2022-03-08 09:31:45
ᠸᠠᠩ ᠶᠠᠩ ᠬᠤᠷᠠᠯ ᠳᠤ ᠣᠷᠣᠯᠴᠠᠵᠠᠢ 12 ᠭᠡᠱᠢᠭᠦᠨ ᠶᠡᠬᠡ ᠬᠤᠷᠠᠯ᠎ᠳᠤ ᠦᠭᠡ ᠬᠡᠯᠡᠪᠡ
ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ 7 ᠤ᠋ ᠦᠳᠡ᠎ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠤᠳᠠᠭ᠎ᠠ ᠵᠢᠨ ᠪᠦᠬᠦᠳᠡ ᠬᠤᠷᠠᠯ ᠬᠢᠪᠡ᠃ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠶᠠᠩ ᠬᠤᠷᠠᠯ᠎ᠳᠤ ᠣᠷᠣᠯᠴᠠᠵᠠᠢ᠃ 12 ᠭᠡᠱᠢᠭᠦᠨ ᠶᠡᠬᠡ ᠬᠤᠷᠠᠯ ᠳᠡᠭᠡᠷ᠎ᠡ ᠦᠭᠡ ᠬᠡᠯᠡᠪᠡ᠃
ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢᠳ ᠰᠦᠨ ᠴᠦᠨ ᠯᠠᠨ᠂ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠲᠥᠪ᠎ᠦᠨ ᠤᠬᠠᠭᠤᠯᠬᠤ ᠬᠡᠯᠲᠡᠰ᠎ᠦᠨ ᠳᠠᠷᠤᠭ᠎ᠠ ᠬᠤᠸᠠᠩ ᠺᠦᠨ ᠮᠢᠩ ᠵᠢᠴᠢ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠥᠪ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠤᠷᠢᠯᠭ᠎ᠠ᠎ᠪᠠᠷ ᠬᠤᠷᠠᠯ᠎ᠳᠤ ᠣᠷᠣᠯᠴᠠᠵᠤ ᠭᠡᠰᠢᠬᠦᠳ᠎ᠤᠨ ᠭᠡᠯᠡᠬᠦ ᠵᠢ ᠰᠣᠨᠣᠰᠴᠠᠢ᠃
ᠭᠸ ᠬᠤᠢ ᠵᠢᠶᠦ᠋ᠨ ᠭᠡᠱᠢᠭᠦᠨ᠂ ᠡᠨᠡ ᠵᠢᠯ ᠳᠤᠮᠳᠠᠳᠤ ᠤᠯᠤᠰ᠎ᠤᠨ ᠡᠪ ᠬᠠᠮᠲᠤ ᠨᠠᠮ ᠬᠣᠷᠢᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠬᠤᠷᠠᠯᠳᠤᠭᠤᠯᠤᠨ᠎ᠠ᠂ ᠡᠨᠡ ᠪᠣᠯ ᠨᠠᠮ ᠪᠣᠯᠤᠨ ᠤᠯᠤᠰ᠎ᠤᠨ ᠤᠯᠤᠰ ᠲᠦᠷᠦ᠍᠎ᠶ᠋ᠢᠨ ᠠᠮᠢᠳᠤᠷᠠᠯ ᠳᠤᠮᠳᠠᠬᠢ ᠨᠢᠭᠡᠨ ᠲᠤᠮᠤ ᠶᠠᠪᠤᠳᠠᠯ᠂ ᠴᠢᠬᠤᠯᠠ ᠶᠠᠪᠤᠳᠠᠯ᠂ ᠪᠠᠶᠠᠷᠳᠤ ᠶᠠᠪᠤᠳᠠᠯ ᠪᠣᠯᠤᠨ᠎ᠠ᠃ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠣᠯᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯᠲᠠᠳ《ᠬᠣᠶᠠᠷ᠎ᠢ ᠲᠣᠭ᠍ᠲᠠᠭᠠᠬᠤ》 ᠶ᠋ᠢᠨ ᠱᠢᠶ᠋ᠳᠪᠦᠷᠢᠯᠡᠭ᠌ᠴᠢ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠴᠣᠭ ᠪᠠᠳᠠᠷᠠᠩᠭᠤᠶ ᠣᠶᠤᠨ ᠰᠠᠨᠠᠭᠠᠨ᠎ᠤ ᠳᠦᠷᠰᠦ ᠪᠠᠢᠳᠠᠯ ᠪᠣᠯᠤᠨ ᠡᠭᠦᠷᠭᠡ ᠲᠤᠱᠢᠶᠠᠯ᠎ᠢᠶᠠᠨ ᠭᠦᠶ᠋ᠴᠡᠳᠭᠡᠬᠦ᠌ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠢᠮᠠᠭ᠍ᠲᠠ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠰᠠᠭᠤᠷᠢ᠎ᠶ᠋ᠢᠨ ᠡᠷᠡᠰ ᠪᠠᠲᠤ ᠴᠣᠭ᠍ᠴᠠᠯᠠᠭ᠍ᠴᠢ᠂ ᠨᠡᠢᠭᠡᠮ ᠵᠢᠷᠤᠮ᠎ᠤᠨ ᠵᠥᠪᠯᠡᠬᠦ᠌ ᠠᠷᠠᠳᠴᠢᠯᠠᠯ᠎ᠤᠨ ᠦᠨᠡᠨᠴᠢ ᠱᠢᠳᠤᠷᠭᠤ ᠦᠶ᠋ᠯᠡᠳᠦᠯᠭᠡᠵᠢᠭᠦᠯᠦᠭ᠌ᠴᠢ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠴᠥᠬᠥᠷᠡᠰᠢ ᠥᠬᠡᠶ ᠲᠡᠮᠡᠴᠡᠭ᠌ᠴᠢ ᠪᠣᠯᠵᠣ᠂ ᠡᠭᠦᠷᠭᠡ ᠬᠠᠷᠢᠭᠤᠴᠠᠯᠭ᠎ᠠ᠎ᠪᠠᠨ ᠴᠢᠨᠠᠷ ᠰᠠᠢᠲᠠᠶ ᠭᠦᠶ᠋ᠴᠡᠳᠭᠡᠬᠦ᠌᠎ᠪᠡᠷ ᠨᠠᠮ ᠪᠣᠯᠤᠨ ᠠᠷᠠᠳ ᠲᠦᠮᠡᠨ᠎ᠳᠦ ᠬᠠᠨᠤᠮᠵᠢᠲᠠᠶ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ ᠭᠡᠷᠡᠭᠲᠡᠢ ᠭᠡᠵᠤ ᠬᠡᠯᠡᠪᠡ᠃
ᠸᠠᠩ ᠢ ᠮᠢᠩ ᠭᠡᠱᠢᠭᠦᠨ᠂ ᠳᠤᠮᠳᠠᠳᠤ ᠤᠯᠤᠰ᠎ᠤᠨ ᠠᠵᠤ ᠠᠬᠤᠢ《ᠲᠣᠭ᠍ᠲᠠᠭᠤᠨ ᠪᠠᠢᠯᠭᠠᠬᠤ》ᠵᠢᠱ᠌ᠢᠯᠳᠠ ᠲᠠᠢ《ᠤᠷᠤᠬᠰᠢᠯᠡᠨ ᠲᠠᠪᠰᠢᠬᠤ》 ᠬᠦᠳᠡᠯᠭᠡᠬᠦ ᠡᠨ᠋ᠸᠷᠬᠢ ᠲᠠᠢ᠂ ᠳᠠᠷᠤᠯᠲᠠ᠎ᠶ᠋ᠢᠨ ᠳᠣᠣᠷ᠎ᠠ ᠤᠶᠠᠨ ᠬᠠᠳᠠᠨ ᠴᠢᠨᠠᠷ᠎ᠢᠶᠠᠨ ᠢᠯᠡᠷᠡᠭᠦᠯᠵᠦ᠍᠂ ᠥᠷᠢᠰᠥᠯᠳᠦᠭᠡᠨ᠎ᠦ ᠳᠤᠮᠳᠠ ᠠᠵᠠ ᠲᠣᠬᠢᠶᠠᠯ᠎ᠢ ᠪᠤᠢ ᠪᠣᠯᠭᠠᠵᠤ᠂ ᠬᠤᠪᠢᠷᠠᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠡᠭᠦᠳᠴᠦ᠍᠂ ᠤᠷᠳᠤ ᠬᠤᠭᠤᠴᠠᠭ᠎ᠠ᠎ᠪᠠᠷ ᠰᠠᠢᠵᠢᠷᠠᠬᠤ ᠦᠨᠳᠦᠰᠦᠨ ᠪᠠᠢᠳᠠᠯ ᠬᠤᠪᠢᠷᠠᠭ᠍ᠰᠠᠨ ᠦᠭᠡᠢ᠃ ᠢᠲᠡᠭᠡᠯ ᠵᠣᠷᠢᠭ᠎ᠢᠶᠠᠨ ᠪᠠᠲᠤᠳᠭᠠᠵᠤ᠂ ᠤᠶᠤᠨ ᠤᠬᠠᠭᠠᠨ ᠬᠦᠴᠦᠨ ᠴᠢᠳᠠᠯ᠎ᠢᠶᠠᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠳᠡᠭ ᠯᠡ ᠶᠤᠮ ᠪᠣᠯ ᠳᠤᠮᠳᠠᠳᠤ ᠤᠯᠤᠰ᠎ᠤᠨ ᠠᠵᠤ ᠠᠬᠤᠢ ᠵᠢᠨ ᠡᠨᠡ ᠬᠦ᠌ ᠲᠤᠮᠤ ᠬᠥᠯᠭᠡ ᠣᠩᠭᠣᠴᠠ ᠯᠠᠪᠲᠠᠢ ᠯᠠᠪᠳᠠᠭᠤᠨ᠎ᠢᠶᠠᠷ ᠬᠤᠯᠠ ᠠᠶᠠᠯᠠᠬᠤ ᠶᠤᠮ ᠭᠡᠵᠤ ᠬᠡᠯᠡᠪᠡ᠃
ᠸᠠᠩ ᠬᠣᠩ ᠭᠡᠱᠢᠭᠦᠨ᠂ ᠲᠤᠮᠳᠠᠳᠤ ᠤᠯᠤᠰ᠎ᠤᠨ ᠭᠣᠮᠢᠨᠳᠠᠩ᠎ᠤᠨ ᠬᠤᠪᠢᠰᠭᠠᠯᠲᠤ ᠬᠣᠷᠢᠶᠠᠨ᠎ᠤ ᠲᠥᠪ ᠬᠣᠷᠢᠶ᠎ᠠ᠎ᠶ᠋ᠢ ᠲᠥᠯᠥᠭᠡᠯᠡᠨ᠂ ᠬᠥᠳᠡᠭᠡ ᠲᠣᠰᠭᠣᠨ᠎ᠤ ᠠᠵᠤ ᠦᠢᠯᠡᠰ᠎ᠢ ᠪᠤᠵᠠᠭᠠᠢᠷᠠᠭᠤᠯᠬᠤ ᠨᠢ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢᠨ ᠬᠡᠷᠡᠭ᠌ᠴᠡᠭᠡ ᠪᠣᠯᠬᠤ᠎ᠪᠦᠭᠡᠳ ᠨᠡᠩ ᠴᠤ᠌ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠ ᠬᠥᠳᠡᠭᠡ ᠲᠣᠰᠭᠣᠨ᠎ᠢ ᠦᠷᠭᠦᠯᠵᠢᠯᠡᠨ ᠬᠥᠭ᠌ᠵᠢᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠪᠣᠯᠤᠨ᠎ᠠ᠃ ᠬᠥᠳᠡᠭᠡ ᠲᠣᠰᠭᠣᠨ᠎ᠤ ᠣᠨᠴᠠᠯᠢᠭ᠎ᠢᠶᠠᠷ ᠰᠠᠭᠤᠷᠢ ᠪᠣᠯᠭᠠᠭ᠍ᠰᠠᠨ᠂ ᠬᠤᠳᠠ ᠬᠥᠳᠡᠭᠡ᠎ᠶ᠋ᠢᠨ ᠠᠭᠤᠰᠤᠯᠴᠠᠯ᠎ᠢᠶᠠᠷ ᠠᠬᠢᠭᠤᠯᠤᠯ ᠪᠣᠯᠭᠠᠭ᠍ᠰᠠᠨ᠂ ᠲᠠᠷᠢᠶᠠᠴᠢᠳ᠎ᠤᠨ ᠦᠢᠯᠡᠰ ᠪᠤᠰᠭᠠᠬᠤ᠎ᠪᠠᠷ ᠭᠠᠷᠳᠠᠴᠠ ᠪᠣᠯᠭᠠᠭ᠍ᠰᠠᠨ ᠬᠥᠳᠡᠭᠡ ᠲᠣᠰᠭᠣᠨ᠎ᠤ ᠠᠵᠤ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠵᠤ᠂ ᠠᠵᠤ ᠦᠢᠯᠡᠰ᠎ᠦᠨ ᠰᠠᠭᠤᠷᠢ᠎ᠶ᠋ᠢ ᠪᠡᠬᠢᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠪᠡᠯ ᠵᠤᠬᠢᠨ᠎ᠠ ᠭᠡᠵᠤ ᠬᠡᠯᠡᠪᠡ᠃
ᠭᠤᠤ ᠫᠸᠢ ᠶᠦᠩ ᠭᠡᠱᠢᠭᠦᠨ᠂ ᠪᠦᠬᠦ᠌ ᠠᠷᠠᠳ᠎ᠤᠨ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ᠎ᠳᠤ᠂ ᠦᠷ᠎ᠡ ᠪᠦᠲᠦᠮᠵᠢ ᠪᠣᠯᠤᠨ ᠡᠷᠬᠡ ᠲᠡᠭ᠌ᠰᠢ᠎ᠶ᠋ᠢᠨ ᠬᠠᠷᠢᠴᠠᠭ᠎ᠠ᠎ᠶ᠋ᠢ ᠵᠥᠪ ᠱᠢᠢᠳᠪᠦᠷᠢᠯᠡᠬᠦ᠌ ᠬᠡᠷᠡᠭ᠌ᠲᠡᠢ᠃ ᠪᠣᠭᠣᠷᠰᠣᠭ᠎ᠢ ᠲᠣᠮᠣ ᠬᠢᠭ᠌ᠰᠡᠨ ᠰᠠᠭᠤᠷᠢᠨ ᠳᠡᠭᠡᠷ᠎ᠡ ᠰᠠᠢᠲᠤᠷ ᠬᠤᠪᠢᠶᠠᠵᠤ᠂ ᠠᠵᠠ ᠲᠣᠬᠢᠶᠠᠯ᠎ᠤᠨ ᠡᠷᠭᠡ ᠲᠡᠭᠰᠢ ᠪᠠ ᠶᠠᠪᠤᠴᠠ᠎ᠶ᠋ᠢᠨ ᠡᠷᠭᠡ ᠲᠡᠭᠰᠢ ᠪᠠᠢᠬᠤ᠎ᠶ᠋ᠢ ᠠᠩᠬᠠᠷᠴᠤ᠌᠂ ᠨᠡᠢᠭᠡᠮ ᠵᠢᠷᠤᠮ᠎ᠤᠨ ᠦᠨᠳᠦᠰᠦᠨ ᠠᠵᠤ ᠠᠬᠤᠢ᠎ᠶ᠋ᠢᠨ ᠪᠠᠢᠭᠤᠯᠤᠯ᠎ᠢ ᠪᠠᠷᠢᠮᠲᠠᠯᠠᠵᠤ᠂《ᠬᠣᠶᠠᠷ ᠥᠴᠦᠬᠡᠨ ᠴᠦ᠍ ᠭᠤᠢᠪᠢᠰᠢ ᠦᠭᠡᠢ》 ᠪᠠᠢᠬᠤ᠎ᠶ᠋ᠢ ᠪᠠᠷᠢᠮᠲᠠᠯᠠᠵᠤ᠂ ᠠᠵᠤ ᠠᠬᠤᠢ᠎ᠶ᠋ᠢᠨ ᠬᠥᠭ᠌ᠵᠢᠯᠲᠡ᠂ ᠨᠡᠢᠭᠡᠮ᠎ᠦᠨ ᠳᠠᠪᠱᠢᠯᠲᠠ ᠪᠠ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠴᠠᠭ ᠪᠠ ᠪᠠᠢᠳᠠᠯ᠎ᠢ ᠦᠨᠳᠦᠰᠦᠯᠡᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠲᠣᠭ᠍ᠲᠠᠭᠠᠵᠤ᠂ ᠪᠦᠬᠦ᠌ ᠠᠷᠠᠳ ᠲᠦᠮᠡᠨ᠎ᠦ ᠬᠠᠮᠲᠤ᠎ᠶ᠋ᠢᠨ ᠲᠡᠮᠡᠴᠡᠯ᠎ᠳᠦ ᠲᠦᠱᠢᠭ᠌ᠯᠡᠨ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠬᠡᠷᠡᠭ᠌ᠲᠡᠢ ᠭᠡᠵᠦ ᠬᠡᠯᠡᠪᠡ᠃
ᠯᠢᠦ ᠵᠧᠨ ᠳ᠋ᠦᠩ ᠭᠡᠱᠢᠭᠦᠨ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢ ᠲᠥᠯᠥᠭᠡᠯᠡᠨ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠨᠡᠮᠡᠭ᠌ᠳᠡᠯ᠎ᠢ ᠲᠣᠭ᠍ᠲᠠᠪᠤᠷᠢᠵᠢᠭᠤᠯᠬᠤ ᠳᠤᠮᠳᠠᠬᠢ ᠢᠳᠡᠪᠬᠢᠲᠡᠢ ᠦᠢᠯᠡᠳᠦᠯ᠎ᠢ ᠦᠨᠡᠨ ᠬᠦ᠌ ᠪᠠᠳᠠᠷᠠᠭᠤᠯᠵᠤ᠂ ᠵᠢᠱ᠌ᠢᠭ᠌ᠰᠡᠨ ᠵᠢᠯᠤᠭᠤᠳᠤᠯᠭ᠎ᠠ᠎ᠪᠠᠨ ᠴᠢᠩᠭᠠᠳᠭᠠᠵᠤ᠂ ᠳᠤᠮᠳᠠ ᠪᠠᠭ᠎ᠠ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠲᠦᠭ᠌ᠵᠢᠷᠡᠯ ᠡᠪᠡᠷᠰᠢᠶᠡᠯ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠠᠷᠠᠳ᠎ᠤᠨ ᠪᠡᠯᠡ ᠣᠷᠣᠭᠤᠯᠤᠯᠲᠠ᠎ᠶ᠋ᠢ ᠬᠥᠭ᠌ᠵᠢᠭᠡᠨ ᠵᠢᠷᠤᠮᠵᠢᠭᠤᠯᠵᠤ᠂ ᠡᠷᠬᠡ ᠲᠡᠭ᠌ᠰᠢ᠎ᠪᠡᠷ ᠦᠷᠢᠰᠦᠯᠳᠦᠬᠦ᠌ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠮᠠᠭᠠᠯᠠᠵᠤ᠂ ᠠᠵᠤ ᠠᠬᠤᠢᠯᠠᠯ᠎ᠤᠨ ᠳᠣᠲᠣᠭᠠᠳᠤ ᠡᠵᠡᠮᠳᠡᠯ᠎ᠦᠨ ᠱᠢᠰᠲ᠋ᠧᠮ᠎ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠨᠡᠮᠡᠭ᠌ᠳᠡᠯ᠎ᠦᠨ ᠬᠣᠷᠢᠭ᠎ᠠ ᠱᠤᠭᠤᠮ᠎ᠢ ᠰᠠᠬᠢᠬᠤ ᠬᠡᠷᠡᠭ᠌ᠲᠡᠢ ᠭᠡᠵᠦ ᠬᠡᠯᠡᠪᠡ᠃
ᠴᠧᠨ ᠮᠸᠩ ᠱᠠᠨ ᠭᠡᠱᠢᠭᠦᠨ᠂ ᠤᠯᠤᠰ᠎ᠠᠴᠠ ᠵᠡᠭᠦᠨ ᠬᠣᠢᠲᠤ᠎ᠶ᠋ᠢᠨ ᠲᠠᠯ᠎ᠠ ᠭᠠᠵᠠᠷ᠂ ᠬᠠᠲᠤᠨ ᠭᠤᠤᠯ ᠬᠤᠸᠠᠢᠾᠧ ᠭᠤᠤᠯ ᠬᠠᠶ ᠾᠧ ᠭᠤᠤᠯ᠎ᠤᠨ ᠲᠠᠯ᠎ᠠ ᠭᠠᠵᠠᠷ᠂ ᠬᠥᠬᠡᠮᠥ᠋ᠷᠡᠨ᠎ᠦ ᠳᠤᠮᠳᠠ ᠳᠤᠤᠷᠠᠳᠤ ᠤᠷᠤᠰᠭᠠᠯ᠎ᠤᠨ ᠲᠠᠯ᠎ᠠ ᠭᠠᠵᠠᠷ᠎ᠢ ᠪᠦᠬᠦᠯᠢ ᠴᠣᠭ᠍ᠴᠠ᠎ᠪᠠᠷ ᠪᠠᠢᠷᠢᠱᠢᠭᠤᠯᠵᠤ᠂ ᠥᠨᠳᠥᠷ ᠲᠦᠪᠱᠢᠨ ᠪᠥᠬᠥᠶ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠦ ᠠᠵᠤ ᠦᠶ᠋ᠯᠡᠰ᠎ᠦᠨ ᠪᠦᠰᠡ᠎ᠶ᠋ᠢ ᠤᠷᠢᠳ᠎ᠢᠶᠠᠷ ᠪᠥᠲᠥᠭᠡᠨ ᠪᠠᠢᠭᠤᠯᠵᠤ᠂ ᠠᠮᠤ ᠪᠤᠳᠠᠭᠠᠨ᠎ᠤ ᠶᠡᠷᠦᠩᠬᠡᠢᠯᠡᠭ᠌ᠰᠡᠨ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠶ; ᠠᠮᠤ ᠪᠤᠳᠠᠭ᠎ᠠ᠎ᠶ᠋ᠢ ᠨᠠᠷᠢᠯᠢᠭ ᠪᠣᠯᠪᠠᠰᠤᠷᠠᠭᠤᠯᠬᠤ ᠪᠠ ᠥᠨᠳᠥᠷ ᠪᠦᠲᠦᠮᠵᠢᠲᠡᠢ ᠲᠡᠵᠢᠭᠡᠨ ᠦᠷᠡᠵᠢᠭᠦᠯᠬᠦ᠌᠎ᠶ᠋ᠢ ᠠᠬᠢᠭᠤᠯᠵᠤ᠂ ᠠᠮᠤ ᠪᠤᠳᠠᠭᠠᠨ᠎ᠤ ᠶᠡᠷᠦᠩᠬᠡᠢᠯᠡᠭ᠌ᠰᠡᠨ ᠦᠷ᠎ᠡ ᠠᠱᠢᠭ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ ᠬᠡᠷᠡᠭᠲᠡᠢ; ᠠᠮᠤ ᠪᠤᠳᠠᠭᠠᠨ᠎ᠤ ᠲᠡᠭᠡᠭᠡᠪᠦᠷᠢ᠎ᠶ᠋ᠢᠨ ᠬᠤᠡᠭᠭᠢᠯᠢ ᠪᠦᠳᠦᠭᠡᠨ ᠪᠠᠢᠭᠤᠯᠵᠤ᠂ ᠦᠢᠯᠡᠳᠪᠦᠷᠢᠯᠡᠵᠦ᠍ ᠳᠡᠢᠯᠬᠦ᠌᠂ ᠲᠦᠷᠭᠡᠨ ᠲᠤᠬᠢᠷᠠᠭᠤᠯᠵᠤ ᠳᠡᠢᠯᠬᠦ᠌᠂ ᠬᠠᠩᠭᠠᠵᠤ ᠳᠡᠢᠯᠬᠦ᠌ ᠥᠨᠳᠥᠷ ᠪᠦᠲᠦᠮᠵᠢᠲᠡᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠪᠦᠷᠢᠯᠲᠦᠭᠦᠯᠵᠦ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠦ ᠰᠠᠭᠤᠷᠢ᠎ᠶ᠋ᠢ ᠪᠠᠲᠤ ᠲᠠᠯᠪᠢᠬᠤ ᠭᠡᠷᠡᠭᠲᠡᠢ ᠭᠡᠵᠦ ᠰᠠᠨᠠᠭᠤᠯᠵᠠᠢ᠃
ᠱᠸᠨ ᠨᠠᠨ ᠫᠸᠩ ᠭᠡᠱᠢᠭᠦᠨ᠂ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠪᠠ ᠵᠡᠭᠦᠨ ᠪᠠᠷᠠᠭᠤᠨ ᠣᠷᠣᠨ᠎ᠤ ᠵᠣᠬᠢᠴᠠᠩᠭᠤᠢ ᠬᠥᠭ᠌ᠵᠢᠯᠲᠡ᠎ᠶ᠋ᠢ ᠬᠠᠮᠵᠢᠯᠴᠠᠨ ᠠᠬᠢᠭᠤᠯᠵᠤ᠂ ᠪᠠᠷᠠᠭᠤᠨ ᠣᠷᠣᠨ᠎ᠤ ᠴᠡᠪᠡᠷ ᠡᠨᠧᠷᠭᠢ᠎ᠶ᠋ᠢᠨ ᠳᠠᠪᠠᠭᠤᠯᠢᠭ᠎ᠢ ᠠᠵᠤ ᠠᠬᠤᠢ᠎ᠶ᠋ᠢᠨ ᠳᠠᠪᠠᠭᠤᠯᠢᠭ ᠪᠣᠯᠭᠠᠨᠬᠤᠪᠢᠷᠠᠭᠤᠯᠬᠤᠬᠡᠷᠡᠭ᠌ᠲᠡᠢ;ᠣᠷᠣᠨᠠᠯᠤᠰᠯᠠᠭ᠍ᠰᠠᠨᠲᠠᠬᠢᠯᠳᠠᠡᠨᠧᠷᠭᠢᠶ᠋ᠢᠨ ᠲᠣᠬᠢᠷᠠᠭᠤᠯᠤᠯᠲᠠ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭᠲᠡᠢ; ᠨᠢᠭᠡᠴᠢ ᠵᠢᠨ GDP ᠵᠢᠨ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ ᠪᠡᠷ ᠠᠵᠤ ᠦᠢᠯᠡᠰ᠎ᠢ ᠵᠠᠯᠭᠠᠨ ᠵᠣᠯᠭᠠᠭᠤᠯᠬᠤ ᠱᠢᠨ᠎ᠡ ᠬᠡᠮᠵᠢᠭᠦᠷ ᠪᠣᠯᠭᠠᠵᠤ᠂ ᠴᠡᠪᠡᠷ ᠡᠨᠧᠷᠭᠢ᠎ᠶ᠋ᠢᠨ ᠠᠵᠤ ᠦᠢᠯᠡᠰ᠎ᠢ ᠪᠠᠷᠠᠭᠤᠨ ᠣᠷᠣᠨ᠎ᠤ ᠲᠤᠬᠠᠢ ᠵᠢᠨ ᠭᠠᠵᠠᠷ ᠣᠢᠷ᠎ᠠ ᠬᠠᠪᠢᠳ᠋ᠤᠨᠢ ᠪᠤᠵᠠᠭᠠᠢᠷᠠᠭᠤᠯᠬᠤ ᠬᠡᠷᠡᠭᠲᠡᠢ; ᠨᠡᠭᠦᠷᠡᠰᠦᠲᠥ᠋ᠷᠥᠭ᠌ᠴᠢ᠎ᠶ᠋ᠢᠨ ᠬᠤᠪᠢ ᠨᠡᠮᠡᠷᠢ᠎ᠶ᠋ᠢᠨ ᠬᠡᠮᠵᠢᠶᠡᠵᠢᠯᠲᠡ ᠪᠠ ᠨᠥᠬᠥᠪᠥᠷᠢ᠎ᠶ᠋ᠢ ᠪᠣᠳᠠᠲᠠᠢᠵᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠪᠠᠷᠢᠯ᠎ᠢᠶᠠᠷ ᠪᠣᠬᠢᠷᠲᠤᠯ ᠦᠭᠡᠢ ᠪᠠᠢᠯᠭᠠᠬᠤ ᠪᠥᠭᠡᠳ ᠠᠰᠢᠭ ᠬᠦᠷᠲᠡᠬᠦ ᠵᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃
ᠬᠤᠸᠠᠩ ᠵᠧᠨ ᠭᠡᠱᠢᠭᠦᠨ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠲᠥᠪ ᠬᠣᠷᠢᠶ᠎ᠠ᠎ᠶ᠋ᠢ ᠲᠥᠯᠥᠭᠡᠯᠡᠨ᠂ 《ᠬᠣᠶᠠᠷ᠎ᠢ ᠬᠦᠩᠭᠡᠷᠡᠭᠦᠯᠬᠦ》ᠲᠦᠷᠦ᠍᠎ᠶ᠋ᠢᠨ ᠪᠤᠳᠤᠯᠭ᠎ᠠ ᠪᠣᠯ ᠰᠤᠷᠭᠠᠨ ᠬᠥᠮᠦᠵᠢᠯ᠎ᠦᠨ ᠡᠷᠬᠡ ᠲᠡᠭ᠌ᠰᠢ᠎ᠶ᠋ᠢ ᠪᠠᠲᠤᠯᠠᠬᠤ ᠴᠢᠬᠤᠯᠠ ᠶᠡᠬᠡ ᠠᠷᠭ᠎ᠠ ᠬᠡᠮᠵᠢᠶ᠎ᠡ ᠮᠥᠨ᠂ ᠰᠤᠷᠤᠭ᠍ᠴᠢᠳ᠎ᠤᠨ ᠪᠦᠬᠦ᠌ ᠲᠠᠯ᠎ᠠ᠎ᠪᠠᠷ ᠬᠥᠭ᠌ᠵᠢᠬᠦ᠌᠂ ᠡᠷᠡᠭᠦᠯ᠎ᠢᠶᠡᠷ ᠦᠰᠦᠨ ᠪᠣᠢᠵᠢᠬᠤ᠎ᠶ᠋ᠢ ᠠᠬᠢᠭᠤᠯᠬᠤ ᠵᠥᠪ ᠠᠷᠭ᠎ᠠ ᠵᠠᠮ ᠮᠥᠨ᠃ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠬᠢᠵᠦ᠍᠂ ᠰᠠᠭᠤᠷᠢ ᠰᠤᠷᠭᠠᠨ ᠬᠥᠮᠦᠵᠢᠯ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠰᠤᠷᠭᠠᠨ ᠬᠥᠮᠦᠵᠢᠯ᠎ᠦᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠣᠲᠠ ᠬᠥᠳᠡᠭᠡ᠂ ᠰᠤᠷᠭᠠᠭᠤᠯᠢ᠎ᠶ᠋ᠢᠨ ᠬᠣᠭᠣᠷᠣᠨᠳᠣᠬᠢ ᠰᠠᠭᠤᠷᠢ ᠰᠤᠷᠭᠠᠨ ᠬᠥᠮᠦᠵᠢᠯ᠎ᠦᠨ ᠵᠥᠷᠢᠶ᠎ᠡ᠎ᠶ᠋ᠢ ᠤᠯᠠᠮ ᠨᠢᠭᠡ ᠠᠯᠬᠤᠮ ᠪᠠᠭᠠᠰᠭᠠᠨ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤᠨ᠎ᠤ ᠰᠤᠷᠭᠠᠨ ᠬᠥᠮᠦᠵᠢᠯ ᠪᠠ ᠡᠩ᠎ᠦᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠠᠭᠤᠰᠤᠯᠴᠠᠨ ᠨᠡᠪᠲᠡᠷᠡᠯᠴᠡᠬᠦ᠌ ᠪᠠ ᠣᠯᠠᠨ ᠶᠠᠩᠵᠤ ᠪᠠᠷ᠂ ᠥᠪᠡᠷᠮᠢᠴᠡ ᠣᠨᠴᠠᠯᠢᠭ᠎ᠲᠠᠶ᠎ᠪᠠᠷ ᠬᠥᠭ᠌ᠵᠢᠬᠦ᠌᠎ᠶ᠋ᠢ ᠠᠬᠢᠭᠤᠯᠵᠤ᠂ 《ᠬᠣᠶᠠᠷ᠎ᠢ ᠬᠦᠩᠭᠡᠷᠡᠭᠦᠯᠬᠦ》 ᠲᠥᠷᠥ᠎ᠶ᠋ᠢᠨ ᠪᠣᠳᠣᠯᠭ᠎ᠠ᠎ᠶ᠋ᠢᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠨᠠᠩ ᠰᠠᠢᠲᠤᠷ ᠠᠬᠢᠭᠤᠯᠬᠤ ᠬᠡᠷᠡᠭ᠌ᠲᠡᠶ ᠭᠡᠵᠦ ᠬᠡᠯᠡᠪᠡ᠃
ᠲᠢᠶᠠᠨ ᠴᠢᠨ ᠱᠢᠨ ᠭᠡᠱᠢᠭᠦᠨ᠂ ᠤᠳᠭ᠎ᠠ ᠤᠷᠠᠯᠢᠭ᠎ᠤᠨ ᠠᠵᠢᠯᠲᠠᠳ ᠠᠷᠠᠳ ᠲᠦᠮᠡᠨ᠎ᠦ ᠵᠣᠭ᠍ᠰᠣᠯᠲᠠ᠎ᠶ᠋ᠢ ᠪᠠᠲᠤ ᠰᠠᠬᠢᠵᠤ᠂ ᠨᠢᠭᠡ ᠰᠡᠳᠭᠢᠯ᠎ᠢᠶᠡᠷ ᠠᠮᠢᠳᠤᠷᠠᠯ᠎ᠳᠤ ᠭᠦᠨᠵᠡᠭᠡᠢᠷᠡᠵᠦ᠍᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠦᠨᠡᠨ ᠰᠡᠳᠭᠢᠯᠭᠡ᠎ᠪᠡᠷ ᠠᠷᠠᠳ ᠲᠦᠮᠡᠨ᠎ᠦ ᠲᠥᠯᠥᠭᠡ ᠳᠠᠭᠤᠯᠠᠵᠤ᠂《ᠴᠠᠭ ᠦᠶ᠎ᠡ᠎ᠶ᠋ᠢᠨ ᠬᠤᠪᠢᠷᠠᠯᠲᠠ᠂ ᠳᠤᠮᠳᠠᠳᠤ ᠤᠯᠤᠰ᠎ᠤᠨ ᠤᠷᠤᠭ᠍ᠰᠢᠯᠠᠯᠲᠠ᠂ ᠠᠷᠠᠳ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠲᠤᠰᠭᠠᠭ᠍ᠰᠠᠨ》 ᠱᠢᠨ᠎ᠡ ᠴᠠᠭ ᠦᠶ᠎ᠡ᠎ᠶ᠋ᠢᠨ ᠲᠤᠤᠯᠢᠰ ᠪᠦᠲᠦᠭᠡᠯ᠎ᠢ ᠵᠣᠬᠢᠶᠠᠨ ᠪᠦᠲᠦᠭᠡᠵᠦ᠍᠂ ᠱᠢᠨ᠎ᠡ ᠴᠠᠭ ᠦᠶ᠎ᠡ᠎ᠶ᠋ᠢᠨ ᠤᠳᠭ᠎ᠠ ᠤᠷᠠᠯᠢᠭ᠎ᠤᠨ ᠨᠣᠶᠠᠨ ᠤᠷᠬᠢᠯ᠎ᠢ ᠴᠣᠭ᠍ᠴᠠᠯᠠᠬᠤ ᠬᠡᠷᠡᠭ᠌ᠲᠡᠢ ᠭᠡᠵᠦ ᠬᠡᠯᠡᠪᠡ᠃
ᠸᠧᠢ ᠮᠢᠩ ᠳ᠋ᠸ ᠭᠡᠱᠢᠭᠦᠨ᠂ ᠱᠢᠶᠠᠩᠭᠠᠩ ᠡᠭᠡ ᠤᠯᠤᠰ ᠵᠢᠡᠨ ᠲᠦᠱᠢᠵᠦ᠍᠂ ᠳᠡᠯᠡᠬᠡᠢ ᠳ᠋ᠠᠬᠢᠨ᠎ᠳᠤ ᠬᠠᠨᠳᠤᠵᠤ᠂ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》 ᠪᠠᠢᠭᠤᠯᠤᠯ᠎ᠤᠨ ᠳᠠᠪᠠᠭᠤᠯᠢᠭ᠎ᠲᠠᠶ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠳᠤᠮᠳᠠ ᠨᠡᠩ ᠴᠢᠬᠤᠯᠠ ᠦᠢᠯᠡᠳᠦᠯ ᠦᠵᠡᠭᠦᠯᠵᠦ᠍ ᠪᠣᠯᠤᠨ᠎ᠠ᠃ ᠱᠢᠶᠠᠩᠭᠠᠩ᠎ᠤᠨ ᠲᠠᠪᠤᠳᠤᠭᠠᠷ ᠤᠳᠠᠭ᠎ᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠦᠷᠪᠢᠰᠦᠨ ᠲᠡᠯᠭᠡᠷᠡᠭᠰᠡᠨᠦ ᠲᠠᠷᠠᠭ᠎ᠠ᠂ ᠶᠡᠷᠦᠩᠬᠡᠢ ᠱᠦᠵᠢ ᠰᠢ ᠵᠢᠨ ᠫᠢᠩ ᠱᠢᠶᠠᠩᠭᠠᠩ᠎ᠢ ᠲᠤᠢᠯ᠎ᠢᠶᠠᠷ ᠬᠠᠯᠠᠮᠵᠢᠯᠠᠵᠤ᠂ ᠲᠥᠪ᠎ᠡᠴᠡ ᠱᠢᠶᠠᠩᠭᠠᠩ᠎ᠤᠨ ᠬᠢᠵᠢᠭ᠎ᠲᠡᠶ ᠲᠡᠮᠡᠴᠡᠬᠦ᠌ ᠠᠵᠢᠯ᠎ᠢ ᠪᠦᠬᠦ᠌ ᠬᠦᠴᠦᠨ᠎ᠢᠶᠡᠷ᠎ᠢᠶᠡᠨ ᠳᠡᠮᠵᠢᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠯᠠᠪᠲᠠᠢ ᠬᠢᠵᠢᠭ᠎ᠲᠡᠶ ᠲᠡᠮᠡᠴᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠣᠯᠵᠤ ᠴᠢᠳᠠᠨ᠎ᠠ ᠭᠡᠳᠡᠭ᠎ᠢ ᠪᠠᠲᠤ ᠢᠲᠡᠭᠡᠵᠦ᠍ ᠪᠠᠢᠨ᠎ᠠ᠃ ᠬᠢᠵᠢᠭ᠎ᠦᠨ ᠪᠠᠢᠳᠠᠯ ᠥᠩᠭᠡᠷᠡᠭ᠌ᠰᠡᠨ᠎ᠦ ᠲᠠᠷᠠᠭ᠎ᠠ᠂ ᠱᠢᠶᠠᠩᠭᠠᠩ ᠯᠠᠪᠲᠠᠢ《ᠳᠣᠷᠣᠨᠠᠳᠠᠬᠢᠨ᠎ᠤ ᠭᠡᠷᠡᠯᠲᠦ ᠰᠤᠪᠤᠳ》 ᠤ᠋ᠨ ᠭᠡᠷᠡᠯ ᠭᠢᠯᠪᠠᠭ᠎ᠠ᠎ᠶ᠋ᠢ ᠲᠠᠬᠢᠨ ᠢᠯᠡᠷᠡᠭᠦᠯᠵᠦ᠍᠂ ᠥᠪᠡᠷᠮᠢᠴᠡ ᠳᠠᠪᠠᠭᠤᠯᠢᠭ ᠪᠠ ᠦᠢᠯᠡᠳᠦᠯ᠎ᠢᠶᠡᠨ ᠨᠡᠩ ᠰᠠᠢᠲᠤᠷ ᠪᠠᠳᠠᠷᠠᠭᠤᠯᠵᠤ᠂ ᠳᠡᠯᠡᠬᠡᠢ᠎ᠶ᠋ᠢᠨ ᠡᠩᠭᠡ ᠲᠠᠢᠪᠤᠩ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠬᠦ᠌ ᠪᠣᠯᠤᠨ᠎ᠠ ᠭᠡᠵᠦ ᠬᠡᠯᠡᠪᠡ᠃
ᠵᠠᠩ ᠽᠸ ᠰᠢ ᠭᠡᠱᠢᠭᠦᠨ᠂ ᠲᠠᠢᠸᠠᠨ᠎ᠤ ᠠᠷᠠᠳᠴᠢᠯᠠᠯ᠎ᠢᠶᠠᠷ ᠥᠪᠡᠷᠲᠡᠭᠡᠨ ᠵᠠᠰᠠᠬᠤ ᠬᠣᠯᠪᠣᠭ᠎ᠠ᠎ᠶ᠋ᠢᠨ ᠲᠥᠪ ᠬᠣᠷᠢᠶ᠎ᠠ᠎ᠶ᠋ᠢ ᠲᠥᠯᠥᠭᠡᠯᠡᠨ᠂ ᠲᠠᠢᠸᠠᠨ᠎ᠤ ᠠᠬ᠎ᠠ ᠳᠡᠭᠦᠦ᠍᠎ᠨᠡᠷ ᠡᠬᠡ ᠤᠯᠤᠰ᠎ᠤᠨ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠬᠤᠪᠢᠶᠠᠯᠴᠠᠬᠤ᠎ᠶ᠋ᠢᠨ ᠬᠠᠮᠲᠤ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠠᠬᠢᠭᠤᠯᠬᠤ ᠲᠠᠷᠬᠠᠨ ᠡᠭᠦᠷᠭᠡ᠎ᠶ᠋ᠢ ᠬᠠᠮᠲᠤ᠎ᠪᠠᠷ ᠡᠭᠦᠷᠭᠡᠯᠡᠪᠡᠯ ᠵᠣᠬᠢᠨ᠎ᠠ᠃ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠠᠢᠸᠠᠨ᠎ᠤ ᠠᠰᠠᠭᠤᠳᠠᠯ᠎ᠢ ᠱᠢᠢᠳᠪᠦᠷᠢᠯᠡᠬᠦ᠌ ᠶᠡᠷᠦᠩᠬᠡᠢ ᠠᠷᠭ᠎ᠠ ᠪᠤᠳᠤᠯᠭ᠎ᠠ᠎ᠶ᠋ᠢ ᠡᠷᠡᠰ ᠲᠤᠭᠤᠱᠢᠯᠠᠭᠤᠯᠵᠤ᠂ ᠥᠷᠭᠡᠨ ᠤᠯᠠᠨ ᠲᠠᠢᠸᠠᠨ᠎ᠤ ᠠᠬ᠎ᠠ ᠳᠡᠭᠦᠦ᠍᠎ᠨᠡᠷ᠎ᠲᠡᠶ ᠨᠢᠭ᠍ᠲᠠ ᠪᠦᠯᠬᠦᠮᠳᠡᠵᠦ᠍᠂ ᠭᠠᠷ ᠬᠣᠯᠪᠣᠨ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠲᠠᠢᠸᠠᠨ ᠬᠤᠭᠤᠯᠠᠢ ᠵᠢᠨ ᠬᠣᠶᠠᠷ ᠬᠥᠪᠡᠭᠡᠨ᠎ᠦ ᠡᠩᠬᠡ ᠲᠠᠢᠪᠤᠩ ᠬᠥᠭ᠌ᠵᠢᠯᠲᠡ᠂ ᠠᠭᠤᠰᠤᠯᠴᠠᠨ ᠬᠥᠭ᠌ᠵᠢᠬᠦ᠌᠎ᠶ᠋ᠢ ᠲᠠᠰᠤᠷᠠᠯᠲᠠ ᠦᠭᠡᠢ ᠠᠬᠢᠭᠤᠯᠵᠤ᠂ ᠡᠬᠡ ᠤᠯᠤᠰ᠎ᠤᠨ ᠪᠦᠷᠢᠨ ᠨᠢᠭᠡᠳᠦᠯ᠎ᠢ ᠪᠡᠶᠡᠯᠡᠭᠦᠯᠬᠦ᠌᠎ᠳᠦ ᠨᠡᠩ ᠪᠠᠲᠤ ᠪᠡᠬᠢ ᠠᠷᠠᠳ᠎ᠤᠨ ᠰᠠᠨᠠᠭᠠᠨ᠎ᠤ ᠰᠠᠭᠤᠷᠢ᠎ᠶ᠋ᠢ ᠬᠤᠷᠠᠮᠳᠤᠭᠤᠯᠬᠤ ᠬᠡᠷᠡᠭ᠌ᠲᠡᠢ ᠭᠡᠵᠦ ᠬᠡᠯᠡᠪᠡ᠃
ᠰᠦᠨ ᠳ᠋ᠦᠩ ᠱᠧᠩ ᠭᠡᠱᠢᠭᠦᠨ᠂ ᠨᠢᠭᠡᠨ ᠬᠤᠭᠤᠴᠠᠭᠠᠨ᠎ᠤ 《ᠳᠥᠭᠥᠮ ᠳᠥᠲᠡ᠂ ᠠᠮᠤᠷ ᠲᠦᠪᠱᠢᠨ᠂ ᠭᠣᠢᠳᠠ ᠰᠠᠢᠬᠠᠨ》 ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠲᠡᠭᠦᠰ ᠠᠮᠵᠢᠯᠲᠠ᠎ᠲᠠᠶ ᠥᠨᠳᠥᠷᠯᠡᠵᠦ᠍᠂ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯᠵᠣᠭ᠎ᠠ ᠶᠣᠰᠣᠭᠠᠷ ᠬᠦᠷᠴᠦ᠍ ᠢᠷᠡᠪᠡ᠂ ᠡᠨᠡ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠯᠡᠬᠡᠢ ᠵᠢᠨ ᠣᠯᠢᠮᠫᠢᠺ᠎ᠤᠨ ᠲᠠᠮᠢᠷ᠎ᠤᠨ ᠬᠥᠳᠡᠯᠭᠡᠭᠡᠨ᠎ᠦ ᠬᠥᠭ᠌ᠵᠢᠯᠲᠡ᠎ᠳᠦ ᠦᠵᠡᠭᠦᠯᠦᠭ᠌ᠰᠡᠨ ᠪᠠᠰᠠ ᠨᠢᠭᠡ ᠴᠢᠬᠤᠯᠠ ᠬᠤᠪᠢ ᠨᠡᠮᠡᠷᠢ ᠪᠠᠢᠵᠤ᠂ ᠪᠦᠬᠦ᠌ ᠳᠡᠯᠡᠬᠡᠢ᠎ᠳᠦ ᠬᠥᠮᠦᠨ ᠲᠥᠷᠥᠯᠬᠢᠲᠡᠨ᠎ᠦ ᠬᠦᠴᠢᠷ ᠪᠡᠷᠬᠡᠱᠢᠶᠡᠯ᠎ᠦᠨ ᠡᠮᠦᠨ᠎ᠡ ᠭᠠᠷ ᠬᠣᠯᠪᠣᠨ ᠤᠷᠤᠭ᠍ᠰᠢᠯᠠᠵᠤ᠂ ᠪᠦᠯᠬᠦᠮᠳᠡᠨ ᠬᠠᠮᠵᠢᠯᠴᠠᠵᠤ ᠪᠣᠯᠬᠤ᠎ᠶ᠋ᠢ ᠬᠠᠷᠠᠭᠤᠯᠵᠤ᠂ ᠡᠴᠦᠰ᠎ᠲᠡᠬᠡᠨ ᠬᠢᠵᠢᠭ᠎ᠦᠨ ᠪᠠᠢᠳᠠᠯ᠎ᠢ ᠢᠯᠠᠨ ᠳᠠᠪᠠᠬᠤ᠂ ᠳᠡᠯᠡᠬᠡᠢ᠎ᠶ᠋ᠢᠨ ᠬᠥᠭ᠌ᠵᠢᠯ ᠴᠡᠴᠡᠭ᠌ᠯᠡᠯ᠎ᠳᠦ ᠬᠦᠴᠦᠷᠬᠡᠭ ᠶᠡᠬᠡ ᠢᠲᠡᠭᠡᠯ ᠵᠣᠷᠢᠭ ᠪᠠ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠦᠯᠢᠭᠡᠷ᠎ᠢ ᠦᠷᠭᠦᠯᠵᠢᠯᠡᠨ ᠰᠠᠢᠲᠤᠷ ᠶᠠᠷᠢᠵᠤ᠂ ᠣᠯᠢᠮᠫᠢᠺ᠎ᠤᠨ ᠥᠪ ᠬᠦᠷᠦᠨᠭ᠌ᠭᠡ᠎ᠶ᠋ᠢ ᠵᠠᠯᠭᠠᠮᠵᠢᠯᠠᠵᠦ᠂ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠥᠭ᠌ᠵᠢᠯᠲᠡ᠎ᠶ᠋ᠢᠨ ᠢᠲᠡᠭᠡᠯ᠎ᠢᠶᠡᠨ ᠨᠡᠮᠡᠭ᠌ᠳᠡᠭᠦᠯᠵᠦ᠂ ᠦᠨᠳᠦᠰᠦᠲᠡᠨ᠎ᠦ ᠰᠡᠷᠭᠦᠨ ᠮᠠᠨᠳᠤᠯᠲᠠ ᠳ᠋ᠦ ᠬᠦᠳᠡᠯᠭᠡᠬᠦ ᠬᠦᠴᠦᠨ ᠨᠡᠮᠡᠷᠢᠯᠡᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠬᠡᠯᠡᠪᠡ᠃
ᠬᠤᠷᠠᠯ᠎ᠢ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱᠣᠣ ᠬᠣᠩ ᠡᠷᠭᠢᠯᠡᠪᠡ᠃
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠵᠠᠩ ᠴᠢᠩ ᠯᠢ᠂ ᠯᠢᠦ ᠴᠢ ᠪᠦᠦ᠂ ᠸᠠᠨ ᠭᠠᠩ᠂ ᠾᠧ ᠾᠧᠦ ᠬᠤᠸᠠ᠂ ᠯᠦ᠍ ᠵᠠᠨ ᠭᠦᠩ᠂ ᠮᠠ ᠪᠢᠶᠤᠤ᠂ ᠴᠧᠨ ᠱᠢᠶᠤᠤ ᠭᠤᠸᠠᠩ᠂ ᠯᠢᠶᠠᠩ ᠵᠧᠨ ᠶᠢᠩ᠂ ᠯᠢ ᠪᠢᠨ᠂ ᠪᠠᠭᠠᠲᠤᠷ᠂ ᠸᠠᠩ ᠶᠦᠩ ᠴᠢᠩ᠂ ᠾᠧ ᠯᠢ ᠹᠸᠩ᠂ ᠰᠤ᠌ ᠬᠤᠢ᠂ ᠵᠧᠩ ᠵᠢᠶᠠᠨ ᠪᠠᠩ᠂ ᠭᠦ᠋ ᠱᠧᠩ ᠽᠦ᠍᠂ ᠯᠢᠦ ᠱᠢᠨ ᠴᠧᠩ᠂ ᠾᠧ ᠸᠧᠢ᠂ ᠭᠤᠤ ᠶᠦᠨ ᠯᠦᠩ ᠬᠤᠷᠠᠯ᠎ᠳᠤ ᠣᠷᠣᠯᠴᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃