2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-08 09:49:24

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

3 ᠰᠠᠷ᠎ᠠ᠎ᠶᠢᠨ 8᠎ᠤ ᠡᠳᠤᠷ ᠄ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠬᠣᠶᠠᠳᠤᠭᠠᠷ ᠪᠦᠭᠦᠳᠡ ᠬᠤᠷᠠᠯ ᠬᠢᠵᠦ᠍ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤ

ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ 8 ᠎ᠤ᠋ ᠡᠳᠦᠷ᠎ᠦᠨ ᠦᠳᠡ᠎ᠶ᠋ᠢᠨ ᠡᠮᠦᠨᠡᠬᠢ 9 ᠴᠠᠭ᠎ᠲᠤ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠪᠥᠬᠥᠳᠡ ᠬᠤᠷᠠᠯ ᠬᠢᠵᠦ᠍᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠳᠠᠷᠤᠭ᠎ᠠ ᠯᠢ ᠵᠠᠨ ᠱᠸ᠋᠎ᠶ᠋ᠢᠨ ᠬᠢᠬᠦ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠲᠤᠬᠠᠢ ᠮᠡᠳᠡᠭᠦᠯᠦᠯᠲᠡ᠎ᠶ᠋ᠢ ᠰᠣᠨᠣᠰᠴᠤ᠌᠂ ᠠᠷᠠᠳ᠎ᠤᠨ ᠳᠡᠭᠡᠳᠦ ᠱᠢᠭᠦᠬᠦ᠌ ᠬᠣᠷᠢᠶᠠᠨ᠎ᠤ ᠳᠠᠷᠤᠭ᠎ᠠ ᠵᠧᠸ᠋ ᠴᠢᠶᠠᠩ᠎ᠤᠨ ᠬᠢᠬᠦ ᠠᠷᠠᠳ᠎ᠤᠨ ᠳᠡᠭᠡᠳᠦ ᠱᠢᠭᠦᠬᠦ᠌ ᠬᠣᠷᠢᠶᠠᠨ᠎ᠤ ᠠᠵᠢᠯ᠎ᠤᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌᠂ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠪᠠᠢᠴᠠᠭᠠᠬᠤ ᠳᠠᠷᠤᠭ᠎ᠠ ᠵᠠᠩ ᠵᠢᠶᠦ᠋ᠨ᠎ᠦ ᠬᠢᠬᠦ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠠᠵᠢᠯ᠎ᠤᠨ ᠲᠤᠬᠠᠶ᠎ᠮᠡᠳᠡᠭᠦᠯᠦᠯᠲᠡ᠎ᠶ᠋ᠢ ᠰᠣᠨᠣᠰᠤᠨ᠎ᠠ᠃

ᠦᠳᠡ᠎ᠶ᠋ᠢᠨ ᠬᠣᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠳᠤᠭᠤᠢᠯᠠᠩ ᠎ᠤᠨ ᠬᠤᠷᠠᠯ ᠬᠢᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠨ᠎ᠠ; ᠲᠡᠷᠢᠭᠦᠯᠡᠭ᠌ᠴᠢᠳ᠎ᠦᠨ ᠪᠦᠯᠬᠦᠮ᠎ᠦᠨ ᠬᠣᠶᠠᠳᠤᠭᠠᠷ ᠤᠳᠠᠭ᠎ᠠ᠎ᠶ᠋ᠢᠨ ᠬᠤᠷᠠᠯ᠎ᠢ ᠬᠤᠷᠠᠯᠳᠤᠭᠤᠯᠤᠨ᠎ᠠ᠃

8 ᠎ᠤ᠋᠎ᠦᠳᠡ᠎ᠶ᠋ᠢᠨ ᠡᠮᠦᠨ᠎ᠡ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ᠎ᠳᠤ ᠣᠷᠣᠯᠴᠠᠵᠤ ᠪᠠᠢᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠬᠣᠶᠠᠳᠤᠭᠠᠷ ᠪᠦᠬᠦᠲᠡ ᠬᠤᠷᠠᠯ᠎ᠳᠤ ᠰᠤᠯᠠ ᠣᠷᠣᠯᠴᠠᠨ᠎ᠠ᠃ 8᠎ᠤ᠋ ᠦᠳᠡ᠎ᠶ᠋ᠢᠨ ᠬᠣᠢᠨ᠎ᠠ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ ᠳᠤᠭᠤᠢᠯᠠᠩ᠎ᠤᠨ ᠬᠤᠷᠠᠯ ᠬᠢᠵᠦ᠍᠂ 《ᠬᠣᠶᠠᠷ ᠬᠣᠷᠢᠶ᠎ᠠ》 ᠢ᠋ᠢᠨ ᠠᠵᠢᠯ᠎ᠤᠨ ᠮᠡᠳᠡᠭᠦᠯᠦᠯᠲᠡ᠎ᠶ᠋ᠢ ᠶᠠᠷᠢᠯᠴᠠᠵᠤ᠂ ᠡᠯ᠎ᠡ ᠵᠦᠶ᠋ᠯ᠎ᠦᠨ ᠱᠢᠶ᠋ᠳᠪᠦᠷᠢ ᠪᠠ ᠮᠡᠳᠡᠭᠦᠯᠦᠯᠲᠡ᠎ᠶ᠋ᠢᠨ ᠲᠥᠰᠦᠯ᠎ᠢ ᠬᠢᠨᠠᠨ ᠵᠥᠪᠯᠡᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面