2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-09 10:13:03

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠯᠢ ᠵᠠᠨ ᠱᠦ᠍ ᠬᠤᠷᠠᠯ᠎ᠢ ᠡᠷᠭᠢᠯᠡᠪᠡ

ᠠᠷᠪᠠᠨ ᠭᠤᠷᠪᠠᠳᠤᠭᠠᠷ ᠬᠤᠭᠤᠴᠠᠭᠠᠨ ᠤ᠋ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠪᠠᠢᠩᠭᠤ ᠵᠢᠨ ᠲᠡᠷᠢᠭᠦᠯᠡᠭ᠌ᠴᠢᠳ ᠤ᠋ᠨ ᠠᠩᠬᠠᠳᠤᠭᠠᠷ ᠤᠲᠠᠭ᠎ᠠ ᠵᠢᠨ ᠬᠤᠷᠠᠯ 8ᠤ᠋ ᠦᠳᠡ ᠵᠢᠨ ᠬᠣᠢᠨ᠎ᠠ ᠪᠡᠭᠡᠵᠢᠩ ᠤ᠋ᠨ ᠠᠷᠠᠳ ᠤ᠋ᠨ ᠶᠡᠬᠡ ᠬᠤᠷᠠᠯ ᠤ᠋ᠨ ᠲᠠᠩᠬᠢᠮ ᠳ᠋ᠦ ᠬᠤᠷᠠᠯᠳᠤᠪᠠ᠃ ᠶᠡᠬᠡ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠪᠠᠢᠩᠭᠤ ᠵᠢᠨ ᠲᠡᠷᠢᠭᠦᠯᠡᠭ᠌ᠴᠢ᠂ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠤᠷᠢᠶᠠᠨ ᠎ᠤ ᠬᠤᠷᠢᠶᠠᠨ ᠳᠠᠷᠤᠭ᠎ᠠ ᠯᠢ ᠵᠠᠨ ᠱᠦ᠍ ᠬᠤᠷᠠᠯ ᠢ᠋ ᠡᠷᠬᠢᠯᠡᠪᠡ᠃

ᠬᠤᠷᠠᠯ᠎ᠠᠴᠠ ᠶᠡᠬᠡ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠪᠠᠢᠩᠭᠤ ᠵᠢᠨ ᠲᠡᠷᠢᠭᠦᠯᠡᠭ᠌ᠴᠢ᠂ ᠶᠡᠬᠡ ᠬᠤᠷᠠᠯ ᠤ᠋ᠨ ᠳᠡᠳ᠋ ᠨᠠᠷᠢᠨ ᠪᠢᠴᠢᠭ ᠤ᠋ᠨ ᠳᠠᠷᠤᠭ᠎ᠠ᠂ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶᠠᠨ ᠤ᠋ ᠨᠠᠷᠢᠨ ᠪᠢᠴᠢᠭ ᠤ᠋ᠨ ᠳᠠᠷᠤᠭ᠎ᠠ ᠶᠠᠩ ᠵᠧᠨ ᠡᠤ ᠵᠢᠨ ᠬᠢᠭ᠌ᠰᠡᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠬᠢᠨᠠᠨ ᠵᠥᠪᠯᠡᠭ᠌ᠰᠡᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ ᠤ᠋ᠨ ᠲᠤᠬᠠᠶ ᠶᠡᠬᠡ ᠬᠤᠷᠠᠯ ᠤ᠋ᠨ ᠨᠠᠷᠢᠨ ᠪᠢᠴᠢᠭ ᠤ᠋ᠨ ᠭᠠᠵᠠᠷ ᠤ᠋ᠨ ᠬᠠᠷᠢᠭᠤ ᠮᠡᠳᠡᠭᠦᠯᠦᠯᠲᠡ ᠵᠢ ᠰᠣᠨᠣᠰᠴᠤ᠌᠂ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠤ᠋ᠨ ᠲᠤᠬᠠᠶ ᠱᠢᠶ᠋ᠳᠪᠦᠷᠢ ᠵᠢᠨ ᠲᠥᠰᠦᠯ ᠤ᠋ᠨ ᠣᠷᠣᠯᠠᠨ ᠲᠤᠭᠤᠷᠪᠢᠭ᠍ᠰᠠᠨ ᠨᠤᠤᠷᠠᠭ ᠢ᠋ ᠬᠢᠨᠠᠨ ᠵᠥᠪᠯᠡᠪᠡ᠃

ᠬᠤᠷᠠᠯ᠎ᠠᠴᠠ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠡᠳ᠋ ᠤ᠋ᠨ ᠵᠠᠰᠠᠭ ᠠᠵᠤ ᠠᠬᠤᠶ ᠵᠢᠨ ᠵᠥᠪᠯᠡᠯ ᠤ᠋ᠨ ᠡᠷᠬᠢᠯᠡᠭ᠌ᠴᠢ ᠭᠡᠱᠢᠭᠦᠨ ᠱᠢᠤᠢ ᠱᠤᠤ ᠱ᠌ᠢ ᠵᠢᠨ ᠬᠢᠭ᠌ᠰᠡᠨ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠡᠳ᠋ ᠤ᠋ᠨ ᠵᠠᠰᠠᠭ ᠠᠵᠤ ᠠᠬᠤᠶ ᠵᠢᠨ ᠵᠥᠪᠯᠡᠯ ᠤ᠋ᠨ 2021 ᠣᠨ ᠤ᠋ ᠤᠯᠤᠰ ᠠᠷᠠᠳ ᠤ᠋ᠨ ᠠᠵᠤ ᠠᠬᠤᠶ ᠪᠠ ᠨᠡᠢᠭᠡᠮ ᠤ᠋ᠨ ᠬᠥᠭ᠌ᠵᠢᠯᠲᠡ ᠵᠢᠨ ᠲᠥᠯᠥᠪᠯᠡᠭᠡ ᠵᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2022 ᠣᠨ ᠤ᠋ ᠤᠯᠤᠰ ᠠᠷᠠᠳ ᠤ᠋ᠨ ᠠᠵᠤ ᠠᠬᠤᠶ ᠪᠠ ᠨᠡᠢᠭᠡᠮ ᠤ᠋ᠨ ᠬᠥᠭ᠌ᠵᠢᠯᠲᠡ ᠵᠢᠨ ᠲᠥᠯᠥᠪᠯᠡᠭᠡ ᠵᠢᠨ ᠲᠥᠰᠦᠯ ᠢ᠋ ᠬᠢᠨᠠᠨ ᠪᠠᠢᠴᠠᠭᠠᠭ᠍ᠰᠠᠨ ᠦᠷ᠎ᠡ ᠳ᠋ᠦᠩ ᠤ᠋ᠨ ᠮᠡᠳᠡᠭᠦᠯᠦᠯᠲᠡ ᠵᠢᠨ ᠬᠣᠯᠪᠣᠭ᠍ᠳᠠᠯ ᠪᠥᠬᠥᠶ ᠪᠠᠢᠳᠠᠯ ᠤ᠋ᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠴᠤ᠌᠂ ᠬᠢᠨᠠᠨ ᠪᠠᠢᠴᠠᠭᠠᠭ᠍ᠰᠠᠨ ᠦᠷ᠎ᠡ ᠳ᠋ᠦᠩ ᠤ᠋ᠨ ᠮᠡᠳᠡᠭᠦᠯᠦᠯᠲᠡ ᠵᠢ ᠬᠢᠨᠠᠨ ᠵᠥᠪᠯᠡᠪᠡ ᠃

ᠬᠤᠷᠠᠯ᠎ᠠᠴᠠ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠡᠳ᠋ ᠤ᠋ᠨ ᠵᠠᠰᠠᠭ ᠠᠵᠤ ᠠᠬᠤᠶ ᠵᠢᠨ ᠵᠥᠪᠯᠡᠯ ᠤ᠋ᠨ ᠳᠡᠳ᠋ ᠡᠷᠬᠢᠯᠡᠭ᠌ᠴᠢ ᠭᠡᠱᠢᠭᠦᠨ ᠱ᠌ᠢ ᠶᠣᠣ ᠪᠢᠨ ᠤ᠋ ᠬᠢᠭ᠌ᠰᠡᠨ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠡᠳ᠋ ᠤ᠋ᠨ ᠵᠠᠰᠠᠭ ᠠᠵᠤ ᠠᠬᠤᠶ ᠵᠢᠨ ᠵᠥᠪᠯᠡᠯ ᠤ᠋ᠨ 2021 ᠣᠨ ᠤ᠋ ᠲᠥᠪ ᠤ᠋ᠨ ᠪᠠ ᠣᠷᠣᠨ ᠨᠤᠲᠤᠭ᠎ᠤᠨ ᠲᠥᠰᠦᠪ ᠢ᠋ ᠭᠦᠶ᠋ᠴᠡᠳᠭᠡᠭ᠌ᠰᠡᠨ ᠪᠠᠢᠳᠠᠯ ᠬᠢᠭᠡᠳ 2022 ᠣᠨ ᠤ᠋ ᠲᠥᠪ ᠤ᠋ᠨ ᠪᠠ ᠣᠷᠣᠨ ᠨᠤᠲᠤᠭ ᠤ᠋ᠨ ᠲᠥᠰᠦᠪ ᠤ᠋ᠨ ᠲᠥᠰᠦᠯ ᠢ᠋ ᠬᠢᠨᠠᠨ ᠪᠠᠢᠴᠠᠭᠠᠭ᠍ᠰᠠᠨ ᠦᠷ᠎ᠡ ᠳ᠋ᠦᠩ ᠤ᠋ᠨ ᠮᠡᠳᠡᠭᠦᠯᠦᠯᠲᠡ ᠵᠢᠨ ᠬᠣᠯᠪᠣᠭ᠍ᠳᠠᠯ ᠪᠥᠬᠥᠶ ᠪᠠᠢᠳᠠᠯ ᠤ᠋ᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠴᠤ᠌᠂ ᠬᠢᠨᠠᠨ ᠪᠠᠢᠴᠠᠭᠠᠭ᠍ᠰᠠᠨ ᠦᠷ᠎ᠡ ᠳ᠋ᠦᠩ ᠤ᠋ᠨ ᠮᠡᠳᠡᠭᠦᠯᠦᠯᠲᠡ ᠵᠢ ᠬᠢᠨᠠᠨ ᠵᠥᠪᠯᠡᠪᠡ᠃

ᠬᠤᠷᠠᠯ᠎ᠠᠴᠠ ᠶᠠᠩ ᠵᠧᠨ ᠦ᠋ ᠵᠢᠨ ᠬᠢᠭ᠌ᠰᠡᠨ ᠶᠡᠬᠡ ᠬᠤᠷᠠᠯ ᠤ᠋ᠨ ᠨᠠᠷᠢᠨ ᠪᠢᠴᠢᠭ ᠤ᠋ᠨ ᠭᠠᠵᠠᠷ ᠤ᠋ᠨ 2021 ᠣᠨ ᠤ᠋ ᠤᠯᠤᠰ ᠠᠷᠠᠳ ᠤ᠋ᠨ ᠠᠵᠤ ᠠᠬᠤᠶ ᠪᠠ ᠨᠡᠢᠭᠡᠮ ᠤ᠋ᠨ ᠬᠥᠭ᠌ᠵᠢᠯᠲᠡ ᠵᠢᠨ ᠲᠥᠯᠥᠪᠯᠡᠭᠡ ᠵᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2022 ᠣᠨ ᠤ᠋ ᠤᠯᠤᠰ ᠠᠷᠠᠳ ᠤ᠋ᠨ ᠠᠵᠤ ᠠᠬᠤᠶ ᠪᠠ ᠨᠡᠢᠭᠡᠮ ᠤ᠋ᠨ ᠬᠥᠭ᠌ᠵᠢᠯᠲᠡ ᠵᠢᠨ ᠲᠥᠯᠥᠪᠯᠡᠭᠡ ᠵᠢᠨ ᠱᠢᠶ᠋ᠳᠪᠦᠷᠢ ᠵᠢᠨ ᠲᠥᠰᠦᠯ ᠤ᠋ᠨ ᠣᠷᠣᠯᠠᠨ ᠲᠤᠭᠤᠷᠪᠢᠭ᠍ᠰᠠᠨ ᠨᠤᠤᠷᠠᠭ᠂ 2021 ᠣᠨ ᠤ᠋ ᠲᠥᠪ ᠤ᠋ᠨ ᠪᠠ ᠣᠷᠣᠨ ᠨᠤᠲᠤᠭ ᠤ᠋ᠨ ᠲᠥᠰᠦᠪ ᠢ᠋ ᠬᠥᠢᠴᠡᠳᠬᠡᠭᠰᠡᠨ ᠪᠠᠢᠳᠠᠯ ᠬᠢᠭᠡᠳ 2022 ᠣᠨ ᠤ᠋ ᠲᠥᠪ ᠤ᠋ᠨ ᠪᠠ ᠣᠷᠣᠨ ᠨᠤᠲᠤᠭ ᠤ᠋ᠨ ᠲᠥᠰᠦᠪ ᠤ᠋ᠨ ᠱᠢᠶ᠋ᠳᠪᠦᠷᠢ ᠵᠢᠨ ᠲᠥᠰᠦᠯ ᠤ᠋ᠨ ᠣᠷᠣᠯᠠᠨ ᠲᠤᠭᠤᠷᠪᠢᠭ᠍ᠰᠠᠨ ᠨᠤᠤᠷᠠᠭ ᠤ᠋ᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠴᠤ᠌᠂ ᠬᠣᠶᠠᠷ ᠱᠢᠶ᠋ᠳᠪᠦᠷᠢ ᠵᠢᠨ ᠲᠥᠰᠦᠯ ᠤ᠋ᠨ ᠣᠷᠣᠯᠠᠨ ᠲᠤᠭᠤᠷᠪᠢᠭ᠍ᠰᠠᠨ ᠨᠤᠤᠷᠠᠭ ᠢ᠋ ᠬᠢᠨᠠᠨ ᠵᠥᠪᠯᠡᠪᠡ᠃

ᠬᠤᠷᠠᠯ᠎ᠠᠴᠠ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠵᠢᠨ ᠵᠥᠪᠯᠡᠯ ᠤ᠋ᠨ ᠡᠷᠬᠢᠯᠡᠭ᠌ᠴᠢ ᠭᠡᠱᠢᠭᠦᠨ ᠯᠢ ᠹᠸᠢ ᠵᠢᠨ ᠬᠢᠭ᠌ᠰᠡᠨ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠵᠢᠨ ᠵᠥᠪᠯᠡᠯ ᠤ᠋ᠨ ᠣᠷᠣᠨ ᠨᠤᠲᠤᠭ ᠤ᠋ᠨ ᠡᠯ᠎ᠡ ᠱᠠᠲᠤᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠪᠣᠯᠤᠨ ᠣᠷᠣᠨ ᠨᠤᠲᠤᠭ ᠤ᠋ᠨ ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠵᠣᠬᠢᠶᠠᠨ ᠪᠠᠢᠭᠤᠯᠤᠯᠲᠠ ᠵᠢᠨ ᠬᠠᠤᠯᠢ ᠳ᠋ᠦ ᠵᠠᠰᠠᠪᠤᠷᠢ ᠣᠷᠣᠭᠤᠯᠬᠤ ᠲᠥᠰᠦᠯ᠂ ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠵᠢᠨ ᠣᠷᠣᠨ ᠲᠣᠭ᠎ᠠ ᠪᠣᠯᠤᠨ ᠰᠣᠩᠭᠣᠭᠤᠯᠢ ᠵᠢᠨ ᠠᠰᠠᠭᠤᠳᠠᠯ ᠤ᠋ᠨ ᠲᠤᠬᠠᠢ ᠲᠣᠭ᠍ᠲᠠᠭᠠᠯ ᠤ᠋ᠨ ᠲᠥᠰᠦᠯ᠂ ᠱᠢᠶᠠᠩᠭᠠᠩ ᠪᠣᠯᠤᠨ ᠣᠣᠮᠧᠨ᠎ᠦ ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠵᠢ ᠰᠣᠩᠭᠣᠬᠤ ᠠᠷᠭ᠎ᠠ ᠵᠢᠨ ᠲᠥᠰᠦᠯ ᠢ᠋ ᠬᠢᠨᠠᠨ ᠵᠥᠪᠯᠡᠭ᠌ᠰᠡᠨ ᠦᠷ᠎ᠡ ᠳ᠋ᠦᠩ ᠤ᠋ᠨ ᠲᠤᠬᠠᠢ ᠮᠡᠳᠡᠭᠦᠯᠦᠯᠲᠡ ᠵᠢ ᠰᠣᠨᠣᠰᠴᠤ᠌᠂ ᠬᠣᠯᠪᠣᠭ᠍ᠳᠠᠯ ᠪᠦᠬᠦᠢ ᠲᠥᠰᠦᠯ ᠪᠣᠯᠤᠨ ᠲᠥᠰᠦᠯ ᠤ᠋ᠨ ᠵᠠᠰᠠᠪᠤᠷᠢ ᠣᠷᠣᠭᠤᠯᠤᠭ᠍ᠰᠠᠨ ᠨᠤᠤᠷᠠᠭ ᠢ᠋ ᠬᠢᠨᠠᠨ ᠵᠥᠪᠯᠡᠪᠡ᠃

ᠬᠤᠷᠠᠯ᠎ᠠᠴᠠ ᠳᠡᠭᠡᠷ᠎ᠡ ᠳᠤᠷᠠᠳᠤᠭ᠍ᠰᠠᠨ ᠲᠥᠰᠦᠯ᠂ ᠮᠡᠳᠡᠭᠦᠯᠦᠯᠲᠡ᠂ ᠲᠥᠰᠦᠯ᠎ᠳᠦ ᠵᠠᠰᠠᠪᠤᠷᠢ ᠣᠷᠣᠭᠤᠯᠤᠭ᠍ᠰᠠᠨ ᠨᠤᠤᠷᠠᠭ ᠵᠡᠷᠭᠡ ᠵᠢ ᠶᠡᠬᠡ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠬᠣᠶᠠᠳᠤᠭᠠᠷ ᠬᠤᠷᠠᠯ ᠳ᠋ᠦ ᠳᠡᠪᠱᠢᠭᠦᠯᠦᠨ ᠬᠢᠨᠠᠨ ᠵᠥᠪᠯᠡᠭᠦᠯᠬᠦ᠌ ᠵᠢ ᠵᠥᠪᠱᠢᠶᠡᠷᠡᠪᠡ᠃

ᠶᠡᠬᠡ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠪᠠᠢᠩᠭᠤ ᠵᠢᠨ ᠲᠡᠷᠢᠭᠦᠯᠡᠭ᠌ᠴᠢ ᠂ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶᠠᠨ ᠤ᠋ ᠳᠡᠳ᠋ ᠬᠤᠷᠢᠶᠠᠨ ᠳᠠᠷᠤᠭ᠎ᠠ ᠸᠠᠩ ᠴᠧᠨ᠂ ᠼᠤᠤ ᠵᠢᠶᠠᠨ ᠮᠢᠩ᠂ ᠵᠠᠩ ᠴᠦᠨ ᠱᠢᠶᠠᠨ᠂ ᠱᠸᠨ ᠶᠤᠸᠠᠢ ᠶᠤᠸᠠᠢ᠂ ᠵᠶ᠋ᠢ ᠪᠢᠩ ᠱᠢᠤᠸᠠᠨ᠂ ᠠᠢ᠌ᠯᠢᠭ᠌ᠸᠩ· ᠢᠮᠢᠩᠪᠠᠬᠠᠢ᠂ ᠸᠠᠨ ᠧ ᠱᠢᠶᠠᠩ᠂ ᠴᠧᠨ ᠵᠦ᠍᠂ ᠸᠠᠩ ᠳ᠋ᠦᠩ ᠮᠢᠩ᠂ ᠪᠠᠳᠮᠠᠫᠸᠷᠠᠩᠯᠠᠢ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠦ᠋ ᠸᠧᠢ ᠬᠤᠸᠠ ᠬᠤᠷᠠᠯ ᠳ᠋ᠦ ᠣᠷᠣᠯᠴᠠᠪᠠ᠃

(ᠱᠢᠨᠬᠤᠸᠠ ᠬᠣᠷᠢᠶᠠᠨ ᠤ᠋ ᠪᠡᠭᠡᠵᠢᠩ ᠤ᠋ᠨ 3 ᠰᠠᠷ᠎ᠠ ᠵᠢᠨ 8 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面