2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-07 09:20:42

ᠵᠣᠬᠢᠶᠠᠭ᠍ᠴᠢ᠄ ᠵᠠᠩ ᠱᠢᠶᠤᠤ ᠰᠦᠩ ᠯᠢᠨ ᠬᠤᠢ ᠣᠩᠱᠢᠭ᠍ᠰᠠᠨ ᠣᠳᠠᠭ᠎ᠠ᠄ 3

《ᠠᠮᠤ ᠪᠤᠳᠠᠭᠠᠨ᠎ᠤ ᠠᠮᠤᠷ ᠲᠦᠪᠱᠢᠨ ᠪᠣᠯ〈ᠤᠯᠤᠰ᠎ᠤᠨ ᠶᠡᠬᠡ ᠶᠠᠪᠤᠳᠠᠯ〉 ᠮᠥᠨ᠃ ᠲᠦᠮᠡᠨ ᠮᠢᠩᠭᠠᠨ ᠤᠴᠢᠷ ᠶᠠᠪᠤᠳᠠᠯ᠎ᠤᠨ ᠳᠤᠲᠤᠷ᠎ᠠ ᠬᠣᠭᠣᠯᠠ ᠢᠳᠡᠬᠦ᠌ ᠪᠤᠯ ᠶᠡᠬᠡ ᠶᠠᠪᠤᠳᠠᠯ ᠮᠦᠨ》᠃

3 ᠰᠠᠷ᠎ᠠ᠎ᠶ᠋ᠢᠨ 6 ᠤ᠋ ᠦᠳᠡ᠎ᠶ᠋ᠢᠨ ᠬᠣᠢᠨ᠎ᠠ᠂ ᠶᠡᠷᠦᠩᠬᠡᠢ ᠱᠦᠵᠢ ᠰᠢ ᠵᠢᠨ ᠫᠢᠩ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠲᠠᠪᠤᠳᠤᠭᠠᠷ ᠬᠤᠷᠠᠯ᠎ᠳᠤ ᠣᠷᠣᠯᠴᠠᠵᠤ ᠪᠠᠢᠭ᠎ᠠ ᠬᠥᠳᠡᠭᠡ ᠠᠵᠤ ᠠᠬᠤᠢ᠎ᠶ᠋ᠢᠨ ᠡᠲᠡᠭᠡᠳ᠂ ᠨᠡᠢᠭᠡᠮ᠎ᠦᠨ ᠠᠰᠠᠷᠠᠮᠵᠢ ᠪᠠ ᠨᠡᠢᠭᠡᠮ᠎ᠦᠨ ᠪᠠᠲᠤᠯᠠᠭ᠎ᠠ᠎ᠶ᠋ᠢᠨ ᠡᠲᠡᠭᠡᠳ᠎ᠦᠨ ᠭᠡᠱᠢᠭᠦᠳ᠎ᠢ ᠡᠷᠬᠢᠨ ᠦᠵᠡᠬᠦ᠌᠎ᠶ᠋ᠢᠨ ᠬᠠᠮᠲᠤ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠬᠤ᠎ᠳᠠᠭᠠᠨ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠠᠰᠠᠭᠤᠳᠠᠯ᠎ᠢ ᠭᠣᠣᠯᠳᠠᠯᠭ᠎ᠠ᠎ᠲᠠᠶ ᠶᠠᠷᠢᠪᠠ᠃

ᠬᠤᠷᠠᠯ ᠳᠡᠭᠡᠷ᠎ᠡ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠡᠳᠦᠨ ᠭᠡᠱᠢᠭᠦᠨ ᠪᠤᠯᠵᠤᠬᠰᠠᠨ ᠦᠬᠡᠢ ᠪᠡᠷ ᠪᠤᠳᠤᠯ ᠨᠢᠬᠡᠳᠤᠨ ᠠᠮᠤ ᠪᠤᠳᠠᠭᠠᠨ᠎ᠤ ᠠᠮᠤᠷ ᠲᠦᠪᠱᠢᠨ᠎ᠦ ᠳᠤᠬᠠᠢ ᠠᠰᠠᠭᠤᠳᠠᠯ᠎ᠢ ᠶᠠᠷᠢᠪᠠ᠄ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠰᠠᠭᠤᠷᠢ᠎ᠶ᠋ᠢ ᠪᠡᠬᠢᠵᠢᠭᠦᠯᠵᠦ᠍᠂ ᠦᠷ᠎ᠡ᠎ᠶ᠋ᠢᠨ ᠦᠢᠯᠡᠰ᠎ᠦᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ ᠁

ᠶᠡᠷᠦᠩᠬᠡᠢ ᠱᠦᠵᠢ ᠰᠢ ᠵᠢᠨ ᠫᠢᠩ ᠨᠠᠷᠢᠨ ᠬᠢᠨᠠᠮᠠᠭᠠᠢ ᠰᠣᠨᠣᠰᠭᠤ᠎ᠶ᠋ᠢᠨ ᠳᠠᠭᠠᠤ ᠭᠡᠱᠢᠭᠦᠳ᠎ᠲᠡᠶ ᠪᠠᠢᠨ ᠪᠠᠢᠨ ᠰᠠᠨᠠᠯ᠎ᠢᠶᠠᠨ ᠭᠦᠨᠵᠡᠭᠡᠢ ᠰᠣᠯᠢᠯᠴᠠᠵᠤ ᠪᠠᠢᠯ᠎ᠠ᠃

《ᠬᠡᠨ ᠳᠤᠮᠳᠠᠳᠤ ᠤᠯᠤᠰ᠎ᠢ ᠲᠡᠵᠢᠭᠡᠬᠦ᠌ ᠪᠤᠢ?》ᠣᠯᠠᠨ᠎ᠤ ᠶᠠᠷᠢᠬᠤ᠎ᠶ᠋ᠢ ᠰᠣᠨᠣᠰᠤᠭᠠᠳ ᠶᠡᠷᠦᠩᠬᠡᠶ ᠱᠦᠵᠢ ᠡᠢᠮᠤ ᠨᠢᠬᠡ ᠠᠰᠠᠭᠤᠯᠳᠠ᠎ᠳᠤ ᠬᠠᠷᠢᠭᠤᠯᠲᠠ ᠥᠭ᠌ᠪᠡ᠃

《ᠳᠤᠮᠳᠠᠳᠤ ᠤᠯᠤᠰ ᠥᠪᠡᠷ᠎ᠦᠨ ᠬᠦᠴᠦ᠍᠎ᠪᠡᠷ᠎ᠢᠶᠡᠨ ᠳᠡᠭ᠌ᠵᠢᠷᠡᠵᠦ᠍᠂ ᠥᠪᠡᠷ᠎ᠢᠶᠡᠨ ᠥᠪᠡᠷ᠎ᠢ᠎ᠪᠡᠨ ᠲᠡᠵᠢᠭᠡᠬᠦ᠌ ᠬᠡᠷᠡᠭ᠌ᠲᠡᠢ》 ᠬᠡᠵᠥ ᠶᠡᠷᠦᠩᠬᠡᠢ ᠱᠦᠵᠢ ᠰᠢ ᠵᠢᠨ ᠫᠢᠩ᠎ᠦᠨ ᠦᠭᠡ ᠡᠷᠡᠰ ᠪᠠᠲᠤ ᠪᠠᠢᠵᠤ᠂ 《ᠬᠦᠮᠦᠷᠭᠡ ᠳ᠋ᠡᠭᠡᠨ ᠠᠮᠤ ᠲᠠᠢ ᠪᠤᠯ ᠪᠠᠯᠢᠳᠠᠬᠤ ᠦᠭᠡᠢ》᠃《ᠪᠢᠳᠡ ᠬᠡᠷᠪᠡ ᠥᠪᠡᠷ᠎ᠦᠨ ᠪᠤᠳᠠᠭᠠᠨ ᠠᠶᠠᠭ᠎ᠠ᠎ᠪᠠᠨ ᠯᠠᠪᠳᠠᠭᠤᠨ ᠠᠳᠬᠤᠵᠤ ᠳᠡᠢᠯᠬᠦ᠌ ᠦᠭᠡᠢ ᠪᠣᠯ ᠪᠤᠰᠤᠳ᠎ᠲᠤ ᠵᠠᠬᠢᠷᠤᠬᠳᠠᠬᠤ ᠪᠣᠯᠤᠨ᠎ᠠ》᠃ 《ᠠᠮᠤ ᠪᠤᠳᠠᠭᠠᠨ᠎ᠤ ᠠᠮᠤᠷ ᠲᠦᠪᠱᠢᠨ ᠪᠣᠯ ᠪᠠᠢᠯᠳᠤᠬᠤ ᠪᠤᠳᠤᠯᠭ᠎ᠠ᠎ᠶ᠋ᠢᠨ ᠠᠰᠠᠭᠤᠳᠠᠯ ᠪᠣᠯᠤᠨ᠎ᠠ》᠃

ᠨᠢᠳᠤᠨᠤᠨ᠂ ᠶᠡᠷᠦᠩᠬᠡᠢ ᠱᠦᠵᠢ ᠰᠢ ᠵᠢᠨ ᠫᠢᠩ ᠬᠡᠰᠡᠭ ᠣᠷᠣᠨ ᠨᠤᠲᠤᠭ᠎ᠤᠨ ᠬᠠᠷᠢᠭᠤᠴᠠᠯᠭᠠᠲᠠᠨ ᠨᠥᠬᠥᠳ᠎ᠲᠦ《ᠠᠮᠤ ᠪᠤᠳᠠᠭ᠎ᠠ》᠂ 《ᠬᠣᠯᠢᠱᠢᠨ ᠢᠳᠡᠭᠡᠨ》 ᠤ᠋ ᠬᠠᠷᠢᠭᠤᠴᠠᠯᠭ᠎ᠠ᠎ᠶ᠋ᠢ ᠪᠦᠷᠢᠮᠦᠰᠦᠨ ᠵᠠᠬ᠎ᠠ ᠳᠡᠯᠭᠡᠭᠦᠷ᠎ᠲᠦ ᠲᠦᠯᠬᠢᠵᠦ᠍ ᠪᠣᠯᠬᠤ ᠦᠭᠡᠢ᠂ ᠠᠮᠤ ᠪᠤᠳᠠᠭ᠎ᠠ ᠵᠢᠨ ᠪᠤᠰᠤ ᠪᠣᠯᠭᠠᠵᠤ ᠪᠣᠯᠬᠤ ᠦᠭᠡᠢ ᠭᠡᠵᠦ᠍ ᠲᠤᠰᠭᠠᠢᠯᠠᠨ ᠲᠥᠪ ᠴᠢᠩᠭ᠎ᠠ᠎ᠪᠠᠷ ᠳᠤᠷᠠᠳᠴᠠᠢ᠃

ᠬᠤᠷᠠᠯ ᠳᠡᠭᠡᠷ᠎ᠡ᠂ ᠶᠡᠷᠦᠩᠬᠡᠢ ᠱᠦᠵᠢ ᠡᠨᠡ ᠶᠠᠪᠤᠳᠠᠯ᠎ᠢ ᠳᠤᠷᠠᠳᠴᠤ᠌᠂ ᠠᠮᠤ ᠪᠤᠳᠠᠭᠠᠨ᠎ᠤ ᠠᠮᠤᠷ ᠲᠦᠪᠱᠢᠨ᠎ᠳᠦ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠮᠤ ᠪᠤᠳᠠᠭᠠᠨ᠎ᠤ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢᠨ ᠲᠦᠷᠢᠮ᠎ᠦᠨ ᠰᠢᠯᠭᠠᠨ ᠪᠠᠢᠴᠠᠭᠠᠯᠳᠠ᠎ᠶ᠋ᠢ ᠴᠢᠩᠳᠠᠯᠠᠵᠤ᠂ ᠭᠣᠣᠯ ᠭᠠᠷᠤᠯᠲᠠ᠎ᠶ᠋ᠢᠨ ᠣᠷᠣᠨ᠂ ᠭᠣᠣᠯ ᠪᠣᠷᠣᠯᠠᠭᠤᠯᠭ᠎ᠠ᠎ᠶ᠋ᠢᠨ ᠣᠷᠣᠨ᠂ ᠦᠢᠯᠡᠳᠪᠦᠷᠢᠯᠡᠯ ᠪᠣᠷᠣᠯᠠᠭᠤᠯᠭ᠎ᠠ ᠲᠡᠩᠴᠡᠭᠦᠷᠢᠲᠡᠢ ᠣᠷᠣᠨ᠎ᠳᠤ ᠪᠤᠳᠠᠭᠠᠨ ᠠᠶᠠᠭ᠎ᠠ ᠪᠡᠨ ᠬᠠᠮᠳᠤ ᠪᠡᠷ ᠠᠳᠬᠤᠵᠤ᠂ ᠬᠠᠷᠢᠭᠤᠴᠠᠯᠭ᠎ᠠ᠎ᠶ᠋ᠢ ᠬᠠᠮᠲᠤ᠎ᠪᠠᠷ ᠡᠭᠦᠷᠭᠡᠯᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠲᠠᠷᠢᠶᠠᠨ ᠭᠠᠵᠠᠷ ᠪᠣᠯ ᠠᠮᠤ ᠪᠤᠳᠠᠭᠠᠨ᠎ᠤ ᠦᠢᠯᠡᠳᠪᠦᠷᠢᠯᠡᠯ᠎ᠦᠨ ᠠᠮᠢᠨ ᠰᠤᠳᠠᠰᠤ ᠮᠥᠨ᠃

ᠲᠠᠷᠢᠶᠠᠨ ᠭᠠᠵᠠᠷ᠎ᠢ ᠬᠠᠮᠠᠭᠠᠯᠠᠬᠤ ᠠᠰᠠᠭᠤᠳᠠᠯ᠎ᠤᠨ ᠲᠤᠬᠠᠶ ᠶᠡᠷᠦᠩᠬᠡᠶ ᠱᠦᠵᠢ ᠰᠢ ᠵᠢᠨ ᠫᠢᠩ ᠣᠳᠣᠬᠠᠨ᠎ᠤ ᠬᠡᠳᠦᠨ ᠲᠥᠷᠥᠯ᠎ᠦᠨ ᠲᠣᠪᠣᠢᠮ᠎ᠠ ᠠᠰᠠᠭᠤᠳᠠᠯ᠎ᠢ ᠲᠠᠷᠠᠭᠠᠯᠠᠨ ᠲᠤᠷᠠᠳᠴᠠᠢ᠄ ᠨᠠᠭᠤᠷ᠎ᠢ ᠮᠠᠯᠲᠠᠵᠤ ᠦᠵᠡᠮᠵᠢ ᠭᠠᠷᠭᠠᠬᠤ᠂ ᠵᠢᠭᠠᠰᠤᠨ ᠴᠥᠭᠥᠷᠥᠮ ᠮᠠᠯᠲᠠᠬᠤ᠂ ᠲᠡᠵᠢᠭᠡᠨ ᠦᠷᠡᠵᠢᠭᠦᠯᠬᠦ᠌ ᠲᠠᠯᠠᠪᠠᠶ ᠪᠠᠢᠭᠤᠯᠬᠤ᠂ ᠬᠤᠸᠠᠷ ᠴᠡᠴᠡᠭ ᠵᠢᠮᠢᠰ ᠮᠣᠳᠣ ᠳᠠᠷᠢᠬᠤ᠂ ᠲᠠᠷᠢᠶᠠᠨ ᠭᠠᠵᠠᠷ᠎ᠢ ᠡᠵᠡᠯᠡᠨ ᠬᠡᠷᠡᠭ᠌ᠯᠡᠬᠦ᠌ ᠰᠠᠮᠠᠭᠤᠨ ᠦᠵᠡᠭ᠌ᠳᠡᠯ᠎ᠢ ᠣᠯᠠᠨᠲᠠ ᠬᠣᠷᠢᠭ᠍ᠯᠠᠭ᠍ᠰᠠᠨ ᠴᠤ᠌ ᠵᠣᠭ᠍ᠰᠣᠬᠤ ᠥᠬᠡᠶ; ᠲᠠᠷᠢᠶᠠᠨ ᠭᠠᠵᠠᠷ᠎ᠢ ᠡᠵᠡᠯᠡᠬᠦ᠌ ᠪᠠ ᠨᠥᠬᠥᠪᠥᠷᠢᠯᠡᠬᠦ᠌᠎ᠶ᠋ᠢ ᠲᠡᠩᠴᠡᠭᠦᠷᠢᠲᠡᠢ ᠪᠠᠢᠯᠭᠠᠬᠤ ᠲᠠᠯ᠎ᠠ᠎ᠪᠠᠷ ᠬᠤᠳᠠᠯ᠎ᠢᠶᠠᠷ ᠵᠣᠬᠢᠶᠠᠨ ᠬᠠᠭᠤᠷᠮᠠᠭ᠎ᠢᠶᠠᠷ ᠦᠢᠯᠡᠳᠴᠦ᠍᠂ 《ᠬᠡᠷᠡᠭ ᠶᠠᠪᠤᠳᠠᠯ ᠤ᠋ᠨ ᠦᠨᠡᠨ ᠪᠠᠢᠳᠠᠯ ᠢ᠋ ᠲᠠᠯᠳᠠᠭᠤᠷ ᠬᠤᠪᠢᠷᠠᠭᠤᠯᠬᠤ》ᠠᠵᠢᠯᠯᠠᠭ᠎ᠠ ᠬᠢᠬᠦ᠌; ᠲᠠᠷᠢᠶᠠᠨ ᠭᠠᠵᠠᠷ᠎ᠢ ᠳᠤᠷ᠎ᠠ᠎ᠪᠠᠷ᠎ᠢᠶᠠᠨ ᠡᠵᠡᠯᠡᠨ ᠭᠡᠷ ᠪᠠᠷᠢᠵᠤ᠂ 《ᠠᠬᠠᠮᠠᠳ ᠦᠶ᠎ᠡ ᠵᠢᠨ ᠬᠦᠴᠦ ᠵᠠᠷᠤᠴᠠᠭᠤᠯᠵᠤ ᠤᠯᠤᠭᠰᠠᠨ ᠲᠠᠷᠢᠶ᠎ᠠ ᠵᠢ ᠨᠢ ᠬᠤᠳᠠᠯᠳᠤᠬᠤ ᠳ᠋ᠤ ᠰᠡᠳᠬᠢᠯ ᠰᠢᠮᠰᠢᠷᠠᠬᠦ ᠦᠭᠡᠢ ᠪᠠᠢᠬᠤ 》 ᠁

ᠲᠡᠷᠡ᠂ 《ᠰᠢᠳᠤ ᠤᠷᠭᠤᠭᠤᠯᠬᠤ》 ᠬᠠᠲᠠᠭᠤ ᠠᠷᠭ᠎ᠠ ᠬᠡᠮᠵᠢᠶ᠎ᠡ ᠠᠪᠴᠤ᠌᠂ ᠡᠯ᠎ᠡ ᠱᠠᠲᠤᠨ᠎ᠤ ᠣᠷᠣᠨ ᠨᠤᠲᠤᠭ᠎ᠤᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭᠠᠯᠠᠬᠤ ᠬᠠᠷᠢᠭᠤᠴᠠᠯᠭ᠎ᠠ᠎ᠶ᠋ᠢ ᠪᠥᠬᠥ᠌ ᠲᠠᠯ᠎ᠠ᠎ᠪᠠᠷ ᠪᠣᠳᠠᠲᠠᠢᠵᠢᠭᠤᠯᠵᠤ᠂ 18 ᠳ᠋ᠦᠩᠱᠢᠭᠤᠷ ᠮᠥ᠍ ᠲᠠᠷᠢᠶᠠᠨ ᠭᠠᠵᠠᠷ᠎ᠢ ᠨᠡᠷ᠎ᠡ ᠨᠢᠳᠡᠷ᠎ᠲᠡᠬᠡᠨ ᠨᠡᠢᠴᠡᠭᠦᠯᠬᠦ᠌᠎ᠶ᠋ᠢ ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠤᠢ᠍ᠢᠷ᠎ᠠ᠎ᠶ᠋ᠢᠨ ᠵᠢᠯ᠎ᠡᠴᠡ᠂ ᠶᠡᠷᠦᠩᠬᠡᠢ ᠱᠦᠵᠢ ᠰᠢ ᠵᠢᠨ ᠫᠢᠩ ᠢᠳᠡᠭᠡᠨ ᠤᠮᠳᠠᠭᠠᠨ᠎ᠢ ᠪᠦᠷᠢᠯᠭᠡᠨ ᠰᠦᠢᠳᠭᠡᠬᠦ᠌᠎ᠶ᠋ᠢ ᠬᠣᠷᠢᠭ᠍ᠯᠠᠬᠤ ᠲᠤᠬᠠᠢ ᠤᠯᠠᠨ ᠤᠳᠠᠭ᠎ᠠ ᠱᠠᠭᠠᠷᠳᠠᠯᠭ᠎ᠠ ᠳᠤᠷᠠᠳᠴᠤ᠌᠂ ᠠᠷᠪᠢᠴᠢ ᠭᠠᠮᠳᠠᠢ ᠨᠡᠢᠭᠡᠮ᠎ᠢ ᠪᠠᠢᠭᠤᠯᠬᠤ᠎ᠶ᠋ᠢ ᠠᠬᠢᠭᠤᠯᠪᠠ᠃

ᠶᠡᠷᠦᠩᠬᠡᠢ ᠱᠦᠵᠢ᠎ᠶ᠋ᠢᠨ ᠦᠵᠡᠬᠦ᠌᠎ᠪᠡᠷ᠂ ᠪᠢᠳᠡ ᠠᠮᠤ ᠪᠤᠳᠠᠭ᠎ᠠ᠎ᠶ᠋ᠢ ᠠᠷᠪᠢᠯᠠᠬᠤ ᠲᠠᠯ᠎ᠠ᠎ᠪᠠᠷ ᠬᠢᠭᠰᠡᠨ ᠠᠵᠢᠯ ᠪᠠᠰᠠ ᠬᠦᠷᠦᠯᠴᠡᠬᠦ᠌ ᠦᠭᠡᠢ ᠪᠠᠢᠨ᠎ᠠ᠂ ᠢᠯᠠᠩᠭᠤᠶ᠎ᠠ ᠨᠡᠢᠭᠡᠮ ᠳᠡᠭᠡᠷ᠎ᠡ ᠪᠠᠰᠠ ᠵᠠᠷᠢᠮ ᠮᠠᠭᠤ ᠬᠡᠪ ᠰᠤᠷᠲᠠᠯ ᠣᠷᠣᠱᠢᠵᠤ ᠪᠠᠢᠨ᠎ᠠ᠂ ᠶᠡᠬᠡ᠎ᠪᠡᠷ ᠢᠳᠡᠵᠦ᠍ ᠤᠤᠭᠤᠵᠤ᠂ ᠯᠠᠷᠵᠠ ᠶᠠᠩᠪᠠ ᠲᠠᠲᠠᠵᠤ᠂ ᠪᠠᠶᠠᠨ ᠬᠡᠬᠡᠨᠴᠢᠷ ᠵᠢᠡᠷ ᠰᠤᠷᠳᠤᠭᠤᠯᠠᠵᠤ᠂ ᠨᠢᠭᠤᠷ ᠲᠠᠯ᠎ᠠ ᠬᠠᠷᠠᠵᠤ ᠪᠦᠷᠢᠯᠭᠡᠨ ᠰᠦᠢᠳᠭᠡᠵᠦ᠍ ᠪᠠᠢᠨ᠎ᠠ᠃

《ᠳᠤᠮᠳᠠᠳᠤ ᠤᠯᠤᠰ᠎ᠤᠨ ᠦᠯᠦᠰᠬᠦᠯᠡᠩ ᠪᠠᠢᠳᠠᠯ ᠡᠴᠦᠰᠯᠡᠭᠡᠳ ᠭᠡᠳᠦᠭᠡᠨ ᠡᠳᠦᠷ ᠪᠤᠯᠵᠤ ᠪᠠᠢᠬᠤ ᠪᠤᠢ? ᠳᠡᠭᠡᠷ᠎ᠡ ᠵᠠᠭᠤᠨ᠎ᠤ᠎ᠨᠠᠶᠠᠭᠠᠳ᠎ᠣᠨ᠎ᠡᠴᠡ᠎ᠰᠡᠭᠦᠯᠡᠷ᠎ᠯᠡ᠎ᠲᠥᠷᠥᠭ᠌ᠰᠡᠨ ᠡᠳᠡᠭᠡᠷ ᠬᠡᠦᠬᠡᠳ ᠡᠬᠦᠨ᠎ᠢ ᠮᠡᠳᠡᠬᠦ ᠦᠭᠡᠢ ᠮᠠᠭᠠᠳ᠃ ᠥᠩᠭᠡᠷᠡᠭ᠌ᠰᠡᠨ᠎ᠳᠦ ᠬᠡᠨ ᠥᠯᠥᠰᠴᠦ᠍ ᠥᠩᠭᠡᠷᠡᠭ᠌ᠰᠡᠨ ᠦᠭᠡᠢ ᠪᠤᠢ? ᠭᠡᠪᠡᠴᠦ᠍ ᠬᠥᠮᠦᠨ ᠠᠮᠠᠷᠬᠠᠨ ᠮᠠᠷᠲᠠᠮᠠᠲᠠᠭᠠᠶ ᠪᠣᠯᠳᠠᠭ》᠃ ᠶᠡᠷᠦᠩᠬᠡᠢ ᠱᠦᠵᠢ ᠰᠢ ᠵᠢᠨ ᠫᠢᠩ᠂ ᠮᠠᠨ᠎ᠤ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠦ ᠲᠠᠪᠴᠢᠭᠤ ᠲᠡᠩᠴᠡᠭᠦᠷᠢ᠎ᠶ᠋ᠢᠨ ᠪᠠᠢᠷᠢᠱᠢᠯ ᠤᠷᠳᠤ ᠬᠤᠭᠤᠴᠠᠭ᠎ᠠ᠎ᠪᠠᠷ ᠬᠤᠪᠢᠷᠠᠬᠤ ᠦᠭᠡᠢ ᠶᠤᠮ᠃ ᠠᠮᠤ ᠪᠤᠳᠠᠭᠠᠨ᠎ᠤ ᠠᠮᠤᠷ ᠲᠦᠪᠱᠢᠨ᠎ᠦ ᠠᠰᠠᠭᠤᠳᠠᠯ ᠳᠡᠭᠡᠷ᠎ᠡ ᠥᠴᠦᠬᠡᠨ ᠴᠦ᠍ ᠠᠯᠮᠠᠢᠷᠠᠨ ᠲᠠᠢᠪᠤᠱᠢᠷᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃

( ᠰᠢᠨᠬᠤᠸᠠ ᠬᠤᠷᠢᠶᠠᠨ ᠎ᠤ ᠪᠡᠬᠡᠵᠢᠩ ᠎ᠤᠨ 3 ᠰᠠᠷ᠎ᠠ ᠵᠢᠨ 6 ᠎ᠤ ᠴᠠᠬᠢᠯᠭᠠᠨ ᠮᠡᠲᠡᠬᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面