2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-06 09:56:39

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠷᠧᠨ ᠶᠠ ᠫᠢᠩ᠎ᠨᠡᠷ ᠬᠢᠨᠠᠨ ᠵᠥᠪᠯᠡᠬᠦ᠌᠎ᠳᠦ ᠣᠷᠣᠯᠴᠠᠵᠠᠢ

3 ᠰᠠᠷ᠎ᠠ᠎ᠶ᠋ᠢᠨ 5ᠤ᠋ ᠦᠳᠡ᠎ᠶ᠋ᠢᠨ ᠬᠣᠢᠨ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ᠎ᠳᠤ ᠣᠷᠣᠯᠴᠠᠵᠤ ᠪᠠᠢᠭ᠎ᠠ ᠮᠠᠨ᠎ᠤ ᠣᠷᠣᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠥᠪᠡᠷ ᠥᠪᠡᠷᠰᠡᠳ᠎ᠤᠨ ᠪᠠᠢᠭ᠎ᠠ ᠡᠲᠡᠭᠡᠳ᠎ᠢᠯᠭᠠᠯ᠎ᠦᠨ ᠳᠤᠭᠤᠢᠯᠠᠩ᠎ᠳᠠᠭᠠᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃

ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠬᠥᠮᠦᠨ ᠠᠮᠠ ᠡᠬᠢ ᠪᠠᠶᠠᠯᠢᠭ ᠣᠷᠴᠢᠨ ᠲᠣᠭᠣᠷᠢᠨ᠎ᠤ ᠵᠥᠪᠯᠡᠯ᠎ᠦᠨ ᠳᠡᠳ᠋ ᠡᠷᠬᠢᠯᠡᠭ᠌ᠴᠢ ᠷᠧᠨ ᠶᠠ ᠫᠢᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠵᠧᠩ ᠹᠦ᠋ ᠲᠢᠶᠠᠨ᠂ ᠯᠢᠦ ᠱᠢᠨ ᠯᠸ᠂ ᠠᠨ ᠷᠦᠨ ᠱᠧᠩ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ ᠳ᠋ᠦᠩ ᠾᠧᠩ ᠢᠦᠶ ᠬᠢᠨᠠᠨ ᠵᠥᠪᠯᠡᠬᠦ᠌᠎ᠳᠦ ᠣᠷᠣᠯᠴᠠᠪᠠ᠃

ᠭᠡᠱᠢᠭᠦᠳ᠂ ᠢᠯᠡᠳᠭᠡᠯ ᠳ᠋ᠤ ᠰᠢ ᠵᠢᠨ ᠫᠢᠩ ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠤᠵᠢ ᠲᠤᠭᠤᠱᠢᠯᠠᠭᠤᠯᠵᠤ᠂ ᠪᠦᠯᠬᠦᠮᠳᠡᠯ ᠪᠠ ᠠᠷᠠᠳᠴᠢᠯᠠᠯ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠵᠥᠪᠯᠡᠯᠭᠡᠨ ᠎ᠦ ᠱᠢᠨᠵᠢ ᠴᠢᠨᠠᠷ ᠪᠠᠢᠷᠢ ᠲᠣᠭ᠍ᠲᠠᠭᠠᠯᠲᠠ ᠎ᠶ᠋ᠢ ᠪᠠᠷᠢᠮᠲᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠣᠣᠯ ᠲᠡᠩᠭᠡᠯᠢᠭ ᠭᠣᠣᠯ ᠱᠤᠭᠤᠮ᠂ ᠭᠣᠣᠯ ᠭᠣᠭ᠍ᠴᠣᠭ᠎ᠠ᠎ᠶ᠋ᠢ ᠪᠠᠲᠤ ᠡᠵᠡᠮᠳᠡᠵᠦ᠍᠂ ᠠᠮᠵᠢᠯᠲᠠ ᠪᠦᠲᠦᠮᠵᠢ ᠪᠡᠨ ᠳ᠋ᠦᠩᠨᠡᠭᠰᠡᠨ ᠨᠢ ᠪᠤᠰᠤᠳᠴᠢ ᠪᠥᠭᠡᠳ ᠪᠦᠬᠦ᠌ ᠲᠠᠯ᠎ᠠ᠎ᠶ᠋ᠢᠨ ᠪᠠᠢᠵᠤ᠂ ᠦᠨᠡᠨ ᠪᠤᠳᠠᠳᠠᠢ ᠵᠢ ᠡᠷᠬᠢᠮᠯᠡᠵᠦ᠂ ᠠᠵᠢᠯ᠎ᠤ᠋ᠨ ᠪᠠᠢᠷᠢᠯᠠᠭᠤᠯᠤᠯᠳᠠ ᠭᠣᠣᠯᠳᠠᠯᠭ᠎ᠠ ᠲᠤᠪᠤᠢ᠌ᠮ᠎ᠠ᠂ ᠠᠷᠭ᠎ᠠ ᠬᠡᠮᠵᠢᠶ᠎ᠡ ᠬᠦᠴᠦᠲᠡᠢ ᠪᠠᠢᠵᠤ᠂ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ᠎ᠱᠠᠭᠠᠷᠳᠠᠯᠭ᠎ᠠ ᠲᠡᠶ ᠨᠢᠭ᠍ᠲᠠ ᠤᠶᠠᠯᠳᠤᠵᠤ᠂ ᠱᠢᠨ᠎ᠡ ᠴᠠᠭ ᠦᠶ᠎ᠡ ᠎ᠶ᠋ᠢᠨ ᠠᠷᠠᠳ᠎ᠤᠨ ᠤᠯᠤᠰ ᠲᠦᠷᠦ᠍ ᠎ᠶ᠋ᠢᠨ ᠵᠥᠪᠯᠡᠯᠭᠡᠨ ᠎ᠦ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠢᠯᠭ᠎ᠠ ᠎ᠶ᠋ᠢ ᠢᠯᠡᠷᠡᠭᠦᠯᠵᠦ᠍᠂ ᠬᠥᠮᠦᠰ᠎ᠦᠨ ᠰᠡᠳᠭᠢᠯ ᠎ᠢ ᠵᠣᠷᠢᠭ᠍ᠵᠢᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠵᠤ᠂ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠬᠤ ᠰᠠᠢ᠌ᠨ ᠢᠯᠡᠳᠭᠡᠯ ᠪᠣᠯᠵᠠᠢ ᠭᠡᠵᠦ᠍ ᠰᠠᠨᠠᠯ ᠨᠢᠭᠡᠲᠡᠢ ᠦᠵᠡᠵᠡᠭᠡᠪᠡ᠃

ᠭᠡᠱᠢᠭᠦᠳ᠂ ᠥᠩᠭᠡᠷᠡᠭ᠌ᠰᠡᠨ ᠨᠢᠭᠡ ᠵᠢᠯ᠎ᠳᠦ᠂ ᠨᠠᠷᠢᠨ ᠪᠤᠳᠤᠯᠢᠶᠠᠨᠲᠠᠶ ᠬᠦᠨᠳᠦ ᠬᠡᠴᠡᠭᠦᠦ᠂ ᠤᠯᠤᠰ᠎ᠤᠨ ᠲᠤᠳᠤᠭᠠᠳᠤ ᠭᠠᠳᠠᠭᠠᠳᠤ ᠵᠢᠨ ᠪᠠᠢᠳᠠᠯ ᠪᠠ ᠮᠠᠰᠢ ᠤᠯᠠᠨ ᠠᠶᠤᠯ ᠲᠦᠭᠰᠢᠬᠦᠷᠢ ᠥᠷᠢᠰᠥᠯᠳᠦᠭᠡᠨ᠎ᠦ ᠡᠮᠦᠨ᠎ᠡ᠂ ᠤᠯᠤᠰ ᠲᠥᠷᠥ᠎ᠶ᠋ᠢᠨ ᠵᠥᠪᠯᠡᠯᠭᠡᠨ᠎ᠦ ᠪᠥᠬᠥ᠌ ᠤᠯᠤᠰ᠎ᠤᠨ ᠬᠣᠷᠢᠶ᠎ᠠ ᠵᠢᠴᠢ ᠪᠠᠢᠩᠭᠤ ᠎ᠶ᠋ᠢᠨ ᠬᠣᠷᠢᠶ᠎ᠠ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠢ ᠵᠢᠨ ᠫᠢᠩ ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ᠎ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ ᠎ᠦᠨ ᠣᠶ ᠎ᠶ᠋ᠢ ᠪᠡᠯᠭᠡᠯᠡᠬᠦ᠌᠎ᠪᠡᠷ ᠭᠤᠤᠯ ᠱᠢᠵᠢᠮ ᠪᠣᠯᠭᠠᠨ ᠦᠵᠡᠯ ᠰᠠᠨᠠᠭ᠎ᠠ ᠤᠯᠤᠰ ᠲᠥᠷᠥ ᠎ᠶ᠋ᠢᠨ ᠵᠢᠯᠣᠭᠣᠳᠣᠯᠭ᠎ᠠ ᠎ᠪᠠᠨ ᠴᠢᠩᠭᠠᠳᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠰᠠᠢᠨ ᠰᠠᠢᠬᠠᠨ ᠡᠬᠢᠯᠡᠯᠲᠡ ᠶ᠋ᠢ ᠠᠬᠢᠭᠤᠯᠬᠤ᠎ᠪᠠᠷ ᠭᠤᠤᠯᠳᠠᠯᠭ᠎ᠠ ᠪᠣᠯᠭᠠᠨ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠤᠯᠤᠰ ᠲᠥᠷᠥ ᠶ᠋ᠢᠨ ᠵᠥᠪᠯᠡᠯᠭᠡᠨ᠎ᠦ ᠲᠦᠷᠢᠮ᠎ᠦᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠪᠡᠷ ᠬᠠᠷᠠᠯᠲᠠ ᠪᠣᠯᠭᠠᠨ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠵᠡᠶ ᠭᠡᠵᠦ᠍ ᠦᠵᠡᠵᠡᠭᠡᠪᠡ᠃

ᠡᠨᠡ ᠵᠢᠯ ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭᠰᠢᠯᠠᠬᠤ ᠱᠢᠨ᠎ᠡ ᠠᠶᠠᠨ ᠵᠠᠮ᠎ᠳᠠᠭᠠᠨ ᠮᠤᠷᠳᠠᠬᠤ ᠴᠢᠬᠤᠯᠠ ᠨᠢᠭᠡ ᠵᠢᠯ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠬᠤᠷᠠᠯᠳᠤᠬᠤ ᠵᠢᠯ ᠮᠥᠨ᠂ ᠪᠠᠰᠠ ᠴᠤ᠌ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ ᠎ᠤᠨ ᠤᠯᠤᠰ ᠲᠦᠷᠦ᠍᠎ᠶ᠋ᠢᠨ ᠵᠥᠪᠯᠡᠯᠭᠡᠨ ᠎ᠦ ᠰᠡᠬᠦᠯ ᠬᠤᠷᠢᠶᠠᠬᠤ ᠵᠢᠯ ᠮᠥᠨ᠃ ᠭᠡᠱᠢᠭᠦᠳ᠎ᠦᠨ ᠦᠵᠡᠬᠦ᠌ ᠎ᠪᠡᠷ᠂ ᠡᠨᠡ ᠵᠢᠯ ᠎ᠦᠨ ᠠᠵᠢᠯ᠎ᠢ ᠰᠠᠢᠲᠤᠷ ᠬᠢᠬᠦ᠌᠎ᠶ᠋ᠢᠨ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯᠳᠡᠢ ᠶᠤᠮ᠃ ᠢᠯᠡᠳᠭᠡᠯ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠢ ᠠᠮᠵᠢᠯᠲᠠ᠎ᠲᠠᠶ ᠬᠤᠷᠠᠯᠳᠤᠭᠤᠯᠬᠤ ᠵᠢᠨ ᠲᠣᠭᠣᠷᠢᠨ᠎ᠳᠤ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠳᠤᠮᠳᠠᠳᠤ ᠎ᠶ᠋ᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠴᠢᠩᠭᠠᠳᠭᠠᠬᠤ᠎ᠶ᠋ᠢᠨ ᠲᠥᠯᠥᠭᠡ ᠴᠢᠷᠮᠠᠢᠨ ᠳᠡᠮᠡᠴᠡᠬᠦ ᠬᠡᠷᠡᠭᠳᠡᠢ ᠬᠡᠵᠦ ᠳᠤᠷᠠᠳᠤᠭᠰᠠᠨ ᠪᠦᠬᠡᠳ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠶ᠋ᠢᠨ ᠲᠣᠭᠣᠷᠢᠨ᠎ᠳᠤ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠴᠢᠨᠠᠷ ᠰᠠᠢᠲᠠᠢ ᠰᠠᠨᠠᠯ ᠰᠠᠨᠠᠭᠤᠯᠭ᠎ᠠ ᠳᠤᠷᠠᠳᠤᠨ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠵᠦ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠ ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠷᠠᠳ᠎ᠤᠨ ᠤᠯᠤᠰ ᠲᠦᠷᠦ᠍ ᠎ᠶ᠋ᠢᠨ ᠵᠥᠪᠯᠡᠯᠭᠡᠨ᠎ᠦ ᠵᠥᠪᠯᠡᠬᠦ᠌ ᠳᠠᠪᠠᠭᠤᠯᠢᠭ᠎ᠢ ᠨᠡᠩ ᠰᠠᠢᠲᠤᠷ ᠪᠠᠳᠠᠷᠠᠭᠤᠯᠬᠤ ᠵᠡᠷᠭᠡ ᠲᠠᠯ᠎ᠠ ᠎ᠪᠠᠷ ᠲᠤᠬᠢᠷᠠᠭᠤᠯᠤᠯᠳᠠ ᠪᠠᠢᠷᠢᠯᠠᠭᠤᠯᠤᠯᠲᠠ ᠬᠢᠵᠦ᠍᠂ ᠡᠨᠡ ᠵᠢᠯ᠎ᠦᠨ ᠤᠯᠤᠰ ᠲᠦᠷᠦ᠍ ᠎ᠶ᠋ᠢᠨ ᠵᠥᠪᠯᠡᠯᠭᠡᠨ᠎ᠦ ᠠᠵᠢᠯ᠎ᠢ ᠰᠠᠢᠲᠤᠷ ᠬᠢᠬᠦ᠌ ᠎ᠳᠦ ᠴᠢᠭ᠌ᠯᠡᠯ᠎ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠭ᠍ᠰᠠᠨ ᠪᠠᠢᠨ᠎ᠠ᠃

ᠭᠡᠱᠢᠭᠦᠳ᠂ ᠢᠯᠡᠳᠭᠡᠯ᠎ᠦᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠰᠢ ᠵᠢᠨ ᠫᠢᠩ ᠨᠥᠬᠥᠷ ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠬᠠᠷᠢᠭᠤᠴᠠᠯᠭ᠎ᠠ᠎ᠪᠠᠨ ᠮᠡᠳᠡᠵᠦ᠍᠂ ᠬᠠᠷᠢᠭᠤᠴᠠᠯᠭ᠎ᠠ ᠪᠠᠨ ᠡᠭᠦᠷᠭᠡᠯᠡᠵᠦ᠍᠂ ᠬᠠᠷᠢᠭᠤᠴᠠᠯᠭ᠎ᠠ᠎ᠪᠠᠨ ᠭᠦᠢᠴᠡᠳᠭᠡᠵᠦ᠍᠂ 《ᠤᠯᠤᠰ ᠎ᠤᠨ ᠶᠡᠬᠡ ᠶᠠᠪᠤᠳᠠᠯ》 ᠪᠣᠯᠤᠨ ᠠᠷᠠᠳ ᠲᠦᠮᠡᠨ᠎ᠦ ᠬᠠᠯᠠᠮᠵᠢᠯᠠᠵᠤ ᠪᠠᠢᠭ᠎ᠠ ᠠᠰᠠᠭᠤᠳᠠᠯ᠎ᠳᠤ ᠠᠩᠬᠠᠷᠤᠯ ᠎ᠢᠶᠠᠨ ᠲᠥᠪᠯᠡᠷᠡᠭᠦᠯᠦᠨ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠦᠨᠡᠨ ᠪᠣᠳᠠᠲᠠᠢ᠎ᠶ᠋ᠢ ᠡᠷᠬᠢᠮᠯᠡᠭᠰᠡᠨ ᠰᠠᠨᠠᠯ ᠰᠠᠨᠠᠭᠤᠯᠭ᠎ᠠ ᠎ᠶ᠋ᠢ ᠢᠯᠡᠭᠦᠬᠡᠨ ᠳᠤᠷᠠᠳᠴᠤ᠌᠂ ᠰᠣᠳᠣ ᠮᠡᠷᠭᠡᠨ ᠠᠷᠭ᠎ᠠ ᠪᠤᠳᠤᠯᠭ᠎ᠠ᠎ᠶ᠋ᠢ ᠢᠯᠡᠭᠦᠬᠡᠨ ᠳᠡᠪᠱᠢᠭᠦᠯᠵᠦ᠍᠂ ᠠᠷᠠᠳ᠎ᠲᠤ ᠠᠱᠢᠭ ᠬᠦᠷᠲᠡᠭᠡᠬᠦ᠌ ᠶᠠᠪᠤᠳᠠᠯ᠎ᠢ ᠢᠯᠡᠭᠦᠬᠡᠨ ᠪᠣᠳᠣᠯᠬᠢᠯᠠᠵᠤ᠂ ᠪᠦᠯᠬᠦᠮᠳᠡᠯ᠎ᠦᠨ ᠬᠦᠴᠦᠨ᠎ᠢ ᠢᠯᠡᠭᠦᠬᠡᠨ ᠨᠢᠭ᠍ᠲᠠᠷᠠᠭᠤᠯᠵᠤ᠂ ᠲᠣᠭ᠍ᠲᠠᠭᠤᠨ ᠡᠷᠡᠭᠦᠯ ᠠᠵᠤ ᠠᠬᠤᠢ᠎ᠶ᠋ᠢᠨ ᠣᠷᠴᠢᠨ ᠲᠣᠭᠣᠷᠢᠨ᠂ ᠲᠦᠷᠦ᠍ ᠲᠦᠪᠱᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠣᠷᠴᠢᠨ ᠲᠣᠭᠣᠷᠢᠨ᠎ᠢ ᠪᠠᠲᠤᠯᠠᠬᠤ᠎ᠳᠤ ᠬᠤᠪᠢ ᠨᠡᠮᠡᠷᠢ ᠦᠵᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠎ᠤᠨ ᠠᠮᠵᠢᠯᠲᠠ ᠎ᠲᠠᠶ ᠬᠤᠷᠠᠯᠳᠤᠬᠤ ᠎ᠶ᠋ᠢ ᠤᠭᠳᠤᠨ᠎ᠠ ᠬᠡᠵᠦ ᠢᠯᠡᠷᠭᠡᠢᠯᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面