2022-03-09 10:25:37
ᠷᠸᠨ ᠶᠠ ᠫᠢᠩ ᠨᠠᠷ ᠶᠠᠷᠢᠯᠴᠠᠬᠤ᠎ᠳᠤ ᠤᠷᠤᠯᠴᠠᠵᠠᠢ
3 ᠰᠠᠷ᠎ᠠ᠎ᠶ᠋ᠢᠨ 8᠎ᠤ᠋ ᠦᠳᠡ᠎ᠶ᠋ᠢᠨ ᠬᠣᠢᠨ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ᠎ᠳᠤ ᠣᠷᠣᠯᠴᠠᠵᠤ ᠪᠠᠢᠭ᠎ᠠ ᠮᠠᠨ᠎ᠤ ᠣᠷᠣᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠥᠪᠡᠷ ᠥᠪᠡᠷ᠎ᠦᠨ ᠡᠲᠡᠭᠡᠳ ᠢᠯᠭᠠᠯ᠎ᠤᠨ ᠳᠤᠭᠤᠢᠯᠠᠩ᠎ᠳᠠᠭᠠᠨ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ (ᠲᠤᠷᠤᠬᠰᠢ 《ᠬᠤᠶᠠᠷ ᠬᠤᠷᠢᠶ᠎ᠠ》 ᠭᠡᠵᠤ ᠲᠦᠬᠦᠮᠴᠢᠯᠡᠨ᠎ᠠ) ᠶ᠋ᠢ ᠶᠠᠷᠢᠯᠴᠠᠪᠠ᠃
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠬᠥᠮᠦᠨ ᠠᠮᠠ ᠡᠬᠢ ᠪᠠᠶᠠᠯᠢᠭ ᠣᠷᠴᠢᠨ ᠲᠣᠭᠣᠷᠢᠨ᠎ᠤ ᠵᠥᠪᠯᠡᠯ᠎ᠦᠨ ᠳᠡᠳ᠋ ᠡᠷᠬᠢᠯᠡᠭ᠌ᠴᠢ ᠷᠧᠨ ᠶᠠ ᠫᠢᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠵᠧᠩ ᠹᠦ᠋ ᠲᠢᠶᠠᠨ᠂ ᠯᠢᠦ ᠱᠢᠨ ᠯᠸ᠂ ᠠᠨ ᠷᠦᠨ ᠱᠧᠩ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠲᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ ᠣᠷᠣᠨ᠎ᠤ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ ᠳ᠋ᠦᠩ ᠾᠧᠩ ᠢᠦᠶ ᠶᠠᠷᠢᠯᠴᠠᠬᠤ᠎ᠳᠤ ᠣᠷᠣᠯᠴᠠᠵᠠᠶ᠃
ᠶᠠᠷᠢᠯᠴᠠᠬᠤ ᠲᠤᠬᠠᠢ᠎ᠶ᠋ᠢᠨ ᠲᠠᠯᠠᠪᠠᠢ᠎ᠳᠤ᠂ ᠭᠡᠱᠢᠭᠦᠳ ᠢᠳᠡᠪᠬᠢᠲᠡᠢ᠎ᠪᠡᠷ ᠦᠭᠡ ᠬᠡᠯᠡᠪᠡ᠃ ᠤᠯᠠᠨ᠎ᠢᠶᠠᠷ᠎ᠢᠶᠠᠨ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠪᠠ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠨᠢ ᠰᠢ ᠵᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠬᠡ ᠲᠠᠯ᠎ᠠ᠎ᠳᠤ ᠦᠢᠯᠡᠴᠢᠯᠡᠬᠦ᠌᠂ ᠠᠷᠠᠳ᠎ᠤᠨ ᠲᠥᠯᠥᠭᠡ ᠬᠠᠤᠯᠢ ᠪᠠᠷᠢᠬᠤ᠂ ᠲᠥᠪ ᠭᠣᠣᠯᠴᠢ᠎ᠪᠠᠷ ᠬᠠᠤᠯᠢ ᠪᠠᠷᠢᠬᠤ ᠠᠵᠢᠯ᠎ᠤᠨ ᠣᠢᠯᠠᠭᠠᠭ᠍ᠳᠠᠬᠤᠨ᠎ᠢ ᠢᠯᠡᠷᠡᠭᠦᠯᠵᠦ᠍᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠪᠠ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠠᠮᠤᠷ ᠲᠣᠭ᠍ᠲᠠᠭᠤᠨ᠎ᠢ ᠬᠠᠮᠠᠭᠠᠯᠠᠬᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠬᠦ᠌ ᠵᠡᠷᠭᠡ ᠲᠠᠯ᠎ᠠ᠎ᠶ᠋ᠢᠨ ᠤᠬᠠᠮᠰᠠᠷ ᠪᠠ ᠡᠭᠦᠷᠭᠡᠯᠡᠯ᠎ᠢ ᠲᠤᠰᠭᠠᠵᠤ᠂ ᠠᠷᠠᠳ ᠤᠯᠠᠨ᠎ᠤ ᠱᠢᠭᠦᠬᠦ᠌ ᠬᠣᠷᠢᠶ᠎ᠠ᠂ ᠪᠠᠢᠴᠠᠭᠠᠬᠤ ᠬᠣᠷᠢᠶ᠎ᠠ ᠵᠢᠨ ᠠᠵᠢᠯ᠎ᠤᠨ ᠲᠤᠬᠠᠢ ᠱᠢᠨ᠎ᠡ ᠬᠦᠰᠡᠯ ᠡᠷᠡᠮᠡᠯᠵᠡᠯ᠎ᠳᠦ ᠢᠳᠡᠪᠬᠢᠲᠡᠢ ᠬᠠᠷᠢᠭᠤᠯᠲᠠ ᠥᠭ᠌ᠴᠦ᠂ ᠤᠯᠤᠰ ᠲᠦᠷᠦ᠍᠎ᠶ᠋ᠢ ᠡᠷᠬᠢᠮᠯᠡᠭ᠌ᠰᠡᠨ ᠂ ᠠᠷᠠᠳ᠎ᠤᠨ ᠰᠠᠨᠠᠭ᠎ᠠ᠎ᠳᠤ ᠨᠡᠢᠴᠡᠭ᠌ᠰᠡᠨ᠂ ᠵᠢᠳᠬᠦᠯ ᠴᠢᠷᠮᠠᠢᠯᠭ᠎ᠠ᠎ᠲᠠᠶ ᠰᠠᠢ᠌ᠨ ᠮᠡᠳᠡᠭᠦᠯᠦᠯᠲᠡ ᠪᠣᠯᠵᠠᠢ ᠭᠡᠵᠦ᠍ ᠦᠵᠡᠵᠡᠭᠡᠪᠡ᠃
ᠭᠡᠱᠢᠭᠦᠳ᠂ ᠥᠩᠭᠡᠷᠡᠭ᠌ᠰᠡᠨ ᠨᠢᠭᠡ ᠵᠢᠯ᠎ᠳᠦ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠬᠠᠤᠯᠢ ᠴᠠᠭᠠᠵᠠ᠎ᠶ᠋ᠢᠨ ᠬᠡᠷᠡᠭ ᠪᠣᠯᠭᠠᠨ᠎ᠡᠴᠡ ᠠᠷᠠᠳ ᠤᠯᠠᠨ᠎ᠳᠤ ᠲᠥᠪ ᠭᠣᠣᠯᠴᠢ ᠱᠢᠳᠤᠷᠭᠤ ᠶᠣᠰᠣ᠎ᠶ᠋ᠢ ᠮᠡᠳᠡᠷᠡᠭᠦᠯᠬᠦ᠌᠎ᠪᠡᠷ ᠴᠢᠷᠮᠠᠢᠬᠤ》 ᠬᠠᠷᠠᠯᠲᠠ᠎ᠶ᠋ᠢᠨ ᠲᠣᠭᠣᠷᠢᠨ᠎ᠳᠤ᠂ ᠬᠥᠭ᠌ᠵᠢᠯᠲᠡ᠎ᠳᠦ ᠦᠢᠯᠡᠴᠢᠯᠡᠵᠦ᠍᠂ ᠠᠷᠠᠳ᠎ᠤᠨ ᠠᠮᠢᠳᠤᠷᠠᠯ᠎ᠢ ᠪᠠᠲᠤᠯᠠᠵᠤ᠂ ᠬᠠᠤᠯᠢ ᠬᠡᠷᠡᠭ᠌ᠵᠢᠭᠦᠯᠵᠦ᠍ ᠬᠡᠷᠡᠭ ᠱᠢᠢᠳᠪᠦᠷᠢᠯᠡᠬᠦ᠌ ᠶᠠᠰᠤ ᠴᠢᠨᠠᠷ ᠪᠣᠯᠤᠨ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠬᠠᠤᠯᠢ ᠴᠠᠭᠠᠵᠠ᠎ᠶ᠋ᠢᠨ ᠢᠲᠡᠭᠡᠭᠦᠯᠬᠦ᠌ ᠬᠦᠴᠦᠨ ᠪᠣᠯᠤᠨ ᠠᠷᠠᠳ ᠤᠯᠠᠨ᠎ᠤ ᠬᠠᠨᠤᠮᠵᠢ᠎ᠶ᠋ᠢᠨ ᠬᠡᠮᠵᠢᠶ᠎ᠡ᠎ᠶ᠋ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠪᠡ᠃ ᠢᠯᠠᠩᠭᠤᠶ᠎ᠠ ᠨᠡᠢᠲᠡᠯᠢᠭ ᠬᠡᠷᠡᠭ᠎ᠢ ᠱᠢᠢᠳᠪᠦᠷᠢᠯᠡᠬᠦ᠌ ᠲᠠᠯ᠎ᠠ᠎ᠶ᠋ᠢᠨ ᠬᠦᠳᠦᠯᠦᠨ ᠳᠠᠭᠠᠭᠤᠯᠬᠤ ᠦᠢᠯᠡᠳᠦᠯ᠎ᠢ ᠴᠢᠬᠤᠯᠠᠴᠢᠯᠠᠵᠤ᠂ ᠨᠡᠢᠭᠡᠮ᠎ᠦᠨ ᠠᠩᠬᠠᠷᠤᠯ ᠶᠡᠬᠡᠲᠡᠢ ᠨᠡᠢᠲᠡᠯᠢᠭ ᠬᠡᠷᠡᠭ᠎ᠢ ᠱᠢᠢᠳᠪᠦᠷᠢᠯᠡᠬᠦ᠌᠎ᠪᠡᠷ ᠳᠠᠮᠵᠢᠭᠤᠯᠤᠨ᠂ ᠲᠥᠪ ᠭᠣᠣᠯᠴᠢ ᠱᠢᠳᠤᠷᠭᠤ ᠶᠣᠰᠣ᠎ᠶ᠋ᠢ ᠬᠦᠴᠦᠲᠡᠢ ᠬᠠᠮᠠᠭᠠᠯᠠᠨ ᠲᠡᠮᠵᠢᠵᠤ᠂ ᠬᠠᠤᠯᠢ ᠪᠠᠷᠢᠬᠤ᠎ᠶ᠋ᠢ ᠬᠦᠴᠦᠨ᠎ᠲᠡᠶ᠂ ᠵᠥᠪ ᠪᠤᠷᠤᠭᠤ ᠵᠢᠨ ᠢᠯᠭᠠᠯ᠎ᠲᠠᠶ ᠪᠠᠢᠯᠭᠠᠵᠤ᠂ ᠤᠯᠠᠨ ᠲᠦᠮᠡᠨ᠎ᠢ ᠵᠢᠷᠤᠮᠯᠠᠯ᠎ᠲᠠᠶ᠂ ᠪᠠᠲᠤᠯᠠᠭ᠎ᠠ᠎ᠲᠠᠶ ᠪᠣᠯᠭᠠᠪᠠ ᠭᠡᠵᠦ ᠦᠵᠡᠵᠡᠭᠡᠪᠡ᠃
ᠡᠸ ᠱᠢᠶᠤᠤ ᠮᠧᠶ ᠭᠡᠱᠢᠭᠦᠨ᠂《ᠬᠣᠶᠠᠷ ᠬᠣᠷᠢᠶ᠎ᠠ》ᠵᠢᠨ ᠠᠵᠢᠯ᠎ᠤᠨ ᠮᠡᠳᠡᠭᠦᠯᠦᠯᠲᠡ᠎ᠶ᠋ᠢ ᠰᠤᠳᠤᠯᠤᠨ ᠤᠩᠱᠢᠬᠤ᠎ᠨᠢ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠶ᠋ᠢᠨ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠤᠳᠤᠮᠳᠠᠳᠤᠤᠯᠤᠰ᠂ ᠬᠠᠤᠯᠢᠵᠢᠯ᠎ᠤᠨ ᠳᠤᠮᠳᠠᠳᠤ ᠤᠯᠤᠰ᠎ᠢ ᠪᠥᠲᠥᠭᠡᠨ ᠪᠠᠢᠭᠤᠯᠬᠤ᠎ᠶ᠋ᠢ ᠠᠬᠢᠭᠤᠯᠬᠤ᠎ᠳᠤ ᠦᠵᠡᠭᠦᠯᠦᠭ᠌ᠰᠡᠨ ᠴᠢᠬᠤᠯᠠ ᠬᠤᠪᠢ ᠨᠡᠮᠡᠷᠢ᠎ᠶ᠋ᠢ ᠣᠢᠯᠠᠭᠠᠵᠤ ᠪᠣᠯᠤᠨ᠎ᠠ᠃ 《ᠬᠣᠶᠠᠷ ᠬᠣᠷᠢᠶ᠎ᠠ》ᠵᠢᠨ ᠠᠵᠢᠯ᠎ᠤᠨ ᠮᠡᠳᠡᠭᠦᠯᠦᠯᠲᠡ ᠨᠢ ᠣᠳᠣᠬᠠᠨ᠎ᠳᠤ ᠣᠷᠣᠱᠢᠵᠤ ᠪᠠᠢᠭ᠎ᠠ ᠠᠰᠠᠭᠤᠳᠠᠯ᠎ᠡᠴᠡ ᠵᠠᠢ᠌ᠯᠡᠰᠬᠢᠭᠰᠡᠨ ᠦᠭᠡᠢ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠬᠠᠮᠵᠢᠯᠴᠠᠨ ᠪᠠᠢᠴᠠᠭᠠᠨ ᠰᠤᠳᠤᠯᠤᠯᠲᠠ ᠬᠢᠵᠦ᠍᠂ ᠴᠢᠷᠮᠠᠢᠨ ᠱᠢᠢᠳᠪᠦᠷᠢᠯᠡᠬᠦ᠌᠎ᠶ᠋ᠢ ᠰᠠᠨᠠᠭᠤᠯᠤᠬᠰᠠᠨ ᠪᠠᠢᠨ᠎ᠠ ᠭᠡᠵᠦ ᠬᠡᠯᠡᠪᠡ᠃
《〈ᠬᠣᠶᠠᠷ ᠬᠣᠷᠢᠶ᠎ᠠ〉 ᠵᠢᠨ ᠠᠵᠢᠯ᠎ᠤᠨ ᠮᠡᠳᠡᠭᠦᠯᠦᠯᠲᠡ ᠨᠢ ᠨᠡᠢᠭᠡᠮ᠎ᠦᠨ ᠡᠯ᠎ᠡ ᠡᠲᠡᠭᠡᠳ᠎ᠲᠦ ᠬᠠᠤᠯᠢᠵᠢᠯ᠎ᠤᠨ ᠰᠡᠳᠭᠢᠬᠦᠶ ᠪᠠ ᠬᠠᠤᠯᠢᠵᠢᠯ᠎ᠤᠨ ᠠᠷᠭ᠎ᠠ ᠮᠠᠶᠢᠭ᠎ᠢᠶᠠᠷ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠬᠤ᠂ ᠣᠯᠠᠨ ᠲᠦᠮᠡᠨ᠎ᠦ ᠡᠷᠬᠡ ᠠᠱᠢᠭ᠎ᠢ ᠪᠠᠲᠤᠯᠠᠬᠤ᠂ ᠵᠠᠰᠠᠯᠲᠠ᠎ᠶ᠋ᠢ ᠠᠬᠢᠭᠤᠯᠬᠤ ᠣᠢᠯᠠᠭᠠᠭ᠍ᠳᠠᠬᠤᠨ᠎ᠢ ᠬᠦᠴᠦᠲᠡᠶ ᠳᠠᠮᠵᠢᠭᠤᠯᠪᠠ》᠃ ᠵᠧᠩ ᠵᠢᠨ ᠴᠦᠨ ᠭᠡᠱᠢᠭᠦᠨ ᠡᠨᠡ ᠬᠣᠶᠠᠷ ᠮᠡᠳᠡᠭᠦᠯᠦᠯᠲᠡ᠎ᠶ᠋ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠭ᠌ᠰᠡᠨ ᠪᠥᠭᠡᠳ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠲᠤᠰᠭᠠᠶ ᠬᠠᠤᠯᠢ ᠲᠣᠭ᠍ᠲᠠᠭᠠᠬᠤ᠂ ᠨᠡᠢᠲᠡ᠎ᠶ᠋ᠢᠨ ᠠᠰᠠᠷᠠᠮᠵᠢ᠎ᠶ᠋ᠢᠨ ᠬᠠᠮᠠᠭᠠᠯᠠᠯᠲᠠ᠎ᠶ᠋ᠢᠨ ᠬᠠᠤᠯᠢ ᠴᠠᠭᠠᠵᠠ᠎ᠶ᠋ᠢᠨ ᠲᠦᠷᠢᠮ᠎ᠦᠨ ᠱᠢᠰᠲ᠋ᠧᠮ᠎ᠢ ᠲᠡᠭᠦᠯᠳᠡᠷᠵᠢᠭᠦᠯᠬᠦ᠌᠂ ᠭᠠᠭ᠍ᠴᠠᠭᠠᠷ ᠡᠵᠡᠮᠱᠢᠯ᠎ᠢ ᠡᠰᠡᠷᠭᠦᠴᠡᠬᠦ᠌ ᠬᠠᠤᠯᠢ᠎ᠶ᠋ᠢᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ ᠬᠢᠭᠡᠳ ᠢᠷᠭᠡᠨ᠎ᠦ ᠵᠠᠷᠭᠤ᠎ᠶ᠋ᠢᠨ ᠬᠣᠭᠣᠷᠣᠨᠳᠣᠬᠢ ᠪᠦᠲᠦᠮᠵᠢᠲᠡᠶ ᠵᠣᠯᠭᠠᠯᠴᠠᠭ᠎ᠠ᠎ᠶ᠋ᠢ ᠴᠢᠩᠭᠠᠳᠭᠠᠬᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠬᠡᠷᠡᠭ᠎ᠲᠦ ᠬᠣᠯᠪᠣᠭ᠍ᠳᠠᠭ᠍ᠰᠠᠨ ᠠᠵᠤ ᠠᠬᠤᠢᠯᠠᠯ᠎ᠤᠨ ᠲᠣᠭ᠍ᠲᠠᠭᠠᠯ᠎ᠳᠤ ᠨᠡᠢᠴᠡᠬᠦ᠌ ᠲᠦᠷᠢᠮ᠎ᠢ ᠪᠠᠢᠭᠤᠯᠬᠤ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠰᠠᠨᠠᠭᠤᠯᠭ᠎ᠠ ᠳᠤᠷᠠᠳᠴᠠᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃