2022-03-07 09:26:10
ᠱᠢᠨᠬᠤᠸᠠ ᠬᠣᠷᠢᠶᠠᠨ ᠤ᠋ ᠪᠡᠭᠡᠵᠢᠩ ᠤ᠋ᠨ 3 ᠰᠠᠷ᠎ᠠ ᠵᠢᠨ 6 ᠤ᠋ ᠡᠳᠦᠷ ᠤ᠋ᠨ ᠴᠠᠬᠢᠯᠭᠠᠨ ᠮᠡᠳᠡᠭᠡ ᠨᠠᠮ ᠤ᠋ᠨ ᠲᠥᠪ ᠬᠣᠷᠢᠶᠠᠨ ᠤ᠋ ᠤᠯᠤᠰ ᠲᠥᠷᠥ ᠵᠢᠨ ᠲᠣᠪᠴᠢᠶᠠᠨ ᠤ᠋ ᠪᠠᠢᠩᠭᠤ ᠵᠢᠨ ᠭᠡᠱᠢᠭᠦᠨ᠂ ᠲᠦᠷᠦ ᠵᠢᠨ ᠶᠠᠪᠤᠳᠠᠯ ᠤ᠋ᠨ ᠬᠤᠷᠢᠶᠠᠨ ᠤ᠋ ᠶᠡᠷᠦᠩᠬᠡᠢ ᠰᠠᠢᠳ ᠯᠢ ᠺᠧ ᠴᠢᠶᠠᠩ᠂ ᠨᠠᠮ ᠤ᠋ᠨ ᠲᠥᠪ ᠬᠣᠷᠢᠶᠠᠨ ᠤ᠋ ᠤᠯᠤᠰ ᠲᠥᠷᠥ ᠵᠢᠨ ᠲᠣᠪᠴᠢᠶᠠᠨ ᠤ᠋ ᠪᠠᠢᠩᠭᠤ ᠵᠢᠨ ᠭᠡᠱᠢᠭᠦᠨ᠂ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠭᠡ ᠬᠤᠷᠠᠯ ᠤ᠋ᠨ ᠪᠠᠢᠩᠭᠤ ᠵᠢᠨ ᠬᠤᠷᠢᠶᠠᠨ ᠤ᠋ ᠬᠤᠷᠢᠶᠠᠨ ᠳᠠᠷᠤᠭ᠎ᠠ ᠯᠢ ᠵᠠᠨ ᠱᠦ᠍᠂ ᠨᠠᠮ ᠤ᠋ᠨ ᠲᠥᠪ ᠬᠣᠷᠢᠶᠠᠨ ᠤ᠋ ᠤᠯᠤᠰ ᠲᠥᠷᠥ ᠵᠢᠨ ᠲᠣᠪᠴᠢᠶᠠᠨ ᠤ᠋ ᠪᠠᠢᠩᠭᠤ ᠵᠢᠨ ᠭᠡᠱᠢᠭᠦᠨ᠂ ᠪᠦᠬᠦ ᠤᠯᠤᠰ ᠤ᠋ᠨ ᠤᠯᠤᠰ ᠲᠦᠷᠦ ᠵᠢᠨ ᠵᠦᠪᠯᠡᠯᠭᠡᠨ ᠤ᠋ ᠳᠡᠷᠢᠭᠦᠯᠡᠭᠴᠢ ᠸᠠᠩ ᠶᠠᠩ᠂ ᠨᠠᠮ ᠤ᠋ᠨ ᠲᠦᠪ ᠬᠤᠷᠢᠶᠠᠨ ᠤ᠋ ᠤᠯᠤᠰ ᠲᠦᠷᠦ ᠵᠢᠨ ᠳᠤᠪᠴᠢᠶᠠᠨ ᠤ᠋ ᠪᠠᠢᠩᠭᠤ ᠵᠢᠨ ᠬᠡᠰᠢᠭᠦᠨ᠂ ᠲᠥᠪ ᠤ᠋ᠨ ᠱᠦᠵᠢ ᠨᠠᠷ ᠤ᠋ᠨ ᠭᠠᠵᠠᠷ ᠤ᠋ᠨ ᠱᠦᠵᠢ ᠸᠠᠩ ᠬ᠍ᠣ ᠨᠢᠩ᠂ ᠨᠠᠮ ᠤ᠋ᠨ ᠲᠥᠪ ᠬᠣᠷᠢᠶᠠᠨ ᠤ᠋ ᠤᠯᠤᠰ ᠲᠥᠷᠥ ᠵᠢᠨ ᠲᠣᠪᠴᠢᠶᠠᠨ ᠤ᠋ ᠪᠠᠢᠩᠭᠤ ᠵᠢᠨ ᠭᠡᠱᠢᠭᠦᠨ᠂ ᠲᠥᠪ ᠤ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ ᠵᠣᠣ ᠯᠧ ᠵᠢᠢ ᠂ ᠨᠠᠮ ᠤ᠋ᠨ ᠲᠥᠪ ᠬᠣᠷᠢᠶᠠᠨ ᠤ᠋ ᠤᠯᠤᠰ ᠲᠥᠷᠥ ᠵᠢᠨ ᠲᠣᠪᠴᠢᠶᠠᠨ ᠤ᠋ ᠪᠠᠢᠩᠭᠤ ᠵᠢᠨ ᠭᠡᠱᠢᠭᠦᠨ᠂ ᠲᠥᠷᠥ ᠵᠢᠨ ᠶᠠᠪᠤᠳᠠᠯ ᠤ᠋ᠨ ᠬᠣᠷᠢᠶᠠᠨ ᠤ᠋ ᠳᠡᠳ᠋ ᠶᠡᠷᠦᠩᠬᠡᠢ ᠰᠠᠢᠳ ᠬᠠᠨ ᠵᠧᠩ᠂ 6 ᠤ᠋ ᠡᠳᠦᠷ ᠳᠤᠰ ᠳᠤᠰ ᠪᠦᠬᠦ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠬᠤᠷᠢᠶᠠᠨ ᠤ᠋ ᠲᠠᠪᠤᠳᠤᠭᠠᠷ ᠬᠤᠷᠠᠯ ᠳ᠋ᠦ᠍ ᠣᠷᠣᠯᠴᠠᠵᠤ ᠪᠠᠢᠭ᠎ᠠ ᠭᠡᠱᠢᠭᠦᠳ ᠢ᠋ ᠪᠤᠯᠭᠤᠭᠠᠨ ᠦᠵᠡᠬᠦ ᠵᠢᠨ ᠬᠠᠮᠳᠤ ᠳᠤᠭᠤᠢᠯᠠᠩ ᠬᠤᠪᠢᠶᠠᠨ ᠶᠠᠷᠢᠯᠴᠠᠬᠤ ᠳ᠋ᠤ ᠤᠷᠤᠯᠴᠠᠵᠤ᠂ ᠤᠯᠠᠨ ᠳᠠᠢ ᠬᠠᠮᠳᠤ ᠪᠡᠷ ᠲᠦᠷᠦ ᠵᠢᠨ ᠶᠠᠪᠤᠳᠠᠯ ᠢ᠋ ᠵᠦᠪᠯᠡᠪᠡ ᠃
6 ᠤ᠋ ᠦᠳᠡ ᠵᠢᠨ ᠬᠣᠢᠨ᠎ᠠ᠂ ᠯᠢ ᠺᠧ ᠴᠢᠶᠠᠩ ᠠᠵᠤ ᠠᠬᠤᠢ ᠵᠢᠨ ᠡᠲᠡᠭᠡᠳ ᠤ᠋ᠨ ᠭᠡᠱᠢᠭᠦᠳ ᠤ᠋ᠨ ᠳᠤᠭᠤᠢᠯᠠᠩ ᠬᠠᠮᠲᠤᠷᠠᠭᠰᠠᠨ ᠬᠤᠷᠠᠯ ᠳ᠋ᠦ᠍ ᠣᠷᠣᠯᠴᠠᠪᠠ᠃ ᠮᠠ ᠶᠦᠩ ᠱᠧᠩ᠂ ᠯᠢᠦ ᠸᠧᠢ ᠂ ᠱ᠋ᠢ ᠭᠦᠸᠧ ᠬᠤᠸᠠ ᠵᠡᠷᠭᠡ ᠭᠡᠱᠢᠭᠦᠳ ᠦᠭᠡ ᠬᠡᠯᠡᠪᠡ᠃ ᠯᠢ ᠺᠧ ᠴᠢᠶᠠᠩ᠂ ᠥᠩᠭᠡᠷᠡᠭᠰᠡᠨ ᠨᠢᠭᠡ ᠵᠢᠯ ᠳ᠋ᠦ᠍᠂ ᠱ᠋ᠢ ᠵᠢᠨ ᠫᠢᠩ ᠨᠥᠬᠥᠷ ᠵᠢᠨᠷ ᠭᠤᠤᠯ ᠪᠣᠯᠭᠠᠭᠰᠠᠨ ᠨᠠᠮ ᠤ᠋ᠨ ᠲᠥᠪ ᠬᠣᠷᠢᠶᠠᠨ ᠤ᠋ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ ᠤ᠋ᠨ ᠳᠡᠭᠡᠳᠤ ᠳᠤᠤᠷᠠᠳᠤ ᠱᠠᠳᠤ ᠪᠡᠷ ᠵᠢᠨᠨ ᠬᠠᠮᠲᠤ ᠪᠠᠷ ᠴᠢᠷᠮᠠᠢᠵᠤ᠂ ᠮᠠᠨ ᠤ᠋ ᠤᠯᠤᠰ ᠤ᠋ᠨ ᠬᠥᠭᠵᠢᠯᠲᠡ ᠪᠠᠰᠠ ᠱᠢᠨ᠎ᠡ ᠴᠢᠬᠤᠯᠠ ᠶᠡᠬᠡ ᠠᠮᠵᠢᠯᠲᠠ ᠵᠢ ᠣᠯᠵᠠᠢ᠃ ᠡᠭᠦᠨ ᠳ᠋ᠤ ᠥᠷᠭᠡᠨ ᠣᠯᠠᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠳ ᠤ᠋ᠨ ᠬᠦᠴᠦ ᠬᠦᠯᠦᠰᠤ ᠪᠠ ᠣᠶᠤᠨ ᠤᠬᠠᠭᠠᠨ ᠱᠢᠩᠭᠡᠵᠦ ᠪᠠᠢᠲᠠᠬ᠃ ᠡᠨᠡ ᠵᠢᠯ ᠳ᠋ᠤ ᠲᠤᠯᠭᠠᠷᠠᠬᠤ ᠠᠶᠤᠯ ᠲᠦᠭᠱᠢᠭᠦᠷᠢ ᠪᠠ ᠥᠷᠢᠰᠦᠯᠳᠦᠭᠡᠨ ᠢᠯᠡᠳᠲᠡ ᠨᠡᠮᠡᠭᠳᠡᠪᠡ᠃ ᠱ᠋ᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠵᠤ᠂ ᠬᠥᠭᠵᠢᠯᠲᠡ ᠪᠣᠯ ᠲᠡᠷᠢᠭᠦᠨ ᠴᠢᠬᠤᠯᠠ ᠡᠭᠦᠷᠭᠡ ᠪᠣᠯᠬᠤ ᠵᠢ ᠪᠠᠷᠢᠮᠲᠠᠯᠠᠬᠤ ᠳ᠋ᠦ᠍ ᠡᠷᠬᠡᠪᠱᠢ ᠱᠢᠨ᠎ᠡ ᠬᠥᠭᠵᠢᠯᠲᠡ ᠵᠢᠨ ᠣᠢᠯᠠᠭᠠᠭᠳᠠᠬᠤᠨ ᠢ᠋ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠠᠵᠤ ᠠᠬᠤᠢ ᠵᠢᠨ ᠠᠵᠢᠯᠯᠠᠭᠠᠨ ᠢ᠋ ᠵᠦᠢ ᠵᠣᠬᠢᠰᠲᠠᠢ ᠣᠷᠣᠨ ᠵᠠᠢ ᠳ᠋ᠦ᠍ ᠪᠠᠢᠯᠭᠠᠬᠤ ᠵᠢ ᠬᠦᠴᠦᠯᠡᠨ ᠪᠠᠲᠤᠯᠠᠬᠤ ᠬᠡᠷᠡᠭᠲᠡᠢ᠂ ᠡᠨᠡ ᠨᠢ ᠠᠵᠤ ᠠᠬᠤᠢ ᠵᠢᠨ ᠲᠣᠭᠲᠠᠭᠤᠨ ᠵᠢᠨᠷ ᠬᠥᠭᠵᠢᠬᠦ ᠳ᠋ᠦ᠍ ᠲᠤᠢᠯ ᠤ᠋ᠨ ᠴᠢᠬᠤᠯᠠ ᠶᠤᠮ᠃ ᠭᠠᠢᠯᠢ ᠵᠢ ᠪᠤᠴᠠᠭᠠᠬᠤ ᠭᠠᠢᠯᠢ ᠵᠢ ᠬᠥᠩᠭᠡᠷᠡᠬᠦᠯᠬᠦ ᠡᠨᠡ ᠬᠦ᠌ ᠬᠣᠷᠸ᠎ᠠ ᠠᠵᠤ ᠠᠬᠤᠢ ᠵᠢᠨ ᠶᠡᠬᠡ ᠲᠠᠯ᠎ᠠ ᠵᠢ ᠲᠣᠭᠲᠠᠪᠤᠷᠢᠵᠢᠭᠤᠯᠬᠤ ᠵᠠᠩᠭᠢᠯᠠᠭ᠎ᠠ ᠵᠢᠨ ᠴᠢᠨᠠᠷᠲᠠᠢ ᠠᠷᠭ᠎ᠠ ᠬᠡᠮᠵᠢᠶ᠎ᠡ ᠵᠢ ᠰᠠᠢᠲᠤᠷ ᠬᠡᠷᠡᠭᠯᠡᠵᠦ᠂ ᠵᠠᠬ᠎ᠠ ᠳᠡᠯᠭᠡᠭᠦᠷᠤ᠋ᠨ ᠭᠤᠤᠯ ᠴᠣᠭᠴᠠ ᠵᠢ ᠲᠣᠭᠲᠠᠪᠤᠷᠢᠵᠢᠭᠤᠯᠬᠤ ᠪᠠᠷ ᠳᠠᠮᠵᠢᠨ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ ᠠᠷᠠᠳᠤᠨ ᠠᠮᠢᠳᠤᠷᠠᠯ ᠢ᠋ ᠪᠠᠳᠤᠯᠠᠬᠤ ᠬᠡᠷᠡᠭᠳᠠᠢ᠃ ᠡᠨᠡ ᠵᠢᠯ ᠤ᠋ᠨ ᠡᠳ᠋ ᠤ᠋ᠨ ᠵᠠᠰᠠᠭ ᠤ᠋ᠨ ᠤᠯᠠᠭᠠᠨ ᠲᠣᠭ᠎ᠠ ᠵᠢᠨ ᠨᠣᠷᠮ᠎ᠠ ᠵᠢ ᠡᠳᠦᠢ ᠲᠡᠳᠦᠢ ᠪᠠᠭᠤᠷᠠᠭᠤᠯᠵᠤ ᠂ ᠵᠠᠷᠤᠯᠭ᠎ᠠ ᠵᠢᠨ ᠬᠡᠪᠴᠢᠶ᠎ᠡ ᠵᠢ ᠮᠡᠳᠡᠭᠳᠡᠬᠦᠢᠴᠡ ᠨᠡᠮᠡᠭᠳᠡᠭᠦᠯᠵᠦ᠂ ᠬᠡᠷᠡᠭᠯᠡᠵᠦ ᠪᠣᠯᠬᠤ ᠡᠳ᠋ ᠤ᠋ᠨ ᠬᠦᠴᠦᠨ ᠢ᠋ ᠮᠡᠳᠡᠭᠳᠡᠬᠦᠢᠴᠡ ᠨᠡᠮᠡᠭᠳᠡᠭᠦᠯᠬᠦ ᠳ᠋ᠦ᠍ ᠭᠤᠤᠯᠳᠠᠭᠤ ᠣᠨᠴᠠ ᠲᠣᠭᠲᠠᠭᠠᠭᠰᠠᠨ ᠤᠯᠤᠰ ᠤ᠋ᠨ ᠥᠮᠴᠢᠯᠡᠯ ᠤ᠋ᠨ ᠮᠥᠩᠭᠥᠨ ᠭᠦᠢᠯᠭᠡᠭᠡᠨ ᠤ᠋ ᠪᠠᠢᠭᠤᠯᠤᠮᠵᠢ ᠵᠢᠨ ᠣᠢᠷ᠎ᠠ ᠵᠢᠨ ᠵᠢᠯ ᠳ᠋ᠦ᠍ ᠳᠠᠰᠤᠯᠤᠨ ᠪᠤᠳᠤᠵᠤ ᠦᠯᠡᠳᠡᠭᠡᠭᠰᠡᠨ ᠠᠱᠢᠭ ᠤᠯᠵᠠᠪᠤᠷᠢ ᠪᠠᠨ ᠬᠠᠤᠯᠢ ᠶᠤᠰᠤᠭᠠᠷ ᠳᠡᠭᠡᠭᠰᠢ ᠳᠤᠰᠢᠶᠠᠬᠤ ᠬᠡᠷᠡᠭᠳᠠᠢ᠃ ᠡᠨᠡ ᠬᠦ᠌ ᠪᠡᠯᠡ ᠮᠥᠩᠭᠥ ᠵᠢ ᠤᠷᠵᠢᠨᠤᠨ ᠪᠠ ᠨᠢᠳᠤᠨᠤᠨ ᠬᠡᠷᠡᠭᠯᠡᠭᠰᠡᠨ ᠦᠭᠡᠢ ᠨᠢ ᠡᠨᠡ ᠵᠢᠯ ᠳ᠋ᠦ᠍ ᠲᠥᠷᠥ ᠵᠢᠨ ᠪᠣᠳᠣᠯᠭ᠎ᠠ ᠵᠢᠨ ᠣᠷᠣᠨ ᠵᠠᠢ ᠦᠯᠡᠳᠡᠭᠡᠨ ᠥᠭᠴᠡᠢ᠃ ᠭᠠᠢᠯᠢ ᠵᠢ ᠪᠤᠴᠠᠭᠠᠬᠤ ᠳ᠋ᠠᠭᠠᠨ ᠵᠠᠬ᠎ᠠ ᠳᠡᠯᠭᠡᠭᠦᠷ ᠤ᠋ᠨ ᠭᠤᠤᠯ ᠴᠣᠭᠴᠠ ᠳ᠋ᠦ᠍ ᠱᠢᠭᠤᠳ ᠬᠦᠷᠭᠡᠵᠦ᠂ ᠠᠵᠤ ᠠᠬᠤᠢᠯᠠᠯ ᠢ᠋ ᠬᠠᠪᠰᠤᠷᠤᠨ ᠬᠦᠴᠢᠷᠳᠡᠯ ᠢ᠋ ᠨᠢ ᠱᠢᠢᠳᠪᠦᠷᠢᠯᠡᠨ ᠥᠭᠴᠦ᠂ ᠠᠮᠢᠵᠢᠷᠠᠯ ᠤ᠋ᠨ ᠬᠦᠴᠦᠨ ᠢ᠋ ᠨᠢ ᠪᠠᠳᠠᠷᠠᠭᠤᠯᠬᠤ ᠬᠡᠷᠡᠭᠲᠡᠢ᠃ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢᠷᠡᠭᠦᠯᠦᠨ ᠨᠡᠭᠡᠭᠡᠯᠲᠡ ᠵᠢ ᠥᠷᠭᠡᠳᠭᠡᠵᠦ ᠂ ᠵᠠᠬ᠎ᠠ ᠳᠡᠯᠭᠡᠭᠦᠷᠴᠢᠯᠡᠬᠦ ᠬᠠᠤᠯᠢᠵᠢᠬᠤ ᠳᠡᠯᠡᠬᠡᠢᠴᠢᠯᠡᠬᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠲᠦᠷᠭᠡᠨ ᠪᠣᠢ ᠪᠣᠯᠭᠠᠵᠤ ᠂ ᠡᠯ᠎ᠡ ᠲᠥᠷᠥᠯ ᠤ᠋ᠨ ᠠᠵᠤ ᠠᠬᠤᠢᠯᠠᠯ ᠳ᠋ᠦ᠍ ᠨᠢᠭᠡ ᠯᠡ ᠠᠳᠠᠯᠢ ᠪᠠᠷ ᠬᠠᠨᠳᠤᠵᠤ ᠂ ᠠᠵᠤ ᠠᠬᠤᠢᠯᠠᠯ ᠤ᠋ᠨ ᠡᠷᠬᠡ ᠠᠱᠢᠭ ᠢ᠋ ᠬᠠᠤᠯᠢ ᠶᠣᠰᠣᠭᠠᠷ ᠬᠠᠮᠠᠭᠠᠯᠠᠵᠤ᠂ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠪᠠ ᠨᠡᠢᠭᠡᠮ ᠤ᠋ᠨ ᠪᠦᠲᠦᠭᠡᠯᠴᠢ ᠬᠦᠴᠦᠨ ᠢ᠋ ᠨᠡᠩ ᠶᠡᠬᠡ ᠪᠠᠷ ᠬᠥᠭᠵᠢᠭᠡᠬᠦ ᠬᠡᠷᠡᠭᠲᠡᠢ᠃ ᠤᠯᠤᠰ ᠤ᠋ᠨ ᠡᠨᠧᠷᠭᠢ ᠵᠢᠨ ᠰᠤᠷᠪᠤᠯᠵᠢ ᠪᠠ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠤ᠋ᠨ ᠠᠮᠤᠷ ᠲᠦᠪᠱᠢᠨ ᠢ᠋ ᠰᠠᠢᠲᠤᠷ ᠪᠠᠲᠤᠯᠠᠵᠤ᠂ ᠤᠯᠤᠰ ᠤ᠋ᠨ ᠳᠣᠲᠣᠭᠠᠳᠤ ᠵᠢᠨ ᠡᠬᠢ ᠪᠠᠶᠠᠯᠢᠭ ᠢ᠋ ᠬᠠᠢᠨ ᠱᠢᠨᠵᠢᠯᠡᠵᠦ ᠨᠡᠭᠡᠭᠡᠨ ᠠᠱᠢᠭᠯᠠᠬᠤ ᠡᠷᠴᠢᠮ ᠵᠢᠨᠨ ᠴᠢᠩᠭᠠᠷᠠᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠱᠢᠯᠠᠭᠤᠯᠬᠤ ᠬᠡᠯᠪᠡᠷᠢ ᠵᠢ ᠬᠤᠪᠢᠷᠠᠭᠤᠯᠬᠤ ᠵᠢ ᠱᠢᠨᠵᠢᠯᠡᠬᠦ ᠤᠬᠠᠭᠠᠨᠴᠢ ᠪᠠᠷ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠪᠦᠭᠡᠮ ᠲᠠᠸᠠᠷ ᠤ᠋ᠨ ᠬᠠᠩᠭᠠᠯᠭ᠎ᠠ ᠵᠢ ᠪᠠᠲᠤᠯᠠᠵᠤ ᠦᠨ᠎ᠡ ᠵᠢ ᠲᠣᠭᠲᠠᠭᠤᠨ ᠪᠠᠢᠯᠭᠠᠬᠤ ᠵᠢ ᠦᠷᠭᠦᠯᠵᠢᠯᠡᠨ ᠰᠠᠢᠲᠤᠷ ᠠᠳᠭᠤᠵᠤ᠂ ᠠᠵᠤ ᠠᠬᠤᠢ ᠵᠢᠨ ᠦᠷᠭᠦᠯᠵᠢᠯᠡᠨ ᠡᠷᠡᠭᠦᠯ ᠵᠢᠨᠷ ᠬᠥᠭᠵᠢᠬᠦ ᠳ᠋ᠦ᠍ ᠬᠦᠴᠦᠲᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠤ ᠬᠡᠯᠡᠪᠡ᠃
6 ᠤ᠋ ᠦᠳᠡ ᠵᠢᠨ ᠡᠮᠦᠨ᠎ᠡ ᠂ ᠯᠢ ᠵᠠᠨ ᠱᠦ᠍ ᠳᠤᠮᠳᠠᠳᠤ ᠤᠯᠤᠰ ᠤ᠋ᠨ ᠠᠷᠠᠳᠴᠢᠯᠠᠭᠰᠠᠨ ᠬᠣᠯᠪᠣᠭ᠎ᠠ᠂ ᠠᠷᠠᠳᠴᠢᠯᠠᠯ ᠵᠢᠨᠷ ᠠᠬᠢᠭᠤᠯᠬᠤ ᠬᠤᠷᠠᠯ ᠤ᠋ᠨ ᠡᠲᠡᠭᠡᠳ ᠤ᠋ᠨ ᠭᠡᠱᠢᠭᠦᠳ ᠤ᠋ᠨ ᠳᠤᠭᠤᠢᠯᠠᠩ ᠬᠠᠮᠲᠤᠷᠠᠭᠰᠠᠨ ᠬᠤᠷᠠᠯ ᠳ᠋ᠦ᠍ ᠣᠷᠣᠯᠴᠠᠪᠠ᠃ ᠲᠢᠶᠠᠨ ᠭᠠᠩ᠂ ᠯᠢ ᠾᠧ ᠫᠢᠩ ᠂ ᠵᠠᠩ ᠮᠧᠢ ᡁᠢ ᠵᠡᠷᠭᠡ ᠭᠡᠱᠢᠭᠦᠳ ᠤ᠋ᠨ ᠦᠭᠡ ᠬᠡᠯᠡᠭᠦ ᠵᠢ ᠨᠠᠷᠢᠨ ᠬᠢᠨᠠᠮᠠᠭᠠᠢ ᠰᠣᠨᠣᠰᠤᠭᠰᠠᠨ ᠤ᠋ ᠳᠠᠷᠠᠭ᠎ᠠ᠂ ᠯᠢ ᠵᠠᠨ ᠱᠦ᠍᠂ ᠥᠩᠭᠡᠷᠡᠭᠰᠡᠨ ᠨᠢᠭᠡ ᠵᠢᠯ ᠪᠣᠯ ᠨᠠᠮ ᠪᠣᠯᠤᠨ ᠤᠯᠤᠰ ᠤ᠋ᠨ ᠲᠡᠦᠬᠡᠨ ᠳᠡᠭᠡᠷᠡᠬᠢ ᠬᠥᠰᠢᠢᠡ ᠳᠡᠮᠳᠡᠭ ᠤ᠋ᠨ ᠠᠴᠢ ᠬᠣᠯᠪᠣᠭᠳᠠᠯ ᠲᠠᠢ ᠨᠢᠭᠡ ᠵᠢᠯ ᠪᠣᠯᠤᠨ᠎ᠠ ᠂ ᠱ᠋ᠢ ᠵᠢᠨ ᠫᠢᠩ ᠨᠥᠬᠥᠷ ᠵᠢᠨᠷ ᠭᠤᠤᠯ ᠪᠣᠯᠭᠠᠭᠰᠠᠨ ᠨᠠᠮ ᠤ᠋ᠨ ᠲᠥᠪ ᠬᠣᠷᠢᠢ᠎ᠠ ᠪᠦᠬᠦ ᠨᠠᠮ ᠪᠦᠬᠦ ᠤᠯᠤᠰ ᠤ᠋ᠨ ᠦᠨᠳᠦᠰᠦᠲᠡᠨᠨᠦ᠍ᠭᠦᠳ ᠤ᠋ᠨ ᠠᠷᠠᠳ ᠲᠦᠮᠡᠨ ᠢ᠋ ᠪᠦᠯᠬᠦᠮᠳᠡᠭᠦᠯᠦᠨ ᠳᠠᠭᠠᠭᠤᠯᠵᠤ᠂ ᠵᠠᠭᠤᠨ ᠵᠢᠯ ᠤ᠋ᠨ ᠬᠤᠪᠢᠷᠠᠯᠲᠠ ᠪᠣᠯᠤᠨ ᠡᠷᠢᠨ ᠵᠠᠭᠤᠨ ᠤ᠋ ᠬᠢᠵᠢᠭ ᠤ᠋ᠨ ᠪᠠᠢᠳᠠᠯ ᠢ᠋ ᠯᠠᠪᠳᠠᠭᠤᠨ ᠲᠣᠭᠲᠠᠭᠤᠨ ᠵᠢᠨᠷ ᠠᠷᠭᠠᠴᠠᠭᠠᠵᠤ᠂ ᠨᠠᠮ ᠪᠣᠯᠤᠨ ᠤᠯᠤᠰ ᠤ᠋ᠨ ᠠᠵᠢᠯ ᠦᠢᠯᠡᠰ ᠤ᠋ᠨ ᠱᠢᠨ᠎ᠡ ᠴᠢᠬᠤᠯᠠ ᠶᠡᠬᠡ ᠠᠮᠵᠢᠯᠲᠠ ᠣᠯᠬᠤ ᠵᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ ᠵᠢ ᠪᠡᠶᠡᠯᠡᠭᠦᠯᠵᠡᠢ᠃ ᠨᠠᠮ ᠪᠠ ᠤᠯᠤᠰ ᠤ᠋ᠨ ᠠᠵᠢᠯ ᠦᠢᠯᠡᠰ ᠤ᠋ᠨ ᠬᠥᠭᠵᠢᠯᠲᠡ ᠵᠢᠨ ᠣᠯᠤᠭᠰᠠᠨ ᠠᠮᠵᠢᠯᠲᠠ ᠪᠦᠲᠦᠮᠵᠢ ᠳ᠋ᠦ᠍ ᠪᠠᠰᠠ ᠠᠷᠠᠳᠴᠢᠯᠠᠭᠰᠠᠨ ᠬᠣᠯᠪᠣᠭ᠎ᠠ ᠂ ᠠᠷᠠᠳᠴᠢᠯᠠᠯ ᠵᠢᠨᠷ ᠠᠬᠢᠭᠤᠯᠬᠤ ᠬᠤᠷᠠᠯ ᠢ᠋ ᠪᠠᠭᠲᠠᠭᠠᠭᠰᠠᠨ ᠡᠯ᠎ᠡ ᠠᠷᠠᠳᠴᠢᠯᠠᠭᠰᠠᠨ ᠨᠠᠮ ᠪᠦᠯᠦᠭ ᠂ ᠦᠢᠯᠡᠳᠪᠦᠷᠢ ᠬᠤᠳᠠᠯᠳᠤᠭᠠᠨ ᠤ᠋ ᠬᠣᠯᠪᠣᠭ᠎ᠠ ᠪᠠ ᠨᠠᠮ ᠪᠦᠯᠦᠭ ᠤ᠋ᠨ ᠪᠤᠰᠤ ᠬᠥᠮᠦᠰ ᠤ᠋ᠨ ᠲᠡᠮᠡᠴᠡᠯ ᠢ᠋ ᠨᠢᠭᠲᠠᠷᠠᠭᠤᠯᠤᠭᠰᠠᠨ ᠪᠠᠢᠨ᠎ᠠ ᠭᠡᠵᠤ ᠬᠡᠯᠡᠪᠡ᠃ ᠯᠢ ᠵᠠᠨ ᠱᠦ᠍᠂ ᠠᠷᠠᠳᠴᠢᠯᠠᠭᠰᠠᠨ ᠬᠣᠯᠪᠣᠭ᠎ᠠ᠂ ᠠᠷᠠᠳᠴᠢᠯᠠᠯ ᠵᠢᠨᠷ ᠠᠬᠢᠭᠤᠯᠬᠤ ᠬᠤᠷᠠᠯ ᠤᠨ ᠬᠢᠨ ᠤᠬᠠᠮᠰᠠᠷᠠ᠋ᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠵᠢᠨ ᠲᠠᠯ᠎ᠠ ᠪᠠᠷ ᠱ᠋ᠢ ᠵᠢᠨ ᠫᠢᠩ ᠨᠥᠬᠥᠷ ᠵᠢᠨᠷ ᠭᠤᠤᠯ ᠪᠣᠯᠭᠠᠭᠰᠠᠨ ᠨᠠᠮ ᠤ᠋ᠨ ᠲᠥᠪ ᠬᠣᠷᠢᠢ᠎ᠠ ᠲᠠᠢ ᠳᠡᠭᠡᠳᠦ ᠬᠡᠮᠵᠢᠢ᠎ᠡ ᠪᠠᠷ ᠨᠢᠭᠡᠳᠦᠯᠲᠡᠢ ᠪᠠᠢᠯᠭᠠᠵᠤ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠢᠳᠡᠪᠬᠢ ᠬᠦᠴᠦᠨ ᠢ᠋ ᠥᠷᠭᠡᠨ ᠵᠢᠨᠷ ᠨᠢᠭᠲᠠᠷᠠᠭᠤᠯᠤᠨ ᠳᠠᠮᠵᠢᠭᠤᠯᠵᠤ ᠂ ᠪᠣᠳᠠᠲᠤ ᠠᠵᠢᠯᠯᠠᠭ᠎ᠠ ᠪᠠᠷ ᠵᠢᠨᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠢ ᠬᠤᠷᠠᠯᠳᠤᠬᠤ ᠵᠢ ᠤᠭᠲᠤᠬᠤ ᠬᠡᠷᠡᠭᠳᠠᠢ᠃ ᠨᠢᠭᠡ ᠳ᠋ᠦ᠍ ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠤᠳᠤᠷᠢᠳᠤᠯᠭ᠎ᠠ ᠵᠢ ᠪᠠᠷᠢᠮᠲᠠᠯᠠᠵᠤ ᠂ ᠨᠠᠮ ᠪᠣᠯᠤᠨ ᠠᠷᠠᠳ ᠲᠦᠮᠡᠨ ᠤ᠋ ᠠᠵᠢᠯ ᠦᠢᠯᠡᠰ ᠤ᠋ᠨ ᠥᠨᠳᠥᠷᠴᠡ ᠡᠴᠡ 《ᠬᠣᠶᠠᠷ ᠢ᠋ ᠲᠣᠭᠲᠠᠭᠠᠬᠤ》 ᠵᠢᠨ ᠱᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ ᠢ᠋ ᠴᠢᠨᠠᠭᠱᠢᠳᠠ ᠭᠦᠨᠵᠡᠭᠡᠢ ᠲᠠᠨᠢᠵᠤ᠂ 《ᠬᠣᠶᠠᠷ ᠢ᠋ ᠬᠠᠮᠠᠭᠠᠯᠠᠬᠤ》ᠤᠬᠠᠮᠰᠠᠷᠲᠤ ᠠᠵᠢᠯᠯᠠᠭ᠎ᠠ ᠪᠣᠯᠭᠠᠨ ᠦᠨᠡᠨ ᠬᠦ᠌ ᠬᠤᠪᠢᠷᠠᠭᠤᠯᠵᠤ᠂ ᠥᠩᠭᠡᠷᠡᠭᠰᠡᠨᠲᠡᠢ ᠪᠠᠨ ᠠᠳᠠᠯᠢ ᠪᠠᠷ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠰᠠᠢᠨ ᠵᠥᠪᠯᠡᠭᠴᠢ ᠂ ᠰᠠᠢᠨ ᠬᠠᠪᠰᠤᠷᠤᠭᠴᠢ᠂ ᠰᠠᠢᠨ ᠬᠠᠮᠲᠤ ᠠᠵᠢᠯᠯᠠᠭᠴᠢ ᠪᠣᠯᠬᠤ ᠬᠡᠷᠡᠭᠲᠡᠢ ᠃ ᠬᠣᠶᠠᠷᠲᠤ᠌᠂ ᠳᠤᠮᠳᠠᠳᠤ ᠤᠯᠤᠰ ᠤ᠋ᠨ ᠣᠨᠴᠠᠯᠢᠭ ᠳᠠᠢ ᠨᠡᠢᠭᠡᠮ ᠵᠢᠷᠤᠮ ᠤ᠋ᠨ ᠤᠯᠤᠰ ᠲᠥᠷᠥ ᠵᠢᠨ ᠬᠥᠭᠵᠢᠯᠲᠡ ᠵᠢᠨ ᠵᠠᠮ ᠵᠢᠨᠷ ᠡᠷᠡᠰ ᠭᠤᠢᠪᠢᠱᠢ ᠦᠭᠡᠢ ᠵᠠᠮᠨᠠᠵᠤ ᠂ ᠲᠥᠷᠥ ᠵᠢᠨ ᠨᠠᠮ ᠤ᠋ᠨ ᠵᠥᠪᠯᠡᠯᠭᠡ ᠬᠢᠬᠦ ᠡᠨᠡ ᠬᠦ᠌ ᠠᠷᠠᠳᠴᠢᠯᠠᠯ ᠤ᠋ᠨ ᠬᠡᠯᠪᠡᠷᠢ ᠪᠠ ᠪᠠᠢᠭᠤᠯᠤᠯ ᠤ᠋ᠨ ᠠᠷᠭ᠎ᠠ ᠵᠠᠮ ᠢ᠋ ᠰᠠᠢᠲᠤᠷ ᠬᠡᠷᠡᠭᠯᠡᠵᠦ ᠂ ᠳᠤᠮᠳᠠᠳᠤ ᠤᠯᠤᠰ ᠤ᠋ᠨ ᠡᠪ ᠬᠠᠮᠲᠤ ᠨᠠᠮ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ ᠵᠢᠨ ᠵᠥᠪᠯᠡᠯᠭᠡ ᠬᠢᠬᠦ ᠲᠥᠷᠢᠮ ᠢ᠋ ᠪᠠᠷᠢᠮᠲᠠᠯᠠᠨ ᠲᠡᠭᠦᠯᠳᠡᠷᠵᠢᠭᠦᠯᠵᠦ᠂ ᠪᠦᠬᠦ ᠶᠠᠪᠤᠴᠠ ᠵᠢᠨ ᠠᠷᠠᠳ ᠤ᠋ᠨ ᠠᠷᠠᠳᠴᠢᠯᠠᠯ ᠤ᠋ᠨ ᠪᠠᠢᠭᠤᠯᠤᠯᠲᠠ ᠵᠢ ᠲᠦᠯᠬᠢᠨ ᠠᠬᠢᠭᠤᠯᠬᠤ ᠬᠡᠷᠡᠭᠳᠠᠢ᠃ ᠭᠤᠷᠪᠠ ᠳ᠋ᠦ᠍᠂ ᠲᠤᠰ ᠲᠤᠰ ᠤ᠋ᠨ ᠳᠠᠪᠠᠭᠤᠯᠢᠭ ᠵᠢᠨᠨ ᠭᠦᠢᠴᠡᠳ ᠪᠠᠳᠠᠷᠠᠭᠤᠯᠵᠤ ᠂ ᠤᠯᠤᠰ ᠲᠥᠷᠥ ᠵᠢᠨ ᠡᠵᠡᠮᠳᠡᠬᠦ ᠴᠢᠳᠠᠪᠤᠷᠢ᠂ ᠲᠥᠷᠥ ᠵᠢᠨ ᠶᠠᠪᠤᠳᠠᠯ ᠳ᠋ᠦ᠍ ᠣᠷᠣᠯᠴᠠᠨ ᠲᠥᠷᠥ ᠵᠢᠨ ᠶᠠᠪᠤᠳᠠᠯ ᠢ᠋ ᠵᠥᠪᠯᠡᠬᠦ ᠴᠢᠳᠠᠪᠤᠷᠢ ᠂ ᠵᠣᠬᠢᠶᠠᠨ ᠪᠠᠢᠭᠤᠯᠵᠤ ᠤᠳᠤᠷᠢᠳᠬᠤ ᠴᠢᠳᠠᠪᠤᠷᠢ ᠂ ᠬᠠᠮᠲᠤᠷᠠᠨ ᠠᠵᠢᠯᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠱᠢᠯᠡᠭᠦᠯᠵᠦ᠂ ᠨᠡᠢᠭᠡᠮ ᠵᠢᠷᠤᠮ ᠤ᠋ᠨ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠳ᠋ᠦ᠍ ᠰᠡᠳᠭᠢᠯ ᠵᠢᠨᠨ ᠨᠢᠭᠡᠳᠭᠡᠨ ᠬᠦᠴᠦ ᠪᠠᠨ ᠬᠠᠮᠲᠤᠳᠭᠠᠵᠤ ᠂ ᠡᠨᠡ ᠵᠢᠯ ᠤ᠋ᠨ ᠠᠵᠤ ᠠᠬᠤᠢ ᠨᠡᠢᠭᠡᠮ ᠤ᠋ᠨ ᠬᠥᠭᠵᠢᠯᠲᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠳ᠋ᠦ᠍ ᠬᠦᠴᠦᠨ ᠴᠢᠳᠠᠯ ᠵᠢᠨᠨ ᠡᠷᠭᠦᠬᠦ ᠬᠡᠷᠡᠭᠳᠡᠢ ᠬᠡᠵᠤ ᠬᠦᠰᠡᠪᠡ ᠃
6 ᠤ᠋ ᠦᠳᠡ ᠵᠢᠨ ᠡᠮᠦᠨ᠎ᠡ᠂ ᠸᠠᠩ ᠶᠠᠩ ᠠᠷᠠᠳᠴᠢᠯᠠᠯ ᠵᠢᠡᠷ ᠤᠯᠤᠰ ᠵᠢᠡᠨ ᠪᠠᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ᠋ ᠬᠣᠯᠪᠣᠭ᠎ᠠ ᠵᠢᠨ ᠡᠲᠡᠭᠡᠳ ᠤ᠋ᠨ ᠭᠡᠱᠢᠭᠦᠳ ᠤ᠋ᠨ ᠳᠤᠭᠤᠢᠯᠠᠩ ᠬᠠᠮᠲᠤᠷᠠᠭ᠍ᠰᠠᠨ ᠶᠠᠷᠢᠯᠴᠠᠬᠤ ᠬᠤᠷᠠᠯ ᠳ᠋ᠤ ᠣᠷᠣᠯᠴᠠᠪᠠ᠃ ᠰᠦᠩ ᠬᠠᠢ᠂ ᠯᠢ ᠬᠠᠨ ᠢᠦᠢ᠂ ᠪᠠᠢ ᠴᠥᠩ ᠧᠨ ᠵᠡᠷᠭᠡ ᠭᠡᠱᠢᠭᠦᠤᠨ ᠬᠥᠳᠡᠭᠡ ᠲᠣᠰᠭᠣᠨ ᠤ᠋ ᠮᠥᠩᠭᠥᠨ ᠭᠦᠢᠯᠭᠡᠭᠡᠨᠦ ᠥᠭᠡᠷᠡᠴᠢᠯᠡᠯᠲᠡ᠂ ᠠᠷᠠᠳ ᠤ᠋ᠨ ᠡᠵᠡᠩᠨᠡᠯᠲᠡ ᠵᠢᠨ ᠠᠵᠤ ᠠᠬᠤᠢᠯᠠᠯ ᠤ᠋ᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠣᠷᠣᠯᠴᠠᠬᠤ᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳ᠋ᠤ ᠬᠦᠷᠬᠦ᠂ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ ᠠᠵᠢᠯ ᠢ᠋ ᠰᠠᠢᠲᠤᠷ ᠬᠢᠬᠦ᠌ ᠵᠡᠷᠭᠡ ᠵᠢᠨ ᠲᠣᠭᠣᠷᠢᠨ ᠳ᠋ᠤ ᠰᠠᠨᠠᠯ ᠰᠠᠨᠠᠭᠤᠯᠭᠠᠪᠠᠨ ᠢᠯᠡᠳᠭᠡᠪᠡ᠃ ᠭᠡᠱᠢᠭᠦᠳ ᠤ᠋ᠨ ᠶᠠᠷᠢᠶ᠎ᠠ ᠶ᠋ᠢ ᠨᠠᠷᠢᠨ ᠬᠢᠨᠠᠮᠠᠭᠠᠶ ᠰᠣᠨᠣᠰᠤᠭ᠍ᠰᠠᠨ ᠤ᠋ ᠳᠠᠷᠠᠭ᠎ᠠ᠂ ᠸᠠᠩ ᠶᠠᠩ᠂ ᠠᠷᠠᠳ ᠤ᠋ᠨ ᠡᠵᠡᠩᠨᠡᠯᠲᠡ ᠵᠢᠨ ᠠᠵᠤ ᠠᠬᠤᠶ ᠪᠣᠯ ᠮᠠᠨ ᠤ᠋ ᠤᠯᠤᠰ ᠤ᠋ᠨ ᠠᠵᠤ ᠠᠬᠤᠶ ᠨᠡᠢᠭᠡᠮ ᠤ᠋ᠨ ᠬᠥᠭ᠌ᠵᠢᠯᠲᠡ ᠵᠢᠨ ᠴᠢᠬᠤᠯᠠ ᠰᠠᠭᠤᠷᠢ ᠮᠥᠨ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ᠋ ᠪᠥᠬᠥ᠌ ᠲᠠᠯᠠᠪᠠᠷ ᠪᠥᠲᠥᠭᠡᠨ ᠪᠠᠢᠭᠤᠯᠬᠤ ᠳ᠋ᠤ ᠠᠷᠠᠳ ᠤ᠋ᠨ ᠡᠵᠡᠩᠨᠡᠯᠲᠡ ᠵᠢᠨ ᠠᠵᠤ ᠠᠬᠤᠶ ᠵᠢᠨ ᠬᠤᠪᠢ ᠨᠡᠮᠡᠷᠢᠡᠴᠡ ᠰᠠᠯᠵᠤ ᠴᠢᠳᠠᠬᠤ ᠥᠬᠡᠶ ᠶᠤᠮ᠃ ᠰᠢ ᠵᠢᠨ ᠫᠢᠩ ᠨᠥᠬᠥᠷ ᠵᠢᠡᠷ ᠭᠤᠤᠯ ᠪᠣᠯᠭᠠᠭ᠍ᠰᠠᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶ᠎ᠠ ᠠᠷᠠᠳ ᠤ᠋ᠨ ᠡᠵᠡᠩᠨᠡᠯᠲᠡ ᠵᠢᠨ ᠠᠵᠤ ᠠᠬᠤᠶ ᠵᠢᠨ ᠡᠷᠡᠭᠦᠯ ᠵᠢᠡᠷ ᠬᠥᠭ᠌ᠵᠢᠬᠦ᠌ ᠶ᠋ᠢ ᠳᠡᠭᠡᠳᠦ ᠬᠡᠮᠵᠢᠶ᠎ᠡᠪᠡᠷ ᠴᠢᠬᠤᠯᠠᠴᠢᠯᠠᠵᠤ᠂ ᠠᠷᠠᠳ ᠤ᠋ᠨ ᠡᠵᠡᠩᠨᠡᠯᠲᠡ ᠵᠢᠨ ᠠᠵᠤ ᠠᠬᠤᠶ ᠵᠢᠨ ᠬᠥᠮᠦᠰ ᠤ᠋ᠨ ᠡᠷᠡᠭᠦᠯ ᠵᠢᠡᠷ ᠦᠰᠦᠨ ᠪᠣᠢᠵᠢᠬᠤ ᠶ᠋ᠢ ᠮᠠᠰᠢ ᠬᠠᠯᠠᠮᠵᠢᠯᠠᠵᠤ ᠪᠠᠢᠨ᠎ᠠ᠃ ᠵᠠᠭᠤᠨ ᠵᠢᠯ ᠤ᠋ᠨ ᠬᠤᠪᠢᠷᠠᠯᠲᠠ ᠳᠡᠭᠡᠷ᠎ᠡ ᠬᠢᠵᠢᠭ ᠤ᠋ᠨ ᠪᠠᠢᠳᠠᠯ ᠳᠠᠪᠬᠤᠴᠠᠵᠤ᠂ ᠠᠵᠤ ᠠᠬᠤᠶ ᠵᠢᠨ ᠬᠥᠭ᠌ᠵᠢᠯᠲᠡ ᠵᠢᠨ ᠠᠷᠭ᠎ᠠ ᠬᠡᠯᠪᠡᠷᠢᠳᠦ ᠭᠦᠨᠵᠡᠭᠡᠶ ᠬᠤᠪᠢᠷᠠᠯᠲᠠ ᠭᠠᠷᠴᠤ᠌᠂ ᠠᠷᠠᠳ ᠤ᠋ᠨ ᠡᠵᠡᠩᠨᠡᠯᠲᠡ ᠵᠢᠨ ᠠᠵᠤ ᠠᠬᠤᠢᠯᠠᠯ ᠤ᠋ᠨ ᠡᠵᠡᠩᠨᠡᠯᠲᠡᠳᠦ ᠣᠯᠠᠨ ᠳᠠᠪᠬᠤᠷ ᠳᠠᠷᠤᠯᠲᠠ ᠠᠪᠴᠢᠷᠠᠭ᠍ᠰᠠᠨ ᠪᠣᠯᠪᠠᠴᠤ᠌ ᠬᠦᠴᠢᠷᠳᠡᠯ ᠤ᠋ᠨ ᠣᠯᠠᠩᠬᠢᠨᠢ ᠠᠵᠢᠯ ᠲᠥᠷᠥᠯ ᠤ᠋ᠨ ᠴᠢᠨᠠᠷᠲᠠᠶᠠᠴᠠ ᠪᠢᠰᠢ ᠬᠠᠷᠢᠨ ᠪᠥᠬᠥ᠌ ᠲᠠᠯ᠎ᠠ ᠵᠢᠨ ᠴᠢᠨᠠᠷᠲᠠᠶ ᠪᠢᠰᠢ᠂ ᠣᠬᠣᠷ ᠬᠤᠭᠤᠴᠠᠭᠠᠨ ᠤ᠋ᠠᠴᠠ ᠪᠢᠰᠢ ᠬᠠᠷᠢᠨ ᠣᠷᠳᠣ ᠬᠤᠭᠤᠴᠠᠭᠠᠨ ᠤ᠋ ᠪᠢᠰᠢ ᠶᠤᠮ᠂ ᠠᠷᠠᠳ ᠤ᠋ᠨ ᠡᠵᠡᠩᠨᠡᠯᠲᠡ ᠵᠢᠨ ᠠᠵᠤ ᠠᠬᠤᠶ ᠵᠢᠨ ᠪᠦᠬᠦᠯᠢ ᠴᠣᠭ᠍ᠴᠠ ᠵᠢᠨ ᠪᠣᠳᠠᠲᠤ ᠬᠦᠴᠦᠨ᠂ ᠱᠢᠨ᠎ᠡ ᠶ᠋ᠢ ᠡᠭᠦᠳᠬᠦ᠌ ᠠᠮᠢᠵᠢᠷᠠᠯ ᠤ᠋ᠨ ᠬᠦᠴᠦᠨ᠂ ᠠᠶᠤᠯ ᠲᠦᠭ᠌ᠰᠢᠭᠦᠷᠢ ᠶ᠋ᠢ ᠡᠰᠡᠷᠭᠦᠴᠡᠬᠦ᠌ ᠴᠢᠳᠠᠪᠤᠷᠢ ᠴᠥᠮ ᠴᠢᠩᠭᠠᠷᠠᠵᠤ᠂ ᠬᠥᠭ᠌ᠵᠢᠯᠲᠡ ᠵᠢᠨ ᠢᠷᠡᠭᠡᠳᠦᠶ ᠰᠠᠢᠵᠢᠷᠠᠵᠤ ᠪᠠᠢᠨ᠎ᠠ ᠭᠡᠵᠦ ᠵᠢᠭᠠᠵᠦ ᠭᠠᠷᠭᠠᠪᠠ᠃ ᠸᠠᠩ ᠶᠠᠩ᠂ ᠪᠠᠢᠳᠠᠯ ᠤᠯᠠᠮ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠣᠯᠬᠤ ᠲᠤᠳᠤᠮ ᠨᠠᠮ ᠤ᠋ᠨ ᠦᠨᠳᠦᠰᠦᠨ ᠪᠤᠳᠤᠯᠭ᠎ᠠ ᠴᠢᠭ᠌ᠯᠡᠯᠲᠡᠳᠦ ᠤᠯᠠᠮ ᠢᠲᠡᠭᠡᠯ ᠲᠡᠭᠦᠯᠳᠡᠷ ᠪᠠᠢᠬᠤ ᠬᠡᠷᠡᠭ᠌ᠲᠡᠢ᠃ ᠮᠠᠨ ᠤ᠋ ᠤᠯᠤᠰ ᠤ᠋ᠨ ᠠᠵᠤ ᠠᠬᠤᠢ ᠵᠢᠨ ᠦᠨᠳᠦᠰᠦᠨ ᠪᠠᠢᠭᠤᠯᠤᠯ ᠬᠤᠪᠢᠷᠠᠬᠤ ᠦᠭᠡᠢ᠂ 《ᠬᠣᠶᠠᠷ ᠭᠤᠢᠪᠢᠰᠢ ᠦᠭᠡᠢ》 ᠬᠤᠪᠢᠷᠠᠬᠤ ᠦᠭᠡᠢ᠂ ᠥᠭᠡᠷᠡᠴᠢᠯᠡᠯᠲᠡ ᠨᠡᠭᠡᠭᠡᠯᠳᠡ ᠵᠢᠨ ᠶᠡᠬᠡ ᠴᠢᠭ᠌ᠯᠡᠯ ᠬᠤᠪᠢᠷᠠᠬᠤ ᠦᠭᠡᠢ᠂ ᠡᠨᠡ ᠪᠣᠯ ᠨᠠᠮ ᠤ᠋ᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭᠠᠠᠴᠠ ᠲᠤᠭ᠍ᠳᠠᠭᠠᠭ᠍ᠳᠠᠭ᠍ᠰᠠᠨ ᠶᠤᠮ᠂ ᠦᠨᠳᠦᠰᠦᠨ ᠬᠠᠤᠯᠢ ᠪᠠ ᠬᠠᠤᠯᠢ ᠴᠠᠭᠠᠵᠠᠪᠠᠷ ᠪᠠᠲᠤᠯᠠᠭ᠍ᠰᠠᠨ ᠶᠤᠮ᠃ ᠠᠵᠤ ᠠᠬᠤᠢ ᠵᠢᠨ ᠦᠨᠳᠦᠰᠦᠨ ᠪᠠᠢᠭᠤᠯᠤᠯ ᠢ᠋ ᠦᠭᠡᠢᠰᠭᠡᠬᠦ᠌ ᠪᠠ ᠰᠡᠵᠢᠭ᠌ᠯᠡᠬᠦ᠌ ᠶᠠᠮᠠᠷᠪᠠ ᠦᠭᠡ ᠶᠠᠷᠢᠶ᠎ᠠ ᠦᠢᠯᠡ ᠠᠵᠢᠯᠯᠠᠭ᠎ᠠ ᠨᠢ ᠴᠥᠮ ᠨᠠᠮ ᠤ᠋ᠨ ᠦᠨᠳᠦᠰᠦᠨ ᠪᠤᠳᠤᠯᠭ᠎ᠠ ᠴᠢᠭ᠌ᠯᠡᠯᠲᠡᠲᠡᠶ ᠨᠡᠢᠴᠡᠬᠦ᠌ ᠦᠭᠡᠢ ᠶᠤᠮ᠂ ᠲᠡᠭᠦᠨ ᠢ᠋ ᠢᠲᠡᠭᠡᠬᠦ ᠬᠡᠷᠡᠭ ᠦᠭᠡᠢ᠂ ᠤᠯᠠᠮᠵᠢᠯᠠᠬᠤ ᠬᠡᠷᠡᠭ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤ᠋ᠨᠬᠢᠨ ᠰᠠᠨᠠᠭᠠᠴᠢᠯᠠᠭᠠᠠᠴᠠᠪᠠᠨ ᠵᠢᠳᠬᠦᠯ ᠴᠢᠷᠮᠠᠢᠯᠭ᠎ᠠ ᠭᠠᠷᠭᠠᠵᠤ᠂ ᠤᠷᠢᠳᠴᠢᠯᠠᠨ ᠦᠶ᠋ᠯᠡᠴᠢᠯᠡᠵᠦ᠍᠂ ᠠᠷᠠᠳ ᠤ᠋ᠨ ᠡᠵᠡᠩᠨᠡᠯᠲᠡ ᠵᠢᠨ ᠠᠵᠤ ᠠᠬᠤᠶ ᠵᠢᠨ ᠡᠷᠡᠭᠦᠯ ᠵᠢᠡᠷ ᠬᠥᠭ᠌ᠵᠢᠬᠦ᠌ ᠶ᠋ᠢ ᠳᠡᠮᠵᠢᠬᠦ᠌ ᠡᠯ᠎ᠡ ᠵᠦᠶ᠋ᠯ ᠤ᠋ᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠶ᠋ᠢ ᠪᠣᠳᠠᠲᠠᠶ ᠳ᠋ᠤ ᠨᠠᠢᠳᠠᠪᠤᠷᠢᠵᠢᠭᠤᠯᠵᠤ᠂ ᠠᠵᠤ ᠠᠬᠤᠢᠯᠠᠯ ᠤ᠋ᠨ ᠬᠠᠮᠤᠭᠠᠴᠠ ᠠᠩᠬᠠᠷᠴᠤ᠌ ᠪᠠᠢᠭ᠎ᠠ᠂ ᠬᠠᠮᠤᠭ ᠤ᠋ᠨ ᠱᠢᠭᠤᠳ᠂ ᠬᠠᠮᠤᠭ ᠤ᠋ᠨ ᠪᠣᠳᠠᠲᠠᠶ ᠠᠰᠠᠭᠤᠳᠠᠯ ᠢ᠋ ᠯᠠᠪᠳᠠᠭᠤᠨ ᠪᠠᠲᠤᠲᠠᠶ ᠱᠢᠶ᠋ᠳᠪᠦᠷᠢᠯᠡᠬᠦ᠌ ᠬᠡᠷᠡᠭ᠌ᠲᠡᠶ᠃ ᠨᠢᠭᠡᠳᠦᠮᠡᠯ ᠹᠷᠣᠨᠲ ᠤ᠋ᠨ ᠰᠠᠯᠠᠭ᠎ᠠ ᠮᠥᠴᠢᠷᠤᠨ ᠬᠢᠨ ᠠᠷᠠᠳ ᠤ᠋ᠨ ᠡᠵᠡᠩᠨᠡᠯᠲᠡ ᠵᠢᠨ ᠠᠵᠤ ᠠᠬᠤᠢᠯᠠᠯ ᠤ᠋ᠨ ᠬᠦᠰᠡᠯ ᠱᠠᠭᠠᠷᠳᠠᠯᠭ᠎ᠠ ᠶ᠋ᠢ ᠰᠣᠨᠣᠰᠴᠤ᠌᠂ ᠠᠷᠠᠳ ᠤ᠋ᠨ ᠡᠵᠡᠩᠨᠡᠯᠲᠡ ᠵᠢᠨ ᠠᠵᠤ ᠠᠬᠤᠢᠯᠠᠯ ᠤ᠋ᠨ ᠬᠦᠰᠡᠯ ᠱᠠᠭᠠᠷᠳᠠᠯᠭ᠎ᠠ ᠶ᠋ᠢ ᠲᠤᠰᠭᠠᠨ᠂ ᠦᠵᠡᠯ ᠰᠠᠨᠠᠭ᠎ᠠ ᠤᠯᠤᠰ ᠲᠥᠷᠥ ᠵᠢᠨ ᠵᠢᠯᠣᠭᠣᠳᠤᠮᠵᠢ ᠶ᠋ᠢ ᠴᠢᠩᠭᠠᠳᠭᠠᠵᠤ᠂ ᠨᠡᠢᠭᠡᠮ ᠤ᠋ᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ ᠳ᠋ᠤ ᠴᠠᠭ ᠲᠤᠬᠠᠶ ᠳ᠋ᠤᠨᠢ ᠬᠠᠷᠢᠭᠤᠯᠲᠠ ᠥᠭ᠌ᠴᠦ᠂ ᠠᠵᠤ ᠠᠬᠤᠢᠯᠠᠯ ᠤ᠋ᠨ ᠬᠥᠭ᠌ᠵᠢᠯᠲᠡ ᠵᠢᠨ ᠢᠲᠡᠭᠡᠯ ᠢ᠋ ᠨᠡᠮᠡᠭ᠌ᠳᠡᠭᠦᠯᠬᠦ᠌ ᠬᠡᠷᠡᠭ᠌ᠲᠡᠶ᠃ ᠤᠯᠤᠰ ᠲᠥᠷᠥ ᠵᠢᠨ ᠵᠥᠪᠯᠡᠯᠭᠡᠨᠦ ᠭᠡᠱᠢᠭᠦᠳ ᠲᠣᠰ ᠪᠡᠶ᠎ᠡ ᠵᠢᠨ ᠳᠠᠪᠠᠭᠤᠯᠢᠭ ᠵᠢᠡᠨ ᠪᠠᠳᠠᠷᠠᠭᠤᠯᠵᠤ᠂ ᠨᠠᠮ ᠪᠠ ᠵᠠᠰᠠᠭ ᠤ᠋ᠨ ᠣᠷᠳᠣᠨ ᠢ᠋ ᠬᠠᠮᠵᠢᠨ ᠲᠥᠷᠥ ᠵᠢᠨ ᠪᠣᠳᠣᠯᠭ᠎ᠠ ᠶ᠋ᠢ ᠤᠬᠠᠭᠤᠯᠤᠨ᠂ ᠡᠷᠡᠭᠡᠯᠵᠡᠭᠡ ᠲᠥᠭᠡᠷᠢᠭ᠌ᠳᠡᠯ ᠢ᠋ ᠠᠷᠢᠯᠭᠠᠬᠤ ᠠᠵᠢᠯ ᠢ᠋ ᠢᠯᠡᠭᠦᠬᠡᠨ ᠬᠢᠵᠦ᠍᠂ ᠪᠦᠯᠬᠦᠮᠳᠡᠨ ᠲᠡᠮᠡᠴᠡᠬᠦ᠌᠂ ᠬᠥᠭ᠌ᠵᠢᠯᠲᠡ ᠶ᠋ᠢ ᠬᠠᠮᠲᠤᠪᠠᠷ ᠠᠬᠢᠭᠤᠯᠬᠤ ᠡᠷᠴᠢ ᠵᠣᠷᠢᠭ ᠵᠢᠡᠨ ᠢᠯᠡᠭᠦᠬᠡᠨ ᠬᠥᠪᠴᠢᠯᠡᠬᠦ᠌ ᠬᠡᠷᠡᠭ᠌ᠲᠡᠶ ᠬᠡᠵᠦ ᠴᠢᠬᠤᠯᠠᠴᠢᠯᠠᠪᠠ᠃
6 ᠤ᠋ ᠦᠳᠡ ᠵᠢᠨ ᠡᠮᠦᠨ᠎ᠡ᠂ ᠸᠠᠩ ᠬ᠍ᠸ᠋ ᠨᠢᠩ ᠡᠪ ᠬᠠᠮᠲᠤ ᠵᠠᠯᠠᠭᠤᠴᠤᠳ ᠤ᠋ᠨ ᠡᠪᠯᠡᠯ᠂ ᠠᠵᠢᠯᠴᠢᠨ ᠤ᠋ ᠶᠡᠷᠦᠩᠬᠡᠢ ᠡᠪᠯᠡᠯ᠂ ᠡᠮᠡᠭ᠌ᠲᠡᠢᠴᠦᠳ ᠤ᠋ᠨ ᠬᠣᠯᠪᠣᠭ᠎ᠠ᠂ ᠵᠠᠯᠠᠭᠤᠴᠤᠳ ᠤ᠋ᠨ ᠬᠣᠯᠪᠣᠭ᠎ᠠ ᠵᠢᠨ ᠡᠲᠡᠭᠡᠳ ᠤ᠋ᠨ ᠭᠡᠱᠢᠭᠦᠳ ᠤ᠋ᠨ ᠳᠤᠭᠤᠢᠯᠠᠩ ᠬᠠᠮᠲᠤᠷᠠᠭ᠍ᠰᠠᠨ ᠬᠤᠷᠠᠯ ᠳ᠋ᠤ ᠣᠷᠣᠯᠴᠠᠪᠠ᠃ ᠱᠢᠤᠢ ᠱᠢᠶᠤᠤ᠂ ᠵᠠᠩ ᠮᠤᠤ ᠬᠤᠸᠠ᠂ ᠯᠦᠩ ᠭᠦᠸᠧ ᠶᠢᠩ ᠵᠡᠷᠭᠡ ᠭᠡᠱᠢᠭᠦᠳ ᠤ᠋ᠨ ᠶᠠᠷᠢᠶ᠎ᠠ ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ ᠤ᠋ ᠳᠠᠷᠠᠭ᠎ᠠ᠂ ᠸᠠᠩ ᠬ᠍ᠸ᠋ ᠨᠢᠩ᠂ ᠥᠩᠭᠡᠷᠡᠭ᠌ᠰᠡᠨ ᠨᠢᠭᠡ ᠵᠢᠯ ᠪᠣᠯ ᠨᠠᠮ ᠪᠠ ᠤᠯᠤᠰ ᠤ᠋ᠨ ᠲᠡᠦᠬᠡᠨ ᠳᠡᠭᠡᠷᠡᠬᠢ ᠬᠥᠱᠢᠢᠡ ᠳᠡᠮᠳᠡᠭ ᠤ᠋ᠨ ᠠᠴᠢ ᠬᠣᠯᠪᠣᠭ᠍ᠳᠠᠯᠲᠠᠶ ᠨᠢᠭᠡ ᠵᠢᠯ ᠪᠣᠯᠤᠨ᠎ᠠ᠂ ᠰᠢ ᠵᠢᠨ ᠫᠢᠩ ᠨᠥᠬᠥᠷ ᠵᠢᠡᠷ ᠭᠣᠣᠯ ᠪᠣᠯᠭᠠᠭ᠍ᠰᠠᠨ ᠨᠠᠮ ᠤ᠋ᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ ᠤ᠋ᠨ ᠦᠨᠳᠦᠰᠦᠲᠡᠨᠨᠦᠭᠦᠳ ᠤ᠋ᠨ ᠠᠷᠠᠳ ᠲᠦᠮᠡᠨ ᠢ᠋ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ ᠤ᠋ᠨ ᠤᠢ ᠶ᠋ᠢ ᠦᠪᠡᠳᠡᠭ᠌ᠰᠢ ᠶᠡᠬᠡᠪᠡᠷ ᠪᠡᠯᠭᠡᠯᠡᠨ᠂ ᠲᠣᠭ᠍ᠲᠠᠭ᠍ᠰᠠᠨ ᠬᠤᠭᠤᠴᠠᠭᠠᠨ ᠳ᠋ᠤ ᠴᠢᠨᠡᠭᠡᠯᠢᠭ ᠨᠡᠢᠭᠡᠮ ᠢ᠋ ᠪᠦᠬᠦ᠌ ᠲᠠᠯᠠᠪᠠᠷ ᠪᠡᠶᠡᠯᠡᠭᠦᠯᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯᠠᠪᠠᠷ ᠪᠦᠳᠦᠭᠡᠨ ᠪᠠᠢᠭᠤᠯᠬᠤ ᠱᠢᠨ᠎ᠡ ᠠᠶᠠᠨ ᠢ᠋ ᠡᠬᠢᠯᠡᠭᠦᠯᠪᠡ᠃《ᠬᠣᠶᠠᠷ ᠢ᠋ ᠲᠣᠭ᠍ᠲᠠᠭᠠᠬᠤ》 ᠶ᠋ᠢᠨ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ ᠢ᠋ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠨ ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ ᠢ᠋ ᠬᠠᠮᠠᠭᠠᠯᠠᠬᠤ》 ᠶ᠋ᠢ ᠪᠡᠶᠡᠯᠡᠭᠦᠯᠤᠨ᠂ ᠰᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭᠲᠠᠶ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠣᠢᠯᠠᠭᠠᠵᠤ ᠨᠡᠪᠲᠡᠷᠡᠲᠡᠯ᠎ᠡ ᠡᠵᠡᠮᠱᠢᠵᠦ᠍ ᠪᠣᠳᠠᠲᠠᠢᠵᠢᠭᠤᠯᠬᠤ ᠳᠡᠭᠡᠷ᠎ᠡ ᠬᠦᠴᠦ᠍ ᠲᠠᠯᠪᠢᠵᠤ᠂ ᠪᠣᠳᠠᠲᠤ ᠠᠵᠢᠯᠯᠠᠭ᠎ᠠᠪᠠᠷ ᠵᠢᠡᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠᠲᠠᠶ ᠬᠤᠷᠠᠯᠳᠤᠬᠤ ᠶ᠋ᠢ ᠤᠭ᠍ᠲᠤᠬᠤ ᠬᠡᠷᠡᠭ᠌ᠲᠡᠶ᠃ ᠦᠵᠡᠯ ᠰᠠᠨᠠᠭ᠎ᠠ ᠤᠯᠤᠰ ᠲᠥᠷᠥ ᠵᠢᠨ ᠵᠢᠯᠣᠭᠣᠳᠤᠮᠵᠢ ᠶ᠋ᠢ ᠴᠢᠩᠭᠠᠳᠭᠠᠵᠤ᠂ ᠣᠯᠠᠨ ᠲᠦᠮᠡᠨᠴᠢ ᠴᠢᠨᠠᠷᠲᠠᠶ ᠭᠤᠤᠯ ᠰᠡᠳᠦᠪᠲᠦ ᠤᠬᠠᠭᠤᠯᠭ᠎ᠠ ᠬᠥᠮᠦᠵᠢᠯ ᠢ᠋ ᠥᠷᠭᠡᠨ ᠵᠢᠡᠷ ᠥᠷᠨᠢᠭᠦᠯᠤᠨ᠂ ᠣᠯᠠᠨ ᠲᠦᠮᠡᠨ ᠢ᠋ ᠳᠠᠢᠴᠢᠯᠠᠨ ᠱᠢᠨ᠎ᠡ ᠠᠶᠠᠨ ᠳ᠋ᠤ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡ ᠴᠠᠭ ᠦᠶᠡᠳᠦ ᠭᠠᠪᠢᠶ᠎ᠠ ᠪᠠᠢᠭᠤᠯᠬᠤ ᠬᠡᠷᠡᠭ᠌ᠲᠡᠶ᠃ ᠠᠷᠠᠳ ᠲᠦᠮᠡᠨ ᠵᠢᠡᠷ ᠭᠣᠣᠯ ᠪᠣᠯᠭᠠᠬᠤ ᠬᠥᠭ᠌ᠵᠢᠯᠲᠡ ᠵᠢᠨ ᠦᠵᠡᠯ ᠰᠠᠨᠠᠭ᠎ᠠ ᠶ᠋ᠢ ᠦᠢᠯᠡᠳᠦᠯᠭᠡᠵᠢᠭᠦᠯᠤᠨ᠂ ᠤᠯᠠᠨ ᠲᠦᠮᠡᠨᠲᠡᠶ ᠬᠠᠷᠢᠯᠴᠠᠵᠤ ᠤᠯᠠᠨ ᠲᠦᠮᠡᠨᠳᠦ ᠦᠢᠯᠡᠴᠢᠯᠡᠬᠦ᠌ ᠠᠵᠢᠯ ᠢ᠋ ᠰᠠᠢᠲᠤᠷ ᠬᠢᠵᠦ᠍᠂ ᠠᠵᠢᠯᠳᠠᠨ ᠠᠵᠢᠯᠴᠢᠨ᠂ ᠵᠠᠯᠠᠭᠤᠴᠤᠳ ᠪᠠᠭᠠᠴᠤᠳ᠂ ᠡᠮᠡᠭ᠌ᠲᠡᠢᠴᠦᠳ ᠬᠡᠦᠬᠡᠳ ᠤ᠋ᠨ ᠡᠷᠬᠡ ᠠᠱᠢᠭ ᠢ᠋ ᠬᠠᠮᠠᠭᠠᠯᠠᠬᠤ ᠪᠠ ᠪᠠᠲᠤᠯᠠᠬᠤ ᠶ᠋ᠢ ᠴᠢᠩᠭᠠᠳᠭᠠᠬᠤ ᠬᠡᠷᠡᠭ᠌ᠲᠡᠢ᠃ ᠡᠪ ᠬᠠᠮᠲᠤ ᠵᠠᠯᠠᠭᠤᠴᠤᠳ ᠤ᠋ᠨ ᠡᠪᠯᠡᠯ᠂ ᠠᠵᠢᠯᠴᠢᠨ ᠤ᠋ ᠶᠡᠷᠦᠩᠬᠡᠢ ᠡᠪᠯᠡᠯ᠂ ᠡᠮᠡᠭ᠌ᠲᠡᠢᠴᠦᠳ ᠤ᠋ᠨ ᠬᠣᠯᠪᠣᠭ᠎ᠠ᠂ ᠵᠠᠯᠠᠭᠤᠴᠤᠳ ᠤ᠋ᠨ ᠬᠣᠯᠪᠣᠭ᠎ᠠ ᠵᠢᠨ ᠡᠲᠡᠭᠡᠳ ᠤ᠋ᠨ ᠭᠡᠱᠢᠭᠦᠳ ᠤᠯᠠᠨ ᠲᠦᠮᠡᠨᠦ ᠨᠠᠮ ᠤ᠋ᠨ ᠦᠭᠡ ᠶ᠋ᠢ ᠰᠣᠨᠣᠰᠴᠤ᠌ ᠨᠠᠮ ᠵᠢᠡᠨ ᠳᠠᠭᠠᠬᠤ ᠶ᠋ᠢ ᠬᠦᠳᠦᠯᠦᠨ ᠵᠢᠯᠣᠭᠣᠳᠭᠤ ᠴᠢᠬᠤᠯᠠ ᠬᠠᠷᠢᠭᠤᠴᠠᠯᠭ᠎ᠠ ᠶ᠋ᠢ ᠡᠭᠦᠷᠭᠡᠯᠡᠵᠦ᠍᠂ ᠱᠢᠨ᠎ᠡ ᠴᠠᠭ ᠦᠶ᠎ᠡ ᠵᠢᠨᠤᠯᠠᠨᠲᠦᠮᠡᠨᠦᠪᠦᠯᠬᠦᠮᠤ᠋ᠨᠦᠢᠯᠡᠰᠤ᠋ᠨᠬᠥᠭ᠌ᠵᠢᠯᠲᠡᠳᠦ ᠬᠦᠴᠦᠨ ᠴᠢᠳᠠᠯ ᠵᠢᠡᠨ ᠡᠷᠭᠦᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
6 ᠤ᠋ ᠦᠳᠡ ᠵᠢᠨ ᠡᠮᠦᠨ᠎ᠡ ᠂ ᠵᠤᠤ ᠯᠸ ᠵᠶ᠋ᠢ 《9·3》 ᠤ᠋ ᠡᠷᠳᠡᠮ ᠱᠢᠨᠵᠢᠯᠡᠭᠡᠨᠦ ᠨᠡᠢᠭᠡᠮᠯᠢᠭ ᠂ ᠨᠠᠮ ᠪᠦᠯᠦᠭ ᠤ᠋ᠨ ᠪᠤᠰᠤ ᠬᠥᠮᠦᠰ ᠤ᠋ᠨ ᠡᠲᠡᠭᠡᠳ ᠤ᠋ᠨ ᠭᠡᠱᠢᠭᠦᠳ ᠤ᠋ᠨ ᠳᠤᠭᠤᠢᠯᠠᠩ ᠬᠠᠮᠲᠤᠷᠠᠭ᠍ᠰᠠᠨ ᠬᠤᠷᠠᠯ ᠳ᠋ᠦ ᠣᠷᠣᠯᠴᠠᠪᠠ ᠃ ᠵᠠᠩ ᠱᠤᠤ ᠺᠠᠩ᠂ ᠸᠠᠨ ᠪᠦᠦ ᠨᠢᠶᠠᠨ᠂ ᠶᠠᠨ ᠸᠠᠩ ᠵᠢᠶᠠ ᠵᠡᠷᠭᠡ ᠭᠡᠱᠢᠭᠦᠳ ᠤ᠋ᠨ ᠶᠠᠷᠢᠶ᠎ᠠ ᠵᠢ ᠨᠠᠷᠢᠨ ᠬᠢᠨᠠᠮᠠᠭᠠᠢ ᠰᠣᠨᠣᠰᠤᠭ᠍ᠰᠠᠨ ᠤ᠋ ᠳᠠᠷᠠᠭ᠎ᠠ ᠂ ᠵᠤᠤ ᠯᠸ ᠵᠶ᠋ᠢ ᠬᠡᠯᠡᠬᠦᠳᠡᠭᠡᠨ᠂ ᠥᠩᠭᠡᠷᠡᠭ᠌ᠰᠡᠨ ᠨᠢᠭᠡ ᠵᠢᠯ ᠳ᠋ᠦ᠂ ᠠᠷᠠᠳ ᠤ᠋ᠨ ᠤᠯᠤᠰ ᠲᠦᠷᠦ ᠵᠢᠨ ᠵᠥᠪᠯᠡᠯᠭᠡᠨ ᠰᠢ ᠵᠢᠨ ᠫᠢᠩ ᠨᠥᠬᠥᠷ ᠵᠢᠡᠷ ᠭᠣᠣᠯ ᠪᠣᠯᠭᠠᠭ᠍ᠰᠠᠨ ᠨᠠᠮ ᠤ᠋ᠨ ᠲᠥᠪ ᠬᠣᠷᠢᠶᠠᠨ ᠤ᠋ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠵᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ ᠵᠢ ᠠᠬᠢᠭᠤᠯᠬᠤᠪᠠᠷ ᠭᠣᠣᠯᠳᠠᠯᠭ᠎ᠠ ᠪᠤᠯᠭᠠᠵᠦ᠂ ᠬᠦᠨᠵᠡᠭᠡᠢ ᠵᠥᠪᠯᠡᠯᠭᠡ ᠬᠢᠵᠦ᠍ ᠲᠦᠷᠦᠵᠢᠨ ᠶᠠᠪᠤᠳᠠᠯ ᠢ᠋ ᠵᠥᠪᠯᠡᠬᠦ᠌ ᠪᠠ ᠠᠷᠠᠳᠴᠢᠯᠠᠯᠵᠢᠡᠷ ᠬᠢᠨᠠᠯᠲᠠ ᠲᠠᠯᠪᠢᠬᠤ ᠵᠢ ᠭᠦᠨᠵᠡᠭᠡᠢᠷᠡᠭᠦᠯᠵᠦ᠍᠂ ᠵᠥᠪᠯᠡᠯᠭᠡ ᠪᠡᠷ ᠥᠭᠡᠷᠡᠴᠢᠯᠡᠨ ᠰᠠᠢᠵᠢᠷᠠᠭᠤᠯᠬᠤ ᠵᠢ ᠠᠬᠢᠭᠤᠯᠵᠤ᠂ ᠬᠢᠨᠠᠯᠲᠠ ᠲᠠᠯᠪᠢᠬᠤᠪᠠᠷ ᠨᠠᠢᠳᠠᠪᠤᠷᠢᠵᠢᠭᠤᠯᠬᠤ ᠵᠢ ᠲᠤᠰᠠᠯᠠᠵᠤ ᠂ ᠨᠠᠮ ᠪᠣᠯᠤᠨ ᠤᠯᠤᠰ ᠤ᠋ᠨ ᠠᠵᠢᠯ ᠦᠢᠯᠡᠰ ᠤ᠋ᠨ ᠬᠥᠭ᠌ᠵᠢᠯᠲᠡ ᠳ᠋ᠦ ᠱᠢᠨ᠎ᠡ ᠬᠤᠪᠢ ᠨᠡᠮᠡᠷᠢ ᠦᠵᠡᠭᠦᠯᠪᠡ᠃ ᠡᠨᠡ ᠵᠢᠯ ᠨᠠᠮ ᠤ᠋ᠨ ᠬᠣᠷᠢᠳᠤᠭᠠᠷ ᠶᠡᠬᠡ ᠬᠤᠷᠠᠯ ᠢ᠋ ᠬᠤᠷᠠᠯᠳᠤᠭᠤᠯᠬᠤ ᠪᠣᠯᠤᠨ᠎ᠠ ᠂ ᠭᠡᠱᠢᠭᠦᠳ ᠨᠠᠮ ᠤ᠋ᠨ ᠬᠣᠷᠢᠳᠤᠭᠠᠷ ᠶᠡᠬᠡ ᠬᠤᠷᠠᠯ ᠢ᠋ ᠤᠭ᠍ᠲᠤᠬᠤ᠂ ᠨᠠᠮ ᠤ᠋ᠨ ᠬᠣᠷᠢᠳᠤᠭᠠᠷ ᠶᠡᠬᠡ ᠬᠤᠷᠠᠯ ᠢ᠋ ᠰᠠᠢᠲᠤᠷ ᠬᠤᠷᠠᠯᠳᠤᠭᠤᠯᠬᠤ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠲᠤᠭᠤᠱᠢᠯᠠᠭᠤᠯᠬᠤᠵᠢᠨ ᠲᠣᠭᠣᠷᠢᠨ ᠳ᠋ᠦ ᠠᠵᠢᠯ ᠵᠢᠡᠨ ᠲᠥᠯᠥᠪᠵᠢᠭᠦᠯᠦᠨ ᠥᠷᠨᠢᠭᠦᠯᠵᠦ᠍᠂ ᠰᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭᠲᠠᠶ ᠨᠡᠢᠭᠡᠮ ᠵᠢᠷᠤᠮ ᠤ᠋ᠨ ᠦᠵᠡᠯ ᠰᠠᠨᠠᠭ᠎ᠠ ᠵᠢ ᠦᠷᠭᠦᠯᠵᠢᠯᠡᠨ ᠰᠤᠷᠤᠯᠴᠠᠨ ᠣᠢᠯᠠᠭᠠᠵᠤ ᠨᠡᠪᠲᠡᠷᠡᠲᠡᠯ᠎ᠡ ᠡᠵᠡᠮᠰᠢᠨ ᠪᠣᠳᠠᠲᠠᠢᠵᠢᠭᠤᠯᠵᠤ᠂ 《ᠬᠣᠶᠠᠷ ᠢ᠋ ᠲᠣᠭ᠍ᠲᠠᠭᠠᠬᠤ》 ᠵᠢᠨ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ ᠢ᠋ ᠭᠦᠨᠵᠡᠭᠡᠢ ᠲᠠᠨᠢᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠨ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ ᠢ᠋ ᠬᠠᠮᠠᠭᠠᠯᠠᠬᠤ》 ᠵᠢ ᠪᠡᠶᠡᠯᠡᠭᠦᠯᠵᠦ᠍᠂ ᠤᠬᠠᠮᠰᠠᠷ ᠡᠴᠡᠪᠠᠨ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ ᠵᠢᠨ ᠲᠠᠯᠠᠪᠠᠷ ᠰᠢ ᠵᠢᠨ ᠫᠢᠩ ᠨᠥᠬᠥᠷ ᠵᠢᠡᠷ ᠭᠣᠣᠯ ᠪᠣᠯᠭᠠᠭ᠍ᠰᠠᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠢᠠᠲᠠᠶ ᠳᠡᠭᠡᠳᠦ ᠬᠡᠮᠵᠢᠢ᠎ᠡ ᠪᠡᠷ ᠨᠢᠭᠡᠳᠦᠯᠲᠡᠢ ᠪᠠᠢᠯᠭᠠᠬᠤ ᠬᠡᠷᠡᠭᠳᠡᠢ; ᠳᠡᠯᠡᠬᠡᠢ ᠵᠢᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ ᠬᠣᠱᠢᠭᠤᠷᠠᠯ᠂ ᠤᠯᠤᠰ ᠤ᠋ᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ ᠳᠤᠲᠠᠭᠤᠳᠠᠯ ᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ ᠭᠣᠣᠯ ᠬᠦᠷᠢᠶᠡᠨ ᠳ᠋ᠦ ᠠᠩᠬᠠᠷᠤᠯ ᠵᠢᠡᠨ ᠲᠥᠪᠯᠡᠷᠡᠭᠦᠯᠵᠦ᠍᠂ ᠨᠡᠭᠦᠷᠡᠰᠦᠲᠥ᠋ᠷᠥᠭ᠌ᠴᠢᠵᠢᠨ ᠭᠠᠳᠠᠭ᠍ᠰᠢᠯᠠᠭᠤᠯᠤᠯᠳᠠ ᠤᠷᠬᠢᠯ ᠬᠡᠮᠵᠢᠭᠳᠡᠯ ᠳ᠋ᠦ ᠬᠦᠷᠬᠦ᠂ ᠨᠡᠭᠦᠷᠡᠰᠦᠲᠥ᠋ᠷᠥᠭ᠌ᠴᠢ ᠵᠢ ᠰᠠᠭᠠᠷᠮᠠᠭ᠍ᠵᠢᠭᠤᠯᠬᠤ᠂ ᠲᠣᠭᠠᠴᠢᠯᠠᠭ᠍ᠰᠠᠨ ᠠᠵᠤ ᠠᠬᠤᠢ ᠵᠡᠷᠭᠡ ᠴᠢᠬᠤᠯᠠ ᠶᠡᠬᠡ ᠠᠰᠠᠭᠤᠳᠠᠯ ᠤ᠋ᠨ ᠲᠣᠭᠣᠷᠢᠨ ᠳ᠋ᠦ ᠢᠳᠡᠪᠬᠢᠲᠡᠢ ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ ᠂ ᠦᠵᠡᠯ ᠰᠠᠨᠠᠭᠠᠨ ᠤ᠋ ᠬᠥᠲᠥᠯᠥᠨ ᠵᠢᠯᠣᠭᠣᠳᠭᠤ ᠠᠵᠢᠯ ᠢ᠋ ᠭᠦᠨᠵᠡᠭᠡᠶ ᠰᠠᠢᠲᠤᠷ ᠬᠢᠵᠦ᠍ ᠂ ᠬᠥᠭ᠌ᠵᠢᠯᠲᠡ ᠵᠢᠨ ᠢᠲᠡᠭᠡᠯ ᠵᠣᠷᠢᠭ ᠵᠢᠡᠨ ᠨᠡᠮᠡᠭ᠌ᠳᠡᠭᠦᠯᠵᠦ᠍ ᠂ ᠡᠯ᠎ᠡ ᠲᠠᠯ᠎ᠠ ᠵᠢᠨ ᠬᠦᠴᠦᠨ ᠢ᠋ ᠨᠢᠭ᠍ᠲᠠᠷᠠᠭᠤᠯᠬᠤ ᠬᠡᠷᠡᠭᠳᠡᠢ ᠭᠡᠪᠡ᠃ ᠵᠤᠤ ᠯᠸ ᠵᠶ᠋ᠢ᠂ ᠢᠯᠵᠡᠷᠡᠯ ᠢ᠋ ᠡᠰᠡᠷᠭᠦᠴᠡᠬᠦ᠌ ᠲᠡᠮᠡᠴᠡᠯ ᠡᠭᠦᠷᠢᠳᠡ ᠳᠠᠭᠤᠰᠤᠰᠢ ᠦᠭᠡᠢ᠂ ᠲᠤᠢᠯᠪᠤᠷᠢᠲᠠᠢ ᠥᠪᠡᠷ ᠤ᠋ᠨ ᠪᠡᠶᠡᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ ᠵᠢ ᠪᠠᠳᠠᠷᠠᠭᠤᠯᠤᠨ᠂ ᠴᠢᠩᠭ᠎ᠠ ᠭᠣᠣᠯ ᠬᠦᠭ ᠠᠶᠠᠰ ᠢ᠋ ᠭᠤᠢᠪᠢᠰᠢ ᠦᠭᠡᠢ ᠪᠠᠷᠢᠮᠲᠠᠯᠠᠵᠤ᠂ ᠢᠯᠵᠠᠷᠠᠬᠤ ᠡᠴᠡ ᠵᠢᠷᠤᠭᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠢᠬᠤ ᠵᠢ ᠨᠢᠭᠡ ᠴᠤᠬ᠍ᠴᠠᠵᠢᠭᠤᠯᠤᠨ ᠠᠬᠢᠭᠤᠯᠵᠤ᠂ ᠵᠠᠯᠬᠠᠭᠠᠨ ᠱᠢᠢᠳᠭᠡᠵᠦ᠍ ᠰᠦᠷᠳᠡᠭᠦᠯᠬᠦ᠂ ᠲᠦᠷᠢᠮ ᠤ᠋ᠨ ᠬᠢᠵᠠᠭᠠᠷᠯᠠᠯ᠂ ᠤᠬᠠᠮᠰᠠᠷ ᠵᠢᠡᠨ ᠳᠡᠭᠡᠭ᠌ᠰᠢᠯᠡᠭᠦᠯᠬᠦ ᠵᠢ ᠨᠢᠭᠡ ᠴᠤᠬ᠍ᠴᠠᠵᠢᠭᠤᠯᠤᠨ ᠬᠦᠴᠦᠯᠡᠵᠦ᠍᠂ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠣᠯᠤᠨ ᠢᠯᠵᠡᠷᠡᠯ ᠢ᠋ ᠡᠰᠡᠷᠭᠦᠴᠡᠬᠦ᠌ ᠲᠡᠮᠡᠴᠡᠯ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠤᠳᠠᠭᠠᠨ ᠳᠠᠭᠠᠭᠠᠮᠠᠭᠠᠢ ᠳᠠᠢᠯᠠᠯᠳᠤᠭᠠᠨ ᠢ᠋ ᠴᠥᠬᠥᠷᠡᠰᠢ ᠦᠭᠡᠢ ᠰᠠᠢᠲᠤᠷ ᠬᠢᠬᠦ᠌ ᠬᠡᠷᠡᠭ᠌ᠲᠡᠢ᠃ ᠭᠡᠱᠢᠭᠦᠳ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ ᠢ᠋ ᠦᠷᠭᠦᠯᠵᠢᠯᠡᠨ ᠬᠠᠯᠠᠮᠵᠢᠯᠠᠨ ᠲᠡᠮᠵᠢᠵᠦ᠍ ᠂ ᠬᠢᠨᠠᠯᠲᠠ ᠲᠠᠯᠪᠢᠬᠤᠪᠠᠨ ᠴᠢᠩᠭᠠᠳᠭᠠᠨ᠂ ᠢᠯᠡᠭᠦᠬᠡᠨ ᠰᠠᠨᠠᠯ ᠰᠠᠨᠠᠭᠤᠯᠭ᠎ᠠ ᠳᠤᠷᠠᠳᠭᠤ ᠵᠢ ᠬᠦᠰᠡᠵᠦ᠍ ᠪᠠᠢᠨ᠎ᠠ ᠭᠡᠵᠦ ᠴᠢᠬᠤᠯᠠᠴᠢᠯᠠᠪᠠ᠃
6 ᠤ᠋ ᠦᠳᠡ ᠵᠢᠨ ᠡᠮᠦᠨ᠎ᠡ ᠂ ᠬᠠᠨ ᠵᠧᠩ ᠱᠢᠶᠠᠩᠭᠠᠩ ᠣᠣᠮᠧᠨ ᠣᠷᠣᠨ ᠤ᠋ ᠪᠦᠬᠦ᠌ ᠤᠯᠤᠰ ᠤ᠋ᠨ ᠤᠯᠤᠰ ᠲᠦᠷᠦ ᠵᠢᠨ ᠵᠥᠪᠯᠡᠯᠭᠡᠨᠦ ᠭᠡᠱᠢᠭᠦᠳ ᠤ᠋ᠨ ᠳᠤᠭᠤᠢᠯᠠᠩ ᠬᠠᠮᠲᠤᠷᠠᠭ᠍ᠰᠠᠨ ᠬᠤᠷᠠᠯ ᠳ᠋ᠦ ᠣᠷᠣᠯᠴᠠᠪᠠ᠃ ᠰᠦ᠍ ᠴᠠᠩ ᠷᠦᠩ ᠂ ᠬᠤᠸᠠᠩ ᠱᠢᠶᠠᠨ ᠬᠤᠢ᠂ ᠲᠦ ᠬᠠᠢ ᠮᠢᠩ ᠵᠡᠷᠭᠡ ᠭᠡᠱᠢᠭᠦᠳ ᠤ᠋ᠨ ᠶᠠᠷᠢᠶ᠎ᠠ ᠵᠢ ᠨᠠᠷᠢᠨ ᠬᠢᠨᠠᠮᠠᠭᠠᠢ ᠰᠣᠨᠣᠰᠤᠭ᠍ᠰᠠᠨ ᠤ᠋ ᠳᠠᠷᠠᠭ᠎ᠠ᠂ ᠬᠠᠨ ᠵᠧᠩ ᠢᠯᠡᠷᠭᠡᠢᠯᠡᠭᠰᠡᠨ ᠨᠢ᠂ ᠥᠩᠭᠡᠷᠡᠭ᠌ᠰᠡᠨ ᠨᠢᠭᠡ ᠵᠢᠯ ᠳ᠋ᠦ ᠂ ᠰᠢ ᠵᠢᠨ ᠫᠢᠩ ᠨᠥᠬᠥᠷ ᠵᠢᠡᠷ ᠭᠣᠣᠯ ᠪᠣᠯᠭᠠᠭ᠍ᠰᠠᠨ ᠳᠤᠮᠳᠠᠳᠦ ᠤᠯᠤᠰᠤᠨ ᠡᠪ ᠬᠠᠮᠳᠦ ᠨᠠᠮ ᠤ᠋ᠨ ᠲᠥᠪ ᠬᠣᠷᠢᠶᠠᠨ ᠤ᠋ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ᠋ ᠤᠯᠤᠰ ᠤ᠋ᠨ ᠬᠥᠭ᠌ᠵᠢᠯᠲᠡ ᠪᠠᠰᠠ ᠱᠢᠨ᠎ᠡ ᠴᠢᠬᠤᠯᠠ ᠶᠡᠬᠡ ᠠᠮᠵᠢᠯᠲᠠ ᠣᠯᠵᠠᠢ᠃ ᠲᠥᠪ ᠤ᠋ᠨ ᠬᠦᠴᠦᠲᠡᠢ ᠳᠡᠮᠵᠢᠯᠭᠡ ᠳᠣᠣᠷ᠎ᠠ᠂ ᠣᠨᠴᠠᠭᠠᠢ ᠣᠷᠣᠨ ᠤ᠋ ᠵᠠᠰᠠᠭ ᠵᠠᠬᠢᠷᠭᠠᠨ ᠤ᠋ ᠳᠠᠷᠤᠭ᠎ᠠ ᠪᠣᠯᠤᠨ ᠣᠨᠴᠠᠭᠠᠢ ᠣᠷᠣᠨ ᠤ᠋ ᠵᠠᠰᠠᠭ ᠤ᠋ᠨ ᠣᠷᠳᠣᠨ ᠤ᠋ ᠲᠠᠭᠠᠭᠤᠯᠭ᠎ᠠ ᠳᠣᠣᠷ᠎ᠠ᠂ ᠱᠢᠶᠠᠩᠭᠠᠩ ᠂ ᠣᠣᠮᠧᠨ ᠡᠯ᠎ᠡ ᠵᠦᠢᠯ ᠤ᠋ᠨ ᠬᠦᠴᠢᠷᠳᠡᠯ ᠪᠣᠯᠤᠨ ᠥᠷᠢᠰᠥᠯᠳᠦᠭᠡᠨ ᠢ᠋ ᠢᠳᠡᠪᠬᠢᠲᠡᠢ ᠠᠷᠭᠠᠴᠠᠭᠠᠵᠤ ᠂ ᠬᠢᠵᠢᠭ ᠢ᠋ ᠰᠡᠷᠭᠡᠢᠯᠡᠨ ᠬᠢᠵᠢᠭ ᠲᠠᠢ ᠲᠡᠮᠡᠴᠡᠵᠦ᠍ ᠂ ᠠᠵᠤ ᠠᠬᠤᠢᠪᠠᠨ ᠰᠡᠷᠭᠦᠭᠡᠨ᠂ ᠠᠷᠠᠳ ᠤ᠋ᠨ ᠬᠦᠴᠢᠷᠳᠡᠯ ᠢ᠋ ᠱᠢᠢᠳᠪᠦᠷᠢᠯᠡᠵᠦ᠂ ᠨᠡᠢᠭᠡᠮ ᠤ᠋ᠨ ᠶᠡᠬᠡ ᠲᠠᠯ᠎ᠠ ᠵᠢᠨ ᠲᠣᠭ᠍ᠲᠠᠭᠤᠨ ᠢ᠋ ᠪᠠᠲᠤᠯᠠᠪᠠ᠃ ᠱᠢᠶᠠᠩᠭᠠᠩ ᠰᠣᠩᠭᠣᠭᠤᠯᠢ ᠵᠢᠨ ᠲᠦᠷᠢᠮ ᠢ᠋ ᠲᠡᠭᠦᠯᠳᠡᠷᠵᠢᠭᠦᠯᠵᠦ᠍᠂ ᠵᠠᠰᠠᠭ ᠵᠠᠬᠢᠷᠭᠠᠨ ᠤ᠋ ᠳᠠᠷᠤᠭ᠎ᠠ ᠵᠢᠨ ᠰᠣᠩᠭᠣᠭᠤᠯᠢ ᠵᠢᠨ ᠵᠦᠪᠯᠡᠯ ᠤ᠋ᠨ ᠰᠣᠩᠭᠣᠭᠤᠯᠢ ᠪᠠ ᠬᠠᠤᠯᠢ ᠲᠣᠭ᠍ᠲᠠᠭᠠᠬᠤ ᠬᠤᠷᠠᠯ ᠤ᠋ᠨ ᠰᠣᠩᠭᠣᠭᠤᠯᠢ ᠵᠢ ᠤᠷᠤᠭ᠍ᠰᠢᠲᠠᠢ ᠶᠠᠪᠤᠭᠳᠠᠭᠤᠯᠵᠦ᠂ ᠣᠣᠮᠧᠨᠦ ᠬᠠᠤᠯᠢ ᠲᠣᠭ᠍ᠲᠠᠭᠠᠬᠤ ᠬᠤᠷᠠᠯ ᠤ᠋ᠨ ᠰᠣᠩᠭᠣᠭᠤᠯᠢ ᠵᠢ ᠪᠡᠶᠡᠯᠡᠭᠦᠯᠵᠦ᠍᠂《ᠤᠯᠤᠰ ᠵᠢᠡᠨ ᠬᠠᠢᠷᠠᠯᠠᠭᠴᠢᠳ ᠱᠢᠶᠠᠩᠭᠠᠩ ᠢ᠋ ᠵᠠᠰᠠᠬᠤ》 ᠂ 《ᠤᠯᠤᠰ ᠵᠢᠡᠨ ᠬᠠᠢᠷᠠᠯᠠᠭᠴᠢᠳ ᠤᠤᠮᠸᠨ ᠢ᠋ ᠵᠠᠰᠠᠬᠤ》 ᠵᠠᠷᠴᠢᠮ ᠢ᠋ ᠭᠦᠢᠴᠡᠳ ᠲᠤᠭᠤᠰᠢᠯᠠᠭᠤᠯᠪᠠ᠃ ᠲᠥᠪᠡᠴᠡ 《ᠨᠢᠭᠡ ᠤᠯᠤᠰᠲᠤ ᠬᠣᠶᠠᠷ ᠪᠠᠢᠭᠤᠯᠤᠯ ᠢ᠋ ᠬᠡᠷᠡᠭ᠌ᠵᠢᠭᠦᠯᠬᠦ᠌》᠂ 《ᠱᠢᠶᠠᠩᠭᠠᠩᠴᠤᠳ ᠰᠢᠶᠠᠩᠭᠠᠩ ᠵᠢᠡᠨ ᠵᠠᠰᠠᠬᠤ》᠂ 《ᠣᠣᠮᠧᠨᠴᠤᠳ ᠤᠤᠮᠸᠨ ᠵᠢᠡᠨ ᠵᠠᠰᠠᠬᠤ》 ᠂ ᠳᠡᠭᠡᠳᠦ ᠬᠡᠮᠵᠢᠢ᠎ᠡ ᠪᠡᠷ ᠥᠪᠡᠷᠲᠡᠭᠡᠨ ᠵᠠᠰᠠᠬᠤ ᠴᠢᠭ᠌ᠯᠡᠯᠲᠡ ᠵᠢ ᠢᠮᠠᠭ᠍ᠲᠠ ᠪᠠᠷᠢᠮᠲᠠᠯᠠᠵᠤ᠂ ᠱᠢᠶᠠᠩᠭᠠᠩ᠂ ᠣᠣᠮᠧᠨᠦ ᠬᠥᠭ᠌ᠵᠢᠯ ᠴᠡᠴᠡᠭ᠌ᠯᠡᠯ ᠪᠠ ᠲᠣᠭ᠍ᠲᠠᠭᠤᠨ ᠪᠠᠢᠳᠠᠯ ᠢ᠋ ᠡᠷᠡᠰ ᠬᠠᠮᠠᠭᠠᠯᠠᠪᠠ᠃ ᠣᠳᠣᠬᠠᠨ ᠳ᠋ᠦ ᠱᠢᠶᠠᠩᠭᠠᠩ ᠤ᠋ᠨ ᠬᠢᠵᠢᠭ ᠤ᠋ᠨ ᠪᠠᠢᠳᠠᠯ ᠬᠦᠨᠳᠦ ᠨᠣᠴᠢᠲᠠᠶ ᠪᠠᠢᠨ᠎ᠠ᠂ ᠣᠨᠴᠠᠭᠠᠶ ᠣᠷᠣᠨ ᠤ᠋ ᠵᠠᠰᠠᠭ ᠤ᠋ᠨ ᠣᠷᠳᠣᠨ ᠭᠤᠤᠯ ᠴᠣᠭ᠍ᠴᠠ ᠵᠢᠨ ᠬᠠᠷᠢᠭᠤᠴᠠᠯᠭ᠎ᠠᠪᠠᠨ ᠦᠨᠡᠨ ᠬᠦ᠌ ᠡᠭᠦᠷᠭᠡᠯᠡᠵᠦ᠍ ᠂ ᠲᠥᠪ ᠤ᠋ᠨ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠪᠣᠯᠤᠨ ᠣᠷᠣᠨ ᠨᠤᠲᠤᠭ ᠤ᠋ᠨᠬᠢᠨ ᠪᠥᠬᠥ᠌ ᠬᠦᠴᠦᠨ ᠵᠢᠡᠷᠵᠢᠡᠨ ᠳᠡᠮᠵᠢᠵᠦ᠍᠂ ᠡᠳ᠋ ᠪᠣᠳᠠᠰ ᠤ᠋ᠨ ᠬᠠᠩᠭᠠᠯᠭ᠎ᠠ ᠵᠢ ᠦᠨᠡᠨ ᠬᠦ᠌ ᠪᠠᠲᠤᠯᠠᠵᠤ ᠂ ᠡᠮᠴᠢᠯᠡᠭᠡᠨᠦ ᠠᠪᠤᠷᠠᠨ ᠵᠠᠰᠠᠬᠤ ᠠᠵᠢᠯ ᠢ᠋ ᠴᠢᠩᠭᠠᠳᠭᠠᠵᠤ ᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠵᠢ ᠪᠣᠳᠠᠲᠠᠶ ᠨᠠᠷᠢᠯᠢᠭ ᠨᠠᠢᠳᠠᠪᠤᠷᠢᠵᠢᠭᠤᠯᠬᠤ ᠬᠡᠷᠡᠭ᠌ᠲᠡᠶ ᠭᠡᠪᠡ᠃ ᠬᠠᠨ ᠵᠧᠩ᠂ ᠱᠢᠶᠠᠩᠭᠠᠩ ᠣᠣᠮᠧᠨ ᠣᠷᠣᠨ ᠤ᠋ ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨᠦ ᠭᠡᠱᠢᠭᠦᠳ ᠤ᠋ᠨ ᠡᠭᠦᠷᠭᠡ ᠬᠠᠷᠢᠭᠤᠴᠠᠯᠭ᠎ᠠᠪᠠᠨ ᠨᠠᠷᠢᠨ ᠬᠢᠨᠠᠮᠠᠭᠠᠶ ᠭᠦᠶ᠋ᠴᠡᠳᠭᠡᠭ᠌ᠰᠡᠨ ᠢ᠋ ᠭᠦᠶ᠋ᠴᠡᠳ ᠨᠤᠲᠠᠯᠠᠵᠤ᠂ ᠣᠯᠠᠨ ᠵᠢᠨᠷ ᠵᠢᠡᠨ ᠴᠢᠷᠮᠠᠢᠭ᠍ᠰᠠᠨ ᠳᠡᠭᠡᠷᠡᠪᠡᠨ ᠴᠢᠷᠮᠠᠢᠵᠤ᠂ ᠵᠠᠰᠠᠭ ᠵᠠᠬᠢᠷᠭᠠᠨ ᠤ᠋ ᠳᠠᠷᠤᠭ᠎ᠠ ᠪᠣᠯᠤᠨ ᠣᠨᠴᠠᠭᠠᠶ ᠣᠷᠣᠨ ᠤ᠋ ᠵᠠᠰᠠᠭ ᠤ᠋ᠨ ᠣᠷᠳᠣᠨ ᠤ᠋ ᠬᠠᠤᠯᠢ ᠶᠣᠰᠣᠭᠠᠷ ᠵᠠᠰᠠᠭ ᠶᠠᠪᠤᠭᠤᠯᠬᠤ ᠵᠢ ᠡᠷᠡᠰ ᠳᠡᠮᠵᠢᠵᠦ᠍᠂ ᠰᠡᠳᠭᠢᠯ ᠨᠢᠭᠡᠳᠦᠨ ᠬᠦᠴᠦ᠍ᠪᠡᠨ ᠬᠠᠮᠲᠤᠳᠭᠠᠵᠤ ᠬᠢᠵᠢᠭ ᠤ᠋ᠨ ᠪᠠᠢᠳᠠᠯ ᠢ᠋ ᠰᠡᠷᠭᠡᠢᠯᠡᠬᠦ᠌ ᠂ ᠠᠵᠤ ᠠᠬᠤᠶ ᠵᠢ ᠲᠣᠭ᠍ᠲᠠᠪᠤᠷᠢᠵᠢᠭᠤᠯᠬᠤ ᠂ ᠠᠷᠠᠳ ᠤ᠋ᠨ ᠠᠮᠢᠳᠤᠷᠠᠯ ᠢ᠋ ᠪᠠᠲᠤᠯᠠᠬᠤ ᠵᠡᠷᠭᠡ ᠡᠯ᠎ᠡ ᠲᠦᠷᠦᠯ ᠤ᠋ᠨ ᠠᠵᠢᠯ ᠢ᠋ ᠰᠠᠢᠲᠤᠷ ᠬᠢᠵᠦ᠍᠂ ᠠᠵᠤ ᠠᠬᠤᠶ ᠨᠡᠢᠭᠡᠮ ᠤ᠋ᠨ ᠬᠥᠭ᠌ᠵᠢᠯᠲᠡ ᠳᠤᠮᠳᠠᠬᠢ ᠭᠦᠨ ᠳᠠᠪᠬᠤᠷᠭ᠎ᠠ ᠵᠢᠨ ᠵᠥᠷᠢᠴᠡᠯ ᠪᠣᠯᠤᠨ ᠠᠰᠠᠭᠤᠳᠠᠯ ᠢ᠋ ᠱᠢᠶ᠋ᠳᠪᠦᠷᠢᠯᠡᠵᠦ᠍᠂ 《ᠨᠢᠭᠡ ᠤᠯᠤᠰᠲᠤ ᠬᠣᠶᠠᠷ ᠪᠠᠢᠭᠤᠯᠤᠯ ᠢ᠋ ᠬᠡᠷᠡᠭ᠌ᠵᠢᠭᠦᠯᠬᠦ᠌》 ᠦᠶ᠋ᠯᠡᠰᠲᠦ ᠨᠠᠩ ᠶᠡᠬᠡ ᠬᠤᠪᠢ ᠨᠡᠮᠡᠷᠢ ᠦᠵᠡᠭᠦᠯᠬᠦ ᠵᠢ ᠬᠦᠰᠡᠵᠦ᠍ ᠪᠠᠢᠨ᠎ᠠ ᠭᠡᠪᠡ ᠃
ᠶᠢᠤ ᠴᠢᠤᠸᠠᠨ ᠨᠠᠷ ᠶᠠᠷᠢᠯᠴᠠᠬᠤ ᠳ᠋ᠦ ᠣᠷᠣᠯᠴᠠᠪᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃