2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-06 09:34:19

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢᠨᠬᠣᠸᠠ ᠬᠣᠷᠢᠶᠠᠨ᠎ᠤ ᠪᠡᠭᠡᠵᠢᠩ᠎ᠤᠨ 3 ᠰᠠᠷ᠎ᠠ᠎ᠶᠢᠨ 5᠎ᠤ᠋ ᠴᠠᠬᠢᠯᠭᠠᠨ ᠮᠡᠳᠡᠭᠡ ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ ᠸᠠᠩ ᠬ᠍ᠣ ᠨᠢᠩ 5 ᠤ᠋ ᠦᠳᠡ᠎ᠶ᠋ᠢᠨ᠎ᠬᠣᠢᠨ᠎ᠠ᠎ᠦᠪᠡᠷ᠎ᠤᠨ᠎ᠶ᠋ᠢᠡᠨ᠎ᠪᠠᠢᠭ᠎ᠠ᠎ᠾᠸᠪᠸᠢ᠎ᠵᠢᠨ᠎ᠲᠥᠯᠥᠭᠡᠯᠡᠭ᠌ᠴᠢᠳ᠎ᠦᠨ᠎ᠪᠦᠯᠬᠦᠮ᠎ᠳ᠋ᠸ᠋ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠪᠡ᠃

ᠳ᠋ᠠᠩ ᠱᠢᠶᠤᠤ ᠯᠦᠩ᠂ ᠵᠠᠩ ᠹᠦ᠋ ᠮᠢᠨ᠂ ᠶᠢᠦ ᠯᠢ ᠽᠸᠩ ᠵᠡᠷᠭᠡ ᠲᠥᠯᠥᠭᠡᠯᠡᠭ᠌ᠴᠢ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠤᠨ ᠲᠣᠭᠣᠷᠢᠨ ᠳ᠋ᠦ᠂ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠬᠤ᠂ ᠠᠮᠢ ᠠᠬᠤᠢ᠎ᠶ᠋ᠢᠨ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ᠂ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠬᠦ᠌ ᠵᠡᠷᠭᠡ ᠲᠤᠬᠠᠢ ᠢᠳᠡᠪᠬᠢᠲᠡᠢ ᠪᠡᠷ ᠦᠭᠡ ᠬᠡᠯᠡᠪᠡ᠃

ᠸᠠᠩ ᠬ᠍ᠣ ᠨᠢᠩ᠂ ᠶᠡᠷᠦᠩᠬᠡᠢ ᠰᠠᠢᠳ ᠯᠢ ᠺᠸ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠢᠯᠡᠷᠡᠭᠦᠯᠵᠠᠢ᠂ ᠡᠨᠡ ᠬᠦ᠌ ᠢᠯᠡᠳᠭᠡᠯ᠎ᠢ ᠵᠥᠪᠱᠢᠶᠡᠷᠡᠵᠦ᠍ ᠪᠠᠢᠨ᠎ᠠ ᠭᠡᠵᠦ ᠢᠯᠡᠷᠬᠡᠢᠯᠡᠪᠡ᠃

ᠸᠠᠩ ᠬ᠍ᠣ ᠨᠢᠩ᠂ ᠥᠩᠭᠡᠷᠡᠭ᠌ᠰᠡᠨ ᠨᠢᠭᠡ ᠵᠢᠯ ᠪᠣᠯ ᠬᠥᠱᠢᠢ᠎ᠡ ᠲᠡᠮᠳᠡᠭ᠎ᠤᠨ ᠠᠴᠢ ᠬᠣᠯᠪᠣᠭ᠍ᠳᠠᠯ᠎ᠲᠠᠶ ᠨᠢᠭᠡ ᠵᠢᠯ ᠪᠣᠯᠤᠨ᠎ᠠ᠂ ᠨᠠᠮ ᠪᠣᠯᠤᠨ ᠤᠯᠤᠰ᠎ᠤᠨ ᠠᠵᠢᠯ ᠦᠢᠯᠡᠰ ᠱᠢᠨ᠎ᠡ ᠴᠢᠬᠤᠯᠠ ᠶᠡᠬᠡ ᠠᠮᠵᠢᠯᠲᠠ ᠣᠯᠤᠭ᠍ᠰᠠᠨ᠎ᠤ ᠦᠨᠳᠦᠰᠦ ᠨᠢ ᠶᠡᠷᠦᠩᠬᠡᠢ ᠱᠦᠵᠢ ᠰᠢ ᠵᠢᠨ ᠫᠢᠩ ᠵᠠᠯᠠᠭᠤᠷ᠎ᠢ ᠠᠳᠭᠤᠨ ᠠᠶᠠᠯᠠᠯ᠎ᠢ ᠵᠢᠯᠣᠭᠣᠳᠤᠭ᠍ᠰᠠᠨ᠎ᠳᠤ ᠪᠣᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠃ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠬᠤ》᠎ᠶ᠋ᠢᠨ ᠱᠢᠶ᠋ᠳᠪᠦᠷᠢᠯᠡᠭ᠌ᠦ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠎ᠢ᠋ᠶ᠋ᠠᠨ ᠴᠢᠩᠭᠠᠳᠭᠠᠵᠤ᠂ 《ᠳᠥᠷᠪᠡᠨ ᠢᠲᠡᠭᠡᠯ》 ᠶ᠋ᠢᠡᠨ ᠪᠠᠲᠤᠳᠭᠠᠵᠤ᠂ 《 ᠬᠣᠶᠠᠷ᠎ᠢ ᠬᠠᠮᠠᠭᠠᠯᠠᠬᠤ 》 ᠎ᠶ᠋ᠢ ᠪᠡᠶᠡᠯᠡᠭᠦᠯᠵᠦ᠍ ᠂ ᠤᠬᠠᠮᠰᠠᠷ᠎ᠠᠴᠠ᠎ᠪᠠᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠶ᠎ᠪᠠᠨ ᠵᠡᠪᠰᠡᠭ᠌ᠯᠡᠵᠦ᠍᠂ ᠦᠶ᠋ᠯᠡᠳᠦᠯᠭᠡ᠎ᠪᠡᠨ ᠵᠢᠯᠣᠭᠣᠳᠣᠭᠤᠯᠵᠤ᠂ ᠠᠵᠢᠯ᠎ᠢᠶᠠᠨ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠶ ᠭᠡᠵᠦ ᠢᠯᠡᠷᠬᠡᠢᠯᠡᠪᠡ᠃

ᠸᠠᠩ ᠬ᠍ᠣ ᠨᠢᠩ᠂ ᠾᠸᠪᠸᠢ ᠵᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠾᠸᠪᠸᠢ ᠵᠢᠨ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠦ ᠲᠠᠯᠪᠢᠬᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠠᠵᠤ ᠠᠬᠤᠢ᠎ᠶ᠋ᠢᠨ ᠪᠦᠲᠦᠴᠡ᠎ᠶ᠋ᠢᠨ ᠲᠤᠬᠢᠷᠠᠭᠤᠯᠤᠯᠳᠠ ᠪᠣᠯᠤᠨ ᠠᠵᠤ ᠦᠢᠯᠡᠰ᠎ᠦᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠭᠦᠨᠵᠡᠭᠡᠢᠷᠡᠭᠦᠯᠵᠦ᠍ ᠂ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌᠂ ᠱᠢᠶᠦ᠋ᠩ ᠠᠨ ᠱᠢᠨ᠎ᠡ ᠲᠣᠭᠣᠷᠢᠭ᠎ᠤᠨ ᠲᠥᠯᠥᠪᠵᠢᠭᠦᠯᠭᠡ ᠪᠦᠳᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠯ᠎ᠡ ᠵᠦᠢᠯ᠎ᠦᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠬᠦ᠌᠎ᠬᠡᠷᠡᠭᠲᠡᠢ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠠᠬᠢᠭᠤᠯᠵᠤ ᠂ ᠤᠯᠠᠨ ᠲᠦᠮᠡᠨᠴᠢ ᠴᠢᠨᠠᠷᠲᠠᠢ ᠭᠣᠣᠯ ᠰᠡᠳᠦᠪᠲᠦ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠬᠦ᠌ ᠬᠡᠷᠡᠭ᠌ᠲᠡᠢ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠵᠦᠢᠯ᠎ᠦᠨ ᠠᠵᠢᠯ᠎ᠢ ᠰᠠᠢᠲᠤᠷ ᠬᠢᠵᠦ᠍᠂ ᠤᠯᠠᠨ ᠲᠦᠮᠡᠨ᠎ᠦ 《ᠪᠠᠴᠢᠮᠲᠠᠵᠦ ᠵᠣᠪᠠᠨᠢᠵᠦ ᠲᠦᠪᠡᠭᠳᠡᠵᠦ ᠬᠦᠰᠡᠵᠦ》ᠪᠠᠢᠭ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠬᠦ᠌ ᠬᠡᠷᠡᠭ᠌ᠲᠡᠢ᠃ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠪᠠᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠥᠬᠥᠷᠡᠰᠢ ᠦᠭᠡᠢ ᠵᠠᠯᠠᠷᠠᠭᠤᠯᠤᠨ ᠵᠠᠰᠠᠬᠤ ᠬᠡᠷᠡᠭ᠌ᠲᠡᠢ ᠭᠡᠵᠦ ᠬᠦᠰᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面