2022-03-09 10:16:51
ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 8 ᠤ᠋ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠤᠳᠠᠭ᠎ᠠ ᠵᠢᠨ ᠬᠤᠷᠠᠯ ᠬᠢᠪᠠ᠃ ᠬᠤᠷᠠᠯ ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠲᠥᠯᠥᠪᠯᠡᠭᠡ᠎ᠶ᠋ᠢᠨ ᠮᠡᠳᠡᠭᠦᠯᠦᠯᠲᠡ᠂ ᠲᠥᠰᠦᠪ᠎ᠦᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠤᠨ ᠲᠥᠰᠦᠯ ᠵᠡᠷᠭᠡ᠎ᠶ᠋ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠵᠠᠨ ᠱᠸ᠋ ᠬᠤᠷᠠᠯ᠎ᠢ ᠡᠷᠭᠢᠯᠡᠪᠡ᠃
ᠬᠤᠷᠠᠯ᠎ᠳᠤ ᠣᠷᠣᠯᠴᠠᠬᠤ ᠶᠣᠰᠣᠲᠠᠢ 175 ᠬᠥᠮᠦᠨ᠂ 167 ᠬᠥᠮᠦᠨ ᠣᠷᠣᠯᠴᠠᠵᠤ᠂ 8 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠠ᠃
3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ ᠪᠠ 6 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠲᠥᠯᠥᠭᠡᠯᠡᠭ᠌ᠴᠢᠳ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠥ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠳᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠥ᠂ ᠠᠵᠢᠯ᠎ᠢᠶᠠᠨ ᠳ᠋ᠦᠩᠨᠡᠭᠰᠡᠨ ᠨᠢ ᠪᠤᠰᠤᠳᠴᠢ ᠪᠥᠭᠡᠳ ᠪᠦᠬᠦ᠌ ᠲᠠᠯ᠎ᠠ᠎ᠶ᠋ᠢᠨ᠂ ᠪᠠᠢᠳᠠᠯ᠎ᠢ ᠵᠠᠳᠠᠯᠤᠬᠰᠠᠨ ᠨᠢ ᠰᠡᠷᠭᠡᠭ ᠣᠨᠣᠪᠴᠢᠲᠠᠶ᠂ ᠬᠠᠷᠠᠯᠲᠠ ᠲᠣᠭ᠍ᠲᠠᠭᠠᠬᠰᠠᠨ ᠨᠢ ᠱᠢᠨᠵᠢᠯᠡᠬᠦ᠌ ᠤᠬᠠᠭᠠᠨᠴᠢ ᠪᠥᠭᠡᠳ ᠵᠦᠶ ᠵᠣᠬᠢᠰᠲᠠᠶ᠂ ᠠᠵᠢᠯ᠎ᠢᠶᠠᠨ ᠪᠠᠢᠷᠢᠯᠠᠭᠤᠯᠬᠤ ᠳ᠋ᠤ ᠨᠠᠷᠢᠨ ᠨᠢᠬᠳᠠ ᠪᠣᠳᠠᠲᠠᠶ᠎ᠶ᠋ᠢ ᠡᠷᠬᠢᠮᠯᠡᠵᠥ᠂ ᠲᠣᠭ᠍ᠲᠠᠭᠤᠨ᠎ᠤ ᠳᠤᠮᠳᠠ ᠤᠷᠤᠬᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ ᠪᠠ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠡᠬᠢᠨ ᠡᠴᠡ ᠨᠢ ᠳᠠᠭᠤᠰᠳᠠᠯ᠎ᠠ ᠲᠤᠭᠤᠰᠢᠯᠠᠭᠤᠯᠵᠥ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠠᠢᠷᠢᠯᠠᠭᠤᠯᠤᠯᠲᠠ ᠱᠠᠭᠠᠷᠳᠠᠯᠭ᠎ᠠ ᠵᠢ ᠢᠯᠡᠷᠡᠬᠦᠯᠦᠭᠰᠡᠨ ᠪᠠ ᠨᠠᠢᠳᠠᠪᠤᠷᠢᠵᠢᠭᠤᠯᠵᠥ᠂ ᠲᠤᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶ᠋ᠢ ᠡᠷᠬᠢᠮᠯᠡᠭᠰᠡᠨ᠂ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠵᠤ ᠬᠥᠭ᠌ᠵᠢᠯᠲᠡ᠎ᠶ᠋ᠢ ᠡᠷᠢᠯᠬᠢᠯᠡᠭᠰᠡᠨ᠂ ᠬᠦᠴᠦᠯᠡᠨ ᠴᠢᠷᠮᠠᠢᠵᠤ ᠢᠷᠡᠭᠡᠳᠦᠶ ᠵᠦᠭ ᠤᠷᠤᠬᠰᠢᠯᠠᠭᠰᠠᠨ ᠰᠠᠢᠨ ᠢᠯᠡᠳᠭᠡᠯ ᠪᠤᠯᠵᠠᠢ ᠬᠡᠵᠥ ᠰᠠᠨᠠᠯ ᠨᠢᠬᠡᠳᠡᠢ ᠦᠵᠡᠵᠡᠬᠡᠪᠡ᠃ ᠲᠥᠯᠥᠭᠡᠯᠡᠭ᠌ᠴᠢᠳ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠥᠩᠭᠡᠷᠡᠭ᠌ᠰᠡᠨ ᠨᠢᠭᠡ ᠵᠢᠯᠦᠨᠠᠵᠢᠯᠢᠭᠦᠢᠴᠡᠳᠨᠤᠲᠠᠯᠠᠵᠤ᠂ ᠡᠨᠡ ᠵᠢᠯ᠎ᠦᠨ ᠠᠵᠢᠯ᠎ᠤᠨ ᠪᠠᠢᠷᠢᠯᠠᠭᠤᠯᠤᠯᠲᠠ ᠪᠣᠯᠤᠨ ᠲᠤᠬᠢᠷᠠᠭᠤᠯᠤᠯᠳᠠ᠎ᠶ᠋ᠢ ᠨᠡᠢᠳᠡᠮ᠎ᠳᠡᠭᠡᠨ ᠵᠥᠪᠱᠢᠶᠡᠷᠡᠪᠡ᠃ ᠬᠢᠨᠠᠨ ᠵᠥᠪᠯᠡᠬᠦ᠌ ᠳᠤᠮᠳᠠ᠂ ᠲᠥᠯᠥᠭᠡᠯᠡᠭ᠌ᠴᠢᠳ ᠪᠠᠰᠠ ᠵᠠᠷᠢᠮ ᠰᠠᠨᠠᠯ ᠰᠠᠨᠠᠭᠤᠯᠭ᠎ᠠ ᠳᠤᠷᠠᠳᠴᠠᠢ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠲᠥᠯᠥᠭᠡᠯᠡᠭ᠌ᠴᠢᠳ᠎ᠦᠨ ᠬᠢᠨᠠᠨ ᠵᠥᠪᠯᠡᠭ᠌ᠰᠡᠨ ᠰᠠᠨᠠᠯ᠎ᠢ ᠨᠠᠷᠢᠨ ᠬᠢᠨᠠᠮᠠᠭᠠᠢ ᠰᠤᠳᠤᠯᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ ᠨᠡᠢ᠌ᠳᠡ 92 ᠭᠠᠵᠠᠷ᠎ᠲᠤ ᠵᠠᠰᠠᠪᠤᠷᠢ ᠣᠷᠣᠭᠤᠯᠵᠠᠢ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ ᠪᠣᠯᠤᠨ ᠢᠯᠡᠳᠭᠡᠯ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ᠎ᠢ ᠦᠨᠳᠦᠰᠦᠯᠡᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠵᠥᠪᠱᠢᠶᠡᠷᠡᠬᠦ᠌᠎ᠶ᠋ᠢ ᠰᠠᠨᠠᠭᠤᠯᠤᠭ᠍ᠰᠠᠨ ᠪᠥᠭᠡᠳ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠪᠠ᠃ ᠬᠤᠷᠠᠯ ᠡᠴᠡ ᠪᠠᠲᠤᠯᠠᠯᠲᠠ ᠬᠢᠬᠦ᠌᠎ᠪᠡᠷ ᠲᠠᠮᠵᠢᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠤᠢ ᠱᠤᠤ ᠱ᠌ᠢ ᠬᠤᠷᠠᠯ᠎ᠳᠤ 2021 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠶ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠮᠡᠳᠡᠭᠦᠯᠦᠯᠲᠡ ᠬᠢᠪᠠ᠃ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠦᠵᠡᠬᠦ᠌᠎ᠪᠡᠷ᠂ 2021 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠭᠡᠷᠡᠭᠵᠢᠬᠦᠯᠦᠭᠰᠡᠨ ᠪᠠᠢᠳᠠᠯ ᠶᠡᠷᠦᠩᠬᠡᠢ᠎ᠳᠡᠭᠡᠨ ᠰᠠᠢ᠌ᠨ ᠪᠠᠢᠨ᠎ᠠ᠃ ᠲᠦᠷᠦ᠍ ᠶ᠋ᠢᠨ ᠶᠠᠪᠤᠳᠠᠯ᠎ᠤᠨ ᠬᠣᠷᠢᠶᠠᠨ᠎ᠤ ᠳᠤᠷᠠᠳᠤᠭ᠍ᠰᠠᠨ 2022 ᠣᠨ᠎ᠤ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠎ᠶ᠋ᠢᠨ ᠲᠥᠰᠦᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠡᠢᠴᠡᠵᠤ᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠲᠠᠶ ᠨᠡᠢᠴᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠬᠠᠷᠠᠯᠲᠠ᠎ᠶ᠋ᠢᠨ ᠱᠠᠭᠠᠷᠳᠠᠯᠭ᠎ᠠ ᠲᠠᠢ ᠨᠡᠢᠴᠡᠵᠤ᠂ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠨᠡᠢᠴᠡᠵᠦ᠂ ᠨᠠᠩ ᠪᠤᠳᠤᠯᠢᠶᠠᠨᠲᠠᠶ ᠪᠥᠭᠡᠳ ᠬᠦᠨᠳᠦ ᠨᠣᠴᠢᠲᠠᠶ ᠭᠠᠳᠠᠭᠠᠳᠤ ᠣᠷᠴᠢᠨ ᠨᠥᠬᠥᠴᠡᠯ ᠪᠠ ᠤᠯᠤᠰ᠎ᠤᠨ ᠳᠣᠲᠣᠭᠠᠳᠤ᠎ᠶ᠋ᠢᠨ ᠬᠡᠷᠡᠭ᠌ᠴᠡᠭᠡ᠎ᠵᠢᠨ ᠠᠪᠴᠢᠯᠳᠠ᠂ ᠬᠠᠩᠭᠠᠯᠭ᠎ᠠ᠎ᠶ᠋ᠢᠨ ᠳᠠᠭᠠᠷᠢᠯᠲᠠ᠂ ᠵᠢᠱ᠌ᠢᠯᠳᠠ ᠪᠠᠭᠤᠷᠠᠢ ᠪᠣᠯᠬᠤ ᠭᠤᠷᠪᠠᠨ ᠳᠠᠪᠬᠤᠷ ᠳᠠᠷᠤᠯᠲᠠ ᠵᠡᠷᠭᠡ᠎ᠳᠦ ᠬᠢᠨᠠᠮᠠᠭᠠᠢ ᠵᠠᠳᠠᠯᠤᠯᠲᠠ ᠬᠢᠵᠤ᠂ ᠭᠤᠤᠯ ᠡᠭᠦᠷᠭᠡ᠎ᠳᠦ ᠬᠠᠷᠠᠭᠠᠯᠵᠠᠬᠰᠠᠨ ᠲᠣᠬᠢᠷᠠᠭᠤᠯᠤᠯᠲᠠ ᠬᠢᠵᠤ᠂ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠶ ᠱᠠᠭᠠᠷᠳᠠᠯᠭ᠎ᠠ᠂ ᠭᠣᠣᠯ ᠵᠢᠱ᠌ᠢᠭ᠌ᠰᠡᠨ ᠬᠠᠷᠠᠯᠲᠠ᠂ ᠭᠤᠤᠯ ᠪᠣᠯᠬᠤ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ᠂ ᠭᠣᠣᠯ ᠡᠭᠦᠷᠭᠡ᠎ᠶ᠋ᠢ ᠦᠨᠳᠦᠰᠦᠨ᠎ᠳᠡᠭᠡᠨ ᠵᠣᠬᠢᠴᠠᠭᠤᠯᠤᠨ ᠲᠣᠬᠢᠷᠠᠯᠴᠠᠭᠤᠯᠵᠤ᠂ ᠶᠡᠷᠦᠩᠬᠡᠶ᠎ᠳᠡᠭᠡᠨ ᠬᠡᠷᠡᠭ᠌ᠵᠢᠭᠦᠯᠵᠦ᠍ ᠪᠣᠯᠤᠨ᠎ᠠ ᠭᠡᠪᠡ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠡᠴᠡ ᠲᠥᠷᠥ᠎ᠶ᠋ᠢᠨ ᠶᠠᠪᠤᠳᠠᠯᠤᠨᠬᠣᠷᠢᠶᠠᠨᠤ ᠳᠤᠷᠠᠳᠤᠭ᠍ᠰᠠᠨ 《2021 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠶ ᠮᠡᠳᠡᠬᠦᠯᠦᠯᠳᠠ》 ᠵᠢ ᠵᠦᠪᠰᠢᠶᠡᠷᠡᠵᠤ᠂ 2022 ᠣᠨ᠎ᠤ ᠤᠯᠤᠰᠠᠷᠠᠳᠤᠨᠠᠵᠤᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠵᠦᠪᠰᠢᠶᠡᠷᠡᠬᠦ ᠵᠢ ᠰᠠᠨᠠᠭᠤᠯᠵᠠᠢ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠱ᠌ᠢ ᠶᠣᠣ ᠪᠢᠨ ᠬᠤᠷᠠᠯ᠎ᠳᠤ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ 2021 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠬᠥᠢᠴᠡᠳᠬᠡᠭᠰᠡᠨ ᠪᠠᠢᠳᠠᠯ ᠵᠢᠴᠢ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ ᠬᠢᠪᠡ᠃ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠦᠵᠡᠬᠦ᠌᠎ᠪᠡᠷ᠂ 2021 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠬᠥᠢᠴᠡᠳᠬᠡᠭᠰᠡᠨ ᠪᠠᠢᠳᠠᠯ ᠶᠡᠷᠦᠩᠬᠡᠢ᠎ᠳᠡᠭᠡᠨ ᠰᠠᠢ᠌ᠨ ᠪᠠᠢᠨ᠎ᠠ᠃ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠳᠤᠷᠠᠳᠤᠭ᠍ᠰᠠᠨ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠡᠢᠴᠡᠵᠤ᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠲᠠᠶ ᠨᠡᠢᠴᠡᠵᠦ᠍᠂ ᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠪᠣᠯᠤᠨ ᠬᠣᠷᠸ᠎ᠠ ᠲᠣᠬᠢᠷᠠᠭᠤᠯᠭ᠎ᠠ ᠡᠵᠡᠮᠱᠢᠯ᠎ᠦᠨ ᠶᠡᠷᠦᠩᠬᠡᠶ ᠱᠠᠭᠠᠷᠳᠠᠯᠭ᠎ᠠ ᠲᠠᠢ ᠨᠡᠢᠴᠡᠵᠤ᠂ ᠲᠥᠰᠦᠪ᠎ᠢ ᠨᠠᠢᠷᠠᠭᠤᠯᠤᠨ ᠵᠣᠬᠢᠶᠠᠬᠤ ᠪᠠ ᠡᠳ᠋᠎ᠦᠨ ᠵᠠᠰᠠᠭ᠎ᠤᠨ ᠠᠵᠢᠯ᠎ᠤᠨ ᠶᠡᠷᠦᠩᠬᠡᠢ ᠱᠠᠭᠠᠷᠳᠠᠯᠭ᠎ᠠ᠂ ᠭᠣᠣᠯ ᠪᠤᠯᠬᠤ ᠣᠷᠣᠯᠭ᠎ᠠ ᠵᠠᠷᠤᠯᠭ᠎ᠠ᠎ᠶ᠋ᠢᠨ ᠲᠦᠷᠦ᠍᠎ᠶ᠋ᠢᠨ ᠪᠤᠳ᠋ᠤᠯᠭ᠎ᠠ᠂ ᠲᠥᠰᠦᠪ᠎ᠦᠨ ᠣᠷᠣᠯᠭ᠎ᠠ᠎ᠶ᠋ᠢᠨ ᠵᠢᠱ᠌ᠢᠯᠲᠡ ᠪᠣᠯᠤᠨ ᠵᠠᠷᠤᠯᠭ᠎ᠠ᠎ᠶ᠋ᠢᠨ ᠲᠤᠬᠢᠷᠠᠭᠤᠯᠤᠯᠳᠠ᠎ᠶ᠋ᠢ ᠦᠨᠳᠦᠰᠦᠨ᠎ᠳᠡᠭᠡᠨ ᠵᠣᠬᠢᠴᠠᠭᠤᠯᠤᠨ ᠲᠤᠬᠢᠷᠠᠭᠤᠯᠵᠤ᠂ ᠣᠷᠣᠱᠢᠵᠤ ᠪᠠᠢᠭ᠎ᠠ ᠬᠦᠴᠢᠷᠳᠡᠯ᠂ ᠠᠰᠠᠭᠤᠳᠠᠯ ᠪᠠ ᠥᠷᠢᠰᠥᠯᠳᠦᠭᠡᠨ᠎ᠳᠦ ᠨᠠᠷᠢᠨ ᠬᠢᠨᠠᠮᠠᠭᠠᠶ ᠵᠠᠳᠠᠯᠤᠯᠲᠠ ᠪᠠ ᠬᠠᠷᠠᠭᠠᠯᠵᠠᠬᠰᠠᠨ ᠲᠣᠬᠢᠷᠠᠭᠤᠯᠤᠯᠲᠠ ᠬᠢᠵᠤ᠂ ᠲᠥᠰᠦᠪ᠎ᠦᠨ ᠬᠠᠤᠯᠢ᠎ᠶ᠋ᠢᠨ ᠲᠣᠭ᠍ᠲᠠᠭᠠᠯ᠎ᠳᠤ ᠨᠡᠢᠴᠡᠵᠤ᠂ ᠶᠡᠷᠦᠩᠬᠡᠶ᠎ᠳᠡᠭᠡᠨ ᠬᠡᠷᠡᠭ᠌ᠵᠢᠭᠦᠯᠵᠦ᠍ ᠪᠣᠯᠤᠨ᠎ᠠ ᠭᠡᠪᠡ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠡᠴᠡ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠳᠤᠷᠠᠳᠤᠭ᠍ᠰᠠᠨ 《2021 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠬᠥᠢᠴᠡᠳᠬᠡᠭᠰᠡᠨ ᠪᠠᠢᠳᠠᠯ ᠬᠢᠭᠡᠳ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠲᠤᠬᠠᠢ ᠮᠡᠳᠡᠭᠦᠯᠦᠯᠲᠡ》 ᠵᠢ ᠵᠥᠪᠱᠢᠶᠡᠷᠡᠵᠦ᠍᠂ 2022 ᠣᠨ᠎ᠤ ᠲᠥᠪ᠎ᠦᠨ ᠲᠥᠰᠦᠪ᠎ᠦᠨ ᠲᠥᠰᠦᠯ᠎ᠢ ᠵᠥᠪᠱᠢᠶᠡᠷᠡᠬᠦ᠌᠎ᠶ᠋ᠢᠨ ᠬᠠᠮᠲᠤ 2022 ᠣᠨ᠎ᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠩ᠎ᠦᠨ ᠦᠷᠢ ᠥᠭ᠌ᠴᠡᠭᠡ᠎ᠶ᠋ᠢᠨ ᠦᠯᠡᠳᠡᠪᠦᠷᠢ᠎ᠶ᠋ᠢᠨ ᠬᠢᠵᠠᠭᠠᠷ ᠲᠣᠭ᠎ᠠ ᠵᠢ 158289.22 ᠳ᠋ᠦᠩᠱᠢᠭᠤᠷ ᠲᠥᠭᠥᠷᠢᠭ᠂ ᠲᠤᠰᠭᠠᠢ ᠲᠦᠷᠦᠯ᠎ᠦᠨ ᠦᠷᠢ ᠥᠭ᠌ᠴᠡᠭᠡ᠎ᠶ᠋ᠢᠨ ᠦᠯᠡᠳᠡᠪᠦᠷᠢ᠎ᠶ᠋ᠢᠨ ᠬᠢᠵᠠᠭᠠᠷ ᠲᠣᠭ᠎ᠠ ᠵᠢ 218185.08 ᠳ᠋ᠦᠩᠱᠢᠭᠤᠷ ᠲᠥᠭᠥᠷᠢᠭ ᠪᠠᠢᠯᠭᠠᠬᠤ ᠵᠢ ᠵᠥᠪᠱᠢᠶᠡᠷᠡᠬᠦ᠌᠎ᠶ᠋ᠢ ᠰᠠᠨᠠᠭᠤᠯᠪᠠ᠃
ᠬᠤᠷᠠᠯ᠎ᠡᠴᠡ ᠪᠠᠳᠤᠯᠠᠯᠳᠠ ᠬᠢᠬᠦ ᠪᠡᠷ ᠳᠠᠮᠵᠢᠨ᠂ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠬᠤᠶᠠᠷ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠪᠠᠲᠤᠯᠠᠵᠠᠢ᠃
3 ᠰᠠᠷ᠎ᠠ᠎ᠶ᠋ᠢᠨ 6 ᠤ᠋ ᠦᠳᠡ᠎ᠶ᠋ᠢᠨ ᠬᠣᠢᠨ᠎ᠠ ᠪᠠ 7 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠎ᠶ᠋ᠢᠨ ᠲᠥᠰᠦᠯ᠂ ᠲᠥᠰᠦᠪ᠎ᠦᠨ ᠮᠡᠳᠡᠭᠦᠯᠦᠯᠲᠡ ᠪᠣᠯᠤᠨ ᠲᠥᠰᠦᠪ᠎ᠦᠨ ᠲᠥᠰᠦᠯ᠎ᠢ ᠨᠠᠷᠢᠨ ᠬᠢᠨᠠᠮᠠᠭᠠᠢ ᠬᠢᠨᠠᠨ ᠪᠠᠢᠴᠠᠭᠠᠪᠠ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠲᠥᠯᠥᠭᠡᠯᠡᠭ᠌ᠴᠢᠳ᠎ᠦᠨ ᠬᠢᠨᠠᠨ ᠪᠠᠢᠴᠠᠭᠠᠭ᠍ᠰᠠᠨ ᠰᠠᠨᠠᠯ᠎ᠢ ᠦᠨᠳᠦᠰᠦᠯᠡᠵᠦ᠍᠂ ᠬᠣᠶᠠᠷ ᠮᠡᠳᠡᠭᠦᠯᠦᠯᠲᠡ᠎ᠳᠦ ᠲᠤᠰ ᠲᠤᠰ ᠨᠠᠷᠢᠨ ᠬᠢᠨᠠᠮᠠᠭᠠᠢ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠪᠠᠢᠴᠠᠭᠠᠭ᠍ᠰᠠᠨ ᠰᠠᠨᠠᠯ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠬᠢᠭ᠌ᠰᠡᠨ ᠵᠠᠰᠠᠪᠤᠷᠢ ᠪᠣᠯᠤᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠦᠨᠳᠦᠰᠦᠯᠡᠵᠦ᠍᠂ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠎ᠶ᠋ᠢᠨ ᠲᠥᠰᠦᠯ᠂ ᠲᠥᠰᠦᠪ᠎ᠦᠨ ᠮᠡᠳᠡᠭᠦᠯᠦᠯᠲᠡ ᠪᠣᠯᠤᠨ ᠲᠥᠪ᠎ᠦᠨ ᠲᠥᠰᠦᠪ᠎ᠦᠨ ᠲᠥᠰᠦᠯ᠎ᠢ ᠵᠥᠪᠱᠢᠶᠡᠷᠡᠬᠦ᠌᠎ᠶ᠋ᠢ ᠰᠠᠨᠠᠭᠤᠯᠤᠭ᠍ᠰᠠᠨ ᠪᠥᠭᠡᠳ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠂ ᠲᠥᠰᠦᠪ᠎ᠦᠨ ᠮᠡᠳᠡᠭᠦᠯᠦᠯᠲᠡ ᠪᠣᠯᠤᠨ ᠲᠥᠰᠦᠪ᠎ᠦᠨ ᠲᠤᠬᠠᠢ ᠬᠣᠶᠠᠷ ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠪᠠ᠃ ᠬᠤᠷᠠᠯ᠎ᠡᠴᠡ ᠪᠠᠲᠤᠯᠠᠯᠲᠠ ᠬᠢᠬᠦ᠌᠎ᠪᠡᠷ ᠳᠠᠮᠵᠢᠨ᠂ 2021 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2022 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ᠂ 2021 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
3 ᠰᠠᠷ᠎ᠠ᠎ᠶ᠋ᠢᠨ 7᠎ᠤ᠋ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠣᠷᠣᠨ ᠲᠣᠭ᠎ᠠ ᠪᠣᠯᠤᠨ ᠰᠣᠩᠭᠣᠭᠤᠯᠢ᠎ᠶ᠋ᠢᠨ ᠠᠰᠠᠭᠤᠳᠠᠯ᠎ᠤᠨ ᠲᠤᠬᠠᠢ ᠲᠣᠭ᠍ᠲᠠᠭᠠᠯ᠎ᠤᠨ ᠲᠥᠰᠦᠯ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ᠎ᠶ᠋ᠢᠨ ᠲᠥᠰᠦᠯ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ᠎ᠶ᠋ᠢᠨ ᠲᠥᠰᠦᠯ᠎ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠨ᠂ ᠡᠯ᠎ᠡ ᠵᠦᠢᠯ᠎ᠦᠨ ᠲᠥᠰᠦᠯ᠎ᠢ ᠬᠢᠨᠠᠨ ᠵᠥᠪᠯᠡᠵᠦ᠍᠂ ᠬᠠᠤᠯᠢ ᠴᠠᠭᠠᠵᠠ᠎ᠳᠤ ᠵᠠᠰᠠᠪᠤᠷᠢ ᠣᠷᠣᠭᠤᠯᠬᠤ ᠲᠣᠭ᠍ᠲᠠᠭᠠᠯ᠎ᠤᠨ ᠲᠥᠰᠦᠯ᠂ ᠲᠣᠭ᠍ᠲᠠᠭᠠᠯ᠎ᠤᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠂ ᠬᠣᠶᠠᠷ ᠠᠷᠭ᠎ᠠ᠎ᠶ᠋ᠢᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠎ᠢ ᠲᠤᠰ ᠲᠤᠰ ᠳᠤᠷᠠᠳᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠦᠨᠳᠦᠰᠦᠨ ᠬᠠᠤᠯᠢ ᠪᠣᠯᠤᠨ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠯᠢ ᠹᠸᠢ ᠵᠢᠨ ᠬᠢᠭ᠌ᠰᠡᠨ ᠦᠨᠳᠦᠰᠦᠨ ᠬᠠᠤᠯᠢ ᠪᠣᠯᠤᠨ ᠬᠠᠤᠯᠢ ᠴᠠᠭᠠᠵᠠ᠎ᠶ᠋ᠢᠨ ᠵᠥᠪᠯᠡᠯ᠎ᠦᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠣᠷᠣᠨ ᠲᠣᠭ᠎ᠠ ᠪᠣᠯᠤᠨ ᠰᠣᠩᠭᠣᠭᠤᠯᠢ᠎ᠶ᠋ᠢᠨ ᠠᠰᠠᠭᠤᠳᠠᠯ᠎ᠤᠨ ᠲᠤᠬᠠᠢ ᠲᠣᠭ᠍ᠲᠠᠭᠠᠯ᠎ᠤᠨ ᠲᠥᠰᠦᠯ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ᠎ᠶ᠋ᠢᠨ ᠲᠥᠰᠦᠯ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ᠎ᠶ᠋ᠢᠨ ᠲᠥᠰᠦᠯ᠎ᠢ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ᠎ᠶ᠋ᠢ ᠰᠣᠨᠣᠰᠪᠠ᠃ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠡᠨᠡ ᠲᠦᠷᠪᠡᠨ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠮᠡᠳᠡᠭᠦᠯᠦᠯᠲᠡ᠂ ᠬᠠᠤᠯᠢ ᠴᠠᠭᠠᠵᠠ᠎ᠳᠤ ᠵᠠᠰᠠᠪᠤᠷᠢ ᠣᠷᠣᠭᠤᠯᠬᠤ ᠲᠣᠭ᠍ᠲᠠᠭᠠᠯ᠎ᠤᠨ ᠲᠥᠰᠦᠯ᠂ ᠲᠣᠭ᠍ᠲᠠᠭᠠᠯ᠎ᠤᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠂ ᠬᠣᠶᠠᠷ ᠠᠷᠭ᠎ᠠ᠎ᠶ᠋ᠢᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠎ᠢ ᠪᠠᠲᠤᠯᠠᠭ᠍ᠰᠠᠨ ᠪᠥᠭᠡᠳ ᠬᠠᠤᠯᠢ ᠴᠠᠭᠠᠵᠠ᠎ᠳᠤ ᠵᠠᠰᠠᠪᠤᠷᠢ ᠣᠷᠣᠭᠤᠯᠬᠤ ᠲᠣᠭ᠍ᠲᠠᠭᠠᠯ᠎ᠤᠨ ᠲᠥᠰᠦᠯ᠂ ᠲᠣᠭ᠍ᠲᠠᠭᠠᠯ᠎ᠤᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠂ ᠬᠣᠶᠠᠷ ᠠᠷᠭ᠎ᠠ᠎ᠶ᠋ᠢᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠸᠠᠩ ᠴᠧᠨ᠂ ᠼᠤᠤ ᠵᠢᠶᠠᠨ ᠮᠢᠩ᠂ ᠵᠠᠩ ᠴᠦᠨ ᠱᠢᠶᠠᠨ᠂ ᠱᠸᠨ ᠶᠤᠸᠠᠢ ᠶᠤᠸᠠᠢ᠂ ᠵᠶ᠋ᠢ ᠪᠢᠩ ᠱᠢᠤᠸᠠᠨ᠂ ᠠᠢ᠌ᠯᠢᠭ᠌ᠸᠩ·ᠢᠮᠢᠩᠪᠠᠬᠠᠢ᠂ ᠸᠠᠨ ᠧ ᠱᠢᠶᠠᠩ᠂ ᠴᠧᠨ ᠵᠦ᠍᠂ ᠸᠠᠩ ᠳ᠋ᠦᠩ ᠮᠢᠩ᠂ ᠪᠠᠳᠮᠠᠫᠸᠷᠡᠩᠯᠠᠢ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠦ᠋ ᠸᠧᠢ ᠬᠤᠸᠠ᠂ ᠶᠠᠩ ᠵᠧᠨ ᠡᠸ᠋ ᠬᠤᠷᠠᠯ᠎ᠳᠤ ᠣᠷᠣᠯᠴᠠᠪᠠ᠃
(ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃