠬᠡᠢ ᠶ᠋ᠢᠨ ᠬᠡᠪᠴᠢᠶᠡᠨ ᠳᠡᠬᠢ ᠨᠡᠢᠭᠡᠮ ᠵᠢᠷᠤᠮ ᠪᠠ ᠬᠥᠷᠥᠩᠭᠡᠲᠦ ᠶᠣᠰᠣ ᠭᠡᠬᠦ᠌ ᠬᠣᠶᠠᠷ ᠵᠦᠢᠯ ᠦᠨ ᠦᠵᠡᠯ ᠤᠬᠠᠮᠰᠠᠷ ᠤᠨ ᠬᠡᠯᠪᠡᠷᠢ᠂ ᠬᠣᠶᠠᠷ ᠵᠦᠢᠯ ᠦᠨ ᠨᠡᠢᠭᠡᠮ ᠦᠨ ᠪᠠᠢᠭᠤᠯᠤᠯ ᠤᠨ ᠲᠡᠦᠬᠡ᠎ᠶ᠋ᠢᠨ ᠬᠤᠪᠢᠰᠤᠯᠲᠠ ᠵᠢᠴᠢ ᠲᠡᠭᠦᠨ ᠦ ᠦᠵᠡᠯᠴᠡᠭᠡᠨ ᠳᠦ ᠨᠡᠢᠭᠡᠮ ᠵᠢᠷᠤᠮ ᠳᠤ ᠠᠱᠢᠭ᠍ᠲᠠᠢ ᠴᠢᠬᠤᠯᠠ ᠶᠡᠬᠡ ᠬᠤᠪᠢᠷᠠᠯᠲᠠ ᠭᠠᠷᠭᠠᠭ᠍ᠰᠠᠨ ᠪᠠᠢᠨ᠎ᠠ᠃ ᠨᠠᠮ ᠡᠴᠡ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠶ᠋ᠢᠨ ᠵᠠᠮ ᠢᠶᠠᠷ ᠠᠮᠵᠢᠯᠲᠠ᠎ᠲᠠᠶ ᠵᠠᠮᠨᠠᠵᠤ᠂ ᠬᠥᠮᠦᠨ ᠲᠥᠷᠥᠯᠬᠢᠲᠡᠨ ᠦ ᠪᠣᠯᠪᠠᠰᠤᠨ ᠤ ᠱᠢᠨ᠎ᠡ ᠬᠡᠯᠪᠡᠷᠢ ᠶ᠋ᠢ ᠡᠭᠦᠳᠴᠦ᠍ ᠂ ᠬᠥᠮᠦᠨ ᠲᠥᠷᠥᠯᠬᠢᠲᠡᠨ ᠦ ᠬᠤᠪᠢ ᠵᠠᠶᠠᠭᠠᠨ ᠤ ᠬᠠᠮᠲᠤ ᠶ᠋ᠢᠨ ᠴᠣᠭ᠍ᠴᠠ ᠶ᠋ᠢ ᠪᠠᠢᠭᠤᠯᠬᠤ ᠶ᠋ᠢ ᠠᠬᠢᠭᠤᠯᠵᠤ᠂ ᠬᠥᠮᠦᠨ ᠲᠥᠷᠥᠯᠬᠢᠲᠡᠨ ᠦ ᠴᠢᠬᠤᠯᠠ ᠶᠡᠬᠡ ᠠᠰᠠᠭᠤᠳᠠᠯ ᠢ ᠱᠢᠢᠳᠪᠦᠷᠢᠯᠡᠬᠦ᠌ ᠳᠦ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠦᠯ ᠂ ᠳᠤᠮᠳᠠᠳᠤ ᠤᠯᠤᠰ ᠤᠨ ᠬᠦᠴᠦᠨ ᠢ ᠨᠡᠮᠡᠷᠢᠯᠡᠵᠦ᠍᠂ ᠳᠡᠯᠡᠬᠡᠢ ᠶ᠋ᠢᠨ ᠲᠡᠦᠬᠡ ᠶ᠋ᠢᠨ ᠠᠬᠢᠴᠠ ᠶ᠋ᠢ ᠭᠦᠨᠵᠡᠭᠡᠢ ᠨᠥᠯᠥᠭᠡᠯᠡᠵᠠᠢ ᠬᠡᠵᠤ ᠬᠡᠯᠡᠪᠡ᠃
ᠯᠢ ᠵᠠᠨ ᠱᠣ᠌᠂ ᠵᠢᠶᠠᠩᠰᠢ ᠪᠣᠯ ᠬᠤᠪᠢᠰᠭᠠᠯᠲᠤ ᠨᠤᠲᠤᠭ ᠪᠤᠯᠬᠤ ᠶᠤᠮ᠃《ᠬᠣᠶᠠᠷ ᠢ ᠲᠣᠭ᠍ᠲᠠᠭᠠᠬᠤ》 ᠵᠢᠨ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ ᠢ ᠭᠦᠨᠵᠡᠭᠡᠢ ᠲᠠᠨᠢᠵᠤ᠂ ᠰᠢ ᠵᠢᠨ ᠫᠢᠩ ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ ᠦᠨ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ ᠶ᠋ᠢᠨ ᠪᠠᠢᠷᠢ ᠰᠠᠭᠤᠷᠢ᠎ᠶ᠋ᠢ ᠡᠷᠡᠰ ᠬᠠᠮᠠᠭᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠵᠢᠶᠠᠩᠰᠢ ᠶ᠋ᠢᠨ ᠠᠵᠢᠯ᠎ᠤᠨ ᠲᠤᠬᠠᠢ ᠵᠢᠭᠠᠪᠤᠷᠢ ᠱᠠᠭᠠᠷᠳᠠᠯᠭ᠎ᠠ᠎ᠶ᠋ᠢ ᠨᠠᠷᠢᠯᠢᠭ ᠪᠣᠳᠠᠲᠠᠢ ᠳᠤᠭᠤᠰᠢᠯᠠᠭᠤᠯᠵᠤ᠂ ᠰᠢᠨ᠎ᠡ ᠬᠦᠭᠵᠢᠯᠳᠡ ᠵᠢᠨ ᠤᠢᠯᠠᠭᠠᠭᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠳᠤᠭᠤᠰᠢᠯᠠᠭᠤᠯᠵᠤ᠂ ᠱᠢᠨ᠎ᠡ ᠬᠥᠭ᠌ᠵᠢᠯᠲᠡ ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ ᠦᠨ ᠬᠥᠭ᠌ᠵᠢᠯᠲᠡ ᠶ᠋ᠢ ᠨᠢᠭᠡᠳᠦᠯᠲᠡᠢ ᠲᠥᠯᠥᠪᠵᠢᠭᠦᠯᠦᠨ᠂ ᠬᠥᠭ᠌ᠵᠢᠯᠲᠡ ᠪᠠ ᠠᠮᠤᠷ ᠲᠦᠪᠱᠢᠨ ᠢ ᠨᠢᠭᠡᠳᠦᠯᠲᠡᠢ ᠲᠥᠯᠥᠪᠵᠢᠭᠦᠯᠵᠦ᠍ ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠲᠤᠯᠠᠬᠤ》 ᠠᠵᠢᠯ᠎ᠢ ᠦᠷᠭᠦᠯᠵᠢᠯᠡᠨ ᠰᠠᠢᠲᠤᠷ ᠬᠢᠵᠦ᠍ ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠢᠵᠢᠷᠠᠭᠤᠯᠤᠨ᠂ ᠵᠢᠶᠠᠩᠰᠢ ᠶ᠋ᠢᠨ ᠴᠢᠨᠠᠷ ᠰᠠᠢᠲᠠᠢ ᠬᠥᠭ᠌ᠵᠢᠯᠲᠡ ᠶ᠋ᠢ ᠲᠦᠷᠭᠡᠳᠭᠡᠬᠦ᠌ ᠲᠠᠯ᠎ᠠ᠎ᠪᠠᠷ ᠵᠢᠱ᠌ᠢᠢ᠎ᠡ ᠦᠵᠡᠭᠦᠯᠵᠦ᠍᠂ ᠳᠤᠮᠳᠠ ᠭᠡᠰᠡᠭ ᠣᠷᠣᠨ᠎ᠤ ᠬᠥᠭ᠌ᠵᠢᠨ ᠮᠠᠨᠳᠤᠬᠤ᠎ᠶ᠋ᠢ ᠠᠬᠢᠭᠤᠯᠬᠤ ᠲᠠᠯ᠎ᠠ᠎ᠪᠠᠷ ᠵᠤᠷᠢᠬᠳᠠᠢ ᠬᠤᠰᠢᠭᠤᠷᠠᠬᠤ ᠬᠡᠷᠡᠭ᠌ᠲᠡᠢ ᠬᠡᠵᠦ ᠴᠢᠬᠤᠯᠠᠴᠢᠯᠠᠪᠠ᠃
ᠯᠢ ᠵᠠᠨ ᠱᠣ᠌᠂ ᠱᠢᠨ᠎ᠡ ᠴᠠᠭ ᠦᠶ᠎ᠡ ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠠᠵᠢᠯ ᠢ ᠰᠠᠢᠲᠤᠷ ᠬᠢᠬᠦ᠌ ᠳᠦ ᠲᠥᠪ ᠦᠨ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠭᠤᠤᠯᠳᠠᠯᠭ᠎ᠠ ᠶ᠋ᠢᠨ ᠲᠣᠭᠣᠷᠢᠨ ᠳᠤ ᠶᠡᠬᠡ ᠲᠠᠯ᠎ᠠ ᠳᠤ ᠦᠶ᠋ᠯᠡᠴᠢᠯᠡᠵᠦ᠍᠂ ᠠᠷᠠᠳ᠎ᠤᠨ᠎ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠶᠠᠰᠤ ᠴᠢᠨᠠᠷ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠠᠤᠯᠢ ᠲᠣᠭ᠍ᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭ᠍ᠲᠠᠭᠠᠬᠤ ᠡᠷᠬᠡ᠂ ᠳᠤᠰᠢᠶᠠᠯ ᠳ᠋ᠤ ᠳᠤᠮᠢᠯᠠᠵᠤ ᠳᠤᠰᠢᠶᠠᠯ ᠡᠴᠡ ᠨᠢ ᠪᠠᠭᠤᠯᠭᠠᠬᠤ ᠡᠷᠬᠡ᠎ᠶ᠋ᠢ ᠬᠠᠤᠯᠢ ᠶᠣᠰᠣᠭᠠᠷ ᠬᠡᠷᠡᠭ᠌ᠵᠢᠭᠦᠯᠵᠦ᠍᠂ ᠡᠯ᠎ᠡ ᠵᠦᠶ᠋ᠯ᠎ᠦᠨ ᠠᠵᠢᠯ ᠨᠠᠮᠤᠨᠲᠥᠪᠬᠣᠷᠢᠶᠠᠨᠤᠵᠢᠭᠠᠭ᠍ᠰᠠᠨᠴᠢᠭ᠌ᠯᠡᠯᠢᠶᠡᠷ ᠤᠷᠤᠭ᠍ᠰᠢᠯᠠᠬᠤ᠎ᠶ᠋ᠢ ᠪᠠᠲᠤᠯᠠᠬᠤ ᠬᠡᠷᠡᠭ᠌ᠲᠡᠶ᠃ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠡᠭᠦᠳᠡᠨ᠎ᠡᠴᠡ ᠲᠣᠭ᠍ᠲᠠᠭᠤᠨ ᠡᠷᠡᠭᠦᠯ ᠠᠵᠤ ᠠᠬᠤᠢ᠎ᠶ᠋ᠢᠨ ᠣᠷᠴᠢᠨ ᠨᠥᠬᠥᠴᠡᠯ᠂ ᠲᠦᠷᠦ᠍ ᠲᠦᠪᠱᠢᠨ ᠲᠦᠮᠡᠨ ᠠᠮᠤᠭᠤᠯᠠᠩ ᠨᠡᠢᠭᠡᠮ ᠦᠨ ᠣᠷᠴᠢᠨ ᠨᠥᠬᠥᠴᠡᠯ᠂ ᠬᠡᠪ ᠰᠤᠷᠲᠠᠯ ᠲᠥᠪ ᠴᠢᠬᠡᠴᠢ ᠤᠯᠤᠰ ᠲᠦᠷᠦ᠍᠎ᠶ᠋ᠢᠨ ᠣᠷᠴᠢᠨ ᠨᠥᠬᠥᠴᠡᠯ᠎ᠢ ᠪᠠᠲᠤᠯᠠᠬᠤ᠎ᠶ᠋ᠢᠨ ᠲᠥᠯᠥᠭᠡ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠵᠦ᠍᠂ ᠪᠣᠳᠠᠲᠤ ᠠᠵᠢᠯᠯᠠᠭ᠎ᠠ᠎ᠪᠠᠷ ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠳᠠ ᠲᠠᠶ᠎ᠪᠠᠷ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠬᠡᠵᠦ ᠵᠢᠭᠠᠵᠦ ᠭᠠᠷᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃