2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-09 10:29:08

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ 9 ᠤ᠋ ᠡᠳᠦᠷ ᠪᠦᠬᠦᠯᠢ ᠡᠳᠦᠷ᠎ᠢᠶᠡᠷ ᠳᠤᠭᠤᠢᠯᠠᠩ ᠎ᠤᠨ ᠬᠤᠷᠠᠯ ᠬᠢᠨ᠎ᠠ᠃ ᠦᠳᠡ ᠶ᠋ᠢᠨ ᠡᠮᠦᠨ᠎ᠡ ᠂ ᠣᠷᠣᠨ ᠨᠤᠲᠤᠭ ᠤ᠋ᠨ ᠡᠯ᠎ᠡ ᠱᠠᠲᠤᠨ᠎ᠤ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠪᠣᠯᠤᠨ ᠣᠷᠣᠨ ᠨᠤᠲᠤᠭ ᠤ᠋ᠨ ᠡᠯ᠎ᠡ ᠱᠠᠲᠤᠨ᠎ᠤ ᠠᠷᠠᠳ ᠤ᠋ᠨ ᠵᠠᠰᠠᠭ ᠤ᠋ᠨ ᠣᠷᠳᠣᠨ᠎ᠤ ᠵᠣᠬᠢᠶᠠᠨ ᠪᠠᠢᠭᠤᠯᠤᠯᠳᠠ ᠵᠢᠨ ᠬᠠᠤᠯᠢ ᠳ᠋ᠦ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ ᠤ᠋ᠨ ᠲᠥᠰᠦᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠶ᠋ᠢᠨ ᠣᠷᠣᠨ ᠲᠣᠭ᠎ᠠ ᠪᠣᠯᠤᠨ ᠰᠣᠩᠭᠣᠭᠤᠯᠢ ᠶ᠋ᠢᠨ ᠠᠰᠠᠭᠤᠳᠠᠯ ᠤ᠋ᠨ ᠲᠤᠬᠠᠢ ᠲᠣᠭ᠍ᠲᠠᠭᠠᠯ ᠤ᠋ᠨ ᠲᠥᠰᠦᠯ᠎ᠳᠦ ᠵᠠᠰᠠᠪᠤᠷᠢ ᠣᠷᠣᠭᠤᠯᠤᠭ᠍ᠰᠠᠨ ᠨᠤᠤᠷᠠᠭ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠶ᠋ᠢ ᠰᠣᠩᠭᠣᠬᠤ ᠠᠷᠭ᠎ᠠ ᠶ᠋ᠢᠨ ᠲᠥᠰᠦᠯ᠎ᠳᠦ ᠵᠠᠰᠠᠪᠤᠷᠢ ᠣᠷᠣᠭᠤᠯᠤᠭ᠍ᠰᠠᠨ ᠨᠤᠤᠷᠠᠭ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠶ᠋ᠢ ᠰᠣᠩᠭᠣᠬᠤ ᠠᠷᠭ᠎ᠠ ᠶ᠋ᠢᠨ ᠲᠥᠰᠦᠯ᠎ᠳᠦ ᠵᠠᠰᠠᠪᠤᠷᠢ ᠣᠷᠣᠭᠤᠯᠤᠭ᠍ᠰᠠᠨ ᠨᠤᠤᠷᠠᠭ᠂ ᠠᠷᠠᠳ ᠤ᠋ᠨ ᠳᠡᠭᠡᠳᠦ ᠱᠢᠭᠦᠬᠦ᠌ ᠬᠣᠷᠢᠶᠠᠨ᠎ᠤ ᠠᠵᠢᠯ ᠤ᠋ᠨ ᠮᠡᠳᠡᠭᠦᠯᠦᠯᠲᠡ᠂ ᠠᠷᠠᠳ ᠤ᠋ᠨ ᠳᠡᠭᠡᠳᠦ ᠪᠠᠢᠴᠠᠭᠠᠬᠤ ᠬᠣᠷᠢᠶᠠᠨ᠎ᠤ ᠠᠵᠢᠯ ᠤ᠋ᠨ ᠮᠡᠳᠡᠭᠦᠯᠦᠯᠲᠡ ᠶ᠋ᠢ ᠬᠢᠨᠠᠨ ᠵᠦᠪᠯᠡᠨ᠎ᠠ; ᠦᠳᠡ ᠶ᠋ᠢᠨ ᠬᠣᠢᠨ᠎ᠠ᠂ ᠠᠷᠠᠳ ᠤ᠋ᠨ ᠳᠡᠭᠡᠳᠦ ᠱᠢᠭᠦᠬᠦ᠌ ᠬᠣᠷᠢᠶᠠᠨ᠎ᠤ ᠠᠵᠢᠯ ᠤ᠋ᠨ ᠮᠡᠳᠡᠭᠦᠯᠦᠯᠲᠡ᠂ ᠠᠷᠠᠳ ᠤ᠋ᠨ ᠳᠡᠭᠡᠳᠦ ᠪᠠᠢᠴᠠᠭᠠᠬᠤ ᠬᠣᠷᠢᠶᠠᠨ᠎ᠤ ᠠᠵᠢᠯ ᠤ᠋ᠨ ᠮᠡᠳᠡᠭᠦᠯᠦᠯᠲᠡ ᠶ᠋ᠢ ᠬᠢᠨᠠᠨ ᠵᠦᠪᠯᠡᠨ᠎ᠠ᠃

9 ᠎ᠤ᠋ ᠦᠳᠡ ᠶ᠋ᠢᠨ ᠡᠮᠦᠨ᠎ᠡ᠂ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠶ᠋ᠢᠨ ᠵᠥᠪᠯᠡᠯ ᠤ᠋ᠨ ᠬᠢᠨ ᠣᠷᠣᠨ ᠨᠤᠲᠤᠭ ᠤ᠋ᠨ ᠡᠯ᠎ᠡ ᠱᠠᠲᠤᠨ᠎ᠤ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠪᠣᠯᠤᠨ ᠣᠷᠣᠨ ᠨᠤᠲᠤᠭ ᠤ᠋ᠨ ᠡᠯ᠎ᠡ ᠱᠠᠲᠤᠨ᠎ᠤ ᠠᠷᠠᠳ ᠤ᠋ᠨ ᠵᠠᠰᠠᠭ ᠤ᠋ᠨ ᠣᠷᠳᠣᠨ᠎ᠤ ᠵᠣᠬᠢᠶᠠᠨ ᠪᠠᠢᠭᠤᠯᠤᠯᠳᠠ ᠵᠢᠨ ᠬᠠᠤᠯᠢ ᠳ᠋ᠦ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ ᠤ᠋ᠨ ᠲᠥᠰᠦᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠶ᠋ᠢᠨ ᠣᠷᠣᠨ ᠲᠣᠭ᠎ᠠ ᠪᠣᠯᠤᠨ ᠰᠣᠩᠭᠣᠭᠤᠯᠢ ᠶ᠋ᠢᠨ ᠠᠰᠠᠭᠤᠳᠠᠯ ᠤ᠋ᠨ ᠲᠤᠬᠠᠢ ᠲᠣᠭ᠍ᠲᠠᠭᠠᠯ ᠤ᠋ᠨ ᠲᠥᠰᠦᠯ᠎ᠳᠦ ᠵᠠᠰᠠᠪᠤᠷᠢ ᠣᠷᠣᠭᠤᠯᠤᠭ᠍ᠰᠠᠨ ᠨᠤᠤᠷᠠᠭ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠶ᠋ᠢ ᠰᠣᠩᠭᠣᠬᠤ ᠠᠷᠭ᠎ᠠ ᠶ᠋ᠢᠨ ᠲᠥᠰᠦᠯ᠎ᠳᠦ ᠵᠠᠰᠠᠪᠤᠷᠢ ᠣᠷᠣᠭᠤᠯᠤᠭ᠍ᠰᠠᠨ ᠨᠤᠤᠷᠠᠭ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠶ᠋ᠢ ᠰᠣᠩᠭᠣᠬᠤ ᠠᠷᠭ᠎ᠠ ᠶ᠋ᠢᠨ ᠲᠥᠰᠦᠯ᠎ᠳᠦ ᠵᠠᠰᠠᠪᠤᠷᠢ ᠣᠷᠣᠭᠤᠯᠤᠭ᠍ᠰᠠᠨ ᠨᠤᠤᠷᠠᠭ᠎ᠢ ᠬᠢᠨᠠᠨ ᠵᠥᠪᠯᠡᠵᠦ᠍᠂ ᠵᠠᠰᠠᠪᠤᠷᠢ ᠣᠷᠣᠭᠤᠯᠬᠤ ᠰᠠᠨᠠᠯ ᠤ᠋ᠨ ᠮᠡᠳᠡᠭᠦᠯᠦᠯᠲᠡ ᠪᠣᠯᠤᠨ ᠲᠥᠰᠦᠯ᠎ᠢ ᠪᠠᠲᠤᠯᠠᠬᠤ ᠨᠤᠤᠷᠠᠭ᠎ᠢ ᠲᠤᠰ ᠲᠤᠰ ᠳᠤᠷᠠᠳᠤᠨ᠎ᠠ᠃

ᠪᠥᠬᠥ᠌ ᠤᠯᠤᠰ ᠤ᠋ᠨ ᠤᠯᠤᠰ ᠲᠥᠷᠥ ᠶ᠋ᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ 9᠎ᠤ᠋ ᠡᠳᠦᠷ ᠡᠲᠡᠭᠡᠳ᠎ᠢᠯᠭᠠᠯ ᠤ᠋ᠨ ᠵᠥᠪᠯᠡᠬᠦ᠌ ᠬᠤᠷᠠᠯ ᠪᠠ ᠳᠤᠭᠤᠢᠯᠠᠩ ᠤ᠋ᠨ ᠬᠤᠷᠠᠯ ᠬᠢᠨ᠎ᠠ᠃ ᠦᠳᠡ ᠶ᠋ᠢᠨ ᠬᠣᠢᠨ᠎ᠠ᠂ ᠲᠡᠷᠢᠭᠦᠯᠡᠭ᠌ᠴᠢᠳ ᠤ᠋ᠨ ᠬᠤᠷᠠᠯ ᠪᠠ ᠤᠯᠤᠰ ᠲᠥᠷᠥ ᠶ᠋ᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ ᠤ᠋ᠨ ᠬᠣᠷᠢᠶᠠᠨ᠎ᠤ ᠪᠠᠢᠩᠭᠤ ᠶ᠋ᠢᠨ ᠬᠣᠷᠢᠶᠠᠨ᠎ᠤ ᠬᠣᠷᠢᠨ ᠨᠢᠭᠡᠳᠦᠭᠡᠷ ᠬᠤᠷᠠᠯ᠎ᠢ ᠬᠤᠷᠠᠯᠳᠤᠭᠤᠯᠤᠨ᠎ᠠ᠃

(ᠱᠢᠨᠬᠤᠸᠠ ᠬᠣᠷᠢᠶᠠᠨ᠎ᠤ ᠪᠡᠭᠡᠵᠢᠩ ᠤ᠋ᠨ 3 ᠰᠠᠷ᠎ᠠ ᠶ᠋ᠢᠨ 8᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面