2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-06 09:38:00

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢᠨᠬᠤᠸᠠ ᠬᠤᠷᠢᠶᠠᠨ ᠤ᠋ ᠪᠡᠬᠡᠵᠢᠩ ᠤ᠋ᠨ 3 ᠰᠠᠷ᠎ᠠ ᠵᠢᠨ 5 ᠤ᠋ ᠴᠠᠬᠢᠯᠭᠠᠨ ᠮᠡᠳᠡᠬᠡ ᠨᠠᠮ ᠤ᠋ᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠪᠠᠢᠩᠭᠤ ᠵᠢᠨ ᠬᠡᠰᠢᠬᠦᠨ᠂ ᠲᠦᠪ᠎ᠤᠨ ᠰᠠᠬᠢᠯᠭ᠎ᠠ ᠪᠠᠳᠤ ᠪᠠᠢᠴᠠᠭᠠᠬᠤ ᠬᠤᠷᠢᠶᠠᠨ᠎ᠤ ᠱᠦᠵᠢ ᠵᠤᠤ ᠯᠸ ᠵᠢᠢ 5 ᠤ᠋ ᠦᠳᠡ ᠵᠢᠨ ᠬᠤᠢᠨ᠎ᠠ ᠲᠡᠬᠦᠨ ᠤ᠋ ᠪᠠᠢᠭ᠎ᠠ ᠬᠠᠷᠠᠮᠦ᠋ᠷᠡᠨ ᠤ᠋ ᠲᠦᠯᠦᠬᠡᠯᠡᠭᠴᠢᠳ ᠤ᠋ᠨ ᠪᠦᠯᠬᠦᠮ ᠳ᠋ᠤ ᠬᠦᠷᠴᠦ᠂ ᠲᠦᠯᠦᠬᠡᠯᠡᠭᠴᠢᠳ ᠲᠠᠢ ᠬᠠᠮᠳᠤ ᠪᠡᠷ ᠵᠠᠰᠠᠬ ᠤ᠋ᠨ ᠤᠷᠳᠤᠨ ᠤ᠋ ᠠᠵᠢᠯ ᠤ᠋ᠨ ᠢᠯᠡᠳᠬᠡᠯ ᠢ᠋ ᠬᠢᠨᠠᠨ ᠵᠦᠪᠯᠡᠪᠡ᠃ ᠵᠢᠶᠤᠤ ᠶᠦᠨ᠂ ᠸᠠᠩ ᠱᠸᠤ ᠼᠦᠩ᠂ ᠵᠢᠶᠠ ᠬᠣᠩ ᠲᠤᠤ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠍᠂ ᠵᠤᠤ ᠯᠸ ᠵᠶ᠋ᠢ ᠨᠠᠷᠢᠨ ᠬᠢᠨᠠᠮᠠᠭᠠᠢ ᠰᠣᠨᠣᠰᠬᠤ ᠵᠢᠨ ᠬᠠᠮᠳᠤ ᠲᠥᠯᠥᠭᠡᠯᠡᠭ᠌ᠴᠢᠳ᠎ᠲᠡᠶ ᠰᠠᠨᠠᠯ᠎ᠢᠶᠠᠨ ᠰᠣᠯᠢᠯᠴᠠᠨ ᠶᠠᠷᠢᠯᠴᠠᠪᠠ᠃

ᠲᠥᠯᠥᠭᠡᠯᠡᠭ᠌ᠴᠢᠳ᠎ᠦᠨ ᠬᠡᠯᠡᠬᠦ᠎ᠶ᠋ᠢ ᠰᠣᠨᠣᠰᠤᠭ᠍ᠰᠠᠨ᠎ᠤ ᠲᠠᠷᠠᠭ᠎ᠠ ᠵᠤᠤ ᠯᠸ ᠵᠶ᠋ᠢ᠂ ᠶᠡᠷᠦᠩᠬᠡᠢ ᠰᠠᠢᠳ ᠯᠢ ᠺᠸ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ ᠎ᠤ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠣᠳᠣᠬᠠᠨ᠎ᠤ ᠲᠤᠯᠭᠠᠷᠠᠵᠤ ᠪᠠᠢᠭ᠎ᠠ ᠪᠠᠢᠳᠠᠯ ᠡᠭᠦᠷᠭᠡ ᠪᠣᠯᠤᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠡᠵᠡᠮᠳᠡᠵᠦ᠍᠂ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠳᠤ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠰᠡᠳᠭᠢᠴᠡ ᠲᠣᠳᠣ᠂ ᠡᠭᠦᠷᠭᠡ ᠲᠣᠳᠣᠷᠬᠠᠢ᠂ ᠠᠷᠭ᠎ᠠ ᠬᠡᠮᠵᠢᠶ᠎ᠡ ᠦᠨᠡᠨ ᠪᠣᠳᠠᠲᠠᠢ ᠰᠠᠢ᠌ᠨ ᠢᠯᠡᠳᠭᠡᠯ ᠪᠣᠯᠵᠠᠢ᠃ ᠪᠢ ᠪᠦᠷᠢᠮᠦᠰᠦᠨ ᠵᠥᠪᠱᠢᠶᠡᠷᠡᠵᠦ ᠪᠠᠢᠨ᠎ᠡ ᠬᠡᠵᠦ ᠬᠡᠯᠡᠪᠡ᠃

ᠵᠣᠣ ᠯᠸ ᠵᠢᠶ᠂ ᠥᠩᠭᠡᠷᠡᠭ᠌ᠰᠡᠨ ᠨᠢᠭᠡ ᠵᠢᠯ ᠳ᠋ᠤ᠂ ᠡᠷᠢᠨ ᠵᠠᠭᠤᠨ ᠤ᠋ ᠬᠢᠵᠢᠭ᠎ᠦᠨ ᠪᠠᠢᠳᠠᠯ ᠪᠣᠯᠤᠨ ᠵᠠᠭᠤᠨ ᠵᠢᠯ᠎ᠦᠨ ᠬᠤᠪᠢᠷᠠᠯᠲᠠ ᠰᠣᠯᠪᠢᠴᠠᠭ᠍ᠰᠠᠨ ᠬᠦᠨᠳᠦ ᠬᠡᠴᠡᠭᠦᠦ ᠪᠠᠢᠳᠠᠯ᠎ᠤᠨ ᠡᠮᠦᠨ᠎ᠡ᠂ 《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠡᠬᠢᠯᠡᠯᠲᠡ᠂ ᠱᠢᠨ᠎ᠡ ᠠᠶᠠᠯᠠᠯ ᠎ᠢ ᠡᠬᠢᠯᠡᠬᠦᠯᠬᠦ ᠬᠦᠨᠳᠦ ᠡᠭᠦᠷᠭᠡ ᠵᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠦᠯᠦᠪᠯᠡᠵᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠦᠯᠦᠪᠯᠡᠵᠦ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠦᠯᠦᠪᠯᠡᠵᠦ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠯᠠᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ 《ᠳᠥᠷᠪᠡᠨ ᠪᠦᠬᠦ᠌ ᠲᠠᠯ᠎ᠠ》᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠭᠤᠯᠤᠨ ᠠᠬᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢ ᠦᠪᠡᠳᠡᠭ᠌ᠰᠢ ᠶᠡᠬᠡ᠎ᠪᠡᠷ ᠪᠡᠯᠬᠡᠯᠡᠵᠦ᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ ᠡᠴᠨ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠵᠤ᠂ ᠴᠢᠨᠡᠭᠡᠯᠢᠭ ᠨᠡᠢᠭᠡᠮ᠎ᠢ ᠬᠤᠭᠤᠴᠠᠭ᠎ᠠ ᠶᠣᠰᠣᠭᠠᠷ ᠪᠦᠬᠦ᠌ ᠲᠠᠯ᠎ᠠ᠎ᠪᠠᠷ ᠪᠡᠶᠡᠯᠡᠬᠦᠯᠵᠦ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ ᠪᠣᠯᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠪᠦᠬᠦ᠌ ᠪᠥᠮᠪᠥᠷᠴᠡᠭ᠎ᠦᠨ ᠲᠡᠷᠢᠭᠦᠨ᠎ᠦ ᠪᠠᠢᠷᠢ ᠰᠠᠭᠤᠷᠢ᠎ᠪᠠᠨ ᠪᠠᠳᠤᠯᠠᠵᠤ᠂ ᠨᠠᠮ ᠪᠠ ᠤᠯᠤᠰ᠎ᠤᠨ ᠡᠯ᠎ᠡ ᠵᠦᠢᠯ᠎ᠦᠨ ᠠᠵᠢᠯ ᠦᠢᠯᠡᠰ ᠴᠢᠬᠤᠯᠠ ᠶᠡᠬᠡ ᠱᠢᠨ᠎ᠡ ᠠᠮᠵᠢᠯᠲᠠ ᠪᠦᠲᠦᠮᠵᠢ ᠤᠯᠪᠠ᠃ ᠡᠳᠡᠭᠡᠷ ᠠᠮᠵᠢᠯᠲᠠ ᠪᠦᠲᠦᠮᠵᠢ ᠪᠤᠯ ᠬᠢᠯᠪᠠᠷ ᠪᠤᠰᠤ᠎ᠪᠠᠷ ᠢᠷᠡᠭ᠌ᠰᠡᠨ ᠶᠤᠮ᠂ ᠡᠬᠦᠨ ᠤ᠋ ᠦᠨᠳᠦᠰᠦ ᠨᠢ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠣᠷᠢᠶᠠᠨ᠎ᠤ᠎ᠭᠣᠣᠯᠯᠠᠭ᠍ᠴᠢ᠂᠎ᠪᠦᠬᠦ᠌᠎ᠨᠠᠮ᠎ᠤᠨ᠎ᠭᠣᠣᠯᠯᠠᠭ᠍ᠴᠢ᠎ᠪᠣᠯᠤᠭ᠍ᠰᠠᠨ᠎ᠤ᠎ᠬᠤᠪᠢ᠎ᠳᠤ᠎ᠵᠠᠯᠠᠭᠤᠷ᠎ᠢ ᠠᠳᠭᠤᠨ ᠠᠶᠠᠯᠠᠯ᠎ᠢ ᠵᠢᠯᠣᠭᠣᠳᠤᠭ᠍ᠰᠠᠨ᠎ᠳᠤ ᠪᠠᠢᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠡᠷ᠎ᠱᠢᠨᠵᠢᠯᠡᠬᠦ᠌᠎ᠤᠬᠠᠭᠠᠨᠴᠢ᠎ᠪᠠᠷ᠎ᠵᠢᠯᠤᠭᠤᠳᠤᠭᠤᠯᠤᠬᠰᠠᠨ᠎ᠳ᠋ᠤ᠎ᠪᠠᠢᠵᠤ᠂᠎ᠪᠦᠬᠦ᠌᠎ᠨᠠᠮ᠎ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠱᠢᠷᠭᠠᠭᠤ ᠬᠠᠲᠠᠭᠤᠵᠢᠯᠲᠠᠢ ᠲᠡᠮᠡᠴᠡᠭ᠌ᠰᠡᠨ᠎ᠳᠦ ᠪᠠᠢᠨ᠎ᠠ ᠬᠡᠵᠦ ᠵᠢᠭᠠᠵᠤ ᠭᠠᠷᠭᠠᠪᠠ᠃

ᠵᠣᠣ ᠯᠧ ᠵᠢᠶ ᠬᠠᠷᠠᠮᠥ᠋ᠷᠡᠨ᠎ᠦ ᠡᠯ᠎ᠡ ᠲᠠᠯ᠎ᠠ᠎ᠶ᠋ᠢᠨ ᠠᠵᠢᠯ᠎ᠤᠨ ᠠᠮᠵᠢᠯᠲᠠ᠎ᠶ᠋ᠢ ᠭᠦᠶ᠋ᠴᠡᠳ ᠨᠤᠲᠠᠯᠠᠵᠤ᠂ ᠬᠠᠷᠠᠮᠥ᠋ᠷᠡᠨ᠎ᠦ ᠬᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠎ᠵᠢᠡᠨ ᠪᠠᠳᠤᠳᠬᠠᠵᠤ᠂ 《ᠬᠣᠶᠠᠷ᠎ᠢ ᠬᠠᠮᠠᠭᠠᠯᠠᠬᠤ 》 ᠎ᠶ᠋ᠢ ᠪᠡᠶᠡᠯᠡᠬᠦᠯᠵᠦ᠂ ᠢᠲᠡᠭᠡᠯ ᠵᠣᠷᠢᠭ᠎ᠢᠶᠠᠨ ᠬᠦᠪᠴᠢᠯᠡᠵᠦ᠂ ᠲᠤᠬᠳᠠᠭᠤᠨ ᠤ᠋ ᠲᠤᠮᠳᠠ ᠤᠷᠤᠬᠰᠢᠯᠠᠵᠤ᠂ ᠨᠠᠮ᠎ᠤᠨ ᠲᠥᠪ ᠬᠤᠷᠢᠶᠠᠨ᠎ᠤ ᠵᠣᠷᠢᠭ ᠰᠠᠨᠠᠭ᠎ᠠ᠎ᠶ᠋ᠢ ᠪᠦᠬᠦ᠌ ᠮᠤᠵᠢ᠎ᠶ᠋ᠢᠨ ᠪᠣᠳᠠᠲᠤ ᠪᠠᠢᠳᠠᠯ᠎ᠲᠠᠶ ᠪᠠᠨ ᠤᠶᠠᠯᠳᠤᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠳᠦᠨ᠂ ᠵᠦᠪ ᠣᠨᠣᠪᠴᠢᠲᠠᠶ᠂ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠡᠬᠢ ᠪᠠᠶᠠᠯᠢᠭ᠂ ᠠᠮᠢ ᠠᠬᠤᠶ᠂ ᠡᠷᠳᠡᠮ ᠱᠢᠨᠵᠢᠯᠡᠭᠡ᠂ ᠠᠵᠤ ᠦᠢᠯᠡᠰ ᠵᠡᠷᠭᠡ ᠲᠠᠯ᠎ᠠ᠎ᠪᠠᠷ ᠬᠢ ᠬᠠᠷᠢᠴᠠᠩᠭᠤᠢ ᠳᠠᠪᠠᠭᠤᠯᠢᠭ ᠵᠢᠡᠨ ᠬᠦᠴᠦᠯᠡᠨ ᠪᠠᠳᠠᠷᠠᠭᠤᠯᠵᠤ᠂ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠂ ᠡᠬᠦᠷᠭᠡᠯᠡᠯ ᠡᠭᠦᠷᠭᠡᠯᠡᠵᠦ ᠵᠢᠳᠬᠦᠯ ᠴᠢᠷᠮᠠᠢᠯᠭ᠎ᠠ ᠭᠠᠷᠭᠠᠵᠤ᠂ ᠦᠨᠡᠨ ᠪᠣᠳᠠᠲᠠᠶ ᠠᠵᠢᠯᠯᠠᠵᠤ᠂ ᠬᠡᠯᠡᠪᠡᠯ ᠬᠢᠵᠦ᠂ ᠰᠠᠢᠲᠤᠷ ᠬᠢᠵᠦ᠍ ᠰᠠᠢᠲᠤᠷ ᠪᠦᠲᠦᠭᠡᠵᠦ᠂ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠳᠡᠭᠡᠷ᠎ᠡ ᠦᠨᠡᠨ ᠬᠦ᠌ ᠬᠦᠴᠦ᠍ ᠲᠠᠯᠪᠢᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠲᠠᠯ᠎ᠠ᠎ᠪᠠᠷ ᠱᠢᠨ᠎ᠡ ᠠᠬᠢᠴᠠ ᠱᠢᠨ᠎ᠡ ᠦᠷ᠎ᠡ ᠪᠦᠲᠦᠮᠵᠢ ᠤᠯᠬᠤ᠎ᠪᠠᠷ ᠴᠢᠷᠮᠠᠢᠬᠤ ᠵᠢ ᠬᠦᠰᠡᠵᠦ ᠪᠠᠢᠨ᠎ᠠ ᠬᠡᠪᠡ᠃

ᠵᠤᠤ ᠯᠸ ᠵᠶ᠋ᠢ᠂ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ ᠡᠭᠦᠷᠭᠡ ᠬᠠᠷᠢᠭᠤᠴᠠᠯᠭ᠎ᠠ᠎ᠪᠠᠨ᠎ᠨᠠᠷᠢᠨ᠎ᠬᠢᠨᠠᠮᠠᠭᠠᠢ᠎ᠭᠦᠢᠴᠡᠳᠭᠡᠵᠦ᠍᠂᠎ᠨᠠᠮ᠎ᠤᠨ᠎ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠲᠣᠭ᠍ᠲᠠᠭᠠᠭ᠍ᠰᠠᠨ ᠴᠢᠬᠤᠯᠠ ᠶᠡᠬᠡ ᠲᠦᠷᠦ᠍᠎ᠶ᠋ᠢᠨ ᠪᠤᠳᠤᠯᠭ᠎ᠠ᠂ ᠭᠣᠣᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠬᠢᠨᠠᠯᠲᠠ ᠲᠠᠯᠪᠢᠵᠤ ᠪᠠᠲᠤᠯᠠᠨ ᠬᠡᠷᠡᠭ᠌ᠵᠢᠭᠦᠯᠬᠦ᠌᠂ ᠲᠡᠭᠦᠯᠳᠡᠷᠵᠢᠭᠦᠯᠦᠨ ᠬᠥᠭ᠌ᠵᠢᠭᠦᠯᠬᠦ᠌᠎ᠶ᠋ᠢ ᠠᠬᠢᠭᠤᠯᠬᠤ ᠦᠢᠯᠡᠳᠦᠯ᠎ᠢᠶᠡᠨ ᠪᠠᠳᠠᠷᠠᠭᠤᠯᠬᠤ ᠬᠡᠷᠡᠭ᠌ᠲᠡᠢ᠃ ᠲᠥᠪ᠎ᠦᠨ ᠨᠠᠶ᠋ᠮᠠᠨ ᠲᠣᠭ᠍ᠲᠠᠭᠠᠯ᠎ᠤᠨ ᠬᠤᠷᠢᠭ᠎ᠠ ᠶ᠋ᠢ ᠲᠠᠰᠤᠷᠠᠯᠲᠠ ᠥᠬᠡᠶ ᠪᠡᠬᠢᠵᠢᠭᠦᠯᠵᠦ᠍᠂ 《ᠳᠥᠷᠪᠡᠨ ᠰᠤᠷᠲᠠᠯ》 ᠎ᠢ᠋ ᠴᠥᠬᠥᠷᠡᠰᠢ ᠥᠬᠡᠶ ᠵᠠᠯᠠᠷᠠᠭᠤᠯᠵᠤ ᠱᠢᠨ᠎ᠡ ᠰᠤᠷᠲᠠᠯ᠎ᠢ ᠪᠣᠶ ᠪᠣᠯᠭᠠᠵᠤ᠂ ᠣᠯᠠᠨ ᠲᠦᠮᠡᠨ᠎ᠦ ᠳᠡᠷᠭᠡᠳᠡᠬᠢ ᠢᠯᠵᠠᠷᠠᠯ ᠪᠠ ᠰᠤᠷᠲᠠᠯ᠎ᠤᠨ ᠠᠰᠠᠭᠤᠳᠠᠯ᠎ᠢ ᠭᠦᠨᠵᠡᠭᠡᠶ ᠴᠡᠭ᠌ᠴᠡᠯᠡᠨ ᠰᠠᠢᠵᠢᠷᠠᠭᠤᠯᠵᠤ᠂ ᠵᠠᠩᠭᠢᠯᠠᠭ᠎ᠠ᠎ᠶ᠋ᠢᠨ ᠴᠥᠭᠡᠨ ᠲᠣᠭᠠᠲᠠᠨ ᠢᠯᠠᠩᠭᠤᠶ᠎ᠠ 《ᠨᠢᠭᠡᠳᠦᠭᠡᠷ ᠬᠠᠷᠢᠭᠤᠴᠠᠯᠭᠠᠳᠠᠨ》 ᠎ᠤ ᠡᠳᠦᠷ ᠲᠤᠲᠤᠮ᠎ᠤᠨ ᠬᠢᠨᠠᠯᠲᠠ᠎ᠶ᠋ᠢ ᠳᠣᠪᠣᠢᠯᠭᠠᠨ᠂ ᠠᠷᠢᠭᠤᠨ ᠴᠢᠬᠡᠴᠢ ᠰᠣᠶᠣᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠵᠠᠰᠠᠭ᠎ᠤᠨ ᠣᠷᠳᠣᠨ ᠪᠠ ᠠᠷᠠᠯᠵᠢᠶᠠᠴᠢᠨ᠎ᠤ ᠳᠣᠲᠣᠨᠣ ᠴᠢᠬᠡᠴᠢ ᠬᠠᠷᠢᠴᠠᠭ᠎ᠠ᠎ᠶ᠋ᠢ ᠪᠠᠢᠭᠤᠯᠬᠤ ᠬᠡᠷᠡᠭ᠌ᠲᠡᠶ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠬᠡᠪ ᠰᠤᠷᠲᠠᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠰᠣᠩᠭᠣᠭᠤᠯᠢ᠎ᠶ᠋ᠢᠨ ᠪᠢᠯᠸᠲ ᠲᠠᠲᠠᠵᠤ ᠰᠣᠩᠭᠣᠭᠤᠯᠢ ᠵᠢ ᠬᠠᠬᠤᠤᠯᠢᠳᠠᠬᠤ ᠵᠡᠷᠭᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠬᠦ᠌᠎ᠶ᠋ᠢᠨ ᠬᠠᠮᠲᠤ ᠭᠦᠳᠭᠡᠯ ᠬᠣᠣᠷᠯᠠᠯ᠎ᠳᠤ ᠤᠴᠠᠷᠠᠭ᠍ᠰᠠᠨ ᠪᠠᠢᠪᠠᠯ ᠴᠠᠭ ᠲᠤᠬᠠᠢ᠎ᠳᠤᠨᠢ ᠨᠡᠷ᠎ᠡ ᠲᠦᠷᠦ᠍᠎ᠶ᠋ᠢ ᠨᠢ ᠰᠡᠷᠭᠦᠭᠡᠵᠦ ᠦᠭᠬᠦ ᠬᠡᠷᠡᠭ᠌ᠲᠡᠢ᠃ ᠦᠨᠳᠦᠰᠦᠨ ᠬᠦᠭ ᠠᠶᠠᠰ᠎ᠢ ᠭᠤᠢᠪᠢᠰᠢ ᠦᠭᠡᠢ ᠴᠢᠩᠭ᠎ᠠ ᠪᠠᠷᠢᠮᠲᠠᠯᠠᠵᠤ᠂ ᠢᠯᠵᠠᠷᠠᠬᠤ ᠡᠴᠡ ᠵᠢᠷᠦᠭᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠬᠦᠨᠵᠡᠭᠡᠢᠷᠡᠬᠦᠯᠦᠨ ᠠᠬᠢᠭᠤᠯᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ ᠪᠠ ᠬᠥᠭ᠌ᠵᠢᠯᠲᠡ᠎ᠶ᠋ᠢᠨ ᠣᠷᠴᠢᠨ ᠲᠣᠭᠣᠷᠢᠨ᠎ᠢ ᠦᠷᠭᠦᠯᠵᠢᠯᠡᠨ ᠪᠤᠢ ᠪᠣᠯᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠬᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面