2022-03-07 09:38:52
— ᠲᠥᠯᠥᠭᠡᠯᠡᠭ᠌ᠴᠢ ᠭᠡᠱᠢᠭᠦᠳ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ ᠶ᠋ᠢ ᠬᠥᠭ᠌ᠵᠢᠶᠡᠨᠲᠡᠢ ᠶᠠᠷᠢᠯᠴᠠᠪᠠ
ᠶᠡᠷᠦᠩᠬᠡᠢ ᠱᠦᠵᠢ ᠵᠢᠨ ᠰᠠᠨᠠᠭᠠᠱᠢᠷᠠᠯ ᠨᠢ ᠥᠩᠭᠡᠷᠡᠭ᠌ᠰᠡᠨᠲᠡᠶᠪᠡᠨ ᠠᠳᠠᠯᠢ᠃
ᠶᠡᠷᠦᠩᠬᠡᠢ ᠱᠦᠵᠢ ᠵᠢᠨ ᠬᠠᠯᠠᠮᠵᠢᠯᠠᠯ ᠨᠢ ᠬᠥᠮᠦᠰ ᠤ᠋ᠨ ᠰᠡᠳᠭᠢᠯ ᠳ᠋ᠤ ᠭᠦᠨ ᠬᠠᠳᠠᠩᠰᠢᠪᠠ᠃
3 ᠰᠠᠷ᠎ᠠ ᠵᠢᠨ 5 ᠤ᠋ ᠦᠳᠡ ᠵᠢᠨ ᠬᠣᠢᠨ᠎ᠠ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ ᠤ᠋ᠨ ᠲᠥᠯᠥᠭᠡᠯᠡᠭ᠌ᠴᠢᠳᠤ᠋ᠨᠪᠦᠯᠬᠦᠮᠤ᠋ᠨ ᠲᠥᠯᠥᠭᠡᠯᠡᠭ᠌ᠴᠢ ᠵᠢᠨ ᠬᠤᠪᠢᠪᠠᠷ ᠲᠠᠪᠤᠳᠠᠬᠢ ᠤᠳᠠᠭ᠎ᠠ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠤ ᠣᠷᠣᠯᠴᠠᠵᠤ᠂ ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠴᠢᠭ᠌ᠯᠡᠯ ᠢ᠋ ᠲᠣᠭ᠍ᠲᠠᠭᠠᠨ ᠠᠶᠠᠯᠠᠯᠢ ᠵᠢᠯᠤᠭᠤᠳᠤᠨ᠂ ᠵᠢᠷᠤᠭ ᠲᠥᠰᠦᠪ ᠢ᠋ ᠵᠢᠷᠤᠭ᠍ᠯᠠᠪᠠ᠃ ᠶᠡᠷᠦᠩᠬᠡᠶ ᠱᠦᠵᠢ ᠵᠢᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨᠢ ᠮᠠᠨ ᠤ᠋ ᠣᠷᠣᠨ ᠤ᠋ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠮᠠᠨ ᠤ᠋ ᠣᠷᠣᠨᠳᠤ ᠰᠠᠭᠤᠭ᠎ᠠ ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨᠦ ᠭᠡᠱᠢᠭᠦᠳ ᠤ᠋ᠨ ᠳᠤᠮᠳᠠ ᠴᠢᠩᠭ᠎ᠠ ᠲᠤᠰᠭᠠᠯ ᠭᠠᠷᠴᠠᠢ᠃
《ᠶᠡᠷᠦᠩᠬᠡᠢ ᠱᠦᠵᠢ ᠰᠢ ᠵᠢᠨ ᠫᠢᠩ ᠦᠨᠳᠦᠰᠦᠲᠡᠨᠦ ᠪᠦᠯᠬᠦᠮᠳᠡᠯ ᠤ᠋ᠨ ᠠᠵᠢᠯ ᠢ᠋ ᠢᠮᠠᠭ᠍ᠲᠠ ᠬᠠᠯᠠᠮᠵᠢᠯᠠᠭ᠍ᠰᠠᠭᠠᠷ ᠢᠷᠡᠪᠡ》ᠭᠡᠵᠦ᠍ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠣᠷᠴᠣᠨ ᠤ᠋ ᠥᠪᠡᠷᠲᠡᠭᠡᠨ ᠵᠠᠰᠠᠬᠤ ᠬᠣᠱᠢᠭᠤᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶᠠᠨ ᠤ᠋ ᠡᠷᠬᠢᠯᠡᠭ᠌ᠴᠢ ᠳ᠋ᠠᠢ ᠰᠢ ᠶᠤᠸᠠᠨ ᠳᠤᠭᠳᠤᠯᠤᠩᠬᠠᠨ ᠶᠠᠷᠢᠨ᠎ᠠ᠃ ᠣᠷᠴᠣᠨ ᠦᠨᠳᠦᠰᠦᠲᠡᠨ 70 ᠵᠢᠯ ᠤ᠋ᠨ ᠴᠠᠭ ᠢ᠋ ᠬᠡᠷᠡᠭ᠌ᠰᠡᠨ ᠨᠡᠢᠭᠡᠮ ᠤ᠋ᠨ ᠬᠡᠯᠪᠡᠷᠢ᠂ ᠦᠢᠯᠡᠳᠪᠦᠷᠢᠯᠡᠯ ᠤ᠋ᠨ ᠠᠷᠭ᠎ᠠ ᠬᠡᠯᠪᠡᠷᠢ ᠪᠣᠯᠤᠨ ᠠᠮᠢᠳᠤᠷᠠᠯ ᠤ᠋ᠨ ᠠᠷᠭ᠎ᠠ ᠬᠡᠯᠪᠡᠷᠢ ᠵᠢᠨ ᠭᠤᠷᠪᠠᠨ ᠤᠳᠠᠭ᠎ᠠ ᠵᠢᠨ ᠲᠡᠦᠬᠡᠲᠦ ᠴᠢᠨᠠᠷᠲᠠᠢ ᠳᠠᠪᠠᠯᠲᠠᠶ᠋ᠢᠪᠡᠶᠡᠯᠡᠭᠦᠯᠦᠭ᠌ᠰᠡᠨᠪᠥᠭᠡᠳ ᠤᠨᠴᠠᠯᠢᠬ᠍ᠳᠤ ᠠᠵᠤ ᠦᠢᠯᠡᠰ ᠢ᠋ ᠬᠥᠭ᠌ᠵᠢᠭᠦᠯᠬᠦ᠌ᠪᠡᠷ ᠳᠠᠮᠵᠢᠨ ᠶᠠᠳᠠᠭᠤᠠᠴᠠ ᠠᠩᠭᠢᠵᠢᠷᠠᠭᠤᠯᠬᠤ ᠬᠠᠷᠠᠯᠲᠠ ᠶ᠋ᠢ ᠪᠡᠶᠡᠯᠡᠭᠦᠯᠵᠦ᠍᠂ ᠰᠠᠢ᠌ᠨ ᠰᠠᠢᠬᠠᠨ ᠠᠮᠢᠳᠤᠷᠠᠯ ᠢ᠋ ᠡᠳ᠋ᠯᠡᠵᠡᠢ᠃ ᠳ᠋ᠠᠢ ᠰᠢ ᠶᠤᠸᠠᠨ᠂ 《 ᠪᠢᠳᠡᠨᠤ ᠡᠨᠡ ᠡᠳᠤᠷ ᠤ᠋ᠨ ᠰᠠᠢᠨ ᠰᠠᠢᠬᠠᠨ ᠠᠮᠢᠳᠤᠷᠠᠯᠪᠤᠯ ᠦᠨᠳᠦᠰᠦᠲᠡᠨᠨᠦᠭᠦᠳ ᠤ᠋ᠨ ᠤᠯᠠᠨ ᠲᠦᠮᠡᠨᠦ ᠬᠠᠮᠲᠤᠪᠠᠷ ᠲᠡᠮᠡᠴᠡᠭ᠌ᠰᠡᠨᠦ ᠦᠷ᠎ᠡ ᠳ᠋ᠦᠩ ᠮᠥᠨ᠃ ᠦᠨᠳᠦᠰᠦᠲᠡᠨᠦ ᠪᠦᠯᠬᠦᠮᠳᠡᠯ ᠪᠣᠯ ᠮᠠᠨ ᠤ᠋ ᠤᠯᠤᠰ ᠤ᠋ᠨ ᠦᠨᠳᠦᠰᠦᠲᠡᠨᠨᠦᠭᠦᠳ ᠤ᠋ᠨ ᠠᠷᠠᠳ ᠲᠦᠮᠡᠨᠦ ᠠᠮᠢᠨ ᠰᠤᠳᠠᠰᠤ ᠮᠥᠨ᠂ ᠤᠯᠠᠨ ᠵᠢᠡᠷ ᠵᠢᠡᠨ ᠶᠡᠬᠡ ᠬᠢᠩᠭᠠᠨ ᠳᠠᠪᠠᠭ᠎ᠠ ᠵᠢᠨ ᠤᠢ ᠱᠢᠭᠤᠢᠲᠠᠶ ᠠᠳᠠᠯᠢᠪᠠᠷ ᠦᠨᠳᠦᠰᠦᠪᠡᠷ ᠵᠢᠡᠨ ᠬᠣᠯᠪᠣᠯᠳᠤᠵᠤ᠂ ᠰᠡᠳᠭᠢᠯ ᠵᠢᠷᠦᠬᠡᠪᠡᠨ ᠬᠣᠯᠪᠣᠵᠤ᠂ ᠬᠠᠮᠲᠤᠪᠠᠷ ᠪᠦᠯᠬᠦᠮᠳᠡᠨ ᠲᠡᠮᠡᠴᠡᠵᠦ᠍᠂ ᠬᠠᠮᠲᠤᠪᠠᠷ ᠴᠡᠴᠡᠭ᠌ᠯᠡᠨ ᠬᠥᠭ᠌ᠵᠢᠨᠠ》 ᠭᠡᠵᠦ ᠶᠠᠷᠢᠨ᠎ᠠ᠃
ᠶᠡᠷᠦᠩᠬᠡᠶ ᠱᠦᠵᠢ ᠵᠢᠨ ᠴᠢᠬᠤᠯᠠ ᠶᠠᠷᠢᠶᠠᠨᠢ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠥᠪᠥᠷ ᠮᠣᠩᠭᠣᠯ ᠤ᠋ᠨ ᠨᠢᠭᠡᠳᠦᠭᠡᠷ ᠮᠠᠰᠢᠨ ᠮᠧᠬᠠᠨᠢᠭ ᠤ᠋ᠨ ᠪᠦᠯᠦᠭ᠌ᠯᠡᠯ ᠤ᠋ᠨ ᠬᠢᠵᠠᠭᠠᠷᠲᠤ ᠺᠣᠮᠫᠠᠨᠢ ᠵᠢᠨ ᠨᠠᠮ ᠤ᠋ᠨ ᠬᠣᠷᠢᠶᠠᠨ ᠤ᠋ ᠱᠦᠵᠢ᠂ ᠬᠡᠷᠡᠭ ᠮᠡᠳᠡᠭ᠌ᠴᠢᠳ ᠤ᠋ᠨ ᠳᠠᠷᠤᠭ᠎ᠠ ᠯᠢ ᠴᠢᠤᠸᠠᠨ ᠸᠸᠨ ᠢ᠋ ᠶᠡᠬᠡᠳᠡ ᠤᠷᠮᠠᠱᠢᠭᠤᠯᠤᠨ ᠵᠣᠷᠢᠭ᠍ᠵᠢᠭᠤᠯᠵᠠᠶ᠃ ᠲᠡᠷᠡ ᠶᠡᠷᠦᠩᠬᠡᠶ ᠱᠦᠵᠢ ᠵᠢᠨ ᠴᠢᠬᠤᠯᠠᠴᠢᠯᠠᠭ᠍ᠰᠠᠨ《ᠱᠢᠨ᠎ᠡ ᠬᠥᠭ᠌ᠵᠢᠯᠲᠡ ᠵᠢᠨ ᠣᠢᠯᠠᠭᠠᠭ᠍ᠳᠠᠬᠤᠨ ᠢ᠋ ᠲᠤᠭᠤᠱᠢᠯᠠᠭᠤᠯᠬᠤ ᠪᠣᠯ ᠱᠢᠨ᠎ᠡ ᠴᠠᠭ ᠦᠶ᠎ᠡ ᠵᠢᠨ ᠮᠠᠨ ᠤ᠋ ᠤᠯᠤᠰ ᠤ᠋ᠨ ᠬᠥᠭ᠌ᠵᠢᠨ ᠪᠤᠵᠠᠭᠠᠢᠷᠠᠬᠤ ᠵᠢᠨ ᠵᠠᠢᠯᠠᠰᠢ ᠥᠬᠡᠶ ᠵᠠᠮ ᠮᠥᠨ》 ᠭᠡᠳᠡᠭ ᠢ᠋ ᠰᠡᠳᠭᠢᠯᠳᠡᠭᠡᠨ ᠪᠠᠲᠤ ᠴᠡᠭᠡᠵᠢᠯᠡᠵᠡᠶ᠃ ᠯᠢ ᠴᠢᠤᠸᠠᠨ ᠸᠸᠨ᠄《ᠨᠢᠭᠡᠳᠦᠭᠡᠷ ᠮᠠᠱᠢᠨ ᠮᠧᠬᠠᠨᠢᠭ ᠤ᠋ᠨ ᠪᠦᠯᠦᠭ᠌ᠯᠡᠯ ᠨᠢ ᠥᠪᠡᠷᠲᠡᠭᠡᠨ ᠵᠠᠰᠠᠬᠤ ᠣᠷᠣᠨ ᠤ᠋ ᠭᠣᠣᠯᠯᠠᠭ᠍ᠴᠢ ᠠᠵᠤ ᠠᠬᠤᠢᠯᠠᠯ ᠪᠠ ᠲᠣᠨᠣᠭ᠍ᠯᠠᠯ ᠦᠢᠯᠡᠳᠬᠦ᠌ ᠬᠠᠮᠤᠭ ᠤ᠋ᠨ ᠶᠡᠬᠡ ᠠᠵᠤ ᠠᠬᠤᠢᠯᠠᠯ ᠪᠣᠯᠤᠭ᠍ᠰᠠᠨ ᠤ᠋ ᠬᠤᠪᠢᠳᠤ᠂ ᠶᠡᠷᠦᠩᠬᠡᠢ ᠱᠦᠵᠢ ᠵᠢᠨ ᠬᠦᠰᠡᠯ ᠨᠠᠢᠳᠠᠯᠭ᠎ᠠ ᠶ᠋ᠢ ᠪᠠᠲᠤ ᠴᠡᠭᠡᠵᠢᠯᠡᠵᠦ᠍᠂ ᠠᠵᠤ ᠠᠬᠤᠢ ᠵᠢᠨ ᠬᠥᠭ᠌ᠵᠢᠯᠲᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ ᠵᠡᠷᠭᠡ ᠲᠠᠯᠠᠪᠠᠷ ᠬᠣᠱᠢᠭᠤᠷᠠᠵᠤ᠂ ᠦᠯᠢᠭᠡᠷ ᠳᠠᠭᠤᠷᠢᠶᠠᠯ ᠪᠣᠯᠬᠤᠪᠠᠷ ᠴᠢᠷᠮᠠᠢᠨ᠂ ᠥᠪᠥᠷ ᠮᠣᠩᠭᠣᠯ ᠤ᠋ᠨ ᠠᠵᠤ ᠠᠬᠤᠢ ᠨᠡᠢᠭᠡᠮ ᠤ᠋ᠨ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ》 ᠭᠡᠪᠡ᠃
《ᠲᠤᠬᠠᠢ ᠵᠢᠨ ᠲᠠᠯᠠᠪᠤᠷᠲᠤ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠶ᠋ᠢ ᠰᠣᠨᠣᠰᠤᠭ᠍ᠰᠠᠨᠳᠠᠭᠠᠨ ᠪᠢ ᠮᠠᠰᠢ ᠳᠣᠭ᠍ᠳᠣᠯᠵᠤ ᠪᠠᠢᠨ᠎ᠠ!》 ᠶᠡᠷᠦᠩᠬᠡᠶ ᠱᠦᠵᠢ ᠵᠢᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠤ ᠣᠷᠣᠯᠴᠠᠬᠤ ᠦᠶ᠎ᠡ ᠵᠢᠨ ᠪᠠᠢᠳᠠᠯ ᠢ᠋ ᠡᠷᠭᠢᠴᠡᠭᠦᠯᠬᠦ ᠳ᠋ᠡᠬᠡᠨ᠂ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠬᠢᠩᠭᠠᠨ ᠠᠢᠮᠠᠭ ᠤ᠋ᠨ ᠭᠤᠤᠯ ᠴᠢᠰᠤᠨᠦ ᠦᠷᠳᠡᠬᠡ ᠵᠢᠨ ᠡᠮᠴᠢ ᠯᠢᠦ ᠶᠠ ᠱᠧᠩ ᠮᠦᠨ ᠳᠤᠭᠳᠤᠯᠤᠭᠰᠠᠨ ᠬᠡᠪ ᠵᠢᠡᠷᠢᠶᠡᠨ ᠪᠠᠢᠯ᠎ᠠ᠃ 《ᠶᠡᠷᠦᠩᠬᠡᠶ ᠱᠦᠵᠢ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠶ᠋ᠢ ᠪᠠᠢᠩᠭᠤᠵᠢᠭᠤᠯᠬᠤ ᠡᠯ᠎ᠡ ᠵᠦᠶ᠋ᠯ ᠤ᠋ᠨ ᠠᠷᠭ᠎ᠠ ᠬᠡᠮᠵᠢᠶ᠎ᠡ ᠶ᠋ᠢ ᠲᠡᠭᠦᠯᠳᠡᠷᠵᠢᠭᠦᠯᠬᠦ ᠵᠢ ᠤᠨᠴᠠᠭᠠᠢᠯᠠᠨ ᠴᠢᠬᠤᠯᠠᠴᠢᠯᠠᠵᠠᠢ᠃ ᠡᠮᠴᠢ ᠪᠣᠯᠤᠭ᠍ᠰᠠᠨ ᠤ᠋ ᠬᠤᠪᠢᠳᠤ᠂ ᠪᠢ ᠵᠠᠪᠠᠯ ᠡᠭᠦᠷᠭᠡ ᠬᠠᠷᠢᠭᠤᠴᠠᠯᠭ᠎ᠠᠪᠠᠨ ᠭᠦᠶ᠋ᠴᠡᠳᠭᠡᠵᠦ᠍᠂ ᠠᠷᠠᠳ ᠣᠯᠠᠨ ᠤ᠋ ᠠᠮᠢ ᠨᠠᠰᠤ ᠡᠷᠡᠭᠦᠯ ᠮᠡᠨᠳᠦ᠍ ᠵᠢᠨ ᠠᠮᠤᠷ ᠲᠦᠪᠱᠢᠨ ᠢ᠋ ᠰᠠᠢᠲᠤᠷ ᠰᠠᠬᠢᠨ ᠬᠠᠮᠠᠭᠠᠯᠠᠨ᠎ᠠ》 ᠭᠡᠯ᠎ᠠ ᠃
《ᠶᠡᠷᠦᠩᠬᠡᠢ ᠱᠦᠵᠢ 5 ᠤᠳᠠᠭ᠎ᠠ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ ᠨᠢ ᠥᠪᠥᠷ ᠮᠣᠩᠭᠣᠯ ᠤ᠋ᠨ ᠬᠥᠭ᠌ᠵᠢᠯᠲᠡ ᠳ᠋ᠤ ᠴᠢᠭ᠌ᠯᠡᠯ ᠢ᠋ ᠵᠢᠭᠠᠵᠤ ᠥᠭ᠌ᠭᠦᠭ᠌ᠰᠡᠨ ᠲᠡᠳᠦᠢ ᠦᠬᠡᠢ᠂ ᠲᠡᠬᠦᠨᠳᠦ ᠪᠠᠰᠠ ᠦᠨᠳᠦᠰᠦᠲᠡᠨᠦ ᠭᠠᠵᠠᠷ ᠣᠷᠣᠨ᠂ ᠬᠥᠭ᠌ᠵᠢᠭᠡᠳᠦᠢ ᠭᠠᠵᠠᠷ ᠣᠷᠣᠨ ᠤ᠋ ᠳᠤᠲᠠᠭᠤᠳᠠᠯ ᠵᠢᠡᠨ ᠨᠥᠬᠥᠪᠥᠷᠢᠯᠡᠬᠦ᠌᠂ ᠬᠠᠮᠲᠤᠪᠠᠷ ᠲᠡᠮᠡᠴᠡᠬᠦ᠌᠂ ᠬᠠᠮᠲᠤᠪᠠᠷ ᠬᠥᠭ᠌ᠵᠢᠬᠦ᠌ ᠶ᠋ᠢ ᠠᠬᠢᠭᠤᠯᠬᠤ ᠭᠣᠣᠯ ᠰᠡᠳᠦᠪ ᠲᠤᠭᠤᠰᠢᠯᠠᠭᠳᠠᠵᠤ ᠪᠠᠢᠳᠠᠭ》 ᠬᠡᠵᠦ ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨᠦ ᠭᠡᠱᠢᠭᠦᠨ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠳᠠᠷᠤᠭ᠎ᠠ ᠪᠠᠶ ᠴᠢᠩ ᠶᠤᠸᠠᠨ ᠰᠤᠨᠢᠨ ᠮᠡᠳᠡᠬᠡ ᠦᠵᠡᠬᠦ ᠵᠢᠨ ᠬᠠᠮᠳᠦ ᠲᠡᠮᠳᠡᠭᠯᠡᠯ ᠬᠢᠨ᠎ᠡ᠃ᠲᠡᠷᠡ᠂ ᠶᠡᠷᠦᠩᠬᠡᠶ ᠱᠦᠵᠢ ᠵᠢᠨ ᠴᠢᠩ ᠰᠡᠳᠭᠢᠯ ᠤ᠋ᠨ ᠬᠦᠰᠡᠯ ᠨᠠᠢᠳᠠᠯᠭ᠎ᠠ ᠶ᠋ᠢ ᠪᠠᠲᠤ ᠴᠡᠭᠡᠵᠢᠯᠡᠵᠦ᠍᠂ ᠤᠬᠠᠮᠰᠠᠷᠠᠴᠠᠪᠠᠨ ᠤᠯᠤᠰ ᠲᠥᠷᠥ ᠵᠢᠨ ᠵᠣᠭ᠍ᠰᠣᠴᠠᠪᠠᠨ ᠳᠡᠭᠡᠭ᠌ᠰᠢᠯᠡᠭᠦᠯᠵᠦ᠍᠂ ᠨᠠᠮ ᠪᠣᠯᠤᠨ ᠤᠯᠤᠰ ᠤ᠋ᠨ ᠠᠵᠢᠯ ᠤ᠋ᠨ ᠶᠡᠬᠡ ᠲᠠᠯᠠᠳᠤ ᠨᠠᠩ ᠰᠠᠢᠲᠤᠷ ᠦᠶ᠋ᠯᠡᠴᠢᠯᠡᠨᠡ ᠭᠡᠵᠦ᠍ ᠢᠯᠡᠷᠬᠡᠢᠯᠡᠯᠠ᠃
《ᠥᠪᠥᠷ ᠮᠣᠩᠭᠣᠯ ᠤ᠋ᠨ ᠥᠨᠥᠳᠦᠷ ᠪᠣᠯ ᠦᠨᠳᠦᠰᠦᠲᠡᠨᠨᠦᠭᠦᠳ ᠤ᠋ᠨ ᠤᠯᠠᠨ ᠲᠦᠮᠡᠨᠦ ᠬᠠᠮᠲᠤᠪᠠᠷ ᠲᠡᠮᠡᠴᠡᠭ᠌ᠰᠡᠨᠦ ᠦᠷ᠎ᠡ ᠳ᠋ᠦᠩ ᠮᠥᠨ᠂ ᠥᠪᠥᠷ ᠮᠣᠩᠭᠣᠯ ᠤ᠋ᠨ ᠮᠠᠷᠭᠠᠰᠢ ᠮᠥᠨ ᠬᠦ᠌ ᠦᠨᠳᠦᠰᠦᠲᠡᠨᠨᠦᠭᠦᠳ ᠤ᠋ᠨ ᠤᠯᠠᠨ ᠲᠦᠮᠡᠨᠦ ᠪᠦᠯᠬᠦᠮᠳᠡᠨ ᠲᠡᠮᠡᠴᠡᠬᠦ᠌ ᠶ᠋ᠢ ᠱᠠᠭᠠᠷᠳᠠᠵᠦ ᠪᠠᠢᠳᠠᠭ》 ᠬᠡᠵᠦ ᠪᠦᠬᠦ᠌ ᠤᠯᠤᠰ ᠤ᠋ᠨ ᠤᠯᠤᠰ ᠲᠦᠷᠦ᠍ ᠵᠢᠨ ᠵᠥᠪᠯᠡᠯᠭᠡᠨᠦ ᠭᠡᠱᠢᠭᠦᠨ᠂ ᠥᠪᠡᠷᠲᠡᠭᠡᠨ ᠵᠠᠰᠠᠬᠤ ᠣᠷᠣᠨ ᠤ᠋ ᠬᠥᠮᠦᠨᠦ ᠬᠦᠴᠦᠨᠦ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠪᠤᠷᠢ ᠵᠢᠨ ᠲᠢᠩᠬᠢᠮ ᠤ᠋ᠨ ᠳᠡᠳ᠋ ᠳᠠᠷᠤᠭ᠎ᠠ ᠱᠢᠤᠢ ᠷᠦᠢ ᠱᠢᠶᠠ ᠬᠡᠯᠡᠨ᠎ᠡ᠂ 《ᠤᠯᠤᠰ ᠲᠦᠷᠦ᠍ ᠵᠢᠨ ᠵᠥᠪᠯᠡᠯᠭᠡᠨᠦ ᠭᠡᠱᠢᠭᠦᠨ ᠪᠣᠯᠤᠭ᠍ᠰᠠᠨ ᠤ᠋ ᠬᠤᠪᠢᠳᠤ᠂ ᠪᠢ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠵᠦ᠂ ᠨᠠᠮ ᠤ᠋ᠨ ᠦᠨᠳᠦᠰᠦᠲᠡᠨᠦ ᠲᠦᠷᠦ᠍ ᠵᠢᠨ ᠪᠤᠳᠤᠯᠭ᠎ᠠ ᠶ᠋ᠢ ᠪᠠᠷᠢᠮᠲᠠᠯᠠᠵᠤ᠂ ᠪᠣᠳᠠᠲᠠᠢ ᠠᠵᠢᠯ ᠤ᠋ᠨ ᠳᠤᠮᠳᠠᠪᠠᠨ ᠦᠨᠳᠦᠰᠦᠲᠡᠨᠦ ᠪᠦᠯᠬᠦᠮᠳᠡᠯ ᠤ᠋ᠨ ᠡᠭᠦᠷᠭᠡᠯᠡᠭ᠌ᠴᠢ᠂ ᠦᠢᠯᠡᠳᠦᠯᠭᠡᠵᠢᠭᠦᠯᠦᠭ᠌ᠴᠢ ᠪᠠ ᠬᠠᠮᠠᠭᠠᠯᠠᠭ᠍ᠴᠢ ᠪᠣᠯᠬᠤᠪᠠᠷ ᠴᠢᠷᠮᠠᠢᠨ᠂ ᠥᠪᠥᠷ ᠮᠣᠩᠭᠣᠯ ᠤ᠋ᠨ ᠦᠨᠳᠦᠰᠦᠲᠡᠨᠦ ᠪᠦᠯᠬᠦᠮᠳᠡᠯ ᠳ᠋ᠤ ᠥᠪᠡᠷ ᠤ᠋ᠨ ᠬᠦᠴᠦᠨ ᠴᠢᠳᠠᠯ ᠵᠢᠡᠨ ᠡᠷᠭᠦᠨ᠎ᠠ》 ᠭᠡᠯᠡ᠃
《ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠨᠢ ᠥᠪᠥᠷ ᠮᠣᠩᠭᠣᠯᠳᠤ ᠲᠠᠯᠪᠢᠭ᠍ᠰᠠᠨ ᠴᠢᠩ ᠰᠡᠳᠭᠢᠯ ᠤ᠋ᠨ ᠬᠦᠰᠡᠯ ᠨᠠᠢᠳᠠᠯᠭ᠎ᠠ ᠶ᠋ᠢ ᠬᠠᠷᠠᠭᠤᠯᠵᠤ᠂ ᠥᠪᠥᠷ ᠮᠣᠩᠭᠣᠯᠳᠤ ᠢᠷᠠᠭᠤ ᠠᠯᠳᠠᠷᠲᠤ ᠡᠭᠦᠷᠭᠡ ᠶ᠋ᠢ ᠣᠯᠭᠣᠪᠠ》 ᠭᠡᠵᠦ ᠪᠦᠬᠦ᠌ ᠤᠯᠤᠰ ᠤ᠋ᠨ ᠤᠯᠤᠰ ᠲᠦᠷᠦ᠍ ᠵᠢᠨ ᠵᠥᠪᠯᠡᠯᠭᠡᠨᠦ ᠭᠡᠱᠢᠭᠦᠨ᠂ ᠥᠪᠥᠷ ᠮᠣᠩᠭᠣᠯ ᠤ᠋ᠨ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠪᠡᠯᠡ ᠣᠷᠣᠭᠤᠯᠤᠯᠲᠠ ᠵᠢᠨ ᠪᠦᠯᠦᠭ᠌ᠯᠡᠯ ᠤ᠋ᠨ ᠬᠢᠵᠠᠭᠠᠷᠲᠤ ᠺᠣᠮᠫᠠᠨᠢ ᠵᠢᠨ ᠳᠡᠳ᠋ ᠶᠡᠷᠦᠩᠬᠡᠢ ᠳᠠᠭᠠᠭᠠᠮᠠᠯ ᠵᠠᠩ ᠯᠢ ᠸᠸᠨ ᠬᠡᠯᠡᠨ᠎ᠠ᠃ ᠲᠡᠷᠡ᠂ ᠬᠠᠷᠢᠭ᠍ᠰᠠᠨ ᠤ᠋ ᠳᠠᠷᠠᠭ᠎ᠠ᠂ ᠶᠡᠷᠦᠩᠬᠡᠶ ᠱᠦᠵᠢ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠵᠤ᠂ ᠤᠬᠠᠭᠤᠯᠵᠤ᠂ ᠲᠤᠭᠤᠱᠢᠯᠠᠭᠤᠯᠵᠤ᠂ ᠡᠭᠦᠷᠭᠡ ᠬᠠᠷᠢᠭᠤᠴᠠᠯᠭ᠎ᠠᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠳᠤᠮᠳᠠᠳᠤ ᠵᠢᠨ ᠬᠥᠪᠡᠭᠦᠳ ᠥᠬᠢᠳ ᠤ᠋ᠨ ᠶᠡᠬᠡ ᠪᠦᠯᠬᠦᠮᠳᠡᠯ ᠢ᠋ ᠴᠢᠩᠭᠠᠳᠭᠠᠬᠤ ᠵᠢᠨ ᠲᠥᠯᠥᠭᠡ ᠤᠯᠤᠰ ᠲᠥᠷᠥ ᠵᠢᠨ ᠵᠥᠪᠯᠡᠯᠭᠡᠨᠦ ᠭᠡᠱᠢᠭᠦᠨᠦ ᠡᠭᠦᠷᠭᠡ ᠬᠠᠷᠢᠭᠤᠴᠠᠯᠭ᠎ᠠ ᠶ᠋ᠢ ᠦᠶ᠋ᠯᠡᠳᠦᠯᠭᠡᠵᠢᠭᠦᠯᠵᠦ᠍᠂ ᠥᠪᠥᠷ ᠮᠣᠩᠭᠣᠯ ᠤ᠋ᠨ ᠦᠨᠳᠦᠰᠦᠲᠡᠨᠨᠦᠭᠦᠳ ᠤ᠋ᠨ ᠠᠷᠠᠳ ᠲᠦᠮᠡᠨ ᠢ᠋ ᠠᠨᠠᠷ ᠤ᠋ᠨ ᠦᠷ᠎ᠡ ᠱᠢᠭ ᠨᠢᠭ᠍ᠲᠠᠷᠠᠨ ᠪᠦᠯᠬᠦᠮᠳᠡᠭᠦᠯᠬᠦ᠌ ᠶ᠋ᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ ᠢ᠋ ᠰᠠᠢᠲᠤᠷ ᠬᠠᠮᠠᠭᠠᠯᠠᠨ᠎ᠠ ᠭᠡᠵᠦ᠍ ᠢᠯᠡᠷᠬᠡᠢᠯᠡᠪᠡ᠃
ᠲᠥᠯᠥᠭᠡᠯᠡᠭ᠌ᠴᠢᠳ ᠭᠡᠱᠢᠭᠦᠳ᠂ ᠶᠡᠷᠦᠩᠬᠡᠶ ᠱᠦᠵᠢ ᠵᠢᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠳᠤᠮᠳᠠᠳᠤ ᠵᠢᠨ ᠦᠨᠳᠦᠰᠦᠲᠡᠨᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ ᠢ᠋ ᠴᠢᠩᠭ᠎ᠠ ᠠᠳᠭᠤᠨ᠂ ᠱᠢᠨ᠎ᠡ ᠬᠥᠭ᠌ᠵᠢᠯᠲᠡ ᠵᠢᠨ ᠣᠢᠯᠠᠭᠠᠭ᠍ᠳᠠᠬᠤᠨ ᠢ᠋ ᠪᠦᠷᠢᠨ ᠪᠦᠲᠦᠨ᠂ ᠵᠦᠪ ᠣᠨᠣᠪᠴᠢᠲᠠᠶ᠂ ᠪᠥᠬᠥ᠌ ᠲᠠᠯᠠᠪᠠᠷ ᠲᠤᠭᠤᠱᠢᠯᠠᠭᠤᠯᠵᠤ᠂ ᠪᠦᠯᠬᠦᠮᠳᠡᠨ ᠲᠡᠮᠡᠴᠡᠵᠦ᠍᠂ ᠭᠠᠷ ᠬᠣᠯᠪᠣᠯᠴᠠᠨ ᠬᠠᠮᠲᠤᠪᠠᠷ ᠤᠷᠤᠭ᠍ᠰᠢᠯᠠᠵᠤ᠂ ᠠᠮᠢ ᠠᠬᠤᠶ ᠶ᠋ᠢ ᠤᠷᠢᠳ ᠵᠢᠡᠷ ᠪᠣᠳᠣᠯᠬᠢᠯᠠᠬᠤ᠂ ᠪᠣᠬᠢᠷᠲᠤᠯ ᠥᠬᠡᠶ ᠬᠦᠭᠵᠢᠭᠦᠯᠬᠦᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠵᠢᠨ ᠱᠢᠨ᠎ᠡ ᠵᠠᠮ ᠵᠢᠡᠷ ᠡᠷᠡᠰ ᠭᠤᠢᠪᠢᠰᠢ ᠥᠬᠡᠶ ᠵᠠᠮᠨᠠᠨ᠂ ᠡᠬᠡ ᠤᠯᠤᠰ ᠤ᠋ᠨ ᠤᠮᠠᠷᠠᠲᠤ ᠵᠢᠨ ᠡᠨᠡ ᠬᠦ᠌ ᠦᠵᠡᠮᠵᠢ ᠵᠢᠨ ᠣᠷᠣᠨ ᠵᠢᠡᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠵᠤ᠂ ᠪᠣᠳᠠᠲᠤ ᠠᠵᠢᠯᠯᠠᠭ᠎ᠠᠪᠠᠷ ᠵᠢᠡᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠᠲᠠᠶ ᠬᠤᠷᠠᠯᠳᠤᠬᠤ ᠶ᠋ᠢ ᠤᠭ᠍ᠲᠤᠨᠠ ᠭᠡᠵᠦ᠍ ᠢᠯᠡᠷᠬᠡᠢᠯᠡᠵᠡᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃