2022-03-08 09:45:37
ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ ᠲᠤᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢᠳ ᠬᠠᠨ ᠵᠧᠩ 7 ᠤ᠋ ᠦᠳᠡ᠎ᠶ᠋ᠢᠨ ᠡᠮᠦᠨ᠎ᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠱᠢᠶᠠᠩᠭᠠᠩ᠎ᠤᠨ ᠲᠥᠯᠥᠭᠡᠯᠡᠭ᠌ᠴᠢᠳ᠎ᠦᠨ ᠪᠦᠯᠬᠦᠮ᠂ ᠣᠣᠮᠧᠨ᠎ᠦ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠲᠤᠰ ᠲᠤᠰ ᠣᠷᠣᠯᠴᠠᠪᠠ᠃ ᠱᠢᠶᠠᠩᠭᠠᠩ᠂ ᠣᠣᠮᠧᠨ ᠣᠷᠣᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠶᠠᠷᠢᠶ᠎ᠠ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠳᠠᠷᠠᠭ᠎ᠠ ᠬᠠᠨ ᠵᠧᠩ᠂ ᠥᠩᠭᠡᠷᠡᠭ᠌ᠰᠡᠨ ᠨᠢᠭᠡ ᠵᠢᠯ᠎ᠳᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠳᠠᠶᠠᠭᠠᠷ᠎ᠢᠶᠠᠨ ᠬᠠᠮᠲᠤ᠎ᠪᠠᠷ ᠴᠢᠷᠮᠠᠢᠵᠤ᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ ᠡᠴᠨ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠵᠦ᠍᠂ ᠮᠠᠨ᠎ᠤ ᠤᠯᠤᠰ᠎ᠤᠨ ᠬᠥᠭ᠌ᠵᠢᠯᠲᠡ ᠪᠠᠰᠠ ᠱᠢᠨ᠎ᠡ ᠴᠢᠬᠤᠯᠠ ᠶᠡᠬᠡ ᠠᠮᠵᠢᠯᠲᠠ ᠵᠢ ᠤᠯᠪᠠ᠃ ᠲᠥᠪ᠎ᠦᠨ ᠬᠦᠴᠦᠲᠡᠢ ᠳᠡᠮᠵᠢᠯᠭᠡ ᠳᠣᠣᠷ᠎ᠠ᠂ ᠣᠨᠴᠠᠭᠠᠢ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠪᠣᠯᠤᠨ ᠣᠨᠴᠠᠭᠠᠢ ᠣᠷᠣᠨ᠎ᠤ ᠵᠠᠰᠠᠭ᠎ᠤᠨ ᠣᠷᠳᠣᠨ᠎ᠤ ᠲᠠᠭᠠᠭᠤᠯᠭ᠎ᠠ ᠳᠣᠣᠷ᠎ᠠ᠂ ᠱᠢᠶᠠᠩᠭᠠᠩ᠂ ᠣᠣᠮᠧᠨ ᠢᠳᠡᠪᠬᠢᠲᠡᠢ᠎ᠪᠡᠷ ᠬᠢᠵᠢᠭ᠎ᠦᠨ ᠪᠠᠢᠳᠠᠯ᠎ᠢ ᠰᠡᠷᠭᠡᠢᠯᠡᠨ᠂ ᠠᠵᠤ ᠠᠬᠤᠢ᠎ᠶ᠋ᠢ ᠲᠣᠭ᠍ᠲᠠᠪᠤᠷᠢᠵᠢᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠪᠠ᠃ ᠤᠢ᠍ᠢᠷ᠎ᠠ᠎ᠶ᠋ᠢᠨ ᠵᠢᠯ᠎ᠡᠴᠡ᠂ ᠱᠢᠶᠠᠩᠭᠠᠩ᠂ ᠣᠣᠮᠧᠨ᠎ᠦ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠴᠠᠭᠠᠵᠠ ᠲᠦᠷᠢᠮ ᠲᠤᠭᠳᠠᠭᠠᠯ ᠪᠣᠯᠤᠨ ᠬᠡᠷᠡᠭ᠌ᠵᠢᠭᠦᠯᠬᠦ᠌ ᠲᠣᠭ᠍ᠲᠠᠴᠠ ᠨᠡᠩ ᠪᠦᠷᠢᠨᠱᠢᠵᠥ᠍᠂ ᠰᠣᠩᠭᠣᠭᠤᠯᠢ᠎ᠶ᠋ᠢᠨ ᠲᠦᠷᠢᠮ ᠨᠡᠩ ᠲᠡᠭᠦᠯᠳᠡᠷᠵᠢᠵᠦ᠍᠂《ᠤᠯᠤᠰ᠎ᠢᠶᠠᠨ ᠬᠠᠢᠷᠠᠯᠠᠭ᠍ᠴᠢ ᠱᠢᠶᠠᠩᠭᠠᠩ᠎ᠢ ᠵᠠᠰᠠᠬᠤ》᠂ 《ᠤᠯᠤᠰ᠎ᠢᠶᠠᠨ ᠬᠠᠢᠷᠠᠯᠠᠭ᠍ᠴᠢ ᠣᠣᠮᠧᠨ᠎ᠢ ᠵᠠᠰᠠᠬᠤ》 ᠪᠠᠲᠤ ᠴᠢᠩᠭ᠎ᠠ ᠲᠦᠷᠢᠮ᠎ᠦᠨ ᠪᠠᠲᠤᠯᠠᠭ᠎ᠠ᠎ᠲᠠᠶ ᠪᠤᠯᠵᠥ᠍ ᠂ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠠᠳᠴᠢᠯᠠᠯ᠎ᠤᠨ ᠦᠢᠯᠡᠳᠦᠯᠭᠡ ᠱᠢᠨ᠎ᠡ ᠳᠦᠷᠰᠦ ᠪᠠᠢᠳᠠᠯ᠎ᠲᠠᠶ ᠪᠣᠯᠪᠠ᠃ ᠲᠦᠪ᠎ᠤᠨ《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》ᠴᠢᠭ᠌ᠯᠡᠯᠲᠡ᠎ᠶ᠋ᠢ ᠲᠤᠭᠤᠱᠢᠯᠠᠭᠤᠯᠬᠤ ᠡᠷᠴᠢ ᠵᠣᠷᠢᠭ ᠪᠤᠯ ᠡᠷᠡᠰ ᠭᠤᠢᠪᠢᠰᠢ ᠦᠭᠡᠢ ᠶᠤᠮ᠂ 《ᠱᠢᠶᠠᠩᠭᠠᠩᠴᠤᠳ ᠱᠢᠶᠠᠩᠭᠠᠩ᠎ᠢ ᠵᠠᠰᠠᠬᠤ》᠂ 《ᠣᠣᠮᠧᠨᠴᠤᠳ ᠣᠣᠮᠧᠨ᠎ᠢ ᠵᠠᠰᠠᠬᠤ》᠂ ᠳᠡᠭᠡᠳᠦ ᠬᠡᠮᠵᠢᠶ᠎ᠡ ᠪᠡᠷ ᠥᠪᠡᠷᠲᠡᠭᠡᠨ ᠵᠠᠰᠠᠬᠤ ᠶ᠋ᠢ ᠨᠠᠢᠳᠠᠪᠤᠷᠢᠵᠢᠭᠤᠯᠬᠤ ᠦᠨᠳᠦᠰᠦᠨ ᠪᠤᠳᠤᠯᠭ᠎ᠠ ᠴᠢᠭ᠌ᠯᠡᠯᠲᠡ ᠳ᠋ᠦ ᠶᠠᠮᠠᠷ ᠴᠤ᠌ ᠬᠤᠪᠢᠷᠠᠯᠲᠠ ᠭᠠᠷᠬᠤ ᠦᠭᠡᠢ ᠶᠤᠮ᠃ ᠱᠢᠶᠠᠩᠭᠠᠩ᠎ᠤᠨ ᠣᠳᠣᠬᠠᠨ᠎ᠤ ᠪᠠᠴᠢᠮ ᠲᠤᠯᠭᠠᠮ ᠡᠭᠦᠷᠭᠡ ᠪᠣᠯ ᠪᠦᠬᠦ᠌ ᠬᠦᠴᠦ᠍᠎ᠪᠡᠷ᠎ᠢᠶᠡᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠶᠠᠪᠤᠳᠠᠯ ᠪᠣᠯᠤᠨ᠎ᠠ ᠂ ᠲᠥᠪ᠎ᠦᠨ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ᠎ᠤᠨ ᠬᠢᠨ ᠠᠮᠢᠳᠤᠷᠠᠯ᠎ᠤᠨ ᠡᠳ᠋ ᠪᠣᠳᠠᠰ᠎ᠤᠨ ᠬᠠᠩᠭᠠᠯᠭ᠎ᠠ᠎ᠶ᠋ᠢ ᠪᠦᠬᠦ᠌ ᠬᠦᠴᠦ᠍᠎ᠪᠡᠷ᠎ᠢᠶᠡᠨ ᠲᠡᠮᠵᠢᠨ ᠪᠠᠲᠤᠯᠠᠵᠤ᠂ ᠡᠮᠴᠢᠯᠡᠭᠡᠨ᠎ᠦ ᠲᠠᠯ᠎ᠠ᠎ᠶ᠋ᠢᠨ ᠬᠥᠮᠦᠨ᠎ᠦ ᠬᠦᠴᠦᠨ ᠪᠣᠳᠠᠰ᠎ᠤᠨ ᠬᠦᠴᠦᠨ᠎ᠦ ᠳᠡᠮᠵᠢᠯᠭᠡ᠎ᠶ᠋ᠢ ᠴᠢᠩᠭᠠᠳᠭᠠᠨ᠂ ᠬᠤᠳᠠ᠎ᠶ᠋ᠢᠨ ᠠᠷᠠᠳ᠎ᠤᠨ ᠠᠮᠢᠳᠤᠷᠠᠯ᠎ᠤᠨ ᠠᠮᠤᠷ ᠲᠣᠭ᠍ᠲᠠᠭᠤᠨ ᠪᠣᠯᠤᠨ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠬᠤ ᠬᠡᠷᠡᠭ᠌ᠲᠡᠢ᠃ ᠣᠣᠮᠧᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠴᠥᠬᠥᠷᠡᠰᠢ ᠦᠭᠡᠢ ᠰᠠᠢᠲᠤᠷ ᠬᠢᠵᠦ᠍᠂ ᠬᠢᠯᠪᠠᠷ ᠪᠤᠰᠤ᠎ᠪᠠᠷ ᠣᠯᠤᠭ᠍ᠰᠠᠨ ᠰᠡᠷᠭᠡᠢᠯᠡᠨᠡᠵᠡᠮᠳᠡᠭ᠌ᠰᠡᠨᠦᠷᠡᠪᠦᠲᠦᠭᠡᠯᠢᠶᠡᠨᠰᠠᠢᠲᠤᠷᠪᠡᠬᠢᠵᠢᠭᠦᠯᠵᠦ᠍ ᠰᠠᠢᠲᠤᠷ ᠬᠠᠮᠠᠭᠠᠯᠠᠬᠤ ᠬᠡᠷᠡᠭ᠌ᠲᠡᠢ ᠬᠡᠵᠦ ᠢᠯᠡᠷᠬᠡᠢᠯᠡᠪᠡ᠃ ᠬᠠᠨ ᠵᠧᠩ ᠱᠢᠶᠠᠩᠭᠠᠩ ᠣᠣᠮᠧᠨ ᠣᠷᠣᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠠᠵᠢᠯ᠎ᠢ ᠭᠦᠢᠴᠡᠳ ᠨᠤᠲᠠᠯᠠᠵᠤ᠂ ᠤᠯᠠᠨ᠎ᠢᠶᠠᠷ᠎ᠢᠶᠠᠨ ᠡᠭᠦᠷᠭᠡ ᠲᠤᠱᠢᠶᠠᠯ᠎ᠢᠶᠠᠨ ᠬᠢᠴᠢᠶᠡᠩᠭᠦᠢᠯᠡᠨ ᠭᠦᠢᠴᠡᠳᠭᠡᠵᠦ᠍᠂ ᠵᠠᠮ ᠨᠡᠭᠡᠭᠡᠨ ᠤᠷᠤᠭ᠍ᠰᠢᠯᠠᠵᠤ᠂ ᠵᠠᠰᠠᠭ ᠵᠠᠬᠢᠷᠭᠠᠨ᠎ᠤ ᠳᠠᠷᠤᠭ᠎ᠠ ᠪᠣᠯᠤᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠡᠷᠡᠰ ᠲᠡᠮᠵᠢᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠦᠬᠦ᠌ ᠬᠦᠴᠦ᠍᠎ᠪᠡᠷ᠎ᠢᠶᠡᠨ ᠰᠠᠢᠲᠤᠷ ᠬᠢᠵᠦ᠍᠂ ᠱᠢᠶᠠᠩᠭᠠᠩ᠎ᠤᠨ ᠤᠯᠠᠨ ᠤᠯᠤᠰ᠎ᠤᠨ ᠮᠥᠩᠭᠥᠨ ᠭᠦᠢᠯᠭᠡᠭᠡᠨ᠎ᠦ ᠲᠥᠪ ᠪᠣᠯᠤᠨ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠰᠠᠢᠲᠤᠷ ᠪᠦᠳᠤᠬᠡᠨ ᠪᠠᠢᠭᠤᠯᠵᠤ᠂ ᠾᠸᠩᠴᠢᠨ ᠭᠤᠸᠠᠩᠳᠦ᠋ᠩ ᠣᠣᠮᠧᠨ᠎ᠦ ᠭᠦᠨᠵᠡᠭᠡᠢ ᠬᠠᠮᠲᠤᠷᠠᠯᠴᠠᠭᠠᠨ᠎ᠤ ᠣᠷᠣᠨ᠎ᠢ ᠪᠦᠳᠦᠭᠡᠨ ᠪᠠᠢᠭᠤᠯᠬᠤ ᠠᠵᠠ ᠲᠣᠬᠢᠶᠠᠯ᠎ᠢ ᠰᠠᠢᠲᠤᠷ ᠠᠱᠢᠭ᠍ᠯᠠᠵᠤ᠂ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠢᠳᠡᠪᠬᠢᠲᠡᠢ ᠠᠭᠤᠰᠤᠯᠴᠠᠵᠤ᠂ ᠤᠯᠤᠰ᠎ᠤᠨ ᠪᠦᠳᠤᠬᠡᠨ ᠪᠠᠢᠭᠤᠯᠤᠯᠲᠠ ᠪᠣᠯᠤᠨ ᠱᠢᠶᠠᠩᠭᠠᠩ ᠣᠣᠮᠧᠨ᠎ᠦ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠪᠡ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃