2022-03-06 10:02:32
— ᠶᠡᠷᠦᠡᠭᠬᠡᠢ ᠱᠦᠵᠢ ᠰᠢ ᠵᠢᠨ ᠫᠢᠡᠭ᠎ᠤᠨ ᠦᠪᠦᠷ ᠮᠤᠡᠭᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠦ ᠤᠷᠤᠯᠴᠠᠬᠤ ᠦᠶ᠎ᠡ ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠲᠤᠬᠠᠢ ᠨᠢᠭᠡᠨᠲᠡ ᠦᠭᠦᠯᠡᠬᠦ ᠨᠢ
ᠳᠣᠲᠣᠨᠣ ᠬᠠᠯᠠᠮᠵᠢᠯᠠᠯ ᠬᠥᠮᠦᠰ ᠤ᠋ᠨ ᠰᠡᠳᠭᠢᠯ᠎ᠢ ᠳᠤᠯᠠᠭᠠᠴᠠᠭᠤᠯᠵᠤ᠂ ᠴᠢᠩ ᠰᠡᠳᠭᠢᠯ ᠤ᠋ᠨ ᠨᠠᠢᠳᠠᠯᠭ᠎ᠠ ᠨᠢ ᠬᠥᠮᠦᠰ᠎ᠢ ᠡᠷᠡᠮᠡᠬᠡᠢᠯᠡᠨ ᠤᠷᠤᠭᠰᠢᠯᠠᠭᠤᠯᠤᠨ᠎ᠠ᠃ 3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠳᠣᠲᠣᠨᠣ᠎ᠪᠠᠷ ᠰᠣᠯᠢᠯᠴᠠᠵᠤ᠂ ᠬᠠᠯᠠᠮᠵᠢᠯᠠᠨ ᠠᠰᠠᠭᠤᠵᠤ᠂ ᠨᠠᠷᠢᠨ ᠨᠢᠮᠪᠠᠶ ᠵᠢᠭᠠᠨ ᠵᠢᠯᠣᠭᠣᠳᠴᠤ᠌᠂ ᠤᠷᠢᠬᠠᠨ ᠰᠠᠯᠬᠢ ᠥᠭ᠌ᠭᠢᠶᠡᠮᠦᠷ ᠬᠤᠷ᠎ᠠ ᠮᠡᠲᠦ᠍᠎ᠪᠡᠷ ᠰᠡᠳᠭᠢᠯ ᠵᠢᠷᠦᠬᠡ᠎ᠶ᠋ᠢ ᠤᠮᠳᠠᠯᠠᠵᠤ᠂ ᠪᠥᠬᠥ᠌ ᠣᠷᠣᠨ᠎ᠤ ᠦᠨᠳᠦᠰᠦᠲᠡᠨ᠎ᠨᠦᠭᠦᠳ ᠤ᠋ᠨ ᠠᠷᠠᠳ ᠲᠦᠮᠡᠨ᠎ᠳᠦ ᠬᠠᠢᠷ᠎ᠠ ᠬᠠᠯᠠᠮᠵᠢ ᠬᠦᠷᠲᠡᠭᠡᠵᠦ᠍᠂ ᠤᠷᠮ᠎ᠠ ᠵᠣᠷᠢᠭ᠎ᠢ ᠬᠦᠭᠵᠢᠭᠡᠵᠦ᠂ ᠢᠲᠡᠭᠡᠯ ᠵᠣᠷᠢᠭ᠎ᠢ ᠬᠥᠪᠴᠢᠯᠡᠵᠦ᠍᠂ ᠬᠥᠳᠡᠯᠭᠡᠬᠦ᠌ ᠬᠦᠴᠦᠨ᠎ᠢ ᠳᠠᠬᠢᠨ᠎ᠢᠶᠠᠷ ᠨᠡᠮᠡᠭ᠌ᠳᠡᠭᠦᠯᠪᠡ᠃
ᠤᠮᠠᠷᠠᠲᠤ ᠬᠢᠯᠢ᠎ᠲᠡᠶ ᠰᠡᠳᠭᠢᠯ ᠵᠢᠷᠦᠬᠡ᠎ᠪᠡᠨ ᠬᠣᠯᠪᠣᠵᠤ᠂ ᠲᠠᠯ᠎ᠠ ᠨᠤᠲᠤᠭ᠎ᠲᠤ ᠬᠠᠢᠷ᠎ᠠ ᠰᠡᠳᠭᠢᠯᠭᠡ᠎ᠪᠠᠨ ᠠᠷᠭᠠᠮᠵᠢᠪᠠ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠦᠨᠳᠦᠰᠦᠲᠡᠨ᠎ᠨᠦᠭᠦᠳ ᠤ᠋ᠨ ᠠᠷᠠᠳ ᠲᠦᠮᠡᠨ᠎ᠢ ᠢᠮᠠᠭ᠍ᠲᠠ ᠭᠦᠨ ᠰᠠᠨᠠᠭᠠᠯᠵᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠶ᠋ᠯ ᠤ᠋ᠨ ᠠᠵᠢᠯ ᠦᠶ᠋ᠯᠡᠰ ᠤ᠋ᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ᠂ 2 ᠤᠳᠠᠭ᠎ᠠ ᠪᠡᠶ᠎ᠡ᠎ᠪᠡᠷ᠎ᠢᠶᠡᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ ᠠᠵᠢᠯ ᠵᠢᠯᠣᠭᠣᠳᠤᠨ᠂ 5 ᠵᠢᠯ ᠳᠠᠷᠠᠭᠠᠯᠠᠨ ᠥᠪᠥᠷ ᠮᠣᠩᠭᠣᠯ᠎ᠤᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠵᠤ ᠂ ᠥᠪᠥᠷ ᠮᠣᠩᠭᠣᠯ᠎ᠤᠨ ᠪᠥᠬᠥ᠌ ᠲᠠᠯ᠎ᠠ ᠪᠠ ᠠᠯᠤᠰ ᠬᠡᠲᠦ ᠶ᠋ᠢᠨ ᠬᠥᠭ᠌ᠵᠢᠯᠲᠡ᠎ᠳᠦ ᠬᠣᠯᠪᠣᠭ᠍ᠳᠠᠬᠤ ᠴᠢᠬᠤᠯᠠ ᠠᠵᠢᠯ᠎ᠳᠤ ᠣᠯᠠᠨ ᠤᠳᠠᠭ᠎ᠠ ᠴᠢᠬᠤᠯᠠ ᠵᠢᠭᠠᠪᠤᠷᠢ ᠴᠣᠬᠣᠯᠠᠪᠤᠷᠢ ᠥᠭ᠌ᠴᠦ᠂ ᠥᠪᠥᠷ ᠮᠣᠩᠭᠣᠯ᠎ᠤᠨ ᠡᠯ᠎ᠡ ᠵᠦᠶ᠋ᠯ ᠤ᠋ᠨ ᠠᠵᠢᠯ ᠦᠶ᠋ᠯᠡᠰ ᠤ᠋ᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠤᠯᠬᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠬᠤ᠎ᠶ᠋ᠢ ᠬᠥᠲᠥᠯᠥᠨ ᠵᠢᠯᠣᠭᠣᠳᠴᠤ᠌ ᠠᠬᠢᠭᠤᠯᠪᠠ᠃ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠳᠣᠲᠣᠨᠣ ᠬᠠᠯᠠᠮᠵᠢᠯᠠᠯ ᠳᠣᠣᠷ᠎ᠠ᠂ ᠤᠮᠠᠷᠠᠲᠤ ᠬᠢᠯᠢ᠎ᠶ᠋ᠢᠨ ᠡᠬᠡ ᠭᠠᠵᠠᠷ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠴᠡᠴᠡᠭ᠌ᠯᠡᠨ ᠬᠥᠭ᠌ᠵᠢᠵᠦ᠍᠂ ᠤᠮᠠᠷᠠᠲᠤ ᠬᠢᠯᠢ᠎ᠶ᠋ᠢᠨ ᠬᠥᠪᠡᠭᠦᠳ ᠥᠬᠢᠳ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ ᠡᠷᠴᠢ ᠵᠣᠷᠢᠭ ᠲᠡᠭᠦᠯᠳᠡᠷ ᠪᠤᠯᠪᠠ᠃
ᠥᠪᠥᠷ ᠮᠣᠩᠭᠣᠯ᠎ᠤᠨ ᠡᠯ᠎ᠡ ᠲᠦᠷᠦᠯ ᠤ᠋ᠨ ᠠᠵᠢᠯ ᠦᠢᠯᠡᠰ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠵᠦ᠍ ᠴᠢᠳᠠᠭ᠍ᠰᠠᠨ᠎ᠤ ᠬᠠᠮᠤᠭ᠎ᠤᠨ ᠦᠨᠳᠦᠰᠦᠨ ᠵᠦᠢᠯ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠠᠢᠨ᠎ᠠ᠂ ᠰᠢ ᠵᠢᠨ ᠫᠢᠩ ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠂ ᠶᠡᠷᠦᠩᠬᠡᠢ ᠱᠦᠵᠢ ᠰᠢ ᠵᠢᠨ ᠫᠢᠩ ᠦᠪᠡᠷ᠎ᠤᠨ ᠪᠡᠶ᠎ᠡ᠎ᠪᠡᠷ᠎ᠢᠶᠡᠨ ᠥᠪᠥᠷ ᠮᠣᠩᠭᠣᠯ᠎ᠤᠨ ᠬᠦᠭᠵᠢᠯᠲᠡ ᠶ᠋ᠢᠨ ᠴᠢᠭ᠌ᠯᠡᠯ᠎ᠢ ᠲᠣᠭ᠍ᠲᠠᠭᠠᠵᠤ᠂ ᠵᠠᠮ᠎ᠢ ᠵᠢᠭᠠᠭᠰᠠᠨ᠎ᠳᠤ ᠪᠠᠢᠨ᠎ᠠ᠃ ᠪᠢᠳᠡ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠵᠦ᠍᠂ ᠥᠪᠥᠷ ᠮᠣᠩᠭᠣᠯ᠎ᠤᠨ ᠤᠴᠢᠷ ᠶᠠᠪᠤᠳᠠᠯ᠎ᠢ ᠰᠠᠢᠲᠤᠷ ᠬᠢᠬᠦ ᠶ᠋ᠢᠨ ᠬᠠᠮᠤᠭ᠎ᠤᠨ ᠦᠨᠳᠦᠰᠦᠨ ᠨᠢᠭᠡ ᠵᠦᠶ᠋ᠯ ᠪᠣᠯ ᠳᠠᠷᠤᠶ ᠢᠮᠠᠭ᠍ᠲᠠ ᠤᠬᠠᠮᠰᠠᠷ᠎ᠠᠴᠠ᠎ᠪᠠᠨ ᠨᠠᠮ᠎ᠤᠨ ᠲᠥᠪ ᠬᠣᠷᠢᠶ᠎ᠠ᠎ᠪᠡᠷ ᠪᠠᠷᠢᠮᠵᠢᠶ᠎ᠡ ᠪᠠ ᠴᠢᠭᠯᠡᠯ ᠪᠤᠯᠭᠠᠵᠤ᠂ 《ᠬᠣᠶᠠᠷ᠎ᠢ ᠲᠣᠭ᠍ᠲᠠᠭᠠᠬᠤ》 ᠶ᠋ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠶᠠᠪᠤᠳᠠᠯ ᠪᠣᠯᠤᠨ᠎ᠠ᠃
ᠦᠨᠳᠦᠰᠦᠲᠡᠨ᠎ᠦ ᠪᠦᠯᠬᠦᠮᠳᠡᠯ᠎ᠢ ᠶᠠᠷᠢᠬᠤ ᠨᠢ ᠦᠭᠡ ᠲᠤᠪᠴᠢ ᠤᠳᠬ᠎ᠠ ᠬᠦᠨ᠂ ᠦᠭᠡ ᠦᠨᠡᠨᠴᠢ ᠰᠡᠳᠬᠢᠯᠭᠡ ᠬᠦᠨ ᠶᠠᠪᠤᠳᠠᠯ ᠪᠤᠯᠤᠨ᠎ᠠ; ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠲᠠᠬᠤᠨ᠎ᠢ ᠶᠠᠷᠢᠬᠤ ᠨᠢ ᠬᠥᠮᠦᠰ᠎ᠢ ᠵᠣᠷᠢᠭ᠍ᠵᠢᠭᠤᠯᠵᠤ᠂ ᠡᠷᠡᠮᠡᠬᠡᠢᠯᠡᠨ ᠤᠷᠤᠭ᠍ᠰᠢᠯᠠᠭᠤᠯᠬᠤ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠠᠭᠤᠯᠤᠭ᠍ᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠢ᠂ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ᠂ ᠬᠠᠷᠠᠭᠠᠰᠤ ᠥᠷᠭᠡᠨ ᠪᠠᠢᠵᠤ᠂ ᠪᠦᠬᠦ᠌ ᠲᠠᠯ᠎ᠠ᠎ᠶ᠋ᠢᠨ ᠴᠢᠨᠠᠷᠲᠠᠢ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠴᠢᠬᠤᠯᠠ ᠶᠡᠬᠡ ᠠᠰᠠᠭᠤᠳᠠᠯ᠎ᠤᠨ ᠲᠤᠬᠠᠢ ᠭᠦᠨᠵᠡᠭᠡᠢ ᠪᠣᠳᠣᠯᠬᠢᠯᠠᠯ ᠠᠭᠤᠯᠤᠭ᠍ᠳᠠᠵᠤ᠂ ᠪᠢᠳᠡᠨ᠎ᠦ ᠱᠢᠨ᠎ᠡ ᠬᠥᠭ᠌ᠵᠢᠯᠲᠡ᠎ᠶ᠋ᠢᠨ ᠱᠠᠲᠤᠨ᠎ᠤ ᠡᠯ᠎ᠡ ᠵᠦᠢᠯ ᠤ᠋ᠨ ᠠᠵᠢᠯ᠎ᠢ ᠰᠠᠢᠲᠤᠷ ᠬᠢᠬᠦ᠌᠎ᠳᠦ ᠦᠵᠡᠯ ᠰᠠᠨᠠᠭᠠᠨ᠎ᠤ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠬᠠᠩᠭᠠᠵᠤ ᠂ ᠥᠪᠥᠷ ᠮᠣᠩᠭᠣᠯ᠎ᠤᠨ ᠬᠥᠭ᠌ᠵᠢᠯᠲᠡ᠎ᠳᠦ ᠬᠦᠴᠦᠷᠬᠡᠭ ᠶᠡᠬᠡ ᠤᠯᠤᠰ ᠲᠦᠷᠦ ᠶ᠋ᠢᠨ ᠬᠥᠳᠡᠯᠭᠡᠬᠦ᠌ ᠬᠦᠴᠦᠨ᠂ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠨᠡᠮᠡᠷᠢᠯᠡᠪᠡ᠃ ᠣᠷᠣᠨ ᠳᠠᠶᠠᠭᠠᠷ᠎ᠢᠶᠠᠨ ᠶᠡᠷᠦᠩᠬᠡᠶ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠡᠯ᠎ᠡ ᠲᠠᠯ᠎ᠠ ᠪᠤᠯᠤᠨ ᠪᠥᠬᠥ᠌ ᠶᠠᠪᠤᠴᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠥᠪᠥᠷ ᠮᠣᠩᠭᠣᠯ᠎ᠤᠨ ᠡᠯ᠎ᠡ ᠵᠦᠶ᠋ᠯ ᠤ᠋ᠨ ᠠᠵᠢᠯ ᠦᠶ᠋ᠯᠡᠰ ᠤ᠋ᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠬᠡᠷᠡᠭ᠌ᠲᠡᠶ᠃
《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠰᠢᠵᠢᠮ᠎ᠢ ᠴᠢᠩᠭ᠎ᠠ ᠠᠳᠭᠤᠬᠤ》 《ᠬᠢᠵᠢᠭ ᠤ᠋ᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ ᠤ᠋ᠨ ᠬᠥᠭ᠌ᠵᠢᠯᠲᠡ᠎ᠶ᠋ᠢᠨ ᠡᠯ᠎ᠡ ᠵᠦᠶ᠋ᠯ᠎ᠤ᠋ᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠬᠤ》《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤᠪᠤᠬᠢᠷᠳᠤᠯ ᠦᠬᠡᠢ ᠬᠦᠭᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠢ᠋ᠢᠡᠷ ᠭᠤᠢᠪᠢᠰᠢ ᠦᠬᠡᠢ ᠵᠠᠮᠨᠠᠬᠤ》 ᠂ 《 ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠂ ᠡᠨᠧᠷᠬᠢ ᠢ᠋ᠢᠨ ᠠᠮᠤᠷ ᠲᠦᠪᠰᠢᠨ ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ ᠤ᠋ᠨ ᠠᠮᠤᠷ ᠲᠦᠪᠱᠢᠨ᠎ᠦ ᠴᠢᠬᠤᠯᠠ ᠶᠡᠬᠡ ᠤᠯᠤᠰ ᠲᠦᠷᠦ ᠶ᠋ᠢᠨ ᠬᠠᠷᠢᠭᠤᠴᠠᠯᠭ᠎ᠠ ᠢ᠋ᠢ ᠦᠨᠡᠨ ᠬᠦ᠌ ᠬᠦᠢᠴᠡᠳᠭᠡᠬᠦ》 ᠁ ᠪᠢᠳᠡ ᠶᠡᠷᠦᠩᠬᠡᠢ ᠱᠦᠵᠢ᠎ᠶ᠋ᠢᠨ ᠬᠠᠢᠷ᠎ᠠ ᠬᠠᠯᠠᠮᠵᠢ ᠪᠠ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠭᠦᠨᠵᠡᠭᠡᠢ ᠤᠢᠯᠠᠭᠠᠵᠤ ᠂ ᠶᠡᠷᠦᠩᠬᠡᠢ ᠱᠦᠵᠢ᠎ᠶ᠋ᠢᠨ ᠴᠢᠩ ᠰᠡᠳᠭᠢᠯ ᠤ᠋ᠨ ᠰᠤᠷᠭᠠᠯ ᠪᠤᠯᠤᠨ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠳᠠᠬᠢ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠳᠤ ᠡᠭᠦᠷᠭᠡ᠎ᠶ᠋ᠢ ᠪᠠᠲᠤ ᠡᠬᠦᠷᠭᠡᠯᠡᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ ᠤ᠋ᠨ ᠺᠠᠳ᠋ᠷ ᠣᠯᠠᠨ ᠲᠦᠮᠡᠨ ᠤ ᠠᠭᠤᠤ ᠶᠡᠬᠡ ᠡᠬᠡ ᠤᠯᠤᠰ᠎ᠢᠶᠠᠨ ᠬᠠᠮᠲᠤ᠎ᠪᠠᠷ ᠪᠦᠲᠦᠭᠡᠨ ᠪᠠᠢᠭᠤᠯᠬᠤ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠬᠤ ᠠᠤᠭ᠎ᠠ ᠶᠡᠬᠡ ᠬᠦᠴᠦᠨ ᠢ᠋ ᠨᠢᠭᠳᠠᠷᠠᠭᠤᠯᠵᠤ᠂ ᠱᠢᠨ᠎ᠡ ᠴᠠᠭ ᠦᠶ᠎ᠡ᠎ᠳᠦ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠤᠭ᠍ᠰᠠᠨ ᠠᠮᠢᠳᠤᠯᠢᠭ ᠦᠢᠯᠡᠳᠦᠯᠭᠡ ᠪᠣᠯᠤᠨ ᠡᠯᠪᠡᠭ ᠪᠠᠶᠠᠯᠢᠭ ᠦᠷ᠎ᠡ ᠪᠦᠲᠦᠭᠡᠯ᠎ᠢᠶᠡᠷ ᠢ᠋ᠢᠡᠨ ᠶᠡᠷᠦᠩᠬᠡᠢ ᠱᠦᠵᠢ ᠪᠣᠯᠤᠨ ᠨᠠᠮ᠎ᠤᠨ ᠲᠥᠪ ᠬᠣᠷᠢᠶᠠᠨ᠎ᠤ ᠬᠠᠢᠷ᠎ᠠ ᠬᠠᠯᠠᠮᠵᠢ᠎ᠶ᠋ᠢ ᠬᠠᠷᠢᠭᠤᠯᠬᠤ ᠬᠡᠷᠡᠭᠳᠡᠢ᠃
ᠴᠠᠬ ᠦᠶ᠎ᠡ ᠡᠴᠡ ᠣᠯᠭᠣᠬᠰᠠᠨ ᠡᠬᠦᠷᠭᠡ ᠬᠠᠷᠢᠭᠣᠴᠠᠯᠭ᠎ᠠ ᠢᠷᠠᠭᠣ ᠠᠯᠲᠠᠷ ᠲᠠᠢ ᠪᠦᠭᠡᠳ ᠦᠩᠭᠡ ᠭᠡᠷᠡᠯ ᠲᠠᠢ᠂ ᠶᠡᠷᠦᠩᠬᠡᠢ ᠱᠦᠵᠢ᠎ᠶᠢᠨ ᠨᠠᠢᠲᠠᠬᠰᠠᠨ ᠨᠠᠢᠳᠠᠯᠭ᠎ᠠ ᠬᠠᠯᠠᠭᠣᠨ ᠲᠣᠲᠣᠨᠣ ᠪᠦᠭᠡᠳ ᠬᠦᠨ ᠵᠣᠵᠠᠭᠠᠨ ᠶᠣᠮ᠃ ᠦᠨᠦᠲᠦᠷ ᠣᠮᠠᠷᠠᠲᠣ ᠬᠢᠯᠢ ᠵᠢᠨ ᠬᠦᠪᠡᠬᠦᠳ ᠦᠬᠢᠳ ᠣᠯᠠᠮ ᠶ᠋ᠢᠡᠷ 《ᠦᠪᠦᠷ ᠮᠣᠩᠭᠣᠯ ᠡᠴᠡ ᠬᠠᠯᠢᠨ ᠲᠠᠪᠠᠵᠦ ᠦᠪᠦᠷ ᠮᠣᠩᠭᠣᠯ᠎ᠢ ᠬᠠᠷᠠᠬᠣᠢ》 ᠬᠠᠷᠠᠴᠠ ᠪᠡᠷ ᠬᠦᠴᠢᠷ᠎ᠢ ᠲᠠᠪᠠᠨ ᠴᠣᠴᠠᠯᠲᠠ ᠦᠭᠡᠢ ᠣᠷᠣᠬᠰᠢᠯᠠᠬᠣ ᠡᠷᠴᠢ ᠵᠣᠷᠢᠬ ᠪᠣᠯᠣᠨ ᠢᠲᠡ ᠬᠦᠴᠦᠨᠶ᠋ᠢᠡᠨ ᠣᠯᠠᠮ ᠶ᠋ᠢᠡᠷ ᠡᠷᠴᠢᠯᠡᠵᠦ᠂ ᠮᠦᠷᠦᠨ ᠲᠡᠭᠡᠷ᠎ᠡ ᠲᠠᠯᠪᠢᠬᠲᠠᠬᠰᠠᠨ ᠴᠢᠬᠣᠯᠠ ᠶᠡᠬᠡ ᠬᠠᠷᠢᠭᠣᠴᠠᠯᠭ᠎ᠠ ᠪᠣᠯᠣᠨ ᠢᠷᠠᠭᠣ ᠠᠯᠲᠠᠷᠲᠣ ᠡᠬᠦᠷᠭᠡ ᠪᠠᠨ ᠪᠡᠶᠡᠯᠡᠬᠦᠯᠬᠦ ᠲᠣᠮᠲᠠ᠂ ᠬᠡᠬᠦᠲᠡᠭ ᠴᠡᠭᠡᠵᠢᠨ ᠳ᠋ᠡᠭᠡᠨ 《ᠣᠯᠣᠰ᠎ᠤᠨ ᠶᠡᠬᠡ ᠶᠠᠪᠣᠲᠠᠯ》 ᠢ᠋ ᠪᠠᠬᠲᠠᠭᠠᠬᠣ ᠣᠬᠠᠮᠰᠠᠷ ᠪᠣᠯᠣᠨ ᠬᠠᠷᠢᠭᠣᠴᠠᠯᠭ᠎ᠠ ᠪᠠᠨ ᠣᠯᠠᠮ ᠶ᠋ᠢᠡᠷ ᠪᠠᠲᠣᠳᠬᠠᠪᠠ᠃ ᠬᠦᠰᠡᠯ ᠨᠠᠢᠲᠠᠯᠭ᠎ᠠ ᠶᠢ ᠨᠢ ᠪᠠᠲᠣ ᠴᠡᠭᠡᠵᠢᠯᠡᠵᠦ᠂ ᠡᠬᠦᠷᠭᠡ ᠬᠠᠷᠢᠭᠣᠴᠠᠯᠭ᠎ᠠ ᠪᠠᠨ ᠵᠣᠷᠢᠬᠲᠠᠢ ᠡᠬᠦᠷᠭᠡᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠵᠢᠭᠠᠬᠰᠠᠨ ᠴᠢᠭᠯᠡᠯ ᠶ᠋ᠢᠡᠷ ᠭᠣᠢᠪᠢᠰᠢ ᠦᠭᠡᠢ ᠡᠷᠡᠯᠬᠡᠭᠯᠡᠨ ᠣᠷᠣᠬᠰᠢᠯᠠᠪᠠᠯ ᠪᠢᠲᠡ ᠰᠢᠨ᠎ᠡ ᠦᠢᠯᠡᠰ᠎ᠢ ᠪᠦᠲᠦᠭᠡᠵᠦ ᠂ ᠰᠢᠨ᠎ᠡ ᠠᠮᠵᠢᠯᠲᠠ᠎ᠶᠢ ᠴᠣᠬᠴᠠᠯᠠᠨ᠂ ᠡᠬᠡ ᠣᠯᠣᠰ᠎ᠤᠨ ᠣᠮᠠᠷᠠᠲᠣ ᠬᠢᠯᠢ᠎ᠶᠢᠨ ᠦᠵᠡᠮᠵᠢ᠎ᠶᠢᠨ ᠣᠷᠣᠨ ᠶ᠋ᠢᠡᠨ ᠣᠯᠠᠮ ᠦᠵᠡᠰᠬᠦᠯᠡᠩ᠎ᠳᠤ ᠰᠠᠢᠬᠠᠨ ᠪᠣᠯᠭᠠᠨ ᠪᠦᠲᠦᠭᠡᠨ ᠪᠠᠢᠭᠣᠯᠵᠦ᠂ ᠰᠢᠨ᠎ᠡ ᠴᠠᠬ ᠦᠶ᠎ᠡ᠎ᠶᠢᠨ ᠦᠪᠦᠷ ᠮᠣᠩᠭᠣᠯ᠎ᠤᠨ ᠴᠢᠨᠠᠷ ᠰᠠᠢᠲᠠᠢ ᠬᠦᠭᠵᠢᠯᠲᠡ᠎ᠶᠢᠨ ᠰᠢᠨ᠎ᠡ ᠬᠠᠭᠣᠲᠠᠰᠣᠶᠢ ᠪᠢᠴᠢᠭᠯᠡᠵᠦ ᠴᠢᠳᠠᠬᠣ ᠨᠢ ᠯᠠᠪᠳᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃