2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-06 09:37:29

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 5᠎ᠤ᠋ ᠦᠳᠡ᠎ᠶ᠋ᠢᠨ ᠡᠮᠦᠨ᠎ᠡ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠲᠥᠷᠥ᠎ᠶ᠋ᠢᠨ ᠶᠠᠪᠤᠳᠠᠯ᠎ᠤᠨ ᠬᠣᠷᠢᠶᠠᠨ ᠤ᠋ ᠶᠡᠷᠦᠩᠬᠡᠶ ᠰᠠᠢᠳ ᠯᠢ ᠺᠸ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠠ᠃ ᠡᠨᠡ ᠡᠲᠤᠷ ᠲᠤᠰ ᠰᠤᠨᠢᠨ 《ᠵᠠᠰᠠᠬ᠎ᠤᠨ ᠤᠷᠲᠤᠨ᠎ᠤ ᠠᠵᠢᠯ᠎ᠤᠨ ᠢᠯᠡᠳᠬᠡᠯ ᠎ᠢ ᠲᠠᠢᠯᠬᠤᠢ》 ᠤᠨᠴᠠ ᠬᠡᠪᠯᠡᠯ ᠨᠠᠢᠲᠠᠯᠠᠵᠤ ᠂ ᠲᠠ ᠪᠥᠬᠥᠨ ᠎ᠤ ᠤᠢᠯᠠᠭᠠᠬᠤ ᠎ᠳᠤ ᠲᠥᠬᠥᠮ ᠬᠠᠨᠭᠭᠠᠬᠤ᠎ᠶᠢ ᠵᠤᠷᠢᠯ᠎ᠠ᠃


QQ截图20220306094823.png


ᠨᠢᠭᠡ ᠂ 2021 ᠣᠨ᠎ᠤ ᠡᠷᠭᠢᠴᠡᠭᠦᠯᠦᠯ

ᠥᠩᠭᠡᠷᠡᠭ᠌ᠰᠡᠨ ᠨᠢᠭᠡ ᠵᠢᠯ ᠪᠣᠯ ᠨᠠᠮ ᠪᠠ ᠤᠯᠤᠰ᠎ᠤᠨ ᠲᠡᠦᠬᠡᠨ ᠳᠡᠭᠡᠷ᠎ᠠ ᠪᠡᠯᠭᠡ ᠲᠡᠮᠳᠡᠭ᠎ᠤᠨ ᠠᠴᠢ ᠬᠣᠯᠪᠣᠭ᠍ᠳᠠᠯ᠎ᠲᠠᠶ ᠨᠢᠭᠡ ᠵᠢᠯ ᠮᠥᠨ᠃ ᠰᠢ ᠵᠢᠨ ᠫᠢᠩ ᠨᠥᠬᠥᠷ᠎ᠢᠶᠡᠷ ᠭᠣᠣᠯᠯᠠᠭᠤᠯᠤᠬᠰᠠᠨ ᠨᠠᠮ᠎ᠤᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢ ᠦᠪᠡᠳᠡᠭ᠌ᠰᠢ ᠶᠡᠬᠡ᠎ᠪᠡᠷ ᠪᠡᠯᠭᠡᠯᠡᠵᠦ᠍᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ ᠤ᠋ ᠵᠢᠷᠭᠤᠳᠤᠭᠠᠷ ᠪᠦᠬᠦᠳᠠ ᠬᠤᠷᠠᠯ᠎ᠢ ᠢᠯᠠᠯᠳᠠ᠎ᠲᠠᠶ ᠪᠡᠷ ᠬᠤᠷᠠᠯᠳᠤᠭᠤᠯᠵᠤ᠂ ᠨᠠᠮ᠎ᠤᠨ ᠭᠤᠷᠪᠠᠳᠤᠭᠠᠷ ᠲᠡᠦᠬᠡᠨ ᠱᠢᠢᠳᠪᠦᠷᠢ᠎ᠶ᠋ᠢ ᠲᠣᠭ᠍ᠲᠠᠭᠠᠵᠤ᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠦᠪ ᠰᠢᠢᠳᠪᠤᠷᠢᠯᠡᠬᠦ ᠳᠠᠢᠨ᠎ᠤ ᠢᠯᠠᠯᠲᠠ᠎ᠶ᠋ᠢ ᠣᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠵᠦ᠂ ᠨᠢᠭᠡᠳᠦᠭᠡᠷ ᠵᠠᠭᠤᠨ ᠵᠢᠯ᠎ᠦᠨ ᠲᠡᠮᠡᠴᠡᠯ ᠤ᠋ᠨ ᠬᠠᠷᠠᠯᠲᠠ᠎ᠶ᠋ᠢ ᠪᠡᠶᠡᠯᠡᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠪᠠ ᠬᠣᠶᠠᠳᠤᠭᠠᠷ ᠵᠠᠭᠤᠨ ᠵᠢᠯ᠎ᠦᠨ ᠲᠡᠮᠡᠴᠡᠯ᠎ᠤᠨ ᠬᠠᠷᠠᠯᠲᠠ ᠲᠡᠢᠰᠢ ᠤᠷᠤᠬᠰᠢᠯᠠᠬᠤ ᠱᠢᠨ᠎ᠡ ᠠᠶᠠᠯᠠᠯ᠎ᠢᠶᠠᠨ ᠡᠬᠢᠯᠡᠭᠦᠯᠪᠡ᠃


1. ᠨᠢᠭᠡ ᠵᠢᠯ᠎ᠤᠨ ᠲᠤᠷᠰᠢ᠂ ᠨᠠᠷᠢᠨ ᠪᠤᠳᠤᠯᠢᠶᠠᠨᠲᠠᠶ ᠪᠦᠭᠡᠳ ᠬᠦᠨᠳᠦ ᠬᠡᠴᠡᠭᠦᠦ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ ᠪᠣᠯᠤᠨ ᠣᠯᠠᠨ ᠠᠷᠪᠢᠨ ᠲᠦᠭ᠌ᠰᠢᠭᠦᠷᠢ ᠪᠠ ᠱᠢᠯᠭᠠᠯᠲᠠ᠎ᠶ᠋ᠢᠨ ᠡᠮᠦᠨ᠎ᠡ᠂ ᠪᠦᠬᠦ᠌ ᠤᠯᠤᠰ᠎ᠢᠶᠠᠷ᠎ᠢᠶᠠᠨ ᠬᠠᠮᠲᠤ᠎ᠪᠠᠷ ᠴᠢᠷᠮᠠᠢᠵᠤ᠂ ᠬᠢᠵᠢᠭ᠎ᠢ ᠰᠡᠷᠭᠡᠢᠯᠡᠨ ᠬᠢᠵᠠᠭᠠᠷᠯᠠᠬᠤ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠵᠦ᠍᠂ ᠪᠦᠬᠦ᠌ ᠵᠢᠯ᠎ᠤᠨ ᠭᠤᠤᠯ ᠭᠤᠤᠯ ᠬᠠᠷᠠᠯᠲᠠ ᠡᠭᠦᠷᠭᠡ᠎ᠶ᠋ᠢ ᠨᠡᠯᠢᠶᠡᠳ ᠰᠠᠢᠨ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ᠎ᠶ᠋ᠢᠨ ᠰᠠᠢᠨ᠎ᠡᠬᠢᠯᠡᠯᠲᠡ᠎ᠶ᠋ᠢ᠎ᠪᠡᠶᠡᠯᠡᠭᠦᠯᠵᠦ᠍᠂᠎ᠮᠠᠨ᠎ᠤ᠎ᠤᠯᠤᠰ᠎ᠤᠨ᠎ᠬᠥᠭ᠌ᠵᠢᠯᠲᠡ᠎ᠪᠠᠰᠠ ᠱᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠤᠯᠪᠠ᠃

8.5%

— ᠠᠵᠤ ᠠᠬᠤᠢ ᠰᠡᠷᠭᠦᠯᠲᠡ ᠬᠥᠭ᠌ᠵᠢᠯᠲᠡ᠎ᠶ᠋ᠢ ᠪᠠᠲᠤᠯᠠᠪᠠ᠃ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠪᠦᠬᠦ᠌ ᠦᠷᠳᠡᠭ 114 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ 8.1% ᠪᠡᠷ ᠨᠡᠮᠡᠭ᠌ᠳᠡᠪᠡ᠃ ᠪᠦᠬᠦ᠌ ᠤᠯᠤᠰ᠎ᠤᠨ ᠡᠳ᠋᠎ᠦᠨ ᠵᠠᠰᠠᠭ᠎ᠤᠨ ᠣᠷᠣᠯᠭ᠎ᠠ 20 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ 10.7% ᠪᠡᠷ ᠨᠡᠮᠡᠭ᠌ᠳᠡᠪᠡ᠃ ᠬᠣᠲᠠ ᠪᠠᠯᠭᠠᠰᠤᠨ᠎ᠤ ᠠᠵᠢᠯ ᠤᠯᠤᠬᠰᠠᠨ ᠬᠦᠮᠦᠨ 1269 ᠲᠦᠮᠡ ᠱᠢᠨ᠎ᠡ᠎ᠪᠡᠷ ᠨᠡᠮᠡᠭᠳᠡᠵᠦ᠂ ᠬᠣᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ ᠳᠤᠮᠳᠠᠴᠢ᠎ᠪᠠᠷ 5.1% ᠪᠤᠯᠪᠠ᠃ ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠦᠨ᠎ᠡ 0.9% ᠪᠡᠷ ᠦᠰᠪᠡ᠃

15.5%

— ᠱᠢᠨ᠎ᠡ᠎ᠶ᠋ᠢ ᠡᠭᠦᠳᠬᠦ᠌ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠬᠦᠴᠦᠨ ᠲᠦᠷᠭᠡᠨ ᠵᠢᠡᠷ ᠪᠤᠵᠠᠭᠠᠢᠷᠠᠪᠠ᠃ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ ᠴᠢᠬᠤᠯᠠ ᠠᠬᠢᠯᠲᠠ᠎ᠲᠠᠶ ᠪᠣᠯᠵᠤ ᠂ ᠬᠥᠮᠦᠨ ᠰᠠᠭᠤᠯᠭᠠᠬᠰᠠᠨ ᠰᠠᠨᠰᠠᠷ᠎ᠤᠨ ᠠᠶᠠᠯᠠᠯ᠂ ᠭᠠᠯ ᠭᠠᠷᠠᠭ᠎ᠤ᠋ᠨ ᠬᠠᠢᠨ ᠬᠡᠮᠵᠢᠯᠳᠡ᠂ ᠡᠬᠢ ᠪᠠᠶᠠᠯᠢᠭ ᠎ᠤᠨ ᠬᠠᠢᠨ ᠱᠢᠨᠵᠢᠯᠡᠯᠳᠡ᠂ ᠡᠨᠧᠷᠭᠢ᠎ᠶ᠋ᠢᠨ ᠰᠤᠷᠪᠤᠯᠵᠢ᠎ᠶ᠋ᠢᠨ ᠢᠨᠵᠧᠨᠧᠷᠢᠩ ᠵᠡᠷᠭᠡ ᠬᠦᠷᠢᠶᠡᠨ᠎ᠳᠦ ᠱᠢᠨ᠎ᠡ ᠱᠢᠪᠲᠤᠯᠤᠯᠲᠠ ᠲᠠᠢ ᠪᠤᠯᠪᠠ᠃ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠵᠠᠷᠤᠳᠠᠯ 15.5% ᠪᠡᠷ ᠨᠡᠮᠡᠭ᠌ᠳᠡᠪᠡ᠃ ᠳ᠋ᠢᠵᠢᠲ᠋ᠠᠯ ᠮᠡᠷᠭᠡᠵᠢᠯ ᠪᠤᠯᠤᠨ ᠪᠣᠳᠠᠲᠤ ᠴᠣᠭ᠍ᠴᠠ᠎ᠶ᠋ᠢᠨ ᠠᠵᠤ ᠠᠬᠤᠢ ᠵᠢᠨ ᠠᠭᠤᠰᠤᠯᠴᠠᠭ᠎ᠠ ᠲᠦᠷᠭᠡᠰᠪᠡ᠃

18.2%

— ᠠᠵᠤ ᠠᠬᠤᠢ᠎ᠶ᠋ᠢᠨ ᠪᠦᠲᠦᠴᠡ ᠪᠠ ᠣᠷᠣᠨ ᠪᠦᠰᠡ᠎ᠶ᠋ᠢᠨ ᠪᠠᠢᠷᠢᠱᠢᠯ ᠦᠷᠭᠦᠯᠵᠢᠯᠡᠨ ᠱᠢᠯᠢᠳᠡᠭ᠌ᠵᠢᠪᠡ᠃ ᠠᠮᠤ ᠪᠤᠳᠠᠭᠠᠨ᠎ᠤ ᠤᠨᠠᠯᠲᠠ 1.37 ᠲᠦᠮᠡᠨ ᠳ᠋ᠦᠩᠱᠢᠭᠤᠷ ᠵᠢᠩ᠎ᠳᠦ ᠬᠦᠷᠴᠦ᠍᠂ ᠲᠡᠦᠬᠡᠨ ᠱᠢᠨ᠎ᠡ ᠲᠡᠮᠳᠡᠭ᠌ᠯᠡᠯ᠎ᠢ ᠡᠭᠦᠳᠪᠡ᠃ ᠳᠡᠭᠡᠳᠦ ᠮᠡᠷᠭᠡᠵᠢᠯ᠎ᠦᠨ ᠦᠢᠯᠡᠳᠬᠦ᠌ ᠦᠢᠯᠡᠰ᠎ᠦᠨ ᠨᠡᠮᠡᠭ᠌ᠳᠡᠯ ᠦᠷᠳᠡᠭ 18.2% ᠵᠢᠡᠷ ᠨᠡᠮᠡᠭ᠌ᠳᠡᠵᠦ᠍᠂ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠦᠢᠯᠡᠴᠢᠯᠡᠭᠡ ᠵᠡᠷᠭᠡ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ ᠨᠡᠯᠢᠶᠡᠳ ᠲᠦᠷᠭᠡᠨ ᠬᠥᠭ᠌ᠵᠢᠵᠦ᠍᠂ ᠠᠵᠤ ᠦᠢᠯᠡᠰ᠎ᠦᠨ ᠬᠡᠯᠬᠢᠶ᠎ᠡ᠎ᠶ᠋ᠢᠨ ᠤᠶᠠᠨ ᠬᠠᠳᠠᠨ ᠴᠢᠨᠠᠷ ᠳᠡᠭᠡᠭ᠌ᠰᠢᠯᠡᠪᠡ᠃ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠪᠦᠲᠦᠮᠵᠢᠲᠡᠢ ᠬᠡᠷᠡᠭ᠌ᠵᠢᠭᠦᠯᠵᠦ᠍᠂ ᠱᠢᠨ᠎ᠡ ᠬᠡᠯᠪᠡᠷᠢ᠎ᠶ᠋ᠢᠨ ᠬᠤᠳᠠ ᠪᠠᠯᠭᠠᠰᠤᠵᠢᠯᠳᠠ ᠯᠠᠪᠳᠠᠭᠤᠨ ᠵᠢᠡᠷ ᠠᠬᠢᠪᠠ᠃

21.4%

— ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠢᠷᠡᠪᠡ᠃ ᠴᠢᠬᠤᠯᠠ ᠬᠦᠷᠢᠶ᠎ᠡ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠨᠢᠭᠡ ᠪᠦᠯᠦᠭ ᠴᠢᠬᠤᠯᠠ ᠶᠡᠬᠡ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠲᠤᠬᠳᠠᠭᠠᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢ ᠠᠬᠢᠭᠤᠯᠪᠠ᠃ 《ᠪᠠᠭᠤᠯᠭᠠᠬᠤ ᠤᠶᠠᠯᠳᠤᠭᠤᠯᠬᠤ ᠰᠢᠯᠢᠳᠡᠭᠵᠢᠬᠦᠯᠬᠦ》 ᠥᠭᠡᠷᠡᠴᠢᠯᠡᠯᠲᠡ ᠱᠢᠨ᠎ᠡ ᠠᠬᠢᠯᠳᠠ᠎ᠲᠠᠶ ᠪᠣᠯᠪᠠ᠃ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠶᠡᠷᠦᠩᠬᠡᠶ ᠲᠤᠭ᠎ᠠ 1.5 ᠳ᠋ᠦᠩᠱᠢᠭᠤᠷ ᠡᠷᠦᠬᠡ᠎ᠶ᠋ᠢ ᠳᠠᠪᠠᠪᠠ᠃ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠴᠢᠨᠠᠷ ᠰᠠᠢᠲᠠᠶ ᠪᠠᠢᠭᠤᠯᠬᠤ᠎ᠶ᠋ᠢ ᠯᠠᠪᠳᠠᠭᠤᠨ᠎ᠢᠶᠠᠷ ᠠᠬᠢᠭᠤᠯᠪᠠ᠃ ᠣᠷᠣᠨ ᠪᠦᠰᠡ᠎ᠶ᠋ᠢᠨ ᠪᠦᠬᠦ᠌ ᠲᠠᠯ᠎ᠠ᠎ᠶ᠋ᠢᠨ ᠠᠵᠤ ᠠᠬᠤᠶ᠎ᠶ᠋ᠢᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠭᠡᠷ᠎ᠢ ᠬᠦᠴᠦᠨ᠎ᠲᠠᠢ ᠪᠤᠯᠭᠠᠵᠤ ᠬᠡᠷᠡᠭ᠌ᠵᠢᠭᠦᠯᠬᠦ᠌᠎ᠶ᠋ᠢ ᠠᠬᠢᠭᠤᠯᠪᠠ᠃ ᠡᠳ᠋ ᠪᠠᠷᠠᠭ᠎ᠠ᠎ᠶ᠋ᠢᠨ ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠳᠠ᠎ᠶ᠋ᠢᠨ ᠪᠦᠬᠦ᠌ ᠲᠤᠭ᠎ᠠ 21.4% ᠎ᠪᠠᠷ ᠨᠡᠮᠡᠭ᠌ᠳᠡᠵᠦ᠍᠂ ᠭᠠᠳᠠᠭᠠᠳᠤ ᠪᠡᠯᠡ᠎ᠶ᠋ᠢᠨ ᠪᠣᠳᠠᠲᠠᠶ ᠬᠡᠷᠡᠭ᠌ᠯᠡᠯᠲᠡ ᠨᠡᠮᠡᠭ᠌ᠳᠡᠯ᠎ᠢᠶᠠᠨ ᠪᠠᠲᠤᠯᠠᠪᠡ᠃

9.1%

— ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠦᠷᠭᠦᠯᠵᠢᠯᠡᠨ ᠠᠬᠢᠪᠠ᠃ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ ᠎ᠢ ᠭᠦᠨᠵᠡᠭᠡᠢ ᠥᠷᠨᠢᠭᠦᠯᠵᠦ᠍᠂ ᠭᠣᠣᠯ ᠭᠤᠤᠯ ᠪᠤᠬᠢᠷᠳᠤᠯ ᠪᠣᠳᠠᠰ᠎ᠤᠨ ᠭᠠᠳᠠᠭ᠍ᠰᠢᠯᠠᠭᠤᠯᠤᠯᠲᠠ᠎ᠶ᠋ᠢᠨ ᠬᠡᠮᠵᠢᠢ᠎ᠡ᠎ᠶ᠋ᠢ ᠦᠷᠭᠦᠯᠵᠢᠯᠡᠨ ᠪᠠᠭᠤᠷᠠᠭᠤᠯᠵᠤ᠂ ᠲᠤᠰᠭᠠᠢ ᠣᠷᠣᠨ᠎ᠤ ᠲᠡᠰ ᠵᠢᠴᠢ ᠲᠡᠭᠦᠨ᠎ᠡᠴᠡ ᠳᠡᠭᠡᠭ᠌ᠰᠢᠬᠢ ᠬᠣᠳᠠ᠎ᠶ᠋ᠢᠨ ᠵᠢᠵᠢᠭ ᠮᠥᠬᠥᠯᠢᠭ᠌ᠲᠦ ᠪᠣᠳᠠᠰ᠎ᠤᠨ ᠳᠤᠮᠳᠠᠴᠢ ᠥᠳᠭᠡᠴᠡ᠎ᠶ᠋ᠢ 9.1% ᠪᠡᠷ ᠪᠠᠭᠤᠷᠠᠭᠤᠯᠪᠠ᠃ ᠠᠨᠭᠬᠠᠨ᠎ᠤ ᠪᠦᠯᠦᠭ ᠤᠯᠤᠰ᠎ᠤᠨ ᠴᠡᠴᠡᠷᠯᠢᠭ ᠎ᠢ ᠵᠢᠩᠬᠢᠨᠢ᠎ᠪᠡᠷ ᠪᠠᠢᠭᠤᠯᠪᠠ᠃ ᠠᠮᠢ ᠠᠬᠤᠢ᠎ᠶ᠋ᠢᠨ ᠣᠷᠴᠢᠨ ᠨᠥᠬᠥᠴᠡᠯ᠎ᠦᠨ ᠶᠠᠰᠤ ᠴᠢᠨᠠᠷ ᠢᠯᠡᠳᠲᠡ ᠰᠠᠢᠵᠢᠷᠠᠪᠠ᠃

8.1%

— ᠠᠷᠠᠳ᠎ᠤᠨ ᠠᠮᠢᠳᠤᠷᠠᠯ᠎ᠤᠨ ᠲᠦᠪᠱᠢᠨ ᠲᠣᠭ᠍ᠲᠠᠭᠤᠨ᠎ᠢᠶᠠᠷ ᠳᠡᠭᠡᠭ᠌ᠰᠢᠯᠡᠪᠡ᠃ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 8.1% ᠎ᠪᠠᠷ ᠪᠣᠳᠠᠲᠠᠶ ᠨᠡᠮᠡᠭ᠌ᠳᠡᠪᠡ᠃ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠪᠡ᠃ ᠨᠠᠰᠤᠵᠢᠯ᠎ᠤᠨ ᠦᠨᠳᠦᠰᠦᠨ ᠠᠰᠠᠷᠠᠮᠵᠢ᠂ ᠦᠨᠳᠦᠰᠦᠨ ᠡᠮᠨᠡᠯᠭᠡ᠂ ᠨᠡᠢᠭᠡᠮ᠎ᠤᠨ ᠠᠪᠤᠷᠠᠨ ᠲᠤᠰᠠᠯᠠᠯᠲᠠ ᠵᠡᠷᠭᠡ ᠪᠠᠲᠤᠯᠠᠭ᠎ᠠ᠎ᠶ᠋ᠢᠨ ᠡᠷᠴᠢᠮ᠎ᠢ ᠴᠢᠩᠭᠠᠷᠠᠭᠤᠯᠪᠠ᠃ ᠰᠤᠷᠭᠠᠨ ᠬᠥᠮᠦᠵᠢᠯ᠎ᠤᠨ ᠥᠭᠡᠷᠡᠴᠢᠯᠡᠯᠲᠡ ᠬᠥᠭ᠌ᠵᠢᠯᠲᠡ ᠱᠢᠨ᠎ᠡ ᠠᠯᠬᠤᠮ᠎ᠢ ᠠᠯᠬᠤᠪᠠ᠃ ᠬᠤᠲᠠ ᠪᠠᠯᠭᠠᠰᠤᠨ᠎ᠤ 5.6 ᠲᠦᠮᠡᠨ ᠬᠠᠭᠤᠴᠢᠨ ᠰᠠᠭᠤᠭᠠᠯᠢ ᠲᠣᠭᠤᠷᠢᠭ᠎ᠢ ᠥᠭᠡᠷᠡᠴᠢᠯᠡᠨ ᠵᠠᠰᠠᠬᠤ ᠠᠵᠢᠯ᠎ᠢ ᠱᠢᠨ᠎ᠡ᠎ᠪᠠᠷ ᠡᠬᠢᠯᠡᠭᠦᠯᠦᠨ᠂ ᠮᠢᠩᠭ᠎ᠠ ᠱᠢᠬᠠᠮ ᠲᠦᠮᠡᠨ ᠭᠡᠷ ᠪᠦᠯᠢ᠎ᠳᠤ ᠠᠱᠢᠭ ᠬᠦᠷᠲᠡᠭᠡᠪᠡ᠃

85%

— ᠬᠢᠵᠢᠭ᠎ᠢ ᠰᠡᠷᠭᠡᠢᠯᠡᠨ ᠬᠢᠵᠠᠭᠠᠷᠯᠠᠬᠤ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ᠪᠠᠢᠩᠭᠤ᠎ᠶ᠋ᠢᠨ ᠴᠢᠨᠠᠷᠲᠠᠢ᠎ᠪᠠᠷ ᠰᠡᠷᠭᠡᠢᠯᠡᠨ ᠬᠢᠵᠠᠭᠠᠷᠯᠠᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠸᠠᠺᠼᠢᠨ᠎ᠤ ᠪᠦᠬᠦ᠌ ᠶᠠᠪᠤᠴᠠ᠎ᠶ᠋ᠢᠨ ᠲᠠᠷᠢᠯᠭ᠎ᠠ᠎ᠶ᠋ᠢᠨ ᠪᠦᠷᠬᠦᠴᠡ᠎ᠶ᠋ᠢᠨ ᠨᠣᠷᠮ᠎ᠠ 85% ᠎ᠶ᠋ᠢ ᠳᠠᠪᠠᠵᠤ᠂ ᠬᠡᠰᠡᠭ ᠭᠠᠵᠠᠷ ᠣᠷᠣᠨ᠎ᠤ ᠪᠦᠭᠡᠮᠨᠡᠷᠡᠯ᠎ᠤᠨ ᠱᠢᠨᠵᠢᠲᠡᠢ ᠬᠢᠵᠢᠭ᠎ᠤᠨ ᠪᠠᠢᠳᠠᠯ᠎ᠢ ᠴᠠᠭ ᠲᠤᠬᠠᠶ᠎ᠳᠤᠨᠢ ᠪᠦᠲᠦᠮᠵᠢᠲᠡᠶ ᠱᠢᠢᠳᠪᠦᠷᠢᠯᠡᠵᠦ᠍᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠪᠠᠲᠤᠯᠠᠵᠤ᠂ ᠦᠢᠯᠡᠳᠪᠦᠷᠢᠯᠡᠯ ᠠᠮᠢᠳᠤᠷᠠᠯ᠎ᠤᠨ ᠬᠡᠪ᠎ᠤᠨ ᠡᠮᠬᠢ ᠳᠢᠭ᠌ᠯᠢᠮ᠎ᠢ ᠬᠠᠮᠠᠭᠠᠯᠠᠪᠠ᠃


2. ᠥᠩᠭᠡᠷᠡᠭ᠌ᠰᠡᠨ ᠨᠢᠭᠡ ᠵᠢᠯ᠎ᠢ ᠡᠷᠭᠢᠴᠡᠭᠦᠯᠬᠦᠶ᠎ᠡ᠂ ᠠᠮᠵᠢᠯᠲᠠ ᠪᠦᠲᠦᠮᠵᠢ᠎ᠶ᠋ᠢ ᠲᠦᠢᠯ᠎ᠤᠨ ᠬᠢᠯᠪᠠᠷ ᠪᠤᠰᠤ᠎ᠪᠠᠷ ᠤᠯᠤᠭ᠍ᠰᠠᠨ ᠶᠤᠮ᠃ ᠮᠠᠨ᠎ᠤ ᠤᠯᠤᠰ᠎ᠤᠨ ᠠᠵᠤ ᠠᠬᠤᠶ ᠭᠡᠨᠡᠳᠲᠡ᠎ᠶ᠋ᠢᠨ ᠬᠢᠵᠢᠭ᠎ᠤᠨ ᠪᠠᠢᠳᠠᠯ ᠵᠡᠷᠭᠡ ᠬᠦᠨᠳᠦ ᠨᠣᠴᠢᠲᠠᠶ ᠳᠠᠭᠠᠷᠢᠯᠲᠠ᠎ᠶ᠋ᠢᠨ ᠳᠠᠷᠠᠭᠠᠬᠢ ᠰᠡᠷᠭᠦᠯᠲᠡ ᠬᠥᠭ᠌ᠵᠢᠯᠲᠡ᠎ᠶ᠋ᠢᠨ ᠶᠠᠪᠤᠴᠠ᠎ᠳᠤ ᠣᠷᠣᠱᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠳᠤ ᠪᠠᠰᠠ ᠮᠠᠰᠢ ᠤᠯᠠᠨ ᠱᠢᠨ᠎ᠡ ᠬᠤᠪᠢᠷᠠᠯᠲᠠ ᠭᠠᠷᠴᠤ᠌᠂ ᠠᠵᠤ ᠠᠬᠤᠶ᠎ᠶ᠋ᠢᠨ ᠲᠣᠭ᠍ᠲᠠᠭᠤᠨ ᠠᠵᠢᠯᠯᠠᠭᠠᠨ᠎ᠢ ᠪᠠᠲᠤᠯᠠᠬᠤ ᠬᠦᠴᠢᠷᠳᠡᠯ ᠶᠡᠬᠡᠰᠴᠦ᠍ ᠪᠠᠢᠨ᠎ᠠ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ᠂ ᠲᠥᠪ᠎ᠤᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠶ ᠪᠦᠭᠡᠳ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ 《ᠵᠢᠷᠭᠤᠭ᠎ᠠ᠎ᠶ᠋ᠢ ᠲᠣᠭ᠍ᠲᠠᠭᠤᠨ ᠪᠠᠢᠯᠭᠠᠬᠤ》ᠪᠠ 《ᠵᠢᠷᠭᠤᠭ᠎ᠠ᠎ᠶ᠋ᠢ ᠪᠠᠲᠤᠯᠠᠬᠤ》 ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠦᠶᠡᠯᠡᠯ ᠠᠯᠤᠰᠯᠠᠬ᠍ᠰᠠᠨ ᠳᠤᠬᠢᠷᠠᠭᠤᠯᠤᠯᠳᠠ ᠪᠠ ᠦᠶᠡᠯᠡᠯ ᠦᠭ᠌ᠰᠦᠭᠦᠯᠦᠭ᠌ᠰᠡᠨ ᠲᠣᠬᠢᠷᠠᠭᠤᠯᠤᠯᠳᠠ᠎ᠶ᠋ᠢ ᠴᠢᠬᠤᠯᠠᠴᠢᠯᠠᠵᠤ᠂ ᠡᠯ᠎ᠡ ᠵᠦᠢᠯ᠎ᠤᠨ ᠲᠦᠭ᠌ᠰᠢᠭᠦᠷᠢ ᠱᠢᠯᠭᠠᠯᠲᠠ᠎ᠶ᠋ᠢ ᠪᠦᠲᠦᠮᠵᠢᠲᠡᠶ ᠠᠷᠭᠠᠴᠠᠭᠠᠵᠤ᠂ ᠭᠤᠤᠯᠳᠠᠭᠤ ᠳᠣᠤᠷᠠᠬᠢ ᠠᠵᠢᠯ᠎ᠤᠳ᠎ᠢ ᠬᠢᠪᠡ᠄


●ᠬᠤᠷᠸ᠎ᠠ ᠲᠦᠷᠦ᠍᠎ᠶ᠋ᠢᠨ ᠪᠤᠳᠤᠯᠭ᠎ᠠ᠎ᠶ᠋ᠢᠨ ᠦᠷᠭᠦᠯᠵᠢᠯᠡᠬᠦ᠌ ᠴᠢᠨᠠᠷ ᠪᠠ ᠬᠠᠨᠳᠤᠯᠭᠠᠲᠤ ᠴᠢᠨᠠᠷ᠎ᠢ ᠪᠠᠲᠤᠯᠠᠵᠤ᠂ ᠠᠵᠤ ᠠᠬᠤᠢ᠎ᠶ᠋ᠢᠨ ᠠᠵᠢᠯᠯᠠᠭᠠᠨ᠎ᠤ ᠵᠦᠶ ᠵᠣᠬᠢᠰᠲᠠᠶ ᠬᠡᠪᠴᠢᠶᠡᠨ᠎ᠳᠤ ᠶᠠᠪᠤᠬ᠍ᠳᠠᠬᠤ᠎ᠶ᠋ᠢ ᠠᠬᠢᠭᠤᠯᠪᠠ

●ᠠᠵᠤ ᠠᠬᠤᠢᠯᠠᠯ ᠎ᠳᠤ ᠬᠠᠪᠰᠤᠷᠤᠨ ᠬᠦᠴᠢᠷᠳᠡᠯ᠎ᠢ ᠱᠢᠶ᠋ᠳᠪᠦᠷᠢᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠦᠨ ᠨᠠᠢᠳᠠᠪᠤᠷᠢᠵᠢᠭᠤᠯᠵᠤ᠂ ᠠᠵᠤ ᠠᠬᠤᠶ᠎ᠶ᠋ᠢᠨ ᠰᠡᠷᠭᠦᠯᠲᠡ᠎ᠶ᠋ᠢᠨ ᠰᠠᠭᠤᠷᠢ᠎ᠶ᠋ᠢ ᠪᠡᠬᠢᠵᠢᠭᠦᠯᠪᠠ

●ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠨᠡᠭᠡᠭᠡᠯᠲᠡ᠎ᠶ᠋ᠢ ᠥᠷᠭᠡᠳᠭᠡᠵᠦ᠍᠂ ᠬᠤᠳᠠᠯᠳᠤᠭ᠎ᠠ ᠡᠵᠡᠨᠭᠨᠡᠬᠥ ᠣᠷᠴᠢᠨ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠪᠠ

●ᠱᠢᠨ᠎ᠡ᠎ᠶ᠋ᠢ ᠡᠭᠦᠳᠬᠦ᠌᠎ᠪᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠲᠣᠭ᠍ᠲᠠᠪᠤᠷᠢᠵᠢᠭᠤᠯᠪᠠ

●ᠬᠣᠲᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠵᠤ᠂ ᠠᠵᠤ ᠠᠬᠤᠢ᠎ᠶ᠋ᠢᠨ ᠪᠠᠢᠷᠢᠱᠢᠯ᠎ᠢ ᠲᠠᠰᠤᠷᠠᠯᠲᠠ ᠦᠭᠡᠢ ᠱᠢᠯᠢᠳᠡᠭ᠌ᠵᠢᠭᠦᠯᠪᠠ

●ᠠᠮᠢ ᠠᠬᠤᠢ ᠵᠢᠨ ᠣᠷᠴᠢᠨ ᠨᠦᠬᠦᠴᠠᠯ ᠤ᠋ᠨ ᠬᠠᠮᠠᠭᠠᠯᠠᠯᠲᠠ ᠎ᠶ᠋ᠢ ᠴᠢᠩᠭᠠᠳᠭᠠᠵᠤ᠂ ᠦᠷᠭᠦᠯᠵᠢᠯᠡᠬᠦ᠌ ᠬᠥᠭ᠌ᠵᠢᠯᠲᠡ ᠎ᠶ᠋ᠢ ᠠᠬᠢᠭᠤᠯᠪᠠ

●ᠠᠷᠠᠳ ᠎ᠤᠨ ᠠᠮᠢᠳᠤᠷᠠᠯ᠎ᠢ ᠬᠦᠴᠦᠯᠡᠨ ᠪᠠᠲᠤᠯᠠᠨ ᠰᠠᠢᠵᠢᠷᠠᠭᠤᠯᠵᠤ᠂ ᠨᠡᠢᠭᠡᠮ᠎ᠦᠨ ᠦᠢᠯᠡᠰ᠎ᠢ ᠲᠦᠷᠭᠡᠯᠠᠨ ᠬᠥᠭ᠌ᠵᠢᠭᠦᠯᠪᠠ

●ᠬᠠᠤᠯᠢ ᠪᠠᠷ ᠵᠠᠰᠠᠬᠤ ᠵᠠᠰᠠᠭ ᠎ᠤᠨ ᠣᠷᠳᠣᠨ᠎ᠤ ᠪᠠᠢᠭᠤᠯᠤᠯᠲᠠ ᠪᠠ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠯ ᠪᠠ ᠲᠣᠭ᠍ᠲᠠᠭᠤᠨ ᠪᠠᠢᠲᠠᠯ᠎ᠢ ᠪᠠᠲᠤᠯᠠᠪᠠ


ᠥᠩᠭᠡᠷᠡᠭ᠌ᠰᠡᠨ᠎ᠨᠢᠭᠡ᠎ᠵᠢᠯ᠎ᠳᠦ ᠣᠯᠤᠭ᠍ᠰᠠᠨ ᠠᠮᠵᠢᠯᠲᠠ ᠪᠥᠲᠥᠮᠵᠢ ᠪᠣᠯ ᠰᠢ ᠵᠢᠨ ᠫᠢᠩ ᠨᠥᠬᠥᠷ᠎ᠢᠶᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠡᠷᠡᠰ ᠴᠢᠩᠭ᠎ᠠ ᠤᠲᠤᠷᠢᠲᠤᠬᠰᠠᠨ᠎ᠤ ᠦᠷ᠎ᠡ ᠳ᠋ᠦᠩ ᠮᠥᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ ᠎ᠤ ᠱᠢᠨᠵᠢᠯᠡᠬᠦ᠌ ᠤᠬᠠᠭᠠᠨᠴᠢ ᠪᠠᠷ ᠵᠢᠯᠤᠭᠤᠳᠤᠭᠰᠠᠨ᠎ᠤ ᠦᠷ᠎ᠡ ᠳ᠋ᠦᠩ ᠮᠥᠨ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ᠃



ᠬᠣᠶᠠᠷ᠂ 2022 ᠣᠨ ᠎ᠤ ᠪᠠᠷᠠᠯᠠᠯ

ᠭᠣᠣᠯ ᠵᠢᠱ᠌ᠢᠭ᠌ᠰᠡᠨ ᠬᠠᠷᠠᠯᠲᠠ ᠪᠣᠯ᠄

ᠤᠯᠤᠰ ᠎ᠤᠨ ᠳᠣᠲᠣᠭᠠᠳᠤ ᠶ᠋ᠢᠨ ᠦᠢᠯᠡᠳᠪᠦᠷᠢᠯᠡᠯ᠎ᠦᠨ ᠪᠥᠬᠥ ᠦᠷᠲᠡᠭ ᠎ᠢ 5.5% ᠣᠷᠴᠢᠮ ᠎ᠢᠶᠠᠷ ᠨᠡᠮᠡᠭ᠌ᠳᠡᠭᠦᠯᠦᠨ᠎ᠡ;ᠬᠣᠲᠠ ᠪᠠᠯᠭᠠᠰᠤᠨ ᠳ᠋ᠤ ᠠᠵᠢᠯ ᠤᠯᠤᠭᠰᠠᠨ ᠬᠦᠮᠤᠨ ᠎ᠤ ᠲᠤᠭ᠎ᠠ᠎ᠶᠢ 1100 ᠲᠦᠮᠡ᠎ᠡᠴᠡ ᠳᠡᠭᠡᠭ᠌ᠰᠢ ᠱᠢᠨ᠎ᠡ ᠎ᠪᠡᠷ ᠨᠡᠮᠡᠭᠲᠠᠬᠦᠯᠤᠨ᠂ ᠬᠣᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ ᠎ᠶ᠋ᠢᠨ ᠨᠣᠷᠮ᠎ᠠ᠎ᠶ᠋ᠢ ᠪᠦᠬᠦ᠌ ᠵᠢᠯ᠎ᠳᠦ 5.5% ᠎ᠶ᠋ᠢᠨ ᠳᠣᠲᠣᠷ᠎ᠠ ᠬᠢᠵᠠᠭᠠᠷᠯᠠᠨ᠎ᠠ; ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠦᠨ᠎ᠡ᠎ᠶ᠋ᠢᠨ ᠥᠰᠥᠯᠲᠡ᠎ᠵᠢᠨ ᠬᠡᠮᠵᠢᠶ᠎ᠡ ᠶ᠋ᠢ 3% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠎ᠢ ᠠᠵᠤ ᠠᠬᠤᠢ ᠎ᠶ᠋ᠢᠨ ᠨᠡᠮᠡᠭ᠌ᠳᠡᠯ ᠎ᠲᠡᠶ ᠦᠨᠳᠦᠰᠦᠨ᠎ᠳᠡᠭᠡᠨ ᠵᠢᠭᠳᠡ ᠪᠠᠢᠯᠭᠠᠨ᠎ᠠ; ᠭᠠᠳᠠᠭᠠᠳᠤ ᠣᠷᠣᠭᠤᠯᠤᠯᠲᠠ ᠪᠠ ᠭᠠᠲᠠᠭᠠᠲᠤ ᠭᠠᠷᠭᠠᠯᠲᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠤᠯᠤᠰ᠎ᠤᠨ ᠬᠣᠭᠣᠷᠣᠨᠳᠣᠬᠢ ᠣᠷᠣᠯᠭ᠎ᠠ ᠵᠠᠷᠤᠯᠭ᠎ᠠ ᠎ᠶᠢ ᠦᠨᠳᠦᠰᠦᠨ᠎ᠳᠡᠭᠡᠨ ᠲᠡᠩᠴᠡᠭᠦᠷᠢᠲᠡᠢ ᠪᠠᠢᠯᠭᠠᠨ᠎ᠠ; ᠠᠮᠤ ᠪᠤᠳᠠᠭᠠᠨ ᠎ᠤ ᠤᠨᠠᠯᠲᠠ ᠎ᠶᠢ 1.3 ᠲᠦᠮᠡᠨ ᠳ᠋ᠦᠩᠱᠢᠭᠤᠷ ᠵᠢᠩ ᠎ᠡᠴᠡ ᠳᠡᠭᠡᠭ᠌ᠰᠢ ᠪᠠᠢᠯᠭᠠᠨ᠎ᠠ; ᠠᠮᠢ ᠠᠬᠤᠢ ᠎ᠶ᠋ᠢᠨ ᠣᠷᠴᠢᠨ ᠨᠥᠬᠥᠴᠡᠯ᠎ᠦᠨ ᠶᠠᠰᠤ ᠴᠢᠨᠠᠷ ᠎ᠢ ᠦᠷᠭᠦᠯᠵᠢᠯᠡᠨ ᠰᠠᠢᠵᠢᠷᠠᠭᠤᠯᠵᠤ᠂ ᠭᠣᠣᠯ ᠭᠤᠤᠯ ᠪᠣᠬᠢᠷᠳᠤᠯ ᠪᠣᠳᠠᠰ᠎ᠤᠨ ᠭᠠᠳᠠᠭ᠍ᠰᠢᠯᠠᠭᠤᠯᠤᠯᠲᠠ ᠎ᠶ᠋ᠢ ᠦᠷᠭᠦᠯᠵᠢᠯᠡᠨ ᠪᠠᠭᠤᠷᠠᠭᠤᠯᠤᠨ᠎ᠠ ; ᠡᠨᠧᠷᠭᠢ ᠬᠣᠷᠣᠭ᠍ᠳᠠᠭᠤᠯᠬᠤ ᠬᠦᠴᠦᠯᠡᠴᠡ᠎ᠶ᠋ᠢᠨ ᠬᠠᠷᠠᠯᠲᠠ ᠎ᠶ᠋ᠢ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠨᠢᠭᠡᠳᠦᠯᠲᠡᠶ ᠲᠥᠯᠥᠪᠯᠡᠨ ᠬᠢᠨᠠᠨ ᠰᠢᠯᠭᠠᠬᠤ ᠪᠦᠬᠡᠳ ᠵᠤᠬᠢᠬᠤ ᠬᠠᠷᠢᠮᠠᠬᠠᠶ ᠴᠢᠨᠠᠷ ᠲᠠᠢ ᠪᠠᠢᠯᠭᠠᠨ᠎ᠠ᠂ ᠱᠢᠨ᠎ᠡ ᠎ᠪᠡᠷ ᠨᠡᠮᠡᠭ᠌ᠳᠡᠬᠦ᠌ ᠳᠠᠬᠢᠨ ᠡᠭᠦᠰᠴᠦ᠍ ᠪᠣᠯᠬᠤ ᠡᠨᠧᠷᠭᠢ ᠪᠤᠯᠤᠨ ᠲᠦᠭᠦᠬᠡᠶ ᠮᠠᠲ᠋ᠧᠷᠢᠶᠠᠯ᠎ᠤᠨ ᠡᠨᠧᠷᠭᠢ᠎ᠶ᠋ᠢᠨ ᠬᠡᠷᠡᠭ᠌ᠯᠡᠯᠲᠠ ᠎ᠶᠢ ᠡᠨ᠋ᠸᠷᠬᠢ ᠵᠢᠨ ᠬᠡᠷᠡᠭᠯᠡᠬᠡᠨ ᠎ᠤ ᠶᠡᠷᠦᠩᠬᠡᠶ ᠬᠡᠮᠵᠢᠶ᠎ᠡ᠎ᠶ᠋ᠢᠨ ᠬᠢᠵᠠᠭᠠᠷᠯᠠᠯ ᠎ᠳᠦ ᠣᠷᠣᠭᠤᠯᠬᠤ ᠥᠬᠡᠶ᠃

1. ᠬᠣᠷᠸ᠎ᠠ ᠠᠵᠤ ᠠᠬᠤᠶ᠎ᠶ᠋ᠢᠨ ᠶᠡᠬᠡ ᠲᠠᠯ᠎ᠠ ᠎ᠶ᠋ᠢ ᠬᠦᠴᠦᠯᠡᠨ ᠲᠣᠭ᠍ᠲᠠᠪᠤᠷᠢᠵᠢᠭᠤᠯᠵᠤ ᠂ ᠠᠵᠤ ᠠᠬᠤᠶ ᠎ᠶ᠋ᠢᠨ ᠠᠵᠢᠯᠯᠠᠭᠠᠨ ᠎ᠤ ᠵᠦᠶ ᠵᠣᠬᠢᠰᠲᠠᠶ ᠬᠡᠪᠴᠢᠶᠠᠨ᠎ᠳᠤ ᠶᠠᠪᠤᠬᠲᠠᠬᠤ ᠎ᠶᠢ ᠪᠠᠲᠤᠯᠠᠨ᠎ᠠ

2022 ᠣᠨ ᠎ᠤ ᠵᠠᠰᠠᠭ ᠎ᠤᠨ ᠤᠷᠳᠤᠨ ᠎ᠦ ᠠᠵᠢᠯ ᠎ᠤᠨ ᠡᠭᠦᠷᠭᠡ ᠄

ᠡᠳ᠋᠎ᠤᠨ ᠵᠠᠰᠠᠭ᠎ᠤᠨ ᠢᠳᠡᠪᠬᠢᠲᠡᠢ ᠲᠦᠷᠦ ᠵᠢᠨ ᠪᠤᠳᠤᠯᠭ᠎ᠠ ᠵᠢᠨ ᠦᠢᠯᠡᠳᠦᠯ ᠴᠢᠲᠠᠪᠤᠷᠢ ᠵᠢ ᠳᠡᠭᠡᠭᠰᠢᠯᠡᠭᠦᠯᠦᠨ᠎ᠡ

ᠵᠠᠰᠠᠭ ᠎ᠤᠨ ᠣᠷᠳᠣᠨ ᠎ᠤ ᠪᠡᠯᠡ ᠣᠷᠣᠭᠤᠯᠤᠯᠲᠠ᠎ᠶ᠋ᠢᠨ ᠪᠡᠯᠡ ᠮᠥᠩᠭᠥ ᠎ᠶ᠋ᠢ ᠰᠠᠢᠲᠤᠷ ᠬᠡᠷᠡᠭ᠌ᠯᠡᠵᠦ᠍᠂ ᠪᠦᠲᠦᠮᠵᠢᠲᠡᠢ ᠪᠡᠯᠡ ᠣᠷᠣᠭᠤᠯᠤᠯᠲᠠ ᠎ᠶ᠋ᠢ ᠥᠷᠭᠡᠳᠭᠡᠬᠦ᠌᠎ᠶ᠋ᠢ ᠳᠠᠢᠴᠢᠯᠠᠬᠤ ᠬᠡᠷᠡᠭ᠌ᠲᠡᠢ

ᠵᠠᠰᠠᠭ᠎ᠤᠨ ᠣᠷᠳᠣᠨ ᠨᠠᠷᠢᠯᠠᠵᠤ ᠠᠮᠢᠳᠤᠷᠠᠬᠤ ᠎ᠶ᠋ᠢ ᠪᠠᠷᠢᠮᠲᠠᠯᠠᠨ᠂ ᠨᠡᠩ ᠰᠠᠢᠲᠤᠷ ᠠᠷᠪᠢᠯᠠᠨ ᠭᠠᠮᠨᠠᠵᠤ ᠠᠷᠠᠳ ᠲᠦᠮᠡᠨ ᠎ᠢ ᠪᠠᠶᠠᠵᠢᠭᠤᠯᠬᠤ ᠬᠡᠷᠡᠭ᠌ᠲᠡᠢ

ᠵᠣᠭᠣᠰᠣᠨ᠎ᠤ ᠯᠠᠪᠳᠠᠭᠤᠨ ᠲᠦᠷᠦ᠍ ᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠌ ᠡᠷᠴᠢᠮ᠎ᠢ ᠴᠢᠩᠭᠠᠷᠠᠭᠤᠯᠤᠨ᠎ᠠ

ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠲᠥᠷᠥ ᠎ᠶ᠋ᠢᠨ ᠪᠣᠳᠣᠯᠭ᠎ᠠ᠎ᠶ᠋ᠢ ᠴᠢᠩᠭᠠᠳᠭᠠᠨ᠎ᠠ

ᠠᠮᠤ ᠪᠤᠳᠠᠭ᠎ᠠ ᠪᠠ ᠡᠨᠧᠷᠭᠢ ᠎ᠶ᠋ᠢᠨ ᠰᠤᠷᠪᠤᠯᠵᠢ ᠵᠢᠨ ᠠᠮᠤᠷ ᠲᠦᠪᠱᠢᠨ ᠎ᠢ ᠦᠨᠡᠨ ᠬᠦ᠌ ᠪᠠᠲᠤᠯᠠᠨ᠎ᠠ

ᠬᠦᠨᠳᠦ ᠶᠡᠬᠡ ᠲᠦᠭᠰᠢᠭᠦᠷᠢ ᠵᠢ ᠰᠡᠷᠭᠡᠢᠯᠡᠨ ᠠᠷᠢᠯᠭᠠᠨ᠎ᠠ

2. ᠵᠠᠬ᠎ᠠ ᠳᠡᠯᠭᠡᠭᠦᠷ ᠎ᠦᠨ ᠪᠡᠶᠡᠴᠢ ᠴᠣᠭ᠍ᠴᠠ ᠎ᠶ᠋ᠢ ᠬᠦᠴᠦᠯᠡᠨ ᠲᠣᠭ᠍ᠲᠠᠪᠤᠷᠢᠵᠢᠭᠤᠯᠵᠤ ᠠᠵᠢᠯ ᠣᠯᠭᠣᠯᠲᠠ ᠎ᠶ᠋ᠢ ᠪᠠᠲᠤᠯᠠᠨ᠂ ᠬᠣᠷᠸ᠎ᠠ ᠲᠥᠷᠥ ᠎ᠶ᠋ᠢᠨ ᠪᠣᠳᠣᠯᠭ᠎ᠠ ᠎ᠶ᠋ᠢ ᠬᠡᠷᠡᠭ᠌ᠵᠢᠭᠦᠯᠬᠦ᠌ ᠡᠷᠴᠢᠮ ᠎ᠢ ᠴᠢᠩᠭᠠᠷᠠᠭᠤᠯᠤᠨ᠎ᠠ

ᠭᠠᠢᠯᠢ ᠰᠦᠢᠳᠭᠡᠯ ᠎ᠦᠨ ᠳᠡᠮᠵᠢᠯᠭᠡ ᠎ᠶ᠋ᠢᠨ ᠱᠢᠨ᠎ᠡ ᠬᠠᠮ ᠲᠦᠷᠦ᠍ ᠎ᠶ᠋ᠢᠨ ᠪᠤᠳᠤᠯᠭ᠎ᠠ ᠎ᠶ᠋ᠢ ᠬᠡᠷᠡᠭ᠌ᠵᠢᠭᠦᠯᠦᠨ᠎ᠡ

ᠪᠣᠳᠠᠲᠤ ᠴᠤᠭᠴᠠ ᠵᠢᠨ ᠠᠵᠤ ᠠᠬᠤᠢ᠎ᠳᠤ ᠦᠵᠡᠭᠦᠯᠬᠦ᠌ ᠮᠦᠩᠭᠦᠨ ᠭᠦᠢᠯᠭᠡᠭᠡᠨ᠎ᠤ ᠪᠦᠲᠦᠮᠵᠢᠲᠡᠢ ᠳᠡᠮᠵᠢᠯᠭᠡ᠎ᠶ᠋ᠢ ᠴᠢᠩᠭᠠᠳᠭᠠᠨ᠎ᠠ

ᠠᠵᠤ ᠠᠬᠤᠢᠯᠠᠯ ᠎ᠤᠨ ᠦᠢᠯᠡᠳᠪᠦᠷᠢᠯᠡᠯ ᠡᠵᠡᠩᠨᠡᠯᠲᠡ ᠎ᠶ᠋ᠢᠨ ᠥᠪᠡᠷ᠎ᠦᠨ ᠥᠷᠲᠡᠭ᠎ᠢ ᠪᠠᠭᠤᠷᠠᠭᠤᠯᠬᠤ ᠎ᠶ᠋ᠢ ᠠᠬᠢᠭᠤᠯᠤᠨ᠎ᠠ

ᠠᠵᠢᠯ᠎ᠣᠯᠭᠣᠯᠲᠠ᠎ᠶ᠋ᠢ᠎ᠲᠤᠭᠲᠠᠭᠤᠨ ᠪᠠᠢᠯᠭᠠᠬᠤ᠎ᠠᠷᠭ᠎ᠠ ᠬᠡᠮᠵᠢᠶ᠎ᠡ ᠎ᠶ᠋ᠢ ᠪᠣᠳᠠᠲᠠᠶ ᠪᠦᠭᠡᠳ ᠨᠠᠷᠢᠯᠢᠭ ᠨᠠᠢᠳᠠᠪᠤᠷᠢᠵᠢᠭᠤᠯᠤᠨ᠎ᠠ

3.ᠥᠭᠡᠷᠡᠴᠢᠯᠡᠯᠲᠡ ᠎ᠶ᠋ᠢ ᠡᠷᠡᠰ ᠭᠤᠢᠪᠢᠰᠢ ᠦᠭᠡᠶ ᠭᠦᠨᠵᠡᠭᠡᠢᠷᠡᠭᠦᠯᠵᠦ᠍᠂ ᠵᠠᠬ᠎ᠠ ᠳᠡᠯᠭᠡᠭᠦᠷ ᠎ᠦᠨ ᠠᠮᠢᠵᠢᠷᠠᠯ ᠎ᠤᠨ ᠬᠦᠴᠦᠨ ᠪᠠ ᠬᠥᠭ᠌ᠵᠢᠯᠲᠡ ᠎ᠶ᠋ᠢᠨ ᠳᠣᠲᠣᠭᠠᠳᠤ ᠬᠥᠳᠡᠯᠭᠡᠭᠴᠢ ᠬᠦᠴᠦᠨ ᠎ᠢ ᠨᠡᠩ ᠶᠡᠬᠡ ᠎ᠪᠡᠷ ᠬᠥᠭ᠌ᠵᠢᠭᠡᠨ᠎ᠡ

ᠵᠠᠰᠠᠭ ᠎ᠤᠨ ᠣᠷᠳᠣᠨ ᠎ᠤ ᠡᠭᠦᠷᠭᠡ ᠴᠢᠳᠠᠪᠤᠷᠢ ᠎ᠶ᠋ᠢ ᠲᠦᠷᠭᠡᠯᠡᠨ ᠬᠤᠪᠢᠷᠠᠭᠤᠯᠤᠨ᠎ᠠ

ᠤᠯᠠᠨ ᠲᠦᠷᠦᠯ᠎ᠦᠨ ᠥᠮᠴᠢᠯᠡᠯ ᠎ᠦᠨ ᠠᠵᠤ ᠠᠬᠤᠢ ᠎ᠶ᠋ᠢᠨ ᠬᠠᠮᠲᠤ ᠎ᠪᠡᠷ ᠬᠦᠭᠵᠢᠬᠦ ᠵᠢ ᠠᠬᠢᠭᠤᠯᠤᠨ᠎ᠠ

ᠡᠳ᠋᠎ᠦᠨ ᠵᠠᠰᠠᠭ ᠭᠠᠢᠯᠢ ᠮᠥᠩᠭᠥᠨ ᠭᠦᠢᠯᠭᠡᠭᠡᠨ᠎ᠦ ᠪᠠᠢᠭᠤᠯᠤᠯ᠎ᠤᠨ ᠥᠭᠡᠷᠡᠴᠢᠯᠡᠯᠲᠡ ᠎ᠶ᠋ᠢ ᠠᠬᠢᠭᠤᠯᠤᠨ᠎ᠠ

4.ᠱᠢᠨ᠎ᠡ᠎ᠶ᠋ᠢ ᠡᠭᠦᠳᠬᠦ᠌᠎ᠪᠡᠷ ᠬᠦᠭᠵᠢᠯᠲᠡ ᠵᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠪᠣᠳᠠᠲᠤ ᠴᠤᠭᠴᠠ ᠵᠢᠨ ᠠᠵᠤ ᠠᠬᠤᠶ ᠎ᠶ᠋ᠢᠨ ᠰᠠᠭᠤᠷᠢ ᠎ᠶ᠋ᠢ ᠪᠡᠬᠢᠵᠢᠭᠦᠯᠦᠨ ᠪᠤᠵᠠᠭᠠᠢᠷᠠᠭᠤᠯᠤᠨ᠎ᠠ

ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠱᠢᠨ᠎ᠡ᠎ᠶ᠋ᠢᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ

ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠶ᠋ᠢ ᠤᠷᠮᠠᠱᠢᠭᠤᠯᠬᠤ ᠡᠷᠴᠢᠮ᠎ᠢ ᠴᠢᠩᠭᠠᠷᠠᠭᠤᠯᠤᠨ᠎ᠠ

ᠦᠢᠯᠡᠳᠬᠦ᠌ ᠦᠢᠯᠡᠰ᠎ᠦᠨ ᠭᠣᠣᠯᠯᠠᠬᠤ ᠦᠷᠢᠰᠦᠯᠳᠦᠬᠦ᠌ ᠬᠦᠴᠦᠨ᠎ᠢ ᠴᠢᠩᠭᠠᠷᠠᠭᠤᠯᠤᠨ᠎ᠠ

ᠳ᠋ᠢᠵᠢᠲ᠋ᠠᠯ ᠠᠵᠤ ᠠᠬᠤᠢ ᠎ᠶ᠋ᠢᠨ ᠬᠥᠭ᠌ᠵᠢᠯᠲᠡ ᠎ᠶ᠋ᠢ ᠠᠬᠢᠭᠤᠯᠤᠨ᠎ᠠ

5. ᠳᠣᠲᠣᠭᠠᠳᠤ ᠬᠡᠷᠡᠭ᠌ᠴᠡᠭᠡ ᠎ᠶ᠋ᠢ ᠥᠷᠭᠡᠳᠭᠡᠬᠦ᠌ ᠪᠠᠢᠯᠳᠤᠬᠤ ᠪᠣᠳᠣᠯᠭ᠎ᠠ ᠎ᠶ᠋ᠢ ᠡᠷᠡᠰ ᠬᠡᠷᠡᠭ᠌ᠵᠢᠭᠦᠯᠵᠦ᠍᠂ ᠣᠷᠣᠨ ᠪᠦᠰᠡ ᠎ᠶ᠋ᠢᠨ ᠵᠣᠬᠢᠴᠠᠩᠭᠤᠶ ᠬᠥᠭ᠌ᠵᠢᠯᠲᠡ ᠪᠠ ᠱᠢᠨ᠎ᠡ ᠮᠠᠶᠢᠭ ᠎ᠤᠨ ᠬᠣᠲᠠ ᠪᠠᠯᠭᠠᠰᠤᠵᠢᠯᠲᠠ ᠎ᠶ᠋ᠢ ᠠᠬᠢᠭᠤᠯᠤᠨ᠎ᠠ

ᠬᠡᠷᠡᠭ᠌ᠯᠡᠭᠡ ᠎ᠶ᠋ᠢᠨ ᠦᠷᠭᠦᠯᠵᠢᠯᠡᠨ ᠰᠡᠷᠭᠦᠬᠦ᠌ ᠎ᠶ᠋ᠢ ᠠᠬᠢᠭᠤᠯᠤᠨ᠎ᠠ

ᠪᠦᠲᠦᠮᠵᠢᠲᠡᠢ ᠪᠡᠯᠡ ᠣᠷᠣᠭᠤᠯᠤᠯᠲᠠ ᠎ᠶ᠋ᠢ ᠢᠳᠡᠪᠬᠢᠲᠡᠢ ᠪᠡᠷ ᠥᠷᠭᠡᠳᠭᠡᠨ᠎ᠡ

ᠣᠷᠣᠨ ᠪᠦᠰᠡ ᠎ᠶ᠋ᠢᠨ ᠬᠥᠭ᠌ᠵᠢᠯᠲᠡ ᠎ᠶ᠋ᠢᠨ ᠲᠡᠩᠴᠡᠭᠦᠷᠢᠲᠦ ᠴᠢᠨᠠᠷ ᠪᠠ ᠵᠤᠬᠢᠴᠠᠯᠲᠤ ᠴᠢᠨᠠᠷ ᠎ᠢ ᠴᠢᠩᠭᠠᠳᠭᠠᠨ᠎ᠠ

ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ

6. ᠲᠠᠷᠢᠶᠠᠯᠠᠩ ᠎ᠤᠨ ᠦᠶ᠋ᠯᠡᠳᠪᠦᠷᠢᠯᠡᠯ ᠎ᠢ ᠬᠦᠴᠦᠯᠡᠨ ᠰᠠᠢᠲᠤᠷ ᠠᠳᠭᠤᠵᠤ᠂ ᠬᠥᠳᠡᠭᠡ ᠲᠣᠰᠭᠣᠨ ᠎ᠢ ᠪᠥᠬᠥ᠌ ᠲᠠᠯ᠎ᠠ ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ

ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠢ ᠲᠤᠭᠲᠠᠪᠤᠷᠢᠵᠢᠭᠤᠯᠵᠤ ᠬᠠᠩᠭᠠᠯᠭ᠎ᠠ ᠎ᠶ᠋ᠢ ᠪᠠᠲᠤᠯᠠᠬᠤ ᠎ᠶ᠋ᠢ ᠴᠢᠩᠭᠠᠳᠭᠠᠨ᠎ᠠ

ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ ᠎ᠢ ᠰᠢᠢᠳᠪᠦᠷᠢᠯᠡᠭᠰᠡᠨ ᠦᠷ᠎ᠡ ᠪᠦᠲᠦᠭᠡᠯ ᠎ᠢ ᠪᠥᠬᠥ᠌ ᠲᠠᠯ᠎ᠠ ᠎ᠪᠠᠷ ᠪᠡᠬᠢᠵᠢᠭᠦᠯᠦᠨ ᠥᠷᠭᠡᠳᠭᠡᠨ᠎ᠡ

ᠬᠥᠳᠡᠭᠡ ᠲᠣᠰᠭᠣᠨ ᠎ᠤ ᠥᠭᠡᠷᠡᠴᠢᠯᠡᠯᠲᠡ ᠬᠥᠭ᠌ᠵᠢᠯᠲᠡ ᠎ᠶ᠋ᠢ ᠯᠠᠪᠳᠠᠭᠤᠨ ᠪᠠᠲᠤᠲᠠᠢ ᠎ᠪᠠᠷ ᠠᠬᠢᠭᠤᠯᠤᠨ᠎ᠠ

7. ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ ᠎ᠶ᠋ᠢ ᠥᠷᠭᠡᠳᠭᠡᠵᠦ᠍᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠎ᠶ᠋ᠢᠨ ᠲᠣᠭ᠍ᠲᠠᠭᠤᠨ ᠎ᠢᠶᠠᠷ ᠬᠥᠭ᠌ᠵᠢᠬᠦ᠌ ᠎ᠶ᠋ᠢ ᠠᠬᠢᠭᠤᠯᠤᠨ᠎ᠠ

ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ ᠎ᠪᠡᠷ ᠬᠡᠷᠡᠭ᠌ᠯᠡᠨ ᠭᠠᠳᠠᠭᠠᠳᠤ ᠠᠷᠠᠯᠵᠢᠶ᠎ᠠ ᠎ᠶ᠋ᠢ ᠲᠣᠭ᠍ᠲᠠᠪᠤᠷᠢᠵᠢᠭᠤᠯᠤᠨ᠎ᠠ

ᠭᠠᠳᠠᠭᠠᠳᠤ ᠪᠡᠯᠡ ᠎ᠶ᠋ᠢ ᠢᠳᠡᠪᠬᠢᠲᠡᠶ ᠠᠱᠢᠭ᠍ᠯᠠᠨ᠎ᠠ

《ᠨᠢᠭᠡ ᠪᠦᠰᠡ ᠨᠢᠭᠡ ᠵᠠᠮ》 ᠎ᠢ᠋ ᠴᠢᠨᠠᠷ ᠰᠠᠢᠲᠠᠶ ᠬᠠᠮᠲᠤ ᠎ᠪᠠᠷ ᠪᠠᠢᠭᠤᠯᠤᠨ᠎ᠠ

ᠤᠯᠠᠨ ᠲᠠᠯᠠᠲᠤ ᠪᠠ ᠬᠣᠶᠠᠷ ᠲᠠᠯᠠᠲᠤ ᠠᠵᠤ ᠠᠬᠤᠢ ᠠᠷᠠᠯᠵᠢᠶᠠᠨ ᠎ᠤ ᠬᠠᠮᠲᠤᠷᠠᠯᠴᠠᠭ᠎ᠠ ᠎ᠶ᠋ᠢ ᠭᠦᠨᠵᠡᠭᠡᠢᠷᠡᠭᠦᠯᠦᠨ᠎ᠡ

8. ᠠᠮᠢ ᠠᠬᠤᠶ ᠎ᠶ᠋ᠢᠨ ᠣᠷᠴᠢᠨ ᠨᠦᠬᠦᠴᠡᠯ ᠎ᠢ ᠦᠷᠭᠦᠯᠵᠢᠯᠡᠨ ᠰᠠᠢᠵᠢᠷᠠᠭᠤᠯᠵᠤ᠂ ᠪᠤᠬᠢᠷᠳᠤᠯ ᠦᠭᠡᠢ ᠪᠦᠭᠡᠳ ᠨᠡᠭᠦᠷᠡᠰᠦᠲᠥ᠋ᠷᠥᠭ᠌ᠴᠢ ᠪᠠᠭᠠᠲᠠᠢ ᠬᠥᠭ᠌ᠵᠢᠯᠲᠡ ᠎ᠶ᠋ᠢ ᠠᠬᠢᠭᠤᠯᠤᠨ᠎ᠠ

ᠠᠮᠢ ᠠᠬᠤᠢ᠎ᠶ᠋ᠢᠨ ᠣᠷᠴᠢᠨ ᠨᠥᠬᠥᠴᠡᠯ᠎ᠢ ᠶᠡᠷᠦᠩᠬᠡᠢᠯᠡᠭ᠌ᠰᠡᠨ ᠵᠠᠰᠠᠬᠤ᠎ᠶ᠋ᠢ ᠴᠢᠩᠭᠠᠳᠭᠠᠨ᠎ᠠ

ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ ᠎ᠶ᠋ᠢ ᠰᠠᠭᠠᠷᠮᠠᠭ᠍ᠵᠢᠭᠤᠯᠬᠤ ᠠᠵᠢᠯ ᠎ᠢ ᠡᠮᠬᠢ ᠵᠢᠷᠤᠮ ᠎ᠲᠠᠢ ᠠᠬᠢᠭᠤᠯᠤᠨ᠎ᠠ

9. ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠢᠵᠢᠷᠠᠭᠤᠯᠵᠤ᠂ ᠨᠡᠢᠭᠡᠮ ᠎ᠦᠨ ᠵᠠᠰᠠᠯᠲᠠ᠎ᠶ᠋ᠢ ᠴᠢᠩᠭᠠᠳᠭᠠᠨ ᠱᠢᠨ᠎ᠡ ᠎ᠶ᠋ᠢ ᠡᠭᠦᠳᠦᠨ᠎ᠡ

ᠰᠤᠷᠭᠠᠨ ᠬᠥᠮᠦᠵᠢᠯ᠎ᠦᠨ ᠭᠣᠣᠯᠴᠢ ᠲᠡᠭᠰᠢ ᠪᠠᠢᠬᠤ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ ᠎ᠶ᠋ᠢ ᠠᠬᠢᠭᠤᠯᠤᠨ᠎ᠠ

ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ

ᠨᠡᠢᠭᠡᠮ ᠎ᠦᠨ ᠪᠠᠲᠤᠯᠠᠭ᠎ᠠ ᠪᠠ ᠦᠢᠯᠡᠴᠢᠯᠡᠭᠡ ᠎ᠶ᠋ᠢ ᠴᠢᠩᠭᠠᠳᠭᠠᠨ᠎ᠠ

ᠣᠯᠠᠨ ᠲᠦᠮᠡᠨ᠎ᠦ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢ ᠦᠷᠭᠦᠯᠵᠢᠯᠡᠨ ᠰᠠᠢᠲᠤᠷ ᠪᠠᠲᠤᠯᠠᠨ᠎ᠠ

ᠠᠷᠠᠳ ᠣᠯᠠᠨ ᠎ᠤ ᠣᠶᠤᠨ ᠎ᠤ ᠰᠣᠶᠣᠯ ᠎ᠤᠨ ᠠᠮᠢᠳᠤᠷᠠᠯ ᠎ᠢ ᠪᠠᠶᠠᠯᠢᠭ᠍ᠵᠢᠭᠤᠯᠤᠨ᠎ᠠ

ᠨᠡᠢᠭᠡᠮ ᠎ᠦᠨ ᠵᠠᠰᠠᠯᠲᠠ ᠎ᠶ᠋ᠢᠨ ᠬᠠᠮᠲᠤ ᠎ᠪᠠᠷ ᠪᠠᠢᠭᠤᠯᠬᠤ ᠬᠠᠮᠲᠤ ᠎ᠪᠠᠷ ᠵᠠᠰᠠᠬᠤ ᠬᠠᠮᠲᠤ ᠎ᠪᠠᠷ ᠡᠳ᠋ᠯᠡᠬᠦ᠌ ᠎ᠶ᠋ᠢ ᠠᠬᠢᠭᠤᠯᠤᠨ᠎ᠠ

(ᠲᠤᠰ ᠨᠢᠭᠤᠷ ᠎ᠤᠨ ᠡᠬᠡ ᠪᠢᠴᠢᠭ ᠎ᠢ ᠲᠥᠪ ᠎ᠤᠨ ᠤᠷᠴᠢᠭᠤᠯᠭ᠎ᠠ ᠵᠢᠨ ᠲᠤᠪᠴᠢᠶ᠎ᠠ ᠵᠢᠨ ᠤᠷᠴᠢᠭᠤᠯᠭ᠎ᠠ ᠡᠴᠡ ᠡᠰᠢᠯᠡᠪᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面