2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-06 09:40:47

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ ᠲᠤᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢᠳ ᠬᠠᠨ ᠵᠧᠩ 5 ᠤ᠋ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠱᠠᠨᠰᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠪᠡ᠃ ᠵᠤᠤ ᠵᠢᠶᠦ᠋ᠨ ᠮᠢᠨ᠂ ᠵᠠᠩ ᠸᠸᠨ ᠲᠠᠩ᠂ ᠱᠢᠤᠢ ᠯᠢ ᠫᠢᠩ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠍᠂ ᠬᠠᠨ ᠵᠧᠩ ᠬᠢᠨᠠᠮᠠᠭᠠᠢ ᠰᠣᠨᠣᠰᠬᠤ ᠢ᠋ᠢᠨ ᠬᠠᠮᠲᠦ᠂ ᠤᠯᠠᠨ᠎ᠲᠠᠶ ᠪᠠᠢᠨ ᠲᠠᠬᠢᠨ ᠰᠠᠨᠠᠯ᠎ᠢᠶᠠᠨ ᠭᠦᠨᠵᠡᠭᠡᠢ ᠰᠣᠯᠢᠯᠴᠠᠨ ᠶᠠᠷᠢᠯᠴᠠᠵᠦ᠂ ᠠᠭᠤᠷ ᠠᠮᠢᠰᠬᠤᠯ ᠮᠠᠰᠢ ᠬᠦᠭᠵᠢᠶᠡᠨᠲᠡᠢ ᠪᠠᠢᠯ᠎ᠠ᠃

ᠲᠥᠯᠥᠭᠡᠯᠡᠭ᠌ᠴᠢᠳ᠎ᠦᠨ ᠬᠡᠯᠡᠬᠦ ᠵᠢ ᠰᠣᠨᠣᠰᠤᠭ᠍ᠰᠠᠨ᠎ᠤ ᠳᠠᠷᠠᠭ᠎ᠠ ᠬᠠᠨ ᠵᠧᠩ᠂ ᠶᠡᠷᠦᠩᠬᠡᠢ ᠰᠠᠢᠳ ᠯᠢ ᠺᠸ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ ᠎ᠤ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠤᠭ᠎ᠢ ᠥᠨᠳᠥᠷ ᠮᠠᠨᠳᠤᠭᠤᠯᠤᠭ᠍ᠰᠠᠨ᠂ ᠦᠨᠡᠨ ᠪᠣᠳᠠᠲᠠᠢ᠎ᠶ᠋ᠢ ᠡᠷᠬᠢᠮᠯᠡᠨ᠎ᠤᠷᠤᠭ᠍ᠰᠢᠯᠠᠨ ᠲᠠᠪᠱᠢᠬ᠍ᠰᠠᠨ᠂ ᠬᠥᠮᠦᠰ᠎ᠦᠨ ᠰᠡᠳᠭᠢᠯ᠎ᠢ ᠵᠣᠷᠢᠭ᠍ᠵᠢᠭᠤᠯᠤᠮ᠎ᠠ ᠰᠠᠢ᠌ᠨ ᠢᠯᠡᠳᠭᠡᠯ ᠪᠣᠯᠵᠠᠢ᠂ ᠪᠢ ᠡᠨᠡ ᠬᠦ᠌ ᠢᠯᠡᠳᠭᠡᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ ᠭᠡᠵᠦ᠍ ᠬᠡᠯᠡᠪᠡ᠃

ᠬᠠᠨ ᠵᠧᠩ᠂ 2021 ᠤᠨ ᠪᠣᠯ ᠨᠠᠮ ᠪᠣᠯᠤᠨ ᠤᠯᠤᠰ᠎ᠤᠨ ᠲᠡᠦᠬᠡᠨ ᠳᠡᠭᠡᠷᠡᠬᠢ ᠬᠥᠱᠢᠢ᠎ᠡ ᠲᠡᠮᠳᠡᠭ᠎ᠤᠨ ᠠᠴᠢ ᠬᠣᠯᠪᠣᠭ᠍ᠳᠠᠯ᠎ᠲᠠᠶ ᠨᠢᠭᠡ ᠵᠢᠯ ᠪᠣᠯᠤᠨ᠎ᠠ᠃ ᠡᠷᠢᠨ ᠵᠠᠭᠤᠨ᠎ᠤ ᠬᠢᠵᠢᠭ᠎ᠦᠨ ᠪᠠᠢᠳᠠᠯ ᠪᠣᠯᠤᠨ ᠵᠠᠭᠤᠨ ᠵᠢᠯ᠎ᠦᠨ ᠬᠤᠪᠢᠷᠠᠯᠲᠠ ᠰᠣᠯᠪᠢᠴᠠᠭ᠍ᠰᠠᠨ ᠬᠦᠨᠳᠦ ᠬᠡᠴᠡᠭᠦᠦ ᠪᠠᠢᠳᠠᠯ᠎ᠤᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠵᠤ᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ ᠥᠭᠡᠷᠡᠴᠢᠯᠡᠯᠲᠡ ᠬᠥᠭ᠌ᠵᠢᠯᠲᠡ᠎ᠶ᠋ᠢᠨ ᠪᠡᠷᠬᠡ ᠬᠠᠲᠠᠭᠤᠵᠢᠯᠲᠠᠢ ᠡᠭᠦᠷᠭᠡ᠎ᠶ᠋ᠢ ᠴᠢᠷᠮᠠᠢᠨ ᠪᠡᠶᠡᠯᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠲᠠᠯ᠎ᠠ᠎ᠪᠠᠷ ᠱᠢᠨ᠎ᠡ ᠠᠯᠬᠤᠮ᠎ᠢ ᠠᠯᠬᠤᠵᠤ᠂ ᠴᠢᠨᠠᠷ ᠰᠠᠢᠲᠠᠢ ᠬᠥᠭ᠌ᠵᠢᠯᠲᠡ ᠱᠢᠨ᠎ᠡ ᠦᠷ᠎ᠡ ᠪᠦᠲᠦᠮᠵᠢ ᠣᠯᠵᠤ᠂ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃ ᠡᠨᠡ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠶ᠋ᠢᠨ ᠦᠷ᠎ᠡ ᠳ᠋ᠦᠩ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠱᠢᠷᠭᠠᠭᠤ ᠬᠠᠲᠠᠭᠤᠵᠢᠯᠲᠠᠢ ᠲᠡᠮᠡᠴᠡᠭ᠌ᠰᠡᠨ᠎ᠦ ᠦᠷ᠎ᠡ ᠳ᠋ᠦᠩ ᠮᠥᠨ ᠬᠡᠵᠦ ᠢᠯᠡᠷᠬᠡᠢᠯᠡᠪᠡ᠃

ᠬᠠᠨ ᠵᠧᠩ᠂ ᠡᠨᠡ ᠵᠢᠯ ᠮᠠᠨ᠎ᠤ ᠨᠠᠮ ᠬᠣᠷᠢᠳᠤᠭᠠᠷ ᠶᠡᠬᠡ ᠬᠤᠷᠠᠯ᠎ᠢ ᠬᠤᠷᠠᠯᠳᠤᠭᠤᠯᠬᠤ ᠪᠣᠯᠤᠨ᠎ᠠ᠂ ᠡᠨᠡ ᠵᠢᠯ ᠪᠣᠯ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠶᠠᠪᠤᠴᠠ᠎ᠳᠠᠬᠢ ᠲᠤᠢᠯ᠎ᠤᠨ ᠴᠢᠬᠤᠯᠠ ᠨᠢᠭᠡ ᠵᠢᠯ ᠪᠣᠯᠤᠨ᠎ᠠ᠃ 《ᠬᠣᠶᠠᠷ᠎ᠢ ᠲᠣᠭ᠍ᠲᠠᠭᠠᠬᠤ》 ᠵᠢᠨ ᠱᠢᠢᠳᠪᠦᠷᠢᠯᠡᠭᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠴᠢᠷᠮᠠᠢᠨ ᠪᠡᠶᠡᠯᠡᠭᠦᠯᠬᠦ᠌ ᠬᠡᠷᠡᠭ᠌ᠲᠡᠢ᠃ ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠦ ᠲᠠᠯᠪᠢᠬᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠎ᠶ᠋ᠢ ᠪᠠᠷᠢᠮᠲᠠᠯᠠᠵᠤ᠂ ᠠᠵᠤ ᠠᠬᠤᠢ᠎ᠶ᠋ᠢᠨ ᠲᠣᠭ᠍ᠲᠠᠭᠤᠨ᠎ᠳᠤ ᠠᠱᠢᠭ᠍ᠲᠠᠢ ᠲᠦᠷᠦ᠍᠎ᠶ᠋ᠢᠨ ᠪᠤᠳᠤᠯᠭ᠎ᠠ᠎ᠶ᠋ᠢ ᠢᠳᠡᠪᠬᠢᠲᠡᠢ ᠬᠡᠷᠡᠭ᠌ᠵᠢᠭᠦᠯᠵᠦ᠍᠂ ᠬᠣᠷᠸ᠎ᠠ ᠠᠵᠤ ᠠᠬᠤᠢ᠎ᠶ᠋ᠢᠨ ᠶᠡᠬᠡ ᠲᠠᠯ᠎ᠠ᠎ᠶ᠋ᠢ ᠬᠦᠴᠦᠯᠡᠨ ᠲᠣᠭ᠍ᠲᠠᠪᠤᠷᠢᠵᠢᠭᠤᠯᠬᠤ ᠬᠡᠷᠡᠭ᠌ᠲᠡᠢ᠃ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍᠂ ᠠᠮᠤ ᠪᠤᠳᠠᠭ᠎ᠠ᠂ ᠡᠨᠧᠷᠭᠢ ᠪᠣᠯᠤᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠎ᠢ ᠰᠠᠢᠲᠤᠷ ᠪᠠᠲᠤᠯᠠᠵᠤ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠪᠠᠲᠤ ᠰᠠᠬᠢᠵᠤ᠂ ᠨᠡᠭᠦᠷᠡᠰᠦᠲᠥ᠋ᠷᠥᠭ᠌ᠴᠢ ᠢ᠋ᠢᠨ ᠭᠠᠳᠠᠭ᠍ᠰᠢᠯᠠᠭᠤᠯᠤᠯᠲᠠ ᠤᠷᠬᠢᠯ ᠬᠡᠮᠵᠢᠭᠲᠡᠯ ᠳ᠋ᠤ ᠬᠦᠷᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠯᠠᠪᠳᠠᠭᠤᠨ ᠪᠥᠭᠡᠳ ᠡᠮᠬᠢ ᠵᠢᠷᠤᠮ᠎ᠲᠠᠶ ᠠᠬᠢᠭᠤᠯᠵᠤ᠂ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠱᠢᠭ᠍ᠯᠠᠬᠤ᠎ᠶ᠋ᠢ ᠴᠢᠩᠭᠠᠳᠭᠠᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂᠎ᠱᠢᠨᠵᠢᠯᠡᠬᠦ᠌᠎ᠤᠬᠠᠭᠠᠨ᠎ᠲᠧᠭ᠌ᠨᠢᠭ᠎ᠮᠡᠷᠭᠡᠵᠢᠯ᠎ᠦᠨ ᠣᠷᠣᠭᠤᠯᠤᠯᠲᠠ᠎ᠶ᠋ᠢᠨ ᠲᠣᠭ᠍ᠲᠠᠴᠠ᠎ᠶ᠋ᠢ ᠥᠭᠡᠷᠡᠴᠢᠯᠡᠵᠦ᠍᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠤᠨ ᠪᠤᠵᠠᠭᠠᠢᠷᠠᠭᠤᠯᠬᠤ ᠬᠡᠷᠡᠭ᠌ᠲᠡᠢ᠃ ᠡᠳ᠋᠎ᠦᠨ ᠵᠠᠰᠠᠭ᠎ᠤᠨ ᠠᠵᠢᠯ᠎ᠢ ᠰᠠᠢᠲᠤᠷ ᠬᠢᠵᠦ᠍᠂ ᠦᠨᠳᠦᠰᠦᠨ ᠱᠠᠲᠤᠨ᠎ᠤ 《 ᠭᠤᠷᠪᠠ᠎ᠶ᠋ᠢ ᠪᠠᠲᠤᠯᠠᠬᠤ》 ᠬᠣᠷᠢᠭ᠎ᠠ ᠱᠤᠭᠤᠮ᠎ᠢ ᠰᠠᠬᠢᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠥᠷᠢ ᠥᠭ᠌ᠴᠡᠭᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠵᠤ᠂ ᠡᠩ᠎ᠦᠨ ᠴᠢᠨᠠᠷᠲᠠᠶ ᠵᠠᠷᠤᠯᠭ᠎ᠠ᠎ᠶ᠋ᠢ ᠴᠢᠩᠭ᠎ᠠ ᠬᠢᠵᠠᠭᠠᠷᠯᠠᠵᠤ ᠂ ᠡᠳ᠋᠎ᠦᠨ ᠵᠠᠰᠠᠭ ᠠᠵᠤ ᠠᠬᠤᠶ᠎ᠶ᠋ᠢᠨ ᠰᠠᠬᠢᠯᠭ᠎ᠠ ᠪᠠᠲᠤ᠎ᠶ᠋ᠢ ᠴᠢᠩᠳᠠᠯᠠᠬᠤ ᠬᠡᠷᠡᠭ᠌ᠲᠡᠶ᠃ ᠭᠠᠳᠠᠨ᠎ᠠ ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌᠂ ᠳᠣᠲᠣᠭᠠᠳᠤ᠎ᠳᠠᠭᠠᠨ ᠲᠠᠬᠢᠨ ᠡᠭᠦᠰᠭᠦ᠎ᠶ᠋ᠢ ᠰᠡᠷᠭᠡᠢᠯᠡᠬᠦ᠌᠎ᠶ᠋ᠢ ᠪᠠᠷᠢᠮᠲᠠᠯᠠᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ᠌᠎ᠶ᠋ᠢ ᠢᠮᠠᠭ᠍ᠲᠠ ᠪᠣᠯᠭᠣᠮᠵᠢᠲᠠᠢ ᠰᠠᠢᠲᠤᠷ ᠠᠳᠭᠤᠬᠤ ᠬᠡᠷᠡᠭ᠌ᠲᠡᠢ ᠬᠡᠵᠦ ᠴᠢᠬᠤᠯᠠᠴᠢᠯᠠᠪᠠ᠃

ᠬᠠᠨ ᠵᠧᠩ ᠱᠠᠨᠰᠢ᠎ᠶ᠋ᠢᠨ ᠡᠯ᠎ᠡ ᠲᠠᠯ᠎ᠠ᠎ᠶ᠋ᠢᠨ ᠠᠵᠢᠯ᠎ᠤᠨ ᠱᠢᠨ᠎ᠡ ᠠᠮᠵᠢᠯᠲᠠ᠎ᠶ᠋ᠢ ᠭᠦᠢᠴᠡᠳ ᠨᠤᠲᠠᠯᠠᠵᠤ᠂ ᠱᠠᠨᠰᠢ᠎ᠶ᠋ᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 《ᠲᠠᠪᠤᠨ ᠱᠠᠭᠠᠷᠳᠠᠯᠭ᠎ᠠ》 ᠂ 《ᠲᠠᠪᠤᠨ ᠯᠠᠪᠳᠠᠭᠤᠨ ᠪᠠᠲᠤᠲᠠᠢ》 ᠵᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ᠎ᠠᠬᠢᠭᠤᠯᠵᠤ᠂᠎ᠥᠭᠡᠷᠡᠴᠢᠯᠡᠯᠲᠡ᠎ᠨᠡᠭᠡᠭᠡᠯᠳᠠ᠎ᠶ᠋ᠢ᠎ᠭᠦᠨᠵᠡᠭᠡᠢᠷᠡᠭᠦᠯᠵᠦ᠍᠂᠎ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠠᠷᠠᠳ᠎ᠤᠨ ᠠᠮᠢᠳᠤᠷᠠᠯ ᠎ᠢ ᠬᠦᠴᠦᠯᠡᠨ ᠪᠠᠲᠤᠯᠠᠨ ᠰᠠᠢᠵᠢᠷᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠪᠠᠷᠢᠮᠲᠠᠯᠠᠵᠤ ᠂ ᠱᠠᠨᠰᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠭᠡᠷᠡᠢ ᠭᠡᠵᠦ᠍ ᠬᠦᠰᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面