2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-07 11:24:51

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

微信图片_20220307113316.jpg


3 ᠰᠠᠷ᠎ᠠ᠎ᠶᠢᠨ 5 ᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠦᠵᠡᠯ ᠰᠠᠨᠠᠭᠠᠨ᠎ᠤ ᠰᠠᠭᠤᠷᠢ᠎ᠶᠢ ᠲᠠᠰᠤᠷᠠᠯᠲᠠ ᠥᠬᠡᠶ ᠪᠡᠬᠢᠵᠢᠭᠦᠯᠵᠦ᠍᠂ ᠠᠭᠤᠤ ᠶᠡᠬᠡ ᠡᠬᠡ ᠤᠯᠤᠰ᠎ᠢᠶᠠᠨ ᠬᠠᠮᠲᠤ᠎ᠪᠠᠷ ᠪᠥᠲᠥᠭᠡᠨ ᠪᠠᠢᠭᠤᠯᠵᠤ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠬᠠᠮᠲᠤ᠎ᠪᠠᠷ ᠴᠢᠨᠡᠭᠡᠯᠢᠭ᠌ᠵᠢᠬᠦ᠌᠂ ᠬᠠᠮᠲᠤ᠎ᠶᠢᠨ ᠴᠣᠭ᠍ᠴᠠ᠂ ᠬᠠᠮᠲᠤ᠎ᠪᠠᠷ ᠲᠡᠮᠡᠴᠡᠬᠦ᠌ ᠁《ᠬᠠᠮᠲᠤ》ᠭᠡᠬᠦ ᠦᠭᠡ ᠰᠣᠨᠢᠨ ᠮᠡᠳᠡᠭᠡᠨ᠎ᠦ ᠡᠬᠡ ᠨᠤᠤᠷᠠᠭ᠎ᠲᠤ 19 ᠤᠳᠠᠭ᠎ᠠ ᠢᠯᠡᠷᠡᠵᠦ᠍᠂ ᠥᠨᠳᠥᠷ ᠲᠠᠪᠳᠠᠮᠵᠢᠳᠤ ᠦᠭᠡ ᠪᠣᠯᠤᠬᠰᠠᠨ ᠪᠠᠢᠨ᠎ᠠ᠃

ᠲᠤᠰ᠎ᠤᠳᠠᠭ᠎ᠠ ᠪᠤᠯ ᠶᠡᠷᠦᠩᠬᠡᠢ ᠱᠦᠵᠢ ᠰᠢ ᠵᠢᠨ ᠫᠢᠡᠭ ᠲᠠᠪᠤᠳᠠᠬᠢ ᠤᠳᠠᠭ᠎ᠠ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠤᠷᠤᠯᠴᠠᠵᠦ ᠪᠠᠢᠭ᠎ᠠ ᠪᠢᠯᠡ᠃

2018 ᠣᠨ᠎ᠤ 1 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶᠢᠨ ᠰᠣᠩᠭᠣᠭᠤᠯᠢ᠎ᠳᠤ ᠣᠷᠣᠯᠴᠠᠪᠠ᠃ ᠲᠡᠷᠡ᠄《ᠲᠥᠪ᠎ᠦᠨ ᠤᠳᠤᠷᠢᠳᠭᠤ ᠨᠥᠬᠥᠳ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ ᠴᠥᠭᠡᠨ ᠲᠣᠭᠠᠲᠤ ᠦᠨᠳᠦᠰᠦᠲᠡᠨ᠎ᠦ ᠣᠷᠣᠨ ᠬᠢᠯᠢ ᠬᠢᠵᠠᠭᠠᠷ ᠣᠷᠣᠨ ᠶᠠᠳᠠᠭᠤ ᠬᠦᠴᠢᠷᠳᠡᠯᠲᠡᠢ ᠭᠠᠵᠠᠷ ᠣᠷᠣᠨ᠎ᠢ ᠰᠣᠩᠭᠣᠵᠤ ᠰᠣᠩᠭᠣᠭᠤᠯᠢ᠎ᠳᠤ ᠣᠷᠣᠯᠴᠠᠪᠠᠯ ᠵᠣᠬᠢᠨ᠎ᠠ ᠭᠡᠵᠦ᠍ ᠨᠠᠮ᠎ᠤᠨ ᠲᠥᠪ ᠬᠣᠷᠢᠶ᠎ᠠ ᠳᠤᠷᠠᠳᠪᠠ᠃ ᠪᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠰᠣᠩᠭᠣᠨ ᠰᠣᠩᠭᠣᠭᠤᠯᠢ᠎ᠳᠤ ᠣᠷᠣᠯᠴᠠᠭ᠍ᠰᠠᠨ ᠨᠢ ᠨᠠᠮ᠎ᠤᠨ ᠲᠥᠪ ᠬᠣᠷᠢᠶ᠎ᠠ᠎ᠠᠴᠠ ᠦᠨᠳᠦᠰᠦᠲᠡᠨ᠎ᠦ ᠬᠢᠯᠢ ᠬᠢᠵᠠᠭᠠᠷ ᠣᠷᠣᠨ᠎ᠢ ᠴᠢᠬᠤᠯᠠᠴᠢᠯᠠᠵᠤ ᠪᠠᠢᠬᠤ᠎ᠶᠢ ᠢᠯᠡᠳᠭᠡᠵᠦ᠍᠂ ᠨᠠᠮ᠎ᠤᠨ ᠲᠥᠪ ᠬᠣᠷᠢᠶᠠᠨ᠎ᠤ ᠬᠥᠭ᠌ᠵᠢᠭᠡᠳᠦᠢ ᠭᠠᠵᠠᠷ ᠣᠷᠣᠨ᠎ᠤ ᠬᠥᠭ᠌ᠵᠢᠯᠲᠡ᠎ᠶᠢ ᠲᠦᠷᠭᠡᠳᠭᠡᠨ ᠠᠬᠢᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠤᠯᠬᠤ ᠡᠷᠴᠢ ᠵᠣᠷᠢᠭ᠎ᠢ ᠢᠯᠡᠷᠡᠭᠦᠯᠵᠦ᠍ ᠪᠠᠢᠨ᠎ᠠ 》 ᠭᠡᠵᠠᠢ᠃

ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ 5 ᠤᠳᠠᠭ᠎ᠠ ᠣᠷᠣᠯᠴᠠᠬᠤ ᠦᠶ᠎ᠡ᠎ᠶᠢᠨ ᠴᠢᠬᠤᠯᠠ ᠶᠠᠷᠢᠶ᠎ᠠ ᠳ᠋ᠦ ᠥᠪᠥᠷ ᠮᠣᠩᠭᠣᠯ᠎ᠤᠨ ᠬᠥᠭ᠌ᠵᠢᠯᠲᠡ᠎ᠳᠦ ᠴᠢᠭ᠌ᠯᠡᠯ ᠵᠢᠭᠠᠵᠤ ᠥᠭ᠌ᠭᠦᠭ᠌ᠰᠡᠨ᠎ᠢᠶᠡᠷ ᠪᠠᠷᠠᠬᠤ ᠦᠭᠡᠢ ᠪᠠᠰᠠ ᠦᠨᠳᠦᠰᠦᠲᠡᠨ᠎ᠦ ᠭᠠᠵᠠᠷ ᠣᠷᠣᠨ᠂ ᠬᠥᠭ᠌ᠵᠢᠭᠡᠳᠦᠢ ᠭᠠᠵᠠᠷ ᠣᠷᠣᠨ᠎ᠤ ᠳᠤᠲᠠᠭᠤᠳᠠᠯ᠎ᠢ ᠨᠥᠬᠥᠪᠥᠷᠢᠯᠡᠬᠦ᠌᠂ ᠬᠠᠮᠲᠤ᠎ᠪᠠᠷ ᠲᠡᠮᠡᠴᠡᠬᠦ᠌᠂ ᠬᠠᠮᠲᠤ᠎ᠪᠠᠷ ᠬᠥᠭ᠌ᠵᠢᠬᠦ᠌᠎ᠶᠢ ᠠᠬᠢᠭᠤᠯᠬᠤ ᠭᠣᠣᠯ ᠰᠡᠳᠦᠪ ᠲᠤᠭᠤᠰᠢᠯᠠᠭ᠍ᠳᠠᠵᠤ ᠪᠠᠢᠨ᠎ᠠ᠃

《ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠤᠯᠤᠨ᠎ᠠ》

— ᠴᠢᠨᠡᠭᠡᠯᠢᠭ ᠨᠡᠢᠭᠡᠮ᠎ᠢ ᠬᠠᠮᠲᠤ ᠪᠠᠷ ᠴᠣᠭ᠍ᠴᠠᠯᠠᠶ᠎ᠠ

《ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠳᠦ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠬᠤ ᠦᠭᠡᠢ》᠃ ᠶᠡᠷᠦᠩᠬᠡᠢ ᠱᠦᠵᠢ ᠰᠢ ᠵᠢᠨ ᠫᠢᠩ ᠴᠠᠭ ᠢᠮᠠᠭ᠍ᠲᠠ ᠪᠤᠳᠤᠵᠤ᠂ ᠬᠡᠵᠢᠶᠡᠳᠡ ᠮᠠᠷᠲᠠᠳᠠᠭ ᠦᠭᠡᠢ᠃

ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠪᠣᠯ ᠶᠡᠷᠦᠩᠬᠡᠢ ᠱᠦᠵᠢ᠎ᠶᠢᠨ ᠢᠮᠠᠭ᠍ᠲᠠ ᠠᠩᠬᠠᠷᠴᠦ ᠪᠠᠢᠭ᠎ᠠ ᠴᠢᠬᠤᠯᠠ ᠵᠥᠪᠯᠡᠬᠦ᠌ ᠵᠦᠢᠯ ᠪᠣᠯᠤᠭ᠍ᠰᠠᠭᠠᠷ ᠢᠷᠡᠵᠠᠢ᠃

2018 ᠤᠨ ᠪᠤᠯ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠰᠤᠷᠲᠠᠯ᠎ᠤᠨ ᠪᠠᠢᠭᠤᠯᠤᠯᠲᠠ᠎ᠶᠢᠨ ᠣᠨ ᠪᠤᠯᠤᠨ᠎ᠠ᠃ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠶᠡᠷᠦᠩᠬᠡᠢ ᠱᠦᠵᠢ ᠰᠢ ᠵᠢᠨ ᠫᠢᠩ ᠶᠠᠳᠠᠭᠤ᠎ᠶᠢ ᠲᠡᠳᠬᠦᠬᠦ᠌ ᠬᠦᠷᠢᠶᠡᠨ᠎ᠳᠡᠬᠢ ᠢᠯᠵᠠᠷᠡᠯ ᠪᠣᠯᠤᠨ ᠰᠤᠷᠲᠠᠯ᠎ᠤᠨ ᠠᠰᠠᠭᠤᠳᠠᠯ᠎ᠤᠨ ᠲᠤᠰᠭᠠᠢ ᠵᠠᠰᠠᠯᠲᠠ᠎ᠶᠢ ᠨᠠᠷᠢᠨ ᠬᠢᠨᠠᠮᠠᠭᠠᠢ ᠥᠷᠨᠢᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ︔

2019 ᠣᠨ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ ᠱᠢᠢᠳᠪᠦᠷᠢᠲᠦ ᠢᠯᠠᠯᠲᠠ ᠤᠯᠬᠤ ᠵᠠᠩᠭᠢᠯᠠᠭ᠎ᠠ᠎ᠶᠢᠨ ᠱᠠᠲᠤᠨ᠎ᠳᠤ ᠣᠷᠣᠵᠤ᠂ ᠶᠡᠷᠦᠩᠬᠡᠢ ᠱᠦᠵᠢ ᠰᠢ ᠵᠢᠨ ᠫᠢᠩ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌ ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠪᠠ︔

2020 ᠣᠨ᠎ᠳᠤ᠂ ᠱᠢᠢᠳᠪᠦᠷᠢᠲᠦ ᠳᠠᠢᠯᠠᠯᠳᠤᠭᠠᠨ ᠬᠢᠵᠦ᠍ ᠱᠢᠢᠳᠪᠦᠷᠢᠲᠦ ᠢᠯᠠᠯᠲᠠ ᠤᠯᠬᠤ ᠡᠴᠦᠰ᠎ᠦᠨ ᠰᠢᠪᠳᠤᠯᠤᠯᠳᠠ ᠬᠢᠵᠢᠭ᠎ᠦᠨ ᠪᠠᠢᠳᠠᠯ᠎ᠳᠤ ᠲᠤᠯᠭᠠᠷᠠᠪᠠ᠃ ᠶᠡᠷᠦᠩᠬᠡᠶ ᠱᠦᠵᠢ《ᠬᠢᠵᠢᠭ᠎ᠦᠨ ᠪᠠᠢᠳᠠᠯ᠎ᠠᠴᠠ ᠪᠣᠯᠤᠭ᠍ᠰᠠᠨ ᠠᠱᠢᠭ ᠥᠬᠡᠶ ᠨᠥᠯᠥᠭᠡ᠎ᠶᠢ ᠡᠷᠡᠰ ᠢᠯᠡᠨ ᠳᠠᠪᠠᠵᠤ》᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠬᠠᠷᠠᠯᠲᠠ ᠡᠭᠦᠷᠭᠡ᠎ᠶᠢ ᠪᠡᠶᠡᠯᠡᠭᠦᠯᠬᠦ᠌᠎ᠶᠢ ᠪᠠᠲᠤᠯᠠᠬᠤ᠎ᠶᠢᠨ ᠬᠠᠮᠲᠤ ᠬᠠᠷᠠᠴᠠ᠎ᠪᠠᠨ ᠨᠠᠩ ᠠᠯᠤᠰ ᠬᠡᠲᠦ᠍᠎ᠳᠦ ᠲᠠᠯᠪᠢᠬᠤ ᠬᠡᠷᠡᠭ᠌ᠲᠡᠶ ᠭᠡᠵᠦ᠍ ᠱᠠᠭᠠᠷᠳᠠᠪᠠ︔

2020 ᠣᠨ᠎ᠳᠤ᠂ ᠥᠪᠥᠷ ᠮᠣᠩᠭᠣᠯ᠎ᠤᠨ ᠤᠯᠤᠰ᠎ᠤᠨ ᠲᠠᠰ᠎ᠤᠨ 31 ᠶᠠᠳᠠᠭᠤ ᠬᠦᠴᠢᠷᠳᠡᠯᠲᠡᠶ ᠬᠣᠱᠢᠭᠤ ᠱᠢᠶᠠᠨ ᠪᠦᠬᠦᠨ᠎ᠢᠶᠡᠷ᠎ᠢᠶᠡᠨ ᠶᠠᠳᠠᠭᠤ᠎ᠠᠴᠠ ᠠᠩᠭᠢᠵᠢᠷᠠᠪᠠ᠃ 2021 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠡᠨᠡ ᠬᠦ᠌ ᠶᠠᠳᠠᠭᠤ᠎ᠠᠴᠠ ᠠᠩᠭᠢᠵᠢᠷᠠᠭᠤᠯᠤᠬᠰᠠᠨ ᠳᠠᠢᠯᠠᠯᠳᠤᠭᠠᠨ᠎ᠤ ᠠᠮᠵᠢᠯᠲᠠ᠎ᠶᠢ ᠶᠡᠷᠦᠩᠬᠡᠢ ᠱᠦᠵᠢ ᠰᠢ ᠵᠢᠨ ᠫᠢᠩ 《ᠪᠠᠶᠠᠷᠯᠠᠭᠤᠱᠢᠲᠠᠢ ᠶᠠᠪᠤᠳᠠᠯ》 ᠭᠡᠵᠦ᠍ ᠮᠠᠭ᠍ᠲᠠᠪᠠ᠃

2021 ᠣᠨ᠎ᠳᠤ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ ᠎ᠤᠨ ᠲᠥᠯᠥᠭᠡᠯᠡᠭ᠌ᠴᠢᠳ ᠎ᠦᠨ ᠪᠦᠯᠬᠦᠮ ᠎ᠳᠦ《ᠬᠠᠮᠲᠤ᠎ᠪᠠᠷ ᠴᠢᠨᠡᠭᠡᠯᠢᠭ᠌ᠵᠢᠬᠦ᠌》ᠵᠢ ᠴᠢᠬᠤᠯᠠᠴᠢᠯᠠᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠬᠦ᠌᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶᠢ ᠠᠬᠢᠭᠤᠯᠬᠤ ᠢᠲᠡᠭᠡᠯ ᠵᠣᠷᠢᠭ᠎ᠢ ᠢᠯᠡᠷᠡᠭᠦᠯᠪᠡ᠃

5 ᠵᠢᠯ᠎ᠦᠨ ᠲᠤᠷᠰᠢ᠂《ᠶᠠᠳᠠᠭᠤ᠎ᠠᠴᠠ ᠠᠩᠭᠢᠵᠢᠷᠠᠭᠤᠯᠬᠤ — ᠪᠡᠬᠢᠵᠢᠭᠦᠯᠬᠦ᠌ — ᠵᠤᠯᠭᠠᠭᠤᠯᠬᠤ — ᠬᠥᠭ᠌ᠵᠢᠭᠦᠯᠦᠨ ᠮᠠᠨᠳᠤᠭᠤᠯᠬᠤ》ᠪᠡᠷ ᠬᠥᠲᠥᠯᠪᠦᠷᠢ ᠪᠣᠯᠭᠠᠵᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠶᠠᠳᠠᠭᠤ᠎ᠠᠴᠠ ᠠᠩᠭᠢᠵᠢᠷᠠᠭᠤᠯᠬᠤ᠂ ᠪᠠᠶᠠᠵᠢᠨ ᠴᠢᠨᠡᠭᠡᠯᠢᠭ᠌ᠵᠢᠬᠦ᠌ ᠴᠢᠭ᠌ᠯᠡᠯ᠎ᠢ ᠲᠣᠳᠣᠷᠬᠠᠢ ᠵᠢᠭᠠᠵᠤ ᠥᠭ᠌ᠪᠡ᠃

《ᠬᠥᠭ᠌ᠵᠢᠭᠡᠳᠦᠶ ᠭᠠᠵᠠᠷ ᠣᠷᠣᠨ᠎ᠤ ᠬᠥᠭ᠌ᠵᠢᠯᠲᠡ᠎ᠶᠢ ᠲᠦᠷᠭᠡᠳᠭᠡᠨ ᠠᠬᠢᠭᠤᠯᠤᠨ᠎ᠠ》

— ᠴᠢᠨᠠᠷ ᠰᠠᠢᠲᠠᠶ ᠬᠥᠭ᠌ᠵᠢᠯᠲᠡ᠎ᠶᠢ ᠬᠠᠮᠲᠤ᠎ᠪᠠᠷ ᠰᠦᠪᠡᠭ᠌ᠴᠢᠯᠡᠶ᠎ᠡ

2018 ᠣᠨ᠎ᠤ 3 ᠰᠠᠷ᠎ᠠ᠎ᠶᠢᠨ 5 ᠎ᠤ ᠡᠳᠦᠷ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠠᠩᠬ᠎ᠠ ᠤᠳᠠᠭ᠎ᠠ ᠣᠷᠣᠯᠴᠠᠬᠤ ᠳ᠋ᠠᠭᠠᠨ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠳᠠᠯ ᠣᠨᠴᠠᠯᠢᠭ᠎ᠲᠠᠶ ᠤᠶᠠᠯᠳᠤᠭᠤᠯᠤᠨ᠂ ᠠᠵᠤ ᠠᠬᠤᠶ᠎ᠶᠢᠨ ᠴᠢᠨᠠᠷ ᠰᠠᠢᠲᠠᠶ ᠬᠥᠭ᠌ᠵᠢᠯᠲᠡ᠎ᠶᠢ ᠠᠬᠢᠭᠤᠯᠬᠤ ᠲᠤᠬᠠᠶ ᠲᠤᠷᠠᠳᠪᠠ᠃ ᠲᠡᠷᠡ᠂ ᠥᠪᠥᠷ ᠮᠣᠩᠭᠣᠯ᠎ᠤᠨ ᠠᠵᠤ ᠦᠢᠯᠡᠰ᠎ᠦᠨ ᠬᠥᠭ᠌ᠵᠢᠯᠲᠡ ᠵᠥᠪᠬᠡᠨ《ᠬᠤᠨᠢ ᠢᠮᠠᠭ᠎ᠠ᠂ ᠨᠡᠭᠦᠷᠡᠰᠦ᠂ ᠬᠣᠪᠣᠷ ᠱᠢᠷᠣᠢ᠂ ᠱᠢᠲᠠᠮᠠᠬᠠᠢ ᠬᠡᠢ》 ᠵᠢ ᠯᠡ ᠬᠠᠷᠠᠵᠦ ᠪᠣᠯᠬᠤ ᠦᠭᠡᠢ᠂ ᠱᠢᠨ᠎ᠡ ᠠᠵᠤ ᠦᠢᠯᠡᠰ᠂ ᠱᠢᠨ᠎ᠡ ᠬᠥᠳᠡᠯᠭᠡᠬᠦ᠌ ᠡᠨᠧᠷᠭᠢ᠂ ᠱᠢᠨ᠎ᠡ ᠨᠡᠮᠡᠭ᠌ᠳᠡᠯ᠎ᠦᠨ ᠲᠤᠢᠯ᠎ᠢ ᠶᠡᠬᠡ᠎ᠪᠡᠷ ᠪᠣᠢᠵᠢᠭᠤᠯᠬᠤ᠎ᠶᠢᠨ ᠬᠠᠮᠲᠤ《ᠵᠠᠷᠢᠮ᠎ᠢ ᠨᠢ ᠬᠢᠵᠦ᠍ ᠵᠠᠷᠢᠮ᠎ᠢ ᠨᠢ ᠬᠢᠬᠦ᠌ ᠦᠭᠡᠢ ᠪᠠᠢᠬᠤ᠎ᠶᠢ ᠠᠩᠬᠠᠷᠬᠤ ᠬᠡᠷᠡᠭ᠌ᠲᠡᠢ 》 ᠭᠡᠵᠦ᠍ ᠬᠡᠯᠡᠪᠡ᠃

ᠠᠯᠢ ᠎ᠶᠢ ᠨᠢ 《ᠬᠢᠵᠦ》᠂ ᠠᠯᠢ ᠎ᠶᠢ ᠨᠢ 《ᠬᠢᠵᠦ ᠪᠤᠯᠬᠤ ᠦᠭᠡᠢ》 ᠪᠤᠢ?

2019 ᠣᠨ᠎ᠤ 3 ᠰᠠᠷ᠎ᠠ᠎ᠶᠢᠨ 5᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ᠄ 《ᠥᠪᠥᠷ ᠮᠣᠩᠭᠣᠯ ᠴᠢᠨᠠᠷ ᠰᠠᠢᠲᠠᠶ ᠬᠥᠭ᠌ᠵᠢᠯᠲᠡ᠎ᠶᠢ ᠪᠡᠶᠡᠯᠡᠭᠦᠯᠬᠦ᠌᠎ᠳᠦ ᠲᠣᠰ ᠭᠠᠵᠠᠷ ᠣᠷᠣᠨ᠎ᠤ ᠡᠬᠢ ᠪᠠᠶᠠᠯᠢᠭ᠎ᠤᠨ ᠣᠨᠴᠠᠯᠢᠭ᠎ᠲᠠᠭᠠᠨ ᠰᠠᠭᠤᠷᠢᠯᠠᠵᠤ᠂ ᠳᠥᠭᠥᠮᠬᠡᠨ᠎ᠢᠶᠡᠷ ᠵᠡᠭᠦᠨ ᠬᠡᠰᠡᠭ᠎ᠦᠨ ᠬᠥᠭ᠌ᠵᠢᠭ᠌ᠰᠡᠨ ᠭᠠᠵᠠᠷ ᠣᠷᠣᠨ᠎ᠲᠠᠶ ᠠᠵᠤ ᠦᠶ᠋ᠯᠡᠰ᠂ ᠪᠦᠲᠦᠴᠡ᠂ ᠬᠤᠷᠳᠤᠴᠠ᠎ᠶᠢ ᠠᠳᠠᠯᠢᠳᠭᠠᠵᠤ ᠪᠣᠯᠬᠤ ᠥᠬᠡᠶ》᠂《ᠱᠢᠨ᠎ᠡ ᠬᠥᠭ᠌ᠵᠢᠯᠲᠡ ᠎ᠶᠢᠨ ᠣᠢᠯᠠᠭᠠᠭ᠍ᠳᠠᠬᠤᠨ᠎ᠢ ᠲᠤᠭᠤᠱᠢᠯᠠᠭᠤᠯᠤᠨ᠂ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠰᠠᠨ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶᠢᠨ ᠱᠢᠨ᠎ᠡ ᠵᠠᠮ᠎ᠢ ᠴᠢᠷᠮᠠᠢᠨ ᠬᠠᠢᠨ ᠰᠦᠪᠡᠭᠴᠢᠯᠡᠬᠦ ᠬᠡᠷᠡᠭ᠌ᠲᠡᠶ》ᠭᠡᠵᠦ᠍ ᠵᠢᠭᠠᠵᠤ ᠭᠠᠷᠭᠠᠪᠠ᠃

ᠵᠢᠯ ᠪᠤᠯᠭᠠᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠳ᠋ᠠᠭᠠᠨ ᠶᠡᠷᠦᠩᠬᠡᠢ ᠱᠦᠵᠢ《ᠠᠮᠢ ᠠᠬᠤᠢ》 ᠵᠢᠨ ᠲᠤᠬᠠᠢ ᠶᠠᠷᠢᠳᠠᠭ᠃ ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ᠎ᠶᠢᠨ ᠨᠠᠭᠤᠷ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠠᠬᠢᠴᠠ᠎ᠶᠢ ᠬᠠᠯᠠᠮᠵᠢᠯᠠᠵᠤ᠂ 《ᠡᠬᠡ ᠤᠯᠤᠰ᠎ᠤᠨ ᠤᠮᠠᠷᠠᠲᠤ᠎ᠶᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ᠎ᠢ ᠨᠠᠩ ᠪᠠᠲᠤ ᠪᠠᠬᠢ ᠴᠣᠭ᠍ᠴᠠᠯᠠᠬᠤ ᠬᠡᠷᠡᠭ᠌ᠲᠡᠶ》 ᠭᠡᠵᠦ᠍ ᠱᠠᠭᠠᠷᠳᠠᠵᠤ᠂ 《ᠠᠭᠤᠯᠠ ᠤᠰᠤ ᠣᠶ ᠰᠢᠭᠤᠢ ᠭᠠᠵᠠᠷ ᠲᠠᠷᠢᠶ᠎ᠠ ᠨᠠᠭᠤᠷ ᠴᠦᠬᠦᠷᠦᠮ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠱᠢᠰᠲ᠋ᠧᠮ᠎ᠲᠡᠶ ᠵᠠᠰᠠᠬᠤ᠎ᠶᠢ ᠨᠢᠭᠡᠳᠦᠯᠲᠡᠶ ᠲᠥᠯᠥᠪᠵᠢᠭᠦᠯᠬᠦ᠌ ᠬᠡᠷᠡᠭ᠌ᠲᠡᠶ》 ᠭᠡᠵᠦ᠍ ᠴᠢᠩ ᠰᠡᠳᠭᠢᠯ᠎ᠡᠴᠡ᠎ᠪᠡᠨ ᠵᠠᠬᠢᠭ᠍ᠰᠠᠨ᠎ᠨᠢ ᠴᠥᠮ ᠥᠪᠥᠷ ᠮᠣᠩᠭᠣᠯ᠎ᠤᠨ ᠠᠮᠢ ᠠᠬᠤᠶ᠎ᠶᠢᠨ ᠪᠣᠯᠪᠠᠰᠤᠨ᠎ᠤ ᠪᠠᠢᠭᠤᠯᠤᠯᠲᠠ᠎ᠶᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶᠢᠨ ᠲᠣᠭ᠍ᠲᠠᠯ ᠬᠦᠴᠦᠨ᠎ᠢ ᠪᠠᠲᠤᠯᠠᠵᠤ᠂ ᠴᠢᠨᠠᠷ ᠰᠠᠢᠲᠠᠶ ᠬᠥᠭ᠌ᠵᠢᠯᠲᠡ᠎ᠶᠢ ᠡᠷᠡᠰ ᠭᠤᠢᠪᠢᠰᠢ ᠥᠬᠡᠶ ᠠᠬᠢᠭᠤᠯᠬᠤ᠎ᠶᠢᠨ ᠲᠥᠯᠥᠭᠡ ᠶᠤᠮ᠃

5 ᠵᠢᠯ᠎ᠦᠨ ᠲᠤᠷᠰᠢ᠂ ᠥᠪᠥᠷ ᠮᠣᠩᠭᠣᠯ ᠶᠡᠷᠦᠩᠬᠡᠢ ᠱᠦᠵᠢ᠎ᠶᠢᠨ ᠵᠢᠭᠠᠪᠤᠷᠢ᠎ᠶᠢ ᠨᠠᠢᠳᠠᠪᠤᠷᠢᠵᠢᠭᠤᠯᠵᠤ᠂ ᠳᠤᠲᠠᠭᠤᠳᠠᠯ᠎ᠢᠶᠠᠨ ᠲᠠᠰᠤᠷᠠᠯᠲᠠ ᠦᠭᠡᠢ ᠨᠥᠬᠥᠪᠥᠷᠢᠯᠡᠵᠦ᠍᠂ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠬᠦᠭᠵᠢᠬᠡᠳᠦᠢ ᠭᠠᠵᠠᠷ ᠣᠷᠣᠨ᠎ᠳᠤ ᠬᠥᠭ᠌ᠵᠢᠯᠲᠡ᠎ᠶᠢᠨ ᠱᠢᠨ᠎ᠡ ᠵᠠᠮ᠎ᠢ ᠨᠡᠭᠡᠭᠡᠵᠡᠢ᠃

《ᠦᠨᠳᠦᠰᠦᠲᠡᠨ᠎ᠦ ᠪᠦᠯᠬᠦᠮᠳᠡᠯ᠎ᠢ ᠴᠢᠩᠭᠠᠳᠭᠠᠨ᠎ᠠ》

— ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠤᠬᠴᠠᠯᠠᠶ᠎ᠠ

ᠥᠪᠥᠷ ᠮᠣᠩᠭᠣᠯ ᠡᠬᠡ ᠤᠯᠤᠰ᠎ᠤᠨ ᠤᠮᠠᠷᠠᠲᠤ᠎ᠳᠤ ᠪᠠᠢᠷᠢᠯᠠᠵᠤ᠂ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠠᠢᠵᠤ᠂ 55 ᠦᠨᠳᠦᠰᠦᠲᠡᠨ ᠬᠠᠮᠳᠦ ᠠᠮᠢᠳᠤᠷᠠᠵᠤ ᠪᠠᠢᠨ᠎ᠠ᠃ 《 ᠥᠪᠥᠷ ᠮᠣᠩᠭᠣᠯ᠎ᠳᠤ ᠠᠪᠴᠤ᠌ ᠬᠡᠯᠡᠪᠡᠯ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ᠎ᠢ ᠬᠠᠮᠠᠭᠠᠯᠠᠬᠤ᠎ᠳᠤ ᠡᠷᠬᠡᠪᠰᠢ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶᠢ ᠪᠡᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠢ》 ᠭᠡᠵᠦ ᠰᠢ ᠵᠢᠨ ᠫᠢᠩ ᠦᠨᠳᠦᠰᠦᠲᠡᠨ᠎ᠦ ᠪᠦᠯᠬᠦᠮᠳᠡᠯ᠎ᠦᠨ ᠥᠪᠥᠷ ᠮᠣᠩᠭᠣᠯ᠎ᠳᠠᠬᠢ ᠴᠢᠬᠤᠯᠠ ᠠᠴᠢ ᠬᠣᠯᠪᠣᠭ᠍ᠳᠠᠯ᠎ᠢ ᠵᠢᠭᠠᠵᠤ ᠭᠠᠷᠭᠠᠪᠠ᠃

ᠶᠡᠷᠦᠩᠬᠡᠢ ᠱᠦᠵᠢ ᠰᠢ ᠵᠢᠨ ᠫᠢᠩ᠂ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠭᠠᠬᠤ᠎ᠶᠢᠨ ᠦᠨᠳᠦᠰᠦ ᠨᠢ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌᠎ᠳᠦ ᠪᠠᠢᠨ᠎ᠠ︔ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠭᠠᠬᠤ᠎ᠶᠢᠨ ᠰᠠᠭᠤᠷᠢ ᠨᠢ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶᠢᠨ ᠬᠥᠮᠦᠵᠢᠯ᠎ᠢ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠦᠨ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ᠎ᠳᠤ ᠪᠠᠢᠨ᠎ᠠ ᠭᠡᠵᠦ ᠴᠢᠬᠤᠯᠠᠴᠢᠯᠠᠪᠠ᠃

ᠳᠦᠷᠢᠮ᠎ᠢ ᠲᠡᠭᠦᠯᠳᠡᠷᠵᠢᠭᠦᠯᠬᠦ᠌᠎ᠡᠴᠡ ᠰᠤᠷᠭᠠᠨ ᠬᠥᠮᠦᠵᠢᠯ᠎ᠢ ᠭᠦᠨᠵᠡᠭᠡᠢᠷᠡᠭᠦᠯᠬᠦ᠌ ᠬᠦᠷᠲᠡᠯ᠎ᠡ᠂ ᠭᠠᠭ᠍ᠴᠠ ᠬᠦ᠌ 《ᠦᠨᠳᠦᠰᠦ 》 ᠵᠢ ᠪᠡᠬᠢᠵᠢᠭᠦᠯᠵᠦ᠍ 《ᠰᠠᠭᠤᠷᠢ》 ᠵᠢ ᠴᠢᠩᠭᠠᠳᠭᠠᠪᠠᠯ ᠰᠠᠶᠢ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠎ᠶᠢ ᠤᠯᠠᠮ ᠭᠦᠨᠵᠡᠭᠡᠢᠷᠡᠭᠦᠯᠵᠦ᠍᠂ ᠦᠨᠳᠦᠰᠦᠲᠡᠨ᠎ᠦ ᠪᠦᠯᠬᠦᠮᠳᠡᠯ᠎ᠦᠨ ᠰᠠᠭᠤᠷᠢ᠎ᠶᠢ ᠤᠯᠠᠮ ᠪᠡᠬᠢᠵᠢᠭᠦᠯᠵᠦ᠍ ᠴᠢᠳᠠᠨ᠎ᠠ᠃

2021 ᠣᠨ᠎ᠳᠤ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠵᠤ᠂ 《ᠬᠠᠮᠲᠤ᠎ᠪᠠᠷ ᠪᠦᠯᠬᠦᠮᠳᠡᠨ ᠲᠡᠮᠡᠴᠡᠬᠦ᠌᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶᠢᠨ ᠲᠣᠭᠣᠷᠢᠨ᠎ᠳᠤ᠂ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ᠎ᠡᠴᠡ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ᠎ᠡᠴᠡ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ᠎ᠨᠦᠭᠦᠳ ᠴᠦ᠍ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ》 ᠭᠡᠵᠦ᠍ ᠴᠢᠬᠤᠯᠠᠴᠢᠯᠠᠪᠠ᠃

ᠥᠨᠥᠳᠦᠷ᠂ ᠶᠡᠷᠦᠩᠬᠡᠢ ᠱᠦᠵᠢ《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠵᠤ》᠂ ᠠᠭᠤᠤ ᠶᠡᠬᠡ ᠡᠭᠡ ᠤᠯᠤᠰ᠎ᠢᠶᠠᠨ ᠬᠠᠮᠲᠤ᠎ᠪᠠᠷ ᠪᠦᠳᠦᠭᠡᠨ ᠪᠠᠢᠭᠤᠯᠵᠤ᠂ ᠰᠠᠢ᠌ᠨ ᠰᠠᠢᠬᠠᠨ ᠠᠮᠢᠳᠤᠷᠠᠯ᠎ᠢᠶᠠᠨ ᠬᠠᠮᠲᠤ᠎ᠪᠠᠷ ᠴᠣᠭ᠍ᠴᠠᠯᠠᠬᠤ ᠬᠡᠷᠡᠭ᠌ᠲᠡᠢ ᠭᠡᠵᠦ᠍ ᠳᠠᠬᠢᠨᠲᠠ ᠴᠢᠬᠤᠯᠠᠴᠢᠯᠠᠪᠠ᠃

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠦᠢᠯᠡᠳᠦᠯᠭᠡ᠎ᠶᠢᠨ ᠳᠤᠮᠳᠠ ᠦᠨᠳᠦᠰᠦᠲᠡᠨ᠎ᠨᠦᠭᠦᠳ᠎ᠦᠨ ᠤᠶᠤᠨ ᠰᠠᠨᠠᠭᠠᠨ᠎ᠤ ᠬᠣᠯᠪᠣᠭᠠᠰᠤ᠎ᠶᠢ ᠪᠠᠲᠤ ᠴᠣᠭ᠍ᠴᠠᠯᠠᠵᠤ᠂ ᠦᠨᠳᠦᠰᠦᠲᠡᠨ᠎ᠨᠦᠭᠦᠳ᠎ᠢ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠬᠤ ᠪᠣᠯᠭᠠᠬᠤ ᠬᠡᠷᠡᠭ᠌ᠲᠡᠢ᠃

ᠭᠡᠷᠡᠯ ᠰᠠᠴᠤᠷᠠᠩᠭᠤᠢ ᠲᠡᠦᠬᠡ ᠪᠣᠯ ᠦᠨᠳᠦᠰᠦᠲᠡᠨ᠎ᠨᠦᠭᠦᠳ᠎ᠦᠨ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠱᠢᠨ᠎ᠡ ᠭᠡᠷᠡᠯ ᠰᠠᠴᠤᠷᠠᠩᠭᠤᠢ ᠦᠢᠯᠡᠰ ᠴᠦ᠍ ᠦᠨᠳᠦᠰᠦᠲᠡᠨ᠎ᠨᠦᠭᠦᠳ᠎ᠦᠨ ᠦᠷᠭᠦᠯᠵᠢᠯᠡᠨ ᠪᠦᠯᠬᠦᠮᠳᠡᠨ ᠲᠡᠮᠡᠴᠡᠬᠦ᠌᠎ᠶᠢ ᠱᠠᠭᠠᠷᠳᠠᠵᠤ ᠪᠠᠢᠨ᠎ᠠ᠃

《ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠢᠷᠠᠭᠤ ᠠᠯᠳᠠᠷ ᠪᠠ ᠢᠴᠢᠬᠦᠷᠢ ᠭᠤᠳᠤᠮᠰᠢᠭ᠎ᠢᠶᠠᠨ ᠬᠠᠮᠲᠤᠳᠭᠠᠬᠤ᠂ ᠦᠬᠦᠵᠦ᠍ ᠰᠡᠬᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶᠢᠨ ᠴᠣᠭ᠍ᠴᠠ᠎ᠶᠢᠨ ᠣᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠦᠵᠡᠯ ᠰᠠᠨᠠᠭᠠᠨ᠎ᠤ ᠰᠠᠭᠤᠷᠢ᠎ᠶᠢ ᠲᠠᠰᠤᠷᠠᠯᠲᠠ ᠦᠭᠡᠢ ᠪᠡᠬᠢᠵᠢᠭᠦᠯᠬᠦ᠌ ᠬᠡᠷᠡᠭ᠌ᠲᠡᠢ》 ᠭᠡᠵᠦ ᠶᠡᠷᠦᠩᠬᠡᠢ ᠱᠦᠵᠢ ᠰᠢ ᠵᠢᠨ ᠫᠢᠩ 《 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ》ᠪᠡᠷ ᠤᠯᠤᠰ ᠪᠠ ᠦᠨᠳᠦᠰᠦᠲᠡᠨ᠎ᠦ ᠰᠠᠢ᠌ᠨ ᠰᠠᠢᠬᠠᠨ ᠢᠷᠡᠭᠡᠳᠦᠢ᠎ᠶᠢ ᠵᠢᠷᠤᠭ᠍ᠯᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面