2022-03-06 09:52:11
ᠱ᠌ᠢ ᠲᠠᠢ ᠹᠸᠩ ᠲᠥᠯᠥᠭᠡᠯᠡᠭ᠌ᠴᠢ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠡᠷᠬᠢᠯᠡᠭ᠌ᠴᠢ)
ᠱᠢᠨ᠎ᠡ ᠡᠨᠧᠷᠭᠢ᠎ᠶ᠋ᠢ ᠬᠥᠭ᠌ᠵᠢᠭᠦᠯᠬᠦ᠌᠎ᠳᠦ ᠡᠷᠬᠡᠪᠰᠢ ᠱᠢᠰᠲ᠋ᠧᠮ᠎ᠳᠦ ᠦᠵᠡᠯᠲᠡ᠂ ᠬᠡᠯᠬᠢᠶᠡᠵᠢᠭ᠌ᠰᠡᠨ ᠰᠡᠳᠭᠢᠬᠦᠢ᠎ᠶ᠋ᠢ ᠴᠢᠩᠭᠠᠳᠭᠠᠵᠤ᠂ ᠱᠢᠨ᠎ᠡ ᠡᠨ᠋ᠸᠷᠬᠢ ᠪᠠᠷ ᠬᠠᠭᠤᠴᠢᠨ ᠡᠨᠧᠷᠭᠢ᠎ᠶ᠋ᠢ ᠣᠷᠣᠯᠠᠭᠤᠯᠬᠤ ᠵᠢ ᠡᠮᠬᠢ ᠴᠡᠭᠴᠡ ᠲᠠᠢ ᠠᠬᠢᠭᠤᠯᠵᠤ᠂ ᠡᠨᠧᠷᠭᠢ᠎ᠶ᠋ᠢᠨ ᠠᠮᠤᠷ ᠲᠦᠪᠱᠢᠨ ᠪᠥᠭᠡᠳ ᠲᠣᠭ᠍ᠲᠠᠭᠤᠨ ᠬᠠᠩᠭᠠᠯᠭ᠎ᠠ᠎ᠶ᠋ᠢ ᠦᠨᠡᠨ ᠬᠦ᠌ ᠪᠠᠲᠤᠯᠠᠬᠤ ᠬᠡᠷᠡᠭᠳᠡᠢ
ᠥᠪᠥᠷ ᠮᠣᠩᠭᠣᠯ ᠨᠢ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠂ ᠠᠵᠤ ᠠᠬᠤᠢ᠎ᠶ᠋ᠢᠨ ᠶᠡᠬᠡ ᠣᠷᠴᠢᠯ᠎ᠢ ᠰᠠᠭᠠᠳ ᠦᠬᠡᠢ ᠨᠡᠪᠳᠡᠷᠡᠬᠦᠯᠬᠦ ᠲᠠᠯ᠎ᠠ᠎ᠪᠠᠷ ᠲᠤᠢᠯ᠎ᠤᠨ ᠴᠢᠬᠤᠯᠠ ᠪᠠᠢᠷᠢ ᠰᠠᠭᠤᠷᠢ᠎ᠲᠠᠶ ᠶᠤᠮ᠂ ᠶᠡᠷᠦᠩᠬᠡᠢ ᠱᠦᠵᠢ ᠰᠢ ᠵᠢᠨ ᠫᠢᠩ ᠪᠢᠳᠡᠨ᠎ᠳᠦ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ ᠬᠡᠷᠡᠭᠳᠡᠢ ᠬᠡᠵᠥ ᠨᠠᠢᠳᠠᠪᠠ᠃ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠤ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ ᠳᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠬᠤ ᠪᠣᠯ ᠥᠪᠥᠷ ᠮᠣᠩᠭᠣᠯ᠎ᠤᠨ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠤᠯᠤᠰ᠎ᠤᠨ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠳᠤ ᠠᠮᠤᠷ ᠲᠦᠪᠱᠢᠨ ᠥᠨᠳᠥᠷ ᠪᠦᠲᠦᠮᠵᠢᠲᠡᠶ ᠡᠨᠧᠷᠭᠢ᠎ᠶ᠋ᠢᠨ ᠱᠢᠰᠲ᠋ᠧᠮ᠎ᠢ ᠪᠠᠢᠭᠤᠯᠬᠤ᠎ᠳᠤ ᠦᠶ᠋ᠯᠡᠴᠢᠯᠡᠵᠦ᠍᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ᠂ ᠨᠡᠬᠦᠷᠡᠰᠤᠳᠦ᠋ᠷᠦᠭᠴᠢ ᠵᠢ ᠰᠠᠭᠠᠷᠮᠠᠭ᠍ᠵᠢᠭᠤᠯᠬᠤ᠎ᠶ᠋ᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠣᠯᠬᠤ᠎ᠪᠠᠷ ᠪᠠᠷᠠᠬᠤ ᠥᠬᠡᠶ᠂ ᠪᠠᠰᠠ ᠴᠤ᠌ ᠥᠪᠥᠷ ᠮᠣᠩᠭᠣᠯ᠎ᠤᠨ ᠬᠠᠷᠢᠴᠠᠩᠭᠣᠢ ᠳᠠᠪᠠᠭᠤᠯᠢᠭ᠎ᠢᠶᠠᠨ ᠪᠠᠳᠠᠷᠠᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠠᠪᠠᠭᠤᠯᠢᠭ᠎ᠢ ᠪᠤᠢ ᠪᠤᠯᠭᠠᠵᠤ᠂ ᠣᠳᠣᠬᠢᠴᠢᠯᠠᠭ᠍ᠰᠠᠨ ᠠᠵᠤ ᠠᠬᠤᠶ᠎ᠶ᠋ᠢᠨ ᠱᠢᠰᠲ᠋ᠧᠮ᠎ᠢ ᠪᠠᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠶ᠋ᠢᠨ ᠵᠠᠢᠯᠠᠰᠢ ᠥᠬᠡᠶ ᠰᠣᠩᠭᠣᠯᠲᠠ ᠪᠣᠯᠤᠨ᠎ᠠ᠃
《ᠬᠤᠤᠰ ᠨᠡᠭᠦᠷᠡᠰᠦᠲᠥ᠋ᠷᠥᠭ᠌ᠴᠢ》᠎ᠶ᠋ᠢᠨ ᠠᠬᠤᠶ ᠪᠠᠢᠳᠠᠯ ᠳᠤᠤᠷ᠎ᠠ᠂ ᠱᠢᠨ᠎ᠡ ᠡᠨᠧᠷᠭᠢ᠎ᠨᠢ ᠶᠠᠭ ᠪᠡᠯᠡᠳᠭᠡᠯ ᠬᠦᠴᠦᠨ ᠪᠠᠢᠭ᠍ᠰᠠᠨ᠎ᠡᠴᠡ᠎ᠪᠠᠨ ᠭᠤᠤᠯ ᠬᠦᠴᠦᠨ ᠪᠣᠯᠵᠣ ᠬᠤᠪᠢᠷᠠᠵᠤ ᠪᠠᠢᠨ᠎ᠠ᠃ ᠥᠪᠥᠷ ᠮᠣᠩᠭᠣᠯ ᠱᠢᠨ᠎ᠡ ᠡᠨᠧᠷᠭᠢ᠎ᠶ᠋ᠢ ᠬᠥᠭ᠌ᠵᠢᠭᠦᠯᠬᠦ᠌ ᠲᠠᠯ᠎ᠠ᠎ᠪᠠᠷ ᠥᠪᠡᠷᠮᠢᠴᠡ ᠳᠠᠪᠠᠭᠤᠯᠢᠭ᠎ᠲᠠᠶ ᠪᠥᠭᠡᠳ ᠨᠡᠯᠢᠶᠡᠳ ᠰᠠᠢᠨ ᠠᠵᠤ ᠦᠶ᠋ᠯᠡᠰ᠎ᠦᠨ ᠰᠠᠭᠤᠷᠢ ᠪᠠ ᠨᠡᠯᠢᠶᠡᠳ ᠶᠡᠬᠡ ᠬᠥᠭ᠌ᠵᠢᠯᠲᠡ᠎ᠶ᠋ᠢᠨ ᠬᠡᠪᠴᠢᠶ᠎ᠡ᠎ᠵᠢ ᠪᠦᠷᠢᠯᠲᠦᠭᠦᠯᠵᠠᠢ᠃ ᠰᠠᠯᠬᠢᠨ ᠬᠦᠴᠦᠨ᠎ᠦ ᠴᠠᠬᠢᠯᠭᠠᠨ᠂ ᠬᠡᠷᠡᠯᠴᠢ ᠴᠡᠨᠡᠭ ᠵᠡᠷᠭᠡ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ᠎ᠶ᠋ᠢ ᠲᠦᠷᠭᠡᠨ ᠠᠬᠢᠭᠤᠯᠵᠤ᠂ ᠨᠢᠭᠡ ᠪᠦᠯᠦᠭ ᠮᠢᠩᠭᠠᠨ ᠲᠦᠮᠡᠨ ᠺᠢᠯᠦᠸᠠᠲ᠎ᠤᠨ ᠲᠠᠰ᠎ᠤᠨ ᠱᠢᠨ᠎ᠡ ᠡᠨᠧᠷᠭᠢ᠎ᠶ᠋ᠢᠨ ᠰᠠᠭᠤᠷᠢᠨ᠎ᠢ ᠬᠦᠴᠦᠯᠡᠨ ᠪᠠᠢᠭᠤᠯᠵᠤ᠂ ᠪᠥᠬᠥ᠌ ᠤᠯᠤᠰ᠎ᠲᠤ ᠱᠢᠨ᠎ᠡ ᠡᠨᠧᠷᠭᠢ᠎ᠪᠡᠷ ᠭᠤᠤᠯ ᠴᠣᠭ᠍ᠴᠠ ᠪᠣᠯᠭᠠᠭ᠍ᠰᠠᠨ ᠡᠨᠧᠷᠭᠢ᠎ᠶ᠋ᠢᠨ ᠬᠠᠩᠭᠠᠯᠭ᠎ᠠ᠎ᠶ᠋ᠢᠨ ᠱᠢᠰᠲ᠋ᠧᠮ᠎ᠢ ᠤᠷᠢᠳ᠎ᠢᠶᠠᠷ ᠪᠠᠢᠭᠤᠯᠵᠤ᠂ ᠱᠢᠨ᠎ᠡ ᠡᠨᠧᠷᠭᠢ᠎ᠪᠡᠷ ᠭᠤᠤᠯ ᠴᠣᠭ᠍ᠴᠠ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢ ᠤᠷᠢᠳ᠎ᠢᠶᠠᠷ ᠪᠠᠢᠭᠤᠯᠵᠤ᠂ 2025 ᠤᠨ ᠪᠣᠯᠬᠤ᠎ᠳᠤ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠶ᠋ᠢ ᠢᠯᠴᠢ᠎ᠶ᠋ᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠡᠴᠡ ᠳᠠᠪᠠᠭᠤᠯᠵᠤ᠂ 2030 ᠣᠨ᠎ᠳᠤ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ᠎ᠶ᠋ᠢ ᠢᠯᠴᠢ᠎ᠶ᠋ᠢᠨ ᠴᠠᠬᠢᠯᠭᠠᠨ᠎ᠤ ᠶᠡᠷᠦᠩᠬᠡᠶ ᠬᠡᠮᠵᠢᠶ᠎ᠡ᠎ᠡᠴᠡ ᠳᠠᠪᠠᠭᠤᠯᠬᠤ᠎ᠵᠢ ᠪᠠᠲᠤᠯᠠᠵᠦ᠂ ᠴᠢᠯᠠᠭᠤᠵᠢᠮᠠᠯ ᠡᠨᠧᠷᠭᠢ᠎ᠶ᠋ᠢᠨ ᠲᠣᠮᠣ ᠣᠷᠣᠨ᠎ᠠᠴᠠ ᠴᠡᠪᠡᠷ ᠡᠨᠧᠷᠭᠢ᠎ᠶ᠋ᠢᠨ ᠲᠣᠮᠣ ᠣᠷᠣᠨ ᠳᠠᠢᠰᠢ ᠬᠤᠪᠢᠷᠠᠭᠤᠯᠬᠤ᠎ᠶ᠋ᠢ ᠪᠡᠶᠡᠯᠡᠭᠦᠯᠦᠨ᠎ᠠ᠃ ᠱᠢᠨ᠎ᠡ ᠡᠨᠧᠷᠭᠢ᠎ᠶ᠋ᠢ ᠬᠥᠭ᠌ᠵᠢᠭᠦᠯᠬᠦ᠌᠎ᠳᠦ᠂ ᠡᠷᠬᠡᠪᠰᠢ ᠱᠢᠰᠲ᠋ᠧᠮ᠎ᠳᠦ ᠦᠵᠡᠯᠲᠡ᠂ ᠬᠡᠯᠬᠢᠶᠡᠵᠢᠭᠰᠡᠨ ᠰᠡᠳᠭᠢᠬᠦᠶ᠎ᠵᠢ ᠴᠢᠩᠭᠠᠳᠭᠠᠵᠤ᠂ 《ᠰᠠᠯᠬᠢ ᠬᠡᠷᠡᠯ᠎ᠦᠨ ᠡᠬᠢ ᠪᠠᠶᠠᠯᠢᠭ》 ᠢ᠋ ᠨᠡᠭᠡᠭᠡᠨ ᠬᠥᠭ᠌ᠵᠢᠭᠦᠯᠬᠦ᠌᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ ᠢᠵᠢ ᠪᠦᠷᠢᠳᠦᠭᠦᠯᠬᠦ᠌ ᠪᠠ ᠠᠬᠤᠶ ᠲᠠᠯᠠᠪᠠᠶ᠎ᠶ᠋ᠢᠨ ᠬᠡᠷᠡᠭ᠌ᠯᠡᠯᠲᠡ᠎ᠶ᠋ᠢ ᠥᠷᠭᠡᠳᠭᠡᠬᠦ᠌᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠣᠷᠭᠢᠯ᠎ᠤᠨ ᠦᠶ᠎ᠠ ᠵᠢᠨ ᠴᠠᠬᠢᠯᠭᠠᠨ ᠡᠭᠦᠰᠭᠡᠭ᠌ᠴᠢ ᠳ᠋ᠤ ᠲᠤᠬᠢᠷᠠᠭᠤᠯᠤᠯᠲᠠ ᠬᠢᠬᠦ᠂ ᠴᠠᠬᠢᠯᠭᠠᠨ ᠲᠤᠤᠷ᠎ᠤᠨ ᠲᠥᠬᠥᠭᠡᠷᠦᠮᠵᠢ ᠂ ᠡᠨᠧᠷᠭᠢ ᠬᠠᠳᠠᠭᠠᠯᠠᠬᠤ ᠲᠣᠨᠣᠭ᠍ᠯᠠᠯ᠂ ᠤᠰᠤᠲᠥ᠋ᠷᠥᠭ᠌ᠴᠢ ᠡᠨᠧᠷᠭᠢ᠎ᠶ᠋ᠢᠨ ᠲᠥᠷᠥᠯ ᠵᠦᠶ᠋ᠯ᠎ᠢ ᠨᠢᠭᠡᠳᠦᠯᠲᠡᠶ ᠲᠥᠯᠥᠪᠵᠢᠬᠦᠯᠦᠨ ᠪᠠᠢᠷᠢᠱᠢᠭᠤᠯᠵᠤ᠂ ᠱᠢᠨ᠎ᠡ ᠡᠨᠧᠷᠭᠢ᠎ᠶ᠋ᠢᠨ ᠲᠣᠨᠣᠭ ᠲᠥᠬᠥᠭᠡᠷᠦᠮᠵᠢ ᠦᠶ᠋ᠯᠡᠳᠬᠦ᠌ ᠦᠶ᠋ᠯᠡᠰ ᠪᠠ ᠲᠡᠭᠡᠭᠡᠪᠦᠷᠢᠯᠡᠨ ᠬᠠᠮᠠᠭᠠᠯᠠᠬᠤ ᠦᠶ᠋ᠯᠡᠴᠢᠯᠡᠭᠡᠨ᠎ᠦ ᠦᠶ᠋ᠯᠡᠰ᠎ᠢ ᠶᠡᠬᠡᠪᠡᠷ ᠬᠥᠭ᠌ᠵᠢᠭᠦᠯᠵᠦ᠍᠂ 《ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ》 ᠂ 《 ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠬᠤ》 ᠬᠠᠭᠤᠴᠢᠨ ᠵᠠᠮ᠎ᠢᠶᠠᠷ ᠳᠠᠭᠢᠵᠤ ᠶᠠᠪᠤᠵᠤ ᠪᠣᠯᠬᠤ ᠥᠬᠡᠶ᠃
ᠡᠨᠧᠷᠭᠢ᠎ᠶ᠋ᠢᠨ ᠪᠦᠲᠦᠴᠡ᠎ᠶ᠋ᠢ ᠲᠤᠬᠢᠷᠠᠭᠤᠯᠤᠨ ᠱᠢᠯᠢᠳᠡᠭ᠌ᠵᠢᠭᠦᠯᠬᠦ᠌᠎ᠳᠦ ᠡᠷᠬᠡᠪᠰᠢ ᠨᠡᠭᠦᠷᠡᠰᠦ ᠪᠣᠯ ᠮᠠᠨ᠎ᠤ ᠤᠯᠤᠰ᠎ᠤᠨ ᠭᠣᠣᠯ ᠡᠨᠧᠷᠭᠢᠪᠤᠯᠬᠤ ᠡᠨᠡ ᠬᠦ᠌ ᠪᠣᠳᠠᠲᠤ ᠪᠠᠢᠳᠠᠯ᠎ᠳᠤ ᠰᠠᠭᠤᠷᠢᠯᠠᠨ᠂ ᠱᠢᠨ᠎ᠡ ᠡᠨ᠋ᠸᠷᠬᠢ ᠪᠠᠷ ᠬᠠᠭᠤᠴᠢᠨ ᠡᠨᠧᠷᠭᠢ᠎ᠶ᠋ᠢ ᠣᠷᠣᠯᠠᠭᠤᠯᠬᠤ᠎ᠶ᠋ᠢ ᠴᠡᠭᠴᠡ᠎ᠲᠠᠶ ᠠᠬᠢᠭᠤᠯᠵᠤ᠂ ᠨᠡᠭᠦᠷᠡᠰᠦ ᠪᠠ ᠱᠢᠨ᠎ᠡ ᠡᠨᠧᠷᠭᠢ᠎ᠶ᠋ᠢᠨ ᠨᠡᠢᠯᠡᠯ᠎ᠢ ᠱᠢᠯᠢᠳᠡᠭ᠌ᠵᠢᠭᠦᠯᠦᠨ᠂ ᠡᠨᠧᠷᠭᠢ᠎ᠶ᠋ᠢ ᠠᠮᠤᠷ ᠲᠦᠪᠱᠢᠨ ᠲᠣᠭ᠍ᠲᠠᠭᠤᠨ᠎ᠢᠶᠠᠷ ᠬᠠᠩᠭᠠᠬᠤ ᠪᠠ ᠲᠣᠭ᠍ᠲᠠᠭᠤᠨ᠎ᠢᠶᠠᠷ ᠱᠢᠯᠵᠢᠬᠦ᠌᠎ᠶ᠋ᠢ ᠪᠠᠲᠤᠯᠠᠬᠤ ᠬᠡᠷᠡᠭᠲᠡᠢ᠃ ᠡᠬᠢ ᠪᠠᠶᠠᠯᠢᠭ᠎ᠢ ᠤᠨᠳᠤᠤᠰᠢᠭᠤᠯᠤᠨ ᠦᠷᠳᠡᠭ᠎ᠢ ᠨᠢ ᠨᠡᠮᠡᠭ᠌ᠳᠡᠭᠦᠯᠬᠦ᠌ ᠳᠡᠭᠡᠷ᠎ᠡ ᠦᠷᠭᠦᠯᠵᠢᠯᠡᠨ ᠬᠦᠴᠦ᠍ ᠲᠠᠯᠪᠢᠵᠤ᠂ ᠠᠵᠤ ᠦᠢᠯᠡᠰ᠎ᠦᠨ ᠬᠡᠯᠬᠢᠶ᠎ᠠ ᠵᠢ ᠤᠷᠲᠤᠳᠭᠠᠬᠤ᠂ ᠦᠷᠳᠡᠭ᠎ᠦᠨ ᠬᠡᠯᠬᠢᠶ᠎ᠡ᠎ᠶ᠋ᠢ ᠳᠡᠭᠡᠭ᠌ᠰᠢᠯᠡᠭᠦᠯᠬᠦ᠌ ᠪᠡᠷ ᠬᠦᠴᠦᠯᠠᠵᠤ᠂ ᠨᠡᠭᠦᠷᠡᠰᠦᠨ᠎ᠦ ᠠᠱᠢᠭ᠍ᠯᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭᠲᠡᠢ᠃ ᠬᠣᠪᠣᠷ ᠱᠢᠷᠣᠢ᠎ᠶ᠋ᠢᠨ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢᠨ ᠴᠢᠨᠠᠷᠲᠠᠢ ᠨᠡᠭᠡᠭᠡᠨ ᠠᠱᠢᠭ᠍ᠯᠠᠯᠲᠠ ᠂ ᠴᠢᠨᠠᠷ ᠰᠠᠢᠲᠠᠢ ᠠᠱᠢᠭ᠍ᠯᠠᠯᠲᠠ᠂ ᠵᠢᠷᠤᠮᠵᠢᠭ᠍ᠰᠠᠨ ᠬᠠᠮᠢᠶᠠᠷᠤᠯᠲᠠ᠎ᠶ᠋ᠢ ᠠᠬᠢᠭᠤᠯᠵᠤ᠂ ᠬᠣᠪᠣᠷ ᠱᠢᠷᠣᠢ᠎ᠶ᠋ᠢᠨ ᠠᠵᠤ ᠦᠢᠯᠡᠰ᠎ᠢ ᠨᠠᠷᠢᠯᠢᠬ᠍ᠵᠢᠭᠤᠯᠤᠨ ᠱᠢᠯᠢᠳᠡᠭ᠌ᠵᠢᠭᠦᠯᠵᠦ᠍ ᠬᠦᠴᠦᠷᠬᠡᠭ᠌ᠵᠢᠭᠦᠯᠬᠦ᠌ ᠬᠡᠷᠡᠭ᠌ᠲᠠᠢ᠃
ᠥᠪᠥᠷ ᠮᠣᠩᠭᠣᠯ ᠨᠢ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ ᠵᠡᠷᠭᠡ ᠭᠠᠵᠠᠷ᠎ᠤᠨ ᠡᠨᠧᠷᠭᠢ ᠬᠡᠷᠡᠭ᠌ᠯᠡᠬᠦ᠌ ᠬᠡᠷᠡᠭ᠌ᠴᠡᠭᠡ᠎ᠶ᠋ᠢ ᠪᠠᠲᠤᠯᠠᠬᠤ ᠴᠢᠬᠤᠯᠠ ᠶᠡᠬᠡ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠤᠢ᠃ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ ᠠᠷᠭ᠎ᠠ ᠪᠠᠷᠢᠯ᠎ᠢ ᠪᠦᠲᠦᠮᠵᠢᠲᠡᠢ ᠬᠡᠷᠡᠭ᠌ᠯᠡᠵᠦ᠍᠂ ᠡᠨᠧᠷᠭᠢ᠎ᠶ᠋ᠢᠨ ᠲᠣᠭ᠍ᠲᠠᠭᠤᠨ ᠨᠠᠢᠳᠠᠪᠤᠷᠢᠲᠠᠢ ᠬᠠᠩᠭᠠᠯᠭ᠎ᠠ᠎ᠶ᠋ᠢ ᠪᠠᠲᠤᠯᠠᠬᠤ ᠬᠡᠷᠡᠭ᠌ᠲᠡᠢ᠃ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ᠎ᠶ᠋ᠢ ᠴᠢᠩᠭᠠᠳᠭᠠᠬᠤ᠎ᠳᠤ ᠡᠷᠬᠡᠪᠰᠢ ᠠᠮᠢ ᠠᠬᠤᠢ᠎ᠶ᠋ᠢᠨ ᠤᠯᠠᠭᠠᠨ ᠱᠤᠭᠤᠮ ᠪᠠ ᠠᠮᠤᠷ ᠲᠦᠪᠱᠢᠨ᠎ᠦ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ ᠬᠠᠩᠭᠠᠯᠭ᠎ᠠ᠎ᠶ᠋ᠢ ᠪᠠᠲᠤᠯᠠᠬᠤ ᠨᠡᠷ᠎ᠡ᠎ᠪᠡᠷ ᠪᠠᠯᠠᠮᠠᠳ ᠪᠦᠳᠦᠭᠦᠯᠢᠭ ᠮᠠᠶᠢᠭ᠎ᠤᠨ ᠨᠡᠭᠡᠭᠡᠨ ᠬᠥᠭ᠌ᠵᠢᠭᠦᠯᠦᠯᠲᠡ ᠬᠢᠬᠦ᠌᠎ᠶ᠋ᠢ ᠴᠢᠩᠭ᠎ᠠ ᠰᠡᠷᠭᠡᠢᠯᠡᠵᠦ᠍᠂ ᠠᠶᠤᠯᠭᠦᠢ ᠦᠢᠯᠡᠳᠪᠦᠷᠢᠯᠡᠯ ᠨᠢ ᠪᠠᠷᠢᠮᠵᠢᠶ᠎ᠠ᠎ᠳᠤ ᠬᠦᠷᠬᠦ᠌ ᠦᠭᠡᠢ ᠨᠡᠭᠦᠷᠡᠰᠦᠨ ᠠᠭᠤᠷᠬᠠᠢ᠎ᠶ᠋ᠢᠨ 《ᠨᠡᠷ᠎ᠠ ᠠᠰᠢᠬᠯᠠᠨ ᠨᠡᠭᠡᠭᠡᠯᠳᠠ ᠬᠢᠬᠦ》 ᠶ᠋ᠢ ᠴᠢᠩᠭ᠎ᠠ ᠰᠡᠷᠭᠡᠢᠯᠡᠬᠦ᠌ ᠬᠡᠷᠡᠭ᠌ᠲᠡᠢ᠃
( 3 ᠰᠠᠷ᠎ᠠ᠎ᠶ᠋ᠢᠨ 5 ᠤ᠋ ᠡᠳᠦᠷ ᠤᠨ 《ᠠᠷᠠᠳ᠎ᠤᠨ ᠡᠳᠦᠷ᠎ᠦᠨ ᠰᠣᠨᠢᠨ》᠎ᠤ 10᠎ᠳᠤᠭᠠᠷ ᠨᠢᠭᠤᠷ ᠡᠴᠨ ᠰᠢᠯᠵᠢᠬᠦᠯᠪᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃