2022-03-09 08:48:01
— ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠺᠠᠳ᠋ᠷ ᠠᠵᠢᠯᠳᠠᠤᠨ ᠶᠡᠷᠦᠩᠬᠡᠢ ᠱᠦᠵᠢ ᠰᠢ ᠵᠢᠨ ᠫᠢᠩ ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠬᠦᠭᠵᠢᠶᠡᠨᠳᠡᠢ ᠶᠠᠷᠢᠯᠴᠠᠪᠠ
ᠶᠡᠷᠦᠩᠬᠡᠢ ᠱᠦᠵᠢ ᠰᠢ ᠵᠢᠨ ᠫᠢᠩ᠎ᠤᠨ 5 ᠤ᠋ ᠦᠳᠡ᠎ᠶ᠋ᠢᠨ ᠬᠣᠢᠨ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰᠤᠨᠠᠷᠠᠳᠤᠨᠲᠥᠯᠥᠭᠡᠯᠡᠭ᠌ᠴᠢᠳᠦᠨᠶᠡᠬᠡᠬᠤᠷᠠᠯᠤᠨᠲᠠᠪᠤᠳᠤᠭᠠᠷᠬᠤᠷᠠᠯᠤᠨᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠥᠷᠭᠡᠨ ᠤᠯᠠᠨ ᠺᠠᠳ᠋ᠷ ᠠᠵᠢᠯᠳᠠᠨ᠎ᠤ ᠳᠤᠮᠳᠠ ᠬᠠᠯᠠᠭᠤᠨ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠬᠤ》 ᠵᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠶᠡᠷᠦᠩᠬᠡᠢ ᠱᠦᠵᠢ᠎ᠶ᠋ᠢᠨ ᠵᠢᠭᠠᠭ᠍ᠰᠠᠨ ᠴᠢᠭ᠌ᠯᠡᠯ᠎ᠢᠶᠡᠷ ᠡᠷᠡᠰ ᠤᠷᠤᠭ᠍ᠰᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠯᠠᠪᠳᠠᠭᠤᠨ ᠪᠠᠲᠤᠲᠠᠢ ᠠᠵᠢᠯ᠎ᠤᠨ ᠦᠷ᠎ᠡ ᠪᠦᠲᠦᠮᠵᠢ᠎ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ ᠭᠡᠵᠦ᠍ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶᠠᠨ᠎ᠤ ᠥᠷᠭᠡᠨᠤᠯᠠᠨᠨᠠᠮᠤᠨᠭᠡᠱᠢᠭᠦᠨᠺᠠᠳ᠋ᠷ᠂ᠬᠦᠰᠡᠯᠨᠠᠢᠳᠠᠯᠭᠠᠶ᠋ᠢᠪᠠᠲᠤᠴᠡᠭᠡᠵᠢᠯᠡᠵᠦ᠍᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠡᠭᠦᠷᠭᠡ ᠴᠢᠳᠠᠪᠬᠢ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠵᠤ᠂ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠠᠬᠢᠭᠤᠯᠤᠨ᠎ᠠ᠃ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ ᠨᠠᠢᠳᠠᠪᠤᠷᠢᠵᠢᠭᠤᠯᠬᠤ᠎ᠶ᠋ᠢ ᠲᠦᠷᠦᠭᠦᠯᠡᠨ ᠰᠠᠢᠲᠤᠷ ᠠᠳᠭᠤᠵᠤ᠂ ᠰᠠᠢ᠌ᠳᠤᠷ ᠤᠢ᠍ᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠬᠦ᠌ ᠳᠡᠭᠡᠷ᠎ᠡ ᠬᠦᠴᠦ᠍ ᠣᠷᠣᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠳᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠦᠨᠳᠦᠰᠦᠲᠡᠨ᠎ᠦ ᠪᠦᠯᠬᠦᠮᠳᠡᠯ ᠪᠠ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ ᠳᠤᠮᠳᠠ ᠲᠠᠢ᠌ᠴᠢᠨ ᠪᠡᠬᠢᠯᠡᠯᠲᠡ ᠶ᠋ᠢᠨ ᠦᠢᠯᠡᠳᠦᠯ᠎ᠢᠶᠡᠨ ᠪᠠᠳᠠᠷᠠᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠡᠷᠡᠭᠦᠯ ᠵᠢᠷᠤᠮᠵᠢᠬᠰᠠᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠥᠷᠨᠢᠭᠦᠯᠬᠦ᠌᠎ᠶ᠋ᠢ ᠠᠬᠢᠭᠤᠯᠵᠤ᠂ ᠢᠯᠵᠠᠷᠠᠬᠤ᠎ᠡᠴᠡ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠬᠣᠣᠷᠲᠤ ᠬᠠᠪᠤᠳᠠᠷ᠎ᠢ ᠡᠷᠡᠰ ᠠᠷᠢᠯᠭᠠᠵᠤ᠂ᠬᠣᠣᠷᠦᠨᠡᠬᠢᠶ᠋ᠢᠠᠷᠢᠯᠭᠠᠵᠤ᠂ᠬᠣᠣᠷᠳᠠᠷᠬᠠᠭᠠᠬᠤᠵᠢᠬᠤᠷᠢᠬᠯᠠᠬᠤ ᠬᠡᠷᠡᠭ᠌ᠲᠡᠢ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠭᠤᠯᠤᠮᠵᠢ ᠣᠷᠣᠨ ᠲᠣᠭ᠎ᠠ᠎ᠶ᠋ᠢᠨ ᠬᠣᠷᠢᠶᠠᠨ᠎ᠤ ᠠᠯᠪᠠᠨ ᠬᠡᠷ᠎ᠦᠨ ᠥᠷᠭᠡᠨ ᠣᠯᠠᠨ ᠺᠠᠳ᠋ᠷ ᠠᠵᠢᠯᠲᠠᠨ᠂ ᠶᠡᠷᠦᠩᠬᠡᠶ ᠱᠦᠵᠢ᠎ᠶ᠋ᠢᠨ ᠶᠠᠷᠢᠶ᠎ᠠ᠎ᠨᠢ ᠥᠨᠳᠥᠷ᠎ᠲᠦ ᠵᠣᠭ᠍ᠰᠣᠨ ᠠᠯᠤᠰ᠎ᠢ ᠪᠡᠷᠡᠯᠡᠵᠦ᠍᠂ ᠬᠥᠮᠦᠰ᠎ᠢ ᠵᠣᠷᠢᠭ᠍ᠵᠢᠭᠤᠯᠤᠨ ᠡᠷᠡᠯᠬᠡᠭ᠌ᠯᠡᠨ ᠤᠷᠤᠭ᠍ᠰᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠪᠠᠢᠭᠤᠯᠤᠮᠵᠢ ᠣᠷᠣᠨ ᠲᠣᠭ᠎ᠠ᠎ᠶ᠋ᠢᠨ ᠠᠵᠢᠯ᠎ᠢ ᠰᠠᠢᠲᠤᠷ ᠬᠢᠬᠦ᠌ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ᠎ᠢ ᠤᠯᠠᠮ ᠴᠢᠨᠠᠬᠰᠢᠳᠠ ᠬᠥᠭ᠌ᠵᠢᠭᠡᠪᠡ᠃ ᠪᠠᠢᠭᠤᠯᠤᠮᠵᠢ ᠣᠷᠣᠨ ᠲᠣᠭ᠎ᠠ᠎ᠶ᠋ᠢᠨ ᠰᠠᠯᠠᠭ᠎ᠠ ᠮᠥᠴᠢᠷ ᠨᠢ ᠨᠠᠮ᠎ᠤᠨ ᠪᠠᠢᠭᠤᠯᠭ᠎ᠠ᠂ ᠤᠯᠤᠰ ᠲᠦᠷᠦ᠍᠎ᠶ᠋ᠢᠨ ᠪᠠᠢᠭᠤᠯᠭ᠎ᠠ ᠪᠣᠯᠤᠭ᠍ᠰᠠᠨ᠎ᠤ ᠬᠤᠪᠢ᠎ᠳᠤ᠂ ᠪᠠᠢᠭᠤᠯᠤᠮᠵᠢ ᠣᠷᠣᠨ ᠲᠣᠭ᠎ᠠ᠎ᠶ᠋ᠢᠨ ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠢ ᠦᠢᠯᠡᠳᠦᠯᠭᠡᠵᠢᠭᠦᠯᠵᠦ᠍᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠡᠯ᠎ᠡ ᠵᠦᠢᠯ᠎ᠦᠨ ᠠᠵᠢᠯ᠎ᠳᠠᠭᠠᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ ᠵᠠᠰᠠᠭ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ ᠪᠣᠯᠤᠨ ᠠᠵᠢᠯ ᠦᠢᠯᠡᠰ᠎ᠦᠨ ᠨᠢᠭᠡᠴᠢ᠎ᠶ᠋ᠢᠨ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠴᠢᠩᠭᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠢ ᠡᠷᠡᠰ ᠭᠤᠢᠪᠢᠰᠢ ᠦᠭᠡᠢ ᠠᠬᠢᠭᠤᠯᠬᠤ ᠬᠡᠷᠡᠭ᠌ᠲᠡᠢ᠃ ᠡᠭᠦᠨ᠎ᠦ ᠬᠠᠮᠲᠤ᠂ ᠤᠯᠤᠰ᠎ᠤᠨ 《ᠬᠤᠤᠰ ᠨᠡᠭᠦᠷᠡᠰᠦᠲᠥ᠋ᠷᠥᠭ᠌ᠴᠢ》᠎ᠶ᠋ᠢᠨ ᠠᠵᠢᠯ᠎ᠤᠨ ᠲᠥᠯᠥᠪᠵᠢᠭᠦᠯᠭᠡ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠳᠤᠮᠳᠠ᠂ ᠪᠠᠢᠭᠤᠯᠤᠮᠵᠢ ᠣᠷᠣᠨ ᠲᠣᠭ᠎ᠠ᠎ᠶ᠋ᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠬᠦ᠌ ᠪᠠ ᠬᠠᠮᠢᠶᠠᠷᠤᠯᠲᠠ᠎ᠶ᠋ᠢᠨ ᠪᠠᠢᠭᠤᠯᠤᠮᠵᠢ ᠵᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠪᠠᠢᠭᠤᠯᠤᠮᠵᠢ ᠵᠢᠨ ᠣᠷᠣᠨ ᠲᠣᠭ᠎ᠠ᠎ᠶ᠋ᠢᠨ ᠡᠨᠧᠷᠭᠢ ᠶ᠋ᠢᠨ ᠠᠮᠤᠷ ᠲᠦᠪᠱᠢᠨ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠳᠤᠯᠠᠬᠤ ᠵᠡᠷᠭᠡ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠪᠠᠷ ᠴᠢᠷᠮᠠᠢᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠦᠨᠡᠨ ᠬᠦ᠌ ᠪᠡᠬᠢᠵᠢᠭᠦᠯᠬᠦ᠌᠎ᠳᠦ ᠪᠠᠲᠤ ᠪᠠᠬᠢ ᠪᠠᠢᠭᠤᠯᠤᠮᠵᠢ ᠣᠷᠣᠨ ᠲᠣᠭ᠎ᠠ᠎ᠶ᠋ᠢᠨ ᠪᠠᠲᠤᠯᠠᠭ᠎ᠠ ᠬᠠᠩᠭᠠᠬᠤ ᠭᠡᠷᠡᠭᠲᠡᠢ ᠬᠡᠵᠥ ᠰᠠᠨᠠᠯ ᠨᠢᠭᠡᠲᠡᠶ ᠦᠵᠡᠵᠡᠬᠡᠪᠡ᠃
《ᠶᠡᠷᠦᠩᠬᠡᠢ ᠱᠦᠵᠢ᠎ᠶ᠋ᠢᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ ᠶ᠋ᠢᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠰᠣᠨᠣᠰᠤᠭ᠍ᠰᠠᠨ ᠪᠥᠭᠡᠳ ᠶᠡᠷᠦᠩᠬᠡᠢ ᠱᠦᠵᠢ᠎ᠶ᠋ᠢᠨ ᠱᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠠᠬᠢᠨ ᠡᠷᠭᠢᠴᠡᠭᠦᠯᠬᠦᠶ᠎ᠡ᠂ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠤᠨ ᠠᠷᠠᠳ ᠲᠦᠮᠡᠨ᠎ᠳᠦ ᠲᠠᠯᠪᠢᠭ᠍ᠰᠠᠨ ᠭᠦᠨ ᠵᠤᠵᠠᠭᠠᠨ ᠬᠠᠯᠠᠮᠵᠢᠯᠠᠯ ᠪᠠ ᠥᠪᠥᠷ ᠮᠣᠩᠭᠣᠯ᠎ᠤᠨ ᠠᠵᠢᠯ᠎ᠳᠤ ᠲᠠᠯᠪᠢᠭ᠍ᠰᠠᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠢ ᠨᠡᠩ ᠭᠦᠨᠵᠡᠭᠡᠢ ᠮᠡᠳᠡᠷᠡᠵᠦ᠍᠂ ᠲᠤᠢᠯ᠎ᠢᠶᠠᠷ ᠤᠷᠮᠠᠱᠢᠨ ᠵᠣᠷᠢᠭ᠍ᠵᠢᠵᠤ ᠪᠠᠢᠨ᠎ᠠ》᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶᠠᠨ᠎ᠤ ᠱᠦᠵᠢ᠂ ᠰᠤᠷᠭᠠᠨ ᠬᠥᠮᠦᠵᠢᠯ᠎ᠦᠨ ᠲᠢᠩᠬᠢᠮ᠎ᠦᠨ ᠳᠠᠷᠤᠭ᠎ᠠ ᠬᠤᠸᠠᠩ ᠶᠠ ᠯᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠦᠨ ᠬᠢᠨ ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠰᠤᠷᠭᠠᠯ᠂ ᠴᠢᠩ ᠰᠡᠳᠭᠢᠯ ᠦᠨ ᠬᠦᠰᠡᠯ ᠨᠠᠢᠳᠠᠯᠭ᠎ᠠ᠎ᠶ᠋ᠢ ᠴᠠᠭ ᠢᠮᠠᠭ᠍ᠲᠠ ᠪᠠᠲᠤ ᠴᠡᠭᠡᠵᠢᠯᠡᠵᠦ᠍᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠪᠠᠲᠤ ᠡᠵᠡᠮᠳᠡᠵᠦ᠍᠂ ᠢᠮᠠᠭ᠍ᠲᠠ《ᠤᠯᠤᠰ᠎ᠤᠨ ᠶᠡᠬᠡ ᠶᠠᠪᠤᠳᠠᠯ》᠎ᠢ᠋ ᠰᠡᠳᠬᠢᠯ ᠳ᠋ᠡᠭᠡᠨ ᠪᠤᠳᠤᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂《ᠠᠨᠠᠷ᠎ᠤᠨ ᠦᠷ᠎ᠡ》᠎ᠶ᠋ᠢᠨ ᠬᠥᠮᠦᠨ ᠬᠥᠮᠦᠵᠢᠭᠦᠯᠬᠦ᠌ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠬᠡᠦᠬᠡᠳ ᠪᠠᠭᠠᠴᠤᠳ᠎ᠡᠴᠡ ᠡᠬᠢᠯᠡᠨ ᠠᠳᠭᠤᠬᠤ᠂ ᠵᠠᠯᠠᠭᠤᠴᠤᠳ ᠪᠠᠭᠠᠴᠤᠳ᠎ᠡᠴᠡ ᠡᠬᠢᠯᠡᠨ ᠠᠳᠭᠤᠬᠤ᠎ᠶ᠋ᠢ ᠪᠠᠷᠢᠮᠲᠠᠯᠠᠵᠤ᠂ ᠶᠡᠬᠡ ᠲᠡᠭᠡᠳᠤ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ ᠨᠢᠭᠡ ᠴᠣᠭ᠍ᠴᠠᠵᠢᠭᠤᠯᠬᠤ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠤᠮᠠᠷᠠᠲᠤ ᠬᠢᠯᠢ᠎ᠪᠡᠨ ᠴᠣᠭ᠍ᠴᠠᠯᠠᠬᠤ》 ᠱᠢᠷᠢᠰ ᠭᠤᠤᠯ ᠰᠡᠳᠦᠪᠲᠦ ᠠᠵᠢᠯᠯᠠᠭ᠎ᠠ᠎ᠶ᠋ᠢ ᠥᠷᠨᠢᠭᠦᠯᠵᠦ᠍᠂ 《ᠢᠨᠲ᠋ᠧᠷ ᠰᠦᠯᠵᠢᠶ᠎ᠡ + ᠦᠨᠳᠦᠰᠦᠲᠡᠨ᠎ᠦ ᠪᠦᠯᠬᠦᠮᠳᠡᠯ》 ᠤ᠋ᠨ ᠪᠥᠬᠥ᠌ ᠲᠠᠯ᠎ᠠ᠎ᠶ᠋ᠢᠨ ᠬᠥᠮᠦᠨ ᠬᠥᠮᠦᠵᠢᠭᠦᠯᠬᠦ᠌ ᠣᠷᠣᠨ ᠵᠠᠶ᠎ᠶ᠋ᠢ ᠪᠣᠶ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠤ ᠪᠠᠢᠭᠤᠯᠤᠯᠲᠠ᠎ᠶ᠋ᠢ ᠠᠬᠢᠭᠤᠯᠤᠨ᠎ᠠ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ᠎ᠶ᠋ᠢ ᠱᠤᠭᠤᠵᠤ ᠬᠥᠮᠦᠨ᠎ᠢ ᠬᠥᠮᠦᠵᠢᠭᠦᠯᠬᠦ᠌᠎ᠶ᠋ᠢ ᠪᠠᠷᠢᠮᠲᠠᠯᠠᠵᠤ᠂ ᠨᠠᠮ᠎ᠤᠨ ᠰᠤᠷᠭᠠᠨ ᠬᠥᠮᠦᠵᠢᠯ᠎ᠦᠨ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠵᠤ᠂ ᠰᠤᠷᠭᠠᠨ ᠬᠥᠮᠦᠵᠢᠯ᠎ᠦᠨ ᠡᠷᠬᠡ ᠲᠡᠭ᠌ᠰᠢ ᠪᠠ ᠶᠠᠰᠤ ᠴᠢᠨᠠᠷ᠎ᠤᠨ ᠳᠡᠭᠡᠭ᠌ᠰᠢᠯᠡᠯᠲᠡ᠎ᠶ᠋ᠢ ᠠᠬᠢᠭᠤᠯᠤᠨ᠎ᠠ ᠭᠡᠵᠤ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠦᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠷᠠᠳᠢᠣ᠋᠂ ᠰᠦᠯᠵᠢᠶ᠎ᠡ᠂ ᠲᠧᠯᠸᠢᠰ ᠪᠣᠯᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ᠂ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠠᠷᠭ᠎ᠠ ᠵᠠᠮ ᠪᠠ ᠬᠡᠯᠪᠡᠷᠢ᠎ᠪᠡᠷ ᠳᠠᠮᠵᠢᠭᠤᠯᠵᠦ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠪᠤᠳᠤᠯ ᠵᠢᠡᠨ ᠶᠠᠷᠢᠵᠤ᠂ ᠣᠯᠤᠯᠲᠠ ᠲᠥᠷᠥᠭ᠌ᠳᠡᠯ᠎ᠢᠶᠡᠨ ᠶᠠᠷᠢᠪᠠ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠵᠤ᠂ ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠰᠤᠷᠭᠠᠯ ᠪᠣᠯᠤᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠷᠴᠢ ᠵᠣᠷᠢᠭ᠎ᠢᠶᠠᠨ ᠬᠥᠪᠴᠢᠯᠡᠨ ᠪᠣᠳᠠᠲᠠᠢ ᠠᠵᠢᠯᠯᠠᠵᠤ ᠪᠠᠲᠤᠲᠠᠢ ᠦᠢᠯᠡᠳᠦᠯᠭᠡᠵᠢᠭᠦᠯᠵᠦ᠍᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠶ᠋ᠢᠨ ᠦᠢᠯᠡᠰ᠎ᠦᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠤᠨ᠎ᠠ ᠭᠡᠵᠦ᠍ ᠢᠯᠡᠳᠭᠡᠵᠡᠭᠡᠪᠡ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠵᠢᠨ ᠲᠢᠩᠬᠢᠮ᠎ᠦᠨ ᠳᠠᠷᠤᠭ᠎ᠠ ᠵᠠᠢ ᠶᠢᠩ ᠵᠢᠶᠦ᠋ᠨ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ ᠨᠢ ᠠᠷᠠᠳ᠎ᠤᠨ ᠠᠮᠢᠳᠤᠷᠠᠯ᠎ᠤᠨ ᠴᠢᠬᠤᠯᠠ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ ᠵᠢ ᠤᠨᠤᠪᠴᠢᠳᠠᠢ ᠤᠢᠯᠠᠭᠠᠵᠤ᠂ ᠪᠠᠳᠤ ᠴᠢᠩᠭ᠎ᠠ ᠠᠵᠢᠯ ᠣᠢᠯᠠᠰᠴᠢ ᠰᠡᠳᠭᠢᠯᠭᠡ᠂ ᠬᠠᠷᠢᠭᠤᠴᠠᠯᠭᠠᠲᠤ ᠰᠡᠳᠭᠢᠯᠭᠡ ᠪᠠ ᠪᠣᠳᠠᠲᠠᠶ᠎ᠶ᠋ᠢ ᠡᠷᠬᠢᠮᠯᠡᠬᠦ᠌ ᠰᠤᠷᠲᠠᠯ ᠵᠢᠡᠷ ᠠᠵᠢᠯ ᠣᠯᠭᠣᠯᠲᠠ᠎ᠶ᠋ᠢ ᠬᠦᠴᠦᠯᠡᠨ ᠲᠣᠭ᠍ᠲᠠᠪᠤᠷᠢᠵᠢᠭᠤᠯᠵᠤ᠂ ᠠᠵᠢᠯ ᠣᠯᠭᠣᠯᠲᠠ᠎ᠶ᠋ᠢ ᠪᠠᠲᠤᠯᠠᠵᠤ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠂ ᠴᠢᠳᠠᠪᠤᠷᠢᠲᠠᠨ᠎ᠤ ᠲᠤᠯᠭᠠᠭᠤᠷᠢᠯᠠᠬᠤ ᠱᠢᠰᠲ᠋ᠧᠮ᠎ᠢ ᠤᠯᠠᠮ ᠴᠢᠨᠠᠬᠰᠢᠳᠠ ᠪᠦᠷᠢᠨᠰᠢᠬᠦᠯᠵᠤ᠂ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠤ᠂ ᠠᠵᠢᠯ ᠣᠯᠭᠣᠯᠲᠠ ᠨᠡᠩ ᠭᠦᠢᠴᠡᠳ᠂ ᠪᠠᠲᠤᠯᠠᠭ᠎ᠠ ᠨᠠᠩ ᠬᠦᠴᠦᠲᠡᠶ᠂ ᠦᠨᠳᠤᠰᠤᠨ ᠵᠦᠢᠯ᠎ᠤᠨ ᠪᠠᠳᠤᠯᠠᠯᠳᠠ ᠨᠡᠩ ᠪᠠᠲᠤ ᠪᠡᠬᠢ᠂ ᠦᠶ᠋ᠯᠡᠴᠢᠯᠡᠭᠡ ᠨᠠᠩ ᠪᠦᠷᠢᠨ ᠭᠦᠶ᠋ᠴᠡᠳ ᠪᠠᠢᠬᠤ ᠵᠢ ᠴᠢᠷᠮᠠᠢᠨ ᠪᠠᠶᠠᠯᠡᠬᠦᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠲᠦᠷᠦᠭᠳᠡᠯ᠎ᠢ ᠲᠠᠰᠤᠷᠠᠯᠳᠠ ᠦᠭᠡᠢ ᠨᠡᠮᠡᠭᠳᠡᠬᠦᠯᠤᠨ᠎ᠠ ᠭᠡᠵᠤ ᠬᠡᠯᠡᠪᠡ᠃
《ᠶᠡᠷᠦᠩᠬᠡᠶ ᠱᠦᠵᠢ᠎ᠶ᠋ᠢᠨ ᠴᠢᠬᠤᠯᠠ ᠶᠠᠷᠢᠶ᠎ᠠ᠎ᠨᠢ ᠪᠥᠬᠥ᠌ ᠲᠠᠯ᠎ᠠ ᠪᠠ ᠠᠯᠤᠰ ᠬᠡᠲᠦ᠍᠎ᠶ᠋ᠢᠨ ᠬᠥᠭ᠌ᠵᠢᠯᠲᠡ᠎ᠳᠦ ᠬᠣᠯᠪᠣᠭ᠍ᠳᠠᠬᠤ ᠴᠢᠬᠤᠯᠠ ᠶᠡᠬᠡ ᠠᠰᠠᠭᠤᠳᠠᠯ᠎ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠲᠤᠢᠯ᠎ᠤᠨ ᠴᠢᠩᠭ᠎ᠠ ᠤᠯᠤᠰ ᠳᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷ ᠪᠠ ᠬᠠᠨᠳᠤᠯᠭᠠᠲᠤ ᠴᠢᠨᠠᠷᠲᠠᠶ ᠪᠠᠢᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠬᠦ᠌᠎ᠳᠦ ᠴᠢᠬᠤᠯᠠ ᠵᠢᠷᠤᠮᠯᠠᠯ ᠬᠠᠩᠭᠠᠪᠠ》᠃ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶᠠᠨ᠎ᠤ ᠳᠠᠷᠤᠭ᠎ᠠ ᠵᠢᠶᠠ ᠶᠤᠸᠠᠢ ᠹᠧᠩ᠂ 《ᠪᠢᠳᠡ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠤᠷᠢᠲᠠᠯ ᠪᠣᠯᠭᠠᠬᠤ᠎ᠶ᠋ᠢ ᠪᠠᠷᠢᠮᠲᠠᠯᠠᠵᠤ᠂ ᠲᠣᠭ᠍ᠲᠠᠭᠤᠨ ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂〈ᠬᠣᠷᠢᠭ᠎ᠠ ᠱᠤᠭᠤᠮ᠎ᠢ ᠰᠠᠬᠢᠬᠤ᠂ ᠬᠥᠭ᠌ᠵᠢᠯᠲᠡ᠎ᠶ᠋ᠢ ᠠᠳᠭᠤᠬᠤ᠂ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ〉 ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂〈ᠶᠠᠳᠠᠭᠤ ᠡᠴᠡ ᠠᠩᠭᠢᠵᠢᠷᠠᠭᠤᠯᠤᠭ᠍ᠰᠠᠨ ᠴᠤ᠌ ᠬᠠᠷᠢᠭᠤᠴᠠᠯᠭ᠎ᠠ ᠪᠡᠨ ᠬᠠᠶᠠᠬᠤ ᠦᠭᠡᠢ᠂ ᠶᠠᠳᠠᠭᠤ ᠡᠴᠡ ᠠᠩᠭᠢᠵᠢᠷᠠᠭᠤᠯᠤᠭ᠍ᠰᠠᠨ ᠴᠤ᠌ ᠲᠦᠷᠦ ᠵᠢᠨ ᠪᠤᠳᠤᠯᠭ᠎ᠠ ᠪᠡᠨ ᠲᠠᠰᠤᠯᠳᠠᠭᠤᠯᠬᠤ ᠦᠭᠡᠢ᠂ ᠶᠠᠳᠠᠭᠤ ᠡᠴᠡ ᠠᠩᠭᠢᠵᠢᠷᠠᠭᠤᠯᠤᠭ᠍ᠰᠠᠨ ᠴᠤ᠌ ᠬᠠᠪᠰᠤᠷᠤᠨ ᠲᠡᠳᠬᠦᠬᠦ ᠪᠡᠨ ᠪᠤᠯᠢᠬᠤ ᠦᠭᠡᠢ᠂ ᠶᠠᠳᠠᠭᠤ ᠡᠴᠡ ᠠᠩᠭᠢᠵᠢᠷᠠᠭᠤᠯᠤᠭ᠍ᠰᠠᠨ ᠴᠤ᠌ ᠬᠢᠨᠠᠯᠳᠠ ᠬᠠᠮᠢᠶᠡᠷᠤᠯᠳᠠ ᠪᠡᠨ ᠰᠤᠯᠠᠷᠠᠭᠤᠯᠬᠤ ᠦᠭᠡᠢ〉ᠪᠠᠢᠬᠤ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠵᠢᠯ᠎ᠤᠨ ᠡᠷᠴᠢᠮ ᠪᠠ ᠲᠥᠷᠥ᠎ᠶ᠋ᠢᠨ ᠪᠣᠳᠣᠯᠭ᠎ᠠ᠎ᠶ᠋ᠢᠨ ᠡᠷᠴᠢᠮ᠎ᠢᠶᠡᠨ ᠦᠷᠭᠦᠯᠵᠢᠯᠡᠨ ᠪᠠᠲᠤᠯᠠᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠨᠠᠢᠳᠠᠪᠤᠷᠢᠵᠢᠭᠤᠯᠤᠯᠲᠠ ᠶ᠋ᠢ ᠴᠢᠩᠭ᠎ᠠ ᠠᠳᠭᠤᠵᠤ᠂ ᠬᠡᠪᠴᠢᠶᠡᠵᠢᠯ᠎ᠦᠨ ᠴᠢᠨᠠᠷᠲᠠᠶ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠠᠢᠳᠠᠯ ᠡᠭᠦᠰᠭᠦ ᠥᠬᠡᠶ ᠪᠠᠢᠬᠤ᠎ᠶ᠋ᠢ ᠦᠨᠡᠨ ᠬᠦ᠌ ᠪᠠᠲᠤᠯᠠᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠪᠠᠢᠳᠠᠯ᠎ᠢ ᠡᠬᠦᠳᠬᠦ ᠵᠢ ᠦᠨᠡᠨ ᠬᠦ᠌ ᠪᠠᠳᠤᠯᠠᠨ᠎ᠠ》 ᠭᠡᠵᠤ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ᠌ ᠲᠣᠪᠴᠢᠶᠠᠨ᠎ᠤ ᠳᠡᠳ᠋ ᠳᠠᠷᠤᠭ᠎ᠠ ᠸᠠᠩ ᠯᠢ ᠵᠢᠶᠧ᠂ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶ᠎ᠠ᠎ᠨᠢ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠤ᠂ ᠡᠷᠴᠢ ᠵᠣᠷᠢᠭ᠎ᠢ ᠬᠥᠪᠴᠢᠯᠡᠪᠡ᠃ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠶ ᠣᠢᠯᠠᠭᠠᠵᠤ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ ᠪᠠ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠦ ᠪᠠᠢᠯᠳᠤᠬᠤ ᠪᠤᠳᠤᠯᠭ᠎ᠠ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠵᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠠᠮᠤ ᠪᠤᠳᠠᠭᠠᠨ᠎ᠤ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢᠨ ᠲᠦᠷᠢᠮ᠎ᠦᠨ ᠰᠢᠯᠭᠠᠨ ᠬᠢᠨᠠᠬᠤ ᠵᠢ ᠬᠦᠴᠦᠯᠡᠨ ᠴᠢᠩᠭᠠᠳᠭᠠᠵᠤ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ᠌ ᠪᠠᠢᠭᠤᠯᠤᠮᠵᠢ ᠲᠣᠭ᠍ᠲᠠᠴᠠ᠎ᠶ᠋ᠢ ᠬᠦᠴᠦᠯᠡᠨ ᠥᠭᠡᠷᠡᠴᠢᠯᠡᠨ ᠲᠡᠭᠦᠯᠳᠡᠷᠵᠢᠭᠦᠯᠵᠤ᠂ ᠬᠠᠩᠭᠠᠯᠭ᠎ᠠ᠎ᠶ᠋ᠢ ᠪᠠᠲᠤᠯᠠᠵᠤ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ ᠴᠢᠳᠠᠪᠤᠷᠢ᠎ᠶ᠋ᠢ ᠬᠦᠴᠦᠯᠡᠨ ᠴᠢᠩᠭᠠᠳᠭᠠᠵᠤ᠂ ᠴᠢᠨᠠᠷ ᠰᠠᠢᠲᠠᠶ ᠠᠮᠤ ᠪᠤᠳᠠᠭᠠᠨ᠎ᠤ ᠢᠨᠵᠧᠨᠧᠷᠢᠩ᠎ᠦᠨ ᠲᠠᠰ ᠳᠡᠪᠱᠢᠭ᠌ᠰᠡᠨ ᠬᠡᠪ᠎ᠢ ᠬᠦᠴᠦᠯᠡᠨ ᠪᠠᠢᠭᠤᠯᠵᠤ᠂ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠬᠠᠤᠯᠢ ᠬᠡᠷᠡᠭ᠌ᠵᠢᠭᠦᠯᠬᠦ᠌ ᠬᠦᠴᠦᠨ ᠴᠢᠳᠠᠪᠤᠷᠢ᠎ᠶ᠋ᠢ ᠬᠦᠴᠦᠯᠡᠨ ᠪᠠᠲᠤᠯᠠᠵᠤ᠂《ᠬᠣᠶᠠᠷ ᠠᠮᠤᠷ ᠲᠦᠪᠱᠢᠨ》᠎ᠤ᠋ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠬᠦᠴᠦᠯᠡᠨ ᠰᠠᠢᠲᠤᠷ ᠠᠳᠭᠤᠵᠤ᠂ ᠨᠠᠩ ᠥᠨᠳᠥᠷ ᠳᠠᠪᠬᠤᠷᠭ᠎ᠠ᠂ ᠨᠡᠩ ᠥᠨᠳᠥᠷ ᠶᠠᠰᠤ ᠴᠢᠨᠠᠷ᠂ ᠨᠠᠩ ᠪᠦᠳᠦᠮᠵᠢᠳᠠᠢ᠂ ᠨᠡᠩ ᠦᠷᠭᠦᠯᠵᠢᠯᠡᠬᠦᠢᠴᠡ ᠠᠮᠤ ᠪᠤᠳᠠᠭᠠᠨ᠎ᠤ ᠠᠮᠤᠷ ᠲᠦᠪᠱᠢᠨ ᠪᠠ ᠡᠳ᠋ ᠪᠠᠷᠠᠭᠠᠨ᠎ᠤ ᠨᠥᠭᠡᠴᠡ᠎ᠶ᠋ᠢᠨ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠬᠤ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠤ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠠᠮᠢ ᠠᠬᠤᠶ ᠣᠷᠴᠢᠨ ᠲᠣᠭᠣᠷᠢᠨ᠎ᠢ᠎ᠳᠡᠭᠡᠨ ᠪᠠ ᠡᠮ᠎ᠦᠨ ᠵᠦᠶ᠋ᠯᠡᠰ᠎ᠦᠨ ᠶᠠᠯᠠᠲᠤ ᠠᠵᠢᠯᠯᠠᠭ᠎ᠠ᠎ᠶ᠋ᠢ ᠲᠠᠩᠨᠠᠨ ᠪᠠᠢᠴᠠᠭᠠᠬᠤ ᠶᠡᠷᠦᠩᠬᠡᠶ ᠠᠩᠭᠢ᠎ᠶ᠋ᠢᠨ ᠬᠠᠷᠢᠭᠤᠴᠠᠯᠭᠠᠲᠠᠨ ᠯᠢ ᠶᠤᠸᠠᠨ ᠱᠧᠩ᠂ ᠪᠢᠳᠡ ᠶᠡᠷᠦᠩᠬᠡᠶ ᠱᠦᠵᠢ᠎ᠶ᠋ᠢᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠂ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠶ᠋ᠯᠡᠰ᠎ᠦᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠶ᠋ᠴᠡᠳᠭᠡᠨ᠎ᠡ᠃ ᠢᠳᠡᠭᠡᠨ ᠪᠠ ᠡᠮ᠎ᠦᠨ ᠵᠦᠶ᠋ᠯᠡᠰ᠎ᠦᠨ ᠠᠮᠤᠷ ᠲᠦᠪᠱᠢᠨ᠎ᠦ 《ᠳᠥᠷᠪᠡᠨ ᠬᠠᠮᠤᠭ᠎ᠤᠨ ᠴᠢᠩᠭ᠎ᠠ》 ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢ ᠬᠠᠮᠠᠭᠠᠯᠠᠬᠤ ᠠᠵᠢᠯ᠎ᠢ ᠪᠥᠬᠥ᠌ ᠲᠠᠯ᠎ᠠ᠎ᠪᠠᠷ ᠴᠢᠩᠭᠠᠳᠭᠠᠵᠦ᠂ ᠴᠠᠭ᠍ᠳᠠᠭᠠᠨ᠎ᠤ ᠲᠥᠷᠥᠯ᠎ᠦᠨ ᠥᠭᠡᠷᠡᠴᠢᠯᠡᠯᠲᠡ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠠᠮᠢ ᠠᠬᠤᠶ ᠢᠳᠡᠭᠡᠨ ᠪᠠ ᠡᠮ᠎ᠦᠨ ᠵᠦᠶ᠋ᠯᠡᠰ᠎ᠦᠨ ᠶᠠᠯᠠᠳᠤ ᠬᠡᠷᠡᠭ᠎ᠢ ᠲᠠᠩᠨᠠᠨ ᠪᠠᠢᠴᠠᠭᠠᠬᠤ ᠠᠵᠢᠯ᠎ᠤᠨ ᠱᠢᠰᠲ᠋ᠧᠮ ᠢ᠋ ᠪᠦᠷᠢᠨᠱᠢᠭᠦᠯᠦᠨ ᠲᠡᠭᠦᠯᠳᠡᠷᠵᠢᠭᠦᠯᠵᠦ᠍᠂ 《ᠭᠤᠷᠪᠠᠨ ᠬᠠᠷᠢᠴᠠᠯᠠᠰᠢ ᠥᠬᠡᠶ》᠂ 《ᠳᠥᠷᠪᠡᠨ ᠲᠡᠮᠦᠷ ᠮᠡᠲᠦ》 ᠥᠨᠳᠥᠷ ᠬᠡᠪ ᠴᠢᠨᠠᠷ ᠲᠠᠢ ᠠᠮᠢ ᠠᠬᠤᠶ ᠢᠳᠡᠭᠡᠨ ᠪᠠ ᠡᠮ᠎ᠦᠨ ᠵᠦᠶ᠋ᠯᠡᠰ᠎ᠦᠨ ᠶᠠᠯᠠᠳᠤᠠᠵᠢᠯᠯᠠᠭᠠᠳᠦᠴᠤᠬᠢᠯᠳᠠᠦᠭᠭᠦ ᠡᠩᠨᠡᠭᠡ᠎ᠶ᠋ᠢ ᠴᠢᠷᠮᠠᠢᠨᠳᠠᠪᠲᠠᠨ ᠪᠣᠯᠪᠠᠰᠤᠷᠠᠭᠤᠯᠤᠨ᠎ᠠ᠃ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠢ ᠡᠪᠳᠡᠭ᠌ᠰᠡᠨ᠂ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭ᠌ᠯᠡᠭ᠌ᠰᠡᠨ ᠶᠠᠯᠠᠲᠤ ᠠᠵᠢᠯᠯᠠᠭ᠎ᠠ᠂ ᠬᠣᠪᠣᠷ ᠱᠢᠷᠣᠶ᠎ᠶ᠋ᠢ ᠬᠠᠤᠯᠢ ᠪᠤᠰᠤ᠎ᠪᠠᠷ ᠨᠡᠭᠡᠭᠡᠨ ᠮᠠᠯᠲᠠᠭ᠍ᠰᠠᠨ᠂ ᠡᠪᠳᠡᠯᠡᠭᠡ᠎ᠶ᠋ᠢᠨ ᠴᠢᠨᠠᠷᠲᠠᠶ᠎ᠪᠠᠷ ᠨᠡᠭᠡᠭᠡᠨ ᠮᠠᠯᠲᠠᠭ᠍ᠰᠠᠨ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠡᠪᠳᠡᠭᠰᠡᠨ ᠶᠠᠯᠠᠲᠤ ᠠᠵᠢᠯᠯᠠᠭ᠎ᠠ᠂ ᠠᠮᠢ ᠠᠬᠤᠶ ᠣᠷᠴᠢᠨ ᠲᠣᠭᠣᠷᠢᠨ᠎ᠳᠤ ᠬᠤᠤᠷ ᠬᠥᠨᠥᠭᠡᠯ ᠤᠴᠠᠷᠠᠭᠤᠯᠤᠭ᠍ᠰᠠᠨ᠂ ᠬᠡᠭᠡᠷ᠎ᠡ᠎ᠶ᠋ᠢᠨ ᠠᠮᠢᠲᠠᠨ᠎ᠤ ᠡᠬᠢ ᠪᠠᠶᠠᠯᠢᠭ᠎ᠢ ᠡᠪᠳᠡᠭ᠌ᠰᠡᠨ ᠶᠠᠯᠠᠲᠤ ᠠᠵᠢᠯᠯᠠᠭ᠎ᠠ ᠵᠡᠷᠭᠡ ᠦᠶ᠋ᠯᠡ ᠠᠵᠢᠯᠯᠠᠭ᠎ᠠ᠎ᠶ᠋ᠢ ᠴᠢᠩᠭ᠎ᠠ ᠠᠩᠬᠠᠷᠴᠤ᠌᠂ 《ᠺᠦᠨᠯᠦ᠋ᠨ 2022》᠂ 《ᠬᠠᠲᠤᠨ ᠭᠤᠤᠯ᠎ᠢ ᠬᠠᠮᠠᠭᠠᠯᠠᠬᠤ》᠂ 《ᠨᠤᠲᠤᠭ ᠪᠡᠯᠴᠢᠭᠡᠷ ᠣᠢᠲᠤ ᠭᠠᠵᠠᠷ᠎ᠤᠨ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠴᠡᠭ᠌ᠴᠡᠯᠡᠨ ᠵᠠᠰᠠᠬᠤ》ᠵᠡᠷᠭᠡ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠮᠠᠨ᠎ᠤ ᠬᠥᠬᠡᠮᠳᠦᠭ ᠨᠣᠭᠣᠭᠠᠨ ᠠᠭᠤᠯᠠ ᠤᠰᠤ᠎ᠪᠠᠨ ᠰᠠᠢᠲᠤᠷ ᠰᠠᠬᠢᠨ ᠬᠠᠮᠠᠭᠠᠯᠠᠨ᠎ᠠ᠃ 《ᠠᠷᠠᠳ ᠲᠦᠮᠡᠨ᠎ᠢᠶᠡᠷ ᠭᠣᠣᠯ ᠪᠣᠯᠭᠠᠬᠤ》 ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠢᠳᠡᠭᠡᠨ᠎ᠦ ᠠᠮᠤᠷ ᠲᠦᠪᠱᠢᠨ᠎ᠢ ᠬᠣᠬᠢᠷᠠᠭᠤᠯᠤᠭ᠍ᠰᠠᠨ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠵᠦ᠍᠂ ᠬᠠᠭᠤᠷᠮᠠᠭ ᠮᠠᠭᠤ ᠡᠮ ᠦᠢᠯᠡᠳᠴᠦ᠍ ᠪᠣᠷᠣᠯᠠᠭᠤᠯᠤᠭ᠍ᠰᠠᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ᠍᠎ᠶ᠋ᠢᠨ ᠠᠮᠤᠷ ᠲᠦᠪᠱᠢᠨ᠎ᠢ ᠦᠨᠡᠨᠬᠦ᠌ ᠬᠠᠮᠠᠭᠠᠯᠠᠨ᠎ᠠ᠃ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠳᠦ ᠬᠠᠯᠳᠠᠭ᠍ᠰᠠᠨ ᠪᠠ ᠬᠠᠭᠤᠷᠮᠠᠭ ᠮᠠᠭᠤ ᠲᠠᠸᠠᠷ ᠦᠢᠯᠡᠳᠴᠦ᠍ ᠪᠣᠷᠣᠯᠠᠭᠤᠯᠤᠭ᠍ᠰᠠᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠬᠠᠤᠯᠢᠵᠢᠬᠰᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠲᠠᠰᠤᠷᠠᠯᠲᠠ ᠦᠭᠡᠢ ᠱᠢᠯᠢᠳᠡᠭ᠌ᠵᠢᠭᠦᠯᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠠᠯᠲᠠ᠎ᠲᠠᠶ ᠬᠤᠷᠠᠯᠳᠤᠬᠤ᠎ᠳᠤ ᠠᠮᠤᠷ ᠲᠦᠪᠱᠢᠨ ᠪᠥᠭᠡᠳ ᠲᠣᠭ᠍ᠲᠠᠭᠤᠨ ᠨᠡᠢᠭᠡᠮ᠎ᠦᠨ ᠣᠷᠴᠢᠨ ᠨᠥᠬᠥᠴᠡᠯ᠎ᠢ ᠪᠤᠢ ᠪᠣᠯᠭᠠᠵᠤ ᠥᠭ᠌ᠭᠦᠨ᠎ᠡ ᠭᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠶᠡᠷᠦᠩᠬᠡᠢᠯᠡᠭ᠌ᠰᠡᠨ ᠭᠠᠵᠠᠷ᠎ᠤᠨ ᠳᠠᠷᠤᠭ᠎ᠠ ᠸᠧᠶ ᠾᠧ ᠵᠠᠩ᠄ 《ᠪᠣᠬᠢᠷᠲᠤᠯ ᠥᠬᠡᠶ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠳᠡᠪᠢᠰᠭᠡᠷ ᠥᠩᠭᠡ ᠮᠥᠨ᠂ ᠠᠷᠭ᠎ᠠ ᠵᠠᠮ᠎ᠳᠤ ᠲᠦᠱᠢᠭ᠌ᠯᠡᠬᠦ᠌᠎ᠡᠴᠡ ᠵᠠᠢᠯᠠᠰᠬᠢᠵᠦ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠠᠵᠤ ᠠᠬᠤᠶ᠎ᠶ᠋ᠢᠨ ᠬᠥᠭ᠌ᠵᠢᠯᠲᠡ᠎ᠶ᠋ᠢᠨ〈ᠠᠯᠳᠠᠨᠤ ᠠᠭᠤᠯᠤᠬᠳᠠᠴᠠ〉᠂〈ᠱᠢᠨ᠎ᠡ ᠵᠢ ᠡᠭᠦᠳᠬᠦ ᠠᠭᠤᠯᠤᠬᠳᠠᠴᠠ〉᠂ 〈ᠪᠤᠬᠢᠷᠳᠤᠯ ᠦᠭᠡᠢ ᠠᠭᠤᠯᠤᠬᠳᠠᠴᠠ〉 ᠶ᠋ᠢ ᠪᠥᠬᠥ᠌ ᠬᠦᠴᠦᠨ᠎ᠢᠶᠡᠷ᠎ᠢᠶᠡᠨ ᠳᠡᠭᠡᠭ᠌ᠰᠢᠯᠡᠭᠦᠯᠬᠦ᠌᠎ᠨᠢ ᠲᠦᠢᠯ᠎ᠤᠨ ᠴᠢᠬᠤᠯᠠ ᠶᠤᠮ᠃ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠳ᠋ᠤ᠂ ᠪᠢᠳᠡ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠰᠠᠨᠠᠭᠠᠴᠢᠯᠠᠭ᠎ᠠ ᠡᠴᠡ᠎ᠪᠠᠨ ᠦᠶ᠋ᠯᠡᠴᠢᠯᠡᠬᠦ᠌ ᠪᠠ ᠠᠭᠤᠰᠤᠯᠴᠠᠵᠦ᠂ ᠪᠣᠬᠢᠷᠲᠤᠯ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ ᠪᠠ ᠬᠥᠭ᠌ᠵᠢᠯᠲᠡ᠎ᠶ᠋ᠢᠨ ᠬᠠᠷᠢᠴᠠᠭ᠎ᠠ᠎ᠶ᠋ᠢ ᠰᠠᠢᠲᠤᠷ ᠱᠢᠶ᠋ᠳᠪᠦᠷᠢᠯᠡᠵᠦ᠂ ᠪᠣᠬᠢᠷᠲᠤᠯ᠎ᠢ ᠨᠠᠷᠢᠯᠢᠭ ᠣᠨᠣᠴᠠᠲᠠᠶ ᠵᠠᠰᠠᠬᠤ᠂ ᠪᠣᠬᠢᠷᠲᠤᠯ᠎ᠢ ᠱᠢᠨᠵᠢᠯᠡᠬᠦ᠌ ᠤᠬᠠᠭᠠᠨᠴᠢ᠎ᠪᠠᠷ ᠵᠠᠰᠠᠬᠤ᠂ ᠪᠣᠬᠢᠷᠲᠤᠯ᠎ᠢ ᠬᠠᠤᠯᠢ ᠶᠣᠰᠣᠭᠠᠷ ᠵᠠᠰᠠᠬᠤ᠎ᠶ᠋ᠢ ᠨᠠᠩ ᠳᠣᠪᠣᠢᠯᠭᠠᠵᠦ᠂ ᠨᠠᠩ ᠥᠨᠳᠥᠷ ᠪᠠᠷᠢᠮᠵᠢᠶ᠎ᠠ᠎ᠪᠠᠷ ᠬᠥᠬᠡ ᠣᠭ᠍ᠲᠠᠷᠭᠤᠶ᠂ ᠴᠡᠩᠭᠡᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠪᠠᠢᠯᠳᠤᠭᠠᠨ ᠢ᠋ ᠦᠷᠨᠢᠭᠦᠯᠵᠦ᠂ ᠰᠠᠢᠨ ᠰᠠᠢᠬᠠᠨ ᠠᠮᠢ ᠠᠬᠤᠶ᠎ᠶ᠋ᠢᠨ ᠣᠷᠴᠢᠨ ᠲᠣᠭᠣᠷᠢᠨ᠂ ᠥᠨᠳᠥᠷ ᠲᠦᠪᠱᠢᠨ ᠪᠦᠬᠦᠢ ᠠᠮᠢ ᠠᠬᠤᠢ᠎ᠶ᠋ᠢᠨ ᠬᠠᠮᠠᠭᠠᠯᠠᠯᠲᠠ ᠪᠡᠷ ᠥᠪᠥᠷ ᠮᠣᠩᠭᠣᠯ᠎ᠤᠨ ᠠᠵᠤ ᠠᠬᠤᠢ᠎ᠶ᠋ᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠲᠡᠢᠰᠢ ᠬᠡᠯᠪᠡᠷᠢ᠎ᠪᠡᠨ ᠬᠤᠪᠢᠷᠠᠭᠤᠯᠬᠤ᠂ ᠴᠢᠨᠠᠷ ᠰᠠᠢᠲᠠᠶ ᠬᠥᠭ᠌ᠵᠢᠭᠦᠯᠬᠦ᠎ᠶ᠋ᠢ ᠠᠬᠢᠭᠤᠯᠵᠦ᠂ ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭᠠᠨ᠂ ᠬᠦᠬᠡᠮᠳᠦᠭ ᠴᠡᠩᠬᠡᠷ᠂ ᠴᠡᠪᠡᠷ ᠠᠷᠢᠭᠤᠨ ᠢ᠋ ᠬᠠᠮᠲᠤ᠎ᠪᠠᠷ ᠰᠠᠢᠲᠤᠷ ᠰᠠᠬᠢᠨ ᠬᠠᠮᠠᠭᠠᠯᠠᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠣᠷᠣᠱᠢᠨ ᠲᠣᠭ᠍ᠲᠠᠨᠢᠯ ᠪᠠ ᠬᠥᠭ᠌ᠵᠢᠯᠳᠠ᠎ᠳᠦ ᠲᠦᠰᠢᠭᠯᠡᠬᠦ ᠭᠦᠨ ᠵᠤᠵᠠᠭᠠᠨ ᠬᠠᠢᠷ᠎ᠠ ᠰᠡᠳᠭᠢᠯᠭᠡ ᠪᠠ ᠴᠢᠩ ᠦᠨᠡᠨᠴᠢ ᠬᠠᠢᠷ᠎ᠠ᠎ᠪᠠᠨ ᠰᠢᠩᠭᠡᠭᠰᠡᠨ ᠰᠠᠢᠨ ᠰᠠᠢᠬᠠᠨ ᠭᠡᠷ ᠣᠷᠣᠨ᠎ᠢ ᠰᠠᠢᠲᠤᠷ ᠰᠠᠬᠢᠨ ᠬᠠᠮᠠᠭᠠᠯᠠᠵᠤ᠂ᠡᠬᠡᠤᠯᠤᠰᠤᠨᠤᠮᠠᠷᠠᠲᠤ ᠬᠢᠯᠢ᠎ᠳᠦ ᠲᠦᠮᠡᠨ ᠭᠠᠵᠠᠷ᠎ᠤᠨ ᠨᠣᠮᠢᠨ ᠨᠣᠭᠣᠭᠠᠨ ᠤᠷᠲᠤ ᠴᠠᠭᠠᠨ ᠬᠡᠷᠡᠮ᠎ᠢ ᠴᠣᠭ᠍ᠴᠠᠯᠠᠨ᠎ᠠ》 ᠭᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠠᠯᠪᠠᠨ ᠭᠡᠷ᠎ᠦᠨ ᠺᠠᠳ᠋ᠷ ᠵᠠᠩ ᠵᠢᠶᠠ ᠪᠢᠨ᠄ 《ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ ᠨᠢ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠤᠨ ᠠᠷᠠᠳ ᠲᠦᠮᠡᠨ᠎ᠢ ᠳᠣᠲᠣᠨᠣ᠎ᠪᠠᠷ ᠬᠠᠯᠠᠮᠵᠢᠯᠠᠵᠤ ᠪᠠᠢᠬᠤ ᠪᠠ ᠥᠪᠥᠷ ᠮᠣᠩᠭᠣᠯ᠎ᠤᠨ ᠠᠵᠢᠯ᠎ᠳᠤ ᠴᠢᠩ ᠰᠡᠳᠭᠢᠯ᠎ᠦᠨ ᠬᠦᠰᠡᠯ ᠨᠠᠢᠳᠠᠯᠭ᠎ᠠ ᠲᠠᠯᠪᠢᠵᠤ ᠪᠠᠢᠬᠤ᠎ᠶ᠋ᠢ ᠬᠠᠷᠠᠭᠤᠯᠵᠤ ᠪᠠᠢᠨ᠎ᠠ᠃ ᠦᠨᠳᠦᠰᠦᠲᠡᠨ᠎ᠦ ᠠᠵᠢᠯ᠎ᠤᠨ ᠺᠠᠳ᠋ᠷ ᠪᠣᠯᠤᠭ᠍ᠰᠠᠨ᠎ᠤ ᠬᠤᠪᠢ᠎ᠳᠤ᠂〈ᠳᠥᠷᠪᠡᠨ ᠤᠬᠠᠮᠰᠠᠷ〉ᠵᠢᠡᠨ ᠲᠠᠰᠤᠷᠠᠯᠲᠠ ᠥᠬᠡᠶ ᠴᠢᠩᠭᠠᠳᠭᠠᠵᠤ᠂ 〈ᠳᠥᠷᠪᠡᠨ ᠢᠲᠡᠭᠡᠯ〉 ᠵᠢᠡᠨ ᠪᠠᠲᠤᠳᠭᠠᠵᠤ᠂ 〈ᠬᠣᠶᠠᠷ᠎ᠢ ᠬᠠᠮᠠᠭᠠᠯᠠᠬᠤ〉 ᠶ᠋ᠢ ᠭᠦᠢᠴᠡᠳᠭᠡᠵᠦ᠂ ᠡᠷᠡᠰ ᠭᠤᠢᠪᠢᠰᠢ ᠥᠬᠡᠶ᠎ᠪᠡᠷ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠳᠠᠭᠠᠵᠤ᠂ ᠶᠡᠷᠦᠩᠬᠡᠶ ᠱᠦᠵᠢ᠎ᠶ᠋ᠢᠨ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠠᠰᠤᠷᠠᠯᠲᠠ ᠥᠬᠡᠶ ᠤᠷᠤᠭ᠍ᠰᠢᠯᠠᠨ ᠳᠠᠪᠱᠢᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ᠃ ᠶᠡᠷᠦᠩᠬᠡᠢ ᠱᠦᠵᠢ᠎ᠶ᠋ᠢᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷᠢᠪᠠᠲᠤᠴᠣᠭ᠍ᠴᠠᠯᠠᠬᠤᠶ᠋ᠢᠦᠨᠳᠦᠰᠦᠲᠡᠨᠦᠤᠬᠠᠭᠤᠯᠭᠠᠶ᠋ᠢᠨᠠᠵᠢᠯᠤᠨᠪᠦᠬᠦ᠌ᠶᠠᠪᠤᠴᠠᠡᠯᠡᠲᠠᠯᠠᠳᠤ ᠠᠭᠤᠰᠤᠯᠴᠠᠭᠤᠯᠵᠤ᠂ ᠡᠯ᠎ᠡ ᠵᠦᠢᠯ᠎ᠦᠨ ᠠᠵᠢᠯ᠎ᠢ ᠪᠣᠳᠠᠲᠠᠢ ᠨᠠᠷᠢᠯᠢᠭ ᠬᠢᠵᠦ᠍᠂ ᠦᠨᠡᠨ ᠪᠤᠳᠠᠳᠠᠢ ᠲᠦᠷᠦᠭ᠌ᠳᠡᠯ ᠲᠠᠢ ᠦᠷ᠎ᠡ ᠪᠦᠲᠦᠮᠵᠢᠲᠡᠢ ᠭᠦᠢᠴᠡᠳᠭᠡᠵᠦ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠺᠠᠳ᠋ᠷ᠎ᠤᠨ ᠤᠶᠤᠨ ᠰᠠᠨᠠᠭᠠᠨ᠎ᠤ ᠳᠦᠷᠰᠦ ᠪᠠᠢᠳᠠᠯ ᠪᠣᠯᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠵᠤ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠳᠦ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ》 ᠭᠡᠵᠦ ᠬᠡᠯᠡᠪᠡ᠃
ᠬᠠᠯᠠᠭᠤᠨ ᠲᠤᠳᠤᠨᠤ ᠬᠠᠯᠠᠮᠵᠢᠯᠠᠯ ᠨᠢ ᠬᠥᠮᠦᠰ᠎ᠦᠨ ᠰᠡᠳᠭᠢᠯ᠎ᠢ ᠳᠤᠯᠠᠭᠠᠴᠠᠭᠤᠯᠤᠨ᠎ᠠ; ᠴᠢᠩ ᠰᠡᠳᠭᠢᠯ᠎ᠦᠨ ᠨᠠᠢᠳᠠᠯᠭ᠎ᠠ ᠨᠢ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠶ ᠰᠠᠢᠲᠤᠷ ᠭᠦᠶ᠋ᠴᠡᠳᠭᠡᠵᠦ᠍᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠂ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠶ᠋ᠯᠡᠰ᠎ᠦᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠥᠬᠡᠶ ᠪᠠᠲᠤ ᠪᠡᠬᠢ ᠴᠤᠭᠴᠠᠯᠠᠵᠤ᠂ ᠥᠪᠥᠷ ᠮᠣᠩᠭᠣᠯ᠎ᠤᠨ ᠲᠣᠭ᠍ᠲᠠᠭᠤᠨ᠎ᠢᠶᠠᠷ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠵᠤ᠂ ᠨᠡᠢᠰᠯᠡᠯ᠎ᠦᠨ ᠠᠮᠤᠷ ᠲᠦᠪᠱᠢᠨ᠎ᠢ ᠬᠠᠮᠠᠭᠠᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨᠡᠮ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃