2022-03-06 09:27:58
ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 5 ᠤ ᠴᠠᠬᠢᠯᠭᠠᠨ ᠮᠡᠳᠡᠭᠡ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠶᠠᠩ 5 ᠤ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠰᠸᠴᠤᠸᠠᠨ᠎ᠤ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ ᠵᠠᠰᠠᠭ᠎ᠤᠨ ᠣᠷᠳᠣᠨ ᠤ ᠠᠵᠢᠯ᠎ᠤᠨ ᠢᠯᠡᠳᠭᠡᠯ ᠢ ᠬᠢᠨᠠᠨ ᠵᠦᠪᠯᠡᠪᠡ ᠃
ᠭᠦᠸᠧᠾᠧᠩᠱᠢᠶᠤᠤ᠂ᠴᠢᠶᠣᠤᠶ᠋ᠢᠨᠱᠤᠸᠠᠩᠮᠧᠶ᠂ᠸᠠᠩ ᠱᠢᠶᠤᠤ ᠮᠧᠶ ᠵᠡᠷᠭᠡ ᠲᠥᠯᠥᠭᠡᠯᠡᠭ᠌ᠴᠢ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠬᠦ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠂《ᠬᠣᠶᠠᠷ ᠢ ᠬᠦᠨᠭᠭᠡᠷᠡᠭᠦᠯᠬᠦ》 ᠲᠥᠷᠥ᠎ᠶ᠋ᠢᠨ ᠪᠣᠳᠣᠯᠭ᠎ᠠ ᠶ᠋ᠢ ᠨᠠᠢᠳᠠᠪᠤᠷᠢᠵᠢᠭᠤᠯᠬᠤ ᠵᠡᠷᠭᠡ ᠠᠰᠠᠭᠤᠳᠠᠯ᠎ᠤᠨ ᠲᠣᠭᠣᠷᠢᠨ ᠳᠤ ᠤᠷᠢᠳ ᠬᠤᠵᠢᠳ ᠦᠭᠡ ᠬᠡᠯᠡᠪᠡ᠃ ᠲᠥᠯᠥᠭᠡᠯᠡᠭ᠌ᠴᠢᠳ᠎ᠦᠨ ᠶᠠᠷᠢᠶ᠎ᠠ ᠶ᠋ᠢ ᠰᠣᠨᠣᠰᠤᠭ᠍ᠰᠠᠨ ᠤ ᠳᠠᠷᠠᠭ᠎ᠠ ᠸᠠᠩ ᠶᠠᠩ ᠂ ᠶᠡᠷᠦᠩᠬᠡᠢ ᠰᠠᠢᠳ ᠯᠢ ᠺᠸ ᠴᠢᠶᠠᠩ᠎ᠤᠨ ᠬᠢᠭ᠌ᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ ᠤ ᠤᠳᠠᠭ᠎ᠠ ᠪᠦᠷᠢ ᠵᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠡᠨᠡ ᠵᠢᠯ ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠵᠢᠯ ᠤᠨ ᠲᠤᠬᠠᠢ ᠶᠡᠷᠦᠩᠬᠡᠢ ᠪᠠᠢᠷᠢᠯᠠᠭᠤᠯᠤᠯᠲᠠ ᠪᠣᠯᠤᠨ ᠱᠠᠭᠠᠷᠳᠠᠯᠭ᠎ᠠ ᠶ᠋ᠢ ᠭᠦᠢᠴᠡᠳ ᠢᠯᠡᠷᠡᠭᠦᠯᠵᠦ᠍᠂ ᠠᠮᠵᠢᠯᠲᠠ ᠪᠠᠨ ᠳ᠋ᠦᠩᠨᠡᠵᠦ᠍ ᠦᠨᠡᠨ᠎ᠡᠴᠡ ᠵᠥᠪ᠎ᠢ ᠡᠷᠢᠨ᠂ ᠠᠵᠢᠯ ᠢᠶᠠᠨ ᠪᠠᠢᠷᠢᠯᠠᠭᠤᠯᠬᠤ ᠭᠣᠣᠯᠳᠠᠯᠭ᠎ᠠ ᠲᠤᠪᠤᠢ᠌ᠮ᠎ᠠ ᠪᠠᠢᠵᠤ᠂ ᠦᠨᠡᠨ ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠬᠥᠮᠦᠰ᠎ᠢ ᠵᠣᠷᠢᠭ᠍ᠵᠢᠭᠤᠯᠤᠮ᠎ᠠ ᠢᠯᠡᠳᠭᠡᠯ ᠪᠣᠯᠵᠠᠢ᠂ ᠪᠢ ᠪᠦᠷᠢᠮᠦᠰᠦᠨ ᠵᠥᠪᠱᠢᠶᠡᠷᠡᠵᠦ᠍ ᠪᠠᠢᠨ᠎ᠠ ᠭᠡᠵᠦ᠍ ᠬᠡᠯᠡᠪᠡ᠃
ᠸᠠᠩ ᠶᠠᠩ᠂ ᠥᠩᠭᠡᠷᠡᠭ᠌ᠰᠡᠨ ᠨᠢᠭᠡ ᠵᠢᠯ᠎ᠳᠦ᠂ ᠵᠠᠭᠤᠨ ᠵᠢᠯ ᠦᠨ ᠬᠤᠪᠢᠰᠤᠯᠲᠠ ᠪᠣᠯᠤᠨ ᠬᠦᠨᠳᠦ ᠬᠡᠴᠡᠭᠦᠦ ᠬᠢᠵᠢᠭ ᠦᠨ ᠪᠠᠢᠳᠠᠯ ᠰᠣᠯᠪᠢᠴᠠᠭ᠍ᠰᠠᠨ ᠨᠠᠷᠢᠨ ᠪᠤᠳᠤᠯᠢᠶᠠᠨᠲᠠᠶ ᠪᠠᠢᠳᠠᠯ ᠳᠤᠤᠷ᠎ᠠ᠂ ᠰᠢ ᠵᠢᠨ ᠫᠢᠩ ᠨᠥᠬᠥᠷ ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ ᠢ ᠪᠥᠬᠥ᠌ ᠲᠠᠯ᠎ᠠ᠎ᠪᠠᠷ ᠪᠡᠶᠡᠯᠡᠭᠦᠯᠵᠦ᠍᠂ ᠨᠢᠭᠡᠳᠦᠭᠡᠷ ᠵᠠᠭᠤᠨ ᠵᠢᠯ ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍ ᠂ ᠨᠡᠢᠭᠡᠮ ᠵᠢᠷᠤᠮ ᠤᠨ ᠣᠳᠣᠬᠢᠴᠢᠯᠠᠭ᠍ᠰᠠᠨ ᠤᠯᠤᠰ ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ ᠢ ᠡᠬᠢᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶ᠋ᠢᠨ ᠰᠠᠢᠨ ᠰᠠᠢᠬᠠᠨ ᠡᠬᠢᠯᠡᠯᠲᠡ ᠶ᠋ᠢ ᠪᠡᠶᠡᠯᠡᠭᠦᠯᠪᠡ᠃ ᠢᠯᠠᠩᠭᠤᠶ᠎ᠠ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ ᠦᠨ ᠤᠢ ᠶ᠋ᠢ ᠦᠪᠡᠳᠡᠭ᠌ᠰᠢ ᠶᠡᠬᠡᠪᠡᠷ ᠪᠡᠯᠭᠡᠯᠡᠵᠦ᠍᠂ ᠨᠠᠮ ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠢ ᠠᠮᠵᠢᠯᠲᠠ᠎ᠲᠠᠶ ᠬᠤᠷᠠᠯᠳᠤᠭᠤᠯᠤᠭ᠍ᠰᠠᠨ ᠪᠥᠭᠡᠳ ᠨᠠᠮ ᠤᠨ ᠭᠤᠷᠪᠠᠳᠤᠭᠠᠷ ᠲᠡᠦᠬᠡ᠎ᠳᠤ ᠱᠢᠢᠳᠪᠦᠷᠢ ᠵᠢ ᠭᠠᠷᠭᠠᠵᠤ᠂ ᠪᠦᠬᠦ᠌ ᠨᠠᠮ ᠪᠦᠬᠦ᠌ ᠨᠡᠢᠭᠡᠮ᠎ᠦᠨ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠠᠤᠭ᠎ᠠ ᠰᠡᠳᠭᠢᠯᠭᠡ ᠪᠣᠯᠤᠨ ᠢᠲᠡᠭᠡᠯ ᠵᠣᠷᠢᠭ᠎ᠢ ᠶᠡᠬᠡᠪᠡᠷ ᠨᠡᠮᠡᠭ᠌ᠳᠡᠭᠦᠯᠵᠠᠢ ᠬᠡᠵᠤ ᠵᠢᠭᠠᠪᠠ᠃
ᠸᠠᠩ ᠶᠠᠩ᠂ ᠳᠡᠯᠡᠬᠡᠢ ᠳ᠋ᠠᠬᠢᠨ᠎ᠤ ᠵᠠᠭᠤᠨ ᠵᠢᠯ᠎ᠳᠦ ᠲᠣᠬᠢᠶᠠᠯᠳᠤᠭ᠎ᠠ᠎ᠦᠭᠡᠢ ᠶᠡᠬᠡ ᠬᠤᠪᠢᠰᠤᠯᠲᠠ᠎ᠶ᠋ᠢᠨ ᠡᠮᠦᠨ᠎ᠡ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡᠬᠦᠨᠳᠦ᠂ ᠵᠥᠷᠢᠴᠡᠯ ᠲᠦᠭ᠌ᠰᠢᠭᠦᠷᠢ ᠥᠷᠢᠰᠥᠯᠳᠦᠭᠡᠨ ᠤᠯᠠᠨ᠂ ᠲᠦᠷᠦ᠍ ᠶ᠋ᠢ ᠵᠠᠰᠠᠵᠤ ᠵᠠᠰᠠᠭ᠎ᠢ ᠡᠷᠬᠢᠯᠡᠬᠦ᠌ ᠱᠢᠯᠭᠠᠯᠲᠠ ᠬᠦᠴᠢᠷ ᠵᠡᠷᠭᠡ ᠨᠢ ᠪᠦᠷ ᠤᠷᠢᠳ ᠡᠮᠦᠨ᠎ᠡ ᠪᠠᠢᠭ᠎ᠠ ᠦᠭᠡᠢ ᠶᠤᠮ᠂ ᠭᠡᠪᠡᠴᠦ᠍ ᠲᠡᠦᠬᠡ᠎ᠪᠡᠷ ᠲᠤᠯᠢ ᠪᠣᠯᠭᠠᠪᠠᠯ᠂ ᠪᠢᠳᠠᠨ ᠦ ᠢᠷᠡᠭᠡᠳᠦᠢ ᠪᠡᠨ ᠴᠣᠭ᠍ᠴᠠᠯᠠᠬᠤ ᠢᠲᠡᠭᠡᠯ᠎ᠢ ᠨᠡᠩ ᠪᠠᠲᠤᠳᠭᠠᠵᠤ ᠪᠣᠯᠤᠨ᠎ᠠ᠃ ᠰᠸᠴᠤᠸᠠᠨ ᠮᠤᠵᠢ ᠶ᠋ᠢᠨ ᠬᠢᠨ ᠨᠠᠮ ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ ᠢ ᠪᠡᠬᠢᠵᠢᠭᠦᠯᠦᠨ ᠥᠷᠭᠡᠳᠭᠡᠵᠦ᠍᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠳᠤᠮᠳᠠ᠎ᠠᠴᠠ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ ᠣᠯᠵᠤ᠂ 《ᠬᠣᠶᠠᠷ᠎ᠢ ᠲᠣᠭ᠍ᠲᠠᠭᠠᠬᠤ》 ᠵᠢᠨ ᠱᠢᠢᠳᠪᠦᠷᠢᠯᠡᠭ᠌ᠴᠢ ᠠᠴᠢ ᠬᠣᠯᠪᠣᠭ᠍ᠳᠠᠯ ᠢ ᠭᠦᠨᠵᠡᠭᠡᠢ ᠲᠠᠨᠢᠵᠤ᠂ 《ᠬᠣᠶᠠᠷ ᠢ ᠬᠠᠮᠠᠭᠠᠯᠠᠬᠤ》 ᠵᠢ ᠪᠡᠶᠡᠯᠡᠭᠦᠯᠬᠦ᠌ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ ᠶ᠋ᠢᠨ ᠤᠬᠠᠮᠰᠠᠷ᠎ᠢᠶᠠᠨ ᠴᠢᠩᠭᠠᠳᠭᠠᠬᠤ ᠶ᠋ᠢ ᠬᠦᠰᠡᠵᠦ᠍ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩ ᠦᠨ ᠰᠸᠴᠤᠸᠠᠨ ᠤ ᠠᠵᠢᠯ ᠤᠨ ᠲᠤᠬᠠᠢ ᠱᠢᠷᠢᠰ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ ᠳᠤ ᠦᠢᠯᠡᠴᠢᠯᠡᠬᠦ᠌ ᠪᠠ ᠠᠭᠤᠰᠤᠯᠴᠠᠬᠤ ᠳᠤᠮᠳᠠ ᠱᠢᠨ᠎ᠡ ᠠᠯᠬᠤᠮ ᠢ ᠠᠯᠬᠤᠵᠤ ᠂ ᠴᠢᠨᠠᠷ ᠰᠠᠢᠲᠠᠢ ᠬᠥᠭ᠌ᠵᠢᠯᠲᠡ᠎ᠶ᠋ᠢᠨ ᠲᠠᠯ᠎ᠠ᠎ᠪᠠᠷ ᠱᠢᠨ᠎ᠡ ᠱᠢᠪᠲᠤᠯᠤᠯᠲᠠ᠎ᠲᠠᠶ ᠪᠣᠯᠬᠤ ᠬᠡᠷᠡᠭ᠌ᠲᠡᠢ ᠃ ᠲᠥᠪ ᠦᠨ ᠦᠨᠳᠦᠰᠦᠲᠡᠨ ᠦ ᠠᠵᠢᠯ ᠤᠨ ᠬᠤᠷᠠᠯ ᠪᠣᠯᠤᠨ ᠪᠦᠬᠦ᠌ ᠤᠯᠤᠰ᠎ᠤᠨ ᠱᠠᠱᠢᠨ ᠰᠤᠷᠲᠠᠬᠤᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠪᠣᠳᠠᠲᠠᠢ᠎ᠳᠤ ᠰᠠᠭᠤᠷᠢᠯᠠᠨ᠂ ᠭᠠᠵᠠᠷ ᠣᠷᠣᠨ᠎ᠤ ᠪᠤᠳᠠᠳᠤ ᠪᠠᠢᠳᠠᠯ᠎ᠳᠠᠭᠠᠨ ᠲᠤᠬᠢᠷᠠᠭᠤᠯᠤᠨ ᠨᠠᠢᠳᠠᠪᠤᠷᠢᠵᠢᠭᠤᠯᠤᠯᠲᠠ ᠶ᠋ᠢ ᠰᠠᠢᠲᠤᠷ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠣᠭ᠍ᠴᠠᠯᠠᠬᠤ᠎ᠪᠠᠷ ᠭᠣᠣᠯ ᠱᠤᠭᠤᠮ ᠪᠣᠯᠭᠠᠨ ᠦᠨᠳᠦᠰᠦᠲᠡᠨ ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠢ ᠠᠬᠢᠭᠤᠯᠵᠤ ᠂ ᠮᠠᠨ ᠤ ᠤᠯᠤᠰ ᠤᠨ ᠱᠠᠱᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭ᠌ᠯᠡᠯ ᠢ ᠪᠠᠷᠢᠮᠲᠠᠯᠠᠬᠤ᠎ᠪᠠᠷ ᠭᠣᠣᠯᠳᠠᠯᠭ᠎ᠠ ᠪᠣᠯᠭᠠᠨ ᠱᠠᠱᠢᠨ ᠰᠤᠷᠲᠠᠬᠤᠨ ᠢ ᠢᠳᠡᠪᠬᠢᠲᠡᠢ ᠬᠦᠳᠦᠯᠥᠨ ᠳᠠᠭᠠᠭᠤᠯᠵᠤ ᠪᠠᠢᠭᠠᠳ ᠨᠡᠢᠭᠡᠮ ᠵᠢᠷᠤᠮᠲᠤ ᠨᠡᠢᠭᠡᠮ᠎ᠲᠡᠶ ᠬᠠᠷᠢᠯᠴᠠᠨ ᠵᠣᠬᠢᠴᠠᠭᠤᠯᠵᠤ᠂ ᠰᠠᠭᠤᠷᠢ ᠲᠠᠯᠪᠢᠬᠤ᠂ ᠠᠯᠤᠰ ᠬᠡᠳᠤ ᠳᠦ ᠠᠱᠢᠭ᠍ᠲᠠᠢ᠂ ᠦᠨᠳᠦᠰᠦᠨ ᠵᠦᠢᠯ ᠢ ᠬᠠᠮᠢᠶᠠᠷᠬᠤ ᠠᠵᠢᠯ ᠢ ᠢᠯᠡᠭᠦᠬᠡᠨ ᠬᠢᠵᠦ᠍᠂ ᠭᠦᠨ ᠳᠠᠪᠬᠤᠷᠭ᠎ᠠ᠎ᠶ᠋ᠢᠨ ᠵᠥᠷᠢᠴᠡᠯ ᠪᠣᠯᠤᠨ ᠠᠰᠠᠭᠤᠳᠠᠯ ᠢ ᠢᠯᠡᠭᠦᠬᠡᠨ ᠱᠢᠢᠳᠪᠦᠷᠢᠯᠡᠵᠦ᠍᠂ ᠡᠳᠦᠷ ᠪᠣᠯᠭᠠᠨ ᠴᠢᠷᠮᠠᠢᠨ ᠬᠢᠬᠦ᠌᠎ᠪᠡᠷ ᠳᠠᠮᠵᠢᠨᠤᠳᠠᠭᠠᠨᠳᠠᠭᠠᠭᠠᠮᠠᠭᠠᠢᠪᠠᠷᠵᠢᠳᠬᠦᠨᠴᠢᠷᠮᠠᠢᠵᠤ᠂ᠦᠨᠳᠦᠰᠦᠲᠡᠨ ᠱᠠᠱᠢᠨ ᠰᠤᠷᠲᠠᠬᠤᠨ᠎ᠤ ᠬᠦᠷᠢᠶᠡᠨ᠎ᠦ ᠡᠶ᠎ᠡ ᠵᠣᠬᠢᠴᠠᠩᠭᠤᠢ ᠲᠣᠭ᠍ᠲᠠᠭᠤᠨ ᠢ ᠬᠠᠮᠠᠭᠠᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃