2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-07 09:56:55

ᠵᠣᠬᠢᠶᠠᠭ᠍ᠴᠢ᠄ ​ ᠪᠠᠢ ᠳ᠋ᠠᠨ ᠣᠩᠱᠢᠭ᠍ᠰᠠᠨ ᠣᠳᠠᠭ᠎ᠠ᠄ 3

ᠷᠧᠨ ᠶᠠ ᠫᠢᠩ ᠨᠠᠷ ᠶᠠᠷᠢᠯᠴᠠᠬᠤ ᠳ᠋ᠦ᠍ ᠤᠷᠤᠯᠴᠠᠵᠠᠢ

3 ᠰᠠᠷ᠎ᠠ ᠵᠢᠨ 6 ᠤ᠋ ᠡᠳᠦᠷ᠂ ᠪᠦᠬᠦ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠬᠤᠷᠢᠶᠠᠨ ᠤ᠋ ᠲᠠᠪᠤᠳᠤᠭᠠᠷ ᠬᠤᠷᠠᠯ ᠳ᠋ᠦ᠍ ᠣᠷᠣᠯᠴᠠᠵᠤ ᠪᠠᠢᠭ᠎ᠠ ᠮᠠᠨ ᠤ᠋ ᠣᠷᠣᠨ ᠳ᠋ᠦ᠍ ᠰᠠᠭᠤᠭ᠎ᠠ ᠪᠦᠬᠦ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠳ ᠥᠪᠡᠷ ᠥᠪᠡᠷ᠎ᠦ᠋ᠨ ᠡᠯ᠎ᠡ ᠡᠲᠡᠭᠡᠳ ᠢᠯᠭᠠᠯ ᠤ᠋ᠨ ᠳᠤᠭᠤᠢᠯᠠᠩ ᠳ᠋ᠠᠭᠠᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠶᠠᠷᠢᠯᠴᠠᠪᠠ ᠃

ᠪᠦᠬᠦ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠬᠥᠮᠦᠨ ᠠᠮᠠ ᠡᠬᠢ ᠪᠠᠶᠠᠯᠢᠭ ᠣᠷᠴᠢᠨ ᠲᠣᠭᠣᠷᠢᠨ ᠤ᠋ ᠵᠥᠪᠯᠡᠯ᠎ᠦ᠋ᠨ ᠳᠡᠳ᠋ ᠡᠷᠬᠢᠯᠡᠭᠴᠢ ᠷᠧᠨ ᠶᠠ ᠫᠢᠩ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠪᠠᠢᠩᠭᠤ ᠵᠢᠨ ᠭᠡᠱᠢᠭᠦᠨ᠂ ᠨᠢᠭᠡᠳᠦᠮᠡᠯ ᠹᠷᠣᠨᠲ ᠤ᠋ᠨ ᠬᠡᠯᠲᠡᠰ᠎ᠦ᠋ᠨ ᠳᠠᠷᠤᠭ᠎ᠠ᠂ ᠤᠯᠤᠰ ᠲᠥᠷᠥ ᠵᠢᠨ ᠵᠥᠪᠯᠡᠯᠭᠡᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠬᠦᠤᠳᠠᠭᠤᠯᠠ᠂ ᠥᠪᠡᠷᠲᠡᠭᠡᠨ ᠵᠠᠰᠠᠬᠤ ᠣᠷᠣᠨ ᠤ᠋ ᠳᠡᠳ᠋ ᠲᠡᠷᠢᠭᠦᠯᠡᠭᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠵᠢᠨ ᠵᠥᠪᠯᠡᠯᠭᠡᠨ ᠤ᠋ ᠳᠡᠳ᠋ ᠲᠡᠷᠢᠭᠦᠯᠡᠭᠴᠢ ᠵᠧᠩ ᠹᠦ ᠲᠢᠶᠠᠨ᠂ ᠯᠢᠦ ᠱᠢᠨ ᠯᠧ᠂ ᠠᠨ ᠷᠦᠨ ᠱᠧᠩ᠂ ᠪᠦᠬᠦ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠪᠠᠢᠩᠭᠤ ᠵᠢᠨ ᠭᠡᠱᠢᠭᠦᠨ᠂ ᠠᠷᠠᠳᠴᠢᠯᠠᠭᠰᠠᠨ ᠬᠣᠯᠪᠣᠭ᠎ᠠ ᠵᠢᠨ ᠥᠪᠥᠷ ᠮᠣᠩᠭᠣᠯ ᠤ᠋ᠨ ᠬᠣᠷᠢᠶ᠎ᠠ ᠵᠢᠨ ᠡᠷᠬᠢᠯᠡᠭᠴᠢ ᠭᠡᠱᠢᠭᠦᠨ ᠳ᠋ᠦᠩ ᠾᠧᠩ ᠢᠦᠢ ᠶᠠᠷᠢᠯᠴᠠᠬᠤ ᠳ᠋ᠦ᠍ ᠣᠷᠣᠯᠴᠠᠪᠠ᠃

ᠶᠠᠷᠢᠯᠴᠠᠯᠭ᠎ᠠ ᠵᠢᠨ ᠠᠬᠤᠢ ᠲᠠᠯᠠᠪᠠᠢ ᠳ᠋ᠦ᠍᠂ ᠭᠡᠱᠢᠭᠦᠳ ᠥᠪᠡᠷ ᠥᠪᠡᠷ᠎ᠦ᠋ᠨ ᠠᠵᠢᠯ᠎ᠲᠠᠢ ᠪᠠᠨ ᠤᠶᠠᠯᠳᠤᠭᠤᠯᠤᠨ ᠢᠳᠡᠪᠬᠢᠲᠡᠢ ᠪᠠᠷ ᠦᠭᠡ ᠬᠡᠯᠡᠵᠡᠭᠡᠪᠡ᠃ ᠣᠯᠠᠨ ᠵᠢᠨᠷ ᠵᠢᠨᠨ ᠂ ᠶᠡᠷᠦᠩᠬᠡᠢ ᠰᠠᠢᠳ ᠯᠢ ᠺᠧ ᠴᠢᠶᠠᠩ ᠤ᠋ᠨ ᠬᠢᠭᠰᠡᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠨᠢ ᠱ᠋ᠢ ᠵᠢᠨ ᠫᠢᠩ᠎ᠦ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ᠎ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠵᠢ ᠪᠠᠷᠢᠮᠲᠠᠯᠠᠵᠤ᠂ ᠨᠠᠮ ᠤ᠋ᠨ ᠲᠥᠪ ᠬᠣᠷᠢᠶᠠᠨ ᠤ᠋ ᠡᠨᠡ ᠵᠢᠯ᠎ᠦ᠋ᠨ ᠠᠵᠤ ᠠᠬᠤᠢ ᠨᠡᠢᠭᠡᠮ᠎ᠦ᠋ᠨ ᠬᠥᠭᠵᠢᠯᠲᠡ ᠵᠢᠨ ᠲᠤᠬᠠᠢ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠡᠨ ᠢ᠋ ᠪᠠᠷᠢᠮᠲᠠᠯᠠᠨ ᠪᠣᠳᠠᠲᠠᠢ ᠵᠢ ᠡᠷᠬᠢᠮᠯᠡᠭᠰᠡᠨ ᠂ ᠬᠥᠮᠦᠰ ᠢ᠋ ᠤᠷᠮᠠᠱᠢᠭᠤᠯᠤᠨ ᠤᠷᠤᠭᠱᠢᠯᠠᠭᠤᠯᠤᠭᠰᠠᠨ᠂ ᠰᠡᠳᠭᠢᠯ ᠢ᠋ ᠨᠢᠭᠲᠠᠷᠠᠭᠤᠯᠤᠨ ᠬᠦᠴᠦᠨ ᠢ᠋ ᠬᠠᠮᠳᠤᠳᠬᠠᠭᠰᠠᠨ᠂ ᠬᠥᠭᠵᠢᠯᠲᠡ ᠵᠢ ᠬᠥᠲᠥᠯᠦᠨ ᠳᠠᠭᠠᠭᠤᠯᠤᠭᠰᠠᠨ ᠰᠠᠢᠨ ᠢᠯᠡᠳᠭᠡᠯ ᠪᠣᠯᠵᠠᠢ᠃ ᠥᠩᠭᠡᠷᠡᠭᠰᠡᠨ ᠨᠢᠭᠡ ᠵᠢᠯ ᠳ᠋ᠦ᠍᠂ ᠱ᠋ᠢ ᠵᠢᠨ ᠫᠢᠩ ᠨᠥᠬᠥᠷ ᠵᠢᠨᠷ ᠭᠤᠤᠯ ᠪᠤᠯᠭᠠᠭᠰᠠᠨ ᠨᠠᠮ ᠤ᠋ᠨ ᠲᠥᠪ ᠬᠣᠷᠢᠶ᠎ᠠ ᠪᠦᠬᠦ ᠨᠠᠮ ᠪᠦᠬᠦ ᠤᠯᠤᠰ ᠤ᠋ᠨ ᠦᠨᠳᠦᠰᠦᠲᠡᠨ ᠨᠦ᠍ᠭᠦᠳ ᠦ᠋ᠨ ᠠᠷᠠᠳ ᠲᠦᠮᠡᠨ ᠢ᠋ ᠪᠦᠯᠬᠦᠮᠳᠡᠭᠦᠯᠦᠨ ᠳᠠᠭᠠᠭᠤᠯᠵᠤ᠂ ᠵᠠᠭᠤᠨ ᠵᠢᠯ᠎ᠦ᠋ᠨ ᠬᠤᠪᠢᠷᠠᠯᠲᠠ ᠪᠠ ᠡᠷᠢᠨ ᠵᠠᠭᠤᠨ ᠤ᠋ ᠬᠢᠵᠢᠭ᠎ᠦ᠋ᠨ ᠪᠠᠢᠳᠠᠯ ᠢ᠋ ᠯᠠᠪᠳᠠᠭᠤᠨ ᠵᠢᠨᠷ ᠠᠷᠭᠠᠴᠠᠭᠠᠵᠤ ᠂ ᠨᠠᠮ ᠪᠠ ᠤᠯᠤᠰ ᠣᠷᠣᠨ ᠤ᠋ ᠠᠵᠢᠯ ᠦᠢᠯᠡᠰ᠎ᠦ᠋ᠨ ᠴᠢᠬᠤᠯᠠ ᠶᠡᠬᠡ ᠱᠢᠨ᠎ᠡ ᠠᠮᠵᠢᠯᠲᠠ ᠣᠯᠬᠤ ᠵᠢ ᠠᠬᠢᠭᠤᠯᠵᠤ ᠂ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠲᠥᠯᠥᠪᠵᠢᠭᠦᠯᠭᠡ ᠵᠢᠨ ᠰᠠᠢᠨ ᠰᠠᠢᠬᠠᠨ ᠡᠬᠢᠯᠡᠯᠲᠡ ᠵᠢ ᠪᠡᠶᠡᠯᠡᠭᠦᠯᠪᠡ ᠭᠡᠵᠤ ᠦᠵᠡᠵᠡᠭᠡᠪᠡ ᠃

ᠭᠡᠱᠢᠭᠦᠳ᠂ ᠢᠯᠡᠳᠭᠡᠯ ᠳ᠋ᠦ᠍ ᠡᠨᠡ ᠵᠢᠯ ᠵᠢᠴᠢ ᠬᠣᠢᠱᠢᠳᠠ ᠵᠢᠨ ᠬᠡᠰᠡᠭ ᠬᠤᠭᠤᠴᠠᠭᠠᠨ ᠤ᠋ ᠠᠵᠢᠯ ᠳ᠋ᠦ᠍ ᠱᠢᠰᠲ᠋ᠧᠮ᠎ᠲᠡᠢ ᠠᠷᠭ᠎ᠠ ᠪᠣᠳᠣᠯᠭ᠎ᠠ ᠲᠣᠭᠲᠠᠭᠠᠵᠤ᠂ ᠳᠤᠷᠠᠳᠤᠭᠰᠠᠨ ᠠᠵᠤ ᠠᠬᠤᠢ ᠨᠡᠢᠭᠡᠮ᠎ᠦ᠋ᠨ ᠬᠥᠭᠵᠢᠯᠲᠡ ᠵᠢᠨ ᠶᠡᠷᠦᠩᠬᠡᠢ ᠱᠠᠭᠠᠷᠳᠠᠯᠭ᠎ᠠ ᠪᠣᠯᠤᠨ ᠲᠥᠷᠥ ᠵᠢᠨ ᠪᠣᠳᠣᠯᠭ᠎ᠠ ᠵᠢᠨ ᠬᠠᠨᠳᠤᠱᠢ᠂ ᠲᠣᠭᠲᠠᠭᠠᠭᠰᠠᠨ ᠡᠯ᠎ᠡ ᠵᠦᠢᠯ᠎ᠦ᠋ᠨ ᠠᠷᠭ᠎ᠠ ᠬᠡᠮᠵᠢᠢ᠎ᠡ ᠨᠢ ᠦᠨᠡᠨ ᠡᠴᠡ ᠵᠥᠪ ᠢ᠋ ᠡᠷᠢᠬᠦ ᠵᠠᠷᠴᠢᠮ ᠢ᠋ ᠪᠠᠷᠢᠮᠲᠠᠯᠠᠭᠰᠠᠨ ᠪᠦᠭᠡᠳ ᠪᠠᠰᠠ ᠥᠭᠡᠷᠡᠴᠢᠯᠡᠯᠲᠡ ᠬᠢᠵᠦ ᠱᠢᠨ᠎ᠡ ᠵᠢ ᠡᠭᠦᠳᠬᠦ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠬᠠᠷᠠᠯᠲᠠ ᠲᠣᠳᠣᠷᠬᠠᠢ᠂ ᠭᠤᠤᠯᠳᠠᠯᠭ᠎ᠠ ᠳᠣᠪᠣᠢᠮ᠎ᠠ᠂ ᠬᠠᠨᠳᠤᠯᠭᠠᠲᠤ ᠴᠢᠨᠠᠷ ᠵᠢᠨᠷ ᠴᠢᠩᠭ᠎ᠠ ᠪᠠᠢᠨ᠎ᠠ᠃ ᠢᠯᠠᠩᠭᠤᠶ᠎ᠠ ᠣᠯᠠᠨ ᠤ᠋ ᠨᠡᠢᠳᠡᠮ ᠠᠩᠬᠠᠷᠴᠤ ᠪᠠᠢᠭ᠎ᠠ ᠠᠵᠢᠯ ᠣᠯᠭᠣᠯᠲᠠ᠂ ᠰᠤᠷᠭᠠᠨ ᠬᠥᠮᠦᠵᠢᠯ᠂ ᠡᠷᠡᠭᠦᠯ ᠮᠡᠨᠳᠦ ᠂ ᠨᠠᠰᠤᠵᠢᠯ ᠤ᠋ᠨ ᠠᠰᠠᠷᠠᠮᠵᠢ ᠵᠡᠷᠭᠡ ᠠᠰᠠᠭᠤᠳᠠᠯ ᠤ᠋ᠨ ᠲᠣᠭᠣᠷᠢᠨ ᠳ᠋ᠦ᠍ ᠣᠨᠣᠪᠴᠢᠲᠠᠢ ᠪᠠᠢᠷᠢᠯᠠᠭᠤᠯᠤᠯᠲᠠ ᠬᠢᠵᠦ ᠂ ᠠᠷᠠᠳ ᠣᠯᠠᠨ ᠤ᠋ ᠰᠠᠢᠨ ᠰᠠᠢᠬᠠᠨ ᠠᠮᠢᠳᠤᠷᠠᠯ ᠤ᠋ᠨ ᠲᠤᠬᠠᠢ ᠬᠦᠰᠡᠯ ᠡᠷᠡᠮᠡᠯᠵᠡᠯ ᠳ᠋ᠦ᠍ ᠨᠡᠢᠴᠡᠭᠦᠯᠦᠭᠰᠡᠨ ᠪᠠᠢᠨ᠎ᠠ᠃ ᠥᠪᠥᠷ ᠮᠣᠩᠭᠣᠯ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ ᠵᠢᠨ ᠱᠢᠨ᠎ᠡ ᠵᠠᠮ ᠵᠢᠨᠷ ᠭᠤᠢᠪᠢᠱᠢ ᠦᠭᠡᠢ ᠵᠠᠮᠨᠠᠵᠤ᠂ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠤᠨ ᠳᠡᠰ ᠳᠡᠪᠱᠢᠭᠦᠯᠬᠦ ᠂ ᠬᠣᠲᠠ ᠬᠥᠳᠡᠭᠡ ᠵᠢᠨ ᠣᠷᠣᠨ ᠪᠦᠰᠡ ᠵᠢ ᠵᠣᠬᠢᠴᠠᠩᠭᠤᠢ ᠪᠠᠷ ᠬᠥᠭᠵᠢᠭᠦᠯᠬᠦ ᠂ ᠥᠭᠡᠷᠡᠴᠢᠯᠡᠯᠲᠡ ᠵᠢ ᠭᠦᠨᠵᠡᠭᠡᠢᠷᠡᠭᠦᠯᠵᠦ ᠨᠡᠭᠡᠭᠡᠯᠲᠡ ᠵᠢ ᠥᠷᠭᠡᠳᠭᠡᠬᠦ᠂ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠬᠡ ᠤᠯᠤᠰ ᠤ᠋ᠨ ᠤᠮᠠᠷᠠᠲᠤ ᠵᠢᠨ ᠦᠵᠡᠮᠵᠢ ᠵᠢᠨ ᠣᠷᠣᠨ ᠢ᠋ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠤᠨ᠎ᠠ ᠭᠡᠵᠦ ᠦᠵᠡᠵᠡᠭᠡᠵᠡᠢ ᠃

ᠭᠡᠱᠢᠭᠦᠳ᠂ ᠶᠡᠷᠦᠩᠬᠡᠢ ᠱᠦᠵᠢ ᠱ᠋ᠢ ᠵᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭᠴᠢᠳ᠎ᠦ᠋ᠨ ᠪᠦᠯᠬᠦᠮ᠎ᠦ᠋ᠨ ᠬᠢᠨᠠᠨ ᠵᠥᠪᠯᠡᠬᠦ ᠳ᠋ᠦ᠍ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠶᠡᠷᠦᠩᠬᠡᠢ ᠱᠦᠵᠢ ᠵᠢᠨ ᠴᠢᠩ ᠰᠡᠳᠬᠢᠯ ᠤ᠋ᠨ ᠬᠦᠰᠡᠯ ᠨᠠᠢᠳᠠᠯᠭ᠎ᠠ ᠵᠢ ᠴᠠᠭ ᠢᠮᠠᠭᠲᠠ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠲᠠᠰᠤᠷᠠᠯᠲᠠ ᠦᠭᠡᠢ ᠪᠠᠲᠤᠳᠭᠠᠵᠤ ᠂ ᠨᠠᠮ ᠵᠠᠰᠠᠭ ᠤ᠋ᠨ ᠭᠤᠤᠯ ᠠᠵᠢᠯ ᠪᠣᠯᠤᠨ ᠠᠷᠠᠳ ᠣᠯᠠᠨ ᠤ᠋ ᠰᠠᠢᠨ ᠰᠠᠢᠬᠠᠨ ᠠᠮᠢᠳᠤᠷᠠᠯ ᠤ᠋ᠨ ᠲᠤᠬᠠᠢ ᠱᠢᠨ᠎ᠡ ᠬᠦᠰᠡᠯ ᠡᠷᠡᠮᠡᠯᠵᠡᠯ ᠳ᠋ᠦ᠍ ᠠᠩᠬᠠᠷᠤᠯ ᠵᠢᠨᠨ ᠲᠥᠪᠯᠡᠷᠡᠭᠦᠯᠵᠦ᠂ ᠪᠠᠢᠴᠠᠭᠠᠨ ᠰᠤᠳᠤᠯᠤᠯᠲᠠ ᠬᠢᠬᠦ ᠵᠢ ᠴᠢᠩᠭᠠᠳᠭᠠᠵᠤ᠂ ᠢᠳᠡᠪᠬᠢᠲᠡᠢ ᠪᠠᠷ ᠵᠥᠪᠳᠡᠯᠴᠡᠨ ᠵᠠᠰᠠᠭ ᠤ᠋ᠨ ᠶᠠᠪᠤᠳᠠᠯ ᠢ᠋ ᠵᠥᠪᠯᠡᠵᠦ ᠂ ᠬᠠᠮᠲᠤ ᠵᠢᠨ ᠲᠠᠨᠢᠯᠲᠠ ᠵᠢ ᠥᠷᠭᠡᠨ ᠵᠢᠨᠷ ᠨᠢᠭᠲᠠᠷᠠᠭᠤᠯᠵᠤ᠂ ᠨᠡᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠱᠢᠨ᠎ᠡ ᠠᠶᠠᠨ ᠵᠠᠮ ᠳ᠋ᠦ᠍ ᠥᠪᠥᠷ ᠮᠣᠩᠭᠣᠯ ᠤ᠋ᠨ ᠬᠥᠭᠵᠢᠯᠲᠡ ᠵᠢᠨ ᠱᠢᠨ᠎ᠡ ᠬᠠᠭᠤᠳᠠᠰᠤ ᠵᠢ ᠪᠢᠴᠢᠭᠯᠡᠵᠡᠬᠡᠶ᠎ᠡ ᠭᠡᠵᠤ ᠢᠯᠡᠷᠭᠡᠢᠯᠡᠵᠡᠭᠡᠪᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面