2022-03-06 09:37:29
3 ᠰᠠᠷ᠎ᠠ᠎ᠶ᠋ᠢᠨ 5᠎ᠤ᠋ ᠦᠳᠡ᠎ᠶ᠋ᠢᠨ ᠡᠮᠦᠨ᠎ᠡ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠲᠥᠷᠥ᠎ᠶ᠋ᠢᠨ ᠶᠠᠪᠤᠳᠠᠯ᠎ᠤᠨ ᠬᠣᠷᠢᠶᠠᠨ ᠤ᠋ ᠶᠡᠷᠦᠩᠬᠡᠶ ᠰᠠᠢᠳ ᠯᠢ ᠺᠸ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠠ᠃ ᠡᠨᠡ ᠡᠲᠤᠷ ᠲᠤᠰ ᠰᠤᠨᠢᠨ 《ᠵᠠᠰᠠᠬ᠎ᠤᠨ ᠤᠷᠲᠤᠨ᠎ᠤ ᠠᠵᠢᠯ᠎ᠤᠨ ᠢᠯᠡᠳᠬᠡᠯ ᠢ ᠲᠠᠢᠯᠬᠤᠢ》 ᠤᠨᠴᠠ ᠬᠡᠪᠯᠡᠯ ᠨᠠᠢᠲᠠᠯᠠᠵᠤ ᠂ ᠲᠠ ᠪᠥᠬᠥᠨ ᠤ ᠤᠢᠯᠠᠭᠠᠬᠤ ᠳᠤ ᠲᠥᠬᠥᠮ ᠬᠠᠨᠭᠭᠠᠬᠤ᠎ᠶᠢ ᠵᠤᠷᠢᠯ᠎ᠠ᠃

ᠨᠢᠭᠡ ᠂ 2021 ᠣᠨ᠎ᠤ ᠡᠷᠭᠢᠴᠡᠭᠦᠯᠦᠯ
ᠥᠩᠭᠡᠷᠡᠭ᠌ᠰᠡᠨ ᠨᠢᠭᠡ ᠵᠢᠯ ᠪᠣᠯ ᠨᠠᠮ ᠪᠠ ᠤᠯᠤᠰ᠎ᠤᠨ ᠲᠡᠦᠬᠡᠨ ᠳᠡᠭᠡᠷ᠎ᠠ ᠪᠡᠯᠭᠡ ᠲᠡᠮᠳᠡᠭ᠎ᠤᠨ ᠠᠴᠢ ᠬᠣᠯᠪᠣᠭ᠍ᠳᠠᠯ᠎ᠲᠠᠶ ᠨᠢᠭᠡ ᠵᠢᠯ ᠮᠥᠨ᠃ ᠰᠢ ᠵᠢᠨ ᠫᠢᠩ ᠨᠥᠬᠥᠷ᠎ᠢᠶᠡᠷ ᠭᠣᠣᠯᠯᠠᠭᠤᠯᠤᠬᠰᠠᠨ ᠨᠠᠮ᠎ᠤᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢ ᠦᠪᠡᠳᠡᠭ᠌ᠰᠢ ᠶᠡᠬᠡᠪᠡᠷ ᠪᠡᠯᠭᠡᠯᠡᠵᠦ᠍᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ ᠤ᠋ ᠵᠢᠷᠭᠤᠳᠤᠭᠠᠷ ᠪᠦᠬᠦᠳᠠ ᠬᠤᠷᠠᠯ᠎ᠢ ᠢᠯᠠᠯᠳᠠ᠎ᠲᠠᠶ ᠪᠡᠷ ᠬᠤᠷᠠᠯᠳᠤᠭᠤᠯᠵᠤ᠂ ᠨᠠᠮ᠎ᠤᠨ ᠭᠤᠷᠪᠠᠳᠤᠭᠠᠷ ᠲᠡᠦᠬᠡᠨ ᠱᠢᠢᠳᠪᠦᠷᠢ᠎ᠶ᠋ᠢ ᠲᠣᠭ᠍ᠲᠠᠭᠠᠵᠤ᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠦᠪ ᠰᠢᠢᠳᠪᠤᠷᠢᠯᠡᠬᠦ ᠳᠠᠢᠨ᠎ᠤ ᠢᠯᠠᠯᠲᠠ᠎ᠶ᠋ᠢ ᠣᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠵᠦ᠂ ᠨᠢᠭᠡᠳᠦᠭᠡᠷ ᠵᠠᠭᠤᠨ ᠵᠢᠯ᠎ᠦᠨ ᠲᠡᠮᠡᠴᠡᠯ ᠤ᠋ᠨ ᠬᠠᠷᠠᠯᠲᠠ᠎ᠶ᠋ᠢ ᠪᠡᠶᠡᠯᠡᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠪᠠ ᠬᠣᠶᠠᠳᠤᠭᠠᠷ ᠵᠠᠭᠤᠨ ᠵᠢᠯ᠎ᠦᠨ ᠲᠡᠮᠡᠴᠡᠯ᠎ᠤᠨ ᠬᠠᠷᠠᠯᠲᠠ ᠲᠡᠢᠰᠢ ᠤᠷᠤᠬᠰᠢᠯᠠᠬᠤ ᠱᠢᠨ᠎ᠡ ᠠᠶᠠᠯᠠᠯ᠎ᠢᠶᠠᠨ ᠡᠬᠢᠯᠡᠭᠦᠯᠪᠡ᠃
1. ᠨᠢᠭᠡ ᠵᠢᠯ᠎ᠤᠨ ᠲᠤᠷᠰᠢ᠂ ᠨᠠᠷᠢᠨ ᠪᠤᠳᠤᠯᠢᠶᠠᠨᠲᠠᠶ ᠪᠦᠭᠡᠳ ᠬᠦᠨᠳᠦ ᠬᠡᠴᠡᠭᠦᠦ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ ᠪᠣᠯᠤᠨ ᠣᠯᠠᠨ ᠠᠷᠪᠢᠨ ᠲᠦᠭ᠌ᠰᠢᠭᠦᠷᠢ ᠪᠠ ᠱᠢᠯᠭᠠᠯᠲᠠ᠎ᠶ᠋ᠢᠨ ᠡᠮᠦᠨ᠎ᠡ᠂ ᠪᠦᠬᠦ᠌ ᠤᠯᠤᠰ᠎ᠢᠶᠠᠷ᠎ᠢᠶᠠᠨ ᠬᠠᠮᠲᠤ᠎ᠪᠠᠷ ᠴᠢᠷᠮᠠᠢᠵᠤ᠂ ᠬᠢᠵᠢᠭ᠎ᠢ ᠰᠡᠷᠭᠡᠢᠯᠡᠨ ᠬᠢᠵᠠᠭᠠᠷᠯᠠᠬᠤ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠵᠦ᠍᠂ ᠪᠦᠬᠦ᠌ ᠵᠢᠯ᠎ᠤᠨ ᠭᠤᠤᠯ ᠭᠤᠤᠯ ᠬᠠᠷᠠᠯᠲᠠ ᠡᠭᠦᠷᠭᠡ᠎ᠶ᠋ᠢ ᠨᠡᠯᠢᠶᠡᠳ ᠰᠠᠢᠨ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ᠎ᠶ᠋ᠢᠨ ᠰᠠᠢᠨᠡᠬᠢᠯᠡᠯᠲᠡᠶ᠋ᠢᠪᠡᠶᠡᠯᠡᠭᠦᠯᠵᠦ᠍᠂ᠮᠠᠨᠤᠤᠯᠤᠰᠤᠨᠬᠥᠭ᠌ᠵᠢᠯᠲᠡᠪᠠᠰᠠ ᠱᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠤᠯᠪᠠ᠃
8.5%
— ᠠᠵᠤ ᠠᠬᠤᠢ ᠰᠡᠷᠭᠦᠯᠲᠡ ᠬᠥᠭ᠌ᠵᠢᠯᠲᠡ᠎ᠶ᠋ᠢ ᠪᠠᠲᠤᠯᠠᠪᠠ᠃ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠪᠦᠬᠦ᠌ ᠦᠷᠳᠡᠭ 114 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ 8.1% ᠪᠡᠷ ᠨᠡᠮᠡᠭ᠌ᠳᠡᠪᠡ᠃ ᠪᠦᠬᠦ᠌ ᠤᠯᠤᠰ᠎ᠤᠨ ᠡᠳ᠋᠎ᠦᠨ ᠵᠠᠰᠠᠭ᠎ᠤᠨ ᠣᠷᠣᠯᠭ᠎ᠠ 20 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ 10.7% ᠪᠡᠷ ᠨᠡᠮᠡᠭ᠌ᠳᠡᠪᠡ᠃ ᠬᠣᠲᠠ ᠪᠠᠯᠭᠠᠰᠤᠨ᠎ᠤ ᠠᠵᠢᠯ ᠤᠯᠤᠬᠰᠠᠨ ᠬᠦᠮᠦᠨ 1269 ᠲᠦᠮᠡ ᠱᠢᠨ᠎ᠡ᠎ᠪᠡᠷ ᠨᠡᠮᠡᠭᠳᠡᠵᠦ᠂ ᠬᠣᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ ᠳᠤᠮᠳᠠᠴᠢ᠎ᠪᠠᠷ 5.1% ᠪᠤᠯᠪᠠ᠃ ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠦᠨ᠎ᠡ 0.9% ᠪᠡᠷ ᠦᠰᠪᠡ᠃
15.5%
— ᠱᠢᠨ᠎ᠡ᠎ᠶ᠋ᠢ ᠡᠭᠦᠳᠬᠦ᠌ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠬᠦᠴᠦᠨ ᠲᠦᠷᠭᠡᠨ ᠵᠢᠡᠷ ᠪᠤᠵᠠᠭᠠᠢᠷᠠᠪᠠ᠃ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ ᠴᠢᠬᠤᠯᠠ ᠠᠬᠢᠯᠲᠠ᠎ᠲᠠᠶ ᠪᠣᠯᠵᠤ ᠂ ᠬᠥᠮᠦᠨ ᠰᠠᠭᠤᠯᠭᠠᠬᠰᠠᠨ ᠰᠠᠨᠰᠠᠷ᠎ᠤᠨ ᠠᠶᠠᠯᠠᠯ᠂ ᠭᠠᠯ ᠭᠠᠷᠠᠭ᠎ᠤ᠋ᠨ ᠬᠠᠢᠨ ᠬᠡᠮᠵᠢᠯᠳᠡ᠂ ᠡᠬᠢ ᠪᠠᠶᠠᠯᠢᠭ ᠤᠨ ᠬᠠᠢᠨ ᠱᠢᠨᠵᠢᠯᠡᠯᠳᠡ᠂ ᠡᠨᠧᠷᠭᠢ᠎ᠶ᠋ᠢᠨ ᠰᠤᠷᠪᠤᠯᠵᠢ᠎ᠶ᠋ᠢᠨ ᠢᠨᠵᠧᠨᠧᠷᠢᠩ ᠵᠡᠷᠭᠡ ᠬᠦᠷᠢᠶᠡᠨ᠎ᠳᠦ ᠱᠢᠨ᠎ᠡ ᠱᠢᠪᠲᠤᠯᠤᠯᠲᠠ ᠲᠠᠢ ᠪᠤᠯᠪᠠ᠃ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠵᠠᠷᠤᠳᠠᠯ 15.5% ᠪᠡᠷ ᠨᠡᠮᠡᠭ᠌ᠳᠡᠪᠡ᠃ ᠳ᠋ᠢᠵᠢᠲ᠋ᠠᠯ ᠮᠡᠷᠭᠡᠵᠢᠯ ᠪᠤᠯᠤᠨ ᠪᠣᠳᠠᠲᠤ ᠴᠣᠭ᠍ᠴᠠ᠎ᠶ᠋ᠢᠨ ᠠᠵᠤ ᠠᠬᠤᠢ ᠵᠢᠨ ᠠᠭᠤᠰᠤᠯᠴᠠᠭ᠎ᠠ ᠲᠦᠷᠭᠡᠰᠪᠡ᠃
18.2%
— ᠠᠵᠤ ᠠᠬᠤᠢ᠎ᠶ᠋ᠢᠨ ᠪᠦᠲᠦᠴᠡ ᠪᠠ ᠣᠷᠣᠨ ᠪᠦᠰᠡ᠎ᠶ᠋ᠢᠨ ᠪᠠᠢᠷᠢᠱᠢᠯ ᠦᠷᠭᠦᠯᠵᠢᠯᠡᠨ ᠱᠢᠯᠢᠳᠡᠭ᠌ᠵᠢᠪᠡ᠃ ᠠᠮᠤ ᠪᠤᠳᠠᠭᠠᠨ᠎ᠤ ᠤᠨᠠᠯᠲᠠ 1.37 ᠲᠦᠮᠡᠨ ᠳ᠋ᠦᠩᠱᠢᠭᠤᠷ ᠵᠢᠩ᠎ᠳᠦ ᠬᠦᠷᠴᠦ᠍᠂ ᠲᠡᠦᠬᠡᠨ ᠱᠢᠨ᠎ᠡ ᠲᠡᠮᠳᠡᠭ᠌ᠯᠡᠯ᠎ᠢ ᠡᠭᠦᠳᠪᠡ᠃ ᠳᠡᠭᠡᠳᠦ ᠮᠡᠷᠭᠡᠵᠢᠯ᠎ᠦᠨ ᠦᠢᠯᠡᠳᠬᠦ᠌ ᠦᠢᠯᠡᠰ᠎ᠦᠨ ᠨᠡᠮᠡᠭ᠌ᠳᠡᠯ ᠦᠷᠳᠡᠭ 18.2% ᠵᠢᠡᠷ ᠨᠡᠮᠡᠭ᠌ᠳᠡᠵᠦ᠍᠂ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠦᠢᠯᠡᠴᠢᠯᠡᠭᠡ ᠵᠡᠷᠭᠡ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ ᠨᠡᠯᠢᠶᠡᠳ ᠲᠦᠷᠭᠡᠨ ᠬᠥᠭ᠌ᠵᠢᠵᠦ᠍᠂ ᠠᠵᠤ ᠦᠢᠯᠡᠰ᠎ᠦᠨ ᠬᠡᠯᠬᠢᠶ᠎ᠡ᠎ᠶ᠋ᠢᠨ ᠤᠶᠠᠨ ᠬᠠᠳᠠᠨ ᠴᠢᠨᠠᠷ ᠳᠡᠭᠡᠭ᠌ᠰᠢᠯᠡᠪᠡ᠃ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠪᠦᠲᠦᠮᠵᠢᠲᠡᠢ ᠬᠡᠷᠡᠭ᠌ᠵᠢᠭᠦᠯᠵᠦ᠍᠂ ᠱᠢᠨ᠎ᠡ ᠬᠡᠯᠪᠡᠷᠢ᠎ᠶ᠋ᠢᠨ ᠬᠤᠳᠠ ᠪᠠᠯᠭᠠᠰᠤᠵᠢᠯᠳᠠ ᠯᠠᠪᠳᠠᠭᠤᠨ ᠵᠢᠡᠷ ᠠᠬᠢᠪᠠ᠃
21.4%
— ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠢᠷᠡᠪᠡ᠃ ᠴᠢᠬᠤᠯᠠ ᠬᠦᠷᠢᠶ᠎ᠡ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠨᠢᠭᠡ ᠪᠦᠯᠦᠭ ᠴᠢᠬᠤᠯᠠ ᠶᠡᠬᠡ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠲᠤᠬᠳᠠᠭᠠᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢ ᠠᠬᠢᠭᠤᠯᠪᠠ᠃ 《ᠪᠠᠭᠤᠯᠭᠠᠬᠤ ᠤᠶᠠᠯᠳᠤᠭᠤᠯᠬᠤ ᠰᠢᠯᠢᠳᠡᠭᠵᠢᠬᠦᠯᠬᠦ》 ᠥᠭᠡᠷᠡᠴᠢᠯᠡᠯᠲᠡ ᠱᠢᠨ᠎ᠡ ᠠᠬᠢᠯᠳᠠ᠎ᠲᠠᠶ ᠪᠣᠯᠪᠠ᠃ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠶᠡᠷᠦᠩᠬᠡᠶ ᠲᠤᠭ᠎ᠠ 1.5 ᠳ᠋ᠦᠩᠱᠢᠭᠤᠷ ᠡᠷᠦᠬᠡ᠎ᠶ᠋ᠢ ᠳᠠᠪᠠᠪᠠ᠃ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠴᠢᠨᠠᠷ ᠰᠠᠢᠲᠠᠶ ᠪᠠᠢᠭᠤᠯᠬᠤ᠎ᠶ᠋ᠢ ᠯᠠᠪᠳᠠᠭᠤᠨ᠎ᠢᠶᠠᠷ ᠠᠬᠢᠭᠤᠯᠪᠠ᠃ ᠣᠷᠣᠨ ᠪᠦᠰᠡ᠎ᠶ᠋ᠢᠨ ᠪᠦᠬᠦ᠌ ᠲᠠᠯ᠎ᠠ᠎ᠶ᠋ᠢᠨ ᠠᠵᠤ ᠠᠬᠤᠶ᠎ᠶ᠋ᠢᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠭᠡᠷ᠎ᠢ ᠬᠦᠴᠦᠨ᠎ᠲᠠᠢ ᠪᠤᠯᠭᠠᠵᠤ ᠬᠡᠷᠡᠭ᠌ᠵᠢᠭᠦᠯᠬᠦ᠌᠎ᠶ᠋ᠢ ᠠᠬᠢᠭᠤᠯᠪᠠ᠃ ᠡᠳ᠋ ᠪᠠᠷᠠᠭ᠎ᠠ᠎ᠶ᠋ᠢᠨ ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠳᠠ᠎ᠶ᠋ᠢᠨ ᠪᠦᠬᠦ᠌ ᠲᠤᠭ᠎ᠠ 21.4% ᠪᠠᠷ ᠨᠡᠮᠡᠭ᠌ᠳᠡᠵᠦ᠍᠂ ᠭᠠᠳᠠᠭᠠᠳᠤ ᠪᠡᠯᠡ᠎ᠶ᠋ᠢᠨ ᠪᠣᠳᠠᠲᠠᠶ ᠬᠡᠷᠡᠭ᠌ᠯᠡᠯᠲᠡ ᠨᠡᠮᠡᠭ᠌ᠳᠡᠯ᠎ᠢᠶᠠᠨ ᠪᠠᠲᠤᠯᠠᠪᠡ᠃
9.1%
— ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠦᠷᠭᠦᠯᠵᠢᠯᠡᠨ ᠠᠬᠢᠪᠠ᠃ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ ᠢ ᠭᠦᠨᠵᠡᠭᠡᠢ ᠥᠷᠨᠢᠭᠦᠯᠵᠦ᠍᠂ ᠭᠣᠣᠯ ᠭᠤᠤᠯ ᠪᠤᠬᠢᠷᠳᠤᠯ ᠪᠣᠳᠠᠰ᠎ᠤᠨ ᠭᠠᠳᠠᠭ᠍ᠰᠢᠯᠠᠭᠤᠯᠤᠯᠲᠠ᠎ᠶ᠋ᠢᠨ ᠬᠡᠮᠵᠢᠢ᠎ᠡ᠎ᠶ᠋ᠢ ᠦᠷᠭᠦᠯᠵᠢᠯᠡᠨ ᠪᠠᠭᠤᠷᠠᠭᠤᠯᠵᠤ᠂ ᠲᠤᠰᠭᠠᠢ ᠣᠷᠣᠨ᠎ᠤ ᠲᠡᠰ ᠵᠢᠴᠢ ᠲᠡᠭᠦᠨ᠎ᠡᠴᠡ ᠳᠡᠭᠡᠭ᠌ᠰᠢᠬᠢ ᠬᠣᠳᠠ᠎ᠶ᠋ᠢᠨ ᠵᠢᠵᠢᠭ ᠮᠥᠬᠥᠯᠢᠭ᠌ᠲᠦ ᠪᠣᠳᠠᠰ᠎ᠤᠨ ᠳᠤᠮᠳᠠᠴᠢ ᠥᠳᠭᠡᠴᠡ᠎ᠶ᠋ᠢ 9.1% ᠪᠡᠷ ᠪᠠᠭᠤᠷᠠᠭᠤᠯᠪᠠ᠃ ᠠᠨᠭᠬᠠᠨ᠎ᠤ ᠪᠦᠯᠦᠭ ᠤᠯᠤᠰ᠎ᠤᠨ ᠴᠡᠴᠡᠷᠯᠢᠭ ᠢ ᠵᠢᠩᠬᠢᠨᠢ᠎ᠪᠡᠷ ᠪᠠᠢᠭᠤᠯᠪᠠ᠃ ᠠᠮᠢ ᠠᠬᠤᠢ᠎ᠶ᠋ᠢᠨ ᠣᠷᠴᠢᠨ ᠨᠥᠬᠥᠴᠡᠯ᠎ᠦᠨ ᠶᠠᠰᠤ ᠴᠢᠨᠠᠷ ᠢᠯᠡᠳᠲᠡ ᠰᠠᠢᠵᠢᠷᠠᠪᠠ᠃
8.1%
— ᠠᠷᠠᠳ᠎ᠤᠨ ᠠᠮᠢᠳᠤᠷᠠᠯ᠎ᠤᠨ ᠲᠦᠪᠱᠢᠨ ᠲᠣᠭ᠍ᠲᠠᠭᠤᠨ᠎ᠢᠶᠠᠷ ᠳᠡᠭᠡᠭ᠌ᠰᠢᠯᠡᠪᠡ᠃ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 8.1% ᠪᠠᠷ ᠪᠣᠳᠠᠲᠠᠶ ᠨᠡᠮᠡᠭ᠌ᠳᠡᠪᠡ᠃ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠪᠡ᠃ ᠨᠠᠰᠤᠵᠢᠯ᠎ᠤᠨ ᠦᠨᠳᠦᠰᠦᠨ ᠠᠰᠠᠷᠠᠮᠵᠢ᠂ ᠦᠨᠳᠦᠰᠦᠨ ᠡᠮᠨᠡᠯᠭᠡ᠂ ᠨᠡᠢᠭᠡᠮ᠎ᠤᠨ ᠠᠪᠤᠷᠠᠨ ᠲᠤᠰᠠᠯᠠᠯᠲᠠ ᠵᠡᠷᠭᠡ ᠪᠠᠲᠤᠯᠠᠭ᠎ᠠ᠎ᠶ᠋ᠢᠨ ᠡᠷᠴᠢᠮ᠎ᠢ ᠴᠢᠩᠭᠠᠷᠠᠭᠤᠯᠪᠠ᠃ ᠰᠤᠷᠭᠠᠨ ᠬᠥᠮᠦᠵᠢᠯ᠎ᠤᠨ ᠥᠭᠡᠷᠡᠴᠢᠯᠡᠯᠲᠡ ᠬᠥᠭ᠌ᠵᠢᠯᠲᠡ ᠱᠢᠨ᠎ᠡ ᠠᠯᠬᠤᠮ᠎ᠢ ᠠᠯᠬᠤᠪᠠ᠃ ᠬᠤᠲᠠ ᠪᠠᠯᠭᠠᠰᠤᠨ᠎ᠤ 5.6 ᠲᠦᠮᠡᠨ ᠬᠠᠭᠤᠴᠢᠨ ᠰᠠᠭᠤᠭᠠᠯᠢ ᠲᠣᠭᠤᠷᠢᠭ᠎ᠢ ᠥᠭᠡᠷᠡᠴᠢᠯᠡᠨ ᠵᠠᠰᠠᠬᠤ ᠠᠵᠢᠯ᠎ᠢ ᠱᠢᠨ᠎ᠡ᠎ᠪᠠᠷ ᠡᠬᠢᠯᠡᠭᠦᠯᠦᠨ᠂ ᠮᠢᠩᠭ᠎ᠠ ᠱᠢᠬᠠᠮ ᠲᠦᠮᠡᠨ ᠭᠡᠷ ᠪᠦᠯᠢ᠎ᠳᠤ ᠠᠱᠢᠭ ᠬᠦᠷᠲᠡᠭᠡᠪᠡ᠃
85%
— ᠬᠢᠵᠢᠭ᠎ᠢ ᠰᠡᠷᠭᠡᠢᠯᠡᠨ ᠬᠢᠵᠠᠭᠠᠷᠯᠠᠬᠤ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ᠪᠠᠢᠩᠭᠤ᠎ᠶ᠋ᠢᠨ ᠴᠢᠨᠠᠷᠲᠠᠢ᠎ᠪᠠᠷ ᠰᠡᠷᠭᠡᠢᠯᠡᠨ ᠬᠢᠵᠠᠭᠠᠷᠯᠠᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠸᠠᠺᠼᠢᠨ᠎ᠤ ᠪᠦᠬᠦ᠌ ᠶᠠᠪᠤᠴᠠ᠎ᠶ᠋ᠢᠨ ᠲᠠᠷᠢᠯᠭ᠎ᠠ᠎ᠶ᠋ᠢᠨ ᠪᠦᠷᠬᠦᠴᠡ᠎ᠶ᠋ᠢᠨ ᠨᠣᠷᠮ᠎ᠠ 85% ᠶ᠋ᠢ ᠳᠠᠪᠠᠵᠤ᠂ ᠬᠡᠰᠡᠭ ᠭᠠᠵᠠᠷ ᠣᠷᠣᠨ᠎ᠤ ᠪᠦᠭᠡᠮᠨᠡᠷᠡᠯ᠎ᠤᠨ ᠱᠢᠨᠵᠢᠲᠡᠢ ᠬᠢᠵᠢᠭ᠎ᠤᠨ ᠪᠠᠢᠳᠠᠯ᠎ᠢ ᠴᠠᠭ ᠲᠤᠬᠠᠶ᠎ᠳᠤᠨᠢ ᠪᠦᠲᠦᠮᠵᠢᠲᠡᠶ ᠱᠢᠢᠳᠪᠦᠷᠢᠯᠡᠵᠦ᠍᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠪᠠᠲᠤᠯᠠᠵᠤ᠂ ᠦᠢᠯᠡᠳᠪᠦᠷᠢᠯᠡᠯ ᠠᠮᠢᠳᠤᠷᠠᠯ᠎ᠤᠨ ᠬᠡᠪ᠎ᠤᠨ ᠡᠮᠬᠢ ᠳᠢᠭ᠌ᠯᠢᠮ᠎ᠢ ᠬᠠᠮᠠᠭᠠᠯᠠᠪᠠ᠃
2. ᠥᠩᠭᠡᠷᠡᠭ᠌ᠰᠡᠨ ᠨᠢᠭᠡ ᠵᠢᠯ᠎ᠢ ᠡᠷᠭᠢᠴᠡᠭᠦᠯᠬᠦᠶ᠎ᠡ᠂ ᠠᠮᠵᠢᠯᠲᠠ ᠪᠦᠲᠦᠮᠵᠢ᠎ᠶ᠋ᠢ ᠲᠦᠢᠯ᠎ᠤᠨ ᠬᠢᠯᠪᠠᠷ ᠪᠤᠰᠤ᠎ᠪᠠᠷ ᠤᠯᠤᠭ᠍ᠰᠠᠨ ᠶᠤᠮ᠃ ᠮᠠᠨ᠎ᠤ ᠤᠯᠤᠰ᠎ᠤᠨ ᠠᠵᠤ ᠠᠬᠤᠶ ᠭᠡᠨᠡᠳᠲᠡ᠎ᠶ᠋ᠢᠨ ᠬᠢᠵᠢᠭ᠎ᠤᠨ ᠪᠠᠢᠳᠠᠯ ᠵᠡᠷᠭᠡ ᠬᠦᠨᠳᠦ ᠨᠣᠴᠢᠲᠠᠶ ᠳᠠᠭᠠᠷᠢᠯᠲᠠ᠎ᠶ᠋ᠢᠨ ᠳᠠᠷᠠᠭᠠᠬᠢ ᠰᠡᠷᠭᠦᠯᠲᠡ ᠬᠥᠭ᠌ᠵᠢᠯᠲᠡ᠎ᠶ᠋ᠢᠨ ᠶᠠᠪᠤᠴᠠ᠎ᠳᠤ ᠣᠷᠣᠱᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠳᠤ ᠪᠠᠰᠠ ᠮᠠᠰᠢ ᠤᠯᠠᠨ ᠱᠢᠨ᠎ᠡ ᠬᠤᠪᠢᠷᠠᠯᠲᠠ ᠭᠠᠷᠴᠤ᠌᠂ ᠠᠵᠤ ᠠᠬᠤᠶ᠎ᠶ᠋ᠢᠨ ᠲᠣᠭ᠍ᠲᠠᠭᠤᠨ ᠠᠵᠢᠯᠯᠠᠭ᠎ᠠ᠎ᠨᠢ ᠪᠠᠲᠤᠯᠠᠬᠤ ᠬᠦᠴᠢᠷᠳᠡᠯ ᠶᠡᠬᠡᠰᠴᠦ᠍ ᠪᠠᠢᠨ᠎ᠠ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ᠂ ᠲᠥᠪ᠎ᠤᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠶ ᠪᠦᠭᠡᠳ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ 《ᠵᠢᠷᠭᠤᠭ᠎ᠠ᠎ᠶ᠋ᠢ ᠲᠣᠭ᠍ᠲᠠᠭᠤᠨ ᠪᠠᠢᠯᠭᠠᠬᠤ》ᠪᠠ 《ᠵᠢᠷᠭᠤᠭ᠎ᠠ᠎ᠶ᠋ᠢ ᠪᠠᠲᠤᠯᠠᠬᠤ》 ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠦᠶᠡᠯᠡᠯ ᠠᠯᠤᠰᠯᠠᠬ᠍ᠰᠠᠨ ᠳᠤᠬᠢᠷᠠᠭᠤᠯᠤᠯᠳᠠ ᠪᠠ ᠦᠶᠡᠯᠡᠯ ᠦᠭ᠌ᠰᠦᠭᠦᠯᠦᠭ᠌ᠰᠡᠨ ᠲᠣᠬᠢᠷᠠᠭᠤᠯᠤᠯᠳᠠ᠎ᠶ᠋ᠢ ᠴᠢᠬᠤᠯᠠᠴᠢᠯᠠᠵᠤ᠂ ᠡᠯ᠎ᠡ ᠵᠦᠢᠯ᠎ᠤᠨ ᠲᠦᠭ᠌ᠰᠢᠭᠦᠷᠢ ᠱᠢᠯᠭᠠᠯᠲᠠ᠎ᠶ᠋ᠢ ᠪᠦᠲᠦᠮᠵᠢᠲᠡᠶ ᠠᠷᠭᠠᠴᠠᠭᠠᠵᠤ᠂ ᠭᠤᠤᠯᠳᠠᠭᠤ ᠳᠣᠤᠷᠠᠬᠢ ᠠᠵᠢᠯ᠎ᠤᠳ᠎ᠢ ᠬᠢᠪᠡ᠄
●ᠬᠤᠷᠸ᠎ᠠ ᠲᠦᠷᠦ᠍᠎ᠶ᠋ᠢᠨ ᠪᠤᠳᠤᠯᠭ᠎ᠠ᠎ᠶ᠋ᠢᠨ ᠦᠷᠭᠦᠯᠵᠢᠯᠡᠬᠦ᠌ ᠴᠢᠨᠠᠷ ᠪᠠ ᠬᠠᠨᠳᠤᠯᠭᠠᠲᠤ ᠴᠢᠨᠠᠷ᠎ᠢ ᠪᠠᠲᠤᠯᠠᠵᠤ᠂ ᠠᠵᠤ ᠠᠬᠤᠢ᠎ᠶ᠋ᠢᠨ ᠠᠵᠢᠯᠯᠠᠭᠠᠨ᠎ᠤ ᠵᠦᠶ ᠵᠣᠬᠢᠰᠲᠠᠶ ᠬᠡᠪᠴᠢᠶᠡᠨ᠎ᠳᠤ ᠶᠠᠪᠤᠬ᠍ᠳᠠᠬᠤ᠎ᠶ᠋ᠢ ᠠᠬᠢᠭᠤᠯᠪᠠ
●ᠠᠵᠤ ᠠᠬᠤᠢᠯᠠᠯ ᠳᠤ ᠬᠠᠪᠰᠤᠷᠤᠨ ᠬᠦᠴᠢᠷᠳᠡᠯ᠎ᠢ ᠱᠢᠶ᠋ᠳᠪᠦᠷᠢᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠦᠨ ᠨᠠᠢᠳᠠᠪᠤᠷᠢᠵᠢᠭᠤᠯᠵᠤ᠂ ᠠᠵᠤ ᠠᠬᠤᠶ᠎ᠶ᠋ᠢᠨ ᠰᠡᠷᠭᠦᠯᠲᠡ᠎ᠶ᠋ᠢᠨ ᠰᠠᠭᠤᠷᠢ᠎ᠶ᠋ᠢ ᠪᠡᠬᠢᠵᠢᠭᠦᠯᠪᠠ
●ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠨᠡᠭᠡᠭᠡᠯᠲᠡ᠎ᠶ᠋ᠢ ᠥᠷᠭᠡᠳᠭᠡᠵᠦ᠍᠂ ᠬᠤᠳᠠᠯᠳᠤᠭ᠎ᠠ ᠡᠵᠡᠨᠭᠨᠡᠬᠥ ᠣᠷᠴᠢᠨ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠪᠠ
●ᠱᠢᠨ᠎ᠡ᠎ᠶ᠋ᠢ ᠡᠭᠦᠳᠬᠦ᠌᠎ᠪᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠲᠣᠭ᠍ᠲᠠᠪᠤᠷᠢᠵᠢᠭᠤᠯᠪᠠ
●ᠬᠣᠲᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠵᠤ᠂ ᠠᠵᠤ ᠠᠬᠤᠢ᠎ᠶ᠋ᠢᠨ ᠪᠠᠢᠷᠢᠱᠢᠯ᠎ᠢ ᠲᠠᠰᠤᠷᠠᠯᠲᠠ ᠦᠭᠡᠢ ᠱᠢᠯᠢᠳᠡᠭ᠌ᠵᠢᠭᠦᠯᠪᠠ
●ᠠᠮᠢ ᠠᠬᠤᠢ ᠵᠢᠨ ᠣᠷᠴᠢᠨ ᠨᠦᠬᠦᠴᠠᠯ ᠤ᠋ᠨ ᠬᠠᠮᠠᠭᠠᠯᠠᠯᠲᠠ ᠶ᠋ᠢ ᠴᠢᠩᠭᠠᠳᠭᠠᠵᠤ᠂ ᠦᠷᠭᠦᠯᠵᠢᠯᠡᠬᠦ᠌ ᠬᠥᠭ᠌ᠵᠢᠯᠲᠡ ᠶ᠋ᠢ ᠠᠬᠢᠭᠤᠯᠪᠠ
●ᠠᠷᠠᠳ ᠤᠨ ᠠᠮᠢᠳᠤᠷᠠᠯ᠎ᠢ ᠬᠦᠴᠦᠯᠡᠨ ᠪᠠᠲᠤᠯᠠᠨ ᠰᠠᠢᠵᠢᠷᠠᠭᠤᠯᠵᠤ᠂ ᠨᠡᠢᠭᠡᠮ᠎ᠦᠨ ᠦᠢᠯᠡᠰ᠎ᠢ ᠲᠦᠷᠭᠡᠯᠠᠨ ᠬᠥᠭ᠌ᠵᠢᠭᠦᠯᠪᠠ
●ᠬᠠᠤᠯᠢ ᠪᠠᠷ ᠵᠠᠰᠠᠬᠤ ᠵᠠᠰᠠᠭ ᠤᠨ ᠣᠷᠳᠣᠨ᠎ᠤ ᠪᠠᠢᠭᠤᠯᠤᠯᠲᠠ ᠪᠠ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠯ ᠪᠠ ᠲᠣᠭ᠍ᠲᠠᠭᠤᠨ ᠪᠠᠢᠲᠠᠯ᠎ᠢ ᠪᠠᠲᠤᠯᠠᠪᠠ
ᠥᠩᠭᠡᠷᠡᠭ᠌ᠰᠡᠨᠨᠢᠭᠡᠵᠢᠯᠳᠦ ᠣᠯᠤᠭ᠍ᠰᠠᠨ ᠠᠮᠵᠢᠯᠲᠠ ᠪᠥᠲᠥᠮᠵᠢ ᠪᠣᠯ ᠰᠢ ᠵᠢᠨ ᠫᠢᠩ ᠨᠥᠬᠥᠷ᠎ᠢᠶᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠡᠷᠡᠰ ᠴᠢᠩᠭ᠎ᠠ ᠤᠲᠤᠷᠢᠲᠤᠬᠰᠠᠨᠤ ᠦᠷ᠎ᠡ ᠳ᠋ᠦᠩ ᠮᠥᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ ᠤ ᠱᠢᠨᠵᠢᠯᠡᠬᠦ᠌ ᠤᠬᠠᠭᠠᠨᠴᠢ ᠪᠠᠷ ᠵᠢᠯᠤᠭᠤᠳᠤᠭᠰᠠᠨᠤ ᠦᠷ᠎ᠡ ᠳ᠋ᠦᠩ ᠮᠥᠨ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ᠃
ᠬᠣᠶᠠᠷ᠂ 2022 ᠣᠨ ᠤ ᠪᠠᠷᠠᠯᠠᠯ
ᠭᠣᠣᠯ ᠵᠢᠱ᠌ᠢᠭ᠌ᠰᠡᠨ ᠬᠠᠷᠠᠯᠲᠠ ᠪᠣᠯ᠄
ᠤᠯᠤᠰ ᠤᠨ ᠳᠣᠲᠣᠭᠠᠳᠤ ᠶ᠋ᠢᠨ ᠦᠢᠯᠡᠳᠪᠦᠷᠢᠯᠡᠯ᠎ᠦᠨ ᠪᠥᠬᠥ ᠦᠷᠲᠡᠭ ᠢ 5.5% ᠣᠷᠴᠢᠮ ᠢᠶᠠᠷ ᠨᠡᠮᠡᠭ᠌ᠳᠡᠭᠦᠯᠦᠨ᠎ᠡ;ᠬᠣᠲᠠ ᠪᠠᠯᠭᠠᠰᠤᠨ ᠳ᠋ᠤ ᠠᠵᠢᠯ ᠤᠯᠤᠭᠰᠠᠨ ᠬᠦᠮᠤᠨ ᠤ ᠲᠤᠭ᠎ᠠ᠎ᠶᠢ 1100 ᠲᠦᠮᠡ᠎ᠡᠴᠡ ᠳᠡᠭᠡᠭ᠌ᠰᠢ ᠱᠢᠨ᠎ᠡ ᠪᠡᠷ ᠨᠡᠮᠡᠭᠲᠠᠬᠦᠯᠤᠨ᠂ ᠬᠣᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ ᠶ᠋ᠢᠨ ᠨᠣᠷᠮ᠎ᠠ᠎ᠶ᠋ᠢ ᠪᠦᠬᠦ᠌ ᠵᠢᠯ᠎ᠳᠦ 5.5% ᠶ᠋ᠢᠨ ᠳᠣᠲᠣᠷ᠎ᠠ ᠬᠢᠵᠠᠭᠠᠷᠯᠠᠨ᠎ᠠ; ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠦᠨ᠎ᠡ᠎ᠶ᠋ᠢᠨ ᠥᠰᠥᠯᠲᠡ᠎ᠵᠢᠨ ᠬᠡᠮᠵᠢᠶ᠎ᠡ ᠶ᠋ᠢ 3% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠢ ᠠᠵᠤ ᠠᠬᠤᠢ ᠶ᠋ᠢᠨ ᠨᠡᠮᠡᠭ᠌ᠳᠡᠯ ᠲᠡᠶ ᠦᠨᠳᠦᠰᠦᠨ᠎ᠳᠡᠭᠡᠨ ᠵᠢᠭᠳᠡ ᠪᠠᠢᠯᠭᠠᠨ᠎ᠠ; ᠭᠠᠳᠠᠭᠠᠳᠤ ᠣᠷᠣᠭᠤᠯᠤᠯᠲᠠ ᠪᠠ ᠭᠠᠲᠠᠭᠠᠲᠤ ᠭᠠᠷᠭᠠᠯᠲᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠤᠯᠤᠰ᠎ᠤᠨ ᠬᠣᠭᠣᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ᠎ᠳᠡᠭᠡᠨ ᠲᠡᠩᠴᠡᠭᠦᠷᠢᠲᠡᠢ ᠪᠠᠢᠯᠭᠠᠨ᠎ᠠ; ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠱᠢᠭᠤᠷ ᠵᠢᠩ ᠡᠴᠡ ᠳᠡᠭᠡᠭ᠌ᠰᠢ ᠪᠠᠢᠯᠭᠠᠨ᠎ᠠ; ᠠᠮᠢ ᠠᠬᠤᠢ ᠶ᠋ᠢᠨ ᠣᠷᠴᠢᠨ ᠨᠥᠬᠥᠴᠡᠯ᠎ᠦᠨ ᠶᠠᠰᠤ ᠴᠢᠨᠠᠷ ᠢ ᠦᠷᠭᠦᠯᠵᠢᠯᠡᠨ ᠰᠠᠢᠵᠢᠷᠠᠭᠤᠯᠵᠤ᠂ ᠭᠣᠣᠯ ᠭᠤᠤᠯ ᠪᠣᠬᠢᠷᠳᠤᠯ ᠪᠣᠳᠠᠰ᠎ᠤᠨ ᠭᠠᠳᠠᠭ᠍ᠰᠢᠯᠠᠭᠤᠯᠤᠯᠲᠠ ᠶ᠋ᠢ ᠦᠷᠭᠦᠯᠵᠢᠯᠡᠨ ᠪᠠᠭᠤᠷᠠᠭᠤᠯᠤᠨ᠎ᠠ ; ᠡᠨᠧᠷᠭᠢ ᠬᠣᠷᠣᠭ᠍ᠳᠠᠭᠤᠯᠬᠤ ᠬᠦᠴᠦᠯᠡᠴᠡ᠎ᠶ᠋ᠢᠨ ᠬᠠᠷᠠᠯᠲᠠ ᠶ᠋ᠢ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠨᠢᠭᠡᠳᠦᠯᠲᠡᠶ ᠲᠥᠯᠥᠪᠯᠡᠨ ᠬᠢᠨᠠᠨ ᠰᠢᠯᠭᠠᠬᠤ ᠪᠦᠬᠡᠳ ᠵᠤᠬᠢᠬᠤ ᠬᠠᠷᠢᠮᠠᠬᠠᠶ ᠴᠢᠨᠠᠷ ᠲᠠᠢ ᠪᠠᠢᠯᠭᠠᠨ᠎ᠠ᠂ ᠱᠢᠨ᠎ᠡ ᠪᠡᠷ ᠨᠡᠮᠡᠭ᠌ᠳᠡᠬᠦ᠌ ᠳᠠᠬᠢᠨ ᠡᠭᠦᠰᠴᠦ᠍ ᠪᠣᠯᠬᠤ ᠡᠨᠧᠷᠭᠢ ᠪᠤᠯᠤᠨ ᠲᠦᠭᠦᠬᠡᠶ ᠮᠠᠲ᠋ᠧᠷᠢᠶᠠᠯ᠎ᠤᠨ ᠡᠨᠧᠷᠭᠢ᠎ᠶ᠋ᠢᠨ ᠬᠡᠷᠡᠭ᠌ᠯᠡᠯᠲᠠ ᠶᠢ ᠡᠨ᠋ᠸᠷᠬᠢ ᠵᠢᠨ ᠬᠡᠷᠡᠭᠯᠡᠬᠡᠨ ᠤ ᠶᠡᠷᠦᠩᠬᠡᠶ ᠬᠡᠮᠵᠢᠶ᠎ᠡ᠎ᠶ᠋ᠢᠨ ᠬᠢᠵᠠᠭᠠᠷᠯᠠᠯ ᠳᠦ ᠣᠷᠣᠭᠤᠯᠬᠤ ᠥᠬᠡᠶ᠃
1. ᠬᠣᠷᠸ᠎ᠠ ᠠᠵᠤ ᠠᠬᠤᠶ᠎ᠶ᠋ᠢᠨ ᠶᠡᠬᠡ ᠲᠠᠯ᠎ᠠ ᠶ᠋ᠢ ᠬᠦᠴᠦᠯᠡᠨ ᠲᠣᠭ᠍ᠲᠠᠪᠤᠷᠢᠵᠢᠭᠤᠯᠵᠤ ᠂ ᠠᠵᠤ ᠠᠬᠤᠶ ᠶ᠋ᠢᠨ ᠠᠵᠢᠯᠯᠠᠭᠠᠨ ᠤ ᠵᠦᠶ ᠵᠣᠬᠢᠰᠲᠠᠶ ᠬᠡᠪᠴᠢᠶᠠᠨ᠎ᠳᠤ ᠶᠠᠪᠤᠬᠲᠠᠬᠤ ᠶᠢ ᠪᠠᠲᠤᠯᠠᠨ᠎ᠠ
2022 ᠣᠨ ᠤ ᠵᠠᠰᠠᠭ ᠤᠨ ᠤᠷᠳᠤᠨ ᠦ ᠠᠵᠢᠯ ᠤᠨ ᠡᠭᠦᠷᠭᠡ ᠄
ᠡᠳ᠋᠎ᠤᠨ ᠵᠠᠰᠠᠭ᠎ᠤᠨ ᠢᠳᠡᠪᠬᠢᠲᠡᠢ ᠲᠦᠷᠦ ᠵᠢᠨ ᠪᠤᠳᠤᠯᠭ᠎ᠠ ᠵᠢᠨ ᠦᠢᠯᠡᠳᠦᠯ ᠴᠢᠲᠠᠪᠤᠷᠢ ᠵᠢ ᠳᠡᠭᠡᠭᠰᠢᠯᠡᠭᠦᠯᠦᠨ᠎ᠡ
ᠵᠠᠰᠠᠭ ᠤᠨ ᠣᠷᠳᠣᠨ ᠤ ᠪᠡᠯᠡ ᠣᠷᠣᠭᠤᠯᠤᠯᠲᠠ᠎ᠶ᠋ᠢᠨ ᠪᠡᠯᠡ ᠮᠥᠩᠭᠥ ᠶ᠋ᠢ ᠰᠠᠢᠲᠤᠷ ᠬᠡᠷᠡᠭ᠌ᠯᠡᠵᠦ᠍᠂ ᠪᠦᠲᠦᠮᠵᠢᠲᠡᠢ ᠪᠡᠯᠡ ᠣᠷᠣᠭᠤᠯᠤᠯᠲᠠ ᠶ᠋ᠢ ᠥᠷᠭᠡᠳᠭᠡᠬᠦ᠌᠎ᠶ᠋ᠢ ᠳᠠᠢᠴᠢᠯᠠᠬᠤ ᠬᠡᠷᠡᠭ᠌ᠲᠡᠢ
ᠵᠠᠰᠠᠭ᠎ᠤᠨ ᠣᠷᠳᠣᠨ ᠨᠠᠷᠢᠯᠠᠵᠤ ᠠᠮᠢᠳᠤᠷᠠᠬᠤ ᠶ᠋ᠢ ᠪᠠᠷᠢᠮᠲᠠᠯᠠᠨ᠂ ᠨᠡᠩ ᠰᠠᠢᠲᠤᠷ ᠠᠷᠪᠢᠯᠠᠨ ᠭᠠᠮᠨᠠᠵᠤ ᠠᠷᠠᠳ ᠲᠦᠮᠡᠨ ᠢ ᠪᠠᠶᠠᠵᠢᠭᠤᠯᠬᠤ ᠬᠡᠷᠡᠭ᠌ᠲᠡᠢ
ᠵᠣᠭᠣᠰᠣᠨ᠎ᠤ ᠯᠠᠪᠳᠠᠭᠤᠨ ᠲᠦᠷᠦ᠍ ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠌ ᠡᠷᠴᠢᠮ᠎ᠢ ᠴᠢᠩᠭᠠᠷᠠᠭᠤᠯᠤᠨ᠎ᠠ
ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠲᠥᠷᠥ ᠶ᠋ᠢᠨ ᠪᠣᠳᠣᠯᠭ᠎ᠠ᠎ᠶ᠋ᠢ ᠴᠢᠩᠭᠠᠳᠭᠠᠨ᠎ᠠ
ᠠᠮᠤ ᠪᠤᠳᠠᠭ᠎ᠠ ᠪᠠ ᠡᠨᠧᠷᠭᠢ ᠶ᠋ᠢᠨ ᠰᠤᠷᠪᠤᠯᠵᠢ ᠵᠢᠨ ᠠᠮᠤᠷ ᠲᠦᠪᠱᠢᠨ ᠢ ᠦᠨᠡᠨ ᠬᠦ᠌ ᠪᠠᠲᠤᠯᠠᠨ᠎ᠠ
ᠬᠦᠨᠳᠦ ᠶᠡᠬᠡ ᠲᠦᠭᠰᠢᠭᠦᠷᠢ ᠵᠢ ᠰᠡᠷᠭᠡᠢᠯᠡᠨ ᠠᠷᠢᠯᠭᠠᠨ᠎ᠠ
2. ᠵᠠᠬ᠎ᠠ ᠳᠡᠯᠭᠡᠭᠦᠷ ᠦᠨ ᠪᠡᠶᠡᠴᠢ ᠴᠣᠭ᠍ᠴᠠ ᠶ᠋ᠢ ᠬᠦᠴᠦᠯᠡᠨ ᠲᠣᠭ᠍ᠲᠠᠪᠤᠷᠢᠵᠢᠭᠤᠯᠵᠤ ᠠᠵᠢᠯ ᠣᠯᠭᠣᠯᠲᠠ ᠶ᠋ᠢ ᠪᠠᠲᠤᠯᠠᠨ᠂ ᠬᠣᠷᠸ᠎ᠠ ᠲᠥᠷᠥ ᠶ᠋ᠢᠨ ᠪᠣᠳᠣᠯᠭ᠎ᠠ ᠶ᠋ᠢ ᠬᠡᠷᠡᠭ᠌ᠵᠢᠭᠦᠯᠬᠦ᠌ ᠡᠷᠴᠢᠮ ᠢ ᠴᠢᠩᠭᠠᠷᠠᠭᠤᠯᠤᠨ᠎ᠠ
ᠭᠠᠢᠯᠢ ᠰᠦᠢᠳᠭᠡᠯ ᠦᠨ ᠳᠡᠮᠵᠢᠯᠭᠡ ᠶ᠋ᠢᠨ ᠱᠢᠨ᠎ᠡ ᠬᠠᠮ ᠲᠦᠷᠦ᠍ ᠶ᠋ᠢᠨ ᠪᠤᠳᠤᠯᠭ᠎ᠠ ᠶ᠋ᠢ ᠬᠡᠷᠡᠭ᠌ᠵᠢᠭᠦᠯᠦᠨ᠎ᠡ
ᠪᠣᠳᠠᠲᠤ ᠴᠤᠭᠴᠠ ᠵᠢᠨ ᠠᠵᠤ ᠠᠬᠤᠢ᠎ᠳᠤ ᠦᠵᠡᠭᠦᠯᠬᠦ᠌ ᠮᠦᠩᠭᠦᠨ ᠭᠦᠢᠯᠭᠡᠭᠡᠨ᠎ᠤ ᠪᠦᠲᠦᠮᠵᠢᠲᠡᠢ ᠳᠡᠮᠵᠢᠯᠭᠡ᠎ᠶ᠋ᠢ ᠴᠢᠩᠭᠠᠳᠭᠠᠨ᠎ᠠ
ᠠᠵᠤ ᠠᠬᠤᠢᠯᠠᠯ ᠤᠨ ᠦᠢᠯᠡᠳᠪᠦᠷᠢᠯᠡᠯ ᠡᠵᠡᠩᠨᠡᠯᠲᠡ ᠶ᠋ᠢᠨ ᠥᠪᠡᠷ᠎ᠦᠨ ᠥᠷᠲᠡᠭ᠎ᠢ ᠪᠠᠭᠤᠷᠠᠭᠤᠯᠬᠤ ᠶ᠋ᠢ ᠠᠬᠢᠭᠤᠯᠤᠨ᠎ᠠ
ᠠᠵᠢᠯᠣᠯᠭᠣᠯᠲᠠᠶ᠋ᠢᠲᠤᠭᠲᠠᠭᠤᠨ ᠪᠠᠢᠯᠭᠠᠬᠤᠠᠷᠭᠠ ᠬᠡᠮᠵᠢᠶ᠎ᠡ ᠶ᠋ᠢ ᠪᠣᠳᠠᠲᠠᠶ ᠪᠦᠭᠡᠳ ᠨᠠᠷᠢᠯᠢᠭ ᠨᠠᠢᠳᠠᠪᠤᠷᠢᠵᠢᠭᠤᠯᠤᠨ᠎ᠠ
3.ᠥᠭᠡᠷᠡᠴᠢᠯᠡᠯᠲᠡ ᠶ᠋ᠢ ᠡᠷᠡᠰ ᠭᠤᠢᠪᠢᠰᠢ ᠦᠭᠡᠶ ᠭᠦᠨᠵᠡᠭᠡᠢᠷᠡᠭᠦᠯᠵᠦ᠍᠂ ᠵᠠᠬ᠎ᠠ ᠳᠡᠯᠭᠡᠭᠦᠷ ᠦᠨ ᠠᠮᠢᠵᠢᠷᠠᠯ ᠤᠨ ᠬᠦᠴᠦᠨ ᠪᠠ ᠬᠥᠭ᠌ᠵᠢᠯᠲᠡ ᠶ᠋ᠢᠨ ᠳᠣᠲᠣᠭᠠᠳᠤ ᠬᠥᠳᠡᠯᠭᠡᠭᠴᠢ ᠬᠦᠴᠦᠨ ᠢ ᠨᠡᠩ ᠶᠡᠬᠡ ᠪᠡᠷ ᠬᠥᠭ᠌ᠵᠢᠭᠡᠨ᠎ᠡ
ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶ᠋ᠢ ᠲᠦᠷᠭᠡᠯᠡᠨ ᠬᠤᠪᠢᠷᠠᠭᠤᠯᠤᠨ᠎ᠠ
ᠤᠯᠠᠨ ᠲᠦᠷᠦᠯ᠎ᠦᠨ ᠥᠮᠴᠢᠯᠡᠯ ᠦᠨ ᠠᠵᠤ ᠠᠬᠤᠢ ᠶ᠋ᠢᠨ ᠬᠠᠮᠲᠤ ᠪᠡᠷ ᠬᠦᠭᠵᠢᠬᠦ ᠵᠢ ᠠᠬᠢᠭᠤᠯᠤᠨ᠎ᠠ
ᠡᠳ᠋᠎ᠦᠨ ᠵᠠᠰᠠᠭ ᠭᠠᠢᠯᠢ ᠮᠥᠩᠭᠥᠨ ᠭᠦᠢᠯᠭᠡᠭᠡᠨ᠎ᠦ ᠪᠠᠢᠭᠤᠯᠤᠯ᠎ᠤᠨ ᠥᠭᠡᠷᠡᠴᠢᠯᠡᠯᠲᠡ ᠶ᠋ᠢ ᠠᠬᠢᠭᠤᠯᠤᠨ᠎ᠠ
4.ᠱᠢᠨ᠎ᠡ᠎ᠶ᠋ᠢ ᠡᠭᠦᠳᠬᠦ᠌᠎ᠪᠡᠷ ᠬᠦᠭᠵᠢᠯᠲᠡ ᠵᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ ᠶ᠋ᠢ ᠭᠦᠨᠵᠡᠭᠡᠶ ᠬᠡᠷᠡᠭ᠌ᠵᠢᠭᠦᠯᠵᠦ᠍᠂ ᠪᠣᠳᠠᠲᠤ ᠴᠤᠭᠴᠠ ᠵᠢᠨ ᠠᠵᠤ ᠠᠬᠤᠶ ᠶ᠋ᠢᠨ ᠰᠠᠭᠤᠷᠢ ᠶ᠋ᠢ ᠪᠡᠬᠢᠵᠢᠭᠦᠯᠦᠨ ᠪᠤᠵᠠᠭᠠᠢᠷᠠᠭᠤᠯᠤᠨ᠎ᠠ
ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠱᠢᠨ᠎ᠡ᠎ᠶ᠋ᠢᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠶ᠋ᠢ ᠤᠷᠮᠠᠱᠢᠭᠤᠯᠬᠤ ᠡᠷᠴᠢᠮ᠎ᠢ ᠴᠢᠩᠭᠠᠷᠠᠭᠤᠯᠤᠨ᠎ᠠ
ᠦᠢᠯᠡᠳᠬᠦ᠌ ᠦᠢᠯᠡᠰ᠎ᠦᠨ ᠭᠣᠣᠯᠯᠠᠬᠤ ᠦᠷᠢᠰᠦᠯᠳᠦᠬᠦ᠌ ᠬᠦᠴᠦᠨ᠎ᠢ ᠴᠢᠩᠭᠠᠷᠠᠭᠤᠯᠤᠨ᠎ᠠ
ᠳ᠋ᠢᠵᠢᠲ᠋ᠠᠯ ᠠᠵᠤ ᠠᠬᠤᠢ ᠶ᠋ᠢᠨ ᠬᠥᠭ᠌ᠵᠢᠯᠲᠡ ᠶ᠋ᠢ ᠠᠬᠢᠭᠤᠯᠤᠨ᠎ᠠ
5. ᠳᠣᠲᠣᠭᠠᠳᠤ ᠬᠡᠷᠡᠭ᠌ᠴᠡᠭᠡ ᠶ᠋ᠢ ᠥᠷᠭᠡᠳᠭᠡᠬᠦ᠌ ᠪᠠᠢᠯᠳᠤᠬᠤ ᠪᠣᠳᠣᠯᠭ᠎ᠠ ᠶ᠋ᠢ ᠡᠷᠡᠰ ᠬᠡᠷᠡᠭ᠌ᠵᠢᠭᠦᠯᠵᠦ᠍᠂ ᠣᠷᠣᠨ ᠪᠦᠰᠡ ᠶ᠋ᠢᠨ ᠵᠣᠬᠢᠴᠠᠩᠭᠤᠶ ᠬᠥᠭ᠌ᠵᠢᠯᠲᠡ ᠪᠠ ᠱᠢᠨ᠎ᠡ ᠮᠠᠶᠢᠭ ᠤᠨ ᠬᠣᠲᠠ ᠪᠠᠯᠭᠠᠰᠤᠵᠢᠯᠲᠠ ᠶ᠋ᠢ ᠠᠬᠢᠭᠤᠯᠤᠨ᠎ᠠ
ᠬᠡᠷᠡᠭ᠌ᠯᠡᠭᠡ ᠶ᠋ᠢᠨ ᠦᠷᠭᠦᠯᠵᠢᠯᠡᠨ ᠰᠡᠷᠭᠦᠬᠦ᠌ ᠶ᠋ᠢ ᠠᠬᠢᠭᠤᠯᠤᠨ᠎ᠠ
ᠪᠦᠲᠦᠮᠵᠢᠲᠡᠢ ᠪᠡᠯᠡ ᠣᠷᠣᠭᠤᠯᠤᠯᠲᠠ ᠶ᠋ᠢ ᠢᠳᠡᠪᠬᠢᠲᠡᠢ ᠪᠡᠷ ᠥᠷᠭᠡᠳᠭᠡᠨ᠎ᠡ
ᠣᠷᠣᠨ ᠪᠦᠰᠡ ᠶ᠋ᠢᠨ ᠬᠥᠭ᠌ᠵᠢᠯᠲᠡ ᠶ᠋ᠢᠨ ᠲᠡᠩᠴᠡᠭᠦᠷᠢᠲᠦ ᠴᠢᠨᠠᠷ ᠪᠠ ᠵᠤᠬᠢᠴᠠᠯᠲᠤ ᠴᠢᠨᠠᠷ ᠢ ᠴᠢᠩᠭᠠᠳᠭᠠᠨ᠎ᠠ
ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ
6. ᠲᠠᠷᠢᠶᠠᠯᠠᠩ ᠤᠨ ᠦᠶ᠋ᠯᠡᠳᠪᠦᠷᠢᠯᠡᠯ ᠢ ᠬᠦᠴᠦᠯᠡᠨ ᠰᠠᠢᠲᠤᠷ ᠠᠳᠭᠤᠵᠤ᠂ ᠬᠥᠳᠡᠭᠡ ᠲᠣᠰᠭᠣᠨ ᠢ ᠪᠥᠬᠥ᠌ ᠲᠠᠯ᠎ᠠ ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ
ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠢ ᠲᠤᠭᠲᠠᠪᠤᠷᠢᠵᠢᠭᠤᠯᠵᠤ ᠬᠠᠩᠭᠠᠯᠭ᠎ᠠ ᠶ᠋ᠢ ᠪᠠᠲᠤᠯᠠᠬᠤ ᠶ᠋ᠢ ᠴᠢᠩᠭᠠᠳᠭᠠᠨ᠎ᠠ
ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠥᠬᠥ᠌ ᠲᠠᠯ᠎ᠠ ᠪᠠᠷ ᠪᠡᠬᠢᠵᠢᠭᠦᠯᠦᠨ ᠥᠷᠭᠡᠳᠭᠡᠨ᠎ᠡ
ᠬᠥᠳᠡᠭᠡ ᠲᠣᠰᠭᠣᠨ ᠤ ᠥᠭᠡᠷᠡᠴᠢᠯᠡᠯᠲᠡ ᠬᠥᠭ᠌ᠵᠢᠯᠲᠡ ᠶ᠋ᠢ ᠯᠠᠪᠳᠠᠭᠤᠨ ᠪᠠᠲᠤᠲᠠᠢ ᠪᠠᠷ ᠠᠬᠢᠭᠤᠯᠤᠨ᠎ᠠ
7. ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ ᠶ᠋ᠢ ᠥᠷᠭᠡᠳᠭᠡᠵᠦ᠍᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶ᠋ᠢᠨ ᠲᠣᠭ᠍ᠲᠠᠭᠤᠨ ᠢᠶᠠᠷ ᠬᠥᠭ᠌ᠵᠢᠬᠦ᠌ ᠶ᠋ᠢ ᠠᠬᠢᠭᠤᠯᠤᠨ᠎ᠠ
ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ ᠪᠡᠷ ᠬᠡᠷᠡᠭ᠌ᠯᠡᠨ ᠭᠠᠳᠠᠭᠠᠳᠤ ᠠᠷᠠᠯᠵᠢᠶ᠎ᠠ ᠶ᠋ᠢ ᠲᠣᠭ᠍ᠲᠠᠪᠤᠷᠢᠵᠢᠭᠤᠯᠤᠨ᠎ᠠ
ᠭᠠᠳᠠᠭᠠᠳᠤ ᠪᠡᠯᠡ ᠶ᠋ᠢ ᠢᠳᠡᠪᠬᠢᠲᠡᠶ ᠠᠱᠢᠭ᠍ᠯᠠᠨ᠎ᠠ
《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠶ ᠬᠠᠮᠲᠤ ᠪᠠᠷ ᠪᠠᠢᠭᠤᠯᠤᠨ᠎ᠠ
ᠤᠯᠠᠨ ᠲᠠᠯᠠᠲᠤ ᠪᠠ ᠬᠣᠶᠠᠷ ᠲᠠᠯᠠᠲᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶ᠋ᠢ ᠭᠦᠨᠵᠡᠭᠡᠢᠷᠡᠭᠦᠯᠦᠨ᠎ᠡ
8. ᠠᠮᠢ ᠠᠬᠤᠶ ᠶ᠋ᠢᠨ ᠣᠷᠴᠢᠨ ᠨᠦᠬᠦᠴᠡᠯ ᠢ ᠦᠷᠭᠦᠯᠵᠢᠯᠡᠨ ᠰᠠᠢᠵᠢᠷᠠᠭᠤᠯᠵᠤ᠂ ᠪᠤᠬᠢᠷᠳᠤᠯ ᠦᠭᠡᠢ ᠪᠦᠭᠡᠳ ᠨᠡᠭᠦᠷᠡᠰᠦᠲᠥ᠋ᠷᠥᠭ᠌ᠴᠢ ᠪᠠᠭᠠᠲᠠᠢ ᠬᠥᠭ᠌ᠵᠢᠯᠲᠡ ᠶ᠋ᠢ ᠠᠬᠢᠭᠤᠯᠤᠨ᠎ᠠ
ᠠᠮᠢ ᠠᠬᠤᠢ᠎ᠶ᠋ᠢᠨ ᠣᠷᠴᠢᠨ ᠨᠥᠬᠥᠴᠡᠯ᠎ᠢ ᠶᠡᠷᠦᠩᠬᠡᠢᠯᠡᠭ᠌ᠰᠡᠨ ᠵᠠᠰᠠᠬᠤ᠎ᠶ᠋ᠢ ᠴᠢᠩᠭᠠᠳᠭᠠᠨ᠎ᠠ
ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ ᠶ᠋ᠢ ᠰᠠᠭᠠᠷᠮᠠᠭ᠍ᠵᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ
9. ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠢᠵᠢᠷᠠᠭᠤᠯᠵᠤ᠂ ᠨᠡᠢᠭᠡᠮ ᠦᠨ ᠵᠠᠰᠠᠯᠲᠠ᠎ᠶ᠋ᠢ ᠴᠢᠩᠭᠠᠳᠭᠠᠨ ᠱᠢᠨ᠎ᠡ ᠶ᠋ᠢ ᠡᠭᠦᠳᠦᠨ᠎ᠡ
ᠰᠤᠷᠭᠠᠨ ᠬᠥᠮᠦᠵᠢᠯ᠎ᠦᠨ ᠭᠣᠣᠯᠴᠢ ᠲᠡᠭᠰᠢ ᠪᠠᠢᠬᠤ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ ᠶ᠋ᠢ ᠠᠬᠢᠭᠤᠯᠤᠨ᠎ᠠ
ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠨᠡᠢᠭᠡᠮ ᠦᠨ ᠪᠠᠲᠤᠯᠠᠭ᠎ᠠ ᠪᠠ ᠦᠢᠯᠡᠴᠢᠯᠡᠭᠡ ᠶ᠋ᠢ ᠴᠢᠩᠭᠠᠳᠭᠠᠨ᠎ᠠ
ᠣᠯᠠᠨ ᠲᠦᠮᠡᠨ᠎ᠦ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢ ᠦᠷᠭᠦᠯᠵᠢᠯᠡᠨ ᠰᠠᠢᠲᠤᠷ ᠪᠠᠲᠤᠯᠠᠨ᠎ᠠ
ᠠᠷᠠᠳ ᠣᠯᠠᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭ᠍ᠵᠢᠭᠤᠯᠤᠨ᠎ᠠ
ᠨᠡᠢᠭᠡᠮ ᠦᠨ ᠵᠠᠰᠠᠯᠲᠠ ᠶ᠋ᠢᠨ ᠬᠠᠮᠲᠤ ᠪᠠᠷ ᠪᠠᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ᠌ ᠶ᠋ᠢ ᠠᠬᠢᠭᠤᠯᠤᠨ᠎ᠠ
(ᠲᠤᠰ ᠨᠢᠭᠤᠷ ᠤᠨ ᠡᠬᠡ ᠪᠢᠴᠢᠭ ᠢ ᠲᠥᠪ ᠤᠨ ᠤᠷᠴᠢᠭᠤᠯᠭ᠎ᠠ ᠵᠢᠨ ᠲᠤᠪᠴᠢᠶ᠎ᠠ ᠵᠢᠨ ᠤᠷᠴᠢᠭᠤᠯᠭ᠎ᠠ ᠡᠴᠡ ᠡᠰᠢᠯᠡᠪᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃