2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-08 09:42:06

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠸᠠᠩ ᠶᠠᠩ ᠬᠤᠷᠠᠯ᠎ᠳᠤ ᠣᠷᠣᠯᠴᠠᠵᠠᠢ 12 ᠭᠡᠱᠢᠭᠦᠨ ᠶᠡᠬᠡ ᠬᠤᠷᠠᠯ ᠳ᠋ᠤ ᠦᠭᠡ ᠬᠡᠯᠡᠪᠡ


ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ 7 ᠤ᠋ ᠦᠳᠡ᠎ᠶ᠋ᠢᠨ ᠬᠣᠢᠨ᠎ᠠ ᠸᠢᠳᠢᠣ᠋ ᠬᠤᠷᠠᠯ ᠬᠤᠷᠠᠯᠳᠤᠭᠤᠯᠪᠠ᠃ ᠲᠤᠮᠲᠠᠲᠤ ᠤᠯᠤᠰ ᠤ᠋ᠨ ᠡᠪ ᠬᠠᠮᠲᠦ ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠶᠠᠩ ᠬᠤᠷᠠᠯ᠎ᠳᠤ ᠣᠷᠣᠯᠴᠠᠪᠠ᠃ 12 ᠭᠡᠱᠢᠭᠦᠨ ᠶᠡᠬᠡ ᠬᠤᠷᠠᠯ ᠳ᠋ᠤ ᠦᠭᠡ ᠬᠡᠯᠡᠪᠡ᠃ ᠬᠤᠷᠠᠯ ᠨᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠭ᠎ᠠ᠎ᠳᠤ ᠭᠣᠣᠯ ᠬᠤᠷᠠᠯ᠎ᠤᠨ ᠲᠠᠯᠠᠪᠠᠢ ᠲᠤᠬᠢᠷᠠᠭᠤᠯᠵᠦ᠂ ᠭᠡᠱᠢᠭᠦᠳ᠎ᠦᠨ ᠰᠠᠭᠤᠭ᠎ᠠ ᠭᠠᠵᠠᠷ᠎ᠲᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠪᠠ᠃

ᠲᠤᠮᠲᠠᠲᠤ ᠤᠯᠤᠰ ᠤ᠋ᠨ ᠡᠪ ᠬᠠᠮᠲᠦ ᠨᠠᠮ᠎ᠤᠨ ᠲᠥᠪ ᠬᠣᠷᠢᠶᠠᠨ᠎ᠤ ᠱᠦᠵᠢ᠎ᠨᠡᠷ᠎ᠦᠨ ᠭᠠᠵᠠᠷ᠎ᠤᠨ ᠱᠦᠵᠢ᠂ ᠲᠥᠪ᠎ᠦᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠶᠢᠦ ᠴᠢᠤᠸᠠᠨ ᠬᠤᠷᠠᠯ᠎ᠳᠤ ᠣᠷᠣᠯᠴᠠᠵᠤ ᠬᠡᠰᠢᠭᠦᠳ ᠤ᠋ᠨ ᠦᠭᠡ ᠬᠡᠯᠡᠬᠦ᠎ᠶ᠋ᠢ ᠰᠣᠨᠣᠰᠪᠠ᠃ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ ᠪᠠ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠥᠳ ᠤᠷᠢᠯᠭ᠎ᠠ᠎ᠪᠠᠷ ᠰᠦᠯᠵᠢᠶᠡᠨ ᠳᠡᠭᠡᠷ᠎ᠡ ᠬᠤᠷᠠᠯ᠎ᠳᠤ ᠣᠷᠣᠯᠴᠠᠪᠠ᠃

ᠯᠢ ᠳ᠋ᠤᠤ ᠺᠦᠢ ᠭᠡᠱᠢᠭᠦᠨ ᠦᠭᠡ ᠬᠡᠯᠡᠬᠦ ᠳ᠋ᠡᠭᠡᠨ᠂ ᠣᠳᠣᠬᠠᠨ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ ᠮᠥᠨ ᠬᠦ᠌ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ᠎ᠤᠨ ᠬᠤᠭᠤᠴᠠᠭᠠᠨ᠎ᠳᠤ ᠣᠷᠣᠱᠢᠬᠤ ᠪᠣᠯᠤᠨ᠎ᠠ᠃ ᠪᠦᠬᠦ᠌ ᠤᠯᠤᠰ᠎ᠤᠨ ᠨᠢᠭᠡᠳᠦᠯᠲᠡᠢ ᠶᠡᠬᠡ ᠵᠠᠬ᠎ᠠ ᠳᠡᠯᠭᠡᠭᠦᠷ᠎ᠢ ᠪᠠᠢᠭᠤᠯᠵᠤ᠂ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠳᠣᠲᠣᠭᠠᠳᠤ᠎ᠶ᠋ᠢᠨ ᠬᠦᠴᠦᠷᠬᠡᠭ ᠶᠡᠬᠡ ᠲᠦᠷᠢᠬᠦ᠌ ᠬᠦᠴᠦᠨ᠎ᠢ ᠴᠢᠨᠠᠭ᠍ᠰᠢᠳᠠ ᠪᠠᠳᠠᠷᠠᠭᠤᠯᠵᠤ᠂ ᠬᠥᠮᠦᠨ᠎ᠦ ᠬᠦᠴᠦᠨ᠎ᠦ ᠡᠬᠢ ᠪᠠᠶᠠᠯᠢᠭ᠎ᠢ ᠰᠠᠢᠲᠤᠷ ᠬᠠᠮᠠᠭᠠᠯᠠᠵᠤ ᠰᠠᠢᠲᠤᠷ ᠠᠱᠢᠭ᠍ᠯᠠᠵᠤ᠂ ᠠᠵᠤ ᠠᠬᠤᠢ᠎ᠶ᠋ᠢᠨ ᠤᠷᠳᠤ ᠬᠤᠭᠤᠴᠠᠭᠠᠨ᠎ᠤ ᠬᠥᠭ᠌ᠵᠢᠯᠲᠡ᠎ᠶ᠋ᠢᠨ ᠰᠠᠭᠤᠷᠢ ᠴᠢᠨᠠᠷᠲᠠᠢ ᠬᠥᠳᠡᠯᠭᠡᠬᠦ᠌ ᠬᠦᠴᠦᠨ᠎ᠢ ᠪᠡᠬᠢᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠰᠠᠨᠠᠭᠠᠴᠢᠯᠠᠭ᠎ᠠ ᠡᠴᠡ ᠪᠠᠨ ᠭᠠᠳᠠᠭᠠᠳᠤ ᠨᠡᠭᠡᠭᠡᠯᠳᠠ ᠬᠢᠵᠦ᠍᠂ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ᠎ᠢ ᠠᠮᠵᠢᠵᠤ ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠱᠢᠨ᠎ᠡ ᠭᠠᠢᠬᠠᠮᠱᠢᠭ᠎ᠢ ᠲᠠᠬᠢᠨ ᠡᠭᠦᠳᠬᠦ᠌ ᠬᠡᠷᠡᠭ᠌ᠲᠡᠢ ᠬᠡᠵᠦ ᠬᠡᠯᠡᠪᠡ᠃

ᠴᠧᠨ ᠴᠢᠶᠦ᠋ᠨ ᠭᠡᠱᠢᠭᠦᠨ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠮᠠᠨ᠎ᠤ ᠤᠯᠤᠰ᠎ᠤᠨ ᠬᠤᠳᠠ᠎ᠶ᠋ᠢᠨ ᠬᠥᠭ᠌ᠵᠢᠯᠲᠡ ᠨᠢᠭᠡᠨᠲᠡ ᠲᠤᠭ᠎ᠠ ᠬᠡᠮᠵᠢᠶᠡᠨ᠎ᠤ ᠨᠡᠮᠡᠭ᠌ᠳᠡᠯ ᠥᠷᠭᠡᠵᠢᠯ ᠡᠴᠡ ᠲᠤᠳᠤᠭᠠᠳᠤ ᠠᠭᠤᠯᠤᠭ᠍ᠳᠠᠬᠤᠨ ᠶᠠᠰᠤ ᠴᠢᠨᠠᠷ᠎ᠤᠨ ᠳᠡᠭᠡᠭ᠌ᠰᠢᠯᠡᠯᠳᠡ ᠲᠡᠢᠰᠢ ᠬᠤᠪᠢᠷᠠᠵᠤ ᠪᠠᠢᠨ᠎ᠠ᠂ ᠬᠥᠮᠦᠨ᠎ᠢᠶᠡᠷ ᠭᠣᠣᠯ ᠪᠣᠯᠭᠠᠭ᠍ᠰᠠᠨ ᠦᠷᠳᠡᠭ᠎ᠦᠨ ᠤᠳᠤᠷᠢᠳᠤᠮᠵᠢ᠎ᠶ᠋ᠢ ᠪᠠᠷᠢᠮᠲᠠᠯᠠᠵᠤ᠂ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠳᠤᠲᠠᠭᠤᠳᠠᠯ᠎ᠢ ᠨᠥᠬᠥᠪᠥᠷᠢᠯᠡᠪᠡᠯ ᠵᠤᠬᠢᠨ᠎ᠠ; ᠬᠠᠭᠤᠴᠢᠨ ᠬᠣᠲᠠ᠎ᠶ᠋ᠢ ᠣᠷᠭᠠᠨᠢᠭ᠎ᠢᠶᠠᠷ ᠱᠢᠨᠡᠳᠭᠡᠬᠦ᠌᠎ᠶ᠋ᠢ ᠠᠬᠢᠭᠤᠯᠵᠤ᠂ ᠲᠡᠦᠬᠡ ᠰᠣᠶᠣᠯ᠎ᠢ ᠬᠠᠮᠠᠭᠠᠯᠠᠨ ᠤᠯᠠᠮᠵᠢᠯᠠᠪᠠᠯ ᠵᠤᠬᠢᠨ᠎ᠠ; ᠣᠯᠠᠨ ᠪᠡᠶᠡᠴᠢ ᠴᠣᠭ᠍ᠴᠠ᠎ᠶ᠋ᠢᠨ ᠬᠠᠮᠵᠢᠯᠴᠠᠭ᠎ᠠ᠎ᠶ᠋ᠢ ᠪᠡᠶᠡᠯᠡᠭᠦᠯᠵᠦ᠍ ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠪᠠᠢᠷᠢᠱᠢᠯ᠎ᠢ ᠠᠬᠢᠭᠤᠯᠪᠠᠯ ᠵᠤᠬᠢᠨ᠎ᠠ; ᠬᠣᠲᠠ᠎ᠶ᠋ᠢᠨ ᠶᠠᠰᠤ ᠴᠢᠨᠠᠷ᠎ᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠬᠣᠲᠠ᠎ᠶ᠋ᠢᠨ ᠡᠷᠡᠬᠦᠯ᠎ᠤᠨ ᠪᠠᠢᠴᠠᠭᠠᠯᠲᠠ᠎ᠶ᠋ᠢ ᠢᠳᠡᠪᠬᠢᠲᠡᠢ ᠥᠷᠨᠢᠭᠦᠯᠵᠦ᠍᠂ ᠬᠣᠲᠠ᠎ᠶ᠋ᠢᠨ ᠱᠢᠨᠡᠴᠢᠯᠡᠯᠲᠡ᠎ᠶ᠋ᠢ ᠱᠢᠨᠵᠢᠯᠡᠬᠦ᠌ ᠤᠬᠠᠭᠠᠨᠴᠢ ᠪᠡᠷ ᠡᠮᠬᠢ ᠵᠢᠷᠤᠮ᠎ᠲᠠᠶ᠎ᠪᠠᠷ ᠠᠬᠢᠭᠤᠯᠪᠠᠯ ᠵᠤᠬᠢᠨ᠎ᠠ ᠬᠡᠪᠡ᠃

ᠵᠠᠩ ᠧᠨ ᠳ᠋ᠢ ᠭᠡᠱᠢᠭᠦᠨ ᠲᠤᠮᠲᠠᠲᠤ ᠤᠯᠤᠰ ᠤ᠋ᠨ ᡁᠢ ᠬᠦᠩ ᠳ᠋ᠠᠩ ᠨᠠᠮ᠎ᠤᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠬᠣᠣᠰ ᠡᠷᠭᠢᠯᠲᠡ᠎ᠶ᠋ᠢᠨ ᠵᠠᠩᠭᠢᠯᠠᠭ᠎ᠠ᠎ᠶ᠋ᠢᠨ ᠴᠡᠭ᠎ᠦᠨ ᠦᠢᠯᠡᠳᠦᠯ᠎ᠢ ᠪᠠᠳᠠᠷᠠᠭᠤᠯᠵᠤ᠂ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠬᠦᠴᠦᠷᠬᠡᠭ᠌ᠵᠢᠭᠦᠯᠦᠨ ᠪᠤᠵᠠᠭᠠᠢᠷᠠᠭᠤᠯᠵᠤ᠂ ᠳᠣᠲᠣᠭᠠᠳᠤ ᠬᠡᠷᠡᠭ᠌ᠴᠡᠭᠡ᠎ᠶ᠋ᠢ ᠬᠦᠴᠦᠲᠡᠢ ᠪᠦᠲᠦᠮᠵᠢᠲᠡᠢ ᠥᠷᠭᠡᠳᠭᠡᠵᠦ᠍ ᠂ ᠱᠢᠨ᠎ᠡ᠎ᠶ᠋ᠢ ᠡᠭᠦᠳᠬᠦ᠌ ᠬᠡᠯᠬᠢᠶ᠎ᠡ ᠪᠣᠯᠤᠨ ᠠᠵᠤ ᠦᠢᠯᠡᠰ᠎ᠦᠨ ᠬᠡᠯᠬᠢᠶ᠎ᠡ᠎ᠶ᠋ᠢᠨ ᠠᠭᠤᠰᠤᠯᠴᠠᠯ᠎ᠢ ᠠᠬᠢᠭᠤᠯᠵᠤ᠂ ᠬᠣᠣᠰ ᠨᠡᠭᠦᠷᠡᠰᠦᠲᠥ᠋ᠷᠥᠭ᠌ᠴᠢ᠎ᠶ᠋ᠢᠨ ᠪᠠᠢᠯᠳᠤᠬᠤ ᠪᠤᠳᠤᠯᠭ᠎ᠠ᠎ᠶ᠋ᠢ ᠲᠣᠭ᠍ᠲᠠᠭᠤᠨ᠎ᠢᠶᠠᠷ ᠬᠡᠷᠡᠭ᠌ᠵᠢᠭᠦᠯᠵᠦ᠍ ᠂ ᠬᠥᠮᠦᠰ᠎ᠦᠨ ᠶᠠᠪᠤᠯᠴᠠᠭ᠎ᠠ ᠪᠣᠯᠤᠨ ᠰᠣᠯᠢᠯᠴᠠᠭ᠎ᠠ᠎ᠶ᠋ᠢ ᠠᠬᠢᠭᠤᠯᠵᠤ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠬᠡᠪᠡ᠃

ᠼᠠᠢ ᠸᠧᠶ ᠭᠡᠱᠢᠭᠦᠨ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠣᠳᠣᠬᠠᠨ᠎ᠳᠤ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ 《ᠬᠣᠶᠠᠷ ᠲᠠᠯ᠎ᠠ᠎ᠪᠠᠷ ᠬᠦᠴᠦᠯᠡᠵᠦ᠍》᠂ ᠡᠮ᠎ᠦᠨ ᠵᠦᠶ᠋ᠯ ᠡᠮᠴᠢᠯᠡᠭᠡᠨ᠎ᠦ ᠪᠠᠭᠠᠵᠢ ᠬᠡᠷᠡᠭ᠌ᠰᠡᠯ᠎ᠦᠨ ᠠᠵᠤ ᠦᠶ᠋ᠯᠡᠰ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠦᠷᠢᠨ ᠪᠦᠲᠦᠨ ᠪᠠᠢᠬᠤ᠎ᠶ᠋ᠢ ᠪᠠᠲᠤᠯᠠᠵᠤ᠂ ᠱᠢᠨ᠎ᠡ᠎ᠶ᠋ᠢ ᠡᠭᠦᠳᠬᠦ᠌ ᠴᠢᠳᠠᠪᠤᠷᠢ ᠂ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠎ᠶ᠋ᠢᠨ ᠲᠦᠪᠱᠢᠨ ᠪᠠ ᠠᠵᠤ ᠦᠶ᠋ᠯᠡᠰ᠎ᠦᠨ ᠲᠥᠪᠯᠡᠷᠡᠯ᠎ᠦᠨ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠬᠢᠲᠠᠳ ᠡᠮ ᠡᠮᠨᠡᠯᠭᠡ᠎ᠶ᠋ᠢᠨ ᠠᠵᠤ ᠦᠶ᠋ᠯᠡᠰ ᠬᠢᠭᠡᠳ ᠧᠦ᠋ᠷᠣᠫᠠ ᠡᠮ ᠡᠮᠨᠡᠯᠭᠡ᠎ᠶ᠋ᠢ ᠵᠡᠷᠭᠡ᠎ᠪᠡᠷ ᠴᠢᠬᠤᠯᠠᠴᠢᠯᠠᠨ ᠬᠦᠭᠵᠢᠬᠦᠯᠬᠦ᠂ ᠣᠷᠭᠠᠨᠢᠭ᠎ᠢᠶᠠᠷ ᠤᠶᠠᠯᠳᠤᠭᠤᠯᠬᠤ᠎ᠶ᠋ᠢ ᠠᠬᠢᠭᠤᠯᠵᠤ᠂ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠠᠬᠢᠭᠤᠯᠵᠤ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠵᠦ᠍᠂ ᠠᠷᠠᠳ ᠲᠦᠮᠡᠨ᠎ᠦ ᠡᠷᠡᠭᠦᠯ ᠮᠡᠨᠳᠦ᠍᠎ᠶ᠋ᠢᠨ ᠬᠡᠷᠡᠭ᠌ᠴᠡᠭᠡ᠎ᠶ᠋ᠢ ᠪᠠᠲᠤᠯᠠᠬᠤ ᠳᠤᠮᠳᠠᠬᠢ ᠡᠮ᠎ᠦᠨ ᠵᠦᠶ᠋ᠯ ᠡᠮᠴᠢᠯᠡᠭᠡᠨ᠎ᠦ ᠪᠠᠭᠠᠵᠢ ᠬᠡᠷᠡᠭ᠌ᠰᠡᠯ᠎ᠦᠨ ᠠᠵᠤ ᠦᠶ᠋ᠯᠡᠰ ᠤ᠋ᠨ ᠨᠠᠩ ᠶᠡᠬᠡ ᠦᠢᠯᠡᠳᠦᠯ᠎ᠢ ᠪᠠᠳᠠᠷᠠᠭᠤᠯᠪᠠᠯ ᠵᠤᠬᠢᠨ᠎ᠠ ᠭᠡᠪᠡ᠃

ᠭᠤᠤ ᠬᠣᠩ ᠵᠢᠶᠦ᠋ᠨ ᠭᠡᠱᠢᠭᠦᠨ ᠨᠠᠮ ᠪᠦᠯᠦᠭ᠎ᠦᠨ ᠪᠤᠰᠤ ᠬᠥᠮᠦᠰ᠎ᠦᠨ ᠡᠲᠡᠭᠡᠳ᠎ᠢ ᠲᠥᠯᠥᠭᠡᠯᠡᠨ ᠦᠭᠡ ᠬᠡᠯᠡᠬᠦ᠌᠎ᠳᠡᠭᠡᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ ᠪᠠ ᠣᠳᠣᠬᠢᠴᠢᠯᠠᠭ᠍ᠰᠠᠨ ᠤᠯᠤᠰ᠎ᠢ ᠪᠠᠢᠭᠤᠯᠬᠤ᠎ᠳᠤ᠂ ᠡᠷᠬᠡᠪᠰᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠳᠤᠲᠠᠭᠤᠳᠠᠯ᠎ᠢ ᠨᠥᠬᠥᠪᠥᠷᠢᠯᠡᠵᠦ᠍᠂《ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠢᠭᠦᠷ》᠎ᠢ᠋ ᠪᠡᠬᠢᠵᠢᠬᠦᠯᠬᠦ ᠬᠡᠷᠡᠭ᠌ᠲᠡᠢ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠬᠠᠤᠯᠢ ᠵᠢᠴᠢ ᠲᠡᠬᠦᠨ ᠲᠠᠢ ᠢᠵᠢ ᠪᠥᠷᠢᠳᠦᠭᠰᠡᠨ ᠬᠡᠷᠡᠭ᠌ᠵᠢᠭᠦᠯᠬᠦ᠌ ᠲᠥᠷᠥ᠎ᠶ᠋ᠢᠨ ᠪᠣᠳᠣᠯᠭ᠎ᠠ᠎ᠳᠤ ᠵᠠᠰᠠᠪᠤᠷᠢ ᠣᠷᠣᠭᠤᠯᠬᠤ᠎ᠶ᠋ᠢ ᠲᠦᠷᠭᠡᠳᠭᠡᠵᠦ᠍᠂《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠶᠡᠬᠡ ᠪᠡᠷ ᠲᠦᠭᠡᠮᠡᠯᠵᠢᠭᠦᠯᠬᠦ᠌ ᠪᠠᠢᠯᠳᠤᠬᠤ ᠪᠣᠳᠣᠯᠭ᠎ᠠ》 ᠶ᠋ᠢ ᠤᠯᠤᠰ᠎ᠤᠨ ᠪᠠᠢᠯᠳᠤᠬᠤ ᠪᠣᠳᠣᠯᠭ᠎ᠠ ᠪᠣᠯᠭᠠᠨ ᠲᠣᠭ᠍ᠲᠠᠭᠠᠵᠤ᠂ ᠥᠨᠳᠥᠷ ᠬᠢᠷᠢ ᠲᠦᠪᠱᠢᠨ ᠪᠥᠬᠥᠶ ᠱᠢᠨᠵᠢᠯᠡᠬᠦ᠌ ᠤᠬᠠᠭᠠᠨᠲᠠᠨ᠎ᠤ ᠪᠦᠯᠬᠦᠮ ᠨᠡᠢᠲᠡ ᠪᠠ ᠡᠯᠪᠡᠭ ᠪᠠᠶᠠᠯᠢᠭ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠡᠬᠢ ᠪᠠᠶᠠᠯᠢᠭ᠎ᠢ ᠭᠦᠶ᠋ᠴᠡᠳ ᠠᠱᠢᠭ᠍ᠯᠠᠨ᠂ ᠥᠨᠳᠥᠷ ᠬᠢᠷᠢ ᠲᠦᠪᠱᠢᠨ ᠪᠥᠬᠥᠶ ᠱᠢᠨᠵᠢᠯᠡᠬᠦ᠌ ᠤᠬᠠᠭᠠᠨ᠎ᠤ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠥᠷᠨᠢᠭᠦᠯᠪᠡᠯ ᠵᠤᠬᠢᠨ᠎ᠠ ᠭᠡᠵᠡᠢ᠃

ᠶᠤᠸᠠᠨ ᠸᠸᠨ ᠭᠡᠱᠢᠭᠦᠨ ᠦᠭᠡ ᠬᠡᠯᠡᠬᠦ᠌᠎ᠳᠡᠭᠡᠨ᠂ ᠪᠦᠬᠦ᠌ ᠨᠡᠢᠭᠡᠮ᠎ᠳᠦ ᠨᠠᠰᠤᠵᠢᠯ᠎ᠤᠨ ᠢᠳᠡᠪᠬᠢ ᠦᠵᠡᠯᠲᠡ᠎ᠶ᠋ᠢ ᠪᠤᠢ ᠪᠣᠯᠭᠠᠵᠤ᠂ ᠥᠲᠡᠯᠦᠭᠡ ᠨᠠᠰᠤᠨ᠎ᠳ᠋ᠠᠭᠠᠨ ᠵᠢᠳᠬᠦᠯ ᠴᠢᠷᠮᠠᠢᠯᠭ᠎ᠠ ᠭᠠᠷᠭᠠᠬᠤ ᠰᠠᠢ᠌ᠨ ᠰᠠᠢᠬᠠᠨ ᠨᠡᠢᠭᠡᠮ᠎ᠦᠨ ᠠᠭᠤᠷ ᠠᠮᠢᠰᠭᠤᠯ᠎ᠢ ᠪᠤᠢ ᠪᠤᠯᠭᠠᠵᠤ᠂ ᠨᠠᠰᠤᠲᠠᠢᠴᠤᠳ᠎ᠤᠨ ᠨᠡᠢᠭᠡᠮ᠎ᠳᠦ ᠣᠷᠣᠯᠴᠠᠬᠤ᠎ᠶ᠋ᠢ ᠨᠥᠯᠥᠭᠡᠯᠡᠵᠦ᠍ ᠮᠡᠳᠡᠬᠦ᠌ ᠬᠠᠷᠰᠢ ᠰᠠᠭᠠᠳ᠎ᠢ ᠠᠷᠢᠯᠭᠠᠵᠤ᠂ ᠨᠠᠰᠤᠲᠠᠢᠴᠤᠳ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠳᠦ ᠣᠷᠣᠯᠴᠠᠬᠤ᠎ᠶ᠋ᠢ ᠳᠡᠮᠵᠢᠨ ᠵᠣᠷᠢᠭ᠍ᠵᠢᠭᠤᠯᠵᠤ᠂ ᠨᠠᠰᠤᠲᠠᠢᠴᠤᠳ᠎ᠤᠨ ᠬᠦᠷᠲᠡᠮᠵᠢ᠎ᠶ᠋ᠢᠨ ᠲᠦᠷᠦᠭ᠌ᠳᠡᠯ᠂ ᠵᠤᠯ ᠵᠢᠷᠭᠠᠯ᠎ᠤᠨ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠳᠡᠭᠡᠭ᠌ᠰᠢᠯᠡᠭᠦᠯᠬᠦ ᠬᠡᠷᠡᠭᠳᠡᠢ ᠬᠡᠪᠡ᠃

ᠴᠢᠶᠠᠨ ᠹᠸᠩ ᠭᠡᠱᠢᠭᠦᠨ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠲᠥᠪ ᠬᠣᠷᠢᠢ᠎ᠠ᠎ᠶ᠋ᠢ ᠲᠥᠯᠥᠭᠡᠯᠡᠨ ᠦᠬᠡ ᠬᠡᠯᠡᠬᠦ ᠳ᠋ᠡᠬᠡᠨ᠂ ᠪᠢᠳᠡ ᠲᠡᠦᠬᠡᠨ ᠳᠡᠭᠡᠷᠡᠬᠢ ᠠᠯᠢ ᠴᠤ᠌ ᠴᠠᠭ ᠦᠶ᠎ᠡ᠎ᠡᠴᠡ ᠢᠯᠡᠭᠦᠦ ᠴᠢᠳᠠᠪᠤᠷᠢᠲᠠᠨ᠎ᠢ ᠱᠠᠭᠠᠷᠳᠠᠵᠤ ᠪᠠᠢᠨ᠎ᠠ᠂ ᠢᠯᠠᠩᠭᠤᠶ᠎ᠠ ᠵᠠᠯᠠᠭᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠱᠠᠭᠠᠷᠳᠠᠵᠤ ᠪᠤᠢ᠃ ᠬᠢᠷᠢ ᠬᠡᠮ᠎ᠢ ᠨᠢ ᠦᠵᠡᠬᠦ᠌᠎ᠶ᠋ᠢ ᠡᠪᠳᠡᠵᠦ᠍᠂ ᠨᠡᠩ ᠤᠯᠠᠨ ᠵᠠᠯᠠᠭᠤ ᠴᠢᠳᠠᠪᠤᠷᠢᠲᠠᠨ᠎ᠢᠶᠠᠷ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠨᠳᠦ ᠡᠭᠦᠷᠭᠡ᠎ᠶ᠋ᠢ ᠵᠣᠷᠢᠭ᠍ᠲᠠᠢ ᠪᠡᠷ ᠡᠭᠦᠷᠭᠡᠯᠡᠭᠦᠯᠪᠡᠯ ᠵᠤᠬᠢᠨ᠎ᠠ; ᠨᠠᠩ ᠣᠯᠠᠨ ᠵᠠᠯᠠᠭᠤ ᠴᠢᠳᠠᠪᠤᠷᠢᠲᠠᠨ᠎ᠳᠤ ᠴᠢᠨᠠᠷ ᠰᠠᠢᠲᠠᠶ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠡᠬᠢ ᠪᠠᠶᠠᠯᠢᠭ᠎ᠢ ᠲᠣᠬᠢᠷᠠᠭᠤᠯᠵᠤ ᠦᠭᠪᠡᠯ ᠵᠤᠬᠢᠨ᠎ᠠ; ᠱᠢᠯᠢᠳᠡᠭ ᠵᠠᠯᠠᠭᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠱᠢᠯᠵᠢᠨ ᠬᠦᠳᠡᠯᠬᠦ ᠬᠢᠵᠠᠭᠠᠷᠯᠠᠯ᠎ᠢ ᠬᠦᠴᠦᠯᠡᠨ ᠠᠷᠢᠯᠭᠠᠵᠤ᠂ ᠦᠰᠦᠨ ᠪᠣᠢᠵᠢᠬᠤ ᠵᠠᠮ᠎ᠢ ᠥᠷᠭᠡᠳᠭᠡᠪᠡᠯ ᠵᠤᠬᠢᠨ᠎ᠠ;ᠵᠠᠯᠠᠭᠤ ᠴᠢᠳᠠᠪᠤᠷᠢᠲᠠᠨ᠎ᠤ ᠬᠦᠷᠳᠡᠬᠡᠮᠵᠢ ᠤᠯᠭᠤᠮᠵᠢ ᠵᠢ ᠪᠠᠲᠤᠯᠠᠬᠤ ᠲᠥᠷᠥ᠎ᠶ᠋ᠢᠨ ᠪᠣᠳᠣᠯᠭ᠎ᠠ᠎ᠶ᠋ᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠵᠦ᠍ ᠂ ᠴᠢᠳᠠᠪᠤᠷᠢᠲᠠᠨ᠎ᠢ ᠲᠠᠨᠢᠬᠤ ᠴᠢᠳᠠᠪᠤᠷᠢᠲᠠᠨ᠎ᠢ ᠬᠠᠢᠷᠠᠯᠠᠬᠤ ᠴᠢᠳᠠᠪᠤᠷᠢᠲᠠᠨ᠎ᠢ ᠬᠦᠨᠳᠦᠳᠭᠡᠬᠦ᠌ ᠴᠢᠳᠠᠪᠤᠷᠢᠲᠠᠨ᠎ᠢ ᠬᠡᠷᠡᠭ᠌ᠯᠡᠬᠦ᠌ ᠬᠥᠷᠥᠰᠥ᠍ ᠱᠢᠷᠣᠶ᠎ᠶ᠋ᠢ ᠵᠤᠵᠠᠭᠠᠳᠭᠠᠪᠠᠯ ᠵᠤᠬᠢᠨ᠎ᠠ ᠬᠡᠯ᠎ᠡ᠃

ᠹᠦ᠋ ᠵᠧᠨ ᠪᠠᠩ ᠭᠡᠱᠢᠭᠦᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠡᠳᠡᠭᠡᠳ᠎ᠢ ᠲᠥᠯᠥᠭᠡᠯᠡᠨ ᠦᠭᠡ ᠬᠡᠯᠡᠬᠦ᠌᠎ᠳᠡᠭᠡᠨ᠂ ᠬᠡᠦᠬᠡᠳ ᠠᠪᠬᠤ ᠵᠢ ᠶᠡᠬᠡ᠎ᠪᠡᠷ ᠵᠣᠷᠢᠭ᠍ᠵᠢᠭᠤᠯᠵᠤ᠂ ᠴᠢᠭᠢᠷᠠᠭ ᠲᠦᠷᠦᠵᠤ ᠲᠣᠷᠨᠢᠭᠤᠨ ᠥᠰᠭᠡᠬᠦ᠌᠎ᠶ᠋ᠢ ᠠᠬᠢᠭᠤᠯᠬᠤ ᠬᠡᠷᠡᠭ᠌ᠲᠡᠢ; ᠬᠡᠦᠬᠡᠳ ᠠᠪᠬᠤ᠎ᠶ᠋ᠢ ᠵᠣᠷᠢᠭ᠍ᠵᠢᠭᠤᠯᠬᠤ ᠬᠠᠤᠯᠢ ᠴᠠᠭᠠᠵᠠ ᠪᠠ ᠲᠥᠷᠥ᠎ᠶ᠋ᠢᠨ ᠪᠣᠳᠣᠯᠭ᠎ᠠ᠎ᠶ᠋ᠢᠨ ᠤᠳᠤᠷᠢᠳᠤᠮᠵᠢ᠎ᠶ᠋ᠢ ᠳᠤᠭᠳᠠᠭᠠᠬᠤ ᠬᠡᠷᠡᠭᠳᠡᠢ; ᠬᠡᠦᠬᠡᠳ ᠠᠪᠬᠤ ᠵᠢ ᠪᠥᠬᠥ᠌ ᠲᠠᠯ᠎ᠠ᠎ᠪᠠᠷ ᠪᠥᠬᠥ᠌ ᠬᠡᠯᠬᠢᠶ᠎ᠡ᠎ᠪᠡᠷ ᠵᠣᠷᠢᠭ᠍ᠵᠢᠭᠤᠯᠬᠤ ᠲᠥᠬᠥᠷ ᠲᠥᠷᠥ᠎ᠶ᠋ᠢᠨ ᠪᠣᠳᠣᠯᠭ᠎ᠠ᠎ᠶ᠋ᠢ ᠢᠳᠡᠪᠬᠢᠲᠡᠶ ᠪᠠᠢᠭᠤᠯᠬᠤ ᠬᠡᠷᠡᠭᠳᠡᠢ; ᠡᠬᠡᠴᠦᠦᠯ᠎ᠤᠨ ᠡᠷᠬᠡ ᠠᠱᠢᠭ ᠪᠠ ᠡᠮᠡᠭ᠌ᠲᠡᠢᠴᠦᠳ᠎ᠦᠨ ᠠᠵᠢᠯ ᠣᠯᠬᠤ ᠡᠷᠬᠡ ᠠᠱᠢᠭ᠎ᠢ ᠶᠡᠬᠡ ᠪᠡᠷ ᠪᠠᠲᠤᠯᠠᠬᠤ ᠬᠡᠷᠡᠭᠳᠡᠢ; ᠬᠥᠮᠦᠨ ᠠᠮᠠ᠎ᠶ᠋ᠢᠨ ᠲᠡᠩᠴᠡᠭᠦᠷᠢᠲᠡᠢ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ ᠬᠡᠷᠡᠭᠳᠡᠢ ᠬᠡᠪᠡ᠃

ᠱᠸᠨ ᠪᠢᠨ ᠭᠡᠱᠢᠭᠦᠨ ᠱᠠᠱᠢᠨ ᠰᠤᠷᠲᠠᠬᠤᠨ᠎ᠤ ᠡᠲᠡᠭᠡᠳ᠎ᠢ ᠲᠥᠯᠥᠭᠡᠯᠡᠨ ᠦᠬᠡ ᠬᠡᠯᠡᠬᠦ ᠳ᠋ᠡᠬᠡᠨ᠂ ᠭᠠᠭ᠍ᠴᠠ ᠬᠦ᠌ ᠱᠠᠱᠢᠨ᠎ᠤ ᠲᠦᠷᠢᠮ᠎ᠢ ᠴᠡᠭ᠌ᠴᠡᠯᠡᠪᠡᠯ ᠰᠠᠶᠢ ᠢᠲᠡᠭᠡᠯ ᠪᠢᠱᠢᠷᠡᠯ᠎ᠢᠶᠡᠨ ᠲᠥᠪ ᠪᠣᠯᠭᠠᠵᠤ ᠴᠢᠳᠠᠨ᠎ᠠ; ᠭᠠᠭ᠍ᠴᠠ ᠬᠦ᠌ ᠱᠠᠰᠢᠨ ᠤ᠋ ᠰᠤᠷᠲᠠᠯ ᠲᠥᠪ ᠴᠢᠩᠭ᠎ᠠ ᠪᠠᠢᠪᠠᠯ ᠰᠠᠶᠢ ᠲᠦᠷᠢ ᠲᠥᠷᠬᠦ᠌᠎ᠶ᠋ᠢ ᠱᠤᠭᠤᠵᠤ ᠴᠢᠳᠠᠨ᠎ᠠ ᠬᠡᠪᠡ᠃ ᠥᠪᠡᠷ᠎ᠤᠨ ᠬᠦᠮᠦᠵᠢᠯ᠎ᠢ ᠴᠢᠩᠭᠠᠳᠭᠠᠵᠤ᠂ ᠵᠣᠷᠢᠭ᠍ᠲᠠᠶ᠎ᠪᠠᠷ ᠥᠪᠡᠷ᠎ᠢ᠎ᠪᠡᠨ ᠴᠡᠪᠡᠷᠱᠢᠭᠦᠯᠬᠦ᠌ ᠬᠡᠷᠡᠭ᠌ᠲᠡᠶ; ᠥᠪᠡᠷ᠎ᠦᠨ ᠬᠠᠮᠢᠶᠠᠷᠤᠯᠲᠠ᠎ᠪᠠᠨ ᠴᠢᠩᠭᠠᠳᠭᠠᠵᠤ᠂ ᠬᠠᠤᠯᠢ ᠶᠣᠰᠣᠭᠠᠷ ᠱᠠᠰᠢᠨ ᠡᠷᠬᠢᠯᠡᠬᠦ᠌᠎ᠶ᠋ᠢ ᠠᠬᠢᠭᠤᠯᠬᠤ ᠬᠡᠷᠡᠭ᠌ᠲᠡᠢ; ᠥᠪᠡᠷ᠎ᠢ᠎ᠪᠡᠨ ᠬᠦᠯᠢᠶᠡᠰᠦᠯᠡᠬᠦ᠎ᠶ᠋ᠢ ᠴᠢᠩᠭᠠᠳᠭᠠᠵᠤ᠂ ᠰᠠᠨᠠᠭᠠᠴᠢᠯᠠᠭ᠎ᠠ ᠡᠴᠨ ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ ᠂ ᠮᠠᠨ᠎ᠤ ᠤᠯᠤᠰ᠎ᠤᠨ ᠱᠠᠱᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠵᠢ ᠭᠦᠨᠵᠡᠭᠡᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮᠲᠤ ᠨᠡᠢᠭᠡᠮ᠎ᠯᠦᠭᠡ ᠨᠡᠩ ᠰᠠᠢᠲᠤᠷ ᠵᠣᠬᠢᠴᠠᠵᠤ᠂ ᠮᠠᠨ᠎ᠤ ᠤᠯᠤᠰ᠎ᠤᠨ ᠱᠠᠱᠢᠨ ᠰᠤᠷᠲᠠᠬᠤᠨ᠎ᠤ ᠡᠷᠡᠭᠦᠯ ᠤᠯᠠᠮᠵᠢᠯᠠᠯ ᠎ᠢ ᠠᠬᠢᠭᠤᠯᠬᠤ ᠬᠡᠷᠡᠭ᠌ᠲᠡᠢ ᠬᠡᠪᠡ᠃

ᠯᠢᠶᠣᠤ ᠽᠸ ᠶᠦᠨ ᠭᠡᠱᠢᠭᠦᠨ ᠦᠭᠡ ᠬᠡᠯᠡᠬᠦ᠌᠎ᠳᠡᠭᠡᠨ᠂ᠾᠧᠩᠴᠢᠨ ᠭᠤᠸᠠᠩᠳᠦ᠋ᠩ ᠣᠣᠮᠧᠨ᠎ᠦ ᠭᠦᠨᠵᠡᠭᠡᠢ ᠬᠠᠮᠲᠤᠷᠠᠯᠴᠠᠭᠠᠨ᠎ᠤ ᠣᠷᠣᠨ᠎ᠤ ᠪᠦᠳᠦᠭᠡᠨ ᠪᠠᠢᠭᠤᠯᠤᠯᠲᠠ ᠨᠢ ᠣᠣᠮᠧᠨ᠎ᠦ 《ᠨᠢᠭᠡ ᠤᠯᠤᠰ ᠲᠦ᠍ ᠬᠣᠶᠠᠷ ᠪᠠᠢᠭᠤᠯᠤᠯ᠎ᠢ ᠬᠡᠷᠡᠭᠵᠢᠬᠦᠯᠬᠦ》 ᠵᠢᠨ ᠦᠢᠯᠡᠳᠦᠯᠭᠡ᠎ᠶ᠋ᠢᠨ ᠯᠠᠪᠳᠠᠭᠤᠨ᠎ᠢᠶᠠᠷ ᠬᠤᠯᠠ ᠠᠶᠠᠯᠠᠬᠤ᠎ᠳᠤ ᠱᠢᠨ᠎ᠡ ᠣᠷᠣᠨ ᠵᠠᠢ᠎ᠶ᠋ᠢ ᠨᠡᠭᠡᠭᠡᠵᠦ᠍᠂ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠪᠡ᠃ 《ᠣᠣᠮᠧᠨ᠎ᠦ ᠠᠵᠤ ᠠᠬᠤᠢ᠎ᠶ᠋ᠢᠨ ᠵᠣᠬᠢᠰᠲᠠᠢ ᠤᠯᠠᠨ ᠡᠱᠢᠴᠢᠯᠡᠭ᠌ᠰᠡᠨ ᠬᠥᠭ᠌ᠵᠢᠯᠲᠡ᠎ᠶ᠋ᠢ ᠠᠬᠢᠭᠤᠯᠬᠤ》ᠭᠣᠣᠯ ᠱᠢᠵᠢᠮ᠎ᠦᠨ ᠲᠣᠭᠣᠷᠢᠨ᠎ᠳᠤ ᠱᠢᠨ᠎ᠡ ᠪᠠᠢᠳᠠᠯ᠎ᠢ ᠡᠭᠦᠳᠴᠦ᠍᠂ ᠢᠳᠡᠪᠬᠢᠲᠡᠢ᠎ᠪᠡᠷ ᠪᠡᠯᠡ ᠣᠷᠣᠭᠤᠯᠤᠨ ᠠᠵᠤ ᠦᠢᠯᠡᠰ ᠵᠢᠡᠨ ᠬᠥᠭ᠌ᠵᠢᠭᠦᠯᠵᠦ᠍᠂ᠨᠡᠢᠭᠡᠮ᠎ᠦᠨ ᠡᠬᠢ ᠪᠠᠶᠠᠯᠢᠭ᠎ᠢ ᠬᠤᠷᠠᠮᠳᠤᠭᠤᠯᠬᠤ᠎ᠶ᠋ᠢ ᠠᠬᠢᠭᠤᠯᠬᠤ ᠬᠡᠷᠡᠭ᠌ᠲᠡᠢ; ᠲᠡᠷᠢᠭᠦᠨ᠎ᠦ ᠬᠠᠮᠢᠶᠠᠷᠤᠯᠲᠠ᠎ᠶ᠋ᠢᠨ᠎ᠣᠢᠯᠠᠭᠠᠭ᠍ᠳᠠᠬᠤᠨ᠎ᠢ ᠪᠦᠲᠦᠮᠵᠢᠲᠡᠶ ᠲᠣᠯᠢᠯᠠᠵᠤ᠂ ᠴᠢᠨᠠᠷ ᠰᠠᠢᠲᠠᠶ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ᠎ᠪᠡᠷ ᠬᠢᠯᠢ᠎ᠶ᠋ᠢᠨ ᠳᠣᠲᠣᠨ᠎ᠠ ᠭᠠᠳᠠᠨᠠᠬᠢ ᠱᠢᠯᠢᠳᠡᠭ ᠴᠢᠳᠠᠪᠤᠷᠢᠲᠠᠨ᠎ᠢ ᠥᠷᠭᠡᠨ᠎ᠢᠶᠡᠷ ᠡᠯᠰᠡᠵᠦ᠂ ᠳᠠᠪᠠᠭᠤᠯᠢᠭ ᠦᠢᠯᠡᠳᠦᠯ᠎ᠢᠶᠡᠨ ᠪᠠᠳᠠᠷᠠᠭᠤᠯᠵᠤ᠂ 《ᠨᠢᠭᠡ ᠤᠯᠤᠰ ᠲᠦ᠍ ᠬᠣᠶᠠᠷ ᠪᠠᠢᠭᠤᠯᠤᠯ ᠎ᠢ ᠬᠡᠷᠡᠭᠵᠢᠬᠦᠯᠬᠦ》 ᠵᠢᠨ ᠦᠢᠯᠡᠳᠦᠯᠭᠡ᠎ᠶ᠋ᠢᠨ ᠰᠦᠪᠡᠭ᠌ᠴᠢᠯᠡᠯᠳᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ ᠬᠡᠷᠡᠭᠳᠡᠢ ᠬᠡᠵᠡᠢ᠃

ᠭᠤᠤ ᠹᠸᠩ ᠭᠡᠱᠢᠭᠦᠨ ᠲᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠨᠠᠮ ᠤ᠋ᠨ ᠲᠥᠪ ᠬᠤᠷᠢᠶ᠎ᠠ ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠨᠢ ᠴᠢᠯᠥᠭᠡᠲᠦ ᠠᠷᠠᠯᠵᠢᠶ᠎ᠠ᠎ᠶ᠋ᠢ ᠠᠬᠢᠭᠤᠯᠬᠤ᠂ ᠭᠠᠳᠠᠭᠠᠳᠤ ᠨᠡᠬᠡᠬᠡᠯᠳᠡ᠎ᠶ᠋ᠢ ᠥᠷᠭᠡᠳᠭᠡᠬᠦ᠌ ᠵᠡᠷᠭᠡ ᠲᠠᠯ᠎ᠠ᠎ᠪᠠᠷ ᠣᠷᠣᠯᠠᠭᠤᠯᠵᠤ ᠪᠣᠯᠤᠰᠢ ᠦᠭᠡᠢ ᠴᠢᠬᠤᠯᠠ ᠦᠢᠯᠡᠳᠦᠯ ᠦᠵᠡᠭᠦᠯᠵᠦ᠍ ᠪᠠᠢᠨ᠎ᠠ᠃ ᠦᠵᠦ᠍ ᠲᠥᠯᠥᠪᠯᠡᠭᠡ᠎ᠶ᠋ᠢ ᠴᠢᠩᠭᠠᠳᠭᠠᠬᠤ᠎ᠶ᠋ᠢ ᠣᠷᠣᠨ ᠪᠦᠰᠡ᠎ᠶ᠋ᠢᠨ ᠳᠠᠪᠠᠭᠤᠯᠢᠭ᠎ᠢ ᠪᠠᠳᠠᠷᠠᠭᠤᠯᠬᠤ᠎ᠲᠠᠶ ᠤᠶᠠᠯᠳᠤᠭᠤᠯᠵᠤ᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠴᠢᠳᠠᠮᠵᠢ᠎ᠳᠤ ᠦᠢᠯᠡᠴᠢᠯᠡᠬᠦ᠌᠎ᠶ᠋ᠢ ᠴᠢᠩᠭᠠᠳᠭᠠᠬᠤ ᠬᠡᠷᠡᠭ᠌ᠲᠡᠢ; ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠳᠦᠷᠢᠮ᠎ᠦᠨ ᠱᠢᠨ᠎ᠡ᠎ᠶ᠋ᠢ ᠡᠭᠦᠳᠬᠦ᠌᠎ᠶ᠋ᠢᠨ ᠬᠦᠳᠦᠯᠦᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠪᠦᠬᠦ᠌ ᠤᠯᠤᠰ᠎ᠤᠨ ᠨᠢᠭᠡᠳᠦᠯᠲᠡᠢ ᠵᠠᠬ᠎ᠠ ᠳᠡᠯᠭᠡᠭᠦᠷ᠎ᠦᠨ ᠳᠦᠷᠢᠮ᠎ᠦᠨ ᠪᠠᠢᠭᠤᠯᠤᠯᠲᠠ᠎ᠶ᠋ᠢ ᠠᠬᠢᠭᠤᠯᠬᠤ ᠬᠡᠷᠡᠭᠳᠡᠢ;ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ ᠱᠢᠨ᠎ᠡ ᠵᠢ ᠡᠬᠦᠳᠬᠦ᠎ᠶ᠋ᠢ ᠭᠦᠨᠵᠡᠭᠡᠢᠷᠡᠭᠦᠯᠵᠦ᠍᠂ ᠲᠦᠷᠢᠮ᠎ᠦᠨ ᠬᠡᠯᠪᠡᠷᠢ᠎ᠶ᠋ᠢᠨ ᠨᠡᠭᠡᠭᠡᠯᠲᠡ᠎ᠶ᠋ᠢ ᠠᠬᠢᠭᠤᠯᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭᠳᠡᠢ ᠬᠡᠪᠡ᠃

ᠵᠠᠩ ᠮᠢᠨ ᠭᠡᠱᠢᠭᠦᠨ ᠦᠭᠡ ᠬᠡᠯᠡᠬᠦ ᠳ᠋ᠡᠭᠡᠨ᠂ ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ᠂ ᠪᠦᠯᠠᠩ ᠦᠨᠳᠦᠰᠦᠲᠡᠨ᠎ᠦ ᠥᠨᠥᠳᠦᠷ ᠪᠠᠢᠵᠤ ᠴᠢᠳᠠᠬᠤ ᠦᠭᠡᠢ; ᠡᠪ ᠬᠠᠮᠲᠤ ᠨᠠᠮ᠎ᠢ ᠳᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠭᠡᠷ ᠣᠷᠣᠨ᠎ᠢ ᠪᠦᠲᠦᠭᠡᠨ ᠪᠠᠢᠭᠤᠯᠬᠤ ᠪᠣᠯ ᠵᠣᠯ ᠵᠢᠷᠭᠠᠯᠲᠤ ᠠᠮᠢᠳᠤᠷᠠᠯ᠎ᠢ ᠪᠡᠶᠡᠯᠡᠭᠦᠯᠬᠦ᠌ ᠴᠤᠷ᠎ᠤᠨ ᠭᠠᠭ᠍ᠴᠠ ᠵᠥᠪ ᠰᠣᠩᠭᠣᠯᠲᠠ ᠮᠥᠨ᠃ ᠦᠨᠳᠦᠰᠦᠲᠡᠨ᠎ᠦ ᠪᠦᠯᠬᠦᠮᠳᠡᠯ᠎ᠦᠨ ᠲᠠᠩᠭᠠᠷᠢᠭ᠎ᠢ ᠪᠠᠲᠤ ᠰᠠᠬᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠳᠦ ᠠᠨᠠᠷ᠎ᠤᠨ ᠦᠷ᠎ᠡ ᠱᠢᠭ ᠪᠦᠯᠬᠦᠮᠳᠡᠨ ᠨᠢᠭ᠍ᠲᠠᠷᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠨᠡᠩ ᠰᠠᠢ᠌ᠨ ᠰᠠᠢᠬᠠᠨ ᠢᠷᠡᠭᠡᠳᠦᠢ ᠲᠡᠢᠰᠢ ᠬᠠᠮᠲᠤ᠎ᠪᠠᠷ ᠢᠲᠡᠭᠡᠯ ᠲᠡᠭᠦᠯᠳᠡᠷ ᠤᠷᠤᠭ᠍ᠰᠢᠯᠠᠨ᠎ᠠ ᠬᠡᠪᠡ᠃

ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠭᠤᠤ ᠶᠦᠨ ᠯᠦᠩ ᠬᠤᠷᠠᠯ᠎ᠢ ᠡᠷᠭᠢᠯᠡᠪᠡ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠵᠠᠩ ᠴᠢᠩ ᠯᠢ᠂ ᠯᠢᠦ ᠴᠢ ᠪᠦᠦ᠂ ᠸᠠᠨ ᠭᠠᠩ᠂ ᠾᠧ ᠾᠧᠦ ᠬᠤᠸᠠ ᠂ ᠯᠦ᠍ ᠵᠠᠨ ᠭᠦᠩ ᠂ ᠮᠠ ᠪᠢᠶᠤᠤ ᠂ ᠴᠧᠨ ᠱᠢᠶᠤᠤ ᠭᠤᠸᠠᠩ ᠂ ᠯᠢᠶᠠᠩ ᠵᠧᠨ ᠶᠢᠩ ᠂ ᠱᠢᠶᠠ ᠪᠦᠦ ᠯᠦᠩ᠂ ᠯᠢ ᠪᠢᠨ ᠂ ᠪᠠᠭᠠᠲᠤᠷ ᠂ ᠸᠠᠩ ᠶᠦᠩ ᠴᠢᠩ ᠂ ᠾᠧ ᠯᠢ ᠹᠸᠩ ᠂ ᠰᠦ᠍ ᠬᠤᠢ᠂ ᠵᠧᠩ ᠵᠢᠶᠠᠨ ᠪᠠᠩ᠂ ᠭᠦ᠋ ᠱᠧᠩ ᠽᠦ᠍ ᠂ ᠯᠢᠦ ᠱᠢᠨ ᠴᠧᠩ ᠂ ᠾᠧ ᠸᠧᠢ ᠂ ᠱᠤᠤ ᠬᠣᠩ ᠬᠤᠷᠠᠯ᠎ᠳᠤ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面