2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-07 11:35:35

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

3ᠰᠠᠷ᠎ᠠ᠎ᠶ᠋ᠢᠨ 5 ᠎ᠤ ᠡᠳᠦᠷ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤᠶᠡᠷᠦᠩᠬᠡᠶ ᠰᠠᠢᠳ ᠯᠢ ᠺᠧ ᠴᠢᠶᠠᠩ ᠲᠥᠷᠥ᠎ᠶ᠋ᠢᠨ ᠶᠠᠪᠤᠳᠠᠯ᠎ᠤᠨ᠎ᠬᠤᠷᠢᠶ᠎ᠠ᠎ᠵᠢ᠎ᠲᠦᠯᠦᠭᠡᠯᠡᠨ᠂᠎ᠠᠷᠪᠠᠨ᠎ᠭᠤᠷᠪᠠᠳᠤᠭᠠᠷ᠎ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨᠲᠠᠪᠤᠳᠤᠭᠠᠷ ᠬᠤᠷᠠᠯ᠎ᠳᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠬᠢᠪᠠ᠃ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠭᠤᠷᠪᠠᠨ ᠬᠡᠦᠬᠡᠳ ᠠᠪᠴᠤ᠌ ᠪᠣᠯᠬᠤ ᠲᠥᠷᠥ᠎ᠶ᠋ᠢᠨᠪᠣᠳᠣᠯᠭ᠎ᠠ᠎ᠶ᠋ᠢᠨ ᠢᠵᠢ ᠪᠥᠷᠢᠳᠦᠭ᠌ᠰᠡᠨ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ 3ᠨᠠᠰᠤᠨ᠎ᠠᠴᠠ ᠳᠣᠷᠣᠭ᠍ᠰᠢᠬᠢ ᠨᠢᠯᠬ᠎ᠠ ᠬᠡᠦᠬᠡᠳ᠎ᠢ ᠬᠠᠷᠠᠵᠤ ᠬᠠᠷᠠᠭᠠᠯᠵᠠᠬᠤ ᠵᠠᠷᠤᠳᠠᠯ᠎ᠢ ᠬᠤᠪᠢ ᠬᠥᠮᠦᠨ᠎ᠦᠠᠱᠢᠭ ᠣᠷᠣᠯᠭ᠎ᠠ᠎ᠶ᠋ᠢᠨ ᠭᠠᠢᠯᠢ᠎ᠶ᠋ᠢᠨ ᠲᠤᠰᠭᠠᠶ ᠵᠦᠢᠯ᠎ᠤᠨ ᠨᠡᠮᠡᠯᠲᠡ ᠰᠠᠭᠤᠳᠭᠠᠯ᠎ᠳᠤ ᠣᠷᠣᠭᠤᠯᠵᠤ᠂ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶ᠋ᠯᠡᠴᠢᠯᠡᠭᠡ᠎ᠶ᠋ᠢ ᠬᠥᠭ᠌ᠵᠢᠭᠦᠯᠵᠦ᠍᠂ ᠬᠡᠷᠪᠦᠯᠢ᠎ᠶ᠋ᠢᠨ ᠠᠰᠠᠷᠠᠨ ᠬᠥᠮᠦᠵᠢᠭᠦᠯᠬᠦ᠌ ᠳᠠᠷᠤᠭᠠᠰᠤ᠎ᠶ᠋ᠢ ᠬᠥᠩᠭᠡᠷᠡᠭᠦᠯᠦᠨ᠎ᠡ ᠬᠡᠵᠤ ᠲᠤᠷᠠᠳᠪᠠ᠃

ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ᠎ᠶ᠋ᠢᠨ ᠡᠭᠦᠨ᠎ᠡᠴᠡ ᠡᠮᠦᠨᠡᠬᠢᠮᠡᠳᠡᠭᠡ᠎ᠶ᠋ᠢ ᠦᠨᠳᠦᠰᠦᠯᠡᠪᠡᠯ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠪᠢ ᠬᠥᠮᠦᠨ᠎ᠦ ᠠᠱᠢᠭᠣᠷᠣᠯᠭ᠎ᠠ᠎ᠶ᠋ᠢᠨ ᠭᠠᠢᠯᠢ᠎ᠶ᠋ᠢᠨ ᠬᠠᠤᠯᠢ》 ᠪᠣᠯᠤᠨ《ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠪᠢ ᠬᠥᠮᠦᠨ᠎ᠦ ᠠᠱᠢᠭ ᠣᠷᠣᠯᠭ᠎ᠠ᠎ᠶ᠋ᠢᠨᠭᠠᠢᠯᠢ᠎ᠶ᠋ᠢᠨ ᠲᠤᠰᠭᠠᠶ ᠵᠦᠶ᠋ᠯ᠎ᠦᠨ ᠨᠡᠮᠡᠯᠲᠡ ᠰᠠᠭᠤᠳᠭᠠᠯ᠎ᠢ ᠲᠦᠷ ᠬᠡᠷᠡᠭ᠌ᠵᠢᠭᠦᠯᠬᠦ᠌ ᠠᠷᠭ᠎ᠠ᠎ᠶ᠋ᠢᠳᠠᠷᠤᠮᠠᠯᠯᠠᠨ ᠲᠠᠷᠬᠠᠭᠠᠬᠤ ᠲᠤᠬᠠᠶ ᠮᠡᠳᠡᠭ᠌ᠳᠡᠯ》 (ᠲᠥᠷᠥ᠍ ᠵᠢᠨ ᠶᠠᠪᠤᠳᠠᠯ᠎ᠤᠨ ᠬᠤᠷᠢᠶ᠎ᠠ ᠴᠠᠬᠢᠯᠭᠠᠨ ᠮᠡᠳᠡᠭᠡ ᠲᠠᠷᠬᠠᠭᠠᠭ᠍ᠰᠠᠨ 〔2018〕 41ᠳ᠋ᠤᠭᠡᠷ ᠲᠣᠭᠠᠲᠤ ) ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ 《ᠬᠤᠪᠢ ᠬᠥᠮᠦᠨ᠎ᠦ ᠠᠱᠢᠭ ᠣᠷᠣᠯᠭ᠎ᠠ᠎ᠶ᠋ᠢᠨᠭᠠᠢᠯᠢ᠎ᠶ᠋ᠢᠨ ᠲᠤᠰᠭᠠᠶ ᠵᠦᠶ᠋ᠯ᠎ᠦᠨ ᠨᠡᠮᠡᠯᠲᠡ ᠰᠠᠭᠤᠳᠭᠠᠯ᠎ᠢ ᠬᠡᠷᠡᠭ᠌ᠵᠢᠭᠦᠯᠬᠦ᠌ ᠠᠷᠭ᠎ᠠ ( ᠲᠤᠷᠱᠢᠨᠬᠡᠷᠡᠭ᠌ᠵᠢᠭᠦᠯᠬᠦ᠌ ) 》ᠶ᠋ᠢ ᠲᠣᠭ᠍ᠲᠠᠭᠠᠪᠠ᠃ ᠡᠳᠦᠭᠡ ᠨᠡᠢᠲᠡᠯᠡᠵᠦ᠍᠂2019 ᠣᠨ᠎ᠤ 1 ᠰᠠᠷ᠎ᠠ᠎ᠶ᠋ᠢᠨ 1 ᠎ᠦ ᠡᠳᠦᠷ᠎ᠡᠴᠡ ᠡᠬᠢᠯᠡᠨ ᠬᠡᠷᠡᠭ᠌ᠵᠢᠭᠦᠯᠦᠨ᠎ᠡ᠃ ᠭᠠᠢᠯᠢ ᠲᠤᠱᠢᠶᠠᠭ᠍ᠴᠢ ᠦᠷ᠎ᠡᠬᠡᠦᠬᠡᠳ᠎ᠦᠨ ᠰᠤᠷᠭᠠᠨ ᠬᠥᠮᠦᠵᠢᠯ᠂ ᠦᠷᠭᠦᠯᠵᠢᠯᠡᠭ᠌ᠰᠡᠨ ᠰᠤᠷᠭᠠᠨ ᠬᠥᠮᠦᠵᠢᠯ᠂ ᠬᠦᠨᠳᠦ ᠡᠪᠡᠳᠴᠢᠨ᠎ᠦᠡᠮᠴᠢᠯᠡᠭᠡ᠂ ᠣᠷᠣᠨ ᠰᠠᠭᠤᠴᠠ᠎ᠶ᠋ᠢᠨ ᠵᠢᠭᠡᠯᠡᠯᠭᠡ᠎ᠶ᠋ᠢᠨ ᠬᠦᠦ ᠮᠥᠩᠭᠥ᠌ ᠪᠤᠶᠤ ᠣᠷᠣᠨ ᠰᠠᠭᠤᠴᠠ᠎ᠶ᠋ᠢᠨᠲᠦᠷᠢᠶᠡᠰᠦᠨ ᠮᠥᠩᠭᠥ᠌᠂ ᠨᠠᠰᠤᠲᠠᠨ᠎ᠢᠶᠠᠨ ᠠᠰᠠᠷᠠᠨ ᠲᠡᠵᠢᠭᠡᠬᠦ᠌ ᠲᠤᠰᠭᠠᠶ ᠵᠦᠶ᠋ᠯ᠎ᠦᠨ ᠨᠡᠮᠡᠯᠲᠡ ᠰᠠᠭᠤᠳᠭᠠᠯᠭᠥᠷᠳᠡᠪᠡᠯ᠂ ᠲᠣᠰ ᠠᠷᠭ᠎ᠠ᠎ᠶ᠋ᠢᠨ ᠲᠣᠭ᠍ᠲᠠᠭᠠᠯ ᠶᠣᠰᠣᠭᠠᠷ ᠭᠦᠶ᠋ᠴᠡᠳᠭᠡᠨ᠎ᠡ᠃

ᠡᠭᠦᠨ᠎ᠳᠦ ᠦᠷ᠎ᠡ ᠬᠡᠦᠬᠡᠳ᠎ᠦᠨ ᠰᠤᠷᠭᠠᠨ ᠬᠥᠮᠦᠵᠢᠯ᠎ᠦᠨ ᠵᠦᠶ᠋ᠯ᠎ᠳᠦ᠂ ᠭᠠᠢᠯᠢᠲᠤᠱᠢᠶᠠᠭ᠍ᠴᠢ᠎ᠶ᠋ᠢᠨ ᠲᠣᠭ᠍ᠲᠠᠭᠠᠯ᠎ᠳᠤ ᠨᠡᠢᠴᠡᠬᠦ᠌ ᠲᠤᠰᠭᠠᠶ ᠵᠦᠶ᠋ᠯ᠎ᠦᠨ ᠨᠡᠮᠡᠯᠲᠡ ᠰᠠᠭᠤᠳᠭᠠᠯᠭᠥᠷᠳᠡᠬᠦ᠌᠎ᠶ᠋ᠢ ᠪᠤᠳᠤᠬᠤ ᠴᠠᠭ ᠬᠤᠭᠤᠴᠠᠭ᠎ᠠ᠎ᠨᠢ᠄ ᠰᠤᠷᠭᠠᠭᠤᠯᠢᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨᠱᠠᠲᠤ ᠦᠶ᠎ᠡ ᠪᠣᠯ ᠦᠷ᠎ᠡ ᠬᠡᠦᠬᠡᠳ᠎ᠦᠨ ᠪᠦᠬᠦᠯᠢ 3 ᠨᠠᠰᠤ ᠬᠦᠷᠦᠭ᠌ᠰᠡᠨ ᠲᠤᠰᠰᠠᠷ᠎ᠠ᠎ᠠᠴᠠ ᠪᠠᠭ᠎ᠠ ᠰᠤᠷᠭᠠᠭᠤᠯᠢ᠎ᠳᠤ ᠣᠷᠣᠬᠤ᠎ᠠᠴᠠ ᠡᠮᠦᠨᠡᠬᠢ ᠨᠢᠭᠡ ᠰᠠᠷ᠎ᠠ ᠪᠣᠯᠤᠨ᠎ᠠ᠃ ᠰᠤᠷᠤᠯᠭ᠎ᠠ᠎ᠶ᠋ᠢᠨᠨᠠᠮᠲᠠᠷ᠎ᠤᠨ ᠰᠤᠷᠭᠠᠨ ᠬᠥᠮᠦᠵᠢᠯ᠂ ᠦᠷ᠎ᠡ ᠬᠡᠦᠬᠡᠳ᠎ᠦᠨ ᠪᠦᠬᠦᠯᠢ ᠡᠳᠦᠷ᠎ᠦᠨ ᠳᠦᠷᠢᠮᠲᠦ ᠰᠤᠷᠤᠯᠭ᠎ᠠ᠎ᠶ᠋ᠢᠨᠨᠠᠮᠲᠠᠷ᠎ᠤᠨ ᠰᠤᠷᠭᠠᠨ ᠬᠥᠮᠦᠵᠢᠯ ᠭᠥᠷᠳᠡᠵᠦ᠍ ᠰᠤᠷᠭᠠᠭᠤᠯᠢ᠎ᠳᠤ ᠤᠷᠤᠭ᠍ᠰᠠᠨ ᠲᠣᠰ ᠰᠠᠷ᠎ᠠ᠎ᠠᠴᠠ ᠪᠦᠬᠦᠯᠢ ᠡᠳᠦᠷ᠎ᠦᠨᠳᠦᠷᠢᠮᠲᠦ ᠰᠤᠷᠤᠯᠭ᠎ᠠ᠎ᠶ᠋ᠢᠨ ᠨᠠᠮᠲᠠᠷ᠎ᠤᠨ ᠰᠤᠷᠭᠠᠨ ᠬᠥᠮᠦᠵᠢᠯ ᠳᠠᠭᠤᠰᠤᠭ᠍ᠰᠠᠨ ᠲᠣᠰ ᠰᠠᠷ᠎ᠠ ᠬᠦᠷᠲᠡᠯ᠎ᠡ ᠬᠦᠢᠴᠡᠳᠭᠡᠨ᠎ᠠ ᠬᠡᠰᠡᠨ ᠪᠠᠢᠨ᠎ᠠ᠃

ᠢᠷᠡᠯᠳᠡ᠄ ᠰᠢᠨᠬᠤᠸᠨ ᠰᠦᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面