2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ ᠡᠮᠦᠨ᠎ᠡ ᠹᠷᠣᠨᠲ ᠲᠦ᠍

2022-03-24 14:17:51

ᠵᠣᠬᠢᠶᠠᠭ᠍ᠴᠢ᠄ ​ᠰᠥᠩ ᠱᠤᠸᠠᠩ ᠣᠩᠱᠢᠭ᠍ᠰᠠᠨ ᠣᠳᠠᠭ᠎ᠠ᠄ 3

ᠪᠥᠬᠥ᠌ ᠤᠯᠤᠰ᠎ᠤᠨ《 ᠬᠣᠶᠠᠷ ᠬᠤᠷᠠᠯ》 ᠲᠡᠭᠦᠰᠦᠭ᠌ᠰᠡᠨ ᠎ᠦ ᠳᠠᠷᠠᠭ᠎ᠠ᠂ ᠬᠥᠬᠡᠬᠣᠲᠠ ᠎ᠳ᠋ᠤ ᠬᠠᠷᠢᠵᠤ ᠢᠷᠡᠭ᠌ᠰᠡᠨ ᠪᠥᠬᠥ᠌ ᠤᠯᠤᠰ ᠎ᠤᠨ ᠤᠯᠤᠰ ᠲᠥᠷᠥ ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠎ᠶ᠋ᠢᠨ ᠬᠠᠤᠯᠢ ᠵᠢᠨ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ ᠧ ᠱᠢᠶᠤᠤ ᠮᠧᠶ ᠤᠬᠠᠭᠤᠯᠤᠨ ᠲᠠᠢᠯᠪᠤᠷᠢᠯᠠᠬᠤ ᠮᠠᠲ᠋ᠧᠷᠢᠶᠠᠯ᠎ᠢᠶᠠᠨ ᠪᠡᠯᠡᠳᠭᠡᠭᠡᠳ ᠶᠠᠭᠠᠷᠠᠨ᠎ᠠ᠃ ᠲᠡᠷᠡ᠂ ᠶᠡᠷᠦᠩᠬᠡᠶ ᠱᠦᠵᠢ ᠰᠢ ᠵᠢᠨ ᠫᠢᠩ ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠲᠠᠪᠤᠳᠤᠭᠠᠷ ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ ᠎ᠦᠨ ᠪᠦᠯᠬᠦᠮ ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ ᠎ᠶ᠋ᠢᠨ ᠴᠢᠬᠤᠯᠠ ᠶᠠᠷᠢᠶ᠎ᠠ ᠎ᠶ᠋ᠢ ᠨᠠᠷᠢᠨ ᠬᠢᠨᠠᠮᠠᠭᠠᠶ ᠰᠤᠳᠤᠯᠤᠨ ᠤᠩᠱᠢᠵᠤ᠂ ᠵᠠᠰᠠᠭ ᠎ᠤᠨ ᠣᠷᠳᠣᠨ ᠎ᠤ ᠠᠵᠢᠯ ᠎ᠤᠨ ᠢᠯᠡᠳᠭᠡᠯ ᠎ᠤᠨ ᠭᠤᠤᠯᠳᠠᠯᠭ᠎ᠠ ᠎ᠶ᠋ᠢ ᠨᠢᠭᠡᠳ ᠨᠢᠭᠡ ᠎ᠪᠡᠷ ᠲᠡᠮᠳᠡᠭ᠌ᠯᠡᠵᠦ᠍᠂ ᠥᠪᠡᠷ ᠎ᠦᠨ ᠪᠣᠳᠣᠯ ᠲᠥᠷᠥᠭ᠌ᠳᠡᠯ ᠎ᠲᠡᠶ ᠎ᠪᠡᠨ ᠤᠶᠠᠯᠳᠤᠭᠤᠯᠤᠨ ᠬᠢᠴᠢᠶᠡᠯ ᠪᠣᠯᠭᠠᠨ ᠪᠡᠯᠡᠳᠬᠡᠵᠡᠢ᠃《ᠥᠪᠡᠷ ᠎ᠢᠶᠡᠨ ᠨᠡᠪᠲᠡᠷᠡᠲᠡᠯ᠎ᠡ ᠤᠢᠯᠠᠭᠠᠪᠠᠯ ᠰᠠᠶᠢ ᠠᠮᠢᠳᠤᠯᠢᠭ ᠤᠢᠯᠠᠭᠠᠮᠵᠢᠳᠠᠢ ᠤᠬᠠᠭᠤᠯᠤᠨ ᠲᠠᠢᠯᠪᠤᠷᠢᠯᠠᠵᠤ ᠴᠢᠳᠠᠨ᠎ᠠ》ᠭᠡᠵᠦ᠍ ᠧ ᠱᠢᠶᠤᠤ ᠮᠧᠶ ᠬᠡᠯᠡᠨ᠎ᠡ᠃

《ᠬᠤᠷᠠᠯ ᠎ᠳᠤ ᠣᠷᠣᠯᠴᠠᠭ᠍ᠰᠠᠳ ᠭᠦᠨᠵᠡᠭᠡᠢ ᠰᠤᠳᠤᠯᠤᠨ ᠶᠠᠷᠢᠯᠴᠠᠬᠤ ᠪᠡᠷ ᠲᠠᠮᠵᠢᠨ ᠮᠠᠰᠢ ᠤᠯᠠᠨ ᠰᠠᠢ᠌ᠨ ᠠᠷᠭ᠎ᠠ ᠪᠤᠳᠤᠯᠭ᠎ᠠ᠂ ᠰᠠᠢ᠌ᠨ ᠠᠷᠭ᠎ᠠ ᠤᠬᠠᠭᠠᠨ᠎ᠢ ᠭᠠᠷᠭᠠᠯ᠎ᠠ》᠃ ᠲᠦᠷᠦᠭᠦᠦ ᠬᠡᠳᠦᠨ ᠡᠳᠦᠷ ᠎ᠦᠨ ᠬᠤᠷᠠᠯ ᠎ᠳᠤ ᠣᠷᠣᠯᠴᠠᠭ᠍ᠰᠠᠨ ᠪᠠᠢᠳᠠᠯ ᠎ᠢᠶᠠᠨ ᠡᠷᠭᠢᠴᠡᠭᠦᠯᠬᠦᠶ᠎ᠡ ᠧ ᠱᠢᠶᠤᠤ ᠮᠧᠶ ᠤᠷᠮ᠎ᠠ ᠲᠡᠬᠦᠯᠳᠡᠷ᠃ ᠲᠡᠷᠡ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ᠎ᠤ ᠤᠬᠠᠭᠤᠯᠬᠤ ᠬᠡᠯᠲᠡᠰ ᠪᠣᠯᠤᠨ ᠰᠤᠷᠭᠠᠭᠤᠯᠢ᠎ᠶ᠋ᠢᠨ ᠨᠢᠭᠡᠳᠦᠯᠲᠡᠢ ᠲᠤᠬᠢᠷᠠᠭᠤᠯᠤᠯᠳᠠ ᠶᠣᠰᠣᠭᠠᠷ᠂ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ ᠎ᠶ᠋ᠢ ᠵᠢᠷᠤᠮᠯᠠᠭ᠍ᠰᠠᠨ ᠤᠷᠢᠲᠠᠯ ᠳᠣᠣᠷ᠎ᠠ᠂ ᠬᠤᠷᠠᠯ᠎ᠤᠨ ᠵᠣᠷᠢᠭ ᠰᠠᠨᠠᠭᠠᠨ᠎ᠤ ᠰᠠᠢ᠌ᠨ ᠤᠬᠠᠭᠤᠯᠤᠭ᠍ᠴᠢ ᠂ ᠰᠠᠢᠨ ᠦᠢᠯᠡᠳᠦᠯᠭᠡᠵᠢᠭᠦᠯᠦᠭ᠌ᠴᠢ ᠪᠣᠯᠤᠨ᠎ᠠ ᠭᠡᠵᠦ ᠢᠯᠡᠷᠭᠡᠢᠯᠨᠨ᠎ᠡ᠃

ᠪᠦᠬᠦ᠌ ᠤᠯᠤᠰ ᠎ᠤᠨ ᠤᠯᠤᠰ ᠲᠦᠷᠦ᠍ ᠎ᠶ᠋ᠢᠨ ᠵᠥᠪᠯᠡᠯᠭᠡᠨ ᠎ᠦ ᠭᠡᠱᠢᠭᠦᠨ ᠎ᠦ ᠲᠤᠱᠢᠶᠠᠯ ᠎ᠢ ᠡᠭᠦᠷᠭᠡᠯᠡᠭ᠌ᠰᠡᠨ ᠎ᠡᠴᠡ ᠨᠠᠭᠠᠰᠢ᠂ ᠡᠧ ᠱᠢᠶᠤᠤ ᠮᠧᠢ ᠲᠤᠰᠭᠠᠢ ᠮᠡᠷᠭᠡᠵᠢᠯ ᠎ᠦᠨ ᠲᠠᠪᠠᠭᠤᠯᠢᠬ ᠲᠠᠭᠠᠨ ᠰᠠᠭᠤᠷᠢᠯᠠᠨ᠂ ᠤᠷᠢᠳ ᠬᠣᠵᠢᠳ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠎ᠦ ᠲᠤᠰᠭᠠᠢ ᠮᠡᠷᠭᠡᠵᠢᠯᠲᠡᠨ ᠎ᠦ ᠵᠥᠪᠯᠡᠬᠦ᠌ ᠬᠤᠷᠠᠯ᠂ ᠬᠣᠣᠰ ᠭᠠᠷᠠᠭ ᠎ᠤᠨ ᠵᠥᠪᠯᠡᠬᠦ᠌ ᠬᠤᠷᠠᠯ᠂ ᠪᠦᠬᠦ᠌ ᠤᠯᠤᠰ ᠎ᠤᠨ ᠤᠯᠤᠰ ᠲᠦᠷᠦ᠍ ᠎ᠶ᠋ᠢᠨ ᠵᠥᠪᠯᠡᠯᠭᠡᠨ ᠎ᠦ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠵᠡᠷᠭᠡ ᠳ᠋ᠤ ᠣᠷᠣᠯᠴᠠᠵᠤ ᠂ ᠠᠵᠤ ᠠᠬᠤᠢ ᠨᠡᠢᠭᠡᠮ ᠎ᠦᠨ ᠬᠥᠭ᠌ᠵᠢᠯᠲᠡ ᠎ᠶ᠋ᠢᠨ ᠳᠤᠮᠳᠠᠬᠢ ᠪᠣᠳᠠᠲᠠᠢ ᠠᠰᠠᠭᠤᠳᠠᠯ ᠎ᠢ ᠠᠩᠬᠠᠷᠤᠨ ᠬᠠᠯᠠᠮᠵᠢᠯᠠᠵᠤ᠌᠂ ᠬᠠᠷᠠᠭᠠᠯᠵᠠᠬᠰᠠᠨ ᠰᠠᠨᠠᠯ ᠰᠠᠨᠠᠭᠤᠯᠭ᠎ᠠ ᠪᠠᠨ ᠳᠤᠷᠠᠳᠪᠠ᠃ ᠡᠭᠦᠨ᠎ᠦ ᠬᠠᠮᠲᠤ᠂ ᠲᠡᠷᠡ ᠪᠠᠰᠠ ᠥᠪᠡᠷᠲᠡᠭᠡᠨ ᠵᠠᠰᠠᠬᠤ ᠣᠷᠣᠨ ᠎ᠤ ᠴᠢᠨᠠᠷ ᠰᠠᠢᠲᠠᠢ ᠬᠥᠭ᠌ᠵᠢᠯᠲᠡ ᠎ᠶ᠋ᠢ ᠠᠬᠢᠭᠤᠯᠬᠤ ᠲᠣᠭᠣᠷᠢᠨ ᠎ᠳᠤ ᠪᠠᠢᠴᠠᠭᠠᠨ ᠰᠤᠳᠤᠯᠤᠯᠲᠠ ᠎ᠶ᠋ᠢᠨ ᠠᠵᠢᠯ ᠎ᠢ ᠨᠠᠷᠢᠨ ᠬᠢᠨᠠᠮᠠᠭᠠᠢ ᠰᠠᠢᠲᠤᠷ ᠬᠢᠵᠦ᠍ ᠂ ᠢᠳᠡᠪᠬᠢᠲᠡᠢ ᠎ᠪᠡᠷ ᠰᠠᠨᠠᠯ ᠳᠤᠷᠠᠳᠤᠯᠭ᠎ᠠ ᠪᠢᠴᠢᠭᠰᠡᠨ ᠪᠠᠢᠯ᠎ᠠ᠃ ᠡᠨᠡ ᠵᠢᠯ ᠎ᠦᠨ ᠪᠦᠬᠦ᠌ ᠤᠯᠤᠰ ᠎ᠤᠨ 《ᠬᠣᠶᠠᠷ ᠬᠤᠷᠠᠯ》 ᠎ᠤ᠋ᠨ ᠬᠤᠭᠤᠴᠠᠭᠠᠨ ᠎ᠳᠤ᠂ ᠲᠡᠷᠡ ᠨᠤᠲᠤᠭ ᠪᠡᠯᠴᠢᠭᠡᠷ ᠎ᠦᠨ ᠠᠮᠢ ᠠᠬᠤᠢ ᠎ᠶ᠋ᠢᠨ ᠬᠠᠮᠠᠭᠠᠯᠠᠯᠲᠠ᠂ ᠭᠠᠳᠠᠭᠠᠳᠤ ᠎ᠳᠤ ᠬᠣᠯᠪᠣᠭ᠍ᠳᠠᠬᠤ ᠬᠠᠤᠯᠢ ᠴᠠᠭᠠᠵᠠ ᠎ᠶ᠋ᠢᠨ ᠠᠰᠠᠭᠤᠳᠠᠯ ᠵᠡᠷᠭᠡ ᠎ᠶ᠋ᠢᠨ ᠲᠤᠬᠠᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠎ᠦ ᠠᠷᠪᠠᠨ ᠭᠤᠷᠪᠠᠳᠤᠭᠠᠷ ᠬᠤᠭᠤᠴᠠᠭᠠᠨ ᠎ᠤ ᠬᠣᠷᠢᠶᠠᠨ᠎ᠤ ᠲᠠᠪᠤᠳᠤᠭᠠᠷ ᠬᠤᠷᠠᠯ ᠎ᠳᠤ 4 ᠬᠤᠪᠢ ᠰᠠᠨᠠᠯ ᠲᠤᠷᠠᠳᠤᠯᠭ᠎ᠠ ᠳᠡᠪᠱᠢᠭᠦᠯᠦᠭᠰᠡᠨ ᠪᠠᠢᠪᠠ᠃

ᠧ ᠱᠢᠶᠤᠤ ᠮᠧᠶ᠂ ᠶᠡᠭᠡ ᠲᠡᠭᠡᠳᠦ ᠰᠤᠷᠭᠠᠭᠤᠯᠢ ᠵᠢᠨ ᠪᠠᠭᠰᠢ ᠪᠤᠯᠤᠭᠰᠠᠨ᠎ᠤ ᠬᠤᠪᠢ ᠳ᠋ᠤ᠂ ᠪᠥᠬᠥ᠌ ᠤᠯᠤᠰ ᠎ᠤᠨ 《ᠬᠣᠶᠠᠷ ᠬᠤᠷᠠᠯ》᠎ᠤ᠋ᠨ ᠵᠣᠷᠢᠭ ᠰᠠᠨᠠᠭ᠎ᠠ ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠎ᠶ᠋ᠢ ᠶᠡᠭᠡ ᠲᠠᠭᠡᠳᠦ ᠰᠤᠷᠭᠠᠭᠤᠯᠢ ᠵᠢᠨ ᠠᠵᠢᠯ ᠎ᠤᠨ ᠪᠤᠳᠠᠳᠠᠢ ᠲᠠᠶ ᠎ᠪᠠᠨ ᠤᠶᠠᠯᠳᠤᠭᠤᠯᠵᠤ᠂ ᠠᠷᠠᠳ᠎ᠤᠨ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠎ᠶ᠋ᠢ ᠪᠠᠷᠢᠮᠲᠠᠯᠠᠵᠤ᠂ ᠢᠳᠡᠪᠬᠢᠲᠡᠶ ᠎ᠪᠡᠷ ᠠᠷᠭ᠎ᠠ ᠤᠬᠠᠭᠠᠨ ᠭᠠᠷᠭᠠᠨ ᠵᠠᠰᠠᠭ ᠎ᠲᠤ ᠲᠤᠰᠠᠯᠠᠵᠤ᠂ ᠬᠠᠮᠲᠤ ᠎ᠶ᠋ᠢᠨ ᠲᠠᠨᠢᠯᠲᠠ ᠎ᠶ᠋ᠢ ᠥᠷᠭᠡᠨ ᠎ᠢᠶᠡᠷ ᠨᠢᠭ᠍ᠲᠠᠷᠠᠭᠤᠯᠵᠤ᠂ ᠲᠤᠱᠢᠶᠠᠯ ᠬᠠᠷᠢᠭᠤᠴᠠᠯᠭ᠎ᠠ ᠎ᠪᠠᠨ ᠭᠦᠶ᠋ᠴᠡᠳᠭᠡᠭᠰᠡᠨ ᠴᠢᠨᠠᠷ ᠰᠠᠢᠲᠠᠶ《 ᠳᠠᠰᠭᠠᠯ》 ᠲᠤᠰᠢᠶᠠᠬᠤ ᠪᠡᠷ ᠴᠢᠷᠮᠠᠢᠨ᠎ᠠ ᠭᠡᠵᠦ ᠢᠯᠡᠷᠭᠡᠢᠯᠡᠪᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面