2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-06 09:23:58

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠱᠢᠨᠬᠤᠸᠠ ᠬᠣᠷᠢᠶᠠᠨ ᠎ᠤ ᠪᠡᠭᠡᠵᠢᠩ ᠎ᠦᠨ 3 ᠰᠠᠷ᠎ᠠ ᠎ᠶ᠋ᠢᠨ 5 ᠤ᠋ ᠴᠠᠬᠢᠯᠭᠠᠨ ᠮᠡᠳᠡᠭᠡ ᠨᠠᠮ᠎ᠤᠨ ᠲᠥᠪ ᠬᠣᠷᠢᠶᠠᠨ ᠎ᠤ ᠤᠯᠤᠰ᠎ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠣᠷᠢᠶᠠᠨ ᠎ᠤ ᠬᠤᠷᠢᠶᠠᠨ ᠳᠠᠷᠤᠭ᠎ᠠ ᠯᠢ ᠵᠠᠨ ᠱᠸ᠋ 5 ᠤ᠋ ᠦᠳᠡ ᠎ᠶ᠋ᠢᠨ ᠬᠣᠢᠨ᠎ᠠ ᠲᠡᠭᠦᠨ ᠎ᠦ ᠪᠠᠢᠭ᠎ᠠ ᠵᠢᠶᠠᠩᠰᠢ ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠎ᠢ ᠬᠢᠨᠠᠨ ᠵᠥᠪᠯᠡᠪᠡ᠃

ᠶᠠᠩ ᠬᠦᠢ ᠫᠢᠩ᠂ ᠴᠧᠨ ᠺᠠᠩ ᠫᠢᠩ᠂ ᠯᠢ ᠱᠢᠤ ᠱᠢᠶᠠᠩ ᠵᠡᠷᠭᠡ ᠲᠥᠯᠥᠭᠡᠯᠡᠭ᠌ᠴᠢ᠎ᠶ᠋ᠢᠨ ᠬᠡᠯᠡᠬᠦ᠎ᠶ᠋ᠢ ᠰᠣᠨᠣᠰᠤᠭ᠍ᠰᠠᠨ ᠎ᠤ ᠳᠠᠷᠠᠭ᠎ᠠ ᠯᠢ ᠵᠠᠨ ᠱᠸ᠋᠂ ᠶᠡᠷᠦᠩᠬᠡᠢ ᠰᠠᠢᠳ ᠯᠢ ᠺᠸ ᠴᠢᠶᠠᠩ ᠎ᠤᠨ ᠬᠢᠭ᠌ᠰᠡᠨ ᠵᠠᠰᠠᠭ ᠎ᠤᠨ ᠣᠷᠳᠣᠨ ᠎ᠤ ᠠᠵᠢᠯ ᠎ᠤᠨ ᠢᠯᠡᠳᠭᠡᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ ᠎ᠤᠨ ᠣᠨᠴᠠᠯᠢᠭ᠎ᠲᠠᠶ ᠨᠡᠢᠭᠡᠮ ᠵᠢᠷᠤᠮ ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠲᠥᠪ ᠬᠣᠷᠢᠶᠠᠨ᠎ᠤ ᠡᠨᠡ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ᠎ᠲᠤᠬᠠᠢ᠎ᠱᠢᠢᠳᠪᠦᠷᠢᠲᠦ᠎ᠪᠤᠳᠤᠯᠭ᠎ᠠ᠎ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠵᠠᠮ ᠨᠡᠭᠡᠭᠡᠨ ᠱᠢᠨ᠎ᠡ᠎ᠶ᠋ᠢ ᠡᠭᠦᠳᠦᠭ᠌ᠰᠡᠨ᠂ ᠬᠥᠮᠦᠰ᠎ᠦᠨ ᠰᠡᠳᠭᠢᠯ᠎ᠢ ᠵᠣᠷᠢᠭ᠍ᠵᠢᠭᠤᠯᠤᠮ᠎ᠠ ᠰᠠᠢ᠌ᠨ ᠢᠯᠡᠳᠭᠡᠯ ᠪᠣᠯᠵᠠᠢ᠃ ᠡᠨᠡ᠎ᠬᠦ ᠢᠯᠡᠳᠬᠡᠯ ᠢ᠋ ᠪᠦᠷᠢᠮᠦᠰᠦᠨ ᠵᠥᠪᠱᠢᠶᠡᠷᠡᠵᠦ ᠪᠠᠢᠨ᠎ᠡ ᠬᠡᠵᠦ ᠬᠡᠯᠡᠪᠡ᠃

ᠯᠢ ᠵᠠᠨ ᠱᠸ᠋᠂ ᠥᠩᠭᠡᠷᠡᠭ᠌ᠰᠡᠨ ᠨᠢᠭᠡ ᠵᠢᠯ ᠪᠣᠯ ᠨᠠᠮ ᠪᠣᠯᠤᠨ ᠤᠯᠤᠰ᠎ᠤᠨ ᠲᠡᠦᠬᠡᠨ ᠳᠡᠭᠡᠷᠡᠬᠢ ᠬᠥᠱᠢᠢ᠎ᠡ ᠲᠡᠮᠳᠡᠭ ᠎ᠤᠨ ᠠᠴᠢ ᠬᠣᠯᠪᠣᠭ᠍ᠳᠠᠯ᠎ᠲᠠᠶ ᠨᠢᠭᠡ ᠵᠢᠯ ᠪᠣᠯᠤᠨ᠎ᠠ᠂ ᠰᠢ ᠵᠢᠨ ᠫᠢᠩ ᠨᠥᠬᠥᠷ ᠎ᠢᠶᠡᠷ ᠭᠣᠣᠯ ᠪᠣᠯᠭᠠᠭ᠍ᠰᠠᠨ ᠨᠠᠮ ᠎ᠤᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠵᠠᠭᠤᠨ ᠵᠢᠯ᠎ᠦᠨ ᠬᠤᠪᠢᠰᠤᠯᠲᠠ ᠪᠣᠯᠤᠨ ᠡᠷᠡᠨ ᠵᠠᠭᠤᠨ ᠎ᠤ᠋ ᠬᠢᠵᠢᠭ ᠎ᠦᠨ ᠪᠠᠢᠳᠠᠯ ᠎ᠢ ᠯᠠᠪᠳᠠᠭᠤᠨ ᠪᠠᠲᠤᠲᠠᠢ ᠠᠷᠭᠠᠴᠠᠭᠠᠵᠤ᠂ ᠨᠠᠮ ᠪᠣᠯᠤᠨ ᠤᠯᠤᠰ ᠎ᠤᠨ ᠦᠢᠯᠡᠰ ᠎ᠢ ᠠᠬᠢᠭᠤᠯᠤᠨ ᠴᠢᠬᠤᠯᠠ ᠶᠡᠬᠡ ᠱᠢᠨ᠎ᠡ ᠠᠮᠵᠢᠯᠲᠠ ᠣᠯᠵᠤ᠂ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠰᠠᠢ᠌ᠨ ᠰᠠᠢᠬᠠᠨ ᠡᠬᠢᠯᠡᠯᠲᠡ ᠎ᠶ᠋ᠢ ᠪᠡᠶᠡᠯᠡᠭᠦᠯᠪᠡ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ ᠂ ᠨᠠᠮ ᠪᠠ ᠤᠯᠤᠰ ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠌᠂ ᠳᠤᠮᠳᠠᠳᠤ᠎ᠶ᠋ᠢᠨ ᠦᠨᠳᠦᠰᠦᠲᠡᠨ ᠎ᠦ ᠠᠭᠤᠤ ᠶᠡᠬᠡ ᠰᠡᠷᠭᠦᠨ ᠮᠠᠨᠳᠤᠯᠲᠠ ᠎ᠶ᠋ᠢ ᠪᠡᠶᠡᠯᠡᠭᠦᠯᠬᠦ᠌ ᠎ᠳᠦ ᠨᠡᠩ ᠪᠦᠷᠢᠨ ᠲᠡᠭᠦᠯᠳᠡᠷ ᠪᠠᠢᠭᠤᠯᠤᠯ ᠎ᠤᠨ ᠪᠠᠲᠤᠯᠠᠭ᠎ᠠ᠂ ᠨᠡᠩ ᠪᠠᠲᠤ ᠪᠡᠬᠢ ᠪᠣᠳᠠᠰ ᠎ᠤᠨ ᠰᠠᠭᠤᠷᠢ ᠂ ᠨᠡᠩ ᠰᠠᠨᠠᠭᠠᠴᠢᠯᠠᠭᠠᠲᠤ ᠤᠶᠤᠨ ᠎ᠤ ᠬᠦᠴᠦᠨ ᠎ᠢ ᠬᠠᠩᠭᠠᠵᠤ᠂ ᠨᠠᠮ ᠶᠠᠭ ᠰᠠᠶ᠍ᠢᠬᠠᠨ ᠠᠷᠠᠳ ᠲᠦᠮᠡᠨ ᠎ᠢ ᠤᠳᠤᠷᠢᠳᠤᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ ᠎ᠤᠨ ᠵᠠᠮ ᠳᠡᠭᠡᠷ᠎ᠡ ᠳᠤᠮᠳᠠᠳᠤ ᠎ᠶ᠋ᠢᠨ ᠦᠨᠳᠦᠰᠦᠲᠡᠨ ᠎ᠦ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠬᠦᠯᠬᠦ ᠪᠡᠷ ᠪᠤᠴᠠᠯᠲᠠ ᠦᠭᠡᠢ ᠤᠷᠤᠭ᠍ᠰᠢᠯᠠᠵᠤ ᠪᠠᠢᠨ᠎ᠠ᠃ ᠮᠠᠷᠺᠰ ᠎ᠤᠨ ᠦᠵᠡᠯ ᠎ᠤᠨ ᠳᠤᠮᠳᠠᠳᠤ ᠤᠯᠤᠰᠴᠢᠯᠠᠯᠳᠠ ᠴᠠᠭ ᠦᠶᠡᠴᠢᠯᠡᠯᠳᠡ ᠲᠠᠰᠤᠷᠠᠯᠳᠠ ᠦᠭᠡᠢ ᠠᠮᠵᠢᠯᠲᠠ ᠣᠯᠵᠤ᠂ ᠮᠠᠷᠺᠰ ᠎ᠤᠨ ᠦᠵᠡᠯ ᠎ᠢ ᠴᠣ᠋ ᠱᠢᠨ᠎ᠡ ᠲᠦᠷᠢ ᠲᠥᠷᠬᠦ᠌ ᠎ᠪᠡᠷ ᠳᠡᠯᠡᠬᠡᠢ ᠳ᠋ᠠᠬᠢᠨ᠎ᠠ ᠢᠯᠡᠷᠡᠭᠦᠯᠵᠦ᠍᠂ ᠳᠡᠯᠡᠬᠡᠢ ᠎ᠶ᠋ᠢᠨ ᠬᠡᠪᠴᠢᠶᠡᠨ ᠎ᠳᠡᠬᠢ ᠨᠡᠢᠭᠡᠮ ᠵᠢᠷᠤᠮ ᠪᠠ ᠬᠥᠷᠥᠩᠭᠡᠲᠦ ᠶᠣᠰᠣ ᠭᠡᠬᠦ᠌ ᠬᠣᠶᠠᠷ ᠵᠦᠢᠯ ᠎ᠦᠨ ᠦᠵᠡᠯ ᠤᠬᠠᠮᠰᠠᠷ ᠎ᠤᠨ ᠬᠡᠯᠪᠡᠷᠢ᠂ ᠬᠣᠶᠠᠷ ᠵᠦᠢᠯ ᠎ᠦᠨ ᠨᠡᠢᠭᠡᠮ ᠎ᠦᠨ ᠪᠠᠢᠭᠤᠯᠤᠯ ᠎ᠤᠨ ᠲᠡᠦᠬᠡ᠎ᠶ᠋ᠢᠨ ᠬᠤᠪᠢᠰᠤᠯᠲᠠ ᠵᠢᠴᠢ ᠲᠡᠭᠦᠨ ᠎ᠦ ᠦᠵᠡᠯᠴᠡᠭᠡᠨ ᠎ᠳᠦ ᠨᠡᠢᠭᠡᠮ ᠵᠢᠷᠤᠮ ᠎ᠳᠤ ᠠᠱᠢᠭ᠍ᠲᠠᠢ ᠴᠢᠬᠤᠯᠠ ᠶᠡᠬᠡ ᠬᠤᠪᠢᠷᠠᠯᠲᠠ ᠭᠠᠷᠭᠠᠭ᠍ᠰᠠᠨ ᠪᠠᠢᠨ᠎ᠠ᠃ ᠨᠠᠮ ᠡᠴᠡ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠎ᠶ᠋ᠢᠨ ᠵᠠᠮ ᠎ᠢᠶᠠᠷ ᠠᠮᠵᠢᠯᠲᠠ᠎ᠲᠠᠶ ᠵᠠᠮᠨᠠᠵᠤ᠂ ᠬᠥᠮᠦᠨ ᠲᠥᠷᠥᠯᠬᠢᠲᠡᠨ ᠎ᠦ ᠪᠣᠯᠪᠠᠰᠤᠨ ᠎ᠤ ᠱᠢᠨ᠎ᠡ ᠬᠡᠯᠪᠡᠷᠢ ᠎ᠶ᠋ᠢ ᠡᠭᠦᠳᠴᠦ᠍ ᠂ ᠬᠥᠮᠦᠨ ᠲᠥᠷᠥᠯᠬᠢᠲᠡᠨ ᠎ᠦ ᠬᠤᠪᠢ ᠵᠠᠶᠠᠭᠠᠨ ᠎ᠤ ᠬᠠᠮᠲᠤ ᠎ᠶ᠋ᠢᠨ ᠴᠣᠭ᠍ᠴᠠ ᠎ᠶ᠋ᠢ ᠪᠠᠢᠭᠤᠯᠬᠤ ᠎ᠶ᠋ᠢ ᠠᠬᠢᠭᠤᠯᠵᠤ᠂ ᠬᠥᠮᠦᠨ ᠲᠥᠷᠥᠯᠬᠢᠲᠡᠨ ᠎ᠦ ᠴᠢᠬᠤᠯᠠ ᠶᠡᠬᠡ ᠠᠰᠠᠭᠤᠳᠠᠯ ᠎ᠢ ᠱᠢᠢᠳᠪᠦᠷᠢᠯᠡᠬᠦ᠌ ᠎ᠳᠦ ᠳᠤᠮᠳᠠᠳᠤ ᠤᠯᠤᠰ ᠎ᠤᠨ ᠤᠶᠤᠨ ᠤᠬᠠᠭᠠᠨ᠂ ᠳᠤᠮᠳᠠᠳᠤ ᠤᠯᠤᠰ ᠎ᠤᠨ ᠲᠥᠰᠦᠯ ᠂ ᠳᠤᠮᠳᠠᠳᠤ ᠤᠯᠤᠰ ᠎ᠤᠨ ᠬᠦᠴᠦᠨ ᠎ᠢ ᠨᠡᠮᠡᠷᠢᠯᠡᠵᠦ᠍᠂ ᠳᠡᠯᠡᠬᠡᠢ ᠎ᠶ᠋ᠢᠨ ᠲᠡᠦᠬᠡ ᠎ᠶ᠋ᠢᠨ ᠠᠬᠢᠴᠠ ᠎ᠶ᠋ᠢ ᠭᠦᠨᠵᠡᠭᠡᠢ ᠨᠥᠯᠥᠭᠡᠯᠡᠵᠠᠢ ᠬᠡᠵᠤ ᠬᠡᠯᠡᠪᠡ᠃

ᠯᠢ ᠵᠠᠨ ᠱᠣ᠌᠂ ᠵᠢᠶᠠᠩᠰᠢ ᠪᠣᠯ ᠬᠤᠪᠢᠰᠭᠠᠯᠲᠤ ᠨᠤᠲᠤᠭ ᠪᠤᠯᠬᠤ ᠶᠤᠮ᠃《ᠬᠣᠶᠠᠷ ᠎ᠢ ᠲᠣᠭ᠍ᠲᠠᠭᠠᠬᠤ》 ᠵᠢᠨ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ ᠎ᠢ ᠭᠦᠨᠵᠡᠭᠡᠢ ᠲᠠᠨᠢᠵᠤ᠂ ᠰᠢ ᠵᠢᠨ ᠫᠢᠩ ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ ᠎ᠶ᠋ᠢᠨ ᠪᠠᠢᠷᠢ ᠰᠠᠭᠤᠷᠢ᠎ᠶ᠋ᠢ ᠡᠷᠡᠰ ᠬᠠᠮᠠᠭᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠵᠢᠶᠠᠩᠰᠢ ᠎ᠶ᠋ᠢᠨ ᠠᠵᠢᠯ᠎ᠤᠨ ᠲᠤᠬᠠᠢ ᠵᠢᠭᠠᠪᠤᠷᠢ ᠱᠠᠭᠠᠷᠳᠠᠯᠭ᠎ᠠ᠎ᠶ᠋ᠢ ᠨᠠᠷᠢᠯᠢᠭ ᠪᠣᠳᠠᠲᠠᠢ ᠳᠤᠭᠤᠰᠢᠯᠠᠭᠤᠯᠵᠤ᠂ ᠰᠢᠨ᠎ᠡ ᠬᠦᠭᠵᠢᠯᠳᠡ ᠵᠢᠨ ᠤᠢᠯᠠᠭᠠᠭᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠳᠤᠭᠤᠰᠢᠯᠠᠭᠤᠯᠵᠤ᠂ ᠱᠢᠨ᠎ᠡ ᠬᠥᠭ᠌ᠵᠢᠯᠲᠡ ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ ᠎ᠦᠨ ᠬᠥᠭ᠌ᠵᠢᠯᠲᠡ ᠎ᠶ᠋ᠢ ᠨᠢᠭᠡᠳᠦᠯᠲᠡᠢ ᠲᠥᠯᠥᠪᠵᠢᠭᠦᠯᠦᠨ᠂ ᠬᠥᠭ᠌ᠵᠢᠯᠲᠡ ᠪᠠ ᠠᠮᠤᠷ ᠲᠦᠪᠱᠢᠨ ᠎ᠢ ᠨᠢᠭᠡᠳᠦᠯᠲᠡᠢ ᠲᠥᠯᠥᠪᠵᠢᠭᠦᠯᠵᠦ᠍ ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠲᠤᠯᠠᠬᠤ》 ᠠᠵᠢᠯ᠎ᠢ ᠦᠷᠭᠦᠯᠵᠢᠯᠡᠨ ᠰᠠᠢᠲᠤᠷ ᠬᠢᠵᠦ᠍ ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠢᠵᠢᠷᠠᠭᠤᠯᠤᠨ᠂ ᠵᠢᠶᠠᠩᠰᠢ ᠎ᠶ᠋ᠢᠨ ᠴᠢᠨᠠᠷ ᠰᠠᠢᠲᠠᠢ ᠬᠥᠭ᠌ᠵᠢᠯᠲᠡ ᠎ᠶ᠋ᠢ ᠲᠦᠷᠭᠡᠳᠭᠡᠬᠦ᠌ ᠲᠠᠯ᠎ᠠ᠎ᠪᠠᠷ ᠵᠢᠱ᠌ᠢᠢ᠎ᠡ ᠦᠵᠡᠭᠦᠯᠵᠦ᠍᠂ ᠳᠤᠮᠳᠠ ᠭᠡᠰᠡᠭ ᠣᠷᠣᠨ᠎ᠤ ᠬᠥᠭ᠌ᠵᠢᠨ ᠮᠠᠨᠳᠤᠬᠤ᠎ᠶ᠋ᠢ ᠠᠬᠢᠭᠤᠯᠬᠤ ᠲᠠᠯ᠎ᠠ᠎ᠪᠠᠷ ᠵᠤᠷᠢᠬᠳᠠᠢ ᠬᠤᠰᠢᠭᠤᠷᠠᠬᠤ ᠬᠡᠷᠡᠭ᠌ᠲᠡᠢ ᠬᠡᠵᠦ ᠴᠢᠬᠤᠯᠠᠴᠢᠯᠠᠪᠠ᠃

ᠯᠢ ᠵᠠᠨ ᠱᠣ᠌᠂ ᠱᠢᠨ᠎ᠡ ᠴᠠᠭ ᠦᠶ᠎ᠡ ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠠᠵᠢᠯ ᠎ᠢ ᠰᠠᠢᠲᠤᠷ ᠬᠢᠬᠦ᠌ ᠎ᠳᠦ ᠲᠥᠪ ᠎ᠦᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠠᠵᠢᠯ ᠎ᠤᠨ ᠬᠤᠷᠠᠯ ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠭᠤᠤᠯᠳᠠᠯᠭ᠎ᠠ ᠎ᠶ᠋ᠢᠨ ᠲᠣᠭᠣᠷᠢᠨ ᠎ᠳᠤ ᠶᠡᠬᠡ ᠲᠠᠯ᠎ᠠ ᠎ᠳᠤ ᠦᠶ᠋ᠯᠡᠴᠢᠯᠡᠵᠦ᠍᠂ ᠠᠷᠠᠳ᠎ᠤᠨ᠎ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠶᠠᠰᠤ ᠴᠢᠨᠠᠷ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠠᠤᠯᠢ ᠲᠣᠭ᠍ᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭ᠍ᠲᠠᠭᠠᠬᠤ ᠡᠷᠬᠡ᠂ ᠳᠤᠰᠢᠶᠠᠯ ᠳ᠋ᠤ ᠳᠤᠮᠢᠯᠠᠵᠤ ᠳᠤᠰᠢᠶᠠᠯ ᠡᠴᠡ ᠨᠢ ᠪᠠᠭᠤᠯᠭᠠᠬᠤ ᠡᠷᠬᠡ᠎ᠶ᠋ᠢ ᠬᠠᠤᠯᠢ ᠶᠣᠰᠣᠭᠠᠷ ᠬᠡᠷᠡᠭ᠌ᠵᠢᠭᠦᠯᠵᠦ᠍᠂ ᠡᠯ᠎ᠡ ᠵᠦᠶ᠋ᠯ᠎ᠦᠨ ᠠᠵᠢᠯ ᠨᠠᠮ᠎ᠤᠨ᠎ᠲᠥᠪ᠎ᠬᠣᠷᠢᠶᠠᠨ᠎ᠤ᠎ᠵᠢᠭᠠᠭ᠍ᠰᠠᠨ᠎ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠪᠠᠲᠤᠯᠠᠬᠤ ᠬᠡᠷᠡᠭ᠌ᠲᠡᠶ᠃ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠡᠭᠦᠳᠡᠨ᠎ᠡᠴᠡ ᠲᠣᠭ᠍ᠲᠠᠭᠤᠨ ᠡᠷᠡᠭᠦᠯ ᠠᠵᠤ ᠠᠬᠤᠢ᠎ᠶ᠋ᠢᠨ ᠣᠷᠴᠢᠨ ᠨᠥᠬᠥᠴᠡᠯ᠂ ᠲᠦᠷᠦ᠍ ᠲᠦᠪᠱᠢᠨ ᠲᠦᠮᠡᠨ ᠠᠮᠤᠭᠤᠯᠠᠩ ᠨᠡᠢᠭᠡᠮ ᠎ᠦᠨ ᠣᠷᠴᠢᠨ ᠨᠥᠬᠥᠴᠡᠯ᠂ ᠬᠡᠪ ᠰᠤᠷᠲᠠᠯ ᠲᠥᠪ ᠴᠢᠬᠡᠴᠢ ᠤᠯᠤᠰ ᠲᠦᠷᠦ᠍᠎ᠶ᠋ᠢᠨ ᠣᠷᠴᠢᠨ ᠨᠥᠬᠥᠴᠡᠯ᠎ᠢ ᠪᠠᠲᠤᠯᠠᠬᠤ᠎ᠶ᠋ᠢᠨ ᠲᠥᠯᠥᠭᠡ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠵᠦ᠍᠂ ᠪᠣᠳᠠᠲᠤ ᠠᠵᠢᠯᠯᠠᠭ᠎ᠠ᠎ᠪᠠᠷ ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠳᠠ ᠎ᠲᠠᠶ᠎ᠪᠠᠷ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠬᠡᠵᠦ ᠵᠢᠭᠠᠵᠦ ᠭᠠᠷᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面