2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-09 08:26:25

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢ ᠵᠢᠨ ᠫᠢᠩ ᠯᠢ ᠺᠸ ᠴᠢᠶᠠᠩ ᠸᠠᠩ ᠶᠠᠩ ᠸᠠᠩ ᠬ᠍ᠸ᠋ ᠨᠢᠩ ᠵᠤᠤ ᠯᠸ ᠵᠶ᠋ᠢ ᠬᠠᠨ ᠵᠧᠩ ᠸᠠᠩ ᠴᠢ ᠱᠠᠨ᠎ᠨᠠᠷ ᠣᠷᠣᠯᠴᠠᠪᠠ

ᠯᠢ ᠵᠠᠨ ᠱᠸ᠋ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ ᠬᠢᠪᠡ

ᠠᠷᠠᠳ᠎ᠤᠨ ᠳᠡᠭᠡᠳᠦ ᠱᠢᠭᠦᠬᠦ᠌ ᠬᠣᠷᠢᠶᠠᠨ᠎ᠤ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠪᠡ


ᠠᠷᠪᠠᠨ᠎ᠭᠤᠷᠪᠠᠳᠤᠭᠠᠷ᠎ᠬᠤᠭᠤᠴᠠᠭᠠᠨ᠎ᠤ᠎ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ 8 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠪᠦᠬᠦᠳᠡ ᠬᠤᠷᠠᠯ ᠬᠢᠵᠦ᠍᠂᠎ᠪᠦᠬᠦ᠌᠎ᠤᠯᠤᠰ᠎ᠤᠨ᠎ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠱᠢᠭᠦᠬᠦ᠌ ᠬᠣᠷᠢᠶᠠᠨ᠎ᠤ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠪᠡ᠃

ᠰᠢ ᠵᠢᠨ ᠫᠢᠩ᠂ ᠯᠢ ᠺᠸ ᠴᠢᠶᠠᠩ᠂ ᠸᠠᠩ ᠶᠠᠩ᠂ ᠸᠠᠩ ᠬ᠍ᠸ᠋ ᠨᠢᠩ᠂ ᠵᠤᠤ ᠯᠸ ᠵᠶ᠋ᠢ᠂ ᠬᠠᠨ ᠵᠧᠩ᠂ ᠸᠠᠩ ᠴᠢ ᠱᠠᠨ᠎ᠨᠠᠷ ᠬᠤᠷᠠᠯ᠎ᠳᠤ ᠣᠷᠣᠯᠴᠠᠵᠠᠢ᠃


QQ截图20220309082512.png


3᠎ᠰᠠᠷ᠎ᠠ᠎ᠵᠢᠨ8᠎ᠤ᠋ ᠡᠳᠦᠷ᠂ ᠡᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠪᠦᠬᠦᠳᠡ ᠬᠤᠷᠠᠯ ᠬᠢᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠨᠠᠢᠳᠠᠯᠭ᠎ᠠ᠎ᠪᠠᠷ᠂ ᠬᠤᠷᠢᠶᠠᠨ ᠳᠠᠷᠤᠭ᠎ᠠ ᠯᠢ ᠵᠠᠨ ᠱᠸ᠋ ᠶᠡᠬᠡ ᠬᠤᠷᠠᠯ᠎ᠳᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ ᠬᠢᠪᠡ᠃

ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠯᠢᠦ ᠸᠸᠢ ᠪᠢᠩ ᠰᠡᠬᠦᠳᠡᠷᠯᠡᠪᠠ


ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ ᠶ᠋ᠢᠨ ᠬᠣᠷᠢᠶᠠᠨ᠎ᠤ ᠨᠠᠢᠳᠠᠯᠭ᠎ᠠ᠎ᠪᠠᠷ᠂ ᠬᠤᠷᠢᠶᠠᠨ ᠳᠠᠷᠤᠭ᠎ᠠ ᠯᠢ ᠵᠠᠨ ᠱᠸ᠋ ᠶᠡᠬᠡ ᠬᠤᠷᠠᠯ᠎ᠳᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ ᠬᠢᠪᠡ᠃ ᠯᠢ ᠵᠠᠨ ᠱᠸ᠋ ᠮᠡᠳᠡᠭᠦᠯᠦᠯᠲᠡ᠎ᠳᠡᠭᠡᠨ᠂ 2021 ᠤᠨ ᠨᠢ ᠠᠷᠠᠳ᠎ᠤᠨ᠎ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠤᠨ ᠲᠡᠦᠬᠡᠨ ᠳᠡᠭᠡᠷ᠎ᠡ ᠣᠨᠴᠠᠭᠠᠢ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠨᠠᠮ᠎ᠤᠨ ᠲᠥᠪ ᠬᠣᠷᠢᠶ᠎ᠡ ᠠᠩᠬ᠎ᠠ ᠤᠳᠠᠭ᠎ᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢ ᠬᠥᠭ᠌ᠵᠢᠭᠦᠯᠬᠦ᠌᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭ᠌ᠴᠦ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ ᠬᠡᠵᠥ ᠵᠢᠭᠠᠵᠥ ᠭᠠᠷᠭᠠᠪᠠ᠃

ᠯᠢ ᠵᠠᠨ ᠱᠸ᠋ ᠮᠡᠳᠡᠭᠦᠯᠦᠯᠲᠡ᠎ᠳᠡᠭᠡᠨ᠂ ᠨᠢᠭᠡ ᠵᠢᠯ᠎ᠦᠨ ᠲᠤᠷᠰᠢ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ ᠶ᠋ᠢᠨ ᠬᠣᠷᠢᠶ᠎ᠠ ᠵᠢᠨ ᠬᠢᠨ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠴᠢᠩᠭ᠎ᠠ ᠳᠠᠭᠠᠵᠤ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠲᠡᠶ ᠨᠢᠭ᠍ᠲᠠ ᠤᠶᠠᠯᠳᠤᠭᠤᠯᠵᠤ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠬᠡᠷᠡᠭ᠌ᠴᠡᠭᠡ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠵᠤ᠂ ᠬᠠᠤᠯᠢ ᠶᠣᠰᠣᠭᠠᠷ ᠡᠬᠦᠷᠭᠡ ᠲᠤᠱᠢᠶᠠᠯ ᠵᠢᠡᠨ ᠭᠦᠶ᠋ᠴᠡᠳᠭᠡᠨ᠂ ᠡᠬᠦᠷᠭᠡ ᠬᠠᠷᠢᠭᠤᠴᠠᠯᠭ᠎ᠠ ᠪᠡᠨ ᠬᠦᠢᠴᠡᠳᠭᠡᠵᠤ᠂ ᠭᠤᠤᠯᠳᠠᠭᠤ ᠳᠤᠤᠷᠠᠬᠢ ᠠᠵᠢᠯ᠎ᠤᠳ᠎ᠢ ᠬᠢᠵᠡᠶ᠄ ᠨᠢᠭᠡ᠎ᠳᠦ᠂ ᠦᠨᠳᠦᠰᠦᠨ ᠬᠠᠤᠯᠢ ᠬᠠᠮᠢᠶ᠎ᠠ ᠪᠥᠬᠥᠶ ᠬᠠᠤᠯᠢ ᠴᠠᠭᠠᠵᠠ᠎ᠶ᠋ᠢ ᠤᠯᠠᠮ ᠴᠢᠨᠠᠭ᠍ᠰᠢᠳᠠ ᠲᠡᠭᠦᠯᠳᠡᠷᠵᠢᠭᠦᠯᠵᠦ᠍᠂ ᠦᠨᠳᠦᠰᠦᠨ ᠬᠠᠤᠯᠢ ᠶ᠋ᠢᠨ ᠬᠠᠮᠤᠭ᠎ᠤᠨ ᠳᠡᠭᠡᠳᠦ ᠬᠠᠤᠯᠢ ᠴᠠᠭᠠᠵᠠ᠎ᠶ᠋ᠢᠨ ᠪᠠᠢᠷᠢ ᠰᠠᠭᠤᠷᠢ᠂ ᠡᠷᠬᠡ ᠰᠦᠷ ᠪᠠ ᠬᠦᠴᠦᠨ ᠴᠢᠳᠠᠯ᠎ᠢ ᠬᠠᠮᠠᠭᠠᠯᠠᠪᠠ᠃ ᠱᠢᠶᠠᠩᠭᠠᠩ᠎ᠤᠨ ᠦᠨᠳᠦᠰᠦ ᠪᠤᠯᠬᠤ ᠬᠠᠤᠯᠢ᠎ᠶ᠋ᠢᠨ ᠳᠠᠭᠠᠯᠳᠤᠭᠤᠯᠤᠯ ᠨᠢᠭᠡ ᠪᠠ ᠳᠠᠭᠠᠯᠳᠤᠭᠤᠯᠤᠯ ᠬᠣᠶᠠᠷ᠎ᠲᠤ ᠵᠠᠰᠠᠪᠤᠷᠢ ᠣᠷᠣᠭᠤᠯᠵᠤ᠂ ᠱᠢᠶᠠᠩᠭᠠᠩ᠎ᠤᠨ ᠬᠠᠤᠯᠢ ᠴᠠᠭᠠᠵᠠ᠎ᠶ᠋ᠢᠨ ᠪᠠᠢᠷᠢ ᠰᠠᠭᠤᠷᠢ ᠪᠠ ᠪᠣᠳᠠᠲᠤ ᠪᠠᠢᠳᠠᠯ᠎ᠳᠤ ᠨᠡᠢᠴᠡᠭ᠌ᠰᠡᠨ ᠨᠢᠭᠡᠨ ᠢᠵᠢ ᠠᠷᠠᠳᠴᠢᠯᠠᠭ᠍ᠰᠠᠨ ᠰᠣᠩᠭᠣᠭᠤᠯᠢ᠎ᠶ᠋ᠢᠨ ᠲᠦᠷᠢᠮ᠎ᠢ ᠪᠦᠷᠢᠯᠳᠦᠬᠦᠯᠪᠡ᠃ ᠦᠨᠳᠦᠰᠦᠨ ᠬᠠᠤᠯᠢ ᠪᠠ ᠬᠠᠤᠯᠢ᠎ᠡᠴᠡ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠵᠠᠯᠠᠷᠠᠭᠤᠯᠵᠤ᠂ ᠤᠯᠤᠰ ᠣᠷᠣᠨ᠎ᠤ ᠬᠠᠤᠯᠢᠵᠢᠯ᠎ᠤᠨ ᠨᠢᠭᠡᠳᠦᠯ᠎ᠢ ᠬᠠᠮᠠᠭᠠᠯᠠᠪᠠ᠃ ᠬᠣᠶᠠᠷ᠎ᠲᠤ᠂ ᠨᠠᠮ ᠪᠠ ᠤᠯᠤᠰ᠎ᠤᠨ ᠠᠵᠢᠯ ᠦᠢᠯᠡᠰ᠎ᠤᠨ ᠶᠡᠬᠡ ᠲᠠᠯ᠎ᠠ ᠵᠢᠨ ᠲᠤᠭᠤᠷᠢᠨ ᠳ᠋ᠦ᠂ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠠᠯᠬᠤᠴᠠ᠎ᠶ᠋ᠢ ᠲᠦᠷᠭᠡᠳᠭᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠬᠠᠤᠯᠢ ᠴᠠᠭᠠᠵᠠ᠎ᠶ᠋ᠢᠨ ᠪᠠᠲᠤᠯᠠᠭ᠎ᠠ ᠬᠠᠩᠭᠠᠪᠠ᠃ ᠨᠢᠭᠡ ᠵᠢᠯ᠎ᠦᠨ ᠲᠤᠷᠰᠢ᠂ 17 ᠬᠠᠤᠯᠢ ᠴᠠᠭᠠᠵᠠ ᠲᠣᠭ᠍ᠲᠠᠭᠠᠵᠤ᠂ 22 ᠬᠠᠤᠯᠢ ᠴᠠᠭᠠᠵᠠ᠎ᠳᠤ ᠵᠠᠰᠠᠪᠤᠷᠢ ᠣᠷᠣᠭᠤᠯᠵᠤ᠂ ᠬᠤᠯᠪᠤᠭᠳᠠᠯ ᠪᠦᠬᠦᠢ ᠬᠠᠤᠯᠢ ᠴᠠᠭᠠᠵᠠ᠎ᠶ᠋ᠢᠨ ᠠᠰᠠᠭᠤᠳᠠᠯ ᠪᠠ ᠴᠢᠬᠤᠯᠠ ᠶᠡᠬᠡ ᠠᠰᠠᠭᠤᠳᠠᠯ᠎ᠤᠨ ᠲᠤᠬᠠᠢ 10 ᠲᠣᠭ᠍ᠲᠠᠭᠠᠯ ᠭᠠᠷᠭᠠᠪᠠ᠃ ᠭᠤᠷᠪᠠ᠎ᠳᠤ᠂ ᠬᠢᠨᠠᠯᠲᠠ ᠲᠠᠯᠪᠢᠬᠤ ᠡᠷᠴᠢᠮ ᠪᠠ ᠪᠣᠳᠠᠲᠤ ᠦᠷ᠎ᠡ ᠪᠦᠲᠦᠮᠵᠢ᠎ᠶ᠋ᠢ ᠴᠢᠩᠭᠠᠳᠭᠠᠵᠤ᠂ 《ᠨᠢᠭᠡ ᠵᠠᠰᠠᠭ᠎ᠤᠨ ᠣᠷᠳᠣᠨ ᠨᠢᠭᠡ ᠵᠥᠪᠯᠡᠯ ᠬᠣᠶᠠᠷ ᠬᠣᠷᠢᠶ᠎ᠠ》 ᠵᠢᠨ ᠬᠠᠤᠯᠢ ᠶᠣᠰᠣᠭᠠᠷ ᠡᠬᠦᠷᠭᠡ ᠲᠤᠱᠢᠶᠠᠯ ᠵᠢᠡᠨ ᠭᠦᠢᠴᠡᠳᠭᠡᠬᠦ᠌᠎ᠳᠦ ᠬᠢᠨᠠᠯᠲᠠ ᠲᠠᠯᠪᠢᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠪᠠᠲᠤᠯᠠᠪᠠ᠃ ᠲᠦᠷᠪᠡ᠎ᠳᠦ᠂ ᠲᠥᠯᠥᠭᠡᠯᠡᠭ᠌ᠴᠢᠳ᠎ᠦᠨ ᠬᠠᠤᠯᠢ ᠶᠣᠰᠣᠭᠠᠷ ᠡᠬᠦᠷᠭᠡ ᠲᠤᠰᠢᠶᠠᠯ ᠵᠢᠡᠨ ᠭᠦᠢᠴᠡᠳᠭᠡᠬᠦ᠌᠎ᠶ᠋ᠢ ᠳᠡᠮᠵᠢᠨ ᠪᠠᠲᠤᠯᠠᠵᠤ᠂ ᠲᠥᠯᠥᠭᠡᠯᠡᠭ᠌ᠴᠢᠳ᠎ᠦᠨ ᠦᠢᠯᠡᠳᠦᠯ᠎ᠢ ᠪᠠᠳᠠᠷᠠᠭᠤᠯᠬᠤ᠎ᠶ᠋ᠢ ᠠᠷᠠᠳ ᠲᠦᠮᠡᠨ᠎ᠦ ᠡᠵᠡᠨ ᠰᠠᠭᠤᠵᠤ ᠡᠷᠬᠡ ᠮᠡᠳᠡᠬᠦ᠌᠎ᠶ᠋ᠢᠨ ᠴᠢᠬᠤᠯᠠ ᠢᠯᠡᠷᠡᠯ ᠪᠣᠯᠭᠠᠪᠠ᠃ ᠲᠠᠪᠤ᠎ᠳᠤ᠂ ᠤᠯᠤᠰ᠎ᠤᠨ ᠭᠠᠳᠠᠭᠠᠳᠤ ᠬᠠᠷᠢᠯᠴᠠᠭᠠᠨ᠎ᠤ ᠶᠡᠷᠦᠩᠬᠡᠢ ᠬᠠᠷᠠᠯᠲᠠ ᠡᠭᠦᠷᠭᠡ᠎ᠲᠡᠶ ᠨᠢᠭ᠍ᠲᠠ ᠤᠶᠠᠯᠳᠤᠭᠤᠯᠤᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠢ ᠠᠬᠢᠭᠤᠯᠪᠠ᠃ ᠵᠢᠷᠭᠤᠭ᠎ᠠ᠎ᠳᠤ᠂᠎ᠪᠦᠬᠦ᠌᠎ᠶᠠᠪᠤᠴᠠ᠎ᠶ᠋ᠢᠨ᠎ᠠᠷᠠᠳ᠎ᠤᠨ᠎ᠠᠷᠠᠳᠴᠢᠯᠠᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠦᠨᠳᠦᠰᠦᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠠᠢ ᠬᠡᠪᠡ᠃

ᠯᠢ ᠵᠠᠨ ᠱᠣ᠌ ᠮᠡᠳᠡᠭᠦᠯᠦᠯᠲᠡ᠎ᠳᠡᠭᠡᠨ᠂ ᠨᠢᠭᠡ ᠵᠢᠯ᠎ᠦᠨ ᠲᠤᠷᠰᠢ᠂ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠬᠠᠮᠤᠭ᠎ᠤᠨ ᠶᠡᠬᠡ ᠰᠡᠩᠬᠡᠷᠡᠭᠦᠯᠦᠯ ᠪᠤᠯ ᠳᠠᠷᠤᠶ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠶᠡᠷᠦᠩᠬᠡᠢᠯᠡᠨ ᠵᠢᠯᠣᠭᠣᠳᠣᠭᠤᠯᠬᠤ᠎ᠶ᠋ᠢ ᠢᠮᠠᠭ᠍ᠲᠠ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ ᠵᠢᠨ ᠪᠠᠢᠷᠢ ᠰᠠᠭᠤᠷᠢ ᠵᠢ ᠡᠷᠡᠰ ᠬᠠᠮᠠᠭᠠᠯᠠᠵᠤ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬᠰᠡᠨ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ᠎ᠪᠠᠢᠭᠤᠯᠤᠯ᠎ᠤᠨ᠎ᠨᠠᠮ᠎ᠡᠴᠡ᠎ᠲᠦᠷᠦ᠍᠎ᠶ᠋ᠢᠨ᠎ᠡᠷᠬᠡᠲᠦ᠎ᠪᠠᠢᠭᠤᠯᠭ᠎ᠠ᠎ᠶ᠋ᠢ ᠤᠳᠤᠷᠢᠳᠭᠤ ᠴᠢᠬᠤᠯᠠ ᠲᠦᠷᠢᠮ᠎ᠦᠨ ᠠᠴᠢᠶᠠᠯᠠᠪᠤᠷᠢ᠎ᠶ᠋ᠢᠨ ᠦᠢᠯᠡᠳᠦᠯ᠂ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ᠌ ᠴᠢᠬᠤᠯᠠ ᠳᠦᠷᠢᠮ᠎ᠦᠨ ᠠᠴᠢᠶᠠᠯᠠᠪᠤᠷᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠪᠠᠢᠭᠤᠯᠤᠯ᠎ᠦᠨ ᠨᠠᠮ᠎ᠤᠨ ᠲᠥᠪ ᠬᠣᠷᠢᠶᠠᠨ᠎ᠤ ᠵᠢᠭᠠᠭ᠍ᠰᠠᠨ ᠴᠢᠭ᠌ᠯᠡᠯ᠎ᠢᠶᠡᠷ ᠬᠥᠭ᠌ᠵᠢᠬᠦ᠌᠎ᠶ᠋ᠢ ᠦᠨᠡᠨ ᠬᠦ᠌ ᠪᠠᠲᠤᠯᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠨᠠᠮ᠎ᠤᠨ ᠲᠥᠪ ᠬᠣᠷᠢᠶᠠᠨ᠎ᠤ ᠲᠣᠭ᠍ᠲᠠᠭᠠᠭ᠍ᠰᠠᠨ ᠵᠠᠮ᠎ᠢᠶᠠᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠵᠠᠢ ᠭᠡᠵᠤ ᠵᠢᠭᠠᠵᠤ ᠭᠠᠷᠭᠠᠪᠠ᠃

ᠯᠢ ᠵᠠᠨ ᠱᠣ᠌ ᠮᠡᠳᠡᠭᠦᠯᠦᠯᠲᠡ᠎ᠳᠡᠭᠡᠨ᠂ ᠪᠠᠢᠩᠭᠤ᠎ᠶ᠋ᠢᠨ ᠬᠣᠷᠢᠶ᠎ᠠ ᠠᠵᠢᠯ᠎ᠤᠨ ᠳᠤᠮᠳᠠ ᠪᠠᠨ ᠪᠠᠰᠠ ᠵᠥᠷᠢᠶ᠎ᠡ ᠪᠠ ᠬᠦᠷᠦᠯᠴᠡᠬᠦ᠌ ᠦᠭᠡᠢ ᠲᠠᠯ᠎ᠠ ᠣᠷᠣᠱᠢᠵᠤ ᠪᠠᠢᠨ᠎ᠠ᠂ ᠲᠤᠰ ᠪᠡᠶ᠎ᠡ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠪᠠᠨ ᠲᠠᠰᠤᠷᠠᠯᠳᠠ ᠦᠭᠡᠢ ᠴᠢᠩᠭᠠᠳᠭᠠᠵᠤ᠂ ᠠᠵᠢᠯ᠎ᠤᠨ ᠶᠠᠰᠤ ᠴᠢᠨᠠᠷ ᠪᠠ ᠲᠦᠪᠱᠢᠨ᠎ᠢᠶᠡᠨ ᠰᠠᠢᠵᠢᠷᠠᠭᠤᠯᠤᠨ ᠳᠡᠭᠡᠭ᠌ᠰᠢᠯᠡᠭᠦᠯᠵᠦ᠍᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠬᠦ᠌ ᠪᠣᠯᠤᠨ᠎ᠠ ᠭᠡᠵᠤ ᠵᠢᠭᠠᠵᠤ ᠭᠠᠷᠭᠠᠪᠠ᠃

ᠯᠢ ᠵᠠᠨ ᠱᠣ᠌ ᠮᠡᠳᠡᠭᠦᠯᠦᠯᠲᠡ᠎ᠳ᠋ᠡᠭᠡᠨ᠌᠂ 2022 ᠣᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂《ᠬᠣᠶᠠᠷ᠎ᠢ ᠲᠣᠭ᠍ᠲᠠᠭᠠᠬᠤ》ᠶ᠋ᠢᠨ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂《ᠬᠣᠶᠠᠷ᠎ᠢ ᠬᠠᠮᠠᠭᠠᠯᠠᠬᠤ》ᠶ᠋ᠢ ᠪᠡᠶᠡᠯᠡᠭᠦᠯᠵᠤ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠵᠤ᠂ ᠲᠤᠬᠳᠠᠭᠤᠨ ᠪᠠᠢᠯᠭᠠᠬᠤ᠂ ᠲᠣᠭ᠍ᠲᠠᠭᠤᠨ᠎ᠤ ᠲᠤᠮᠳᠠ ᠤᠷᠤᠭ᠍ᠰᠢᠯᠠᠨ ᠲᠠᠪᠰᠢᠬᠤ ᠵᠢ ᠪᠠᠷᠢᠮᠳᠠᠯᠠᠵᠤ᠂ ᠲᠥᠪ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠲᠠᠰᠤᠷᠠᠯᠲᠠ ᠦᠭᠡᠢ ᠬᠥᠭ᠌ᠵᠢᠭᠦᠯᠵᠤ᠂ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ᠂ ᠭᠠᠳᠠᠭᠠᠳᠤ ᠬᠠᠷᠢᠯᠴᠠᠭᠠᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠵᠤ᠂ ᠪᠠᠢᠩᠭᠤ᠎ᠶ᠋ᠢᠨ ᠬᠣᠷᠢᠶᠠᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠶᠠᠰᠤ ᠴᠢᠨᠠᠷ ᠪᠠ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠤ ᠵᠢᠭᠠᠵᠤ ᠭᠠᠷᠭᠠᠪᠠ᠃

ᠯᠢ ᠵᠠᠨ ᠱᠤ᠌ ᠮᠡᠳᠡᠭᠦᠯᠦᠯᠲᠡ᠎ᠳᠡᠭᠡᠨ ᠬᠣᠢᠱᠢᠳᠠ᠎ᠶ᠋ᠢᠨ ᠨᠢᠭᠡ ᠵᠢᠯ᠎ᠦᠨ ᠭᠣᠣᠯ ᠡᠭᠦᠷᠭᠡ᠎ᠶ᠋ᠢᠨ ᠲᠤᠬᠠᠢ ᠪᠠᠢᠷᠢᠯᠠᠭᠤᠯᠤᠯᠲᠠ ᠬᠢᠪᠡ᠄ ᠨᠠᠮ᠎ᠤᠨ ᠠᠷᠪᠠ ᠶᠢᠰᠦᠳᠦᠭᠡᠷ ᠬᠤᠭᠤᠴᠠᠭᠠᠨ ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠲᠥᠪ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ᠎ᠠ; ᠱᠢᠰᠲ᠋ᠧᠮᠳᠤ ᠪᠦᠷᠢᠨ ᠲᠡᠭᠦᠯᠳᠡᠷ ᠳᠦᠷᠢᠮ᠎ᠦᠨ ᠱᠢᠰᠲ᠋ᠧᠮ᠎ᠢᠶᠡᠷ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠭ᠌ᠳᠡᠬᠦ᠌᠎ᠶ᠋ᠢ ᠪᠠᠲᠤᠯᠠᠨ᠎ᠠ; ᠬᠠᠤᠯᠢ ᠲᠣᠭ᠍ᠲᠠᠭᠠᠬᠤ ᠠᠵᠢᠯ᠎ᠤᠨ ᠱᠢᠰᠲ᠋ᠧᠮᠲᠦ ᠴᠢᠨᠠᠷ᠂ ᠪᠦᠬᠦᠯᠢ ᠴᠣᠭ᠍ᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭᠠᠳᠭᠠᠨ᠎ᠠ; ᠬᠠᠤᠯᠢ ᠴᠠᠭᠠᠵᠠ᠎ᠶ᠋ᠢᠨ ᠬᠢᠨᠠᠯᠲᠠ ᠪᠠ ᠠᠵᠢᠯ᠎ᠤᠨ ᠬᠢᠨᠠᠯᠲᠠ᠎ᠶ᠋ᠢ ᠬᠢᠨᠠᠮᠠᠭᠠᠢ ᠰᠠᠢᠲᠤᠷ ᠬᠢᠨ᠎ᠡ; ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ; ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠢ ᠬᠢᠨᠠᠮᠠᠭᠠᠢ ᠰᠠᠢᠲᠤᠷ ᠬᠢᠨ᠎ᠡ;《ᠲᠦᠷᠪᠡᠨ ᠪᠠᠢᠭᠤᠯᠭ᠎ᠠ》᠎ᠶ᠋ᠢᠨ ᠱᠠᠭᠠᠷᠳᠠᠯᠭ᠎ᠠ ᠶᠣᠰᠣᠭᠠᠷ ᠪᠠᠢᠩᠭᠤ᠎ᠶ᠋ᠢᠨ ᠬᠣᠷᠢᠶᠠᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠨ᠎ᠡ ᠭᠡᠵᠡᠢ᠃

ᠠᠷᠠᠳ᠎ᠤᠨ ᠳᠡᠭᠡᠳᠦ ᠱᠢᠭᠦᠬᠦ᠌ ᠬᠣᠷᠢᠶᠠᠨ᠎ᠤ ᠳᠠᠷᠤᠭ᠎ᠠ ᠵᠧᠸ᠋ ᠴᠢᠶᠠᠩ ᠠᠷᠠᠳ᠎ᠤᠨ ᠳᠡᠭᠡᠳᠦ ᠱᠢᠭᠦᠬᠦ᠌ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠳᠡᠭᠡᠨ᠂ 2021 ᠣᠨ᠎ᠳᠤ᠂ ᠠᠷᠠᠳ ᠎ᠤᠨ ᠳᠡᠭᠡᠳᠦ ᠱᠢᠭᠦᠬᠦ᠌ ᠬᠣᠷᠢᠶ᠎ᠠ ᠰᠢ ᠵᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠶ᠋ᠴᠡᠳᠭᠡᠵᠦ᠍᠂ ᠡᠯ᠎ᠡ ᠵᠦᠶ᠋ᠯ᠎ᠦᠨ ᠠᠵᠢᠯ ᠱᠢᠨ᠎ᠡ ᠠᠬᠢᠯᠲᠠ᠎ᠲᠠᠶ ᠪᠣᠯᠪᠠ᠃ ᠠᠷᠠᠳ᠎ᠤᠨ ᠳᠡᠭᠡᠳᠤ ᠱᠢᠭᠦᠬᠦ᠌ ᠬᠣᠷᠢᠶ᠎ᠠ 33602 ᠬᠡᠷᠡᠭ᠎ᠢ ᠬᠦᠯᠢᠶᠡᠨ ᠠᠪᠴᠤ᠌ ᠱᠢᠢᠳᠪᠦᠷᠢᠯᠡᠵᠦ᠍᠂ 28720 ᠬᠡᠷᠡᠭ᠎ᠢ ᠱᠢᠭᠦᠨ ᠳᠠᠭᠤᠰᠭᠠᠵᠤ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠱᠢᠭᠦᠬᠦ᠌ ᠬᠣᠷᠢᠶ᠎ᠠ ᠪᠠ ᠠᠷᠠᠳ᠎ᠤᠨ ᠲᠤᠰᠭᠠᠢ ᠱᠢᠭᠦᠬᠦ᠌ ᠬᠣᠷᠢᠶ᠎ᠠ 3351.6 ᠲᠦᠮᠡᠨ ᠬᠡᠷᠡᠭ᠎ᠢ ᠬᠦᠯᠢᠶᠡᠨ ᠠᠪᠴᠤ᠌ ᠱᠢᠢᠳᠪᠦᠷᠢᠯᠡᠵᠦ᠍᠂ 3010.4 ᠲᠦᠮᠡᠨ ᠬᠡᠷᠡᠭ᠎ᠢ ᠱᠢᠭᠦᠨ ᠳᠠᠭᠤᠰᠭᠠᠵᠤ᠂ ᠬᠡᠷᠡᠭ᠎ᠢ ᠳᠠᠭᠤᠰᠭᠠᠭ᠍ᠰᠠᠨ ᠬᠠᠷᠠᠯᠲᠠ᠎ᠶ᠋ᠢᠨ ᠲᠣᠭ᠎ᠠ 8.3 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠡᠢ ᠭᠡᠵᠦ ᠵᠢᠭᠠᠵᠤ ᠭᠠᠷᠭᠠᠪᠠ᠃

ᠵᠧᠦ ᠴᠢᠶᠠᠩ ᠮᠡᠳᠡᠭᠦᠯᠦᠯᠲᠡ᠎ᠳ᠋ᠡᠭᠡᠨ ᠵᠢᠷᠭᠤᠭᠠᠨ ᠲᠠᠯ᠎ᠠ᠎ᠡᠴᠡ 2021 ᠣᠨ᠎ᠤ ᠭᠣᠣᠯ ᠠᠵᠢᠯ᠎ᠵᠢᠡᠨ ᠳ᠋ᠦᠩᠨᠡᠪᠡ᠄ ᠨᠢᠭᠡ᠎ᠳᠦ᠂ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ᠎ᠢ ᠡᠷᠡᠰ ᠬᠠᠮᠠᠭᠠᠯᠠᠪᠡ; ᠬᠣᠶᠠᠷ᠎ᠲᠤ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠢᠳᠡᠪᠬᠢᠲᠡᠶ ᠦᠶ᠋ᠯᠡᠴᠢᠯᠡᠪᠡ; ᠭᠤᠷᠪᠠ᠎ᠳᠤ᠂ ᠠᠷᠠᠳ ᠲᠦᠮᠡᠨ ᠎ᠢᠶᠡᠷ ᠭᠣᠣᠯ ᠪᠣᠯᠭᠠᠬᠤ᠎ᠶ᠋ᠢ ᠢᠮᠠᠭ᠍ᠲᠠ ᠪᠠᠷᠢᠮᠲᠠᠯᠠᠪᠠ; ᠲᠦᠷᠪᠡ᠎ᠳᠦ᠂ ᠬᠠᠤᠯᠢ ᠴᠠᠭᠠᠵᠠ ᠪᠠᠢᠭᠤᠯᠤᠮᠵᠢ ᠵᠢᠨ ᠥᠭᠡᠷᠡᠴᠢᠯᠡᠯᠲᠡ ᠪᠠ ᠤᠶᠤᠨᠲᠤ ᠱᠢᠭᠦᠬᠦ᠌ ᠬᠣᠷᠢᠶᠠᠨ᠎ᠤ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠪᠠ; ᠲᠠᠪᠤ᠎ᠳᠤ᠂ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠤᠬᠠᠮᠰᠠᠷ᠎ᠡᠴᠡ᠎ᠪᠠᠨ ᠦᠢᠯᠡᠳᠦᠯᠭᠡᠵᠢᠭᠦᠯᠪᠡ; ᠵᠢᠷᠭᠤᠭ᠎ᠠ᠎ᠳᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠱᠢᠭᠦᠬᠦ᠌ ᠬᠣᠷᠢᠶᠠᠨ᠎ᠤ ᠲᠡᠮᠦᠷ ᠴᠡᠷᠢᠭ᠎ᠢ ᠬᠦᠴᠦᠯᠡᠨ ᠪᠠᠢᠭᠤᠯᠵᠠᠢ᠃

ᠵᠧᠦ ᠴᠢᠶᠠᠩ ᠮᠡᠳᠡᠭᠦᠯᠦᠯᠲᠡ᠎ᠳᠡᠭᠡᠨ᠂ 2022 ᠣᠨ᠎ᠳᠤ᠂ ᠠᠷᠠᠳ᠎ᠤᠨ ᠱᠢᠭᠦᠬᠦ᠌ ᠬᠣᠷᠢᠶ᠎ᠠ ᠬᠠᠤᠯᠢ ᠴᠠᠭᠠᠵᠠ᠎ᠶ᠋ᠢᠨ ᠠᠵᠢᠯ᠎ᠳᠠᠬᠢ ᠨᠠᠮ᠎ᠤᠨ ᠬᠠᠷᠢᠴᠠᠯᠠᠱᠢᠭᠦᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠲᠠᠯ᠎ᠡ ᠪᠡᠷ ᠦᠨᠡᠨᠴᠢ ᠱᠢᠳᠤᠷᠭᠤ ᠪᠠᠢᠬᠤ᠎ᠶ᠋ᠢ ᠪᠠᠲᠤᠳᠭᠠᠵᠤ᠂《ᠬᠠᠤᠯᠢ ᠴᠠᠭᠠᠵᠠ ᠶ᠋ᠢᠨ ᠬᠡᠷᠡᠭ ᠪᠣᠯᠭᠠᠨ᠎ᠡᠴᠡ ᠠᠷᠠᠳ ᠤᠯᠠᠨ᠎ᠳᠤ ᠲᠥᠪ ᠭᠣᠣᠯᠴᠢ ᠱᠢᠳᠤᠷᠭᠤ ᠶᠣᠰᠣ᠎ᠶ᠋ᠢ ᠮᠡᠳᠡᠷᠡᠭᠦᠯᠬᠦ᠌》 ᠵᠢ ᠱᠢᠭᠦᠬᠦ᠌ ᠬᠣᠷᠢᠶᠠᠨ᠎ᠤ ᠠᠯᠢᠪᠠ ᠠᠵᠢᠯ᠎ᠳᠤ ᠢᠮᠠᠭ᠍ᠲᠠ ᠨᠠᠢᠳᠠᠪᠤᠷᠢᠵᠢᠭᠤᠯᠬᠤ ᠪᠠᠷ ᠴᠢᠷᠮᠠᠢᠨ᠎ᠠ; ᠠᠮᠤᠷ ᠲᠦᠪᠱᠢᠨ ᠲᠣᠭ᠍ᠲᠠᠭᠤᠨ ᠪᠠᠢᠳᠠᠯ᠎ᠢ ᠬᠠᠮᠠᠭᠠᠯᠠᠵᠤ᠂ ᠨᠡᠩ ᠥᠨᠳᠥᠷ ᠲᠦᠪᠱᠢᠨ ᠪᠦᠬᠦᠢ ᠠᠮᠤᠭᠤᠯᠠᠩᠳᠤ ᠳᠤᠮᠳᠠᠳᠤ ᠤᠯᠤᠰ᠂ ᠬᠠᠤᠯᠢᠵᠢᠯ᠎ᠤᠨ ᠳᠤᠮᠳᠠᠳᠤ ᠤᠯᠤᠰ᠎ᠢ ᠪᠠᠢᠭᠤᠯᠬᠤ᠎ᠳᠤ ᠦᠢᠯᠡᠴᠢᠯᠡᠨ᠎ᠡ; ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠵᠦ᠍᠂《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂ 《 ᠵᠢᠷᠭᠤᠭ᠎ᠠ᠎ᠶ᠋ᠢ ᠪᠠᠲᠤᠯᠠᠬᠤ》 ᠎ᠳ᠋ᠤ ᠣᠨᠣᠪᠴᠢᠲᠠᠶ ᠦᠶ᠋ᠯᠡᠴᠢᠯᠡᠨ᠎ᠡ; ᠠᠷᠠᠳ᠎ᠤᠨ ᠠᠮᠢᠳᠤᠷᠠᠯ᠎ᠤᠨ ᠡᠷᠬᠡ ᠠᠱᠢᠭ᠎ᠢ ᠪᠠᠲᠤᠯᠠᠵᠤ ᠠᠷᠠᠳ ᠣᠯᠠᠨ᠎ᠤ ᠲᠥᠪ ᠭᠤᠤᠯᠴᠢ ᠱᠢᠳᠤᠷᠭᠤ ᠶᠣᠰᠣᠨ᠎ᠤ ᠲᠤᠬᠠᠶ ᠨᠠᠩ ᠥᠨᠳᠥᠷ ᠬᠡᠷᠡᠭ᠌ᠴᠡᠭᠡ᠎ᠶ᠋ᠢ ᠲᠠᠰᠤᠷᠠᠯᠲᠠ ᠥᠬᠡᠶ ᠬᠠᠩᠭᠠᠨ᠎ᠠ; ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠵᠦ᠍᠂ ᠥᠭᠡᠷᠡᠴᠢᠯᠡᠯᠲᠡ᠎ᠶ᠋ᠢᠨ ᠨᠠᠩ ᠱᠢᠰᠲ᠋ᠧᠮ᠎ᠲᠡᠶ ᠲᠥᠪᠯᠡᠷᠡᠬᠦ᠌᠂ ᠬᠠᠮᠵᠢᠯᠴᠠᠨ ᠥᠨᠳᠥᠷ ᠪᠦᠲᠦᠮᠵᠢᠲᠡᠶ ᠪᠣᠯᠬᠤ᠎ᠶ᠋ᠢ ᠠᠬᠢᠭᠤᠯᠤᠨ᠎ᠠ; ᠱᠢᠭᠦᠬᠦ᠌ ᠬᠣᠷᠢᠶᠠᠨ᠎ᠤ ᠲᠡᠮᠦᠷ ᠴᠡᠷᠢᠭ᠎ᠢ ᠳᠠᠪᠲᠠᠨ ᠪᠣᠯᠪᠠᠰᠤᠷᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠬᠠᠮᠢᠶᠠᠷᠴᠤ᠌ ᠴᠠᠭ᠍ᠳᠠᠭ᠎ᠠ᠎ᠶ᠋ᠢ ᠴᠢᠩᠭ᠎ᠠ ᠵᠠᠰᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠱᠢᠭᠦᠬᠦ᠌ ᠬᠣᠷᠢᠶᠠᠨ᠎ᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠤᠨ᠎ᠠ ᠭᠡᠵᠦ ᠢᠯᠡᠳᠭᠡᠪᠡ᠃

ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠪᠠᠢᠴᠠᠭᠠᠬᠤ ᠳᠠᠷᠤᠭ᠎ᠠ ᠵᠠᠩ ᠵᠢᠶᠦ᠋ᠨ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠠᠵᠢᠯ᠎ᠤᠨ ᠮᠡᠲᠡᠭᠦᠯᠦᠯᠲᠡ᠎ᠳᠡᠭᠡᠨ᠂ 2021 ᠣᠨ᠎ᠳᠤ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶᠠᠨ᠎ᠤ ᠬᠦᠴᠦᠲᠡᠶ ᠬᠢᠨᠠᠯᠲᠠ ᠳᠤᠤᠷ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠤᠯᠤᠰ᠎ᠤᠨ ᠵᠠᠰᠠᠯᠲᠠ᠎ᠳᠤ ᠨᠠᠩ ᠤᠬᠠᠮᠰᠠᠷ᠎ᠠᠴᠠ᠎ᠪᠠᠨ ᠠᠭᠤᠰᠤᠯᠴᠠᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠡᠷᠡᠭᠦᠦ᠍᠎ᠶ᠋ᠢᠨ ᠬᠡᠷᠡᠭ᠂ ᠢᠷᠭᠡᠨ᠎ᠦ ᠬᠡᠷᠡᠭ᠂ ᠵᠠᠰᠠᠭ ᠵᠠᠬᠢᠷᠭ᠎ᠠ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ ᠵᠡᠷᠭᠡ ᠡᠯ᠎ᠡ ᠵᠦᠶ᠋ᠯ᠎ᠦᠨ ᠪᠠᠢᠴᠠᠭᠠᠬᠤ ᠠᠵᠢᠯ ᠱᠢᠨ᠎ᠡ ᠠᠬᠢᠴᠠ᠎ᠲᠠᠶ ᠪᠣᠯᠪᠠ᠃ ᠪᠥᠬᠥ᠌ ᠤᠯᠤᠰ᠎ᠤᠨ ᠪᠠᠢᠴᠠᠭᠠᠬᠤ ᠪᠠᠢᠭᠤᠯᠭ᠎ᠠ ᠡᠯ᠎ᠡ ᠲᠥᠷᠥᠯ᠎ᠦᠨ ᠬᠡᠷᠡᠭ᠎ᠢ ᠨᠡᠢᠲᠡ 363.7 ᠲᠦᠮᠡᠨ ᠬᠤᠪᠢ ᠱᠢᠶ᠋ᠳᠪᠦᠷᠢᠯᠡᠵᠦ᠍᠂ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 20.9% ᠪᠡᠷ ᠳᠡᠭᠡᠭ᠌ᠰᠢᠯᠡᠵᠡᠶ᠃ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ 19 ᠬᠠᠤᠯᠢ ᠪᠠᠷᠢᠬᠤ ᠲᠠᠢᠯᠪᠤᠷᠢᠯᠠᠯᠲᠠ ᠲᠣᠭ᠍ᠲᠠᠭᠠᠵᠤ᠂ 8 ᠪᠦᠯᠦᠭ 37 ᠵᠢᠯᠣᠭᠣᠳᠭᠤ ᠴᠢᠨᠠᠷᠲᠠᠢ ᠬᠡᠷᠡᠭ᠎ᠦᠨ ᠵᠢᠱ᠌ᠢᠢ᠎ᠡ᠂ 76 ᠪᠦᠯᠦᠭ 563 ᠨᠡᠢᠲᠡᠯᠢᠭ ᠬᠡᠷᠡᠭ᠎ᠦᠨ ᠵᠢᠱ᠌ᠢᠢ᠎ᠡ᠎ᠶ᠋ᠢ ᠲᠣᠭ᠍ᠲᠠᠭᠠᠨ ᠲᠠᠷᠬᠠᠭᠠᠪᠠ᠃

ᠵᠠᠩ ᠵᠢᠶᠦ᠋ᠨ ᠮᠡᠲᠡᠭᠦᠯᠦᠯᠲᠡ᠎ᠳᠡᠭᠡᠨ 2021 ᠣᠨ᠎ᠤ ᠠᠵᠢᠯ᠎ᠢ ᠡᠷᠭᠢᠴᠡᠭᠦᠯᠪᠡ᠄ ᠨᠢᠭᠡ᠎ᠳᠦ᠂ ᠶᠡᠬᠡ ᠲᠠᠯ᠎ᠠ᠎ᠳᠤ ᠦᠢᠯᠡᠴᠢᠯᠡᠵᠦ᠍᠂ ᠪᠠᠢᠴᠠᠭᠠᠬᠤ ᠲᠤᠱᠢᠶᠠᠯ᠎ᠢᠶᠠᠨ ᠭᠦᠢᠴᠡᠳᠭᠡᠬᠦ᠌᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠪᠠ; ᠬᠣᠶᠠᠷ᠎ᠲᠤ᠂ ᠠᠷᠠᠳ᠎ᠤᠨ ᠲᠥᠯᠥᠭᠡ ᠬᠠᠤᠯᠢ ᠪᠠᠷᠢᠵᠤ᠂ ᠪᠠᠢᠴᠠᠭᠠᠬᠤ ᠲᠤᠱᠢᠶᠠᠯ᠎ᠢᠶᠠᠨ ᠭᠦᠢᠴᠡᠳᠭᠡᠬᠦ᠌᠎ᠪᠡᠷ ᠤᠯᠠᠨ ᠲᠦᠮᠡᠨ᠎ᠦ ᠪᠠᠴᠢᠮ ᠬᠦᠴᠢᠷ ᠵᠣᠪᠠᠭᠤᠷᠢ ᠬᠦᠰᠡᠯ᠎ᠢ ᠱᠢᠢᠳᠪᠦᠷᠢᠯᠡᠪᠡ; ᠭᠤᠷᠪᠠ᠎ᠳᠤ᠂ ᠬᠢᠨᠠᠯᠲᠠ ᠶ᠋ᠢ ᠭᠦᠨᠵᠡᠭᠡᠢᠷᠡᠭᠦᠯᠵᠦ᠍᠂ ᠪᠠᠢᠴᠠᠭᠠᠬᠤ ᠲᠤᠱᠢᠶᠠᠯ ᠵᠢᠨᠨ ᠭᠦᠢᠴᠡᠳᠭᠡᠬᠦ᠌᠎ᠪᠡᠷ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠪᠠ; ᠲᠦᠷᠪᠡ᠎ᠳᠦ᠂ ᠵᠠᠷᠭᠤ᠎ᠶ᠋ᠢᠨ ᠰᠤᠷᠪᠤᠯᠵᠢ᠎ᠶ᠋ᠢ ᠵᠠᠰᠠᠵᠤ᠂ ᠪᠠᠢᠴᠠᠭᠠᠬᠤ ᠲᠤᠱᠢᠶᠠᠯ ᠵᠢᠨᠨ ᠭᠦᠢᠴᠡᠳᠭᠡᠬᠦ᠌᠎ᠪᠡᠷ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠪᠠᠲᠤᠯᠠᠪᠠ; ᠲᠠᠪᠤ᠎ᠳᠤ᠂ ᠪᠠᠢᠴᠠᠭᠠᠬᠤ ᠠᠵᠢᠯ᠎ᠢ ᠴᠢᠩᠭ᠎ᠠ ᠵᠠᠰᠠᠵᠤ᠂ ᠪᠠᠢᠴᠠᠭᠠᠬᠤ ᠲᠤᠱᠢᠶᠠᠯ᠎ᠢᠶᠠᠨ ᠭᠦᠢᠴᠡᠳᠭᠡᠬᠦ᠌ ᠪᠠᠷ ᠪᠠᠢᠴᠠᠭᠠᠬᠤ ᠠᠵᠢᠯ᠎ᠤᠨ ᠲᠡᠮᠦᠷ ᠴᠡᠷᠢᠭ᠎ᠢ ᠳᠠᠪᠲᠠᠨ ᠪᠣᠯᠪᠠᠰᠤᠷᠠᠭᠤᠯᠵᠠᠢ᠃

ᠵᠠᠩ ᠵᠢᠶᠦ᠋ᠨ ᠮᠡᠳᠡᠭᠦᠯᠦᠯᠲᠡ᠎ᠳᠡᠭᠡᠨ᠂ 2022 ᠣᠨ᠎ᠳᠤ᠂ ᠪᠠᠢᠴᠠᠭᠠᠬᠤ ᠪᠠᠢᠭᠤᠯᠭ᠎ᠠ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ 《ᠲᠣᠭ᠍ᠲᠠᠭᠤᠨ᠎ᠢᠶᠠᠷ ᠤᠷᠤᠭ᠍ᠰᠢᠯᠠᠬᠤ᠂ ᠨᠠᠢᠳᠠᠪᠤᠷᠢᠵᠢᠭᠤᠯᠬᠤ᠂ ᠳᠡᠭᠡᠭ᠌ᠰᠢᠯᠡᠭᠦᠯᠬᠦ᠌》 ᠵᠢ ᠰᠤᠯᠠᠷᠠᠭᠤᠯᠤᠯ ᠦᠭᠡᠢ ᠠᠳᠭᠤᠵᠤ᠂ ᠲᠤᠱᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠴᠢᠳᠠᠮᠠᠭᠠᠢ ᠭᠦᠢᠴᠡᠳᠭᠡᠵᠦ᠍᠂ ᠨᠡᠩ ᠥᠨᠳᠥᠷ ᠲᠦᠪᠱᠢᠨ ᠪᠦᠬᠦᠢ ᠠᠮᠤᠭᠤᠯᠠᠩᠳᠦ ᠳᠤᠮᠳᠠᠳᠤ ᠤᠯᠤᠰ᠂ ᠬᠠᠤᠯᠢᠵᠢᠯ᠎ᠤᠨ ᠳᠤᠮᠳᠠᠳᠤ ᠤᠯᠤᠰ᠎ᠢ ᠪᠠᠢᠭᠤᠯᠬᠤ᠎ᠶ᠋ᠢ ᠠᠬᠢᠭᠤᠯᠤᠨ᠎ᠠ᠃ ᠲᠤᠬᠳᠠᠭᠤᠨ᠎ᠢᠶᠠᠷ ᠤᠷᠤᠭ᠍ᠰᠢᠯᠠᠬᠤ᠎ᠶ᠋ᠢ ᠪᠠᠷᠢᠮᠲᠠᠯᠠᠵᠤ᠂ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠵᠦ᠍ ᠪᠠᠲᠤᠯᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠨ᠎ᠡ; ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠱᠢᠨ᠎ᠡ ᠠᠶᠠᠯᠠᠯ᠎ᠢ ᠠᠬᠢᠭᠤᠯᠬᠤ ᠬᠠᠤᠯᠢᠵᠢᠯ᠎ᠤᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠨ᠎ᠡ; ᠦᠷᠬᠦᠯᠵᠢᠯᠡᠨ ᠳᠡᠭᠡᠭᠰᠢᠯᠡᠯᠳᠠ ᠲᠠᠢ ᠪᠠᠢᠬᠤ ᠵᠢ ᠪᠠᠳᠤᠯᠠᠵᠤ᠂ ᠪᠠᠢᠴᠠᠭᠠᠬᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌ ᠪᠠᠢᠴᠠᠭᠠᠬᠤ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠨ᠎ᠡ᠃ ᠤᠯᠤᠰ ᠲᠦᠷᠦ᠍᠎ᠶ᠋ᠢ ᠡᠷᠬᠢᠮᠯᠡᠨ᠂ ᠶᠡᠬᠡ ᠲᠠᠯ᠎ᠠ᠎ᠶ᠋ᠢ ᠬᠠᠷᠠᠭᠠᠯᠵᠠᠵᠤ᠂ ᠬᠥᠭ᠌ᠵᠢᠭᠦᠯᠬᠦ᠌᠎ᠶ᠋ᠢ ᠡᠷᠢᠯᠬᠢᠯᠡᠨ᠂ ᠥᠪᠡᠷ᠎ᠢ᠎ᠪᠡᠨ ᠬᠦᠴᠦᠷᠬᠡᠭ᠌ᠵᠢᠭᠦᠯᠬᠦ᠌᠎ᠶ᠋ᠢ ᠴᠢᠬᠤᠯᠠᠴᠢᠯᠠᠵᠤ᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠡᠭᠦᠷᠭᠡ ᠴᠢᠳᠠᠪᠬᠢ᠎ᠪᠠᠨ ᠦᠨᠡᠨᠴᠢ᠎ᠪᠡᠷ ᠭᠦᠢᠴᠡᠳᠭᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠦ ᠭᠠᠷᠭᠠᠪᠠ᠃

ᠬᠤᠷᠠᠯ᠎ᠳᠤ ᠣᠷᠣᠯᠴᠠᠬᠤ ᠶᠣᠰᠣᠲᠠᠢ ᠲᠥᠯᠥᠭᠡᠯᠡᠭ᠌ᠴᠢ 2951 ᠬᠥᠮᠦᠨ᠂ 2761 ᠬᠥᠮᠦᠨ ᠣᠷᠣᠯᠴᠠᠵᠤ᠂ 190 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠸᠠᠩ ᠴᠧᠨ ᠬᠤᠷᠠᠯ᠎ᠢ ᠡᠷᠬᠢᠯᠡᠪᠡ᠃

ᠡᠨᠡ ᠡᠲᠦᠷ ᠪᠣᠯ 《3·8》 ᠎ᠤ᠋ ᠳᠡᠯᠡᠬᠡᠶ᠎ᠶ᠋ᠢᠨ ᠬᠥᠳᠡᠯᠮᠦᠷᠢᠴᠢᠨ ᠡᠮᠡᠭ᠌ᠲᠡᠢᠴᠦᠳ᠎ᠦᠨ ᠪᠠᠶᠠᠷ᠎ᠤᠨ ᠡᠳᠦᠷ ᠮᠥᠨ᠂ ᠬᠤᠷᠠᠯ ᠨᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠨᠡᠷ᠎ᠡ᠎ᠪᠡᠷ ᠡᠮᠡᠭ᠌ᠲᠡᠶ ᠲᠥᠯᠥᠭᠡᠯᠡᠭ᠌ᠴᠢᠳ᠂ ᠡᠮᠡᠭ᠌ᠲᠡᠶ ᠭᠡᠱᠢᠭᠦᠳ᠂ ᠡᠮᠡᠭ᠌ᠲᠡᠶ ᠠᠵᠢᠯᠲᠠᠳ ᠲᠦ᠍᠂ ᠪᠦᠬᠦ᠌ ᠤᠯᠤᠰ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠡᠮᠡᠭ᠌ᠲᠡᠢᠴᠦᠳ ᠲᠦ᠍᠂ ᠳᠡᠯᠡᠬᠡᠶ ᠶ᠋ᠢᠨ ᠡᠯ᠎ᠡ ᠤᠯᠤᠰ᠎ᠤᠨ ᠡᠮᠡᠭ᠌ᠲᠡᠢᠴᠦᠳ᠎ᠲᠦ ᠪᠠᠶᠠᠷ᠎ᠤᠨ ᠡᠳᠦᠷ᠎ᠦᠨ ᠮᠡᠨᠳᠦᠴᠢᠯᠡᠯ ᠪᠣᠯᠤᠨ ᠰᠠᠢᠨ ᠰᠠᠢᠬᠠᠨ ᠵᠦᠩᠨᠡᠯ ᠳᠡᠪᠱᠢᠭᠦᠯᠵᠡᠶ᠃

ᠶᠡᠬᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ ᠸᠠᠩ ᠵᠢᠶᠦ᠋ᠨ ᠵᠧᠩ᠂ ᠶᠢᠨ ᠬᠣᠩ᠂ ᠯᠢᠦ ᠨᠢᠩ᠂ ᠱᠢᠤᠢ ᠴᠢ ᠯᠢᠶᠠᠩ᠂ ᠱᠢᠤᠢ ᠴᠢᠨ᠂ ᠯᠢ ᠹᠸᠢ᠂ ᠦ᠋ ᠵᠧᠩ ᠯᠦᠩ᠂ ᠾᠧ ᠢ ᠲᠢᠩ᠂ ᠵᠠᠩ ᠶᠧ ᠰᠦᠢ᠂ ᠵᠠᠩ ᠴᠢᠩ ᠸᠧᠢ᠂ ᠵᠠᠩ ᠱᠢᠤᠸᠠᠨ᠂ ᠵᠠᠩ ᠭᠦᠸᠧ ᠴᠢᠩ᠂ ᠴᠧᠨ ᠷᠦᠨ ᠡᠯ᠂ ᠯᠢᠨ ᠦ᠋᠂ ᠢ ᠯᠢᠶᠠᠨ ᠬᠣᠩ᠂ ᠵᠧᠩ ᠱᠠᠨ ᠵᠢᠶ᠍ᠸ᠂ ᠳ᠋ᠤᠸᠠᠨ ᠴᠦᠨ ᠬᠤᠸᠠ᠂ ᠱᠢᠤᠢ ᠱᠤᠤ ᠱ᠌ᠢ᠂ ᠭᠤᠤ ᠬᠣ᠌ ᠴᠧᠩ᠂ ᠱᠸᠨ ᠢ ᠴᠢᠨ᠂ ᠯᠧᠦ ᠶᠠᠩ ᠱᠧᠩ ᠲᠡᠷᠢᠭᠦᠯᠡᠭ᠌ᠴᠢᠳ᠎ᠦᠨ ᠲᠠᠢᠰᠠᠨ᠎ᠤ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠰᠠᠭᠤᠳᠠᠯ᠎ᠳᠤ ᠰᠠᠭᠠᠲᠠᠪᠠ᠃ (ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面