2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2022-03-09 10:49:42

ᠵᠣᠬᠢᠶᠠᠭ᠍ᠴᠢ᠄ ᠰᠥᠩ ᠱᠤᠸᠠᠩ ᠯᠢ ᠬᠠᠨ ᠣᠩᠱᠢᠭ᠍ᠰᠠᠨ ᠣᠳᠠᠭ᠎ᠠ᠄ 3

ᠲᠦᠮᠡᠨ ᠪᠣᠳᠠᠰ ᠲᠦᠯᠵᠢᠭᠰᠡᠨ ᠬᠠᠪᠤᠷ ᠤ᠋ᠨ ᠰᠠᠢᠬᠠᠨ ᠴᠠᠭ ᠵᠢᠡᠷ᠂ ᠪᠦᠬᠦ᠌ ᠤᠯᠤᠰ ᠤ᠋ᠨ ᠬᠣᠶᠠᠷ ᠬᠤᠷᠠᠯ ᠳ᠋ᠦ ᠣᠷᠣᠯᠴᠠᠭ᠍ᠰᠠᠨ ᠡᠮᠡᠭ᠌ᠲᠡᠢ ᠲᠥᠯᠥᠭᠡᠯᠡᠭ᠌ᠴᠢᠳ ᠭᠡᠱᠢᠭᠦᠳ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠳᠤᠮᠳᠠ 《3·8》ᠤ᠋ ᠳᠡᠯᠡᠬᠡᠢ ᠵᠢᠨ ᠬᠥᠳᠡᠯᠮᠦᠷᠢᠴᠢᠨ ᠡᠮᠡᠭ᠌ᠲᠡᠢᠴᠦᠳ᠎ᠦᠨ ᠪᠠᠶᠠᠷ ᠵᠢᠡᠨ ᠤᠳᠬ᠎ᠠ ᠠᠭᠤᠯᠭ᠎ᠠ ᠲᠠᠢ ᠦᠩᠭᠡᠷᠡᠭᠦᠯᠵᠡᠢ᠃ ᠬᠤᠷᠠᠯ ᠤ᠋ᠨ ᠲᠠᠯᠠᠪᠠᠢ ᠳ᠋ᠦ᠂ ᠲᠡᠳᠡ ᠪᠦᠰᠡᠭᠦᠢ ᠬᠦᠮᠦᠨ᠎ᠤ ᠣᠨᠴᠠᠭᠠᠢ ᠬᠠᠷᠠᠭᠠᠰᠤ ᠡᠴᠡ ᠨᠡᠢᠭᠡᠮ᠎ᠢ ᠠᠵᠢᠭ᠍ᠯᠠᠵᠤ᠂ ᠠᠷᠠᠳ ᠤ᠋ᠨ ᠰᠡᠳᠭᠢᠯ᠎ᠢ ᠣᠢᠯᠠᠭᠠᠵᠤ᠂ ᠤᠶᠤᠨ ᠤᠬᠠᠭᠠᠨ᠎ᠢᠶᠠᠨ ᠡᠷᠭᠦᠵᠦ᠂ ᠠᠵᠢᠯ ᠤ᠋ᠨ ᠪᠠᠢᠷᠢ ᠳᠡᠭᠡᠷ᠎ᠡ᠎ᠪᠡᠨ᠂ ᠲᠡᠳᠡ ᠲᠡᠷᠢᠭᠦᠨ᠎ᠳᠦ ᠣᠷᠣᠬᠤ᠎ᠪᠠᠷ ᠡᠷᠡᠯᠬᠡᠭ᠌ᠯᠡᠨ ᠲᠡᠮᠡᠴᠡᠵᠦ᠍᠂ ᠱᠢᠨ᠎ᠡ ᠴᠠᠭ ᠦᠶ᠎ᠡ ᠵᠢᠨ ᠡᠮᠡᠭ᠌ᠲᠡᠢᠴᠦᠳ᠎ᠦᠨ ᠦᠭᠡᠳᠡᠯᠡᠨ ᠳᠠᠪᠰᠢᠬᠤ ᠴᠤᠭ ᠵᠢᠪᠬᠤᠭ᠎ᠠ ᠵᠢ ᠭᠦᠢᠴᠡᠳ ᠢᠯᠡᠷᠡᠭᠦᠯᠦᠯ᠎ᠠ᠃


QQ截图20220309104552.png

ᠵᠤᠤ ᠬᠤᠢ ᠵᠢᠶᠸ ᠲᠦᠯᠦᠬᠡᠯᠡᠭᠴᠢ

ᠶᠤᠸᠠᠨ ᠶᠦᠡᠭ ᠬᠤᠡᠭ ᠰᠡᠬᠦᠳᠡᠷᠯᠡᠪᠡ

《ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠨᠢᠭᠡᠨ ᠡᠮᠡᠭᠳᠡᠢ ᠲᠥᠯᠥᠭᠡᠯᠡᠭ᠌ᠴᠢ ᠪᠣᠯᠤᠭ᠍ᠰᠠᠨ᠎ᠤ ᠬᠤᠪᠢ ᠳ᠋ᠦ᠂ ᠪᠥᠬᠥ᠌ ᠤᠯᠤᠰ ᠤ᠋ᠨ ᠬᠣᠶᠠᠷ ᠬᠤᠷᠠᠯ ᠳᠡᠭᠡᠷ᠎ᠡ ᠥᠪᠡᠷ᠎ᠦᠨ ᠪᠠᠶᠠᠷ ᠤ᠋ᠨ ᠡᠳᠦᠷ᠎ᠢᠶᠡᠨ ᠥᠩᠭᠡᠷᠡᠭᠦᠯᠬᠦ᠌ ᠨᠢ ᠲᠤᠢᠯ ᠤ᠋ᠨ ᠤᠳᠭ᠎ᠠ᠎ᠠᠭᠤᠯᠭ᠎ᠠ᠎ᠲᠠᠶ᠃᠎ᠪᠢ ᠵᠠᠪᠠᠯ ᠲᠤᠬᠠᠢᠯᠠᠭ᠍ᠰᠠᠨ ᠠᠵᠢᠯ᠎ᠢᠶᠠᠨ ᠰᠠᠢᠨ ᠬᠢᠵᠦ᠍᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ》ᠭᠡᠵᠤ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠥᠯᠥᠭᠡᠯᠡᠭ᠌ᠴᠢ᠂ ᠤᠯᠠᠭᠠᠨᠬᠠᠳᠠ ᠬᠤᠳᠠ ᠵᠢᠨ ᠰᠦᠩᠱᠠᠨ ᠲᠣᠭᠣᠷᠢᠭ᠎ᠤᠨ ᠶᠡᠬᠡ ᠰᠦᠮ᠎ᠡ ᠪᠠᠯᠭᠠᠰᠤ ᠵᠢᠨ ᠨᠠᠮ ᠤ᠋ᠨ ᠬᠣᠷᠢᠶᠠᠨ᠎ᠤ ᠳᠡᠳ᠋ ᠱᠦᠵᠢ᠂ ᠱᠢᠶᠤᠤ ᠮᠢᠶᠣᠣ ᠽᠢ ᠲᠣᠰᠭᠣᠨ᠎ᠤ ᠨᠠᠮ ᠤ᠋ᠨ ᠶᠡᠷᠦᠩᠬᠡᠢ ᠡᠭᠦᠷ᠎ᠦᠨ ᠱᠦᠵᠢ ᠵᠤᠤ ᠬᠤᠢ ᠵᠢᠶ᠍ᠸ ᠴᠤᠭ ᠵᠤᠯᠢ ᠲᠠᠢ ᠪᠡᠷ ᠰᠤᠷᠪᠤᠯᠵᠢᠯᠠᠭ᠍ᠴᠢ ᠳ᠋ᠦ ᠶᠠᠷᠢᠪᠠ᠃ ᠡᠨᠡ ᠡᠳᠦᠷ᠂ ᠲᠡᠷᠡ ᠲᠤᠰᠭᠠᠢᠯᠠᠨ ᠱᠢᠨ᠎ᠡ ᠬᠤᠪᠴᠠᠰᠤ ᠡᠮᠦᠰᠴᠠᠢ᠃ ᠲᠡᠭᠦᠨ᠎ᠦ ᠦᠵᠡᠬᠦ᠌᠎ᠪᠡᠷ᠂ 3 ᠰᠠᠷ᠎ᠠ ᠵᠢᠨ 5᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠤ᠋ᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠳ᠋ᠦ᠂ ᠵᠤᠤ ᠬᠤᠢ ᠵᠢᠶ᠍ᠸ ᠱᠢᠶᠤᠤ ᠮᠢᠶᠣᠣ ᠽᠢ ᠲᠣᠰᠭᠣᠨ ᠳ᠋ᠦ ᠭᠠᠷᠤᠭ᠍ᠰᠠᠨ ᠱᠢᠨ᠎ᠡ ᠬᠤᠪᠢᠷᠠᠯᠲᠠ ᠵᠢ ᠶᠡᠷᠦᠩᠬᠡᠢ ᠱᠦᠵᠢ᠎ᠳᠦ ᠬᠠᠷᠢᠭᠤ ᠮᠡᠳᠡᠭᠦᠯᠦᠭᠰᠡᠨ ᠨᠢ ᠬᠠᠮᠤᠭ ᠤ᠋ᠨ ᠰᠠᠢ᠌ᠨ ᠪᠠᠶᠠᠷ ᠤ᠋ᠨ ᠡᠳᠦᠷ᠎ᠦᠨ ᠪᠡᠯᠡᠭ ᠪᠤᠯᠤᠭᠰᠠᠨ ᠪᠠᠢᠨ᠎ᠠ᠃



QQ截图20220309104602.png


ᠦ᠋ ᠶᠢᠡᠭ ᠲᠦᠯᠦᠬᠡᠯᠡᠭᠴᠢ

ᠶᠤᠸᠠᠨ ᠶᠦᠡᠭ ᠬᠤᠡᠭ ᠰᠡᠬᠦᠳᠡᠷᠯᠡᠪᠡ

ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠥᠯᠥᠭᠡᠯᠡᠭ᠌ᠴᠢ᠂ ᠤᠯᠤᠰ ᠤ᠋ᠨ ᠡᠨᠧᠷᠭᠢ ᠵᠢᠨ ᠪᠦᠯᠦᠭ᠌ᠯᠡᠯ᠎ᠦᠨ ᠨᠡᠭᠦᠷᠡᠰᠦ ᠬᠡᠦᠷᠱᠢᠭᠦᠯᠬᠦ᠌ ᠺᠣᠮᠫᠠᠨᠢ ᠵᠢᠨ ᠰᠢ ᠯᠠᠢ ᠹᠸᠩ ᠬᠡᠦᠷᠱᠢᠭᠦᠯᠬᠦ᠌ ᠦᠢᠯᠡᠳᠪᠦᠷᠢ ᠵᠢᠨ ᠬᠡᠦᠷᠱᠢᠭᠦᠯᠬᠦ᠌ ᠬᠣᠶᠠᠳᠤᠭᠠᠷ ᠦᠢᠯᠡᠳᠪᠦᠷᠢ ᠵᠢᠨ ᠲᠠᠰᠤᠭ ᠤ᠋ᠨ ᠨᠠᠮ ᠤ᠋ᠨ ᠡᠭᠦᠷ᠎ᠦᠨ ᠳᠡᠳ᠋ ᠱᠦᠵᠢ ᠦ᠋ ᠶᠢᠩ ᠪᠠᠷᠤᠭ ᠭᠠᠷᠠᠭ ᠪᠦᠷᠢ ᠴᠥᠮ ᠨᠡᠭᠦᠷᠡᠰᠦᠨ᠎ᠦ ᠦᠢᠯᠡᠳᠪᠦᠷᠢᠯᠡᠯ᠎ᠦᠨ ᠠᠵᠤ ᠠᠬᠤᠢᠯᠠᠯ᠎ᠢᠶᠠᠷ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠳᠡᠭ᠂ ᠨᠢᠭᠡ ᠪᠢᠷ᠂ ᠨᠢᠭᠡ ᠳᠡᠪᠲᠡᠷ ᠨᠢ ᠦ᠋ ᠶᠢᠩ᠎ᠦᠨ ᠭᠠᠳᠠᠭ᠍ᠰᠢ ᠭᠠᠷᠬᠤ ᠳ᠋ᠦ ᠵᠠᠪᠠᠯ ᠪᠡᠯᠡᠳᠭᠡᠬᠦ ᠬᠡᠷᠡᠭᠰᠡᠯ ᠪᠣᠯᠤᠨ᠎ᠠ᠃ ᠬᠠᠮᠢᠭ᠎ᠠ ᠣᠴᠢᠭ᠍ᠰᠠᠨ ᠴᠤ᠌᠂ ᠲᠡᠷᠡ ᠴᠥᠮ ᠤᠯᠠᠨ ᠲᠦᠮᠡᠨ᠎ᠦ ᠲᠤᠰᠭᠠᠭ᠍ᠰᠠᠨ ᠠᠰᠠᠭᠤᠳᠠᠯ᠎ᠢ ᠲᠡᠮᠳᠡᠭ᠌ᠯᠡᠵᠦ᠍᠂ ᠪᠠᠢᠴᠠᠭᠠᠨ ᠰᠤᠳᠤᠯᠤᠯᠲᠠ ᠪᠠᠨ 4 ᠲᠡᠮᠳᠡᠭ᠌ᠯᠡᠯ᠎ᠦᠨ ᠳᠡᠪᠲᠡᠷ ᠳᠦᠭᠦᠷᠲᠡᠯ᠎ᠡ ᠪᠢᠴᠢᠵᠡᠢ᠃ ᠡᠨᠡ ᠵᠢᠯ᠎ᠦᠨ ᠪᠦᠬᠦ᠌ ᠤᠯᠤᠰ ᠤ᠋ᠨ ᠬᠣᠶᠠᠷ ᠬᠤᠷᠠᠯ ᠳᠡᠭᠡᠷ᠎ᠡ᠂ ᠲᠡᠷᠡ ᠦᠬᠠᠢ ᠬᠤᠳᠠ ᠵᠢᠨ ᠤᠯᠤᠰ ᠤ᠋ᠨ ᠴᠢᠬᠤᠯᠠ ᠨᠡᠭᠦᠷᠡᠰᠦ᠎ᠪᠡᠷ ᠰᠠᠭᠤᠷᠢᠯᠠᠭ᠍ᠰᠠᠨ ᠠᠮᠢᠳᠤ ᠪᠣᠳᠠᠰ᠎ᠤᠨ ᠵᠠᠳᠠᠷᠠᠭᠤᠯᠵᠤ ᠪᠤᠯᠬᠤ ᠰᠦᠯᠢᠶᠣᠣ ᠵᠢᠨ ᠦᠢᠯᠡᠳᠪᠦᠷᠢᠯᠡᠯ᠎ᠦᠨ ᠰᠠᠭᠤᠷᠢᠨ᠎ᠢ ᠪᠦᠳᠦᠭᠡᠨ ᠪᠠᠢᠭᠤᠯᠬᠤ ᠵᠢ ᠳᠡᠮᠵᠢᠬᠦ᠌ ᠲᠤᠬᠠᠢ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠵᠢ ᠠᠪᠴᠢᠷᠠᠵᠤ᠂ 《ᠣᠳᠣᠬᠠᠨ ᠳ᠋ᠦ᠂ ᠡᠮᠡᠭ᠌ᠲᠡᠢ ᠨᠥᠬᠥᠳ ᠡᠯ᠎ᠡ ᠠᠵᠢᠯ ᠲᠦᠷᠦᠯ ᠤ᠋ᠨ ᠬᠦᠷᠢᠶᠡᠨ ᠳ᠋ᠦ ᠪᠦᠷ ᠭᠠᠷᠮᠠᠭᠠᠢ ᠬᠤᠪᠢ ᠨᠡᠮᠡᠷᠢ ᠦᠵᠡᠭᠦᠯᠵᠤ ᠪᠤᠢ᠂ ᠪᠢᠳᠠ ᠪᠦᠰᠡᠭᠦᠢ ᠬᠦᠮᠦᠨ᠎ᠤ ᠣᠨᠴᠠᠭᠠᠢ ᠬᠠᠷᠠᠭᠠᠰᠤ ᠡᠴᠡ ᠤᠯᠠᠨ ᠲᠦᠮᠡᠨ᠎ᠦ ᠬᠦᠰᠡᠯ ᠱᠠᠭᠠᠷᠳᠠᠯᠭ᠎ᠠ ᠵᠢ ᠬᠣᠶᠠᠷ ᠬᠤᠷᠠᠯ ᠳ᠋ᠦ ᠳᠡᠪᠰᠢᠬᠦᠯᠬᠦ᠎ᠳᠦ ᠢᠳᠡᠭᠡᠯ ᠲᠦᠭᠦᠷᠡᠩ ᠪᠠᠢᠨ᠎ᠠ》 ᠭᠡᠵᠦ᠍ ᠡᠦ ᠶᠢᠩ ᠬᠡᠯᠡᠪᠡ᠃



QQ截图20220309110016.png

ᠳᠦ ᠮᠢᠡᠭ ᠶᠠᠨ ᠬᠡᠰᠢᠬᠦᠨ

《ᠲᠠ ᠰᠠᠢᠨ ᠤᠤ᠂ ᠲᠦᠷ ᠬᠦᠯᠢᠶᠡᠨ᠎ᠡ ᠤᠤ᠃ ᠪᠢ ᠪᠣᠯ ᠣᠨᠴᠠ ᠤᠷᠢᠭ᠍ᠰᠠᠨ ᠭᠡᠱᠢᠭᠦᠨ ᠰᠤᠷᠪᠤᠯᠵᠢᠯᠠᠭ᠍ᠴᠢ᠂ ᠲᠠᠨ ᠢ᠋ ᠰᠤᠷᠪᠤᠯᠵᠢᠯᠠᠬᠤ ᠰᠠᠨᠠᠭ᠎ᠠ᠎ᠲᠠᠶ ᠁》ᠳᠤᠭᠤᠢᠯᠠᠩ ᠬᠤᠪᠢᠶᠠᠨ ᠶᠠᠷᠢᠯᠴᠠᠬᠤ ᠠᠵᠢᠯ ᠰᠠᠶᠢᠬᠠᠨ ᠳᠠᠭᠤᠰᠴᠤ᠌᠂ ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ᠎ᠦ ᠭᠡᠱᠢᠭᠦᠨ᠂ ᠬᠥᠯᠥᠨ ᠪᠣᠢᠷ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤ᠋ᠨ ᠲᠣᠪᠴᠢᠶᠠᠨ ᠤ᠋ ᠳᠡᠳ᠋ ᠲᠤᠪᠴᠢᠶᠠᠨ ᠳᠠᠷᠤᠭ᠎ᠠ ᠳ᠋ᠦ᠋ ᠮᠢᠩ ᠶᠠᠨ ᠦᠪᠡᠷ ᠤ᠋ᠨ ᠵᠢᠡᠨ《ᠰᠤᠷᠪᠤᠯᠵᠢᠯᠠᠭ᠍ᠴᠢ ᠵᠢᠨ ᠠᠵᠢᠯ》 ᠵᠢᠡᠨ ᠡᠢᠨ ᠬᠦ᠌ ᠡᠬᠢᠯᠡᠭᠦᠯᠵᠡᠶ᠃ ᠰᠡᠭᠦᠳᠡᠷ ᠲᠠᠲᠠᠬᠤ᠂ ᠸᠢᠳᠢᠣ᠋ ᠱᠢᠩᠭᠡᠭᠡᠬᠦ᠌᠂ ᠲᠡᠮᠳᠡᠭ᠌ᠯᠡᠯ ᠬᠢᠬᠦ᠌᠂ ᠡᠳᠡᠭᠡᠷ ᠠᠵᠢᠯ ᠤ᠋ᠳ ᠢ᠋ ᠳ᠋ᠦ᠋ ᠮᠢᠩ ᠶᠠᠨ ᠭᠠᠷ ᠤ᠋ᠨ ᠠᠶ᠎ᠠ᠎ᠪᠠᠷ ᠵᠢᠡᠨ ᠮᠠᠰᠢ ᠯᠠᠪᠳᠠᠭᠤᠨ ᠪᠤᠯᠪᠠᠰᠤᠷᠠᠩᠭᠤᠢ ᠪᠡᠷ ᠬᠢᠵᠤ ᠪᠠᠢᠪᠠ᠃ ᠪᠥᠬᠥ᠌ ᠤᠯᠤᠰ ᠤ᠋ᠨ ᠬᠣᠶᠠᠷ ᠬᠤᠷᠠᠯ ᠤ᠋ᠨ ᠬᠤᠭᠤᠴᠠᠭᠠᠨ ᠳ᠋ᠤ᠂ ᠲᠡᠷᠡ ᠡᠯ᠎ᠡ ᠲᠣᠮᠣ ᠵᠠᠭᠤᠴᠢᠯᠠᠭᠤᠷ᠎ᠲᠤ 《ᠬᠠᠮᠤᠭ ᠤ᠋ᠨ ᠰᠢᠨ᠎ᠡ ᠰᠤᠷᠭᠤᠭ》 ᠰᠣᠨᠢᠨ ᠮᠡᠳᠡᠭᠡᠨ᠎ᠦ ᠪᠣᠷᠣ ᠮᠠᠲ᠋ᠧᠷᠢᠶᠠᠯ ᠢ᠋ ᠲᠡᠷᠡ ᠳᠠᠷᠤᠶ ᠳ᠋ᠤᠨᠢ ᠬᠠᠩᠭᠠᠭᠰᠠᠨ ᠪᠥᠭᠡᠳ ᠰᠤᠷᠪᠤᠯᠵᠢᠯᠠᠭ᠎ᠠ ᠵᠢᠨ ᠠᠵᠢᠯ ᠭᠡᠳᠡᠭ ᠬᠢᠯᠪᠠᠷ ᠪᠤᠰᠤ ᠠᠵᠢᠯ ᠭᠡᠳᠡᠭ ᠢ᠋ ᠪᠡᠶ᠎ᠡ ᠪᠡᠷ ᠵᠢᠨᠨ ᠳᠤᠭᠤᠯᠵᠤ ᠵᠢᠷᠦᠬᠡ ᠰᠡᠳᠭᠢᠯ ᠵᠢᠡᠷ ᠵᠢᠡᠨ ᠮᠡᠳᠡᠷᠡᠪᠡ᠃ ᠲᠡᠷᠡ᠂ ᠡᠮᠡᠭ᠌ᠲᠡᠶ ᠬᠥᠮᠦᠨ ᠪᠣᠯᠤᠭ᠍ᠰᠠᠨ ᠤ᠋ ᠬᠤᠪᠢ ᠳ᠋ᠤ᠂ ᠶᠠᠮᠠᠷ ᠠᠵᠢᠯ ᠤ᠋ᠨ ᠪᠠᠢᠷᠢᠨ ᠳ᠋ᠤ ᠪᠠᠢᠭ᠍ᠰᠠᠨ ᠴᠤ᠌ ᠴᠥᠮ ᠥᠪᠡᠷ ᠤ᠋ᠨ ᠬᠢᠵᠦ᠍ ᠳᠡᠢᠯᠬᠦ᠌ ᠠᠵᠢᠯ ᠵᠢᠡᠨ ᠨᠠᠷᠢᠨ ᠬᠢᠨᠠᠮᠠᠭᠠᠶ ᠰᠠᠢᠲᠤᠷ ᠬᠢᠵᠦ᠍᠂ ᠴᠢᠷᠮᠠᠢᠯᠭ᠎ᠠ ᠪᠠ ᠦᠪᠡᠷ ᠤ᠋ᠨ ᠴᠢᠳᠠᠪᠤᠷᠢ ᠪᠡᠷ ᠵᠢᠡᠨ ᠬᠦᠨᠳᠦᠳᠭᠡᠯ ᠪᠠ ᠪᠠᠢᠷᠢ ᠰᠠᠭᠤᠷᠢ᠎ᠪᠠᠨ ᠲᠡᠮᠡᠴᠡᠨ ᠤᠯᠬᠤ ᠬᠡᠷᠡᠭ᠌ᠲᠡᠶ ᠭᠡᠵᠠᠢ᠃



QQ截图20220309110054.png

ᠠ ᠯᠢ ᠬᠤᠢ ᠬᠡᠰᠢᠬᠦᠨ

ᠪᠦᠰᠡᠭᠦᠢ ᠬᠦᠮᠦᠨ ᠪᠤᠯᠤᠭᠰᠠᠨ ᠤ᠋ ᠬᠤᠪᠢ ᠳ᠋ᠤ᠂ ᠮᠦᠨ ᠴᠤ᠌ ᠪᠦᠬᠦ᠌ ᠤᠯᠤᠰ ᠤ᠋ᠨ ᠤᠯᠤᠰ ᠲᠦᠷᠦ᠍ ᠵᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ ᠤ᠋ ᠬᠤᠪᠢ ᠳ᠋ᠤ᠂ ᠠ ᠯᠢ ᠬᠤᠢ ᠤᠯᠤᠰ ᠲᠦᠷᠦ᠍ ᠵᠢᠨ ᠤᠨᠤᠯ ᠤ᠋ᠨ ᠰᠤᠷᠤᠯᠴᠠᠯᠭ᠎ᠠ᠎ᠪᠠᠨ ᠢᠳᠡᠪᠬᠢᠲᠡᠢ ᠴᠢᠩᠭᠠᠳᠭᠠᠵᠤ᠂ ᠮᠠᠰᠢ ᠤᠯᠠᠨ ᠴᠢᠨᠠᠷ ᠰᠠᠢᠲᠠᠢ ᠰᠠᠨᠠᠯ ᠳᠤᠷᠠᠳᠤᠯᠭ᠎ᠠ ᠵᠢ ᠳᠤᠷᠠᠳᠤᠭᠰᠠᠨ ᠪᠠᠢᠨ᠎ᠠ᠃ ᠬᠥᠯᠥᠨ ᠪᠤᠢ᠌ᠷ ᠬᠤᠳᠠ ᠵᠢᠨ ᠨᠠᠮ ᠤ᠋ᠨ ᠬᠣᠷᠢᠶᠠᠨ ᠤ᠋ ᠨᠢᠭᠡᠳᠦᠮᠡᠯ ᠹᠷᠣᠨᠲ ᠤ᠋ᠨ ᠬᠡᠯᠲᠡᠰ᠎ᠲᠦ ᠠᠵᠢᠯᠯᠠᠵᠤ ᠪᠠᠢᠬᠤ ᠬᠤᠭᠤᠴᠠᠭᠠᠨ᠎ᠳᠠᠭᠠᠨ᠂ ᠲᠡᠷᠡ ᠬᠣᠯᠪᠣᠭ᠍ᠳᠠᠯ ᠪᠦᠬᠦᠢ ᠪᠠᠢᠭᠤᠯᠭ᠎ᠠ ᠨᠢᠭᠡᠴᠢ᠎ᠲᠡᠶ ᠬᠠᠮᠲᠤᠷᠠᠨ ᠦᠨᠳᠦᠰᠦᠲᠡᠨ᠎ᠦ ᠠᠵᠢᠯ ᠤ᠋ᠨ ᠬᠦᠷᠢᠶᠡᠨ᠎ᠳᠡᠬᠢ ᠰᠡᠳᠦᠪ ᠤ᠋ᠨ ᠰᠤᠳᠤᠯᠭᠠᠨ ᠢ᠋ ᠥᠷᠨᠢᠭᠦᠯᠤᠨ᠂ ᠦᠨᠳᠦᠰᠦᠲᠡᠨ᠎ᠨᠦᠭᠦᠳ ᠤ᠋ᠨ ᠺᠠᠳ᠋ᠷ ᠤᠯᠠᠨ ᠲᠦᠮᠡᠨ ᠢ᠋ ᠬᠦᠳᠦᠯᠥᠨ ᠳᠠᠭᠠᠭᠤᠯᠵᠤ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠵᠢᠨ ᠬᠦᠨᠳᠤ ᠴᠢᠬᠤᠯᠠ ᠠᠴᠢ ᠬᠣᠯᠪᠣᠭ᠍ᠳᠠᠯ ᠢ᠋ ᠭᠦᠨᠵᠡᠭᠡᠢ ᠲᠠᠨᠢᠭᠤᠯᠤᠭ᠍ᠰᠠᠨ ᠪᠠᠢᠨ᠎ᠠ᠃ 《ᠡᠵᠢ ᠪᠣᠯᠤᠭ᠍ᠰᠠᠨ ᠤ᠋ ᠬᠤᠪᠢ ᠳ᠋ᠤ᠂ ᠪᠢ ᠥᠪᠡᠷ ᠤ᠋ᠨ ᠬᠡᠪ ᠪᠣᠯᠪᠠᠰᠤᠷᠠᠯ ᠵᠢᠡᠨ ᠳᠡᠭᠡᠭ᠌ᠰᠢᠯᠡᠭᠦᠯᠵᠦ᠍᠂ ᠬᠣᠢᠴᠢ ᠦᠶ᠎ᠡ ᠵᠢᠨ ᠬᠢᠨ᠎ᠳᠡᠭᠡᠨ ᠰᠠᠢ᠌ᠨ ᠳᠠᠭᠤᠷᠢᠶᠠᠯ ᠪᠤᠯᠵᠤ᠂ ᠬᠡᠷ ᠪᠦᠯᠢ᠎ᠪᠡᠨ ᠬᠠᠢᠷᠠᠯᠠᠬᠤ ᠪᠠ ᠤᠯᠤᠰ ᠵᠢᠡᠨ ᠬᠠᠢᠷᠠᠯᠠᠬᠤ᠎ᠶ᠋ᠢ ᠬᠠᠮᠲᠤᠳᠬᠠᠵᠤ᠂ ᠬᠤᠪᠢ ᠬᠥᠮᠦᠨ᠎ᠦ ᠬᠦᠰᠡᠯ ᠵᠡᠭᠦᠳᠦ᠂ ᠭᠡᠷ ᠪᠦᠯᠢ ᠵᠢᠨ ᠬᠦᠰᠡᠯ ᠵᠡᠭᠦᠳᠦ᠍᠎ᠪᠡᠨ ᠲᠡᠷᠭᠡᠯᠰᠢᠭᠦᠯᠬᠦ ᠶ᠋ᠢ ᠤᠯᠤᠰ ᠤ᠋ᠨ ᠬᠦᠰᠡᠯ ᠵᠡᠭᠦᠳᠦ᠂ ᠦᠨᠳᠦᠰᠦᠲᠡᠨ᠎ᠦ ᠬᠦᠰᠡᠯ ᠵᠡᠭᠦᠳᠦ᠍ ᠶ᠋ᠢ ᠲᠡᠷᠭᠡᠯᠰᠢᠬᠦᠯᠬᠦ᠎ᠲᠠᠢ ᠠᠭᠤᠰᠤᠯᠴᠠᠭᠤᠯᠤᠨ᠎ᠠ》 ᠭᠡᠵᠤ ᠠ ᠯᠢ ᠬᠤᠢ ᠬᠡᠯᠡᠪᠡ᠃ ᠠ ᠯᠢ ᠬᠤᠢ ᠪᠦᠰᠡᠭᠦᠢᠴᠤᠳ ᠮᠢᠨᠢ ᠵᠤᠷᠢᠭᠲᠠᠢ ᠪᠡᠷ ᠬᠦᠰᠡᠯ ᠵᠡᠭᠦᠳᠦ᠍᠎ᠪᠡᠨ ᠲᠡᠷᠭᠡᠯᠰᠢᠭᠦᠯᠦᠨ᠂ ᠬᠦᠰᠡᠯ ᠵᠡᠭᠦᠳᠤ ᠪᠡᠨ ᠬᠥᠭᠡᠭᠡᠴᠡᠯᠳᠦᠬᠦ ᠪᠦᠭᠡᠳ ᠢᠮᠠᠭᠲᠠ ᠢᠲᠡᠭᠡᠯ ᠲᠡᠭᠦᠯᠳᠡᠷ ᠰᠠᠢᠨ ᠰᠠᠢᠬᠠᠨ ᠠᠮᠢᠳᠤᠷᠠᠬᠤ ᠪᠤᠯᠤᠭᠠᠰᠠᠢ ᠬᠡᠮᠡᠨ ᠬᠦᠰᠡᠯ ᠵᠦᠩᠨᠡᠯ ᠵᠢᠡᠨ ᠳᠡᠪᠰᠢᠬᠦᠯᠪᠠ᠃

ᠪᠠᠶᠠᠷ ᠤ᠋ᠨ ᠡᠳᠦᠷ ᠤ᠋ᠨ ᠠᠴᠢ ᠬᠣᠯᠪᠣᠭ᠍ᠳᠠᠯ ᠨᠢ ᠵᠦᠪᠬᠡᠨ ᠳᠤᠷᠠᠰᠬᠠᠨ ᠲᠡᠮᠳᠡᠭᠯᠡᠬᠦ ᠳ᠋ᠤ ᠯᠠ ᠪᠠᠢᠬᠤ ᠪᠢᠰᠢ᠂ ᠬᠠᠷᠢᠨ ᠨᠡᠩ ᠴᠢᠬᠤᠯᠠ ᠨᠢ ᠬᠥᠮᠦᠨ ᠪᠦᠬᠦᠨ ᠠᠳᠠᠯᠢᠠᠬᠨ ᠨᠢᠭᠡ ᠡᠳᠦᠷ ᠲᠤ᠌ ᠴᠦᠮ ᠤᠳᠭ᠎ᠠ ᠠᠭᠤᠯᠭ᠎ᠠ᠎ᠲᠠᠶ ᠤᠴᠢᠷ ᠢ᠋ ᠬᠢᠵᠦ᠍᠂ ᠡᠭᠦᠨ᠎ᠦ ᠤᠯᠠᠮ᠎ᠡᠴᠡ ᠬᠦᠴᠦᠷᠬᠡᠭ ᠶᠡᠬᠡ ᠬᠠᠮᠲᠤ ᠵᠢᠨ ᠲᠠᠨᠢᠯᠲᠠ ᠵᠢᠨ ᠠᠮᠢᠵᠢᠷᠠᠯ ᠤ᠋ᠨ ᠬᠦᠴᠦᠨ ᠪᠠ ᠦᠢᠯᠡ ᠠᠵᠢᠯᠯᠠᠭ᠎ᠠ ᠵᠢᠨ ᠨᠥᠯᠥᠭᠡᠯᠡᠬᠦ᠌ ᠬᠦᠴᠦᠨ ᠢ᠋ ᠪᠦᠷᠢᠯᠳᠦᠭᠦᠯᠬᠦ᠌᠎ᠳᠦ ᠪᠤᠢ᠃ ᠥᠪᠡᠷ᠎ᠤᠨ ᠪᠠᠶᠠᠷ ᠤ᠋ᠨ ᠡᠳᠦᠷ᠎ᠲᠦ ᠲᠤᠱᠢᠶᠠᠯ ᠬᠠᠷᠢᠭᠤᠴᠠᠯᠭ᠎ᠠ᠎ᠪᠠᠨ ᠪᠠᠶᠠᠷᠲᠠᠢ ᠭᠦᠢᠴᠡᠳᠭᠡᠵᠦ᠍᠂ ᠲᠥᠯᠥᠭᠡᠯᠡᠭ᠌ᠴᠢᠳ ᠭᠡᠱᠢᠭᠦᠳ ᠪᠦᠷᠢᠨ ᠲᠡᠭᠦᠯᠳᠡᠷ ᠪᠥᠭᠡᠳ ᠵᠣᠯ ᠵᠢᠷᠭᠠᠯ᠎ᠲᠠᠶ ᠪᠠᠢᠬᠤ᠎ᠪᠠᠨ ᠢᠯᠡᠳᠭᠡᠵᠡᠭᠡᠬᠦ ᠵᠢᠨ ᠬᠠᠮᠲᠤ ᠪᠠᠰᠠ ᠪᠦᠬᠦᠢᠯᠡ ᠡᠮᠡᠭ᠌ᠲᠡᠢᠴᠦᠳ᠎ᠲᠦ ᠪᠠᠶᠠᠷ ᠤ᠋ᠨ ᠡᠳᠦᠷ ᠤ᠋ᠨ ᠮᠡᠨᠳᠦᠴᠢᠯᠡᠯ ᠬᠦᠷᠭᠡᠵᠤ᠂ ᠪᠤᠢ ᠪᠦᠬᠦᠢ ᠡᠮᠡᠭᠲᠡᠢᠴᠤᠳ ᠲᠤ᠌ ᠬᠦᠨᠳᠤᠳᠭᠡᠯ ᠲᠡᠪᠰᠢᠭᠦᠯᠦᠭᠰᠡᠨ ᠪᠠᠢᠨ᠎ᠠ᠃

(ᠨᠠᠷ᠎ᠠ ᠬᠠᠳᠠᠭᠰᠠᠨ ᠡᠴᠡ ᠪᠤᠰᠤᠤᠨ ᠬᠡᠷᠡᠯ ᠵᠢᠷᠤᠭ ᠎ᠢ ᠦᠪᠠᠷᠳᠡᠬᠡᠨ ᠵᠠᠰᠠᠬᠤ ᠤᠷᠤᠨ᠎ᠤ ᠤᠯᠤᠰ ᠲᠦᠷᠦ ᠵᠢᠨ ᠵᠦᠪᠯᠡᠯᠬᠡᠨ ᠡᠴᠡ ᠬᠠᠨᠭᠭᠠᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面