2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-08 08:43:17

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠬᠥᠭᠵᠢᠶᠡᠨᠲᠡᠢ ᠶᠠᠷᠢᠯᠴᠠᠪᠠ


ᠶᠡᠷᠦᠩᠬᠡᠢ ᠱᠦᠵᠢ ᠰᠢ ᠵᠢᠨ ᠫᠢᠩ᠎ᠦᠨ 5 ᠤ᠋ ᠦᠳᠡ᠎ᠶ᠋ᠢᠨ ᠬᠣᠢᠨ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ᠎ᠠᠷᠠᠳ᠎ᠤᠨ᠎ᠲᠥᠯᠥᠭᠡᠯᠡᠭ᠌ᠴᠢᠳ᠎ᠦᠨ᠎ᠶᠡᠬᠡ᠎ᠬᠤᠷᠠᠯ᠎ᠤᠨ᠎ᠲᠠᠪᠤᠳᠤᠭᠠᠷ᠎ᠬᠤᠷᠠᠯ᠎ᠤᠨ᠎ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠮᠠᠨ᠎ᠤ ᠣᠷᠣᠨ᠎ᠤ ᠥᠷᠭᠡᠨ ᠤᠯᠠᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠳᠤᠮᠳᠠ ᠴᠢᠨᠭᠭ᠎ᠠ ᠲᠤᠰᠭᠠᠯ ᠭᠠᠷᠪᠠ᠃ ᠣᠯᠠᠨ᠎ᠢᠶᠠᠷ᠎ᠢᠶᠠᠨ ᠥᠪᠡᠷ᠎ᠦᠨ ᠠᠵᠢᠯ᠎ᠲᠠᠶ᠎ᠪᠠᠨ ᠤᠶᠠᠯᠳᠤᠭᠤᠯᠤᠨ ᠣᠯᠤᠯᠲᠠ ᠲᠥᠷᠥᠭ᠌ᠳᠡᠯ᠎ᠢᠶᠡᠨ ᠠᠭᠤᠵᠢᠷᠠᠲᠠᠯ᠎ᠠ ᠶᠠᠷᠢᠯᠴᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠥᠬᠡᠶ ᠪᠠᠲᠤ ᠴᠣᠭ᠍ᠴᠠᠯᠠᠵᠤ᠂ ᠠᠨᠠᠷ᠎ᠤᠨ ᠦᠷ᠎ᠡ ᠱᠢᠭ ᠨᠢᠭ᠍ᠲᠠᠷᠠᠵᠥ᠂ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠵᠤ᠂ ᠪᠦᠯᠬᠦᠮᠳᠡᠨ ᠲᠡᠮᠡᠴᠡᠵᠦ᠍᠂ ᠱᠢᠨ᠎ᠡ ᠴᠠᠭ ᠦᠶ᠎ᠡ ᠱᠢᠨ᠎ᠡ ᠠᠶᠠᠨ ᠎ᠳᠤ ᠠᠭᠤᠤ ᠶᠡᠬᠡ ᠡᠬᠡ ᠤᠯᠤᠰ᠎ᠢᠶᠠᠨ ᠬᠠᠮᠲᠤ᠎ᠪᠠᠷ ᠪᠥᠲᠥᠭᠡᠨ ᠪᠠᠢᠭᠤᠯᠵᠤ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠬᠤ᠎ᠳᠤ ᠥᠪᠡᠷ᠎ᠦᠨ ᠪᠥᠬᠥ᠌ ᠣᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃

ᠠᠯᠠᠱᠠ ᠠᠢᠮᠠᠭ᠎ᠤᠨ ᠠᠯᠠᠱᠠ ᠵᠡᠭᠦᠨ ᠬᠣᠱᠢᠭᠤᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠲᠢᠶᠠᠨ ᠴᠢᠩ ᠱᠠᠨ᠄ 《〈 ᠥᠪᠥᠷ ᠮᠣᠩᠭᠣᠯ᠎ᠤᠨ ᠥᠨᠥᠳᠦᠷ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠥᠪᠥᠷ ᠮᠣᠩᠭᠣᠯ᠎ᠤᠨ ᠮᠠᠷᠭᠠᠰᠢ ᠮᠥᠨ ᠬᠦ᠌ ᠦᠨᠳᠦᠰᠦᠲᠡᠨ ᠨᠤᠭᠦᠳ᠎ᠦᠨ ᠤᠯᠠᠨ ᠲᠦᠮᠡᠨ᠎ᠦ ᠪᠦᠯᠬᠦᠮᠳᠡᠨ ᠲᠡᠮᠡᠴᠡᠬᠦ᠌᠎ᠶ᠋ᠢ ᠱᠠᠭᠠᠷᠳᠠᠵᠤ ᠪᠠᠢᠲᠠᠬ〉᠂ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠦᠭᠡ ᠨᠠᠮ᠎ᠠ ᠵᠢ ᠶᠡᠬᠡᠳᠡ ᠵᠣᠷᠢᠭ᠍ᠵᠢᠭᠤᠯᠵᠥ ᠲᠤᠢᠯ᠎ᠢᠶᠠᠷ ᠤᠷᠮᠠᠰᠢᠭᠤᠯᠪᠠ᠂ ᠦᠨᠳᠦᠰᠦᠨ ᠱᠠᠲᠤᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠺᠠᠳ᠋ᠷ ᠪᠣᠯᠤᠭ᠍ᠰᠠᠨ᠎ᠤ ᠬᠤᠪᠢ᠎ᠳᠤ᠂ ᠬᠣᠢᠱᠢᠳᠠ᠎ᠶ᠋ᠢᠨ ᠠᠵᠢᠯ ᠳ᠋ᠠᠭᠠᠨ ᠡᠭᠦᠷᠭᠡ ᠴᠢᠳᠠᠪᠬᠢ ᠦᠢᠯᠡᠳᠦᠯ᠎ᠢᠶᠡᠨ ᠭᠦᠢᠴᠡᠳ ᠪᠠᠳᠠᠷᠠᠭᠤᠯᠵᠥ᠂ ᠦᠨᠳᠦᠰᠦᠲᠡᠨ᠎ᠨᠦᠭᠦᠳ᠎ᠦᠨ᠎ᠣᠯᠠᠨ᠎ᠲᠦᠮᠡᠨ᠎ᠢ᠎ᠬᠥᠲᠥᠯᠥᠨ᠎ᠵᠢᠯᠣᠭᠣᠳᠴᠤ᠌ ᠪᠠᠢᠭᠠᠳ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠦᠨ᠂ ᠭᠠᠷ ᠭᠠᠷ᠎ᠢᠶᠠᠨ ᠬᠣᠯᠪᠣᠯᠴᠠᠵᠥ᠂ ᠮᠥᠷᠥ᠍ ᠵᠡᠷᠭᠡᠴᠡᠨ ᠳᠡᠮᠡᠴᠡᠵᠥ᠂ ᠢᠲᠡᠭᠡᠯ ᠲᠡᠭᠦᠯᠳᠡᠷ᠎ᠢᠶᠡᠷ ᠱᠢᠨ᠎ᠡ ᠠᠶᠠᠨ ᠳ᠋ᠠᠭᠠᠨ ᠡᠷᠡᠮᠡᠬᠡᠢᠯᠡᠨ ᠤᠷᠤᠭ᠍ᠰᠢᠯᠠᠵᠥ᠂ ᠱᠢᠨ᠎ᠡ ᠴᠠᠭ ᠦᠶ᠎ᠡ᠎ᠳᠤ ᠭᠠᠪᠢᠶ᠎ᠠ ᠪᠠᠢᠭᠤᠯᠵᠥ᠂ ᠲᠤᠬᠠᠶ᠎ᠶ᠋ᠢᠨ ᠭᠠᠵᠠᠷ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠬᠦᠯᠦᠨ᠎ᠡ》 ᠬᠡᠪᠡ᠃

ᠬᠥᠬᠡᠬᠣᠲᠠ᠎ᠶ᠋ᠢᠨ ᠲᠣᠭ᠍ᠲᠠᠬᠤ ᠱᠢᠶᠠᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠡᠷᠬᠢᠯᠡᠭ᠌ᠴᠢ ᠵᠠᠩ ᠭᠦᠸᠧ ᠵᠢᠶᠦ᠋ᠨ᠄ 《ᠶᠡᠷᠦᠩᠬᠡᠶ ᠱᠦᠵᠢ᠎ᠶ᠋ᠢᠨ ᠶᠠᠷᠢᠶ᠎ᠠ᠎ᠨᠢ ᠬᠥᠮᠦᠰ᠎ᠢ ᠵᠣᠷᠢᠭ᠍ᠵᠢᠭᠤᠯᠵᠤ᠂ ᠬᠦᠮᠦᠰ᠎ᠢ ᠳᠤᠬᠳᠤᠯᠤᠭᠤᠯᠵᠥ᠂ ᠬᠥᠮᠦᠰ᠎ᠢ ᠤᠷᠮᠠᠰᠢᠭᠤᠯᠤᠬᠰᠠᠨ ᠪᠠᠢᠨ᠎ᠠ᠂ ᠪᠢᠳᠡ ᠡᠷᠬᠡᠪᠰᠢ ᠨᠠᠷᠢᠨ ᠬᠢᠨᠠᠮᠠᠭᠠᠶ ᠰᠤᠷᠤᠯᠴᠠᠵᠤ᠂ ᠭᠦᠨᠵᠡᠭᠡᠶ ᠣᠢᠯᠠᠭᠠᠵᠤ᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠴᠢᠬᠤᠯᠠ ᠴᠢᠨᠠᠷ᠎ᠤᠨ ᠲᠤᠬᠠᠶ ᠲᠠᠨᠢᠯᠲᠠ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠶ᠃ ᠬᠣᠢᠱᠢᠳᠠ᠂ ᠪᠢᠳᠡ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠦᠷᠭᠦᠯᠵᠢᠯᠡᠨ ᠰᠠᠢᠲᠤᠷ ᠥᠷᠨᠢᠭᠦᠯᠵᠦ᠍᠂ 〈ᠵᠢᠱ᠌ᠢᠶ᠎ᠡ ᠦᠵᠡᠭᠦᠯᠵᠥ ᠳᠠᠢᠴᠢᠯᠠᠬᠤ〉 ᠦᠶ᠋ᠯᠡᠳᠦᠯ ᠵᠢᠡᠨ ᠭᠦᠶ᠋ᠴᠡᠳ ᠪᠠᠳᠠᠷᠠᠭᠤᠯᠵᠤ᠂ 〈ᠨᠠᠶ᠋ᠮᠠ᠎ᠪᠠᠷ ᠳᠠᠪᠱᠢᠬᠤ〉 ᠪᠠᠷ ᠠᠴᠢᠶᠠᠯᠠᠪᠤᠷᠢ ᠪᠣᠯᠭᠠᠵᠤ᠂ ᠡᠯ᠎ᠡ ᠬᠦᠷᠢᠶᠡᠨ᠎ᠦ ᠵᠢᠱ᠌ᠢᠶ᠎ᠡ ᠦᠵᠡᠭᠦᠯᠬᠦ᠌ ᠴᠡᠭ᠎ᠢ ᠪᠣᠶ ᠪᠣᠯᠭᠠᠵᠤ᠂ ᠪᠥᠬᠥ᠌ ᠱᠢᠶᠠᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ᠌᠎ᠶ᠋ᠢ ᠠᠬᠢᠭᠤᠯᠵᠤ᠂ ᠣᠷᠣᠨ᠎ᠤ ᠲᠥᠪ ᠵᠢᠡᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠪᠤᠯᠭᠠᠨ ᠴᠢᠷᠮᠠᠢᠨ ᠪᠠᠢᠭᠤᠯᠬᠤ᠎ᠳᠤ ᠬᠦᠴᠦᠨ ᠨᠡᠮᠡᠷᠢᠯᠡᠨ᠎ᠡ》 ᠬᠡᠪᠡ᠃

ᠪᠠᠶᠠᠨᠨᠠᠭᠤᠷ ᠬᠣᠲᠠ᠎ᠶ᠋ᠢᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠲᠣᠰ ᠲᠣᠰ ᠰᠣᠨᠢᠨ᠂ ᠰᠦᠯᠵᠢᠶ᠎ᠡ᠂ ᠲᠧᠯᠸᠢᠰ᠂ ᠭᠠᠷ ᠤᠲᠠᠰᠤ ᠵᠡᠷᠭᠡ ᠵᠠᠭᠤᠴᠢᠯᠠᠭᠤᠷ᠎ᠢᠶᠠᠷ ᠳᠡᠮᠵᠢᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠰᠤᠷᠤᠯᠴᠠᠵᠤ᠂ ᠥᠪᠡᠷ᠎ᠦᠨ ᠠᠵᠢᠯ᠎ᠲᠠᠶ᠎ᠪᠠᠨ ᠤᠶᠠᠯᠳᠤᠭᠤᠯᠤᠨ ᠲᠥᠷᠥᠭ᠌ᠳᠡᠯ᠎ᠢᠶᠡᠨ ᠠᠭᠤᠵᠢᠷᠠᠲᠠᠯ᠎ᠠ ᠶᠠᠷᠢᠯᠴᠠᠪᠠ᠃ ᠲᠤᠰ ᠬᠤᠳᠠ᠎ᠶ᠋ᠢᠨ ᠮᠣᠩᠭᠣᠯ ᠦᠨᠳᠦᠰᠦᠲᠡᠨ᠎ᠦ ᠬᠡᠦᠬᠡᠳ᠎ᠦᠨ ᠴᠡᠴᠡᠷᠯᠢᠭ᠎ᠦᠨ ᠨᠠᠮ᠎ᠤᠨ ᠶᠡᠷᠦᠩᠬᠡᠢ ᠡᠭᠦᠷ᠎ᠦᠨ ᠱᠦᠵᠢ᠂ ᠴᠡᠴᠡᠷᠯᠢᠭ᠎ᠦᠨ ᠵᠠᠬᠢᠷᠤᠯ ᠭᠠᠯᠠᠭᠤ ᠄ 《ᠶᠡᠷᠦᠩᠬᠡᠢ ᠱᠦᠵᠢ ᠰᠢ ᠵᠢᠨ ᠫᠢᠩ᠂ ᠥᠨᠲᠥᠰᠥᠲᠡᠨ᠎ᠦ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠮᠥᠨ ᠬᠡᠵᠥ ᠴᠢᠬᠤᠯᠠᠴᠢᠯᠠᠪᠠ᠃ ᠪᠠᠶᠠᠨᠨᠠᠭᠤᠷ ᠬᠣᠲᠠ᠎ᠶ᠋ᠢᠨ ᠮᠣᠩᠭᠣᠯ ᠦᠨᠳᠦᠰᠦᠲᠡᠨ᠎ᠦ ᠬᠡᠦᠬᠡᠳ᠎ᠦᠨ ᠴᠡᠴᠡᠷᠯᠢᠭ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠱ᠌ᠢᠶ᠎ᠡ ᠦᠵᠡᠭᠦᠯᠬᠦ᠌ ᠴᠢᠨᠠᠷᠲᠠᠶ ᠬᠡᠦᠬᠡᠳ᠎ᠦᠨ ᠴᠡᠴᠡᠷᠯᠢᠭ ᠪᠣᠯᠤᠭ᠍ᠰᠠᠨ᠎ᠤ ᠬᠤᠪᠢ᠎ᠳᠤ᠂ ᠴᠡᠴᠡᠷᠯᠢᠭ᠎ᠦᠨ ᠪᠥᠬᠥ᠌ ᠪᠠᠭ᠍ᠰᠢ ᠠᠵᠢᠯᠲᠠᠨ ᠠᠵᠢᠯᠴᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠤᠨ ᠵᠢᠯᠣᠭᠣᠳᠣᠯᠭ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠬᠡᠦᠬᠡᠳ᠎ᠦᠳ᠎ᠢ ᠬᠠᠷᠠᠬᠠᠨ ᠪᠠᠭ᠎ᠠ ᠡᠴᠡ᠎ᠨᠢ ᠦᠨᠳᠦᠰᠦᠲᠡᠨ ᠨᠤᠬᠦᠳ ᠪᠦᠯᠬᠦᠮᠳᠡᠵᠤ ᠨᠢᠭᠡ ᠬᠡᠷ ᠪᠦᠯᠢ ᠮᠡᠳᠤ ᠳᠤᠳᠤᠨᠤ ᠪᠠᠢᠬᠤ ᠣᠢᠯᠠᠭᠠᠭ᠍ᠳᠠᠬᠤᠨ᠎ᠢ ᠪᠠᠲᠤ ᠪᠠᠬᠢ ᠪᠣᠶ ᠪᠣᠯᠭᠠᠵᠤ᠂ ᠣᠯᠠᠨ ᠦᠨᠳᠦᠰᠦᠲᠡᠨ ᠬᠠᠮᠲᠤ᠎ᠪᠠᠷ ᠰᠤᠷᠤᠯᠴᠠᠬᠤ᠂ ᠪᠦᠯᠬᠦᠮᠳᠡᠨ ᠳᠠᠪᠱᠢᠬᠤ ᠰᠠᠢᠨ ᠰᠠᠢᠬᠠᠨ ᠣᠷᠴᠢᠨ ᠲᠣᠭᠣᠷᠢᠨ᠎ᠢ ᠴᠢᠷᠮᠠᠢᠨ᠎ᠡᠭᠦᠳᠴᠦ᠍᠂᠎ᠶᠣᠰᠣ᠎ᠰᠤᠷᠲᠠᠬᠤᠨ᠎ᠢᠶᠠᠷ᠎ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠰᠠᠢᠲᠤᠷ ᠨᠠᠢᠳᠠᠪᠤᠷᠢᠵᠢᠭᠤᠯᠤᠨ᠎ᠠ》 ᠬᠡᠪᠡ᠃

ᠪᠤᠭᠤᠲᠤ ᠬᠣᠲᠠ᠎ᠶ᠋ᠢᠨ ᠬᠥᠨᠳᠡᠯᠡᠨ ᠲᠣᠭᠣᠷᠢᠭ᠎ᠤᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠵᠠᠩ ᠭᠦᠸᠧ ᠴᠢᠶᠠᠩ᠄ 《ᠨᠢᠭᠡᠳᠦᠮᠡᠯ ᠹᠷᠣᠨᠲ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠨᠠᠮ᠎ᠤᠨ ᠦᠨᠳᠦᠰᠦᠲᠡᠨ᠎ᠦ ᠣᠨᠣᠯ ᠪᠠ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠭᠦᠨᠵᠡᠭᠡᠶ ᠰᠤᠷᠤᠯᠴᠠᠨ᠂ ᠪᠦᠬᠦ᠌ ᠲᠠᠯ᠎ᠠ᠎ᠪᠠᠷ ᠣᠢᠯᠠᠭᠠᠨ ᠲᠤᠭᠤᠱᠢᠯᠠᠭᠤᠯᠵᠥ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠤᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠦᠨ ᠡᠯ᠎ᠡ ᠵᠦᠶ᠋ᠯ᠎ᠦᠨ ᠠᠵᠢᠯ᠎ᠢ ᠭᠦᠨᠵᠡᠭᠡᠶ ᠨᠠᠷᠢᠯᠢᠭ ᠪᠣᠳᠠᠲᠠᠶ ᠬᠢᠵᠥ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠭᠦᠨᠵᠡᠭᠡᠶ ᠠᠬᠢᠭᠤᠯᠵᠥ᠂ ᠨᠡᠢᠭᠡᠮ ᠲᠣᠭᠣᠷᠢᠭ᠂ ᠰᠤᠷᠭᠠᠭᠤᠯᠢ ᠵᠡᠷᠭᠡ ᠬᠦᠷᠢᠶ᠎ᠡ᠎ᠳᠦ ᠨᠠᠩ ᠣᠯᠠᠨ ᠳᠦᠷᠰᠦᠯᠢᠭ᠂ ᠰᠡᠳᠬᠢᠯᠭᠡ᠎ᠲᠡᠶ᠂ ᠪᠦᠲᠦᠮᠵᠢᠲᠡᠢ〈 ᠤᠯᠠᠭᠠᠨ ᠠᠨᠠᠷ +〉 ᠨᠠᠷᠠᠲᠤ ᠲᠡᠮᠳᠡᠭ᠌ᠳᠤ ᠵᠢᠨ ᠵᠢᠭ᠍ᠰᠠᠭᠠᠯ᠎ᠤᠨ ᠭᠠᠵᠠᠷ᠎ᠢ ᠡᠬᠦᠳᠦᠨ ᠴᠤᠬᠴᠠᠯᠠᠵᠥ᠂ ᠦᠨᠳᠦᠰᠦᠲᠡᠨ᠎ᠨᠦᠭᠦᠳ ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠵᠥ᠂ ᠠᠶᠤᠯ ᠲᠦᠭ᠌ᠰᠢᠭᠦᠷᠢ᠎ᠶ᠋ᠢᠨ ᠭᠡᠮ ᠠᠷᠬᠠᠭ᠎ᠢ ᠪᠦᠲᠦᠮᠵᠢᠲᠡᠶ ᠰᠡᠷᠭᠡᠢᠯᠡᠵᠥ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠦᠨᠡᠨ ᠬᠦ᠌ ᠪᠡᠬᠢᠵᠢᠭᠦᠯᠦᠨ᠎ᠠ》 ᠬᠡᠪᠡ᠃

ᠪᠤᠭᠤᠲᠤ ᠬᠣᠲᠠ᠎ᠶ᠋ᠢᠨ ᠭᠤᠴᠢᠨ ᠲᠠᠪᠤᠳᠤᠭᠠᠷ ᠳᠤᠮᠳᠠᠳᠤ ᠰᠤᠷᠭᠠᠭᠤᠯᠢ᠎ᠶ᠋ᠢᠨ ᠵᠠᠬᠢᠷᠤᠯ ᠯᠢᠦ ᠵᠢᠶᠦ᠋ᠨ ᠢᠦᠶ᠄《ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠰᠤᠷᠭᠠᠭᠤᠯᠢ ᠡᠷᠭᠢᠯᠡᠵᠦ᠍ ᠰᠤᠷᠭᠠᠭᠤᠯᠢ ᠵᠢ ᠵᠠᠰᠠᠬᠤ᠂ ᠪᠢᠴᠢᠭ ᠵᠢᠭᠠᠵᠤ ᠬᠥᠮᠦᠨ ᠬᠥᠮᠦᠵᠢᠭᠦᠯᠬᠦ᠌ ᠪᠥᠬᠥ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠵᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠂ ᠰᠣᠶᠣᠯ᠎ᠤᠨ ᠪᠠᠢᠭᠤᠯᠤᠯᠲᠠ᠂ ᠦᠶ᠋ᠯᠡᠳᠦᠯᠭᠡ᠎ᠶ᠋ᠢᠨ ᠠᠵᠢᠯᠯᠠᠭ᠎ᠠ ᠵᠡᠷᠭᠡ᠎ᠪᠡᠷ ᠭᠠᠷᠳᠠᠴᠠ ᠪᠣᠯᠭᠠᠵᠤ᠂ ᠪᠥᠬᠥ᠌ ᠠᠵᠢᠯᠲᠠᠨ᠎ᠢ ᠬᠠᠮᠤᠷᠤᠭ᠍ᠰᠠᠨ ᠰᠤᠷᠭᠠᠨ ᠬᠥᠮᠦᠵᠢᠯ᠎ᠦᠨ ᠱᠢᠰᠲ᠋ᠧᠮ᠎ᠢ ᠪᠦᠷᠢᠯᠳᠦᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠵᠢᠭᠠᠬᠤ ᠮᠠᠲ᠋ᠧᠷᠢᠶᠠᠯ᠎ᠳᠤ ᠣᠷᠣᠭᠤᠯᠬᠤ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ ᠲᠠᠷᠢᠬᠢᠨ᠎ᠳ᠋ᠠᠭᠠᠨ ᠰᠢᠨᠭᠭᠡᠭᠡᠬᠦ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠬᠦᠰᠡᠯᠡᠩ᠎ᠲᠡᠶ᠂ ᠴᠢᠳᠠᠪᠤᠷᠢ᠎ᠲᠠᠶ᠂ ᠬᠠᠷᠢᠭᠤᠴᠠᠯᠭ᠎ᠠ᠎ᠲᠠᠶ ᠨᠡᠢᠭᠡᠮ ᠵᠢᠷᠤᠮ᠎ᠤᠨ ᠪᠥᠲᠥᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠬᠥᠮᠦᠵᠢᠭᠦᠯᠦᠨ᠎ᠡ》 ᠭᠡᠵᠤ ᠬᠡᠯᠡᠪᠡ᠃

《ᠮᠠᠯᠴᠢᠨ᠎ᠤ ᠬᠦᠦ ᠪᠣᠯᠤᠭ᠍ᠰᠠᠨ᠎ᠤ ᠬᠤᠪᠢ᠎ᠳᠤ ᠪᠢ ᠨᠠᠮ᠎ᠤᠨ ᠬᠥᠮᠦᠵᠢᠯ ᠳᠣᠣᠷ᠎ᠠ ᠦᠨᠳᠦᠰᠦᠨ ᠱᠠᠲᠤᠨ᠎ᠤ ᠺᠠᠳ᠋ᠷ ᠪᠣᠯᠤᠨ ᠬᠥᠮᠦᠵᠢᠭ᠌ᠳᠡᠵᠦ᠍᠂ ᠬᠣᠷᠢ ᠭᠠᠷᠤᠢ ᠵᠢᠯ᠎ᠦᠨ ᠠᠵᠢᠯ᠎ᠤᠨ ᠥᠩᠭᠡᠷᠡᠯᠲᠡ᠎ᠡᠴᠡ ᠦᠨᠳᠦᠰᠦᠲᠡᠨ᠎ᠦ ᠪᠦᠯᠬᠦᠮᠳᠡᠯ᠎ᠦᠨ ᠴᠢᠬᠤᠯᠠ ᠴᠢᠨᠠᠷ᠎ᠢ ᠭᠦᠨᠵᠡᠭᠡᠢ ᠣᠢᠯᠠᠭᠠᠪᠠ》᠃ ᠲᠦᠩᠯᠢᠶᠣᠤ ᠬᠣᠲᠠ᠎ᠶ᠋ᠢᠨ ᠺᠠᠢᠯᠦ᠍ ᠱᠢᠶᠠᠨ᠎ᠤ ᠶᠡᠬᠡᠲᠠᠯ᠎ᠠ ᠪᠠᠯᠭᠠᠰᠤᠨ᠎ᠤ ᠨᠠᠮ᠎ᠤᠨ ᠬᠣᠷᠢᠶᠠᠨ᠎ᠤ ᠳᠡᠳ᠋ ᠱᠦᠵᠢ ᠮᠠᠨᠳᠤᠯ᠎ᠠ᠂ ᠬᠣᠢᠱᠢᠳᠠ᠎ᠶ᠋ᠢᠨ ᠠᠵᠢᠯ᠎ᠤᠨ ᠳᠤᠮᠳᠠ᠂ ᠪᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠳᠠᠭᠠᠭᠤᠯᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠭᠦᠨᠵᠡᠭᠡᠶ ᠠᠬᠢᠭᠤᠯᠵᠤ᠂ ᠡᠯ᠎ᠡ ᠵᠦᠶ᠋ᠯ᠎ᠦᠨ ᠠᠵᠢᠯ᠎ᠢ ᠪᠣᠳᠠᠲᠠᠶ ᠠᠳᠭᠤᠨ ᠨᠠᠷᠢᠯᠢᠭ ᠠᠳᠭᠤᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠨᠠᠩ ᠨᠢᠭ᠍ᠲᠠᠷᠠᠨ ᠪᠦᠯᠬᠦᠮᠳᠡᠭᠦᠯᠵᠦ᠍᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠦᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠨ᠎ᠡ ᠭᠡᠵᠤ ᠢᠯᠡᠳᠭᠡᠪᠡ᠃

《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ᠎ᠳᠤ ᠨᠢᠳᠤᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠠᠵᠢᠯ᠎ᠢ ᠬᠢᠬᠦ᠌ ᠮᠥᠷᠲᠡᠭᠡᠨ ᠪᠠᠰᠠ ᠶᠡᠬᠡ ᠬᠡᠮᠵᠢᠶᠡᠨ᠎ᠦ 〈ᠵᠦᠭᠡᠯᠡᠨ ᠬᠤᠷ᠎ᠠ ᠲᠦᠮᠡᠨ ᠪᠤᠳᠠᠰ᠎ᠢ ᠤᠮᠳᠠᠯᠠᠬᠤ〉ᠠᠵᠢᠯ᠎ᠢ ᠬᠢᠬᠦ᠌ ᠬᠡᠷᠡᠭ᠌ᠲᠡᠢ》᠃ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠶᠠᠷᠢᠶ᠎ᠠ ᠨᠢ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ ᠬᠤᠪᠢ ᠬᠥᠮᠦᠨ᠂ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠬᠦᠷᠡᠯ ᠪᠠᠯᠭᠠᠰᠤᠨ᠎ᠤ ᠨᠠᠮ᠎ᠤᠨ ᠬᠣᠷᠢᠶᠠᠨ᠎ᠤ ᠱᠦᠵᠢ ᠶᠦᠨ ᠹᠸᠩ ᠳ᠋ᠤ ᠭᠦᠨ ᠲᠦᠷᠦᠭ᠌ᠳᠡᠯ ᠥᠭ᠌ᠴᠡᠢ᠃ ᠲᠡᠷᠡ᠂ ᠬᠣᠢᠱᠢᠳᠠ᠎ᠶ᠋ᠢᠨ ᠠᠵᠢᠯ᠎ᠤᠨ ᠳᠤᠮᠳᠠ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠦᠷᠭᠦᠯᠵᠢᠯᠡᠨ ᠬᠥᠲᠥᠯᠥᠨ ᠵᠢᠯᠣᠭᠣᠳᠴᠤ᠌ ᠪᠠᠢᠭᠠᠳ《ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠲᠤᠳᠭᠠᠬᠤ᠂ ᠦᠬᠦᠵᠦ᠍ ᠰᠡᠬᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ᠎ᠬᠠᠮᠲᠤᠳᠭᠠᠬᠤ》ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠴᠤᠬᠴᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯ᠎ᠢ ᠨᠠᠩ ᠯᠠᠪᠳᠠᠭᠤᠨ᠂ ᠨᠠᠷᠢᠯᠢᠭ᠂ ᠭᠦᠨᠵᠡᠭᠡᠶ᠂ ᠪᠣᠳᠠᠲᠠᠶ ᠬᠢᠵᠦ᠍᠂ ᠦᠨᠳᠦᠰᠦᠲᠡᠨ᠎ᠦ ᠪᠦᠯᠬᠦᠮᠳᠡᠯ᠎ᠦᠨ ᠠᠵᠢᠯ᠎ᠢ ᠨᠠᠩ ᠦᠨᠡᠨ ᠪᠣᠳᠠᠲᠠᠶ ᠪᠡᠷ ᠬᠢᠨ᠎ᠡ ᠭᠡᠵᠦ᠍ ᠢᠯᠡᠳᠭᠡᠪᠡ᠃

《ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠳᠠᠭ ᠯᠠ ᠶᠤᠮ ᠪᠣᠯ᠂ ᠪᠢᠳᠡ ᠯᠠᠪᠲᠠᠢ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠪᠡᠶᠡᠯᠡᠭᠦᠯᠵᠦ᠍᠂ ᠪᠦᠬᠦ᠌ ᠠᠷᠠᠳ ᠲᠦᠮᠡᠨ᠎ᠦ ᠬᠠᠮᠲᠤ ᠪᠡᠷ ᠪᠠᠶᠠᠵᠢᠬᠤ ᠵᠢ ᠲᠠᠰᠤᠷᠠᠯᠲᠠ ᠦᠭᠡᠢ ᠠᠬᠢᠭᠤᠯᠵᠤ ᠴᠢᠳᠠᠨ᠎ᠠ ᠭᠡᠵᠦ᠍ ᠴᠢᠬᠤᠯᠠᠴᠢᠯᠠᠪᠠ᠃ ᠡᠨᠡ ᠶᠠᠷᠢᠶ᠎ᠠ ᠨᠢ ᠪᠦᠬᠦ᠌ ᠤᠯᠤᠰ᠎ᠤᠨ ᠠᠷᠠᠳ ᠲᠦᠮᠡᠨ᠎ᠦ ᠰᠡᠳᠭᠢᠯ᠎ᠦᠨ ᠦᠭᠡ ᠵᠢ ᠬᠡᠯᠡᠭᠰᠡᠨ ᠪᠠᠢᠨ᠎ᠠ》᠃ ᠵᠠᠯᠠᠢᠳ ᠬᠣᠱᠢᠭᠤᠨ᠎ᠤ ᠠᠯᠲᠠᠷᠲᠤ ᠰᠤᠮᠤ᠎ᠶ᠋ᠢᠨ ᠠᠯᠲᠠᠷᠲᠤ ᠭᠠᠴᠠᠭᠠᠨ᠎ᠤ ᠲᠣᠰᠭᠣᠨ᠎ᠳᠤ ᠰᠠᠭᠤᠭ᠎ᠠ ᠨᠢᠭᠡᠳᠦᠭᠡᠷ ᠱᠦᠵᠢ ᠳ᠋ᠠᠢ ᠴᠡᠩᠭᠡᠯ᠂ ᠡᠨᠡ ᠬᠡᠳᠦᠨ ᠵᠢᠯ᠂ ᠠᠯᠲᠠᠷᠲᠤ ᠭᠠᠴᠠᠭ᠎ᠠ ᠣᠨᠴᠠᠯᠢᠭ᠍ᠲᠤ ᠲᠡᠵᠢᠭᠡᠨ ᠦᠷᠡᠵᠢᠭᠦᠯᠬᠦ᠌ ᠦᠶ᠋ᠯᠡᠰ᠂ ᠬᠦᠷᠢᠶ᠎ᠠ ᠬᠠᠰᠢᠶᠠᠨ᠎ᠦ ᠠᠵᠤ ᠠᠬᠤᠶ ᠵᠡᠷᠭᠡ ᠵᠢ ᠬᠥᠭ᠌ᠵᠢᠭᠦᠯᠬᠦ᠌᠎ᠪᠡᠷ ᠳᠠᠮᠵᠢᠭᠤᠯᠤᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠡᠨ ᠦᠷ᠎ᠡ ᠪᠦᠲᠦᠭᠡᠯ᠎ᠢ ᠤᠯᠠᠮ ᠴᠢᠨᠠᠬᠰᠢᠳᠠ ᠪᠡᠬᠢᠵᠢᠭᠦᠯᠵᠤ᠂ ᠶᠠᠳᠠᠭᠤ᠎ᠡᠴᠡ ᠠᠩᠭᠢᠵᠢᠷᠠᠬᠰᠡᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ ᠪᠠ ᠵᠢᠷᠭᠠᠯᠲᠤ ᠲᠥᠷᠥᠭ᠌ᠳᠡᠯ ᠦᠷᠭᠦᠯᠵᠢᠯᠡᠨ ᠳᠡᠭᠡᠭ᠌ᠰᠢᠯᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠡᠮᠡᠴᠡᠯ᠎ᠦᠨ ᠵᠠᠮ ᠳᠡᠭᠡᠷ᠎ᠡ᠂ ᠮᠠᠨ᠎ᠤ ᠭᠠᠴᠠᠭ᠎ᠠ ᠵᠢᠨ ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠢ ᠴᠢᠩᠭ᠎ᠠ ᠠᠳᠭᠤᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠲᠠᠰᠤᠷᠠᠯᠲᠠ ᠦᠭᠡᠢ ᠪᠡᠬᠢᠵᠢᠭᠦᠯᠵᠤ᠂ ᠦᠨᠳᠦᠰᠦᠲᠡᠨ᠎ᠨᠦᠭᠦᠳ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠳᠦ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠵᠤ᠂ ᠬᠠᠮᠲᠤ᠎ᠪᠠᠷ ᠪᠦᠯᠬᠦᠮᠳᠡᠨ ᠲᠡᠮᠡᠴᠡᠵᠤ᠂ ᠬᠠᠮᠲᠤ᠎ᠪᠠᠷ ᠴᠡᠴᠡᠭ᠌ᠯᠡᠨ ᠬᠥᠭ᠌ᠵᠢᠨ᠎ᠠ ᠭᠡᠵᠤ ᠬᠡᠯᠡᠪᠡ᠃

ᠤᠯᠠᠭᠠᠨᠴᠠᠪ ᠬᠤᠳᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠠᠷᠠᠳ᠎ᠤᠨ ᠴᠠᠭ᠍ᠳᠠᠭ᠎ᠠ ᠵᠠᠩ ᠵᠢᠶᠠᠨ ᠯᠢ᠄《ᠶᠡᠷᠦᠩᠬᠡᠢ ᠱᠦᠵᠢ ᠰᠢ ᠵᠢᠨ ᠫᠢᠩ᠎ᠦᠨ ᠶᠠᠷᠢᠶ᠎ᠠ ᠤᠳᠬ᠎ᠠ ᠬᠦᠨ ᠪᠤᠳᠤᠯ ᠬᠤᠯᠠ᠂ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠤᠨ᠎ᠠ᠂ ᠠᠷᠠᠳ᠎ᠤᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠪᠢ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠴᠠᠭ ᠢᠮᠠᠭ᠍ᠲᠠ ᠪᠠᠲᠤ ᠴᠡᠭᠡᠵᠢᠯᠡᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠳᠣᠲᠣᠭᠠᠳᠤ᠎ᠶ᠋ᠢ ᠬᠠᠮᠠᠭᠠᠯᠠᠬᠤ ᠠᠵᠢᠯ᠎ᠳᠤ ᠤᠬᠠᠮᠰᠠᠷ᠎ᠡᠴᠡ᠎ᠪᠠᠨ ᠨᠠᠢᠳᠠᠪᠤᠷᠢᠵᠢᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠠᠵᠢᠯ᠎ᠤᠨ ᠳᠤᠮᠳᠠ ᠦᠶ᠋ᠯᠡᠳᠦᠯᠭᠡᠵᠢᠭᠦᠯᠵᠤ᠂ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠭ᠍ᠰᠠᠨ ᠦᠷ᠎ᠡ ᠪᠦᠲᠦᠭᠡᠯ᠎ᠢᠶᠡᠨ ᠦᠨᠡᠨ ᠬᠦ᠌ ᠡᠷᠡᠮᠡᠬᠡᠢᠯᠡᠨ ᠤᠷᠤᠭ᠍ᠰᠢᠯᠠᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠵᠤ᠂ ᠴᠥᠬᠥᠷᠡᠰᠢ ᠦᠭᠡᠢ ᠲᠡᠮᠡᠴᠡᠵᠤ᠂ ᠨᠠᠩ ᠴᠣᠭ ᠪᠠᠳᠠᠷᠠᠩᠭᠤᠶ ᠲᠡᠮᠡᠴᠡᠯ᠎ᠦᠨ ᠵᠣᠷᠢᠭ ᠪᠠ ᠨᠠᠩ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠱᠢᠨ᠎ᠡ ᠠᠶᠠᠨ ᠳ᠋ᠠᠭᠠᠨ ᠡᠷᠡᠮᠡᠭᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠠ᠎ᠳᠤ ᠭᠠᠪᠢᠶ᠎ᠠ ᠪᠠᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ》 ᠭᠡᠵᠤ ᠬᠡᠯᠡᠪᠡ᠃

ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶᠠᠨ᠎ᠤ ᠠᠯᠪᠠᠨ ᠬᠡᠷ᠎ᠦᠨ ᠶᠡᠷᠦᠩᠬᠡᠢᠯᠡᠭ᠌ᠰᠡᠨ ᠭᠤᠷᠪᠠᠳᠤᠭᠠᠷ ᠰᠠᠯᠠᠭᠠᠨ᠎ᠤ ᠳᠠᠷᠤᠭ᠎ᠠ ᠢᠦᠶ ᠶᠦᠩ ᠯᠢ᠂ ᠨᠢᠭᠡᠨ ᠵᠠᠯᠠᠭᠤ ᠺᠠᠳ᠋ᠷ ᠪᠣᠯᠤᠭ᠍ᠰᠠᠨ᠎ᠤ ᠬᠤᠪᠢ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠭᠦᠷᠭᠡ ᠬᠠᠷᠢᠭᠤᠴᠠᠯᠭ᠎ᠠ᠎ᠶ᠋ᠢ ᠤᠬᠠᠮᠰᠠᠷ᠎ᠡᠴᠡ᠎ᠪᠠᠨ ᠡᠭᠦᠷᠭᠡᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠠᠱᠢᠭ᠍ᠲᠠᠶ ᠠᠵᠢᠯ᠎ᠢ ᠢᠯᠡᠭᠦᠬᠡᠨ ᠬᠢᠬᠦ᠌᠎ᠶ᠋ᠢᠨ ᠬᠠᠮᠲᠤ ᠭᠦᠨᠵᠡᠭᠡᠶ ᠨᠠᠷᠢᠯᠢᠭ ᠪᠣᠳᠠᠲᠠᠶ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠠᠱᠢᠭ ᠥᠬᠡᠶ ᠶᠠᠪᠤᠳᠠᠯ᠎ᠢ ᠶᠠᠭᠠᠬᠢᠭ᠍ᠰᠠᠨ ᠴᠤ᠌ ᠬᠢᠬᠦ ᠥᠬᠡᠶ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠤ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠤᠷᠤᠭ᠍ᠰᠢᠯᠠᠬᠤ᠎ᠶ᠋ᠢ ᠠᠬᠢᠭᠤᠯᠬᠤ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠠ ᠭᠡᠵᠤ ᠬᠡᠯᠡᠪᠡ᠃

ᠦᠬᠠᠶ ᠬᠣᠲᠠ᠎ᠶ᠋ᠢᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭ᠌ᠴᠢ ᠪᠠᠲᠤ᠄《ᠶᠡᠷᠦᠩᠬᠡᠶ ᠱᠦᠵᠢ ᠰᠢ ᠵᠢᠨ ᠫᠢᠩ〈ᠥᠪᠥᠷ ᠮᠣᠩᠭᠣᠯ ᠪᠣᠯ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠮᠥᠨ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠬᠤ ᠲᠠᠯ᠎ᠠ᠎ᠪᠠᠷ ᠴᠢᠬᠤᠯᠠ ᠶᠡᠬᠡ ᠬᠠᠷᠢᠭᠤᠴᠠᠯᠭ᠎ᠠ ᠡᠭᠦᠷᠭᠡᠯᠡᠵᠦ᠍ ᠪᠠᠢᠳᠠᠭ〉 ᠭᠡᠵᠦ᠍ ᠵᠢᠭᠠᠵᠤ ᠭᠠᠷᠭᠠᠪᠠ᠃ ᠡᠨᠡ ᠪᠣᠯ ᠶᠡᠷᠦᠩᠬᠡᠢ ᠱᠦᠵᠢ᠎ᠶ᠋ᠢᠨ ᠪᠢᠳᠡᠨ᠎ᠳᠦ ᠲᠠᠯᠪᠢᠭ᠍ᠰᠠᠨ ᠴᠢᠩ ᠰᠡᠳᠭᠢᠯ᠎ᠦᠨ ᠨᠠᠢᠳᠠᠯᠭ᠎ᠠ ᠪᠣᠯᠬᠤ ᠪᠥᠭᠡᠳ ᠡᠭᠦᠷᠭᠡᠯᠡᠵᠦ᠍ ᠪᠠᠢᠭ᠎ᠠ ᠬᠠᠷᠢᠭᠤᠴᠠᠯᠭ᠎ᠠ ᠬᠦᠨᠳᠦ ᠶᠡᠬᠡ ᠬᠡᠳᠡᠭ᠎ᠢ ᠨᠠᠳᠠᠳᠦ ᠲᠠᠨᠢᠭᠤᠯᠤᠭ᠍ᠰᠠᠨ ᠪᠠᠢᠨ᠎ᠠ᠃ ᠬᠣᠢᠱᠢᠳᠠ᠎ᠶ᠋ᠢᠨ ᠠᠵᠢᠯ᠎ᠤᠨ ᠳᠤᠮᠳᠠ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠵᠤ᠂ ᠨᠠᠮ᠎ᠤᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠤ᠂ ᠡᠯ᠎ᠡ ᠵᠦᠢᠯ᠎ᠦᠨ ᠠᠵᠢᠯ᠎ᠢ ᠪᠣᠳᠠᠲᠠᠢ ᠪᠥᠭᠡᠳ ᠨᠠᠷᠢᠯᠢᠭ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠦᠵᠡᠯ ᠰᠠᠨᠠᠭ᠎ᠠ ᠰᠣᠶᠣᠯ᠎ᠤᠨ ᠰᠠᠭᠤᠷᠢ᠎ᠶ᠋ᠢ ᠪᠡᠬᠢᠵᠢᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠵᠦ᠍᠂ ᠦᠨᠳᠦᠰᠦᠲᠡᠨ᠎ᠦ ᠠᠵᠢᠯ᠎ᠢ ᠲᠠᠬᠢᠨ ᠱᠢᠨ᠎ᠡ ᠳᠡᠭ᠌ᠲᠡᠷ᠎ᠲᠦ ᠭᠠᠷᠭᠠᠬᠤ᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠤᠨ᠎ᠠ》 ᠭᠡᠵᠦ ᠬᠡᠯᠡᠪᠡ᠃

ᠦᠬᠠᠢ ᠬᠤᠲᠠ᠎ᠶ᠋ᠢᠨ ᠨᠠᠮ᠎ᠤᠨ ᠬᠣᠷᠢᠶᠠᠨ᠎ᠤ ᠯᠧᠺᠲ᠋ᠣᠷ᠎ᠤᠨ ᠪᠦᠯᠬᠦᠮ᠎ᠦᠨ ᠳᠡᠳ᠋ ᠳᠠᠷᠤᠭ᠎ᠠ ᠵᠢᠶᠠᠩ ᠬᠦᠢ ᡁᠢ᠄ 《ᠭᠠᠭ᠍ᠴᠠ ᠬᠦ᠌ ᠲᠦᠷᠦ ᠤᠯᠤᠰ ᠴᠡᠴᠡᠭ᠌ᠯᠡᠨ ᠬᠦᠭᠵᠢᠵᠦ ᠬᠦᠴᠦᠷᠬᠡᠭ᠌ᠵᠢᠪᠡᠯ ᠰᠠᠶᠢ ᠠᠷᠠᠳ ᠲᠦᠮᠡᠨ ᠵᠣᠯ ᠵᠢᠷᠭᠠᠯ᠎ᠲᠠᠶ ᠠᠮᠤᠷ ᠠᠮᠤᠭᠤᠯᠠᠩ ᠠᠮᠢᠳᠤᠷᠠᠵᠤ ᠴᠢᠳᠠᠨ᠎ᠠ᠂ ᠳᠤᠮᠳᠠᠳᠤ ᠤᠯᠤᠰ᠎ᠲᠤ ᠲᠦᠷᠦᠭ᠌ᠰᠡᠨ᠎ᠳᠡᠭᠡᠨ ᠪᠢ ᠬᠢᠵᠠᠭᠠᠯᠠᠰᠢ ᠦᠭᠡᠢ ᠣᠮᠣᠭ᠍ᠰᠢᠵᠤ ᠪᠠᠢᠨ᠎ᠠ᠃ ᠤᠨᠤᠯ᠎ᠤᠨ ᠤᠬᠠᠭᠤᠯᠤᠨ ᠲᠠᠢᠯᠪᠤᠷᠢᠯᠠᠬᠤ ᠠᠵᠢᠯᠳᠠᠨ ᠪᠣᠯᠤᠭ᠍ᠰᠠᠨ᠎ᠤ ᠬᠤᠪᠢ᠎ᠳᠤ᠂ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠬᠡᠯᠪᠡᠷᠢ ᠨᠢ ᠱᠢᠨ᠎ᠡ᠂ ᠬᠦᠯᠢᠶᠡᠨ ᠠᠪᠤᠭᠴᠢ ᠳ᠋ᠤ ᠴᠢᠭᠯᠡᠭᠦᠯᠦᠭᠰᠡᠨ᠂ ᠬᠤᠷᠱᠢᠯᠴᠠᠬᠤ ᠮᠠᠶᠢᠭ᠎ᠤᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠬᠥᠮᠦᠵᠢᠭᠦᠯᠦᠨ ᠬᠦᠳᠦᠯᠥᠨ ᠳᠠᠭᠠᠭᠤᠯᠵᠤ ᠪᠠᠢᠭᠠᠳ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠳᠡ ᠦᠭᠡᠢ ᠪᠠᠲᠤ ᠪᠡᠬᠢ ᠪᠤᠢ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠠᠷᠠᠳ ᠲᠦᠮᠡᠨ᠎ᠦ ᠡᠷᠡᠮᠡᠬᠡᠢᠯᠡᠨ ᠤᠷᠤᠭ᠍ᠰᠢᠯᠠᠭ᠍ᠰᠠᠨ ᠲᠡᠦᠬᠡᠨ ᠶᠠᠪᠤᠴᠠ᠎ᠡᠴᠡ ᠦᠷᠭᠦᠯᠵᠢᠯᠡᠨ ᠤᠷᠤᠭ᠍ᠰᠢᠯᠠᠬᠤ ᠬᠦᠴᠦᠨ᠎ᠢ ᠱᠢᠩᠭᠡᠭᠡᠨ ᠠᠪᠴᠤ᠌᠂ ᠪᠦᠯᠬᠦᠮᠳᠡᠨ ᠲᠡᠮᠡᠴᠡᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ》 ᠭᠡᠵᠦ ᠬᠡᠯᠡᠪᠡ᠃

《ᠶᠡᠷᠦᠩᠬᠡᠢ ᠱᠦᠵᠢ ᠰᠢ ᠵᠢᠨ ᠫᠢᠩ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠪᠠᠢ᠌ᠩᠭᠤᠵᠢᠭ᠍ᠰᠠᠨ ᠤᠷᠲᠤ ᠬᠤᠭᠤᠴᠠᠭᠠᠨ᠎ᠤ ᠪᠦᠲᠦᠮᠵᠢᠲᠡᠢ ᠳᠦᠷᠢᠮ ᠲᠣᠭ᠍ᠲᠠᠴᠠ᠎ᠶ᠋ᠢ ᠪᠠᠢᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠨᠠᠮ᠎ᠤᠨ ᠲᠡᠦᠬᠡ᠎ᠶ᠋ᠢ ᠰᠤᠷᠤᠯᠴᠠᠨ᠂ ᠨᠠᠮ᠎ᠤᠨ ᠲᠡᠦᠬᠡ᠎ᠪᠡᠷ ᠨᠠᠰᠤᠨ ᠲᠤᠷᠱᠢᠳᠠ ᠵᠠᠪᠠᠯ ᠰᠤᠷᠬᠤ ᠬᠢᠴᠢᠶᠡᠯ ᠪᠣᠯᠭᠠᠵᠤ᠂ ᠲᠡᠦᠬᠡ᠎ᠶ᠋ᠢᠨ ᠢᠲᠡᠭᠡᠯ᠎ᠢᠶᠡᠨ ᠲᠠᠰᠤᠷᠠᠯᠲᠠ ᠦᠭᠡᠢ ᠪᠠᠲᠤᠳᠭᠠᠵᠤ᠂ ᠤᠯᠤᠰ ᠲᠦᠷᠦ᠍᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠨᠡᠩ ᠢᠲᠡᠭᠡᠯ ᠲᠡᠭᠦᠯᠳᠡᠷ᠎ᠢᠶᠡᠷ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ》᠃ ᠬᠥᠯᠥᠨ ᠪᠣᠢᠷ ᠬᠣᠲᠠ᠎ᠶ᠋ᠢᠨ ᠬᠠᠢᠯᠠᠷ᠎ᠦᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠨᠠᠮ᠎ᠤᠨ ᠭᠡᠱᠢᠭᠦᠨ ᠪᠠᠭ᠍ᠰᠢ ᠮᠢᠶᠣᠣ ᠴᠢᠶᠠᠩ᠂ ᠪᠠᠭ᠍ᠰᠢ ᠪᠣᠯ ᠰᠣᠷᠣᠭ᠍ᠴᠢ᠎ᠶ᠋ᠢᠨ ᠬᠦᠳᠦᠯᠦᠨ ᠳᠠᠭᠠᠭᠤᠯᠤᠭ᠍ᠴᠢ ᠮᠥᠨ᠂ ᠪᠢ ᠲᠣᠰ ᠪᠡᠶ᠎ᠡ᠎ᠶ᠋ᠢᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠦ᠂ ᠶᠡᠷᠦᠩᠬᠡᠶ ᠱᠦᠵᠢ ᠰᠢ ᠵᠢᠨ ᠫᠢᠩ᠎ᠦᠨ ᠱᠠᠭᠠᠷᠳᠠᠯᠭ᠎ᠠ ᠶᠣᠰᠣᠭᠠᠷ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠢ ᠴᠢᠩᠭ᠎ᠠ ᠠᠳᠭᠤᠵᠤ᠂ ᠬᠥᠯᠥᠨ ᠪᠣᠢᠷ᠎ᠤᠨ ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠠᠱᠢᠭ᠍ᠯᠠᠵᠦ᠂ ᠬᠤᠪᠢᠰᠭᠠᠯ᠎ᠤᠨ ᠥᠯᠢᠭᠡᠷ᠎ᠢ ᠰᠠᠢᠲᠤᠷ ᠶᠠᠷᠢᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠡᠭᠦᠷᠭᠡ᠎ᠶ᠋ᠢ ᠦᠨᠡᠨ ᠬᠦ᠌ ᠡᠭᠦᠷᠭᠡᠯᠡᠨ᠎ᠡ ᠭᠡᠵᠦ ᠢᠯᠡᠳᠭᠡᠪᠡ᠃

ᠤᠷᠳᠤᠰ ᠬᠤᠳᠠ᠎ᠶ᠋ᠢᠨ ᠡᠵᠡᠨ ᠬᠣᠷᠣᠭ᠎ᠠ ᠬᠣᠱᠢᠭᠤᠨ᠎ᠤ ᠤᠯᠠᠭᠠᠨ ᠮᠦᠷᠡᠨ ᠪᠠᠯᠭᠠᠰᠤᠨ᠎ᠤ ᠬᠤᠸᠠᠬᠠᠢ᠌ᠳᠤ ᠲᠣᠰᠭᠣᠨ᠎ᠤ ᠨᠠᠮ᠎ᠤᠨ ᠡᠭᠦᠷ᠎ᠦᠨ ᠱᠦᠵᠢ ᠭᠤᠤ ᠷᠦᠢ᠄《ᠲᠣᠰᠭᠣᠨ᠎ᠤ ᠨᠠᠮ᠎ᠤᠨ ᠡᠭᠦᠷ᠎ᠦᠨ ᠱᠦᠵᠢ ᠪᠣᠯᠤᠭ᠍ᠰᠠᠨ᠎ᠤ ᠬᠤᠪᠢ᠎ᠳᠤ᠂ ᠪᠢ ᠶᠡᠷᠦᠩᠬᠡᠢ ᠱᠦᠵᠢ᠎ᠶ᠋ᠢᠨ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠦᠷᠢᠨ ᠪᠦᠲᠦᠨ ᠵᠥᠪ ᠣᠨᠣᠪᠴᠢᠲᠠᠢ ᠣᠢᠯᠠᠭᠠᠵᠤ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠡᠬᠢᠯᠡᠯᠲᠡ᠎ᠶ᠋ᠢᠨ ᠦᠶ᠋ᠯᠡᠳᠦᠯ᠎ᠢ ᠴᠢᠩᠭᠠᠳᠭᠠᠵᠤ᠂ 〈ᠪᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ〉ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠪᠠᠢᠩᠭᠤᠵᠢᠭᠤᠯᠤᠨ ᠰᠠᠢᠲᠤᠷ ᠥᠷᠨᠢᠭᠦᠯᠵᠦ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠂ ᠲᠣᠰᠭᠣᠨ᠎ᠤ ᠬᠠᠮᠲᠤ᠎ᠶ᠋ᠢᠨ ᠠᠵᠤ ᠠᠬᠤᠶ ᠵᠢ ᠬᠦᠭᠵᠢᠭᠦᠯᠬᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠡᠷᠭᠡ ᠭᠤᠤᠯᠳᠠᠯᠭ᠎ᠠ᠎ᠲᠠᠶ ᠠᠵᠢᠯ᠎ᠤᠨ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ ᠤᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠤᠪᠢᠰᠭᠠᠯᠳᠤ ᠤᠳᠤᠮᠱᠢᠯ᠎ᠢ ᠵᠠᠯᠭᠠᠮᠵᠢᠯᠠᠵᠤ᠂ ᠬᠤᠪᠢᠰᠬᠠᠯ ᠤ᠋ᠨ ᠤᠯᠠᠮᠵᠢᠯᠠᠯ ᠢ᠋ ᠦᠷᠭᠦᠯᠵᠢᠯᠡᠨ ᠵᠠᠯᠭᠠᠮᠵᠢᠯᠠᠵᠤ᠂ ᠥᠷᠭᠡᠨ ᠣᠯᠠᠨ ᠲᠣᠰᠭᠣᠨ᠎ᠤ ᠠᠷᠠᠳ᠎ᠲᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠦᠨᠡᠨ ᠬᠦ᠌ ᠡᠳ᠋ᠯᠡᠭᠦᠯᠦᠨ᠎ᠡ》 ᠭᠡᠵᠦ ᠬᠡᠯᠡᠪᠡ᠃

《ᠦᠨᠳᠦᠰᠦᠲᠡᠨ᠎ᠦ ᠪᠦᠯᠬᠦᠮᠳᠡᠯ᠎ᠢ ᠰᠠᠢᠲᠤᠷ ᠬᠠᠮᠠᠭᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠪᠢᠳᠡᠨ᠎ᠦ ᠬᠥᠮᠦᠨ ᠨᠢᠭᠡᠪᠦᠷᠢ᠎ᠶ᠋ᠢᠨ ᠬᠠᠮᠲᠤ᠎ᠶ᠋ᠢᠨ ᠬᠠᠷᠢᠭᠤᠴᠠᠯᠭ᠎ᠠ ᠮᠥᠨ᠂ ᠭᠠᠭ᠍ᠴᠠ ᠬᠦ᠌ ᠦᠨᠳᠦᠰᠦᠲᠡᠨ᠎ᠨᠦᠭᠦᠳ᠎ᠦᠨ ᠠᠬ᠎ᠠ ᠳᠡᠭᠦᠦ ᠡᠭᠡᠴᠢ ᠥᠬᠢᠨ ᠳᠡᠭᠦᠦ᠍᠎ᠨᠡᠷ ᠪᠦᠯᠬᠦᠮᠳᠡᠨ ᠨᠢᠭᠡᠳᠴᠦ᠍᠂ ᠠᠨᠠᠷ᠎ᠦᠨ ᠦᠷ᠎ᠡ ᠰᠢᠭ ᠨᠢᠭ᠍ᠲᠠᠷᠠᠨ ᠪᠦᠯᠬᠦᠮᠳᠡᠪᠡᠯ᠂ ᠪᠢᠳᠡᠨ᠎ᠦ ᠬᠣᠢᠱᠢᠳᠠ᠎ᠶ᠋ᠢᠨ ᠠᠮᠢᠳᠤᠷᠠᠯ ᠰᠠᠶᠢ ᠤᠯᠠᠮ᠎ᠡᠴᠡ ᠤᠯᠠᠮ ᠰᠠᠢᠵᠢᠷᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠬᠠᠮᠲᠤ᠎ᠶ᠋ᠢᠨ ᠬᠦᠰᠡᠯ ᠡᠷᠡᠮᠡᠯᠵᠡᠯ᠎ᠢ ᠪᠡᠶᠡᠯᠡᠭᠦᠯᠵᠦ᠍ ᠴᠢᠳᠠᠨ᠎ᠠ》᠃ ᠱᠢᠯᠢ᠎ᠶ᠋ᠢᠨ ᠭᠤᠤᠯ ᠠᠢᠮᠠᠭ᠎ᠤᠨ ᠱᠢᠯᠢᠩᠬᠣᠲᠠ᠎ᠶ᠋ᠢᠨ ᠪᠤᠯᠠᠭᠠᠨ ᠰᠤᠮᠤ᠎ᠶ᠋ᠢᠨ ᠬᠠᠨ ᠠᠭᠤᠯᠠ ᠭᠠᠴᠠᠭ᠎ᠠ᠎ᠶ᠋ᠢᠨ ᠮᠠᠯᠴᠢᠨ ᠨᠠᠮ᠎ᠤᠨ ᠭᠡᠱᠢᠭᠦᠨ ᠠᠯᠳᠠᠨᠪᠦ᠋ᠷᠭᠦᠳ᠂ ᠪᠢ ᠬᠠᠷᠢᠶ᠎ᠠ ᠣᠷᠣᠨ᠎ᠤ ᠮᠠᠯᠴᠢᠨ ᠡᠷᠦᠬᠡ᠎ᠪᠠᠨ ᠠᠯᠢ ᠲᠦᠷᠭᠡᠨ ᠵᠢᠡᠷ ᠵᠣᠬᠢᠶᠠᠨ ᠪᠠᠢᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠠᠮᠲᠤ᠎ᠪᠠᠷ ᠰᠤᠷᠤᠯᠴᠠᠬᠤ᠎ᠶ᠋ᠢᠨ ᠬᠠᠮᠲᠤ ᠲᠡᠭᠦᠨ᠎ᠢ ᠡᠳᠦᠷ ᠲᠤᠲᠤᠮ᠎ᠤᠨ ᠠᠵᠢᠯ᠎ᠳᠠᠭᠠᠨ ᠨᠠᠢᠳᠠᠪᠤᠷᠢᠵᠢᠭᠤᠯᠵᠤ᠂ ᠨᠠᠩ ᠣᠯᠠᠨ ᠮᠠᠯᠵᠢᠬᠤ ᠡᠷᠦᠬᠡ᠎ᠶ᠋ᠢ ᠳᠠᠢᠴᠢᠯᠠᠨ ᠮᠠᠯ ᠠᠵᠤ ᠠᠬᠤᠶ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠦᠨ᠎ᠡ ᠭᠡᠵᠦ ᠬᠡᠯᠡᠪᠡ᠃

(ᠲᠤᠰ ᠰᠣᠨᠢᠨ᠎ᠤ ᠰᠤᠷᠪᠤᠯᠵᠢᠯᠠᠭ᠍ᠴᠢ ᠯᠢᠦ ᠬᠣᠩ ᠵᠠᠩ᠂ ᠵᠧᠩ ᠱᠢᠤᠸᠠᠢ ᠯᠢᠶᠠᠩ᠂ ᠲᠡᠭᠦᠰᠪᠢᠯᠢᠭ᠂ ᠰᠦᠩ ᠠ ᠨᠠᠨ᠂ ᠱᠢᠤᠸᠠᠢ ᠢ ᠴᠢᠶᠦ᠋ᠨ᠂ ᠬᠤᠷᠴᠠ᠂ ᠭᠤᠤ ᠮᠢᠨ ᠨᠠ᠂ ᠬᠤᠸᠠᠩ ᠫᠦ ᠮᠧᠢ ᠱᠢᠶᠠᠨ᠂ ᠬᠠᠢ ᠵᠢᠶᠦ᠋ᠨ᠂ ᠸᠧᠢ ᠨᠠ᠂ ᠬᠤᠤ ᠪᠢᠶᠤᠤ᠂ ᠯᠢ ᠢᠦᠢ ᠵᠦᠸᠸ᠂ ᠬᠤᠤ ᠱᠢᠤᠸᠠᠢ ᠯᠢᠶᠠᠨ᠂ ᠪᠢᠯᠢᠭᠪᠡᠭᠠᠲᠤᠷ᠂ ᠳᠠᠳᠤᠯᠭ᠎ᠠ᠎ᠶ᠋ᠢᠨ ᠰᠤᠷᠤᠭ᠍ᠴᠢ ᠨᠢᠶ᠍ᠸ ᠱᠢᠶᠤᠤ ᠯᠢ ᠨᠠᠷ ᠮᠡᠳᠡᠭᠡᠯᠡᠪᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠦᠪᠦᠷ ᠮᠤᠩᠭᠤᠯ ‍ᠤᠨ ᠡᠳᠦᠷ ‍ᠤᠨ ᠰᠤᠨᠢᠨ
兼容浏览器的HTML页面