2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-06 09:44:45

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠸᠠᠩ ᠴᠢ ᠱᠠᠨ ᠬᠣᠨᠠᠨ᠎ᠤ ᠲᠦᠯᠦᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ ᠳ᠋ᠦ ᠣᠷᠣᠯᠴᠠᠬᠣ ᠳ᠋ᠠᠭᠠᠨ ᠴᠢᠬᠣᠯᠠᠴᠢᠯᠠᠬᠰᠠᠨ ᠨᠢ 《 ᠬᠣᠶᠠᠷ᠎ᠢ ᠲᠣᠬᠲᠠᠭᠠᠬᠣ 》 ᠵᠢᠨ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠬᠲᠠᠯ᠎ᠢ ᠬᠦᠨᠵᠡᠬᠡᠢ ᠤᠬᠠᠵᠤ ᠢᠲᠡᠭ

ᠰᠢᠨᠬᠣᠸᠠ ᠬᠣᠷᠢᠶᠠᠨ᠎ᠤ ᠪᠡᠭᠡᠵᠢᠩ᠎ᠤᠨ 3 ᠰᠠᠷ᠎ᠠ᠎ᠶᠢᠨ 5 ᠤ᠋ ᠴᠠᠬᠢᠯᠭᠠᠨ ᠮᠡᠳᠡᠭᠡ ᠣᠯᠣᠰ᠎ᠤᠨ ᠲᠡᠳ᠋ ᠲᠡᠷᠢᠬᠦᠯᠡᠭᠴᠢ ᠸᠠᠩ ᠴᠢ ᠱᠠᠨ 5 ᠤ᠋ ᠦᠳᠡ᠎ᠶᠢᠨ ᠬᠣᠢᠨ᠎ᠠ ᠲᠡᠬᠦᠨ᠎ᠤ ᠪᠠᠢᠭ᠎ᠠ ᠬᠣᠨᠠᠨ᠎ᠤ ᠲᠦᠯᠦᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ ᠳ᠋ᠦ ᠣᠷᠣᠯᠴᠠᠪᠠ᠃ ᠲᠡᠷᠡ ᠴᠢᠬᠣᠯᠠᠴᠢᠯᠠᠬᠰᠠᠨ ᠨᠢ᠂ ᠰᠢᠨ᠎ᠡ ᠴᠠᠬ ᠦᠶ᠎ᠡ ᠳ᠋ᠦ ᠰᠠᠭᠣᠷᠢᠯᠠᠨ᠂ ᠰᠢᠨ᠎ᠡ ᠠᠶᠠᠨ ᠵᠠᠮ ᠳ᠋ᠦ ᠮᠣᠷᠲᠠᠵᠦ᠂ ᠰᠢ ᠵᠢᠨ ᠫᠢᠩ ᠨᠦᠬᠦᠷ᠎ᠤᠨ ᠨᠠᠮ᠎ᠤᠨ ᠲᠦᠪ ᠬᠣᠷᠢᠶ᠎ᠠ᠎ᠶᠢᠨ ᠭᠣᠣᠯᠯᠠᠬᠴᠢ᠂ ᠪᠦᠬᠦ ᠨᠠᠮ᠎ᠤᠨ ᠭᠣᠣᠯᠯᠠᠬᠴᠢ ᠵᠢᠨ ᠪᠠᠢᠷᠢ ᠰᠠᠭᠣᠷᠢ᠎ᠶᠢ ᠲᠣᠬᠲᠠᠭᠠᠵᠦ᠂ ᠰᠢ ᠵᠢᠨ ᠫᠢᠩ᠎ᠤᠨ ᠰᠢᠨ᠎ᠡ ᠴᠠᠬ ᠦᠶ᠎ᠡ᠎ᠶᠢᠨ ᠲᠣᠮᠲᠠᠲᠣ ᠣᠯᠣᠰ᠎ᠤᠨ ᠣᠨᠴᠠᠯᠢᠬ ᠲᠠᠢ ᠨᠡᠢᠭᠡᠮ ᠵᠢᠷᠣᠮ᠎ᠤᠨ ᠦᠵᠡᠯ ᠰᠠᠨᠠᠭ᠎ᠠ᠎ᠶᠢᠨ ᠵᠢᠯᠣᠭᠣᠳᠬᠣ ᠪᠠᠢᠷᠢ ᠰᠠᠭᠣᠷᠢ᠎ᠶᠢ ᠲᠣᠬᠲᠠᠭᠠᠬᠣ ᠪᠣᠯ ᠪᠢᠲᠡ ᠡᠯ᠎ᠡ ᠵᠦᠢᠯ᠎ᠤᠨ ᠬᠦᠴᠢᠷ ᠪᠡᠷᠬᠡ᠎ᠶᠢ ᠢᠯᠠᠨ ᠲᠠᠪᠠᠬᠣ ᠬᠠᠮᠣᠬ᠎ᠤᠨ ᠶᠡᠬᠡ ᠢᠲᠡᠭᠡᠯ ᠪᠣᠯᠣᠨ᠎ᠠ᠃《ᠬᠣᠶᠠᠷ᠎ᠢ ᠲᠣᠬᠲᠠᠭᠠᠬᠣ》 ᠶ᠋ᠢ ᠲᠡᠦᠬᠡᠨ ᠠᠬᠢᠴᠠ ᠳ᠋ᠦ ᠲᠠᠯᠪᠢᠵᠦ᠂ ᠲᠣᠮᠲᠠᠲᠣ᠎ᠶᠢᠨ ᠦᠨᠳᠦᠰᠦᠲᠡᠨ᠎ᠤ ᠠᠭᠣᠣ ᠶᠡᠬᠡ ᠰᠡᠷᠬᠦᠨ ᠮᠠᠨᠲᠣᠯᠲᠠ᠎ᠶᠢᠨ ᠶᠠᠪᠣᠴᠠ᠎ᠶᠢ ᠠᠬᠢᠭᠣᠯᠬᠣ ᠰᠢᠢᠳᠪᠦᠷᠢᠯᠡᠬᠦ ᠠᠴᠢ ᠬᠣᠯᠪᠣᠬᠲᠠᠯ᠎ᠢ ᠣᠢᠯᠠᠭᠠᠵᠦ᠂《ᠲᠦᠷᠪᠡᠨ ᠣᠬᠠᠮᠰᠠᠷ》 ᠶ᠋ᠢᠡᠨ ᠴᠢᠩᠭᠠᠳᠬᠠᠵᠦ᠂《ᠲᠦᠷᠪᠡᠨ ᠢᠲᠡᠭᠡᠯ》 ᠶ᠋ᠢᠡᠨ ᠪᠠᠲᠣᠳᠬᠠᠵᠦ᠂《ᠬᠣᠶᠠᠷ᠎ᠢ ᠬᠠᠮᠠᠭᠠᠯᠠᠬᠣ》 ᠶ᠋ᠢ ᠪᠡᠶᠡᠯᠡᠬᠦᠯᠵᠦ᠂ ᠢᠲᠡᠭᠡᠯ ᠲᠡᠬᠦᠯᠲᠡᠷ ᠶ᠋ᠢᠡᠷ ᠲᠠᠬᠢᠨ ᠠᠮᠵᠢᠯᠲᠠ᠎ᠡᠬᠦᠳᠬᠦ ᠬᠡᠷᠡᠭᠲᠡᠢ ᠬᠡᠵᠤ ᠴᠢᠬᠤᠯᠠᠴᠢᠯᠠᠪᠠ᠃

ᠯᠢᠦ ᠹᠸᠢ ᠰᠢᠶᠠᠩ᠂ ᠯᠢ ᠰᠢᠶᠣᠣ ᠬᠣᠩ᠂ ᠯᠢᠦ ᠭᠸ ᠠᠨ ᠵᠡᠷᠭᠡ ᠲᠦᠯᠦᠭᠡᠯᠡᠭᠴᠢ ᠦᠭᠡ ᠶᠠᠷᠢᠬᠰᠠᠨ᠎ᠤ ᠲᠠᠷᠠᠭ᠎ᠠ ᠸᠠᠩ ᠴᠢ ᠱᠠᠨ᠂ ᠦᠩᠭᠡᠷᠡᠭᠰᠡᠨ ᠨᠢᠭᠡ ᠵᠢᠯ ᠪᠣᠯ ᠨᠠᠮ ᠪᠣᠯᠣᠨ ᠣᠯᠣᠰ᠎ᠤᠨ ᠲᠡᠦᠭᠡᠨ ᠲᠡᠭᠡᠷᠡᠬᠢ ᠬᠦᠰᠢᠶ᠎ᠠ ᠲᠡᠮᠳᠡᠭ᠎ᠤᠨ ᠠᠴᠢ ᠬᠣᠯᠪᠣᠬᠲᠠᠯ ᠲᠠᠢ ᠨᠢᠭᠡ ᠵᠢᠯ ᠪᠣᠯᠣᠨ᠎ᠠ᠃ ᠠᠮᠵᠢᠯᠲᠠ ᠪᠦᠲᠦᠮᠵᠢ ᠬᠢᠯᠪᠠᠷ ᠪᠣᠰᠣ᠂ ᠲᠣᠮᠲᠠᠲᠣ ᠣᠯᠣᠰ᠎ᠤᠨ ᠣᠨᠴᠠᠯᠢᠬ ᠲᠠᠢ ᠨᠡᠢᠭᠡᠮ ᠵᠢᠷᠣᠮ ᠰᠢᠨ᠎ᠡ ᠴᠠᠬ ᠦᠶ᠎ᠡ ᠳ᠋ᠦ ᠣᠷᠣᠬᠰᠠᠨ᠎ᠤ ᠲᠡᠦᠬᠡᠲᠦ ᠴᠢᠨᠠᠷᠲᠠᠢ ᠠᠮᠵᠢᠯᠲᠠ᠂ ᠲᠡᠦᠬᠡᠲᠦ ᠴᠢᠨᠠᠷᠲᠠᠢ ᠬᠣᠪᠢᠰᠣᠯᠲᠠ᠎ᠶᠢᠨ ᠲᠠᠰᠣᠷᠠᠯᠲᠠ ᠦᠭᠡᠢ ᠦᠷᠬᠦᠯᠵᠢᠯᠡᠯ ᠪᠠ ᠬᠦᠨᠵᠡᠭᠡᠢᠷᠡᠯ ᠪᠣᠯᠬᠣ ᠶᠣᠮ᠃ ᠵᠠᠰᠠᠬ᠎ᠤᠨ ᠣᠷᠲᠣᠨ᠎ᠤ ᠠᠵᠢᠯ᠎ᠤᠨ ᠢᠯᠡᠳᠭᠡᠯ ᠨᠢ ᠰᠢ ᠵᠢᠨ ᠫᠢᠩ᠎ᠤᠨ ᠰᠢᠨ᠎ᠡ ᠴᠠᠬ ᠦᠶ᠎ᠡ᠎ᠶᠢᠨ ᠲᠣᠮᠲᠠᠲᠣ ᠣᠯᠣᠰ᠎ᠤᠨ ᠣᠨᠴᠠᠯᠢᠬ ᠲᠠᠢ ᠨᠡᠢᠭᠡᠮ ᠵᠢᠷᠣᠮ᠎ᠤᠨ ᠦᠵᠡᠯ ᠰᠠᠨᠠᠭ᠎ᠠ ᠪᠡᠷ ᠵᠢᠯᠣᠭᠣᠲᠣᠯᠭ᠎ᠠ ᠪᠣᠯᠭᠠᠵᠦ᠂ ᠨᠠᠮ᠎ᠤᠨ ᠠᠷᠪᠠ ᠶᠢᠰᠦᠲᠦᠭᠡᠷ ᠶᠡᠬᠡ ᠬᠣᠷᠠᠯ ᠪᠣᠯᠣᠨ ᠨᠠᠮ ᠎ᠤᠨ ᠠᠷᠪᠠ ᠶᠢᠰᠦᠲᠦᠭᠡᠷ ᠬᠣᠭᠣᠴᠠᠭᠠᠨ᠎ᠤ ᠲᠦᠪ ᠬᠣᠷᠢᠶᠠᠨ᠎ᠤ ᠤᠳᠠᠭ᠎ᠠ ᠪᠦᠷᠢ ᠵᠢᠨ ᠪᠦᠬᠦᠳᠠ ᠬᠣᠷᠠᠯ᠎ᠤᠨ ᠵᠣᠷᠢᠬ ᠰᠠᠨᠠᠭ᠎ᠠ᠎ᠶᠢ ᠬᠦᠨᠵᠡᠭᠡᠢ ᠲᠣᠭᠣᠰᠢᠯᠠᠭᠣᠯᠣᠨ ᠨᠠᠢᠲᠠᠪᠣᠷᠢᠵᠢᠭᠣᠯᠵᠦ᠂ ᠠᠵᠢᠯ ᠶ᠋ᠢᠡᠨ ᠳ᠋ᠦᠩᠨᠡᠵᠦ ᠦᠨᠡᠨ ᠡᠴᠡ ᠵᠦᠪ᠎ᠢ ᠡᠷᠢᠵᠦ᠂ ᠡᠬᠦᠷᠭᠡ ᠪᠠᠨ ᠪᠠᠢᠷᠢᠯᠠᠭᠣᠯᠣᠬᠰᠠᠨ ᠨᠢ ᠲᠣᠲᠣᠷᠬᠠᠢ ᠪᠦᠬᠡᠤᠨ ᠪᠤᠲᠠᠲᠠᠢ᠂ ᠪᠢ ᠪᠦᠷᠢᠮᠦᠰᠦᠨ ᠵᠦᠪᠰᠢᠶᠡᠷᠡᠵᠦ ᠪᠠᠢᠨ᠎ᠠ ᠭᠡᠵᠦ ᠢᠯᠡᠷᠬᠡᠢᠯᠡᠪᠡ᠃

ᠸᠠᠩ ᠴᠢ ᠱᠠᠨ᠂ ᠪᠡᠶ᠎ᠡ ᠳ᠋ᠡᠭᠡᠨ ᠢᠲᠡᠬᠡᠯ ᠲᠠᠢ ᠪᠣᠯ ᠰᠠᠶᠢ ᠬᠦᠴᠦᠷᠭᠡᠭᠵᠢᠵᠦ ᠴᠢᠲᠠᠨ᠎ᠠ᠃ ᠨᠠᠮ᠎ᠤᠨ ᠵᠠᠭᠣᠨ ᠵᠢᠯ᠎ᠤᠨ ᠲᠡᠮᠡᠴᠡᠯ᠎ᠤᠨ ᠲᠡᠦᠭᠡ ᠪᠣᠯ ᠪᠠᠰᠠᠴᠦ ᠦᠨᠳᠦᠰᠦᠲᠡᠨ᠎ᠤ ᠦᠪᠡᠷ᠎ᠤᠨ ᠢᠲᠡᠭᠡᠯ᠎ᠢ ᠲᠠᠰᠣᠷᠠᠯᠲᠠ ᠦᠭᠡᠢ ᠣᠷᠢᠶᠠᠯᠠᠵᠦ᠂ ᠦᠨᠳᠦᠰᠦᠲᠡᠨ᠎ᠤ ᠬᠦᠴᠦᠷᠭᠡᠭᠵᠢᠯ᠎ᠢ ᠪᠡᠶᠡᠯᠡᠬᠦᠯᠦᠭᠰᠡᠨ ᠶᠠᠪᠣᠴᠠ ᠪᠣᠯᠣᠨ᠎ᠠ᠃ ᠦᠨᠦᠲᠦᠷ ᠲᠣᠮᠲᠠᠲᠣ᠎ᠶᠢᠨ ᠬᠦᠪᠡᠬᠦᠳ ᠦᠬᠢᠳ᠎ᠤᠨ ᠣᠶᠣᠨ ᠰᠠᠨᠠᠭᠠᠨ᠎ᠤ ᠲᠦᠷᠰᠦ ᠪᠠᠢᠲᠠᠯ ᠳ᠋ᠦ ᠯᠣᠲᠣ ᠶᠡᠬᠡ ᠬᠣᠪᠢᠷᠠᠯᠲᠠ ᠭᠠᠷᠴᠦ᠂ ᠠᠭᠣᠣ ᠶᠡᠬᠡ ᠵᠡᠬᠦᠲᠦ᠎ᠶᠢ ᠲᠡᠷᠭᠡᠯᠰᠢᠬᠦᠯᠬᠦ ᠳ᠋ᠦ ᠴᠣᠬ ᠵᠣᠯᠢ ᠪᠠᠲᠠᠷᠠᠵᠦ ᠠᠰᠠᠨ ᠲᠦᠷᠡᠯᠵᠡᠭᠰᠡᠨ ᠵᠣᠷᠢᠬ ᠰᠠᠨᠠᠭᠠᠨ᠎ᠤ ᠬᠦᠴᠦᠨ ᠨᠡᠮᠡᠷᠢᠯᠡᠪᠡ᠃ ᠪᠠᠲᠣ ᠴᠢᠩᠭ᠎ᠠ ᠣᠲᠣᠷᠢᠳᠬᠣ ᠭᠣᠣᠯ ᠴᠦᠮ᠎ᠡ᠂ ᠰᠢᠨᠵᠢᠯᠡᠬᠦ ᠣᠬᠠᠭᠠᠨᠴᠢ ᠣᠨᠣᠯ᠎ᠤᠨ ᠵᠢᠯᠣᠭᠣᠲᠣᠯᠭ᠎ᠠ ᠪᠣᠯ ᠨᠠᠮ ᠪᠣᠯᠣᠨ ᠣᠯᠣᠰ᠎ᠤᠨ ᠬᠦᠭᠵᠢᠯᠲᠡ᠎ᠶᠢᠨ ᠬᠣᠪᠢ ᠵᠠᠶᠠᠭ᠎ᠠ ᠲᠠᠢ ᠬᠣᠯᠪᠣᠬᠲᠠᠬᠣ ᠦᠨᠳᠦᠰᠦᠨ ᠴᠢᠨᠠᠷᠲᠠᠢ ᠠᠰᠠᠭᠣᠲᠠᠯ ᠪᠣᠯᠣᠨ᠎ᠠ᠃ ᠳᠤᠮᠳᠠᠳᠤ ᠤᠯᠤᠰ᠎ᠤᠨ ᠲᠡᠦᠬᠡ ᠰᠣᠶᠣᠯ᠎ᠤᠨ ᠤᠯᠠᠮᠵᠢᠯᠠᠯ ᠪᠠ ᠤᠯᠤᠰ᠎ᠤᠨ ᠪᠣᠳᠠᠲᠤ ᠪᠠᠢᠳᠠᠯ ᠨᠢ ᠳᠤᠮᠳᠠᠳᠤ᠎ᠶ᠋ᠢᠨ ᠦᠨᠳᠦᠰᠦᠲᠡᠨ ᠣᠳᠣᠬᠢᠴᠢᠯᠠᠯᠲᠠ᠎ᠶ᠋ᠢᠨ ᠠᠶᠠᠨ᠎ᠳᠠᠭᠠᠨ ᠯᠠᠪᠳᠠᠭᠤᠨ᠎ᠢᠶᠠᠷ ᠬᠤᠯᠠ ᠠᠶᠠᠯᠠᠬᠤ ᠳ᠋ᠤ ᠡᠷᠬᠡᠪᠰᠢ ᠨᠢᠭᠡᠨ ᠡᠷᠡᠰ ᠴᠢᠩᠭ᠎ᠠ ᠬᠦᠴᠦᠨ ᠪᠦᠬᠦᠢ ᠨᠠᠮ᠎ᠢᠶᠠᠷ ᠵᠠᠮᠴᠢᠯᠠᠭᠤᠯᠬᠤ ᠬᠡᠷᠡᠭ᠌ᠲᠡᠢ ᠭᠡᠳᠡᠭ᠎ᠢ ᠲᠤᠭᠳᠠᠭᠠᠭᠰᠠᠨ ᠪᠠᠢᠨ᠎ᠠ; ᠠᠭᠤᠤ ᠶᠡᠬᠡ ᠰᠡᠷᠭᠦᠨ᠎ᠮᠠᠨᠳᠤᠯᠲᠠ᠎ᠶ᠋ᠢ᠎ᠪᠡᠶᠡᠯᠡᠭᠦᠯᠬᠦ᠌᠎ᠵᠠᠩᠭᠢᠯᠠᠭ᠎ᠠ᠎ᠶ᠋ᠢᠨ᠎ᠱᠠᠲᠤᠨ᠎ᠳᠤ᠂᠎ᠡᠷᠬᠡᠪᠰᠢ᠎ᠨᠢᠭᠡᠨ ᠪᠠᠲᠤ ᠴᠢᠩᠭ᠎ᠠ ᠬᠦᠴᠦᠨ ᠪᠦᠬᠦᠢ ᠭᠣᠣᠯᠯᠠᠭ᠍ᠴᠢ᠎ᠪᠠᠷ ᠵᠠᠯᠠᠭᠤᠷ᠎ᠢ ᠠᠳᠭᠤᠭᠤᠯᠬᠤ ᠬᠡᠷᠡᠭ᠌ᠲᠡᠢ ; ᠠᠷᠪᠠᠨ ᠲᠦᠷᠪᠡᠨ ᠳ᠋ᠦᠩᠱᠢᠭᠤᠷ ᠭᠠᠷᠤᠢ ᠬᠥᠮᠦᠨ ᠨᠢᠭᠡᠨ ᠬᠠᠮᠲᠤ᠎ᠶ᠋ᠢᠨ ᠬᠠᠷᠠᠯᠲᠠ ᠵᠦᠭ ᠴᠢᠷᠮᠠᠢᠬᠤ ᠳ᠋ᠤ᠂ ᠡᠩ ᠲᠡᠷᠢᠭᠦᠨ᠎ᠳᠦ ᠦᠵᠡᠯ ᠰᠠᠨᠠᠭ᠎ᠠ ᠲᠠᠨᠢᠯᠲᠠ᠎ᠪᠠᠨ ᠨᠢᠭᠡᠳᠭᠡᠪᠡᠯ ᠰᠠᠶᠢ ᠠᠵᠢᠯᠯᠠᠭ᠎ᠠ᠎ᠶ᠋ᠢᠨ ᠠᠯᠬᠤᠮ ᠢ᠋ᠢᠡᠨ ᠨᠢᠭᠡᠳᠭᠡᠵᠦ᠍ ᠴᠢᠳᠠᠨ᠎ᠠ᠃ ᠲᠡᠦᠬᠡ᠂ ᠪᠣᠳᠠᠲᠤ ᠠᠬᠤᠢ ᠪᠣᠯᠤᠨ ᠢᠷᠡᠭᠡᠳᠦᠢ ᠢ᠋ᠢ ᠨᠡᠪᠳᠡᠷᠡᠬᠦᠯᠪᠡᠯ᠂ ᠪᠢᠳᠡ 《ᠬᠣᠶᠠᠷ᠎ᠢ ᠲᠣᠭ᠍ᠲᠠᠭᠠᠬᠤ》 ᠪᠣᠯ ᠲᠡᠦᠬᠡ᠎ᠶ᠋ᠢᠨ ᠵᠠᠢᠯᠠᠰᠢ ᠦᠭᠡᠢ ᠴᠢᠨᠠᠷ ᠂ ᠪᠠᠢᠳᠠᠯ ᠬᠠᠨᠳᠤᠰᠢ ᠪᠤᠯ ᠴᠠᠭ ᠦᠶ᠎ᠡ᠎ᠶ᠋ᠢᠨ ᠤᠷᠢᠶᠠᠯᠠᠭ᠎ᠠ᠂ ᠠᠷᠠᠳ ᠲᠦᠮᠡᠨ᠎ᠦ ᠬᠦᠰᠡᠯ ᠡᠷᠡᠮᠡᠯᠵᠡᠯ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢᠬᠢ ᠬᠠᠮᠤᠭ᠎ᠤᠨ ᠴᠢᠬᠤᠯᠠ ᠤᠯᠤᠰ ᠲᠦᠷᠦ᠍᠎ᠶ᠋ᠢᠨ ᠦᠷ᠎ᠡ ᠪᠦᠲᠦᠭᠡᠯ ᠪᠣᠯᠬᠤ᠎ᠶ᠋ᠢ ᠭᠦᠨᠵᠡᠭᠡᠢ ᠣᠢᠯᠠᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠬᠠᠢᠨ ᠰᠦᠪᠡᠭ᠌ᠴᠢᠯᠡᠬᠦ᠌ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢᠶᠡᠨ ᠤᠯᠠᠮ ᠴᠢᠨᠠᠭ᠍ᠰᠢᠳᠠ ᠪᠠᠲᠤᠳᠭᠠᠭ᠍ᠰᠠᠨ᠎ᠢ ᠬᠠᠷᠠᠭᠤᠯᠵᠤ ᠪᠠᠢᠨ᠎ᠠ ᠬᠡᠵᠤ ᠵᠢᠭᠠᠵᠤ ᠭᠠᠷᠭᠠᠪᠠ᠃

ᠸᠠᠩ ᠴᠢ ᠱᠠᠨ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠱᠢᠨ᠎ᠡ ᠴᠠᠭ ᠦᠶ᠎ᠡ᠎ᠶ᠋ᠢᠨ ᠢᠯᠡ ᠲᠣᠳᠣ ᠣᠨᠴᠠᠯᠢᠭ᠎ᠤᠨ ᠨᠢᠬᠡ ᠪᠣᠯ ᠳᠠᠷᠤᠢ ᠢᠲᠡᠭᠡᠯ ᠪᠣᠯᠤᠨ᠎ᠠ᠂ ᠡᠨᠡ ᠨᠢ ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠬᠤ ᠡᠷᠡᠰ ᠪᠠᠲᠤ ᠪᠠᠷᠢᠮᠲᠠᠯᠠᠯ ᠳᠡᠭᠡᠷ᠎ᠡ ᠢᠯᠡᠷᠡᠵᠦ᠍᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ ᠳᠡᠭᠡᠷ᠎ᠡ ᠢᠯᠡᠷᠡᠵᠦ᠍᠂ ᠠᠵᠠ ᠲᠣᠬᠢᠶᠠᠯ ᠪᠣᠯᠤᠨ ᠥᠷᠢᠰᠥᠯᠳᠦᠭᠡᠨ᠂ ᠠᠮᠵᠢᠯᠲᠠ ᠪᠣᠯᠤᠨ ᠠᠰᠠᠭᠤᠳᠠᠯ᠎ᠳᠤ ᠬᠠᠨᠳᠤᠬᠤ ᠯᠠᠪᠳᠠᠭᠤᠨ ᠪᠣᠯᠭᠣᠮᠵᠢᠲᠠᠢ ᠰᠡᠷᠭᠡᠭ ᠴᠢᠨᠠᠷ ᠳᠡᠭᠡᠷ᠎ᠡ ᠢᠯᠡᠷᠡᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠳᠡᠭᠡᠷ᠎ᠡ ᠢᠯᠡᠷᠡᠵᠦ᠍ ᠪᠠᠢᠨ᠎ᠠ᠃ ᠦᠪᠡᠷ ᠤ᠋ᠨ ᠪᠡᠶ᠎ᠠ ᠳ᠋ᠡᠭᠡᠨ ᠲᠦᠰᠢᠭᠯᠡᠵᠤ ᠦᠪᠡᠷ ᠤ᠋ᠨ ᠵᠠᠮ ᠢ᠋ᠢᠡᠨ ᠭᠠᠷᠭᠠᠨ᠎ᠠ᠃ ᠣᠳᠣᠬᠠᠨ᠎ᠳᠤ ᠳᠡᠯᠡᠬᠡᠢ᠎ᠶ᠋ᠢᠨ ᠪᠠᠢᠳᠠᠯ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ᠂ ᠤᠯᠤᠰ᠎ᠤᠨ ᠳᠣᠲᠣᠭᠠᠳᠤ᠎ᠶ᠋ᠢᠨ ᠬᠥᠭ᠌ᠵᠢᠭᠦᠯᠦᠯᠲᠡ ᠥᠭᠡᠷᠡᠴᠢᠯᠡᠯᠲᠡ ᠂ ᠠᠮᠤᠷ ᠲᠦᠪᠱᠢᠨ ᠲᠣᠭ᠍ᠲᠠᠭᠤᠨ ᠪᠠᠢᠯᠭᠠᠬᠤ ᠡᠭᠦᠷᠭᠡ ᠬᠦᠨᠳᠦ ᠪᠠᠢᠨ᠎ᠠ᠃ ᠬᠤᠪᠢᠰᠤᠩᠭᠤᠢ ᠪᠣᠳᠠᠰᠴᠢ ᠦᠵᠡᠯ ᠪᠣᠯᠤᠨ ᠲᠡᠦᠬᠡ᠎ᠶ᠋ᠢᠨ ᠪᠣᠳᠠᠰᠴᠢ ᠦᠵᠡᠯ᠎ᠢᠶᠡᠷ ᠪᠣᠳᠠᠲᠤ ᠪᠠᠢᠳᠠᠯ᠎ᠢ ᠡᠵᠡᠮᠳᠡᠵᠦ᠍᠂ ᠲᠠᠰᠤᠷᠠᠯᠲᠠ ᠦᠭᠡᠢ ᠬᠥᠭ᠌ᠵᠢᠬᠦ᠌ ᠤᠨᠤᠯ ᠪᠣᠯᠤᠨ ᠬᠥᠭ᠌ᠵᠢᠯᠲᠡ᠎ᠶ᠋ᠢᠨ ᠱᠠᠲᠤᠴᠢ ᠤᠨᠤᠯ᠎ᠢ ᠤᠶᠠᠯᠳᠤᠭᠤᠯᠤᠨ᠂ ᠡᠷᠴᠢᠮ ᠪᠣᠯᠤᠨ ᠠᠢᠵᠠᠮ᠎ᠢ ᠰᠠᠢᠲᠤᠷ ᠡᠵᠡᠮᠳᠡᠵᠦ᠍᠂ ᠨᠢᠭᠡ ᠨᠢᠭᠡ ᠠᠯᠬᠤᠮ᠎ᠢᠶᠠᠷ ᠯᠠᠪᠳᠠᠭᠤᠨ ᠪᠠᠲᠤᠲᠠᠢ ᠤᠷᠤᠭ᠍ᠰᠢᠯᠠᠵᠤ ᠂ ᠲᠠᠰᠤᠷᠠᠯᠲᠠ ᠦᠭᠡᠢ ᠪᠠᠭ᠎ᠠ ᠢᠯᠠᠯᠲᠠ᠎ᠶ᠋ᠢ ᠬᠤᠷᠠᠮᠳᠤᠭᠤᠯᠤᠨ ᠶᠡᠬᠡ ᠢᠯᠠᠯᠲᠠ ᠪᠣᠯᠭᠠᠬᠤ ᠬᠡᠷᠡᠭ᠌ᠲᠡᠢ᠃ ᠢᠲᠡᠭᠡᠯ ᠵᠣᠷᠢᠭ᠎ᠢᠶᠠᠨ ᠪᠠᠲᠤ ᠵᠣᠷᠢᠭ᠂ ᠲᠣᠭ᠍ᠲᠠᠯ ᠬᠦᠴᠦᠨ ᠪᠠ ᠡᠷᠴᠢ ᠵᠣᠷᠢᠭ ᠪᠣᠯᠭᠠᠨ ᠬᠤᠪᠢᠷᠠᠭᠤᠯᠵᠤ᠂ ᠭᠣᠣᠯ ᠵᠥᠷᠢᠴᠡᠯ ᠪᠠ ᠵᠥᠷᠢᠴᠡᠯ᠎ᠦᠨ ᠭᠣᠣᠯ ᠲᠠᠯ᠎ᠠ᠎ᠶ᠋ᠢ ᠠᠳᠭᠤᠬᠤ᠎ᠳᠠᠭᠠᠨ ᠴᠢᠳᠠᠮᠠᠭᠠᠢ ᠪᠠᠢᠵᠦ᠂ ᠠᠷᠠᠳ ᠤᠯᠠᠨ᠎ᠤ ᠪᠠᠴᠢᠮᠳᠠᠵᠤ ᠬᠦᠴᠢᠷᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠤᠯᠠᠨ ᠲᠦᠮᠡᠨ ᠬᠠᠨᠤᠮᠵᠢᠲᠠᠢ ᠪᠠᠢᠬᠤ ᠡᠰᠡᠬᠦ᠌᠂ ᠪᠠᠶᠠᠷᠯᠠᠵᠦ ᠪᠠᠢᠬᠤ ᠡᠰᠡᠬᠦ᠌᠂ ᠬᠦᠯᠢᠶᠡᠨ ᠵᠦᠪᠰᠢᠶᠡᠷᠡᠵᠦ ᠪᠠᠢᠬᠤ ᠡᠰᠡᠬᠦ᠌᠎ᠪᠡᠷ ᠡᠯ᠎ᠡ ᠵᠦᠢᠯ᠎ᠦᠨ ᠠᠵᠢᠯ᠎ᠢ ᠱᠢᠯᠭᠠᠬᠤ ᠪᠠᠷᠢᠮᠵᠢᠶ᠎ᠠ ᠪᠣᠯᠭᠠᠵᠤ᠂ ᠠᠷᠠᠳ ᠤᠯᠠᠨ᠎ᠤ ᠨᠠᠮ᠎ᠤᠨ ᠲᠥᠪ ᠬᠤᠷᠢᠶ᠎ᠠ᠎ᠳᠠᠬᠢ ᠢᠲᠡᠭᠡᠯ ᠨᠠᠢᠳᠠᠯᠭ᠎ᠠ ᠢ᠋ᠢ ᠲᠠᠰᠤᠷᠠᠯᠳᠠ ᠦᠭᠡᠢ ᠬᠤᠷᠠᠮᠳᠤᠭᠤᠯᠬᠤ ᠬᠡᠷᠡᠭ᠌ᠲᠡᠢ᠃ ᠬᠤᠨᠠᠨ᠎ᠤ ᠬᠢᠨ 《ᠬᠣᠶᠠᠷ᠎ᠢ ᠲᠣᠭ᠍ᠲᠠᠭᠠᠬᠤ》 ᠵᠢ 《ᠬᠣᠶᠠᠷ᠎ᠢ ᠬᠠᠮᠠᠭᠠᠯᠠᠬᠤ》 ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ᠎ᠶ᠋ᠢᠨ ᠤᠬᠠᠮᠰᠠᠷ ᠪᠣᠯᠭᠠᠨ ᠬᠤᠪᠢᠷᠠᠭᠤᠯᠵᠤ ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ᠎ᠶ᠋ᠢ ᠬᠦᠰᠡᠵᠦ᠍ ᠪᠠᠢᠨ᠎ᠠ ᠬᠡᠵᠤ ᠴᠢᠬᠤᠯᠠᠴᠢᠯᠠᠪᠠ᠃

ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢᠳ ᠬᠣ᠌ ᠴᠦᠨ ᠬᠤᠸᠠ ᠬᠢᠨᠠᠨ ᠵᠥᠪᠯᠡᠬᠦ᠌᠎ᠳᠦ ᠣᠷᠣᠯᠴᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面