2022-03-10 08:58:02
ᠤᠷᠮᠠᠰᠢᠨ ᠵᠤᠷᠢᠬᠵᠢᠬᠤᠶᠠ ᠡᠷᠴᠢ ᠬᠦᠴᠦᠨ ᠲᠡᠭᠦᠯᠳᠡᠷ ᠪᠦᠯᠬᠦᠮᠳᠡᠨ ᠳᠡᠮᠡᠴᠡᠬᠦᠶᠡ ᠤᠮᠠᠷᠠᠲᠤ ᠬᠢᠯᠢ ᠦᠵᠡᠰᠬᠦᠯᠡᠩ
ᠶᠡᠷᠦᠩᠬᠡᠢ ᠱᠦᠵᠢ ᠰᠢ᠎ᠶᠢᠨ ᠫᠢᠩ᠎ᠤᠨ 3 ᠰᠠᠷ᠎ᠠ᠎ᠶᠢᠨ5ᠤ᠋ᠦᠳᠡᠶᠢᠨ ᠬᠣᠢᠨ᠎ᠠ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠤᠯᠴᠠᠬᠤᠦᠶᠡᠶᠢᠨ ᠴᠢᠬᠤᠯᠠ ᠶᠠᠷᠢᠶ᠎ᠠ ᠨᠢ ᠮᠠᠨ᠎ᠤ ᠣᠷᠣᠨ᠎ᠤ ᠬᠦᠳᠡᠬᠡ ᠳᠤᠰᠬᠤᠨ ᠮᠠᠯᠵᠢᠬᠤ ᠣᠷᠣᠨ ᠵᠡᠭᠡᠯᠢ ᠭᠤᠳᠤᠮᠵᠢᠨᠡᠢᠭᠡᠮ ᠲᠣᠭᠣᠷᠢᠭ᠋᠎ᠤᠨ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠬᠠᠯ ᠭᠠᠷᠪᠠ᠃ ᠤᠯᠠᠨᠢᠶᠠᠷᠢᠶᠠᠨᠤᠷᠮᠠᠰᠢᠨ ᠵᠣᠷᠢᠭ᠍ᠵᠢᠵᠤ᠂ ᠶᠡᠷᠦᠩᠬᠡᠢ ᠱᠦᠵᠢ᠎ᠶᠢᠨ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠳᠤᠮᠳᠠᠳᠤᠶᠢᠨᠦᠨᠳᠦᠰᠦᠲᠡᠨᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠵᠥ᠂ ᠪᠦᠯᠬᠦᠮᠳᠡᠨ ᠲᠡᠮᠡᠴᠡᠵᠦ᠂ ᠦᠨᠡᠨᠬᠦ᠌ ᠠᠳᠬᠤᠨ ᠪᠣᠳᠠᠲᠠᠢ ᠠᠵᠢᠯᠯᠠᠵᠤ᠂ ᠡᠬᠡ ᠤᠯᠤᠰ᠎ᠤᠨ ᠤᠮᠠᠷᠠᠲᠤ᠎ᠶᠢᠨ ᠦᠵᠡᠮᠵᠢ᠎ᠶᠢᠨ ᠣᠷᠣᠨ᠎ᠢ ᠨᠡᠩ ᠦᠵᠡᠰᠬᠦᠯᠡᠩᠲᠦᠰᠠᠢᠬᠠᠨ ᠪᠣᠯᠭᠠᠨ ᠪᠦᠲᠦᠭᠡᠨ ᠪᠠᠢᠭᠤᠯᠵᠤ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡᠶᠢᠨᠰᠢᠨᠡ ᠬᠠᠭᠤᠳᠠᠰᠤ᠎ᠶᠢ ᠪᠢᠴᠢᠭᠯᠡᠨ᠎ᠡ ᠭᠡᠵᠦ ᠢᠯᠡᠳᠬᠡᠵᠡᠭᠡᠪᠡ᠃
《ᠶᠡᠷᠦᠩᠬᠡᠢ ᠱᠦᠵᠢ ᠰᠢ᠎ᠶᠢᠨ ᠫᠢᠩ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮᠤᠨᠬᠢᠨᠠᠨ ᠵᠥᠪᠯᠡᠬᠦ᠎ᠳ᠋ᠤ ᠤᠷᠤᠯᠴᠠᠬᠤ ᠳ᠋ᠠᠭᠠᠨ᠂ ᠦᠨᠳᠦᠰᠦᠲᠡᠨ᠎ᠦ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠᠶᠢᠨᠤᠬᠠᠮᠰᠠᠷ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠮᠥᠨ ᠭᠡᠵᠦ ᠴᠢᠬᠤᠯᠠᠴᠢᠯᠠᠪᠠ᠃ ᠦᠨᠳᠦᠰᠦᠨ ᠱᠠᠲᠤᠨᠤᠨᠡᠢᠭᠡᠮ ᠲᠣᠭᠣᠷᠢᠭ᠋᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢ ᠦᠨᠳᠦᠰᠦᠲᠡᠨ ᠦ ᠪᠦᠯᠬᠦᠮᠳᠡᠯ᠎ᠦᠨ ᠠᠵᠢᠯᠤᠨᠮᠠᠨᠤ ᠤᠯᠤᠰᠲᠡᠬᠢ ᠴᠢᠬᠤᠯᠠ ᠠᠴᠢ ᠬᠣᠯᠪᠣᠭᠳᠠᠯ᠎ᠢ ᠣᠢᠯᠠᠭᠠᠵᠤ ᠪᠠᠢᠨ᠎ᠠ᠃ ᠬᠣᠢᠰᠢᠳᠠ᠎ᠶᠢᠨ ᠠᠵᠢᠯ ᠳᠤᠮᠳᠠᠪᠠᠨᠪᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯᠢᠨᠠᠷᠢᠨ ᠬᠢᠨᠠᠮᠠᠭᠠᠢ ᠰᠠᠢᠲᠤᠷ ᠬᠢᠵᠦ᠂ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯᠢᠬᠡᠷᠡᠭᠯᠡᠬᠦᠶᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠᠶᠢᠨᠤᠬᠠᠮᠰᠠᠷᠢ ᠪᠠᠲᠤᠳᠬᠠᠨ᠎ᠠ》 ᠭᠡᠵᠦ ᠤᠯᠠᠭᠠᠨᠴᠠᠪ ᠬᠤᠳᠠ᠎ᠶᠢᠨ ᠴᠠᠬᠠᠷᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠲᠡᠭᠰᠢᠪᠤᠯᠠᠬ ᠪᠠᠯᠭᠠᠰᠤᠨ᠎ᠤ ᠰᠢᠨ᠎ᠡ ᠴᠠᠭ ᠦᠶ᠎ᠡ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠳᠡᠳ᠋ ᠱᠦᠵᠢ ᠳᠦᠵᠢᠶᠠᠨ ᠰᠢᠶᠠ ᠬᠡᠯᠡᠪᠡ᠃
《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠳᠤ ᠨᠢᠳᠦᠨ᠎ᠳᠦ ᠦᠵᠡᠭᠳᠡᠮ᠎ᠡ᠂ ᠭᠠᠷ᠎ᠲᠤ ᠪᠠᠷᠢᠭ᠍ᠳᠠᠮᠠᠠᠵᠢᠯᠢ ᠬᠢᠬᠦ᠎ᠪᠡᠷ ᠪᠠᠷᠠᠬᠤ ᠦᠭᠡᠢ ᠪᠠᠰᠠ ᠶᠡᠬᠡ ᠬᠡᠮᠵᠢᠶᠡᠨ᠎ᠦ 〈ᠵᠦᠭᠡᠯᠡᠨ ᠬᠤᠷ᠎ᠠ ᠳᠦᠮᠡᠨ ᠪᠤᠳᠠᠰ᠎ᠢ ᠤᠮᠳᠠᠯᠠᠬᠤ〉 ᠶᠠᠪᠤᠳᠠᠯ᠎ᠢ ᠬᠢᠬᠦ ᠬᠡᠷᠡᠭᠲᠡᠢ᠂ᠡᠨᠡ ᠦᠭᠡ ᠨᠢ ᠪᠢᠳᠡᠨ᠎ᠳᠦ ᠴᠢᠭᠯᠡᠯ᠎ᠢ ᠵᠢᠭᠠᠵᠤ ᠥᠭᠭᠦᠭᠰᠡᠨ᠎ᠢᠶᠡᠷ ᠪᠠᠷᠠᠬᠤ ᠦᠭᠡᠢ ᠨᠡᠩ ᠴᠤ᠌ ᠪᠢᠳᠡᠨ᠎ᠳᠦ ᠠᠷᠭᠠᠤᠬᠠᠭᠠᠨ ᠵᠢᠭᠠᠵᠤ ᠥᠭᠴᠡᠢ》᠃ ᠣᠷᠳᠣᠰ ᠬᠤᠳᠠ᠎ᠶᠢᠨ ᠤᠳᠤᠭ᠎ᠤᠨ ᠡᠮᠦᠨᠡᠲᠦ ᠬᠣᠰᠢᠭᠤᠨ᠎ᠤ ᠱᠠᠩᠬᠠᠢ᠎ᠶᠢᠨ ᠰᠦᠮ᠎ᠡ ᠪᠠᠯᠭᠠᠰᠤᠨᠤᠮᠠ ᠯᠠᠨ ᠬᠤᠸᠠ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭᠴᠢᠪᠦᠦ ᠶᠠ ᠬᠤᠢ᠂ ᠦᠨᠳᠦᠰᠦᠨ ᠱᠠᠲᠤᠨ᠎ᠤ ᠺᠠᠳ᠋ᠷ ᠪᠣᠯᠤᠭᠰᠠᠨ᠎ᠤ ᠬᠤᠪᠢ᠎ᠳᠤ᠂ ᠦᠨᠳᠦᠰᠦᠲᠡᠨ᠎ᠦ ᠪᠦᠯᠬᠦᠮᠳᠡᠯ᠎ᠢ ᠰᠠᠢᠲᠤᠷᠬᠠᠮᠠᠭᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤᠪᠣᠯ ᠪᠢᠳᠡᠨ᠎ᠦ ᠬᠥᠮᠥᠨ ᠨᠢᠭᠡ ᠪᠦᠷᠢ᠎ᠶᠢᠨ ᠬᠠᠮᠲᠤᠶᠢᠨᠬᠠᠷᠢᠭᠤᠴᠠᠯᠭᠠ ᠪᠣᠯᠣᠨ᠎ᠠ ᠭᠡᠵᠦ ᠢᠯᠡᠳᠬᠡᠪᠡ᠃
ᠪᠠᠶᠠᠨᠨᠠᠭᠤᠷ ᠬᠤᠳᠠ᠎ᠶᠢᠨ ᠤᠷᠠᠳ᠎ᠤᠨ ᠡᠮᠦᠨᠡᠲᠦ ᠬᠣᠰᠢᠭᠤᠨ᠎ᠤ ᠮᠤᠨᠠ ᠠᠭᠤᠯᠠᠪᠠᠯᠭᠠᠰᠤᠶᠢᠨ ᠳ᠋ᠦᠩ ᠹᠸᠩ ᠢ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠱᠦᠵᠢ ᠴᠢᠶᠣᠤ ᠰᠢᠶᠣᠣ ᠰᠢᠶᠠ᠄ 《ᠨᠡᠢᠭᠡᠮ ᠲᠣᠭᠣᠷᠢᠭ᠋᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠳᠤᠮᠳᠠᠳᠤ᠎ᠶᠢᠨ ᠦᠨᠳᠦᠰᠦᠲᠡᠨᠦᠬᠠᠮᠲᠤᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠶᠠᠪᠤᠳᠠᠯ᠎ᠢ ᠨᠡᠢᠭᠡᠮ ᠲᠣᠭᠣᠷᠢᠭ᠋᠎ᠤᠨ ᠠᠵᠢᠯᠤᠨᠡᠯᠡ ᠲᠠᠯ᠎ᠠ᠎ᠳᠤ ᠲᠤᠭᠤᠰᠢᠯᠠᠭᠤᠯᠬᠤ ᠪᠣᠯ ᠮᠠᠨ᠎ᠤ ᠠᠵᠢᠯᠯᠠᠵᠥ ᠴᠢᠷᠮᠠᠢᠬᠤ ᠴᠢᠭᠯᠡᠯ ᠪᠣᠯᠣᠨ᠎ᠠ᠃ 〈ᠤᠯᠠᠭᠠᠨ ᠦᠩᠭᠡ〉 ᠪᠣᠯ ᠬᠠᠮᠤᠭ᠎ᠤᠨ ᠭᠣᠶᠣ᠌᠂ ᠬᠠᠮᠤᠭᠤᠨᠰᠠᠢᠬᠠᠨ ᠥᠩᠭᠡ ᠮᠥᠨ᠂ ᠪᠠᠰᠠ ᠴᠤ᠌ ᠡᠪ ᠬᠠᠮᠲᠤ ᠨᠠᠮ᠎ᠤᠨ ᠭᠡᠰᠢᠭᠦᠨ᠎ᠦ ᠠᠮᠢᠳᠤᠷᠠᠯ᠎ᠤᠨ ᠳᠡᠪᠢᠰᠬᠡᠷ ᠥᠩᠭᠡ ᠮᠥᠨ᠃ᠮᠠᠨ᠎ᠤ ᠨᠡᠢᠭᠡᠮ ᠲᠣᠭᠣᠷᠢᠭ᠋᠎ᠤᠨ ᠬᠢᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯᠢᠪᠡᠬᠢᠵᠢᠭᠦᠯᠦᠨ ᠥᠷᠭᠡᠳᠬᠡᠵᠦ᠂ ᠬᠤᠪᠢᠰᠬᠠᠯᠳᠦ ᠤᠯᠠᠮᠵᠢᠯᠠᠯ᠎ᠤᠨ ᠡᠬᠢ ᠪᠠᠶᠠᠯᠢᠭ᠋᠎ᠢ ᠠᠭᠤᠳᠠᠯᠵᠤ᠂ ᠬᠤᠪᠢᠰᠬᠠᠯᠤᠨᠬᠥᠮᠦᠵᠢᠯᠦᠨ ᠵᠢᠭ᠍ᠰᠠᠭᠠᠯ᠎ᠤᠨ ᠭᠠᠵᠠᠷ᠎ᠢ ᠨᠢᠮᠪᠠᠢ ᠪᠠᠢᠭᠤᠯᠵᠤ᠂ ᠤᠯᠠᠨ ᠲᠦᠮᠡᠨ᠎ᠲᠠᠢ ᠣᠢᠷᠠᠲᠤᠨ ᠨᠠᠮ᠎ᠤᠨ ᠲᠠᠭᠤᠬᠤᠭᠤᠯᠠᠢ ᠵᠢ ᠳᠠᠮᠵᠢᠭᠤᠯᠤᠨ᠎ᠠ》ᠭᠡᠵᠦᠬᠡᠯᠡᠪᠡ᠃
《ᠪᠢ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭᠠᠪᠠᠷᠵᠢᠯᠣᠭᠣᠳᠤᠯᠭᠠ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠶ᠋ᠢᠨ ᠵᠢᠱ᠌ᠢᠶ᠎ᠡ ᠦᠵᠡᠭᠦᠯᠬᠦ ᠨᠡᠢᠭᠡᠮᠲᠣᠭᠣᠷᠢᠭ᠋ ᠢ᠋ ᠡᠭᠦᠳᠦᠨ ᠪᠠᠶ᠋ᠢᠭᠤᠯᠬᠤ᠎ᠪᠠᠷ ᠭᠠᠷᠳᠠᠴᠠ ᠪᠣᠯᠭᠠᠵᠤ᠂ ᠨᠡᠢᠭᠡᠮ ᠲᠣᠭᠣᠷᠢᠭ᠋᠎ᠤᠨ ᠦᠵᠡᠯ ᠰᠠᠨᠠᠭ᠎ᠠᠤᠯᠤᠰ ᠲᠥᠷᠥ᠍ ᠶ᠋ᠢᠨ ᠠᠵᠢᠯ ᠢ᠋ ᠲᠠᠰᠤᠷᠠᠯᠲᠠ ᠦᠭᠡᠢ ᠴᠢᠩᠭᠠᠳᠬᠠᠨ᠂ ᠨᠡᠢᠭᠡᠮ ᠲᠣᠭᠣᠷᠢᠭ᠋ ᠢ᠋ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠶ᠋ᠢᠨ ᠭᠣᠣᠯ ᠵᠢᠭ᠍ᠰᠠᠭᠠᠯ᠎ᠤᠨ ᠭᠠᠵᠠᠷ ᠪᠣᠯᠭᠠᠨ ᠪᠦᠲᠦᠭᠡᠨ ᠪᠠᠶ᠋ᠢᠭᠤᠯᠬᠤᠪᠠᠷᠴᠢᠷᠮᠠᠢᠨᠠ》᠃ ᠰᠢᠯᠢ᠎ᠶᠢᠨ ᠭᠣᠣᠯ ᠠᠢᠮᠠᠭ᠎ᠤᠨ ᠰᠢᠯᠢᠩᠬᠣᠲᠠ᠎ᠶᠢᠨ ᠴᠤᠭᠯᠠᠭᠠᠨᠵᠡᠭᠡᠯᠢ ᠭᠤᠳᠤᠮᠵᠢ᠎ᠶᠢᠨ ᠠᠢ ᠮᠢᠨ ᠨᠡᠢᠭᠡᠮᠲᠣᠭᠣᠷᠢᠭ᠋ᠤᠨᠨᠠᠮᠤᠨᠬᠣᠷᠢᠶᠠᠨᠤᠱᠦᠵᠢ᠂ᠡᠷᠬᠢᠯᠡᠭᠴᠢᠯᠢᠵᠢᠶᠠ᠂ ᠨᠡᠢᠭᠡᠮ ᠲᠣᠭᠣᠷᠢᠭ᠋ ᠪᠣᠯ ᠦᠨᠳᠦᠰᠦᠲᠡᠨ᠎ᠨᠦᠭᠦᠳ᠎ᠦᠨ ᠠᠷᠠᠳ ᠤᠯᠠᠨ᠎ᠤ ᠬᠠᠮᠲᠤ᠎ᠶᠢᠨ ᠭᠡᠷ ᠣᠷᠣᠨ ᠮᠥᠨ᠂ᠨᠡᠢᠭᠡᠮ ᠲᠣᠭᠣᠷᠢᠭ᠋᠎ᠤᠨ ᠠᠵᠢᠯ ᠲᠦᠭ ᠲᠦᠮᠡᠨ ᠠᠢᠯ ᠡᠷᠤᠭᠡ᠎ᠳᠦ ᠬᠣᠯᠪᠣᠭᠳᠠᠵᠤ ᠪᠠᠢᠳᠠᠭ᠂ ᠪᠢᠳᠡ ᠳᠤᠮᠳᠠᠳᠤᠶᠢᠨᠦᠨᠳᠦᠰᠦᠲᠡᠨᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠡᠨᠡ ᠬᠦ᠌ ᠭᠣᠣᠯ ᠰᠢᠵᠢᠮ᠎ᠢ ᠨᠡᠢᠭᠡᠮᠲᠣᠭᠣᠷᠢᠭ᠋ᠤᠨ ᠠᠵᠢᠯ᠎ᠤᠨ ᠬᠠᠮᠤᠭ᠎ᠤᠨ ᠲᠣᠪᠣᠢᠮ᠎ᠠ ᠪᠠᠢᠷᠢᠨ᠎ᠳᠤ ᠲᠠᠯᠪᠢᠵᠤ᠂ ᠦᠨᠳᠦᠰᠦᠲᠡᠨ᠎ᠦ ᠪᠦᠯᠬᠦᠮᠳᠡᠯᠢᠪᠦᠬᠥ ᠬᠦᠴᠦᠨ᠎ᠢᠶᠡᠷ᠎ᠢᠶᠡᠨ ᠰᠠᠢᠲᠤᠷ ᠬᠠᠮᠠᠭᠠᠯᠠᠵᠤ᠂ ᠠᠷᠠᠳ ᠲᠦᠮᠡᠨ᠎ᠢ ᠰᠡᠳᠬᠢᠯ ᠵᠢᠷᠦᠬᠡᠨ ᠳ᠋ᠡᠬᠡᠨ ᠳᠡᠬᠡᠳᠤᠯᠡᠵᠥ᠂ᠪᠦᠬᠥ ᠬᠦᠴᠦᠨ᠎ᠢᠶᠡᠷ᠎ᠢᠶᠡᠨ ᠤᠯᠠᠨ ᠲᠦᠮᠡᠨ᠎ᠦ ᠬᠦᠴᠢᠷ ᠵᠣᠪᠠᠭᠤᠷᠢ᠎ᠶᠢ ᠰᠢᠢᠳᠪᠦᠷᠢᠯᠡᠵᠦ ᠥᠭᠬᠦᠨ᠎ᠠ ᠬᠡᠪᠡ᠃
ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢᠨᠡᠢᠭᠡᠮ ᠲᠣᠭᠣᠷᠢᠭ ᠪᠣᠯᠤᠭ᠍ᠰᠠᠨ᠎ᠤ ᠬᠤᠪᠢ᠎ᠳᠤ᠂ ᠣᠢᠷ᠎ᠠ᠎ᠶ᠋ᠢᠨ ᠵᠢᠯ᠎ᠳ᠋ᠤ᠂ ᠬᠢᠩᠭᠠᠨ ᠠᠢᠮᠠᠭ᠎ᠤᠨ ᠬᠣᠷᠴᠢᠨ ᠪᠠᠷᠠᠭᠤᠨᠭᠠᠷᠤᠨ ᠡᠮᠦᠨᠡᠲᠦ ᠬᠣᠱᠢᠭᠤᠨ᠎ᠤ ᠰᠢᠩ ᠺᠸ ᠨᠡᠢᠭᠡᠮ ᠲᠣᠭᠣᠷᠢᠭᠵᠠᠯᠭᠠᠭᠠᠪᠠᠷ 《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠬᠡᠷ᠎ᠦᠨ ᠬᠥᠮᠦᠨ ᠮᠠᠳᠤ ᠲᠤᠳᠤᠨᠤ》᠂ 《ᠨᠡᠢᠭᠡᠮ ᠲᠣᠭᠣᠷᠢᠭ᠎ᠤᠨ ᠬᠥᠷᠰᠢ ᠵᠡᠷᠭᠡᠯᠡᠳᠡᠭᠡ᠎ᠶ᠋ᠢᠨ ᠪᠠᠶᠠᠷ》 ᠵᠡᠷᠭᠡ ᠱᠢᠷᠢᠰ ᠠᠵᠢᠯᠯᠠᠭ᠎ᠠ ᠥᠷᠨᠢᠭᠦᠯᠵᠦ᠍᠂ ᠨᠡᠢᠭᠡᠮ ᠲᠣᠭᠣᠷᠢᠭ᠎ᠤᠨ ᠦᠨᠳᠦᠰᠦᠲᠡᠨᠦᠪᠦᠯᠬᠦᠮᠳᠡᠯᠢ ᠡᠭᠦᠳᠦᠨ ᠪᠠᠢᠭᠤᠯᠬᠤ ᠠᠵᠢᠯ᠎ᠤᠨ ᠦᠵᠡᠰᠬᠦᠯᠡᠨᠭᠳᠤ ᠰᠠᠢᠬᠠᠨ ᠨᠡᠷ᠎ᠡ᠎ᠶ᠋ᠢᠨ ᠬᠠᠭᠤᠳᠠᠰᠤ ᠪᠣᠯᠤᠭ᠍ᠰᠠᠨᠪᠠᠢᠨᠠ᠃《ᠮᠠᠨ᠎ᠤ ᠰᠢᠩ ᠺᠸ ᠨᠡᠢᠭᠡᠮ ᠲᠣᠭᠣᠷᠢᠭ᠎ᠤᠨ ᠬᠢᠨ ᠶᠡᠷᠤᠨᠭᠭᠡᠢ ᠱᠦᠵᠢ ᠰᠢ᠎ᠶ᠋ᠢᠨ ᠫᠢᠩᠤᠨᠦᠨᠳᠦᠰᠦᠲᠡᠨᠦ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠲᠠᠰᠤᠷᠠᠯᠲᠠ ᠦᠭᠡᠶ ᠭᠦᠨᠵᠡᠭᠡᠶ ᠲᠤᠭᠤᠰᠢᠯᠠᠭᠤᠯᠤᠨᠨᠠᠢᠳᠠᠪᠤᠷᠢᠵᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠡᠭᠦᠳᠦᠨ ᠪᠠᠢᠭᠤᠯᠬᠤ ᠠᠵᠢᠯ᠎ᠢ ᠦᠷᠭᠦᠯᠵᠢᠯᠡᠨᠴᠢᠬᠤᠯᠠ ᠪᠠᠢᠷᠢᠨ᠎ᠳᠤ ᠲᠠᠯᠪᠢᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠲᠤᠳᠭᠠᠬᠤ᠂ ᠦᠬᠦᠵᠦ᠍ ᠰᠡᠭᠡᠬᠦ᠌ᠪᠡᠨᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤᠪᠡᠬᠢ ᠪᠤᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠰᠠᠨᠠᠭᠠᠨᠤᠰᠠᠭᠤᠷᠢᠶ᠋ᠢ ᠲᠠᠰᠤᠷᠠᠯᠳᠠ ᠦᠭᠡᠢ ᠪᠡᠬᠢᠵᠢᠭᠦᠯᠵᠦ᠍᠂ ᠦᠨᠳᠦᠰᠦᠲᠡᠨ᠎ᠨᠦᠭᠦᠳ᠎ᠦᠨ ᠳᠤᠮᠳᠠᠳᠤ᠎ᠶ᠋ᠢᠨ ᠦᠨᠳᠦᠰᠦᠲᠡᠨᠦᠶᠡᠬᠡ ᠭᠡᠷ ᠪᠦᠯᠢ᠎ᠳᠦ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠤᠨ᠎ᠠ》 ᠭᠡᠵᠦ᠍ ᠰᠢᠩ ᠺᠸ ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠶᠤᠸᠠᠨᠱ᠌ᠢ ᠶᠢᠩ ᠬᠡᠯᠡᠪᠡ᠃
ᠠᠯᠠᠱᠠᠠᠢᠮᠠᠭᠤᠨ ᠠᠯᠠᠱᠠ ᠵᠡᠭᠦᠨ ᠬᠣᠱᠢᠭᠤᠨ᠎ᠤ ᠯᠤᠸᠠᠨ ᠵᠢᠩ ᠲᠠᠨ ᠠᠮᠢ ᠠᠬᠤᠢ᠎ᠶ᠋ᠢᠨ ᠨᠡᠭᠦᠳᠡᠯ ᠠᠷᠠᠳ᠎ᠤᠨ ᠵᠢᠱ᠌ᠢᠢᠡᠦᠵᠡᠭᠦᠯᠬᠦ᠌ ᠲᠣᠭᠣᠷᠢᠭ᠎ᠤᠨ ᠲᠩᠷᠢ ᠡᠯᠡᠰᠤ ᠪᠠᠯᠭᠠᠰᠤᠨ᠎ᠤ ᠤᠯᠠᠭᠠᠨᠬᠠᠳᠠ ᠭᠠᠴᠠᠭᠠᠨ᠎ᠤ ᠨᠠᠮ᠎ᠤᠨ ᠡᠭᠦᠷ᠎ᠦᠨ ᠱᠦᠵᠢᠯᠢ ᠱᠢᠶᠦ᠋ᠩ ᠶᠢᠩ᠄ 《ᠶᠡᠷᠦᠩᠬᠡᠢ ᠱᠦᠵᠢ ᠰᠢᠶ᠋ᠢᠨᠫᠢᠩᠤᠨ ᠴᠢᠬᠤᠯᠠ ᠶᠠᠷᠢᠶ᠎ᠠ ᠬᠥᠮᠦᠰ᠎ᠢ ᠤᠷᠮᠠᠰᠢᠭᠤᠯᠤᠨ ᠵᠣᠷᠢᠭ᠍ᠵᠢᠭᠤᠯᠤᠨ᠎ᠠ᠃ ᠣᠢᠷ᠎ᠠ᠎ᠶ᠋ᠢᠨ ᠵᠢᠯ᠎ᠦᠳ᠎ᠲᠦ᠂ᠮᠠᠨ᠎ᠤ ᠭᠠᠴᠠᠭᠠᠨ᠎ᠤ ᠬᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠵᠤ ᠦᠶ᠋ᠯᠡᠰ᠎ᠦᠨ ᠬᠥᠭ᠌ᠵᠢᠯᠲᠡᠲᠡᠶᠭᠦᠨᠵᠡᠭᠡᠶ ᠠᠭᠤᠰᠤᠯᠴᠠᠭᠤᠯᠵᠤ᠂〈ᠨᠠᠮ᠎ᠤᠨ ᠡᠭᠦᠷ + ᠲᠤᠰᠬᠠᠢ ᠬᠣᠷᠱᠢᠶ᠎ᠠ〉ᠵᠢᠨ ᠵᠢᠭᠤᠯᠴᠢᠯᠠᠯᠤᠨᠬᠥᠭ᠌ᠵᠢᠯᠲᠡᠶ᠋ᠢᠨ ᠵᠠᠭ᠍ᠪᠤᠷ᠎ᠢ ᠬᠠᠢᠨ ᠰᠦᠪᠡᠭ᠌ᠴᠢᠯᠠᠨ ᠭᠠᠷᠭᠠᠵᠤ᠂ ᠣᠲᠣ ᠭᠠᠴᠠᠭᠠᠨ᠎ᠤ ᠦᠨᠳᠦᠰᠦᠲᠡᠨᠨᠦᠭᠦᠳᠦᠨᠣᠯᠠᠨ ᠲᠦᠮᠡᠨ ᠴᠥᠮ〈ᠵᠢᠭᠤᠯᠴᠢᠯᠠᠯ᠎ᠤᠨ ᠦᠢᠯᠡᠰ〉 ᠡᠴᠡ ᠠᠰᠢᠭ ᠬᠦᠷᠳᠡᠭᠰᠡᠨᠪᠠᠢᠨᠠ ᠃ ᠬᠣᠢᠱᠢᠳᠠ᠎ᠶ᠋ᠢᠨ ᠠᠵᠢᠯ᠎ᠤᠨ ᠳᠤᠮᠳᠠ᠎ᠪᠠᠨ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠤᠨ ᠬᠦᠰᠡᠯᠨᠠᠢᠳᠠᠯᠭᠠᠶ᠋ᠢ ᠪᠠᠲᠤ ᠴᠡᠭᠡᠵᠢᠯᠡᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠨᠡᠩ ᠨᠢᠭ᠍ᠲᠠᠷᠠᠨ ᠪᠦᠯᠬᠦᠮᠳᠡᠭᠦᠯᠵᠦ᠍᠂ᠭᠠᠷ ᠬᠣᠯᠪᠣᠯᠴᠠᠨ᠂ ᠮᠥᠷᠥ᠍ ᠵᠡᠷᠭᠡᠴᠠᠵᠤ᠂ ᠭᠠᠴᠠᠭᠠᠨ᠎ᠤ ᠨᠡᠩ ᠰᠠᠢ᠌ᠨ ᠰᠠᠢᠬᠠᠨ ᠢᠷᠡᠭᠡᠳᠦᠶ᠎ᠶ᠋ᠢᠨ ᠲᠥᠯᠥᠭᠡᠬᠠᠮᠲᠤᠪᠠᠷ ᠴᠢᠷᠮᠠᠢᠨ ᠲᠡᠮᠡᠴᠡᠨ᠎ᠠ》 ᠭᠡᠵᠦ᠍ ᠬᠡᠯᠡᠪᠡ᠃
ᠬᠢᠩᠭᠠᠨᠠᠢᠮᠠᠭᠤᠨ ᠲᠦᠴᠢᠦᠸᠠᠨ ᠱᠢᠶᠠᠨ᠎ᠤ᠎ᠶ᠋ᠢᠨ ᠨᠦᠩ ᠲᠠᠷᠢᠶᠠᠯᠠᠩ᠎ᠤᠨ ᠲᠤᠰᠭᠠᠢ ᠬᠤᠷᠱᠢᠶ᠎ᠠ᠎ᠶ᠋ᠢᠨ ᠬᠡᠷᠡᠭ ᠡᠷᠬᠢᠯᠡᠭ᠌ᠴᠢᠳᠦᠨᠳᠠᠷᠤᠭᠠ ᠬᠦᠩ ᠱᠢᠶᠤᠤ ᠫᠸᠩ ᠲᠤᠰᠬᠠᠢ ᠬᠤᠷᠰᠢᠶ᠎ᠠ ᠵᠢᠨ ᠭᠡᠱᠢᠭᠦᠳ ᠲᠠᠢ ᠪᠠᠨ ᠬᠠᠮᠳᠤ ᠶᠡᠷᠦᠡᠭᠭᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳᠦᠨᠪᠦᠯᠬᠦᠮᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠢᠰᠣᠨᠣᠰᠤᠭᠠᠳ ᠤᠯᠠᠨ᠎ᠢᠶᠠᠷ᠎ᠢᠶᠠᠨ᠂ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ᠲᠤᠰᠬᠠᠢ ᠬᠤᠷᠱᠢᠶ᠎ᠠ᠎ᠶ᠋ᠢ ᠭᠡᠱᠢᠭᠦᠳ᠎ᠤᠨ《ᠪᠠᠶᠠᠵᠢᠯ᠎ᠤᠨ ᠬᠤᠷᠱᠢᠶ᠎ᠠ》 ᠪᠣᠯᠭᠠᠵᠤ᠂ ᠤᠯᠠᠨᠢᠳᠠᠭᠠᠭᠤᠯᠤᠨ ᠱᠢᠬᠢᠷ ᠯᠤᠤᠪᠠᠩ ᠲᠠᠷᠢᠬᠤ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠪᠠᠶᠠᠵᠢᠨ ᠴᠢᠨᠡᠭᠡᠯᠢᠭ᠌ᠵᠢᠬᠦ᠌ 《ᠵᠣᠯ ᠵᠢᠷᠭᠠᠯᠲᠤ ᠦᠢᠯᠡᠰ》 ᠢ᠋ ᠬᠠᠮᠲᠤ ᠪᠠᠷ ᠡᠬᠢᠯᠡᠭᠦᠯᠦᠨᠡᠭᠡᠵᠦ᠍ ᠢᠯᠡᠳᠭᠡᠵᠡᠭᠡᠪᠡ᠃ 《ᠡᠨᠡ ᠵᠢᠯ ᠮᠠᠨ᠎ᠤ ᠲᠤᠰᠬᠠᠢ ᠬᠣᠷᠱᠢᠶ᠎ᠠ ᠭᠠᠵᠠᠷ ᠱᠢᠷᠣᠶᠵᠢᠡᠵᠡᠩᠨᠡᠬᠦ ᠡᠷᠭᠡ ᠵᠢ ᠰᠢᠯᠵᠢᠬᠦᠯᠬᠦ ᠵᠢ ᠨᠡᠮᠡᠭ᠌ᠳᠡᠭᠦᠯᠵᠦ᠍᠂ ᠨᠠᠩ ᠣᠯᠠᠨ ᠭᠡᠱᠢᠭᠦᠳ᠎ᠢ ᠲᠤᠰᠬᠠᠢ ᠬᠣᠷᠱᠢᠶᠠᠳᠤᠣᠷᠣᠭᠤᠯᠤᠨ᠂ ᠬᠠᠪᠤᠷ᠎ᠤᠨ ᠲᠠᠷᠢᠶᠠᠯᠠᠭ᠎ᠠ᠎ᠶ᠋ᠢᠨ ᠪᠥᠬᠥ᠌ ᠶᠠᠪᠤᠴᠠ᠎ᠳᠤ ᠮᠠᠱᠢᠨᠴᠢᠯᠠᠭ᠍ᠰᠠᠨ ᠲᠠᠷᠢᠶᠠᠯᠠᠭᠠᠶ᠋ᠢᠪᠠᠲᠤᠯᠠᠵᠤ᠂ ᠠᠮᠤ ᠪᠤᠳᠠᠭᠠᠨ᠎ᠤ ᠤᠨᠠᠯᠲᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠬᠤᠶ᠋ᠢᠦᠨᠡᠨ ᠬᠦ᠌ ᠪᠡᠶᠡᠯᠡᠭᠦᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ ᠬᠥᠭ᠌ᠵᠢᠭᠦᠯᠬᠦ᠌ ᠬᠠᠷᠠᠯᠲᠠᠶ᠋ᠢᠪᠡᠶᠡᠯᠡᠭᠦᠯᠦᠨᠡ》 ᠭᠡᠵᠦ᠍ ᠬᠦᠩ ᠰᠢᠶᠤᠤᠫᠸᠩ ᠰᠡᠳᠭᠢᠯ ᠳᠣᠭ᠍ᠳᠣᠯᠤᠨ ᠬᠡᠯᠡᠪᠡ ᠃
ᠲᠦᠩᠯᠢᠶᠣᠤᠬᠤᠲᠠᠶ᠋ᠢᠨ ᠺᠠᠢᠯᠦ᠍ ᠱᠢᠶᠠᠨ᠎ᠤ ᠵᠢᠷᠭᠠᠯᠠᠩᠲᠤ ᠪᠠᠯᠭᠠᠰᠤᠨ᠎ᠤ ᠵᠠᠮ᠎ᠤᠨ ᠬᠤᠢᠳᠤ ᠠᠢᠯ ᠲᠣᠰᠭᠣᠨ᠎ᠤ ᠪᠠᠶᠠᠵᠢᠯᠤᠨᠲᠠᠭᠠᠭᠤᠯᠤᠬ᠍ᠴᠢ ᡂᠢ ᠮᠢᠨ᠄ 《ᠪᠢ 2017 ᠣᠨ᠎ᠡᠴᠡ ᠡᠬᠢᠯᠡᠨ ᠪᠤᠭᠤ ᠲᠡᠵᠢᠭᠡᠵᠦ᠍᠂ ᠨᠠᠮ᠎ᠤᠨ ᠠᠷᠠᠳᠲᠤᠠᠱᠢᠭ ᠬᠦᠷᠲᠡᠭᠡᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠵᠢᠯᠤᠭᠤᠳᠤᠯᠭ᠎ᠠ ᠳᠣᠣᠷ᠎ᠠ᠂ ᠪᠤᠭᠤ᠎ᠶ᠋ᠢᠨ ᠲᠣᠭ᠎ᠠ ᠬᠠᠮᠤᠭᠠᠩᠬᠠᠨᠤ ᠠᠷᠪᠠᠨ ᠬᠡᠳᠦᠨ ᠪᠤᠭᠤᠡᠴᠡᠪᠠᠨ ᠤᠳᠤ 170 ᠪᠤᠯᠵᠤ ᠨᠡᠮᠡᠭᠳᠡᠵᠤ᠂ ᠵᠢᠯ᠎ᠦᠨ ᠴᠡᠪᠡᠷ ᠣᠷᠣᠯᠭ᠎ᠠ 50 ᠲᠦᠮᠡᠨ ᠲᠥᠭᠥᠷᠢᠭ ᠣᠷᠴᠢᠮᠳᠤᠬᠦᠷᠴᠦ᠍᠂ ᠠᠮᠢᠳᠤᠷᠠᠯ ᠡᠳᠦᠷ ᠢᠷᠡᠬᠦᠶ᠎ᠡ ᠥᠭᠡᠳᠡᠯᠡᠵᠦ᠍ ᠪᠠᠢᠨ᠎ᠠ᠃ ᠨᠢᠭᠡᠨ ᠡᠪ ᠬᠠᠮᠲᠤ ᠨᠠᠮ᠎ᠤᠨ ᠭᠡᠱᠢᠭᠦᠨᠪᠣᠯᠤᠭ᠍ᠰᠠᠨᠤ ᠬᠤᠪᠢ᠎ᠳᠤ᠂ ᠪᠢ ᠯᠠᠪᠲᠠᠢ ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠬᠦᠰᠡᠯ ᠨᠠᠢᠳᠠᠯᠭᠠᠶ᠋ᠢᠡᠷᠡᠮᠡᠭᠡᠢᠯᠡᠨ ᠤᠷᠤᠭ᠍ᠰᠢᠯᠠᠬᠤ ᠬᠥᠳᠡᠯᠭᠡᠬᠦ᠌ ᠬᠦᠴᠦᠨ ᠪᠣᠯᠭᠠᠵᠤ᠂ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢᠦᠢᠯᠡᠳᠦᠯᠢ ᠭᠦᠢᠴᠡᠳ ᠪᠠᠳᠠᠷᠠᠭᠤᠯᠵᠤ᠂ ᠬᠦᠰᠡᠯ ᠡᠷᠡᠮᠡᠯᠵᠡᠯ᠎ᠲᠡᠶ ᠤᠯᠠᠨ ᠲᠦᠮᠡᠨ᠎ᠢ ᠲᠠᠢ᠌ᠴᠢᠯᠠᠨ ᠪᠤᠭᠤ ᠲᠡᠵᠢᠭᠡᠬᠦ᠌ᠠᠵᠤ ᠦᠢᠯᠡᠰ᠎ᠢ ᠰᠠᠢᠲᠤᠷ ᠬᠥᠭ᠌ᠵᠢᠭᠦᠯᠵᠦ᠍᠂ ᠨᠡᠩ ᠤᠯᠠᠨᠠᠷᠠᠳ ᠲᠦᠮᠡᠨ᠎ᠳᠦ ᠦᠨ᠎ᠡ ᠲᠥᠯᠥᠪᠦᠷᠢ ᠦᠭᠡᠢ᠎ᠪᠡᠷ ᠬᠠᠪᠰᠤᠷᠤᠯᠭ᠎ᠠ ᠦᠵᠡᠭᠦᠯᠵᠦ᠍᠂ ᠨᠡᠩ ᠤᠯᠠᠨ ᠠᠷᠠᠳ ᠲᠦᠮᠡᠨ᠎ᠢ ᠲᠠᠢ᠌ᠴᠢᠯᠠᠨ ᠪᠠᠶᠠᠵᠢᠭᠤᠯᠵᠤ᠂ ᠰᠠᠢ᠌ᠨ ᠰᠠᠢᠬᠠᠨᠠᠮᠢᠳᠤᠷᠠᠯᠢ ᠬᠠᠮᠲᠤ ᠪᠠᠷ ᠴᠣᠭ᠍ᠴᠠᠯᠠᠨ᠎ᠠ》 ᠭᠡᠵᠦ᠍ ᠬᠡᠯᠡᠪᠡ᠃
ᠪᠤᠭᠤᠳᠤᠬᠤᠳᠠᠶ᠋ᠢᠨ ᠳ᠋ᠦᠩ ᠾᠧ ᠲᠣᠭᠣᠷᠢᠭ᠎ᠤᠨ ᠯᠢᠦ ᠪᠦᠦ ᠶᠣᠣ ᠲᠣᠰᠭᠣᠨ᠎ᠤ ᠨᠠᠮ᠎ᠤᠨ ᠡᠭᠦᠷ᠎ᠦᠨ ᠱᠦᠵᠢ᠂ ᠲᠣᠰᠭᠣᠨᠤᠠᠷᠠᠳᠤᠨ ᠵᠥᠪᠯᠡᠯ᠎ᠦᠨ ᠡᠷᠬᠢᠯᠡᠭ᠌ᠴᠢ ᠴᠠᠩ ᠹᠸᠩ ᠶᠡᠷᠦᠩᠬᠡᠢ ᠱᠦᠵᠢ ᠰᠢ᠎ᠶ᠋ᠢᠨ ᠫᠢᠩ᠎ᠦᠨ ᠴᠢᠬᠤᠯᠠ ᠶᠠᠷᠢᠶᠠᠶ᠋ᠢᠰᠤᠷᠤᠯᠴᠠᠭ᠍ᠰᠠᠨᠤ ᠳᠠᠷᠠᠭ᠎ᠠ ᠲᠤᠢᠯ᠎ᠢᠶᠠᠷ ᠤᠷᠮᠠᠱᠢᠨ ᠵᠣᠷᠢᠭ᠍ᠵᠢᠪᠠ᠃ ᠲᠡᠷᠡ᠄《ᠶᠡᠷᠦᠩᠬᠡᠢ ᠱᠦᠵᠢᠶ᠋ᠢᠨᠬᠡᠯᠡᠭ᠌ᠰᠡᠨᠴᠢᠯᠡᠨ᠂ ᠥᠪᠥᠷ ᠮᠣᠩᠭᠣᠯ᠎ᠤᠨ ᠥᠨᠥᠳᠦᠷ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤᠪᠠᠷᠲᠡᠮᠡᠴᠡᠭ᠌ᠰᠡᠨᠦ ᠦᠷ᠎ᠡ ᠳ᠋ᠦᠩ ᠮᠥᠨ᠂ ᠥᠪᠥᠷ ᠮᠣᠩᠭᠣᠯ᠎ᠤᠨ ᠮᠠᠷᠭᠠᠰᠢ ᠮᠥᠨ ᠬᠦ᠌ ᠦᠨᠳᠦᠰᠦᠲᠡᠨ᠎ᠨᠦᠭᠦᠳ᠎ᠦᠨ ᠤᠯᠠᠨᠲᠦᠮᠡᠨᠦ ᠪᠦᠯᠬᠦᠮᠳᠡᠨ ᠲᠡᠮᠡᠴᠡᠬᠦ᠌᠎ᠶ᠋ᠢ ᠱᠠᠭᠠᠷᠳᠠᠵᠤ ᠪᠠᠢᠨ᠎ᠠ᠃ ᠨᠠᠮ᠎ᠤᠨ ᠡᠭᠦᠷ᠎ᠦᠨ ᠱᠦᠵᠢ ᠪᠣᠯᠤᠭ᠍ᠰᠠᠨ᠎ᠤᠬᠤᠪᠢ᠎ᠳᠤ᠂ ᠪᠢ ᠪᠦᠬᠦ᠌ ᠲᠣᠰᠭᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠳᠠᠭᠠᠭᠤᠯᠤᠨ ᠬᠥᠳᠡᠭᠡ ᠲᠣᠰᠭᠣᠨᠢᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠡᠷᠡᠰ ᠭᠤᠢᠪᠢᠰᠢ ᠦᠭᠡᠢ᠎ᠪᠡᠷ ᠪᠦᠬᠦ᠌ ᠲᠠᠯᠠᠪᠠᠷᠨᠠᠢᠳᠠᠪᠤᠷᠢᠵᠢᠭᠤᠯᠵᠤ᠂ ᠯᠢᠦ ᠪᠦᠦ ᠶᠣᠣ ᠲᠣᠰᠭᠣᠨ᠎ᠤ ᠦᠵᠡᠰᠭᠦᠯᠡᠩᠲᠦ ᠰᠠᠢᠬᠠᠨ ᠠᠭᠤᠯᠠ ᠤᠰᠤ᠂ ᠶᠠᠫᠣᠨ᠎ᠢ ᠡᠰᠡᠷᠭᠦᠴᠡᠬᠦ᠌ᠲᠠᠢᠨᠤ ᠦᠶ᠎ᠠ ᠵᠢᠨ ᠬᠠᠭᠤᠴᠢᠨ ᠪᠠᠭᠤᠷᠢ ᠵᠡᠷᠭᠡ ᠡᠬᠢ ᠪᠠᠶᠠᠯᠢᠭ᠎ᠤᠨ ᠲᠣᠭᠣᠷᠢᠨ᠎ᠳᠤ᠂ ᠰᠡᠯᠡᠭᠦᠴᠡᠨ ᠵᠢᠭᠤᠯᠴᠢᠯᠠᠬᠤᠵᠢᠮᠢᠰ ᠲᠡᠭᠦᠬᠦ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠥᠮᠦᠵᠢᠯ᠂ ᠲᠠᠷᠢᠶᠠᠯᠠᠩ᠎ᠤᠨ ᠵᠢᠭᠤᠯᠴᠢᠯᠠᠯ᠂ᠢᠳᠡᠭᠡᠨ ᠤᠮᠳᠠᠭᠠᠨ ᠬᠤᠨᠤᠭ ᠪᠠᠭᠤᠳᠠᠯ᠎ᠢ ᠨᠢᠭᠡ ᠴᠤᠬ᠍ᠴᠠᠵᠢᠭᠤᠯᠤᠬ᠍ᠰᠠᠨ ᠬᠤᠳᠠ᠎ᠶ᠋ᠢᠨ ᠲᠡᠭᠦᠷᠭᠡ᠎ᠶ᠋ᠢᠨ ᠮᠠᠶᠢᠭᠤᠨᠬᠥᠳᠡᠭᠡ ᠠᠵᠤ ᠠᠬᠤᠢ ᠵᠢᠨ ᠣᠨᠴᠠᠭᠠᠢ ᠠᠵᠤ ᠦᠢᠯᠡᠰ᠎ᠢ ᠪᠠᠢᠭᠤᠯᠵᠤ᠂ ᠲᠣᠰᠭᠣᠨ᠎ᠤ ᠬᠠᠮᠲᠤ᠎ᠶ᠋ᠢᠨ ᠠᠵᠤ ᠠᠬᠤᠢᠶ᠋ᠢᠲᠠᠰᠤᠷᠠᠯᠲᠠ ᠦᠭᠡᠢ ᠬᠥᠭ᠌ᠵᠢᠭᠦᠯᠦᠨ ᠪᠤᠵᠠᠭᠠᠢᠷᠠᠭᠤᠯᠵᠤ᠂ ᠲᠠᠷᠢᠶᠠᠯᠠᠩ᠎ᠤᠨ ᠤᠨᠠᠯᠲᠠ᠎ᠶ᠋ᠢ ᠲᠣᠭ᠍ᠲᠠᠪᠤᠷᠢᠵᠢᠭᠤᠯᠤᠨ ᠨᠡᠮᠡᠭ᠌ᠳᠡᠭᠦᠯᠬᠦ᠌ ᠪᠠ ᠲᠠᠷᠢᠶᠠᠴᠢᠳ᠎ᠤᠨ ᠣᠷᠣᠯᠭ᠎ᠠ᠎ᠶ᠋ᠢ ᠦᠷᠭᠦᠯᠵᠢᠯᠡᠨᠨᠡᠮᠡᠭ᠌ᠳᠡᠭᠦᠯᠬᠦ᠌ᠶ᠋ᠢ ᠠᠬᠢᠭᠤᠯᠤᠨ᠎ᠠ》 ᠭᠡᠵᠦ᠍ ᠬᠡᠯᠡᠪᠡ᠃
《ᠶᠡᠷᠦᠩᠬᠡᠢ ᠱᠦᠵᠢ ᠰᠢᠶᠢᠨᠫᠢᠩ ᠥᠪᠥᠷ ᠮᠣᠩᠭᠣᠯ᠎ᠤᠨ ᠨᠥᠬᠥᠳ᠎ᠢ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠂ ᠡᠨᠧᠷᠭᠢ᠎ᠶᠢᠨ ᠠᠮᠤᠷ ᠲᠦᠪᠰᠢᠨ᠂ᠠᠮᠤ ᠪᠤᠳᠠᠭᠠᠨ᠎ᠤ ᠠᠮᠤᠷ ᠲᠦᠪᠰᠢᠨ᠂ ᠠᠵᠤ ᠦᠢᠯᠡᠰ᠎ᠦᠨ ᠠᠮᠤᠷ ᠲᠦᠪᠰᠢᠨ᠎ᠢ ᠬᠠᠮᠠᠭᠠᠯᠠᠬᠤ ᠴᠢᠬᠤᠯᠠ ᠶᠡᠬᠡ ᠤᠯᠤᠰᠲᠦᠷᠦᠶᠢᠨ ᠬᠠᠷᠢᠭᠤᠴᠠᠯᠭ᠎ᠠ᠎ᠵᠢ ᠦᠨᠡᠨᠬᠦ ᠭᠦᠢᠴᠡᠳᠬᠡᠬᠦ ᠵᠢ ᠬᠦᠰᠡᠵᠦ᠂ ᠪᠢᠳᠡᠨ ᠳ᠋ᠤ ᠠᠵᠢᠯ᠎ᠤ᠋ᠨ ᠴᠢᠭᠯᠡᠯᠢᠵᠢᠭᠠᠵᠤ ᠥᠭᠬᠦᠭᠰᠡᠨ ᠪᠠᠢᠨ᠎ᠠ》᠃ ᠪᠤᠭᠤᠲᠤ ᠬᠣᠲᠠ᠎ᠶᠢᠨ ᠳ᠋ᠦᠩ ᠾᠧ ᠲᠣᠭᠣᠷᠢᠭ᠋᠎ᠤᠨ ᠲᠠᠷᠢᠶᠠᠯᠠᠩ᠎ᠮᠠᠯ ᠠᠵᠤ ᠠᠬᠤᠢ᠎ᠪᠠ ᠬᠦᠳᠡᠭᠡ ᠲᠤᠰᠭᠤᠨ ᠮᠠᠯᠵᠢᠬᠤ ᠤᠷᠤᠨ ᠤ᠋ ᠲᠣᠪᠴᠢᠶ᠎ᠠ᠎ᠶᠢᠨ ᠳᠠᠷᠤᠭ᠎ᠠ ᠭᠦᠸᠧ ᠱᠣᠣ ᠺᠦᠨ᠂《ᠪᠢᠳᠡ ᠠᠮᠤ ᠪᠤᠳᠠᠭᠠᠨᠤᠦᠢᠯᠡᠳᠪᠦᠷᠢᠯᠡᠯ ᠪᠣᠯᠣᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠭᠦᠨ ᠮᠠᠯ᠎ᠤᠨ ᠠᠱᠢᠭ ᠱᠢᠮ᠎ᠡ ᠵᠢᠨ ᠬᠠᠩᠭᠠᠯᠭᠠᠶᠢᠪᠦᠬᠦ ᠬᠦᠴᠦᠨ᠎ᠢᠶᠡᠷ᠎ᠢᠶᠡᠨ ᠰᠠᠢᠲᠤᠷ ᠠᠳᠬᠤᠵᠤ᠂ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠵᠤ᠂ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠵᠦ᠂ 〈ᠠᠭᠤᠯᠠ ᠤᠰᠤ ᠤᠢ ᠮᠤᠳᠤᠭᠠᠵᠠᠷ ᠲᠠᠷᠢᠶ᠎ᠠ ᠨᠠᠭᠤᠷ ᠪᠦᠷᠢ᠎ᠳᠤ ᠨᠤᠳᠤᠬ ᠪᠡᠯᠴᠢᠭᠡᠷ ᠡᠯᠡᠰᠦ ᠮᠠᠩᠬ᠎ᠠ〉 ᠵᠢᠨ ᠪᠦᠬᠦ ᠡᠯᠧᠮᠧᠨ᠋ᠲᠦᠨᠬᠥᠭᠵᠢᠯᠲᠡᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭᠠᠶᠢᠨᠳᠦᠷᠢᠮ᠂ ᠤ᠌ᠢ ᠰᠢᠭᠤᠢ᠎ᠶᠢᠨ ᠳᠠᠷᠤᠭ᠎ᠠ᠎ᠶᠢᠨ ᠳᠦᠷᠢᠮ᠎ᠢᠶᠡᠷ ᠭᠣᠣᠯᠳᠠᠯᠭ᠎ᠠ ᠪᠣᠯᠭᠠᠵᠤ᠂ ᠲᠠᠷᠢᠶᠠᠯᠠᠬᠤ ᠣᠷᠣᠨᠤᠠᠮᠢ ᠠᠬᠤᠢ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠬᠦ᠎ᠶᠢ ᠠᠬᠢᠭᠤᠯᠵᠤ᠂ ᠠᠭᠤᠯᠠ ᠨᠢ ᠨᠡᠩ ᠬᠦᠬᠡᠮᠳᠦᠭ᠂ᠤᠰᠤ ᠨᠢ ᠨᠡᠩ ᠲᠤᠩᠭᠠᠯᠠᠭ᠂ ᠵᠢᠮᠢᠰ ᠨᠣᠭᠣᠭ᠎ᠠ ᠨᠢ ᠨᠡᠩ ᠠᠩᠬᠢᠯᠤᠮ᠎ᠠ ᠰᠠᠢᠨ ᠰᠠᠢᠬᠠᠨ ᠠᠮᠢ ᠠᠬᠤᠢ᠎ᠶᠢᠨ ᠣᠷᠣᠨᠵᠠᠢᠶᠢ ᠴᠢᠷᠮᠠᠢᠨ ᠴᠣᠭᠴᠠᠯᠠᠨ᠎ᠠ》 ᠭᠡᠵᠦ ᠬᠡᠯᠡᠪᠡ᠃
ᠦᠬᠠᠢᠬᠤᠳᠠᠶᠢᠨ ᠬᠠᠢᠨᠠᠨ ᠲᠣᠭᠣᠷᠢᠭ᠋᠎ᠤᠨ ᠪᠠᠶᠠᠨᠳᠤᠬᠤᠢ ᠪᠠᠯᠭᠠᠰᠤᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ ᠯᠢᠦᠢᠶᠠᠩ᠄ 《ᠲᠠᠷᠢᠶᠠᠯᠠᠬᠤ ᠣᠷᠣᠨᠤᠦᠨᠳᠦᠰᠦᠨ ᠱᠠᠲᠤᠨ᠎ᠤ ᠺᠠᠳ᠋ᠷ ᠪᠣᠯᠤᠭᠰᠠᠨ᠎ᠤ ᠬᠤᠪᠢ᠎ᠳᠤ᠂ ᠪᠢᠳᠡ ᠶᠡᠷᠦᠩᠬᠡᠢ ᠱᠦᠵᠢ ᠰᠢ᠎ᠶᠢᠨ ᠫᠢᠩ ᠤ᠋ᠨ ᠴᠢᠬᠤᠯᠠᠶᠠᠷᠢᠶᠠᠨᠤ ᠵᠣᠷᠢᠭ᠋ ᠰᠠᠨᠠᠭ᠎ᠠ ᠶ᠋ᠢ ᠰᠤᠷᠤᠯᠴᠠᠨ ᠤᠬᠠᠭᠤᠯᠵᠤᠲᠤᠭᠤᠰᠢᠯᠠᠭᠤᠯᠬᠤ ᠵᠢ ᠣᠳᠣᠬᠠᠨ᠎ᠤ ᠴᠢᠬᠤᠯᠠ ᠤᠯᠤᠰ ᠲᠥᠷᠥ᠍ ᠶ᠋ᠢᠨ ᠡᠭᠦᠷᠭᠡ ᠪᠣᠯᠭᠠᠵᠤ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠦᠨᠡᠨᠬᠦ 〈ᠬᠦᠳᠡᠭᠡ ᠠᠵᠤ ᠠᠬᠤᠢ᠂ᠬᠦᠳᠡᠭᠡ ᠲᠤᠰᠭᠤᠨ᠂ ᠲᠠᠷᠢᠶᠠᠴᠢᠨ〉 ᠤ᠋ ᠠᠵᠢᠯ᠎ᠢ ᠠᠬᠢᠭᠤᠯᠬᠤ ᠬᠦᠴᠦᠷᠬᠡᠭ ᠶᠡᠬᠡ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠠᠢ᠍ᠢᠴᠢᠨ ᠪᠡᠬᠢᠯᠡᠯᠲᠡᠶᠢᠨᠦᠢᠯᠡᠳᠦᠯᠢ ᠭᠦᠢᠴᠡᠳ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠂ᠠᠵᠤ ᠦᠢᠯᠡᠰ᠎ᠦᠨ ᠬᠥᠭᠵᠢᠯᠲᠡ᠂ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠂ ᠬᠥᠳᠡᠭᠡ ᠲᠣᠰᠬᠣᠨ᠎ᠤ ᠵᠠᠰᠠᠯᠲᠠᠶᠢᠨᠭᠣᠣᠯᠳᠠᠯᠭᠠᠲᠠᠢ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤᠳᠤᠰᠢᠨᠡ ᠦᠷ᠎ᠡ ᠪᠦᠲᠦᠮᠵᠢ ᠣᠯᠬᠤ᠎ᠶᠢ ᠠᠬᠢᠭᠤᠯᠤᠨ᠎ᠠ》 ᠭᠡᠵᠦ ᠬᠡᠯᠡᠪᠡ᠃
ᠲᠤᠭᠳᠤᠯᠤᠭᠰᠠᠨᠰᠡᠳᠬᠢᠯᠭᠡ ᠪᠤᠯᠤᠨ ᠵᠣᠷᠢᠭ᠍ᠵᠢᠭᠤᠯᠤᠯ᠂ ᠪᠠᠳᠤ ᠢᠲᠡᠭᠡᠯ ᠪᠠ ᠡᠷᠡᠰ ᠵᠤᠷᠢᠭ ᠨᠢ ᠤᠯᠠᠭᠠᠨᠬᠠᠳᠠ ᠬᠣᠲᠠ᠎ᠶᠢᠨ ᠪᠠᠭᠠᠷᠢᠨ ᠪᠠᠷᠠᠭᠤᠨᠬᠣᠰᠢᠭᠤᠨᠤ ᠵᠢᠷᠭᠠᠯ᠎ᠤᠨ ᠵᠠᠮ ᠰᠤᠮᠤᠨ᠎ᠳᠤ ᠤᠳᠠᠲᠠᠯ᠎ᠠ ᠳᠠᠭᠤᠷᠢᠰᠪᠠ᠃ ᠰᠤᠮᠤᠨ᠎ᠤ ᠨᠢᠭᠡᠳᠦᠮᠡᠯ ᠹᠷᠣᠨᠲᠤᠨᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠲᠠᠷᠤᠭ᠎ᠠ ᠶᠠᠩ ᠹᠧᠩ ᠭᠠᠩ᠂ ᠲᠡᠦᠬᠡ᠎ᠶᠢᠨ ᠰᠢᠨ᠎ᠡ ᠭᠠᠷᠤᠭ᠎ᠠ ᠳᠡᠭᠡᠷᠡᠵᠣᠭᠰᠣᠵᠤ᠂ ᠵᠢᠷᠭᠠᠯ᠎ᠤᠨ ᠵᠠᠮ ᠰᠤᠮᠤ᠎ᠶᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠡᠴᠡ ᠨᠠᠮ᠎ᠤᠨ ᠦᠨᠳᠦᠰᠦᠲᠡᠨᠦᠣᠨᠣᠯ ᠲᠥᠷᠥ᠍᠎ᠶᠢᠨ ᠪᠣᠳᠣᠯᠭ᠎ᠠ᠎ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨᠦᠬᠠᠮᠲᠤᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠨᠠᠮ᠎ᠤᠨ ᠦᠭᠡ᠎ᠶᠢ ᠰᠣᠨᠣᠰᠴᠤ᠂ ᠨᠠᠮ᠎ᠤᠨ ᠠᠴᠢ᠎ᠳᠦ ᠲᠠᠯᠠᠷᠬᠠᠵᠤ᠂ᠨᠠᠮ᠎ᠢᠶᠠᠨ ᠲᠠᠭᠠᠬᠤ᠎ᠶᠢ ᠡᠷᠡᠰ ᠭᠤᠢᠪᠢᠰᠢ ᠦᠭᠡᠢ᠎ᠪᠡᠷ ᠬᠥᠲᠥᠯᠥᠨ ᠳᠠᠭᠠᠭᠤᠯᠵᠤ᠂ 《ᠪᠦᠬᠦ ᠤᠯᠤᠰ᠎ᠤᠨ ᠦᠨᠳᠦᠰᠦᠲᠡᠨᠦᠪᠦᠯᠬᠦᠮᠳᠡᠯ ᠲᠠᠪᠰᠢᠯᠳᠠ᠎ᠶᠢ ᠡᠭᠦᠳᠦᠨ ᠪᠠᠶ᠋ᠢᠭᠤᠯᠬᠤ ᠵᠢᠱ᠌ᠢᠶ᠎ᠡ ᠦᠵᠡᠭᠦᠯᠬᠦ ᠨᠢᠭᠡᠴᠢ᠎ᠶᠢ ᠴᠢᠷᠮᠠᠢᠨ ᠪᠠᠶ᠋ᠢᠭᠤᠯᠬᠤ》 ᠪᠡᠷ ᠬᠠᠷᠠᠯᠲᠠ ᠪᠣᠯᠭᠠᠵᠤ᠂ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠡᠭᠦᠳᠦᠨ ᠪᠠᠶ᠋ᠢᠭᠤᠯᠬᠤ ᠠᠵᠢᠯᠯᠠᠭ᠎ᠠ᠎ᠶᠢ ᠪᠦᠲᠦᠭᠡᠯᠴᠢ᠎ᠪᠡᠷ ᠥᠷᠨᠢᠭᠦᠯᠵᠦ᠂ᠠᠵᠢᠯᠯᠠᠭ᠎ᠠ᠎ᠶᠢᠨ ᠠᠭᠤᠯᠭ᠎ᠠ᠎ᠶᠢ ᠳᠠᠰᠤᠷᠠᠯᠳᠠ ᠦᠭᠡᠢ ᠪᠠᠶᠠᠯᠢᠭ᠍ᠵᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨᠮᠠᠨᠳᠤᠭᠤᠯᠬᠤ᠎ᠶᠢ ᠠᠬᠢᠭᠤᠯᠬᠤ᠎ᠳᠤ ᠬᠥᠮᠥᠰ᠎ᠦᠨ ᠰᠡᠳᠬᠢᠯ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠤᠨᠠᠭᠡᠵᠦ ᠬᠡᠯᠡᠪᠡ᠃
ᠬᠥᠬᠡᠬᠣᠲᠠᠶᠢᠨᠬᠣᠲᠣᠩ ᠠᠷᠠᠳ᠎ᠤᠨ ᠲᠣᠭᠣᠷᠢᠭ᠋᠎ᠤᠨ ᠰᠠᠨ ᠱᠦᠨ ᠳ᠋ᠢᠶᠠᠨ ᠨᠡᠢᠭᠡᠮ ᠲᠣᠭᠣᠷᠢᠭ᠋᠎ᠤᠨ ᠨᠠᠮ᠎ᠤᠨ ᠶᠡᠷᠦᠩᠬᠡᠢ ᠡᠭᠦᠷᠦᠨᠱᠦᠵᠢ ᠯᠢ ᠢ ᡁᠢ᠂ ᠳᠠᠷᠠᠭᠠᠴᠢ᠎ᠶᠢᠨ ᠠᠯᠬᠤᠮ᠎ᠳᠤ᠂ ᠪᠦᠬᠦ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮᠤᠨᠵᠤᠬᠢᠶᠠᠨ ᠪᠠᠢ᠌ᠭᠤᠯᠤᠯᠳᠠ ᠪᠤᠯᠤᠭᠰᠠᠨ ᠤ᠋ ᠬᠤᠪᠢ ᠳ᠋ᠤ᠂ ᠰᠠᠨ ᠱᠦᠨ ᠳ᠋ᠢᠶᠠᠨ ᠨᠡᠢᠭᠡᠮ ᠲᠣᠭᠣᠷᠢᠭ᠋᠎ᠤᠨ ᠬᠢᠨᠦᠷᠭᠦᠯᠵᠢᠯᠡᠨ《ᠬᠥᠮᠥᠰ᠎ᠦᠨ ᠰᠡᠳᠬᠢᠯᠢᠨᠢᠭ᠍ᠲᠠᠷᠠᠭᠤᠯᠵᠤ᠂ ᠡᠶ᠎ᠡ ᠵᠣᠬᠢᠴᠠᠩᠭᠤᠢ᠎ᠶᠢ ᠬᠠᠮᠲᠤ ᠪᠠᠷ ᠪᠠᠶ᠋ᠢᠭᠤᠯᠬᠤ》 ᠪᠡᠷ ᠬᠠᠷᠠᠯᠲᠠ ᠪᠣᠯᠭᠠᠵᠤ᠂ᠨᠡᠢᠭᠡᠮ ᠲᠣᠭᠣᠷᠢᠭ᠋᠎ᠤᠨ ᠦᠢᠯᠡᠴᠢᠯᠡᠭᠡᠨ᠎ᠦ ᠴᠢᠳᠠᠪᠬᠢ᠎ᠶᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨᠦᠬᠡᠯᠪᠡᠷᠢᠶᠢ ᠪᠠᠶᠠᠯᠢᠭ᠍ᠵᠢᠭᠤᠯᠵᠤ᠂ ᠠᠷᠠᠳ ᠲᠦᠮᠡᠨ᠎ᠳᠦ ᠦᠢᠯᠡᠴᠢᠯᠡᠬᠦ ᠴᠢᠳᠠᠪᠤᠷᠢ ᠪᠣᠯᠣᠨ ᠬᠢᠷᠢ ᠲᠦᠪᠰᠢᠨᠢᠲᠠᠰᠤᠷᠠᠯᠲᠠ ᠦᠭᠡᠢ ᠴᠢᠩᠭᠠᠳᠬᠠᠵᠤ᠂ ᠤᠯᠠᠨ ᠲᠦᠮᠡᠨ᠎ᠳᠦ ᠨᠡᠩ ᠤᠯᠠᠨ ᠨᠡᠩ ᠰᠠᠢᠨ ᠪᠣᠳᠠᠲᠤ ᠶᠠᠪᠤᠳᠠᠯ᠂ ᠰᠠᠢᠨᠶᠠᠪᠤᠳᠠᠯ᠂ ᠰᠡᠳᠬᠢᠯ᠎ᠢ ᠳᠤᠯᠠᠭᠠᠴᠠᠭᠤᠯᠬᠤ ᠶᠠᠪᠤᠳᠠᠯ ᠢ᠋ ᠬᠢᠵᠦ᠂ ᠰᠠᠭᠤᠭᠠᠯᠢ ᠠᠷᠠᠳ᠎ᠲᠤ ᠦᠨᠡᠨ ᠪᠣᠳᠠᠲᠠᠢ ᠬᠦᠷᠲᠡᠮᠵᠢᠶᠢᠨᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠡᠳ᠋ᠯᠡᠭᠦᠯᠦᠨ᠎ᠡ ᠭᠡᠵᠦ ᠬᠡᠯᠡᠪᠡ᠃
ᠬᠥᠯᠥᠨᠪᠤᠢ᠍ᠢᠷ ᠬᠤᠳᠠ᠎ᠶᠢᠨ ᠬᠠᠭᠤᠴᠢᠨ ᠪᠠᠷᠭᠤ ᠬᠣᠰᠢᠭᠤᠨ᠎ᠤ ᠪᠠᠶᠠᠨ ᠬᠠᠳᠠ ᠰᠤᠮᠤ᠎ᠶᠢᠨ ᠤᠯᠠᠭᠠᠨ ᠴᠢᠯᠠᠭᠤ ᠭᠠᠴᠠᠭᠠᠨᠤ᠋ ᠳᠡᠳ᠋ ᠭᠠᠴᠠᠭᠠᠨ ᠲᠠᠷᠤᠭ᠎ᠠ ᠲᠸ ᠪᠠ ᠺᠦᠨ᠂ ᠪᠠᠷᠭᠤ᠎ᠶᠢᠨ ᠲᠠᠯ᠎ᠠ ᠨᠤᠲᠤᠭ᠎ᠤᠨ ᠦᠨᠳᠦᠰᠦᠲᠡᠨ᠎ᠨᠦᠭᠦᠳ᠎ᠦᠨ ᠤᠯᠠᠨᠲᠦᠮᠡᠨ ᠢᠮᠠᠭᠲᠠ ᠲᠦᠷᠦᠭᠰᠡᠨ ᠠᠬ᠎ᠠ ᠳᠡᠭᠦᠦᠮᠡᠲᠦ ᠲᠤᠳᠤᠨᠤ ᠪᠡᠷ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ᠬᠠᠮᠳᠤ ᠠᠵᠤ ᠲᠦᠷᠦᠭᠰᠡᠭᠡᠷ ᠢᠷᠡᠵᠡᠢ᠃ ᠪᠢᠳᠠ ᠯᠠᠪᠳᠠᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠᠶᠢᠨᠤᠬᠠᠮᠰᠠᠷᠢ ᠪᠠᠲᠤ ᠴᠤᠭᠴᠠᠯᠠᠬᠤ ᠡᠨᠡᠬᠦ ᠭᠣᠣᠯ ᠰᠢᠵᠢᠮ᠎ᠢ ᠴᠢᠩᠭ᠎ᠠ ᠠᠳᠬᠤᠵᠤ᠂ ᠦᠨᠳᠦᠰᠦᠲᠡᠨ᠎ᠦ ᠪᠦᠯᠬᠦᠮᠳᠡᠯᠢᠥᠪᠡᠷᠦᠨ ᠨᠢᠳᠦᠨ ᠴᠡᠴᠡᠭᠡᠢ ᠰᠢᠭᠵᠢᠡᠨ ᠬᠠᠢᠷᠠᠯᠠᠵᠤ᠂ ᠦᠨᠳᠦᠰᠦᠲᠡᠨ᠎ᠦ ᠪᠦᠯᠬᠦᠮᠳᠡᠯ᠎ᠢ ᠥᠪᠡᠷ᠎ᠦᠨ ᠠᠮᠢ ᠨᠠᠰᠤᠪᠠᠨᠰᠢᠭ᠋ ᠨᠠᠨᠳᠢᠩᠨᠠᠵᠤ᠂ ᠠᠨᠠᠷ᠎ᠤᠨ ᠦᠷ᠎ᠡ ᠰᠢᠭ᠌ ᠨᠢᠭ᠍ᠲᠠ ᠪᠦᠯᠬᠦᠮᠳᠡᠵᠤ᠂ ᠬᠥᠳᠡᠭᠡ ᠲᠣᠰᠬᠣᠨ᠎ᠢ ᠬᠥᠭᠵᠢᠭᠦᠯᠦᠨᠮᠠᠨᠳᠤᠭᠤᠯᠬᠤ᠎ᠶᠢ ᠬᠠᠮᠲᠤ᠎ᠪᠠᠷ ᠠᠬᠢᠭᠤᠯᠵᠤ᠂ ᠰᠠᠢᠨ ᠰᠠᠢᠬᠠᠨ ᠠᠮᠢᠳᠤᠷᠠᠯ᠎ᠢ ᠬᠠᠮᠲᠤ ᠪᠠᠷ ᠴᠣᠭᠴᠠᠯᠠᠨ᠎ᠠ ᠭᠡᠵᠦᠬᠡᠯᠡᠪᠡ᠃
(ᠦᠪᠦᠷ ᠮᠤᠩᠭᠤᠯ᠎ᠤᠨ ᠡᠳᠦᠷ ᠦᠨ ᠰᠣᠨᠢᠨ᠎ᠤ ᠰᠤᠷᠪᠤᠯᠵᠢᠯᠠᠭ᠍ᠴᠢ ᠬᠤᠸᠠᠩ ᠹᠦ ᠮᠧᠶ ᠰᠢᠶᠠᠨ᠂ ᠬᠠᠢ ᠵᠢᠶᠦ᠋ᠨ᠂ ᠬᠤᠸ᠋ ᠰᠢᠤᠸᠠᠢᠯᠢᠶᠠᠨ ᠂ ᠲᠡᠭᠦᠰᠪᠢᠯᠢᠭ᠌᠂ ᠪᠠᠶᠠᠰᠬᠤᠯᠠᠩ᠂ ᠪᠢᠯᠢᠭᠪᠡᠭᠠᠲᠤᠷ᠂ ᠬᠤᠷᠴᠠ᠂ ᠭᠣᠸ᠋ ᠮᠢᠨ ᠨᠠ᠂ ᠯᠢᠦ ᠬᠣᠩ ᠵᠠᠩ᠂ᠰᠢᠤᠸᠠᠢ ᠢ ᠴᠢᠶᠦ᠋ᠨ᠂ ᠰᠥᠩ ᠠ ᠨᠠᠨ᠂ ᠵᠧᠩ ᠰᠢᠤᠸᠠᠢ ᠯᠢᠶᠠᠩ᠂ ᠬᠤᠸ᠋ ᠪᠢᠶᠣᠣ᠂ ᠸᠧᠢ ᠨᠠ᠂ ᠯᠢ ᠢᠦᠢ ᠵᠦᠸᠸ᠂ ᠳᠠᠳᠤᠯᠭ᠎ᠠ᠎ᠶᠢᠨ ᠰᠣᠷᠣᠭ᠍ᠴᠢ ᠨᠢᠶᠸᠰᠢᠶᠣᠣ ᠯᠢ᠂ ᠴᠢᠮᠡᠭᠡᠯᠡᠭᠴᠢ ᠯᠢ ᠵᠧᠨ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃