2022-03-10 10:08:44
ᠤᠯᠤᠰᠤᠨᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭᠮᠡᠷᠭᠡᠵᠢᠯ᠎ᠦᠨ ᠬᠦᠴᠦᠨ ᠲᠦᠷᠭᠡᠨ ᠪᠤᠵᠠᠭᠠᠢᠷᠠᠵᠤ᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠᠱᠢᠪᠲᠤᠯᠬᠤ ᠠᠵᠢᠯ ᠴᠢᠬᠤᠯᠠ ᠠᠬᠢᠴᠠ᠎ᠲᠠᠶ ᠪᠤᠯᠵᠤ᠂ ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠂ ᠭᠠᠯ ᠭᠠᠷᠠᠭᠢᠬᠠᠢᠨ ᠬᠡᠮᠵᠢᠬᠦ᠌᠂ ᠡᠬᠢ ᠪᠠᠶᠠᠯᠢᠭ᠎ᠢ ᠬᠠᠢᠨ ᠱᠢᠨᠵᠢᠯᠡᠬᠦ᠌᠂ ᠡᠨᠧᠷᠭᠢ᠎ᠶ᠋ᠢᠨ ᠢᠨᠵᠧᠨᠧᠷᠢᠩ ᠵᠡᠷᠭᠡ ᠬᠦᠷᠢᠶᠡᠨᠳᠦᠱᠢᠨᠡ ᠱᠢᠪᠲᠤᠯᠤᠯᠲᠠ ᠭᠠᠷᠭᠠᠪᠠ ᠁ ᠥᠩᠭᠡᠷᠡᠭ᠌ᠰᠡᠨ ᠨᠢᠭᠡ ᠵᠢᠯ᠎ᠳᠦ᠂ ᠮᠠᠨ᠎ᠤ ᠤᠯᠤᠰ᠎ᠤᠨ ᠴᠢᠬᠤᠯᠠ ᠶᠡᠬᠡ ᠱᠢᠨᠵᠢᠯᠡᠬᠦ᠌ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠣᠷᠠᠨ ᠭᠠᠷᠴᠤ᠌᠂ ᠱᠢᠨ᠎ᠡ᠎ᠶ᠋ᠢᠡᠭᠦᠳᠬᠦ᠌ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃
ᠢᠷᠡᠭᠡᠳᠦᠶ᠎ᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨᠢᠬᠡᠷᠬᠢᠨ ᠬᠡᠷᠡᠭ᠌ᠯᠡᠬᠦ᠌ ᠪᠣᠶ?ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢᠶ᠋ᠢᠬᠡᠷᠬᠢᠨ ᠳᠡᠭᠡᠭ᠌ᠰᠢᠯᠡᠭᠦᠯᠬᠦ᠌ ᠪᠤᠢ? ᠱᠢᠨᠵᠢᠯᠡᠬᠦ᠌ ᠤᠬᠠᠭᠠᠨ ᠲᠸᠭᠨᠢᠭᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠲᠤᠯᠭᠠᠭᠤᠷᠢᠯᠠᠨ ᠳᠠᠭᠠᠭᠤᠯᠬᠤ ᠦᠢᠯᠡᠳᠦᠯ᠎ᠢ ᠬᠡᠷᠬᠢᠨ ᠴᠢᠩᠭᠠᠳᠭᠠᠬᠤᠪᠤᠢ? ᠱᠢᠨᠵᠢᠯᠡᠬᠦ᠌ᠤᠬᠠᠭᠠᠨᠲᠸᠭᠨᠢᠭᠮᠡᠷᠭᠡᠵᠢᠯᠦᠨᠬᠦᠷᠢᠶᠡᠨᠦ ᠲᠥᠯᠥᠭᠡᠯᠡᠭ᠌ᠴᠢᠳ ᠭᠡᠱᠢᠭᠦᠳ ᠱᠢᠨᠵᠢᠯᠡᠬᠦ᠌ ᠤᠬᠠᠭᠠᠨ ᠲᠸᠭᠨᠢᠭᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠠᠯᠠᠮᠱᠢᠯ ᠠᠰᠠᠭᠤᠳᠠᠯ᠎ᠤᠨ ᠲᠣᠭᠣᠷᠢᠨ᠎ᠳᠤ ᠱᠢᠨᠬᠤᠸᠠ ᠬᠣᠷᠢᠶᠠᠨᠤᠰᠤᠷᠪᠤᠯᠵᠢᠯᠠᠭ᠍ᠴᠢᠶ᠋ᠢᠨ ᠲᠤᠰᠭᠠᠢ ᠰᠤᠷᠪᠤᠯᠵᠢᠯᠠᠭ᠎ᠠ᠎ᠶ᠋ᠢ ᠬᠦᠯᠢᠶᠡᠪᠡ᠃
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠢ ᠬᠡᠷᠬᠢᠨᠬᠡᠷᠡᠭ᠌ᠯᠡᠬᠦ᠌ ᠪᠤᠢ?
ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠳᠡᠯᠡᠬᠡᠶᠶ᠋ᠢᠨᠴᠢᠬᠤᠯᠠ ᠴᠢᠳᠠᠪᠤᠷᠢᠲᠠᠨ᠎ᠤ ᠲᠥᠪ ᠪᠣᠯᠤᠨ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠲᠦᠷᠭᠡᠳᠭᠡᠨ ᠪᠠᠢᠭᠤᠯᠵᠤ᠂ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠮᠵᠢ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠱᠢᠨᠵᠢᠯᠡᠬᠦ᠌ᠤᠬᠠᠭᠠᠨ᠎ᠤ ᠰᠤᠳᠤᠯᠭᠠᠨ᠎ᠤ ᠵᠠᠯᠠᠭᠤ ᠠᠵᠢᠯᠲᠠᠳ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠡᠯ᠎ᠡ ᠲᠥᠷᠥᠯᠦᠨᠴᠢᠳᠠᠪᠤᠷᠢᠲᠠᠨᠤ ᠨᠢᠭᠡ ᠰᠡᠳᠭᠢᠯ᠎ᠢᠶᠡᠷ ᠰᠤᠳᠤᠯᠵᠤ᠂ ᠠᠪᠢᠶᠠᠰ ᠴᠢᠳᠠᠪᠤᠷᠢ᠎ᠪᠠᠨ ᠭᠦᠶ᠋ᠴᠡᠳ ᠪᠠᠳᠠᠷᠠᠭᠤᠯᠬᠤᠶᠢᠲᠡᠮᠵᠢᠨᠠ ᠭᠡᠵᠦ᠍ ᠳᠤᠷᠠᠳᠪᠠ᠃
ᠡᠭᠦᠨ᠎ᠤ ᠲᠤᠬᠠᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨᠦᠪᠠᠢᠩᠭᠤᠶ᠋ᠢᠨ ᠭᠡᠱᠢᠭᠦᠨ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢᠶᠤᠸᠠᠨ ᠶᠠ ᠱᠢᠶᠠᠩ᠄《ᠨᠢᠭᠡ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠥᠷᠢᠰᠥᠯᠳᠦᠭᠡᠨᠦᠵᠠᠩᠭᠢᠯᠠᠭᠠ ᠨᠢ ᠴᠢᠳᠠᠪᠤᠷᠢᠲᠠᠨ᠎ᠢ ᠬᠥᠮᠦᠵᠢᠭᠦᠯᠬᠦ᠌᠂ ᠴᠢᠳᠠᠪᠤᠷᠢᠲᠠᠨ᠎ᠤ ᠥᠷᠢᠰᠥᠯᠳᠦᠭᠡᠨ᠎ᠳᠦ ᠪᠤᠢ》ᠭᠡᠵᠦ ᠶᠠᠷᠢᠪᠠ᠃ 《ᠵᠣᠷᠢᠭ᠍ᠲᠠᠶ᠎ᠪᠠᠷ ᠱᠢᠨᠡᠶ᠋ᠢᠡᠭᠦᠳᠴᠦ᠍᠂ ᠵᠣᠷᠢᠭ᠍ᠲᠠᠶ᠎ᠪᠠᠷ ᠰᠤᠪᠢᠵᠤ ᠰᠡᠳᠭᠢᠨ᠂ ᠱᠢᠨᠵᠢᠯᠡᠬᠦ᠌ ᠤᠬᠠᠭᠠᠨᠴᠢ ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ᠥᠪᠡᠷ᠎ᠦᠨ ᠬᠢᠬᠦ᠌ ᠳᠤᠷᠠᠲᠠᠶ ᠠᠵᠢᠯ᠎ᠢᠶᠠᠨ ᠵᠣᠷᠢᠭ᠍ᠲᠠᠶ ᠬᠢᠬᠦ᠌ ᠬᠡᠷᠡᠭ᠌ᠲᠡᠶ》᠃ ᠢᠩᠭᠢᠬᠦ ᠳ᠋ᠦ ᠵᠠᠪᠠᠯ ᠰᠠᠢ᠌ᠨ ᠣᠷᠴᠢᠨ ᠲᠣᠭᠣᠷᠢᠨ᠎ᠢ ᠪᠤᠢ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳᠢᠦᠨᠡᠨ ᠬᠦ᠌ ᠰᠡᠳᠭᠢᠯ ᠠᠮᠤᠷ ᠰᠤᠳᠤᠯᠭᠠᠨ ᠬᠢᠯᠭᠡᠬᠦ᠌ ᠬᠡᠷᠡᠭ᠌ᠲᠡᠢ ᠭᠡᠵᠦ᠍ ᠶᠤᠸᠠᠨ ᠶᠠ ᠱᠢᠶᠠᠩ ᠤᠷᠢᠶᠠᠯᠠᠪᠠ᠃
ᠬᠡᠷᠬᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠨᠢᠭᠡ ᠰᠡᠳᠭᠢᠯᠢᠶᠡᠷᠠᠵᠢᠯᠯᠠᠵᠤ᠂ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠬᠦ᠌᠎ᠶ᠋ᠢ ᠤᠯᠠᠮ ᠨᠢᠭᠡ ᠠᠯᠬᠤᠮ ᠵᠣᠷᠢᠭ᠍ᠵᠢᠭᠤᠯᠬᠤ ᠪᠣᠶ? ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠶ᠋ᠯᠡᠳᠪᠦᠷᠢᠶ᠋ᠢᠨᠪᠦᠯᠦᠭ᠌ᠯᠡᠯᠦᠨ ᠰᠠᠨᠰᠠᠷ᠎ᠤᠨ ᠠᠶᠠᠯᠠᠯ᠎ᠤᠨ ᠭᠤᠷᠪᠠᠨ ᠮᠥᠷᠡᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨᠵᠥᠪᠯᠡᠯᠦᠨ ᠳᠡᠳ᠋ ᠡᠷᠬᠢᠯᠡᠭ᠌ᠴᠢ ᠬᠤ᠌ ᠱᠧᠩ ᠶᠦᠨ᠂ ᠪᠤᠰᠤᠳᠴᠢ ᠲᠥᠪ ᠭᠤᠤᠯᠴᠢ ᠱᠢᠨᠵᠢᠯᠡᠬᠦ᠌ ᠤᠬᠠᠭᠠᠨᠴᠢ᠂ ᠱᠢᠨᠵᠢᠯᠡᠬᠦ᠌ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠶᠠᠰᠤ ᠴᠢᠨᠠᠷ᠂ ᠬᠤᠪᠢ ᠨᠡᠮᠡᠷᠢ᠂ ᠠᠮᠵᠢᠯᠲᠠ ᠪᠦᠲᠦᠮᠵᠢᠪᠡᠷᠤᠳᠤᠷᠢᠳᠤᠮᠵᠢ ᠪᠣᠯᠭᠠᠭ᠍ᠰᠠᠨ ᠲᠥᠷᠥᠯ ᠬᠤᠪᠢᠶᠠᠨ ᠦᠨᠡᠯᠡᠬᠦ᠌ ᠱᠢᠰᠲ᠋ᠧᠮ᠎ᠢ ᠪᠠᠢᠭᠤᠯᠪᠠᠯ ᠵᠤᠬᠢᠨ᠎ᠠ ᠭᠡᠵᠦ ᠰᠠᠨᠠᠭᠤᠯᠵᠠᠢ᠃
《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯᠦᠨᠱᠢᠨᠵᠢᠯᠡᠬᠦ᠌ ᠤᠬᠠᠭᠠᠨᠴᠢ ᠦᠷᠳᠡᠭ᠂ ᠮᠡᠷᠭᠡᠵᠢᠯ᠎ᠦᠨ ᠦᠷᠳᠡᠭ᠂ ᠠᠵᠤ ᠠᠬᠤᠢ᠎ᠶ᠋ᠢᠨ ᠦᠷᠳᠡᠭ᠂ ᠨᠡᠢᠭᠡᠮ᠎ᠦᠨ ᠦᠷᠳᠡᠭᠪᠠ ᠰᠣᠶᠣᠯ᠎ᠤᠨ ᠦᠷᠳᠡᠭ᠎ᠢ ᠵᠥᠪ ᠦᠨᠡᠯᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠳᠠᠨᠢᠤᠯᠤᠰᠤᠨ ᠠᠵᠤ ᠠᠬᠤᠢ ᠨᠡᠢᠭᠡᠮ ᠴᠡᠷᠢᠭ᠎ᠦᠨ ᠶᠠᠪᠤᠳᠠᠯ ᠰᠣᠶᠣᠯ᠎ᠤᠨ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠬᠦ᠌ᠴᠢᠭ᠌ᠯᠡᠯ ᠲᠡᠢᠰᠢ ᠬᠥᠲᠥᠯᠪᠡᠯ ᠵᠤᠬᠢᠨ᠎ᠠ》 ᠭᠡᠵᠦ᠍ ᠬᠤ᠌ ᠱᠧᠩ ᠶᠦᠨ ᠬᠡᠯᠡᠪᠡ᠃
ᠪᠦᠬᠦ᠌ᠤᠯᠤᠰᠤᠨᠤᠯᠤᠰᠲᠦᠷᠦ᠍ᠶ᠋ᠢᠨᠵᠥᠪᠯᠡᠯᠭᠡᠨᠦᠭᠡᠱᠢᠭᠦᠨ᠂ᠪᠡᠭᠡᠵᠢᠩᠦᠨᠵᠠᠮᠬᠠᠷᠢᠯᠴᠠᠭᠠᠨᠤ ᠶᠡᠬᠡ ᠰᠤᠷᠭᠠᠭᠤᠯᠢ᠎ᠶ᠋ᠢᠨ ᠫᠷᠤᠹᠸᠰᠰᠤᠷ ᠵᠦᠩ ᠵᠠᠩ ᠳ᠋ᠦᠢ᠂ 《ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠤᠯᠤᠰ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨᠬᠦᠴᠦᠷᠬᠡᠭᠤᠯᠤᠰᠲᠠᠶ ᠵᠣᠬᠢᠴᠠᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨᠬᠠᠮᠢᠶᠠᠷᠤᠯᠲᠠᠶ᠋ᠢᠨ ᠱᠢᠰᠲᠸᠮ᠎ᠢ ᠪᠠᠢᠭᠤᠯᠪᠠᠯ ᠵᠤᠬᠢᠨ᠎ᠠ》 ᠭᠡᠵᠦ᠍ ᠦᠵᠡᠪᠡ᠃
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ᠴᠢᠳᠠᠪᠤᠷᠢᠶ᠋ᠢ ᠬᠡᠷᠬᠢᠨ ᠳᠡᠭᠡᠭ᠌ᠰᠢᠯᠡᠭᠦᠯᠬᠦ᠌ ᠪᠤᠢ?
ᠰᠠᠭᠤᠷᠢ ᠰᠤᠳᠤᠯᠭᠠᠨ᠎ᠤ ᠠᠷᠪᠠᠨ ᠵᠢᠯ᠎ᠦᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠵᠦ᠍᠂ᠤᠷᠳᠤ ᠬᠤᠭᠤᠴᠠᠭᠠᠨ᠎ᠤ ᠲᠣᠭ᠍ᠲᠠᠭᠤᠨ ᠳᠡᠮᠵᠢᠯᠭᠡ᠎ᠶ᠋ᠢ ᠴᠢᠩᠭᠠᠳᠭᠠᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨᠪᠠᠢᠭᠤᠯᠤᠮᠵᠢᠶ᠋ᠢᠨ ᠥᠭᠡᠷᠡᠴᠢᠯᠡᠯᠲᠡ᠎ᠶ᠋ᠢᠨ ᠭᠤᠷᠪᠠᠨ ᠵᠢᠯ᠎ᠦᠨ ᠪᠣᠭᠣᠮᠲᠠ ᠱᠢᠪᠲᠤᠯᠬᠤ ᠲᠥᠰᠦᠯ᠎ᠢ ᠬᠡᠷᠡᠭ᠌ᠵᠢᠭᠦᠯᠵᠦ᠍᠂ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠨ᠎ᠢ ᠴᠢᠩᠭᠠᠳᠭᠠᠵᠤ᠂ᠤᠯᠤᠰ᠎ᠤᠨ ᠲᠤᠷᠱᠢᠯᠲᠠ᠎ᠶ᠋ᠢᠨ ᠲᠠᠰᠤᠭ ᠪᠠ ᠪᠦᠬᠦ᠌ ᠤᠯᠤᠰ᠎ᠤᠨ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭᠤᠨᠦᠢᠯᠡᠳᠦᠯᠢ ᠰᠠᠢᠲᠤᠷ ᠪᠠᠳᠠᠷᠠᠭᠤᠯᠵᠤ᠂ ᠱᠢᠨᠵᠢᠯᠡᠬᠦ᠌ ᠤᠬᠠᠭᠠᠨᠤᠰᠤᠳᠤᠯᠭᠠᠨᠤ ᠬᠦᠷᠢᠶᠡᠯᠡᠩ ᠭᠠᠵᠠᠷ᠎ᠤᠨ ᠥᠭᠡᠷᠡᠴᠢᠯᠡᠯᠲᠡ᠎ᠶ᠋ᠢ ᠠᠬᠢᠭᠤᠯᠵᠤ᠂ ᠴᠢᠬᠤᠯᠠ ᠶᠡᠬᠡ ᠱᠢᠨᠵᠢᠯᠡᠬᠦ᠌ᠤᠬᠠᠭᠠᠨ ᠲᠸᠭᠨᠢᠭ ᠮᠡᠷᠭᠡᠵᠢᠯ᠎ᠦᠨ ᠲᠦᠷᠦᠯ ᠵᠦᠢᠯ᠎ᠢ ᠲᠣᠭ᠍ᠲᠠᠭᠠᠬᠤ ᠪᠠ ᠬᠠᠮᠢᠶᠠᠷᠬᠤ ᠠᠷᠭ᠎ᠠ ᠬᠡᠯᠪᠡᠷᠢᠶ᠋ᠢᠰᠠᠢᠵᠢᠷᠠᠭᠤᠯᠤᠨᠠ ᠁ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨᠱᠢᠨᠡᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠠᠢᠷᠢᠱᠢᠭᠤᠯᠤᠯᠲᠠ ᠨᠡᠩ ᠲᠣᠳᠣᠷᠬᠠᠢ ᠪᠣᠯᠪᠠ᠃
《ᠱᠢᠨ᠎ᠡ᠎ᠶ᠋ᠢ ᠡᠭᠦᠳᠬᠦ᠌ ᠪᠣᠯ ᠬᠤᠪᠢ ᠵᠠᠶᠠᠭ᠎ᠠ᠂ ᠶᠡᠬᠡ ᠬᠠᠨᠳᠤᠰᠢ ᠮᠥᠨ》᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠳᠤᠮᠳᠠᠳᠤ ᠤᠯᠤᠰᠤᠨᠰᠠᠨᠰᠠᠷᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯᠦᠨᠬᠣᠶᠠᠳᠤᠭᠠᠷ ᠬᠦᠷᠢᠶᠡᠯᠡᠩ᠎ᠦᠨ 25 ᠳ᠋ᠤᠭᠠᠷ ᠭᠠᠵᠠᠷ ᠤ᠋ᠨ ᠣᠨᠴᠠ ᠲᠠᠰ᠎ᠤᠨ ᠲᠤᠰᠭᠠᠶ ᠮᠡᠷᠭᠡᠵᠢᠯᠲᠡᠨ ᠳ᠋ᠦᠩ ᠱᠧᠩᠪᠥᠸᠧᠶ᠋ᠢᠨ ᠦᠵᠡᠬᠦ᠌᠎ᠪᠡᠷ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠪᠡᠶᠡᠯᠡᠭᠦᠯᠬᠦ᠌ᠳᠦᠰᠠᠭᠤᠷᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ ᠶᠡᠬᠡᠪᠡᠷ ᠴᠢᠩᠭᠠᠳᠭᠠᠵᠤ᠂ ᠨᠠᠩ ᠣᠯᠠᠨ 《0 ᠡᠴᠡ 1 ᠬᠥᠷᠬᠥ᠌》 ᠱᠢᠪᠲᠤᠯᠤᠯᠲᠠ᠎ᠶ᠋ᠢ ᠴᠢᠷᠮᠠᠢᠨᠪᠡᠶᠡᠯᠡᠭᠦᠯᠬᠦ᠌ ᠬᠡᠷᠡᠭ᠌ᠲᠡᠶ᠃
ᠤᠢ᠍ᠢᠷ᠎ᠠ᠎ᠶ᠋ᠢᠨ ᠵᠢᠯ᠎ᠡᠴᠡ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩᠦᠨᠥᠨᠳᠥᠷ ᠡᠨᠧᠷᠭᠢ᠎ᠶ᠋ᠢᠨ ᠹᠢᠽᠢᠺ᠎ᠦᠨ ᠰᠤᠳᠤᠯᠭᠠᠨ᠎ᠤ ᠭᠠᠵᠠᠷ᠎ᠤᠨ ᠳᠠᠷᠤᠭ᠎ᠠ ᠸᠠᠩ ᠢ ᠹᠠᠩ ᠠᠺᠠᠳᠧᠮᠢᠴᠢ ᠪᠦᠯᠬᠦᠮᠢᠶᠡᠨᠳᠠᠭᠠᠭᠤᠯᠤᠨ ᠳᠡᠯᠡᠬᠡᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠰᠢᠭᠤᠷᠠᠯ ᠳ᠋ᠤ ᠠᠩᠬᠠᠷᠤᠯᠲᠠᠯᠪᠢᠵᠤ᠂ ᠨᠸᠲ᠋ᠷᠤᠨᠢ ᠵᠢᠨ ᠰᠤᠳᠤᠯᠭᠠᠨ᠂ ᠴᠠᠭᠠᠷᠢᠭ ᠬᠡᠯᠪᠡᠷᠢ᠎ᠶ᠋ᠢᠨ ᠠᠷᠭ᠎ᠠ ᠪᠢᠯᠢᠭ ᠡᠯᠧᠺᠲ᠋ᠷᠣᠨ ᠮᠥᠷᠭᠥᠯᠳᠦᠭᠦᠯᠬᠦ᠌ᠮᠠᠱᠢᠨᠢ ᠵᠢᠷᠤᠵᠤ ᠲᠥᠯᠥᠪᠯᠡᠬᠦ᠌ ᠪᠠ ᠵᠠᠩᠭᠢᠯᠠᠭ᠎ᠠ᠎ᠶ᠋ᠢᠨ ᠮᠡᠷᠭᠡᠵᠢᠯ᠎ᠢ ᠤᠷᠢᠳᠴᠢᠯᠠᠨ ᠰᠤᠳᠤᠯᠬᠤ ᠵᠡᠷᠭᠡᠬᠦᠷᠢᠶᠡᠨᠳᠦ ᠬᠦᠴᠦᠯᠡᠵᠦ᠍᠂ ᠠᠯᠢ ᠤᠯᠠᠨ ᠠᠬᠢᠴᠠ᠎ᠲᠠᠶ ᠪᠣᠯᠪᠠ᠃
《ᠵᠠᠷᠢᠮ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠬᠠᠮᠤᠭ᠎ᠤᠨ ᠬᠦᠴᠢᠷᠲᠡᠶ᠂ᠬᠠᠮᠤᠭ᠎ᠤᠨ ᠬᠤᠰᠢᠭᠤᠷᠠᠯ᠂ ᠬᠠᠮᠤᠭ᠎ᠤᠨ ᠱᠢᠨ᠎ᠡ᠎ᠶ᠋ᠢ ᠡᠭᠦᠳᠬᠦ᠌ ᠴᠢᠬᠤᠯᠠᠲᠠᠶ ᠠᠰᠠᠭᠤᠳᠠᠯ ᠲᠠᠢ ᠳᠡᠮᠡᠢ ᠤᠷᠤᠯᠳᠤᠬᠤ᠎ᠦᠭᠡᠢ ᠶᠤᠮ》᠂ ᠸᠠᠩ ᠢ ᠹᠠᠩ᠎ᠤᠨ ᠦᠵᠡᠬᠦ᠌᠎ᠪᠡᠷ᠂ ᠲᠣᠭ᠍ᠲᠠᠭᠤᠨᠢᠶᠠᠷᠳᠡᠮᠵᠢᠬᠦ᠌ ᠲᠣᠭ᠍ᠲᠠᠴᠠ ᠵᠢ ᠪᠠᠢᠭᠤᠯᠵᠤ᠂ ᠲᠣᠭ᠍ᠲᠠᠭᠤᠨ᠎ᠢᠶᠠᠷ ᠳᠡᠮᠵᠢᠬᠦ᠌ ᠪᠠ ᠲᠦᠷᠦᠯ ᠵᠦᠢᠯ᠎ᠦᠨ ᠥᠷᠢᠰᠥᠯᠳᠦᠭᠡᠨᠢᠵᠣᠬᠢᠰᠲᠠᠢ ᠲᠡᠩᠴᠡᠭᠦᠷᠢᠲᠡᠢ ᠪᠣᠯᠭᠠᠪᠠᠯ ᠵᠤᠬᠢᠨ᠎ᠠ᠃
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠤᠯᠤᠰᠤᠨᠳᠠᠭᠠᠭᠤᠯᠢ ᠤᠳᠤᠨ᠎ᠤ ᠴᠠᠭ ᠠᠭᠤᠷ᠎ᠤᠨ ᠲᠥᠪ᠎ᠦᠨ ᠳᠡᠳ᠋ ᠡᠷᠬᠢᠯᠡᠭ᠌ᠴᠢ ᠵᠠᠩ ᠱᠢᠩ ᠶᠢᠩ᠎ᠦᠨ ᠦᠵᠡᠬᠦ᠌᠎ᠪᠡᠷ᠂ ᠤᠯᠤᠰ᠎ᠡᠴᠡ ᠰᠠᠭᠤᠷᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠨ᠎ᠳᠡᠬᠢ ᠣᠷᠣᠭᠤᠯᠤᠯᠲᠠ᠎ᠪᠠᠨ ᠪᠠᠰᠠ ᠴᠢᠩᠭᠠᠳᠭᠠᠬᠤᠴᠢᠬᠤᠯᠠᠳᠠᠢ ᠪᠠᠢᠨ᠎ᠠ᠂ ᠮᠠᠨ᠎ᠤ ᠣᠳᠣᠬᠠᠨ᠎ᠤ ᠤᠯᠤᠰ᠎ᠤᠨ ᠪᠠᠢᠳᠠᠯ ᠪᠣᠯᠤᠨ ᠠᠵᠤ ᠠᠬᠤᠢ᠎ᠶ᠋ᠢᠨ ᠬᠥᠭ᠌ᠵᠢᠯᠲᠡᠶ᠋ᠢᠨᠲᠦᠪᠱᠢᠨᠳᠦ ᠵᠣᠬᠢᠴᠠᠬᠤ ᠮᠥᠷᠲᠡᠭᠡᠨ ᠪᠠᠰᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢᠡᠭᠦᠳᠬᠦ᠌ ᠴᠢᠳᠠᠪᠤᠷᠢ᠎ᠶ᠋ᠢ ᠬᠥᠭ᠌ᠵᠢᠭᠡᠵᠦ᠍ ᠳᠡᠢᠯᠬᠦ᠌ ᠨᠢᠭᠡ ᠵᠦᠢᠯ᠎ᠦᠨ ᠲᠣᠭ᠍ᠲᠠᠴᠠ ᠪᠠᠢᠭᠤᠯᠤᠮᠵᠢ᠎ᠶ᠋ᠢ ᠪᠠᠢᠭᠤᠯᠪᠠᠯᠵᠤᠬᠢᠨᠠ᠃
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ᠶ᠋ᠢᠨᠲᠤᠯᠭᠠᠭᠤᠷᠢᠯᠠᠨ ᠳᠠᠭᠠᠭᠤᠯᠬᠤ ᠦᠢᠯᠡᠳᠦᠯ᠎ᠢ ᠬᠡᠷᠬᠢᠨ ᠴᠢᠩᠭᠠᠳᠭᠠᠬᠤ ᠪᠤᠢ?
5G ᠪᠠᠷ ᠬᠥᠲᠥᠯᠥᠨ ᠳᠠᠭᠠᠭᠤᠯᠬᠤ᠂ᠴᠥᠮ᠎ᠡ᠎ᠶ᠋ᠢᠨ ᠴᠠᠬᠢᠯᠭᠠᠨ᠎ᠢ ᠭᠠᠳᠠᠭᠠᠳᠤ᠎ᠳᠤ ᠭᠠᠷᠭᠠᠬᠤ ᠁ ᠣᠳᠣᠬᠠᠨ᠎ᠳᠤ ᠮᠠᠨ᠎ᠤ ᠤᠯᠤᠰᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠣᠯᠠᠨ ᠬᠦᠷᠢᠶᠡᠨ᠎ᠤ ᠡᠮᠦᠨ᠎ᠡ ᠡᠩᠨᠡᠭᠡᠨᠳᠦᠶᠠᠪᠤᠵᠤ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤᠦᠪᠡᠷᠢᠶᠡᠨ ᠬᠦᠴᠦᠷᠬᠡᠭ᠌ᠵᠢᠬᠦ᠌᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯᠦᠨᠱᠢᠨᠡᠶ᠋ᠢ ᠡᠭᠦᠳᠬᠦ᠌ ᠲᠤᠯᠭᠠᠭᠤᠷᠢᠯᠠᠯ᠎ᠤᠨ ᠦᠶ᠋ᠯᠡᠳᠦᠯ᠎ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭᠮᠡᠷᠭᠡᠵᠢᠯᠦᠨ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠤᠨ ᠪᠤᠵᠠᠭᠠᠢᠷᠠᠭᠤᠯᠵᠤ᠂ ᠱᠢᠨ᠎ᠡ᠎ᠶ᠋ᠢᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ 《ᠭᠤᠤᠯ ᠬᠥᠭ ᠠᠶᠠᠰ》ᠪᠣᠯᠵᠠᠶ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠠᠵᠤ ᠠᠬᠤᠢᠯᠠᠯ᠎ᠤᠨ ᠱᠢᠨ᠎ᠡ᠎ᠶ᠋ᠢᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯᠦᠨᠪᠣᠭᠣᠮᠲᠠ ᠱᠢᠪᠲᠤᠯᠬᠤ᠎ᠶ᠋ᠢ ᠦᠷᠭᠦᠯᠵᠢᠯᠡᠨ ᠠᠬᠢᠭᠤᠯᠵᠤ᠂ ᠦᠶ᠋ᠯᠡᠳᠪᠦᠷᠢᠯᠡᠬᠦ᠌ ᠵᠢᠭᠠᠬᠤ ᠰᠤᠳᠤᠯᠬᠤ ᠬᠡᠷᠡᠭ᠌ᠯᠡᠬᠦ᠌᠎ᠶ᠋ᠢ ᠤᠶᠠᠯᠳᠤᠭᠤᠯᠬᠤᠶ᠋ᠢᠭᠦᠨᠵᠡᠭᠡᠢᠷᠡᠭᠦᠯᠦᠨᠡ ᠭᠡᠵᠦ ᠳᠤᠷᠠᠳᠤᠨ ᠭᠠᠷᠭᠠᠪᠠ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ᠦᠬᠠᠨ᠎ᠤ ᠷᠦᠢ ᠺᠸ ᠭᠡᠷᠡᠯ ᠱᠢᠷᠬᠡᠭ᠎ᠦᠨ ᠯᠠᠢᠰᠧᠷ ᠮᠡᠷᠭᠡᠵᠢᠯ᠎ᠦᠨ ᠬᠤᠪᠢᠴᠠᠭᠠᠲᠤ ᠬᠢᠵᠠᠭᠠᠷᠲᠤ ᠺᠣᠮᠫᠠᠨᠢᠶ᠋ᠢᠨᠳᠡᠳ᠋ ᠬᠡᠷᠡᠭ ᠮᠡᠳᠡᠭ᠌ᠴᠢᠳ᠎ᠦᠨ ᠳᠠᠷᠤᠭ᠎ᠠ ᠶᠠᠨ ᠳ᠋ᠠ ᠫᠸᠩ ᠳᠤᠮᠳᠠᠴᠢ ᠨᠠᠰᠤ ᠨᠢ 30 ᠬᠦᠷᠬᠦ᠌ ᠦᠭᠡᠢ ᠰᠤᠳᠤᠯᠭᠠᠨᠤᠪᠦᠯᠬᠦᠮᠢᠶᠡᠨ ᠳᠠᠭᠠᠭᠤᠯᠵᠤ᠂ 《ᠪᠣᠭᠣᠮᠢ》ᠵᠢᠨᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠣᠭᠣᠷᠢᠨ᠎ᠳᠤ᠂ ᠵᠣᠷᠢᠭ᠍ᠲᠠᠢ᠎ᠪᠠᠷ ᠤᠷᠤᠭ᠍ᠰᠢᠯᠠᠵᠤ᠂ ᠬᠦᠴᠢᠷᠢᠲᠤᠭᠤᠯᠤᠨ ᠪᠡᠷᠬᠡ᠎ᠶ᠋ᠢ ᠳᠠᠪᠠᠵᠠᠢ᠃
《ᠠᠵᠤ ᠠᠬᠤᠢᠯᠠᠯ᠎ᠢ ᠤᠯᠠᠮ ᠴᠢᠨᠠᠭ᠍ᠰᠢᠳᠠ ᠬᠦᠴᠦᠷᠬᠡᠭ ᠶᠡᠬᠡ ᠱᠢᠨ᠎ᠡ᠎ᠶ᠋ᠢ ᠡᠭᠦᠳᠬᠦ᠌ ᠭᠣᠣᠯᠴᠣᠭ᠍ᠴᠠ ᠪᠣᠯᠭᠠᠨ ᠴᠣᠭ᠍ᠴᠠᠯᠠᠵᠤ᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭᠮᠡᠷᠭᠡᠵᠢᠯᠦᠨ ᠬᠦᠴᠦᠨ᠎ᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠵᠦ᠍᠂ ᠴᠢᠨᠠᠷ ᠰᠠᠢᠲᠠᠢ ᠱᠢᠨᠵᠢᠯᠡᠬᠦ᠌ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠲᠤᠯᠭᠠᠭᠤᠷᠢᠯᠠᠨᠳᠠᠭᠠᠭᠤᠯᠪᠠᠯ ᠵᠤᠬᠢᠨ᠎ᠠ》 ᠭᠡᠵᠦ᠍ ᠶᠠᠨ ᠳ᠋ᠠ ᠫᠸᠩ ᠬᠡᠯᠡᠪᠡ᠃
ᠤᠢ᠍ᠢᠷ᠎ᠠ᠎ᠶ᠋ᠢᠨ ᠵᠢᠯ᠎ᠦᠳ᠎ᠲᠦ᠂ ᠮᠠᠨ᠎ᠤ ᠤᠯᠤᠰ᠎ᠤᠨ ᠨᠢᠭᠡ ᠪᠦᠯᠦᠭ ᠳᠡᠯᠡᠬᠡᠢ᠎ᠳᠡᠭᠡᠷ᠎ᠡ ᠦᠷᠢᠰᠦᠯᠳᠦᠬᠦ᠌ ᠬᠦᠴᠦᠨ ᠪᠦᠬᠦᠢ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠠᠬᠤᠢᠯᠠᠯ ᠲᠦᠷᠭᠡᠨᠢᠶᠡᠷᠦᠰᠦᠨ ᠪᠣᠢᠵᠢᠵᠤ᠂ ᠠᠵᠤ ᠠᠬᠤᠢᠯᠠᠯ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢᠰᠠᠭᠤᠷᠢ ᠡᠳᠦᠷ ᠢᠷᠡᠬᠦᠶ᠎ᠡ ᠴᠢᠩᠭᠠᠷᠠᠵᠤ᠂ ᠰᠤᠳᠤᠯᠤᠨ ᠨᠡᠭᠡᠭᠡᠬᠦ᠌ ᠣᠷᠣᠭᠤᠯᠤᠯᠲᠠ ᠵᠢᠯ ᠳᠠᠷᠠᠭᠠᠯᠠᠨ ᠨᠡᠮᠡᠭ᠌ᠳᠡᠵᠦ᠍ᠪᠠᠢᠨᠠ᠃
《ᠤᠯᠤᠰ᠎ᠡᠴᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠢ ᠤᠯᠠᠮᠴᠢᠨᠠᠭ᠍ᠰᠢᠳᠠ ᠳᠡᠮᠵᠢᠨ ᠵᠣᠷᠢᠭ᠍ᠵᠢᠭᠤᠯᠬᠤ᠎ᠶ᠋ᠢ ᠳᠠᠭᠠᠯᠳᠤᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨᠠᠵᠤ ᠠᠬᠤᠢᠯᠠᠯ᠎ᠨᠢ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠰᠤᠳᠤᠯᠤᠨ ᠨᠡᠭᠡᠭᠡᠬᠦ᠌᠎ᠳᠦ ᠨᠠᠩ ᠠᠩᠬᠠᠷᠤᠯᠢᠶᠠᠨᠲᠥᠪᠯᠡᠷᠡᠭᠦᠯᠵᠦ᠍᠂ ᠠᠦ᠋ᠲ᠋ᠣ᠋ ᠵᠢᠯᠣᠭᠣᠳᠣᠯᠭ᠎ᠠ᠎ᠶ᠋ᠢ ᠪᠠᠭ᠍ᠲᠠᠭᠠᠭ᠍ᠰᠠᠨ ᠡᠯ᠎ᠡ ᠬᠦᠷᠢᠶᠡᠨ᠎ᠳᠦ ᠨᠠᠩ ᠶᠡᠬᠡ ᠱᠢᠨ᠎ᠡ᠎ᠶ᠋ᠢᠡᠭᠦᠳᠬᠦ᠌ ᠴᠢᠳᠠᠪᠤᠷᠢ᠎ᠶ᠋ᠢ ᠲᠠᠰᠤᠷᠠᠯᠲᠠ ᠥᠬᠡᠶ ᠬᠥᠭ᠌ᠵᠢᠭᠡᠬᠦ᠌ ᠪᠣᠯᠤᠨ᠎ᠠ》 ᠭᠡᠵᠦ ᠪᠦᠬᠦ᠌ ᠤᠯᠤᠰ᠎ᠤᠨ ᠤᠯᠤᠰᠲᠦᠷᠦ᠍ᠶ᠋ᠢᠨ ᠵᠥᠪᠯᠡᠯᠭᠡᠨ᠎ᠦ ᠭᠡᠱᠢᠭᠦᠨ᠂ ᠪᠠᠢ ᠳ᠋ᠦ᠋ᠵᠢᠨ ᠬᠡᠷᠡᠭ ᠮᠡᠳᠡᠭ᠌ᠴᠢᠳ᠎ᠦᠨ ᠳᠠᠷᠤᠭ᠎ᠠ ᠪᠥᠭᠡᠳ ᠲᠡᠷᠢᠭᠦᠨᠭᠦᠢᠴᠡᠳᠭᠡᠭ᠌ᠴᠢ ᠲᠤᠱᠢᠶᠠᠯᠲᠠᠨ ᠯᠢ ᠶᠠᠨ ᠬᠣᠩ ᠬᠡᠯᠡᠪᠡ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ᠤᠯᠤᠰ᠎ᠤᠨ ᠠᠲ᠋ᠣᠮ᠎ᠤᠨ ᠡᠨᠧᠷᠭᠢ᠎ᠶ᠋ᠢᠨ ᠪᠠᠢᠭᠤᠯᠤᠮᠵᠢ᠎ᠶ᠋ᠢᠨ ᠳᠡᠳ᠋ ᠡᠷᠬᠢᠯᠡᠭ᠌ᠴᠢ ᠳ᠋ᠦᠩ ᠪᠦᠦ ᠲᠦᠩ᠎ᠦᠨ ᠦᠵᠡᠬᠦ᠌᠎ᠪᠡᠷ᠂ᠢᠷᠡᠭᠡᠳᠦᠢ᠎ᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠠᠵᠤ ᠦᠢᠯᠡᠰ᠎ᠦᠨ ᠥᠷᠢᠰᠥᠯᠳᠦᠭᠡᠨ ᠳᠤᠮᠳᠠᠦᠷᠢᠰᠦᠯᠳᠦᠬᠦ᠌ ᠬᠦᠴᠦᠨ᠎ᠲᠡᠶ ᠪᠣᠯᠤᠶ᠎ᠠ ᠭᠡᠪᠡᠯ ᠡᠷᠬᠡᠪᠰᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨᠪᠡᠶᠡᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠵᠠᠮ᠎ᠢᠶᠠᠷ ᠵᠠᠮᠨᠠᠬᠤ ᠬᠡᠷᠡᠭ᠌ᠲᠡᠢ᠃
《ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠪᠣᠶ ᠪᠣᠯᠬᠤ ᠬᠥᠳᠡᠯᠭᠡᠬᠦ᠌ ᠬᠦᠴᠦᠨᠨᠢᠨᠢᠭᠡ ᠲᠠᠯ᠎ᠠ᠎ᠪᠠᠷ ᠵᠠᠬ᠎ᠠ ᠳᠡᠯᠭᠡᠭᠦᠷ᠎ᠡᠴᠡ ᠢᠷᠡᠵᠦ᠍᠂ ᠠᠵᠤ ᠠᠬᠤᠢᠯᠠᠯ᠎ᠡᠴᠡ ᠢᠷᠡᠬᠦ᠌ ᠶᠣᠰᠣᠲᠠᠶ᠂ ᠨᠥᠭᠥᠭᠡᠲᠠᠯᠠᠪᠠᠷ ᠱᠢᠨᠵᠢᠯᠡᠬᠦ᠌ ᠤᠬᠠᠭᠠᠨᠲᠠᠳ᠎ᠤᠨ ᠴᠢᠯᠥᠭᠡᠲᠡᠶ ᠬᠠᠢᠨ ᠰᠥᠪᠡᠭ᠌ᠴᠢᠯᠡᠯᠲᠡ᠎ᠡᠴᠡ ᠢᠷᠡᠬᠦ᠌ ᠶᠣᠰᠣᠲᠠᠶ᠂ᠡᠨᠡ ᠬᠣᠶᠠᠷ ᠲᠠᠯ᠎ᠠ ᠪᠣᠯ ᠴᠥᠮ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠳᠡᠯᠭᠡᠬᠦ᠌ ᠬᠦᠴᠦᠨ ᠮᠥᠨ》 ᠭᠡᠵᠦ᠍ ᠳ᠋ᠦᠩ ᠪᠦᠦ ᠲᠦᠩ ᠬᠡᠯᠡᠪᠡ᠃
(ᠰᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ᠎ᠶᠢᠨ 6᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃