2022-03-07 09:23:14
ᠱᠢᠨᠬᠤᠸᠠ ᠬᠣᠷᠢᠶᠠᠨ ᠤ᠋ ᠪᠡᠭᠡᠵᠢᠩᠦᠨ 3 ᠰᠠᠷ᠎ᠠ ᠵᠢᠨ 6 ᠤ᠋ ᠴᠠᠬᠢᠯᠭᠠᠨ ᠮᠡᠳᠡᠭᠡ ᠨᠠᠮ ᠤ᠋ᠨ ᠲᠥᠪ ᠬᠣᠷᠢᠶᠠᠨ ᠤ᠋ ᠤᠯᠤᠰ ᠲᠦᠷᠦ᠍ ᠵᠢᠨ ᠲᠣᠪᠴᠢᠶᠠᠨ ᠤ᠋ ᠪᠠᠢᠩᠭᠤ ᠵᠢᠨ ᠭᠡᠱᠢᠭᠦᠨ᠂ ᠲᠦᠷᠦ᠍ ᠵᠢᠨ ᠶᠠᠪᠤᠳᠠᠯ ᠤ᠋ᠨ ᠬᠣᠷᠢᠶᠠᠨ ᠤ᠋ ᠶᠡᠷᠦᠩᠬᠡᠢ ᠰᠠᠢᠳ ᠯᠢ ᠺᠸ ᠴᠢᠶᠠᠩ 6 ᠤ᠋ ᠦᠳᠡ ᠵᠢᠨ ᠡᠮᠦᠨ᠎ᠡ ᠲᠡᠭᠦᠨᠦ ᠪᠠᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳᠦᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠭᠤᠸᠠᠩᠰᠢ ᠵᠢᠨ ᠲᠥᠯᠥᠭᠡᠯᠡᠭ᠌ᠴᠢᠳᠦᠨ ᠪᠦᠯᠬᠦᠮᠳᠦ ᠬᠦᠷᠴᠦ᠍᠂ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠬᠢᠨᠠᠨ ᠵᠥᠪᠯᠡᠬᠦ᠌ᠳᠦ ᠣᠷᠣᠯᠴᠠᠪᠠ᠃ ᠯᠢᠨ ᠭᠤᠸᠠᠨ᠂ ᠱᠢᠤᠢ ᠶᠠᠨ ᠨᠢᠢ᠂ ᠪᠠᠨ ᠬᠤᠸᠠ ᠵᠦᠩ ᠵᠡᠷᠭᠡ ᠲᠥᠯᠥᠭᠡᠯᠡᠭ᠌ᠴᠢ ᠭᠤᠸᠠᠩᠰᠢ ᠵᠢᠨ ᠪᠸᠢ ᠪᠦ᠋ ᠸᠠᠨ ᠤ᠋ ᠠᠵᠤ ᠠᠬᠤᠢ ᠵᠢᠨ ᠲᠣᠭᠣᠷᠢᠭ ᠢ᠋ ᠨᠡᠭᠡᠭᠡᠨ ᠬᠥᠭ᠌ᠵᠢᠭᠦᠯᠵᠦ᠍ ᠨᠡᠭᠡᠭᠡᠯᠳᠠ ᠬᠢᠬᠦ᠌᠂ ᠦᠢᠯᠡᠳᠬᠦ᠌ ᠦᠢᠯᠡᠰᠦᠨ ᠠᠵᠤ ᠠᠬᠤᠢᠯᠠᠯ ᠤ᠋ᠨ ᠦᠷᠢᠰᠦᠯᠳᠦᠬᠦ᠌ ᠬᠦᠴᠦᠨ ᠢ᠋ ᠴᠢᠩᠭᠠᠳᠭᠠᠬᠤ᠂ ᠤᠨᠴᠠᠯᠢᠬ᠍ᠳᠤ ᠠᠵᠤ ᠦᠢᠯᠡᠰ ᠢ᠋ ᠬᠥᠭ᠌ᠵᠢᠭᠦᠯᠬᠦ᠌ ᠵᠡᠷᠭᠡ ᠲᠠᠯ᠎ᠠ ᠪᠡᠷ ᠤᠷᠢᠳ ᠬᠣᠵᠢᠳ ᠦᠭᠡ ᠬᠡᠯᠡᠪᠡ᠃ ᠯᠢ ᠺᠸ ᠴᠢᠶᠠᠩ ᠤᠯᠠᠨ ᠤ᠋ ᠬᠡᠯᠡᠬᠦ᠌ ᠵᠢ ᠨᠠᠷᠢᠨ ᠬᠢᠨᠠᠮᠠᠭᠠᠢ ᠰᠣᠨᠣᠰᠴᠤ᠌᠂ ᠪᠠᠢᠨ ᠪᠠᠢᠨ ᠰᠠᠨᠠᠯᠢᠶᠠᠨ ᠰᠣᠯᠢᠯᠴᠠᠵᠤ ᠪᠠᠢᠯ᠎ᠠ᠃ ᠲᠡᠷᠡ᠂ ᠥᠩᠭᠡᠷᠡᠭ᠌ᠰᠡᠨ ᠨᠢᠭᠡ ᠵᠢᠯᠳᠦ᠂ ᠰᠢ ᠵᠢᠨ ᠫᠢᠩ ᠨᠥᠬᠥᠷᠢᠶᠡᠷ ᠭᠣᠣᠯ ᠪᠣᠯᠭᠠᠭ᠍ᠰᠠᠨ ᠨᠠᠮ ᠤ᠋ᠨ ᠲᠥᠪ ᠬᠣᠷᠢᠶᠠᠨᠤ᠋ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠳᠠᠶᠠᠭᠠᠷᠢᠶᠠᠨ ᠰᠡᠳᠭᠢᠯ ᠨᠢᠭᠡᠳᠦᠨ ᠬᠦᠴᠦ᠍ᠪᠡᠨ ᠬᠠᠮᠲᠤᠳᠭᠠᠵᠤ᠂ ᠬᠦᠴᠢᠷ ᠢ᠋ ᠲᠤᠭᠤᠯᠤᠨ ᠪᠡᠷᠬᠡ ᠵᠢ ᠳᠠᠪᠠᠵᠤ᠂ ᠠᠵᠤ ᠠᠬᠤᠢ ᠨᠡᠢᠭᠡᠮᠦᠨ ᠬᠥᠭ᠌ᠵᠢᠯᠲᠡ ᠵᠢᠨ ᠪᠦᠬᠦ᠌ ᠵᠢᠯᠦᠨ ᠭᠣᠣᠯ ᠬᠠᠷᠠᠯᠲᠠ ᠡᠭᠦᠷᠭᠡ ᠵᠢ ᠨᠡᠯᠢᠶᠡᠳ ᠰᠠᠢ᠌ᠨ ᠪᠡᠶᠡᠯᠡᠭᠦᠯᠵᠦ᠍᠂ ᠮᠠᠨ ᠤ᠋ ᠤᠯᠤᠰ ᠤ᠋ᠨ ᠬᠥᠭ᠌ᠵᠢᠯᠲᠡ ᠪᠠᠰᠠ ᠱᠢᠨ᠎ᠡ ᠴᠢᠬᠤᠯᠠ ᠶᠡᠬᠡ ᠠᠮᠵᠢᠯᠲᠠ ᠣᠯᠵᠠᠢ᠃ ᠭᠤᠸᠠᠩᠰᠢ ᠵᠢᠨ ᠬᠢᠨ ᠨᠠᠮ ᠤ᠋ᠨ ᠲᠥᠪ ᠬᠣᠷᠢᠶ᠎ᠠ ᠂ ᠲᠥᠷᠥ ᠵᠢᠨ ᠶᠠᠪᠤᠳᠠᠯ ᠤ᠋ᠨ ᠬᠣᠷᠢᠶᠠᠨ ᠤ᠋ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠢᠵᠢᠭᠦᠨ ᠪᠠᠢᠳᠠᠯ ᠵᠡᠷᠭᠡ ᠠᠱᠢᠭ ᠥᠬᠡᠶ ᠨᠥᠯᠥᠭᠡ ᠵᠢ ᠢᠯᠡᠨ ᠳᠠᠪᠠᠵᠤ᠂ ᠠᠵᠤ ᠠᠬᠤᠶ ᠵᠢᠨ ᠡᠷᠭᠢᠯᠲᠡ ᠪᠡᠨ ᠦᠷᠭᠦᠯᠵᠢᠯᠡᠨ ᠰᠡᠷᠭᠦᠬᠡᠵᠦ᠍᠂ ᠠᠷᠠᠳ ᠤ᠋ᠨ ᠠᠮᠢᠳᠤᠷᠠᠯ ᠲᠠᠰᠤᠷᠠᠯᠲᠠ ᠥᠬᠡᠶ ᠪᠠᠳᠤᠯᠠᠭ᠎ᠠ ᠲᠠᠢ ᠪᠤᠯᠤᠬᠰᠠᠨ ᠪᠠ ᠰᠠᠢᠵᠢᠷᠠᠵᠤ᠂ ᠡᠯ᠎ᠡ ᠲᠠᠯᠠᠶ᠋ᠢᠨᠬᠢᠨ ᠴᠥᠮ ᠱᠢᠨ᠎ᠡ ᠦᠷ᠎ᠡ ᠪᠦᠲᠦᠮᠵᠢ ᠤᠯᠪᠠ ᠭᠡᠵᠤ ᠬᠡᠯᠡᠪᠡ᠃
ᠯᠢ ᠺᠸ ᠴᠢᠶᠠᠩ᠂ ᠡᠨᠡ ᠵᠢᠯᠦᠨ ᠭᠠᠳᠠᠭᠠᠳᠤ ᠣᠷᠴᠢᠨ ᠨᠡᠩ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠤᠯᠵᠤ᠂ ᠤᠯᠤᠰ ᠤ᠋ᠨ ᠳᠣᠲᠣᠭᠠᠳᠤ ᠵᠢᠨ ᠬᠥᠭ᠌ᠵᠢᠯᠲᠡ ᠳᠤ ᠬᠦᠴᠢᠷᠳᠡᠯ ᠪᠣᠯᠤᠨ ᠥᠷᠢᠰᠥᠯᠳᠦᠭᠡᠨ ᠨᠡᠮᠡᠭ᠌ᠳᠡᠪᠡ᠃ ᠰᠢ ᠵᠢᠨ ᠫᠢᠩᠦᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭᠲᠠᠶ ᠨᠡᠢᠭᠡᠮ ᠵᠢᠷᠤᠮ ᠤ᠋ᠨ ᠦᠵᠡᠯ ᠰᠠᠨᠠᠭᠠᠪᠠᠷ ᠵᠢᠯᠤᠭᠤᠳᠤᠯᠭ᠎ᠠ ᠪᠣᠯᠭᠠᠬᠤ ᠵᠢ ᠪᠠᠷᠢᠮᠲᠠᠯᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ ᠢ᠋ ᠬᠠᠮᠠᠭᠠᠯᠠᠬᠤ》 ᠵᠢ ᠪᠡᠶᠡᠯᠡᠭᠦᠯᠵᠦ᠍᠂ ᠠᠵᠤ ᠠᠬᠤᠢ ᠨᠡᠢᠭᠡᠮᠦᠨ ᠦᠷᠭᠦᠯᠵᠢᠯᠡᠨ ᠡᠷᠡᠭᠦᠯᠢᠶᠡᠷ ᠬᠥᠭ᠌ᠵᠢᠬᠦ᠌ ᠵᠢ ᠠᠬᠢᠭᠤᠯᠬᠤ ᠬᠡᠷᠡᠭ᠌ᠲᠡᠢ᠃ ᠭᠤᠸᠠᠩᠰᠢ ᠤᠢ᠍ᠢᠷᠠ ᠵᠢᠨ ᠵᠢᠯᠦᠨ ᠲᠤᠷᠱᠢᠬᠢ ᠲᠦᠷᠭᠡᠨ ᠳᠠᠪᠱᠢᠯᠳᠠ ᠵᠢᠨ ᠵᠢᠠᠨ ᠰᠠᠭᠤᠷᠢᠨ ᠳᠡᠭᠡᠷ᠎ᠡ᠂ ᠤᠯᠤᠰ ᠤ᠋ᠨ ᠳᠡᠮᠵᠢᠯᠭᠡ ᠵᠢᠨ ᠳᠦᠷᠦ᠍ ᠵᠢᠨ ᠪᠤᠳᠤᠯᠭ᠎ᠠ ᠵᠢ ᠰᠠᠢᠲᠤᠷ ᠬᠡᠷᠡᠭ᠌ᠯᠡᠵᠦ᠍ ᠂ ᠳᠤᠰ ᠪᠡᠶ᠎ᠡ ᠵᠢᠨ ᠳᠠᠯᠳᠠ ᠬᠦᠴᠦᠨᠢᠶᠡᠨ ᠪᠠᠳᠠᠷᠠᠭᠤᠯᠵᠤ᠂ ᠨᠡᠩ ᠰᠠᠢ᠌ᠨ ᠬᠥᠭ᠌ᠵᠢᠯᠲᠡ ᠵᠢ ᠴᠢᠷᠮᠠᠢᠨ ᠪᠡᠶᠡᠯᠡᠭᠦᠯᠬᠦ᠌ ᠬᠡᠷᠡᠭ᠌ᠲᠡᠢ᠃ ᠭᠤᠸᠠᠩᠰᠢ ᠵᠢᠨ ᠠᠵᠤ ᠦᠢᠯᠡᠳᠪᠦᠷᠢᠵᠢᠯᠲᠡ ᠬᠤᠳᠠ ᠪᠠᠯᠭᠠᠰᠤᠵᠢᠯᠳᠠ ᠪᠠᠰᠠ ᠮᠠᠰᠢ ᠶᠡᠬᠡ ᠣᠷᠣᠨ ᠵᠠᠢᠲᠠᠶ ᠶᠤᠮ᠂ ᠲᠤᠰ ᠪᠡᠶ᠎ᠡ ᠵᠢᠨ ᠴᠢᠳᠠᠮᠠᠭᠠᠢ ᠴᠢᠨᠠᠷᠢᠶᠠᠨ ᠦᠷᠭᠦᠯᠵᠢᠯᠡᠨ ᠪᠠᠳᠠᠷᠠᠭᠤᠯᠵᠤ᠂ ᠳᠣᠲᠣᠭᠠᠳᠤ ᠬᠡᠷᠡᠭ᠌ᠴᠡᠭᠡ ᠵᠢ ᠥᠷᠭᠡᠳᠭᠡᠬᠦ᠌ ᠪᠠᠢᠯᠳᠤᠬᠤ ᠪᠤᠳᠤᠯᠭ᠎ᠠ ᠵᠢ ᠰᠠᠢᠲᠤᠷ ᠬᠡᠷᠡᠭ᠌ᠵᠢᠭᠦᠯᠵᠦ᠍᠂ ᠬᠡᠷᠡᠭ᠌ᠯᠡᠭᠡ ᠵᠢᠨ ᠦᠷᠭᠦᠯᠵᠢᠯᠡᠨ ᠰᠡᠷᠭᠦᠬᠦ᠌ ᠵᠢ ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠵᠢ ᠢᠳᠡᠪᠬᠢᠲᠡᠢ ᠥᠷᠭᠡᠳᠭᠡᠬᠦ᠌ ᠬᠡᠷᠡᠭ᠌ᠲᠡᠢ᠃ ᠭᠤᠸᠠᠩᠰᠢ ᠵᠢᠨ ᠣᠷᠣᠨ ᠪᠠᠢᠷᠢ ᠵᠢᠨ ᠳᠠᠪᠠᠭᠤᠯᠢᠭ ᠢᠯᠡᠷᠬᠡᠢ ᠪᠠᠢᠵᠤ᠂ ᠬᠢᠯᠢ ᠳᠠᠭᠠᠤ ᠪᠦᠭᠡᠳ ᠪᠠᠰᠠ ᠳᠠᠯᠠᠢ ᠳᠠᠭᠠᠤ ᠪᠠᠢᠷᠢᠯᠠᠵᠤ᠂ ᠶᠡᠬᠡ ᠳᠠᠯᠠᠢᠳ᠋ᠦ ᠬᠠᠨᠳᠤᠨ᠂ ᠣᠷᠣᠨ ᠪᠦᠰᠡ ᠵᠢᠨ ᠪᠦᠬᠦ᠌ ᠲᠠᠯ᠎ᠠ ᠵᠢᠨ ᠠᠵᠤ ᠠᠬᠤᠢ ᠵᠢᠨ ᠬᠠᠨᠢᠲᠠᠨ ᠤ᠋ ᠬᠠᠷᠢᠴᠠᠭ᠎ᠠ ᠵᠢᠨ ᠬᠡᠯᠡᠯᠴᠡᠭᠡᠷ ᠢ᠋ ᠬᠦᠴᠦᠨ ᠲᠠᠢ ᠬᠡᠷᠡᠭ᠌ᠵᠢᠭᠦᠯᠵᠦ᠍ ᠪᠠᠢᠭ᠎ᠠ ᠠᠵᠠ ᠲᠣᠬᠢᠶᠠᠯ ᠢ᠋ ᠠᠮᠵᠢᠵᠤ᠂ ᠪᠸᠢ ᠪᠦ᠋ ᠸᠠᠨᠤ ᠪᠦᠲᠦᠭᠡᠨ ᠪᠠᠢᠭᠤᠯᠤᠯᠲᠠ ᠵᠢ ᠴᠢᠩᠭᠠᠳᠭᠠᠨ᠂ ᠴᠢᠯᠥᠭᠡᠲᠦ ᠠᠷᠠᠯᠵᠢᠶᠠᠨ ᠤ᠋ ᠲᠤᠷᠱᠢᠯᠲᠠ ᠵᠢᠨ ᠣᠷᠣᠨ᠂ ᠪᠠᠷᠠᠭᠤᠨ ᠬᠡᠰᠡᠭᠦᠨ ᠡᠬᠡ ᠬᠠᠭᠤᠷᠠᠢ ᠳᠠᠯᠠᠢ ᠲᠠᠩᠭᠢᠰ ᠤ᠋ᠨ ᠱᠢᠨ᠎ᠡ ᠨᠡᠪᠳᠡᠷᠡᠯ ᠵᠠᠮ ᠵᠡᠷᠭᠡ ᠲᠠᠪᠴᠠᠩ ᠢ᠋ ᠰᠠᠢᠲᠤᠷ ᠬᠡᠷᠡᠭ᠌ᠯᠡᠵᠦ᠍᠂ ᠵᠡᠭᠦᠨ ᠡᠮᠦᠨᠡᠲᠦ ᠠᠽᠢᠶ᠎ᠠ ᠵᠢᠨ ᠤᠯᠤᠰ ᠤ᠋ᠳ ᠤ᠋ᠨ ᠬᠣᠯᠪᠣᠭ᠎ᠠ ᠵᠡᠷᠭᠡᠯᠦᠭᠡ ᠵᠢᠨ ᠨᠡᠭᠡᠭᠡᠯᠲᠡ ᠬᠠᠮᠲᠤᠷᠠᠯᠴᠠᠭ᠎ᠠ ᠵᠢ ᠲᠠᠰᠤᠷᠠᠯᠲᠠ ᠦᠭᠡᠢ ᠭᠦᠨᠵᠡᠭᠡᠢᠷᠡᠭᠦᠯᠬᠦ᠌ ᠬᠡᠷᠡᠭ᠌ᠲᠡᠢ᠃ ᠭᠤᠸᠠᠩᠰᠢ ᠳ᠋ᠦ ᠨᠢᠭᠡᠨᠲᠡ ᠨᠢᠭᠡ ᠪᠦᠯᠦᠭ ᠤᠨᠴᠠᠯᠢᠬ᠍ᠳᠤ ᠳᠠᠪᠠᠭᠤᠯᠢᠭ ᠠᠵᠤ ᠦᠢᠯᠡᠰ ᠪᠦᠷᠢᠯᠳᠦᠵᠦ᠍᠂ ᠪᠠᠢᠳᠠᠯ ᠢ᠋ ᠳᠠᠭᠠᠨ ᠱᠢᠨ᠎ᠡ ᠱᠢᠪᠲᠤᠯᠤᠯᠲᠠ ᠵᠢ ᠪᠡᠶᠡᠯᠡᠭᠦᠯᠬᠦ᠌ ᠵᠢ ᠠᠬᠢᠭᠤᠯᠵᠤ᠂ ᠵᠠᠬ᠎ᠠ ᠳᠡᠯᠭᠡᠭᠦᠷᠦᠨ ᠦᠷᠢᠰᠦᠯᠳᠦᠬᠦ᠌ ᠬᠦᠴᠦᠨ ᠲᠠᠢ ᠨᠡᠩ ᠤᠯᠠᠨ ᠲᠦᠷᠦᠯ ᠲᠡᠮᠳᠡᠭ ᠪᠣᠯᠤᠨ ᠠᠵᠤ ᠠᠬᠤᠢᠯᠠᠯ ᠢ᠋ ᠴᠣᠭ᠍ᠴᠠᠯᠠᠬᠤ ᠬᠡᠷᠡᠭ᠌ᠲᠡᠢ᠃ ᠴᠡᠪᠡᠷ ᠡᠨᠧᠷᠭᠢ᠂ ᠤᠢ ᠱᠢᠭᠤᠢ ᠵᠡᠷᠭᠡ ᠡᠬᠢ ᠪᠠᠶᠠᠯᠢᠭ ᠤ᠋ᠨ ᠳᠠᠪᠠᠭᠤᠯᠢᠭ ᠢ᠋ ᠰᠠᠢᠲᠤᠷ ᠪᠠᠳᠠᠷᠠᠭᠤᠯᠵᠤ᠂ ᠤᠯᠤᠰ ᠤ᠋ᠨ ᠡᠨᠧᠷᠭᠢ ᠵᠢᠨ ᠠᠮᠤᠷ ᠲᠦᠪᠱᠢᠨ ᠢ᠋ ᠪᠠᠲᠤᠯᠠᠬᠤ᠂ ᠪᠣᠬᠢᠷᠲᠤᠯ ᠦᠭᠡᠢ ᠬᠥᠭ᠌ᠵᠢᠯᠲᠡ ᠵᠢ ᠠᠬᠢᠭᠤᠯᠬᠤ ᠳ᠋ᠦ ᠨᠡᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠤ ᠶᠠᠷᠢᠪᠠ᠃
ᠯᠢ ᠺᠸ ᠴᠢᠶᠠᠩ᠂ ᠵᠠᠬ᠎ᠠ ᠳᠡᠯᠭᠡᠭᠦᠷᠦᠨ ᠭᠣᠣᠯ ᠴᠣᠭ᠍ᠴᠠ ᠵᠢᠨ ᠠᠮᠢᠵᠢᠷᠠᠯ ᠤ᠋ᠨ ᠬᠦᠴᠦᠨ ᠢ᠋ ᠨᠡᠩ ᠶᠡᠬᠡᠪᠡᠷ ᠬᠥᠭ᠌ᠵᠢᠭᠡᠵᠦ᠍᠂ ᠠᠵᠢᠯ ᠣᠯᠭᠣᠯᠲᠠ ᠵᠢ ᠲᠣᠭ᠍ᠲᠠᠪᠤᠷᠢᠵᠢᠭᠤᠯᠵᠤ ᠠᠷᠠᠳ ᠤ᠋ᠨ ᠠᠮᠢᠳᠤᠷᠠᠯ ᠢ᠋ ᠪᠠᠲᠤᠯᠠᠬᠤ ᠬᠡᠷᠡᠭ᠌ᠲᠡᠢ᠃ ᠠᠵᠢᠯ ᠣᠯᠭᠣᠯᠲᠠ ᠪᠣᠯ ᠠᠷᠠᠳ ᠤ᠋ᠨ ᠠᠮᠢᠳᠤᠷᠠᠯ ᠤ᠋ᠨ ᠦᠨᠳᠦᠰᠦ᠂ ᠤᠯᠤᠰ ᠤ᠋ᠨ ᠡᠳ᠋ ᠪᠠᠶᠠᠯᠢᠭ ᠤ᠋ᠨ ᠢᠷᠡᠯᠲᠡ ᠵᠢᠨ ᠦᠨᠳᠦᠰᠦ ᠮᠥᠨ᠃ ᠬᠡᠷᠪᠡ ᠠᠵᠢᠯ ᠣᠯᠭᠣᠯᠲᠠ ᠭᠦᠢᠴᠡᠳ ᠪᠠᠢᠪᠠᠯ ᠂ ᠠᠵᠤ ᠠᠬᠤᠢ ᠵᠢᠨ ᠳᠠᠯᠳᠠ ᠨᠡᠮᠡᠭ᠌ᠳᠡᠯᠦᠨ ᠪᠡᠶᠡᠯᠡᠭ᠌ᠳᠡᠬᠦ᠌ ᠵᠢ ᠴᠦ᠍ ᠲᠤᠯᠭᠠᠭᠤᠷᠢᠯᠠᠵᠤ ᠴᠢᠳᠠᠨ᠎ᠠ᠃ ᠮᠠᠨ ᠤ᠋ ᠤᠯᠤᠰ ᠲᠸ᠋1.5 ᠳ᠋ᠦᠩᠱᠢᠭᠤᠷ ᠵᠠᠬ᠎ᠠ ᠳᠡᠯᠭᠡᠭᠦᠷᠦᠨ ᠪᠡᠶᠡᠴᠢ ᠴᠣᠭ᠍ᠴᠠᠲᠠᠶ᠂ ᠲᠠᠳᠠ ᠲᠣᠭ᠍ᠲᠠᠭᠤᠨ ᠠᠵᠢᠯ ᠣᠯᠭᠣᠯᠲᠠ ᠵᠢ ᠲᠤᠯᠭᠠᠭᠤᠷᠢᠯᠠᠵᠤ ᠪᠠᠢᠳᠠᠭ᠃ ᠦᠷᠭᠦᠯᠵᠢᠯᠡᠨ ᠵᠠᠬ᠎ᠠ ᠳᠡᠯᠭᠡᠭᠦᠷᠦᠨ ᠭᠣᠣᠯ ᠴᠣᠭ᠍ᠴᠠ ᠳ᠋ᠦ ᠬᠠᠨᠳᠤᠭᠤᠯᠤᠨ ᠬᠣᠷᠸ᠎ᠠ ᠲᠦᠷᠦ᠍ ᠵᠢᠨ ᠪᠤᠳᠤᠯᠭ᠎ᠠ ᠵᠢ ᠬᠡᠷᠡᠭ᠌ᠵᠢᠭᠦᠯᠬᠦ᠌ ᠡᠷᠴᠢᠮᠢᠶᠡᠨ ᠴᠢᠩᠭᠠᠷᠠᠭᠤᠯᠵᠤ᠂ ᠭᠠᠢᠯᠢ ᠵᠢ ᠬᠥᠩᠭᠡᠷᠡᠭᠦᠯᠬᠦ᠌ ᠪᠠ ᠭᠠᠢᠯᠢ ᠵᠢ ᠪᠤᠴᠠᠭᠠᠬᠤ ᠵᠢ ᠵᠡᠷᠭᠡᠪᠡᠷ ᠴᠢᠬᠤᠯᠠᠴᠢᠯᠠᠵᠤ ᠂ ᠭᠠᠢᠯᠢ ᠵᠢ ᠪᠤᠴᠠᠭᠠᠬᠤ ᠳ᠋ᠦ ᠤᠷᠢᠳᠢᠶᠠᠷ ᠪᠠᠭ᠎ᠠ ᠵᠢᠵᠢᠭ ᠠᠵᠤ ᠠᠬᠤᠢᠯᠠᠯ ᠢ᠋ ᠲᠤᠬᠢᠷᠠᠭᠤᠯᠵᠤ᠂ ᠦᠢᠯᠡᠳᠬᠦ᠌ ᠦᠢᠯᠡᠰ ᠢ᠋ ᠭᠣᠣᠯᠳᠠᠯᠭᠠᠲᠠᠶ ᠲᠡᠮᠵᠢᠵᠤ᠂ ᠵᠠᠬ᠎ᠠ ᠳᠡᠯᠭᠡᠭᠦᠷᠦᠨ ᠭᠣᠣᠯ ᠴᠣᠭ᠍ᠴᠠ ᠳ᠋ᠦ ᠱᠢᠭᠤᠳ ᠬᠦᠷᠴᠦ᠍᠂ ᠦᠷᠭᠦᠯᠵᠢᠯᠡᠨ ᠲᠡᠳᠡᠨᠦ ᠳᠠᠷᠤᠭᠠᠰᠤ ᠵᠢ ᠬᠥᠩᠭᠡᠷᠡᠭᠦᠯᠦᠨ ᠬᠦᠴᠢᠷᠳᠡᠯ ᠢ᠋ ᠨᠢ ᠱᠢᠢᠳᠪᠦᠷᠢᠯᠡᠵᠦ᠍᠂ ᠲᠡᠳᠡᠨ ᠢ᠋ ᠬᠠᠪᠰᠤᠷᠤᠨ ᠠᠮᠢᠵᠢᠷᠠᠯ ᠤ᠋ᠨ ᠬᠦᠴᠦᠨ ᠢ᠋ ᠨᠢ ᠨᠡᠮᠡᠭ᠌ᠳᠡᠭᠦᠯᠬᠦ᠌ ᠬᠡᠷᠡᠭ᠌ᠲᠡᠢ ᠭᠡᠪᠡ᠃
ᠯᠢ ᠺᠸ ᠴᠢᠶᠠᠩ ᠂ ᠠᠷᠠᠳ ᠤ᠋ᠨ ᠠᠮᠢᠳᠤᠷᠠᠯ ᠢ᠋ ᠬᠦᠴᠦᠯᠡᠨ ᠪᠠᠲᠤᠯᠠᠬᠤ ᠪᠠ ᠰᠠᠢᠵᠢᠷᠠᠭᠤᠯᠵᠤ᠂ ᠬᠥᠭ᠌ᠵᠢᠯᠲᠡ ᠵᠢᠨ ᠳᠤᠮᠳᠠ ᠠᠷᠠᠳ ᠤᠯᠠᠨ ᠤ᠋ ᠪᠤᠶᠠᠨ ᠵᠢᠷᠭᠠᠯ ᠢ᠋ ᠨᠡᠮᠡᠭ᠌ᠳᠡᠭᠦᠯᠬᠦ᠌ ᠬᠡᠷᠡᠭ᠌ᠲᠡᠢ᠃ ᠶᠠᠳᠠᠭᠤᠠᠴᠠ ᠠᠩᠭᠢᠵᠢᠷᠠᠭᠤᠯᠬᠤ ᠱᠢᠪᠲᠤᠯᠤᠯᠲᠠ ᠵᠢᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ ᠬᠡᠷᠡᠭᠳᠡᠢ᠃ ᠠᠯᠪᠠᠨ ᠵᠢᠷᠤᠮ ᠤ᠋ᠨ ᠰᠤᠷᠭᠠᠨ ᠬᠥᠮᠦᠵᠢᠯ ᠢ᠋ ᠦᠷᠭᠦᠯᠵᠢᠯᠡᠨ ᠴᠢᠩᠭᠠᠳᠭᠠᠵᠤ᠂ ᠬᠥᠳᠡᠭᠡ ᠲᠣᠰᠭᠣᠨ ᠪᠠ ᠵᠠᠬ᠎ᠠ ᠬᠢᠵᠠᠭᠠᠷ ᠣᠷᠣᠨ ᠤ᠋ ᠪᠠᠭ᠍ᠰᠢᠨᠠᠷ ᠢ᠋ ᠪᠣᠯᠪᠠᠰᠤᠷᠠᠭᠤᠯᠬᠤ ᠡᠷᠴᠢᠮᠢᠶᠡᠨ ᠦᠷᠭᠦᠯᠵᠢᠯᠡᠨ ᠴᠢᠩᠭᠠᠷᠠᠭᠤᠯᠬᠤ ᠬᠡᠷᠡᠭᠳᠡᠢ᠃ ᠡᠮᠴᠢᠯᠡᠭᠡᠨᠦ ᠡᠬᠢ ᠪᠠᠶᠠᠯᠢᠭ ᠤ᠋ᠨ ᠪᠠᠢᠷᠢᠱᠢᠭᠤᠯᠤᠯᠲᠠ ᠵᠢ ᠱᠢᠯᠢᠳᠡᠭ᠌ᠵᠢᠭᠦᠯᠵᠦ᠍᠂ ᠦᠨᠳᠦᠰᠦᠨ ᠱᠠᠲᠤᠨ ᠤ᠋ ᠡᠮᠴᠢᠯᠡᠭᠡᠨᠦ ᠦᠶ᠋ᠯᠡᠴᠢᠯᠡᠭᠡᠨᠦ ᠲᠦᠪᠱᠢᠨ ᠢ᠋ ᠳᠡᠭᠡᠭ᠌ᠰᠢᠯᠡᠭᠦᠯᠵᠦ᠍᠂ ᠨᠠᠩ ᠣᠯᠠᠨ ᠣᠯᠠᠨ ᠲᠦᠮᠡᠨ ᠢ᠋ ᠲᠤᠬᠠᠶ ᠵᠢᠨ ᠭᠠᠵᠠᠷᠲᠠᠭᠠᠨ ᠦᠢᠷ᠎ᠡ ᠬᠠᠪᠢ ᠳᠠᠭᠠᠨ ᠡᠪᠡᠳᠴᠢᠨ ᠦᠵᠡᠭᠦᠯᠵᠤ ᠪᠤᠯᠬᠤ ᠪᠤᠯᠭᠠᠬᠤ ᠬᠡᠷᠡᠭᠳᠡᠢ᠃ ᠪᠠᠲᠤᠯᠠᠭ᠎ᠠ ᠵᠢᠨ ᠣᠷᠣᠨ ᠰᠠᠭᠤᠴᠠ ᠵᠢᠨ ᠪᠦᠲᠦᠭᠡᠨ ᠪᠠᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠬᠣᠲᠠ ᠵᠢᠨ ᠬᠦᠴᠢᠷᠳᠡᠯᠲᠡᠶ ᠭᠡᠷ ᠪᠦᠯᠢ ᠪᠣᠯᠤᠨ ᠲᠠᠷᠢᠶᠠᠴᠢᠨ ᠬᠦᠴᠦ᠍ ᠶᠠᠪᠤᠭ᠍ᠰᠠᠳ᠂ ᠶᠡᠬᠡ ᠰᠤᠷᠭᠠᠭᠤᠯᠢ ᠲᠡᠭᠦᠰᠦᠭ᠌ᠰᠡᠳ ᠵᠡᠷᠭᠡ ᠱᠢᠨᠡᠪᠡᠷ ᠬᠣᠲᠠ ᠤᠷᠤᠭ᠍ᠰᠠᠨ ᠬᠥᠮᠦᠰᠲᠦ ᠣᠷᠣᠨ ᠰᠠᠭᠤᠴᠠ ᠵᠢᠨ ᠦᠨᠳᠦᠰᠦᠨ ᠪᠠᠲᠤᠯᠠᠭ᠎ᠠ ᠬᠠᠩᠭᠠᠬᠤ ᠬᠡᠷᠡᠭ᠌ᠲᠡᠶ᠃ ᠭᠠᠮᠱᠢᠭᠠᠴᠠ ᠪᠤᠯᠤᠬᠰᠠᠨ ᠬᠦᠴᠢᠷᠳᠡᠯᠲᠡᠢ ᠬᠥᠮᠦᠰ ᠪᠣᠯᠤᠨ ᠣᠷᠣᠯᠭ᠎ᠠ ᠪᠠᠭᠠᠲᠠᠢ ᠬᠥᠮᠦᠰ ᠵᠡᠷᠭᠡ ᠵᠢᠨ ᠦᠨᠳᠦᠰᠦᠨ ᠠᠷᠠᠳ ᠤ᠋ᠨ ᠠᠮᠢᠳᠤᠷᠠᠯ ᠤ᠋ᠨ ᠬᠣᠷᠢᠭ᠎ᠠ ᠱᠤᠭᠤᠮ ᠢ᠋ ᠪᠠᠲᠤ ᠰᠠᠬᠢᠬᠤ ᠬᠡᠷᠡᠭ᠌ᠲᠡᠢ ᠭᠡᠵᠤ ᠬᠡᠯᠡᠪᠡ᠃
ᠯᠢ ᠺᠸ ᠴᠢᠶᠠᠩ ᠭᠤᠸᠠᠩᠰᠢ ᠵᠢᠨ ᠬᠢᠨ ᠦᠨᠳᠦᠰᠦᠲᠡᠨᠨᠦᠭᠦᠳᠦᠨ ᠠᠷᠠᠳ ᠲᠦᠮᠡᠨᠳᠦ ᠴᠢᠩᠭ᠎ᠠ ᠲᠦᠱᠢᠭ᠌ᠯᠡᠵᠦ᠍᠂ ᠰᠡᠳᠭᠢᠯ ᠨᠢᠭᠡᠳᠦᠨ ᠨᠡᠩ ᠰᠠᠢ᠌ᠨ ᠠᠮᠵᠢᠯᠲᠠ ᠪᠦᠲᠦᠮᠵᠢ ᠭᠠᠷᠭᠠᠵᠤ᠂ ᠪᠣᠳᠠᠲᠤ ᠠᠵᠢᠯᠯᠠᠭᠠᠪᠠᠷᠢᠶᠠᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠᠲᠠᠶ ᠬᠤᠷᠠᠯᠳᠤᠬᠤ ᠵᠢ ᠤᠭ᠍ᠲᠤᠬᠤ ᠵᠢ ᠬᠦᠰᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃