2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠣᠨᠴᠠ ᠮᠡᠳᠡᠭᠡᠯᠡᠯ

2022-03-10 10:08:44

ᠵᠣᠬᠢᠶᠠᠭ᠍ᠴᠢ᠄ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠬ᠍ᠦ ᠵᠸ ᠳ᠋ᠦᠩ ᠷᠦᠢ ᠹᠸᠩ ᠲᠢᠶᠠᠨ ᠵᠦᠩ ᠴᠢᠤᠸᠠᠨ ᠣᠩᠱᠢᠭ᠍ᠰᠠᠨ ᠣᠳᠠᠭ᠎ᠠ᠄ 3

ᠤᠯᠤᠰ᠎ᠤᠨ᠎ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭᠮᠡᠷᠭᠡᠵᠢᠯ᠎ᠦᠨ ᠬᠦᠴᠦᠨ ᠲᠦᠷᠭᠡᠨ ᠪᠤᠵᠠᠭᠠᠢᠷᠠᠵᠤ᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠᠱᠢᠪᠲᠤᠯᠬᠤ ᠠᠵᠢᠯ ᠴᠢᠬᠤᠯᠠ ᠠᠬᠢᠴᠠ᠎ᠲᠠᠶ ᠪᠤᠯᠵᠤ᠂ ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠂ ᠭᠠᠯ ᠭᠠᠷᠠᠭ᠎ᠢᠬᠠᠢᠨ ᠬᠡᠮᠵᠢᠬᠦ᠌᠂ ᠡᠬᠢ ᠪᠠᠶᠠᠯᠢᠭ᠎ᠢ ᠬᠠᠢᠨ ᠱᠢᠨᠵᠢᠯᠡᠬᠦ᠌᠂ ᠡᠨᠧᠷᠭᠢ᠎ᠶ᠋ᠢᠨ ᠢᠨᠵᠧᠨᠧᠷᠢᠩ ᠵᠡᠷᠭᠡ ᠬᠦᠷᠢᠶᠡᠨ᠎ᠳᠦᠱᠢᠨ᠎ᠡ ᠱᠢᠪᠲᠤᠯᠤᠯᠲᠠ ᠭᠠᠷᠭᠠᠪᠠ ᠁ ᠥᠩᠭᠡᠷᠡᠭ᠌ᠰᠡᠨ ᠨᠢᠭᠡ ᠵᠢᠯ᠎ᠳᠦ᠂ ᠮᠠᠨ᠎ᠤ ᠤᠯᠤᠰ᠎ᠤᠨ ᠴᠢᠬᠤᠯᠠ ᠶᠡᠬᠡ ᠱᠢᠨᠵᠢᠯᠡᠬᠦ᠌ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠣᠷᠠᠨ ᠭᠠᠷᠴᠤ᠌᠂ ᠱᠢᠨ᠎ᠡ᠎ᠶ᠋ᠢᠡᠭᠦᠳᠬᠦ᠌ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃

ᠢᠷᠡᠭᠡᠳᠦᠶ᠎ᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢᠬᠡᠷᠬᠢᠨ ᠬᠡᠷᠡᠭ᠌ᠯᠡᠬᠦ᠌ ᠪᠣᠶ?ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠬᠡᠷᠬᠢᠨ ᠳᠡᠭᠡᠭ᠌ᠰᠢᠯᠡᠭᠦᠯᠬᠦ᠌ ᠪᠤᠢ? ᠱᠢᠨᠵᠢᠯᠡᠬᠦ᠌ ᠤᠬᠠᠭᠠᠨ ᠲᠸᠭᠨᠢᠭᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠲᠤᠯᠭᠠᠭᠤᠷᠢᠯᠠᠨ ᠳᠠᠭᠠᠭᠤᠯᠬᠤ ᠦᠢᠯᠡᠳᠦᠯ᠎ᠢ ᠬᠡᠷᠬᠢᠨ ᠴᠢᠩᠭᠠᠳᠭᠠᠬᠤᠪᠤᠢ? ᠱᠢᠨᠵᠢᠯᠡᠬᠦ᠌᠎ᠤᠬᠠᠭᠠᠨ᠎ᠲᠸᠭᠨᠢᠭ᠎ᠮᠡᠷᠭᠡᠵᠢᠯ᠎ᠦᠨ᠎ᠬᠦᠷᠢᠶᠡᠨ᠎ᠦ ᠲᠥᠯᠥᠭᠡᠯᠡᠭ᠌ᠴᠢᠳ ᠭᠡᠱᠢᠭᠦᠳ ᠱᠢᠨᠵᠢᠯᠡᠬᠦ᠌ ᠤᠬᠠᠭᠠᠨ ᠲᠸᠭᠨᠢᠭᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠠᠯᠠᠮᠱᠢᠯ ᠠᠰᠠᠭᠤᠳᠠᠯ᠎ᠤᠨ ᠲᠣᠭᠣᠷᠢᠨ᠎ᠳᠤ ᠱᠢᠨᠬᠤᠸᠠ ᠬᠣᠷᠢᠶᠠᠨ᠎ᠤᠰᠤᠷᠪᠤᠯᠵᠢᠯᠠᠭ᠍ᠴᠢ᠎ᠶ᠋ᠢᠨ ᠲᠤᠰᠭᠠᠢ ᠰᠤᠷᠪᠤᠯᠵᠢᠯᠠᠭ᠎ᠠ᠎ᠶ᠋ᠢ ᠬᠦᠯᠢᠶᠡᠪᠡ᠃


ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠢ ᠬᠡᠷᠬᠢᠨᠬᠡᠷᠡᠭ᠌ᠯᠡᠬᠦ᠌ ᠪᠤᠢ?


ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠳᠡᠯᠡᠬᠡᠶ᠎ᠶ᠋ᠢᠨᠴᠢᠬᠤᠯᠠ ᠴᠢᠳᠠᠪᠤᠷᠢᠲᠠᠨ᠎ᠤ ᠲᠥᠪ ᠪᠣᠯᠤᠨ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠲᠦᠷᠭᠡᠳᠭᠡᠨ ᠪᠠᠢᠭᠤᠯᠵᠤ᠂ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠮᠵᠢ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠱᠢᠨᠵᠢᠯᠡᠬᠦ᠌ᠤᠬᠠᠭᠠᠨ᠎ᠤ ᠰᠤᠳᠤᠯᠭᠠᠨ᠎ᠤ ᠵᠠᠯᠠᠭᠤ ᠠᠵᠢᠯᠲᠠᠳ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠡᠯ᠎ᠡ ᠲᠥᠷᠥᠯ᠎ᠦᠨᠴᠢᠳᠠᠪᠤᠷᠢᠲᠠᠨ᠎ᠤ ᠨᠢᠭᠡ ᠰᠡᠳᠭᠢᠯ᠎ᠢᠶᠡᠷ ᠰᠤᠳᠤᠯᠵᠤ᠂ ᠠᠪᠢᠶᠠᠰ ᠴᠢᠳᠠᠪᠤᠷᠢ᠎ᠪᠠᠨ ᠭᠦᠶ᠋ᠴᠡᠳ ᠪᠠᠳᠠᠷᠠᠭᠤᠯᠬᠤ᠎ᠶᠢᠲᠡᠮᠵᠢᠨ᠎ᠠ ᠭᠡᠵᠦ᠍ ᠳᠤᠷᠠᠳᠪᠠ᠃

ᠡᠭᠦᠨ᠎ᠤ ᠲᠤᠬᠠᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦᠪᠠᠢᠩᠭᠤ᠎ᠶ᠋ᠢᠨ ᠭᠡᠱᠢᠭᠦᠨ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢᠶᠤᠸᠠᠨ ᠶᠠ ᠱᠢᠶᠠᠩ᠄《ᠨᠢᠭᠡ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠥᠷᠢᠰᠥᠯᠳᠦᠭᠡᠨ᠎ᠦᠵᠠᠩᠭᠢᠯᠠᠭ᠎ᠠ ᠨᠢ ᠴᠢᠳᠠᠪᠤᠷᠢᠲᠠᠨ᠎ᠢ ᠬᠥᠮᠦᠵᠢᠭᠦᠯᠬᠦ᠌᠂ ᠴᠢᠳᠠᠪᠤᠷᠢᠲᠠᠨ᠎ᠤ ᠥᠷᠢᠰᠥᠯᠳᠦᠭᠡᠨ᠎ᠳᠦ ᠪᠤᠢ》ᠭᠡᠵᠦ ᠶᠠᠷᠢᠪᠠ᠃ 《ᠵᠣᠷᠢᠭ᠍ᠲᠠᠶ᠎ᠪᠠᠷ ᠱᠢᠨ᠎ᠡ᠎ᠶ᠋ᠢᠡᠭᠦᠳᠴᠦ᠍᠂ ᠵᠣᠷᠢᠭ᠍ᠲᠠᠶ᠎ᠪᠠᠷ ᠰᠤᠪᠢᠵᠤ ᠰᠡᠳᠭᠢᠨ᠂ ᠱᠢᠨᠵᠢᠯᠡᠬᠦ᠌ ᠤᠬᠠᠭᠠᠨᠴᠢ ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ᠥᠪᠡᠷ᠎ᠦᠨ ᠬᠢᠬᠦ᠌ ᠳᠤᠷᠠᠲᠠᠶ ᠠᠵᠢᠯ᠎ᠢᠶᠠᠨ ᠵᠣᠷᠢᠭ᠍ᠲᠠᠶ ᠬᠢᠬᠦ᠌ ᠬᠡᠷᠡᠭ᠌ᠲᠡᠶ》᠃ ᠢᠩᠭᠢᠬᠦ ᠳ᠋ᠦ ᠵᠠᠪᠠᠯ ᠰᠠᠢ᠌ᠨ ᠣᠷᠴᠢᠨ ᠲᠣᠭᠣᠷᠢᠨ᠎ᠢ ᠪᠤᠢ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠢᠦᠨᠡᠨ ᠬᠦ᠌ ᠰᠡᠳᠭᠢᠯ ᠠᠮᠤᠷ ᠰᠤᠳᠤᠯᠭᠠᠨ ᠬᠢᠯᠭᠡᠬᠦ᠌ ᠬᠡᠷᠡᠭ᠌ᠲᠡᠢ ᠭᠡᠵᠦ᠍ ᠶᠤᠸᠠᠨ ᠶᠠ ᠱᠢᠶᠠᠩ ᠤᠷᠢᠶᠠᠯᠠᠪᠠ᠃

ᠬᠡᠷᠬᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠨᠢᠭᠡ ᠰᠡᠳᠭᠢᠯ᠎ᠢᠶᠡᠷᠠᠵᠢᠯᠯᠠᠵᠤ᠂ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠬᠦ᠌᠎ᠶ᠋ᠢ ᠤᠯᠠᠮ ᠨᠢᠭᠡ ᠠᠯᠬᠤᠮ ᠵᠣᠷᠢᠭ᠍ᠵᠢᠭᠤᠯᠬᠤ ᠪᠣᠶ? ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠶ᠋ᠯᠡᠳᠪᠦᠷᠢ᠎ᠶ᠋ᠢᠨᠪᠦᠯᠦᠭ᠌ᠯᠡᠯ᠎ᠦᠨ ᠰᠠᠨᠰᠠᠷ᠎ᠤᠨ ᠠᠶᠠᠯᠠᠯ᠎ᠤᠨ ᠭᠤᠷᠪᠠᠨ ᠮᠥᠷᠡᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨᠵᠥᠪᠯᠡᠯ᠎ᠦᠨ ᠳᠡᠳ᠋ ᠡᠷᠬᠢᠯᠡᠭ᠌ᠴᠢ ᠬᠤ᠌ ᠱᠧᠩ ᠶᠦᠨ᠂ ᠪᠤᠰᠤᠳᠴᠢ ᠲᠥᠪ ᠭᠤᠤᠯᠴᠢ ᠱᠢᠨᠵᠢᠯᠡᠬᠦ᠌ ᠤᠬᠠᠭᠠᠨᠴᠢ᠂ ᠱᠢᠨᠵᠢᠯᠡᠬᠦ᠌ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠶᠠᠰᠤ ᠴᠢᠨᠠᠷ᠂ ᠬᠤᠪᠢ ᠨᠡᠮᠡᠷᠢ᠂ ᠠᠮᠵᠢᠯᠲᠠ ᠪᠦᠲᠦᠮᠵᠢ᠎ᠪᠡᠷᠤᠳᠤᠷᠢᠳᠤᠮᠵᠢ ᠪᠣᠯᠭᠠᠭ᠍ᠰᠠᠨ ᠲᠥᠷᠥᠯ ᠬᠤᠪᠢᠶᠠᠨ ᠦᠨᠡᠯᠡᠬᠦ᠌ ᠱᠢᠰᠲ᠋ᠧᠮ᠎ᠢ ᠪᠠᠢᠭᠤᠯᠪᠠᠯ ᠵᠤᠬᠢᠨ᠎ᠠ ᠭᠡᠵᠦ ᠰᠠᠨᠠᠭᠤᠯᠵᠠᠢ᠃

《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠦᠨᠱᠢᠨᠵᠢᠯᠡᠬᠦ᠌ ᠤᠬᠠᠭᠠᠨᠴᠢ ᠦᠷᠳᠡᠭ᠂ ᠮᠡᠷᠭᠡᠵᠢᠯ᠎ᠦᠨ ᠦᠷᠳᠡᠭ᠂ ᠠᠵᠤ ᠠᠬᠤᠢ᠎ᠶ᠋ᠢᠨ ᠦᠷᠳᠡᠭ᠂ ᠨᠡᠢᠭᠡᠮ᠎ᠦᠨ ᠦᠷᠳᠡᠭᠪᠠ ᠰᠣᠶᠣᠯ᠎ᠤᠨ ᠦᠷᠳᠡᠭ᠎ᠢ ᠵᠥᠪ ᠦᠨᠡᠯᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠳᠠᠨ᠎ᠢᠤᠯᠤᠰ᠎ᠤᠨ ᠠᠵᠤ ᠠᠬᠤᠢ ᠨᠡᠢᠭᠡᠮ ᠴᠡᠷᠢᠭ᠎ᠦᠨ ᠶᠠᠪᠤᠳᠠᠯ ᠰᠣᠶᠣᠯ᠎ᠤᠨ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠬᠦ᠌ᠴᠢᠭ᠌ᠯᠡᠯ ᠲᠡᠢᠰᠢ ᠬᠥᠲᠥᠯᠪᠡᠯ ᠵᠤᠬᠢᠨ᠎ᠠ》 ᠭᠡᠵᠦ᠍ ᠬᠤ᠌ ᠱᠧᠩ ᠶᠦᠨ ᠬᠡᠯᠡᠪᠡ᠃

ᠪᠦᠬᠦ᠌᠎ᠤᠯᠤᠰ᠎ᠤᠨ᠎ᠤᠯᠤᠰ᠎ᠲᠦᠷᠦ᠍᠎ᠶ᠋ᠢᠨ᠎ᠵᠥᠪᠯᠡᠯᠭᠡᠨ᠎ᠦ᠎ᠭᠡᠱᠢᠭᠦᠨ᠂᠎ᠪᠡᠭᠡᠵᠢᠩ᠎ᠦᠨ᠎ᠵᠠᠮ᠎ᠬᠠᠷᠢᠯᠴᠠᠭᠠᠨ᠎ᠤ ᠶᠡᠬᠡ ᠰᠤᠷᠭᠠᠭᠤᠯᠢ᠎ᠶ᠋ᠢᠨ ᠫᠷᠤᠹᠸᠰᠰᠤᠷ ᠵᠦᠩ ᠵᠠᠩ ᠳ᠋ᠦᠢ᠂ 《ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠤᠯᠤᠰ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨᠬᠦᠴᠦᠷᠬᠡᠭ᠎ᠤᠯᠤᠰ᠎ᠲᠠᠶ ᠵᠣᠬᠢᠴᠠᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨᠬᠠᠮᠢᠶᠠᠷᠤᠯᠲᠠ᠎ᠶ᠋ᠢᠨ ᠱᠢᠰᠲᠸᠮ᠎ᠢ ᠪᠠᠢᠭᠤᠯᠪᠠᠯ ᠵᠤᠬᠢᠨ᠎ᠠ》 ᠭᠡᠵᠦ᠍ ᠦᠵᠡᠪᠡ᠃


ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ᠴᠢᠳᠠᠪᠤᠷᠢ᠎ᠶ᠋ᠢ ᠬᠡᠷᠬᠢᠨ ᠳᠡᠭᠡᠭ᠌ᠰᠢᠯᠡᠭᠦᠯᠬᠦ᠌ ᠪᠤᠢ?


ᠰᠠᠭᠤᠷᠢ ᠰᠤᠳᠤᠯᠭᠠᠨ᠎ᠤ ᠠᠷᠪᠠᠨ ᠵᠢᠯ᠎ᠦᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠵᠦ᠍᠂ᠤᠷᠳᠤ ᠬᠤᠭᠤᠴᠠᠭᠠᠨ᠎ᠤ ᠲᠣᠭ᠍ᠲᠠᠭᠤᠨ ᠳᠡᠮᠵᠢᠯᠭᠡ᠎ᠶ᠋ᠢ ᠴᠢᠩᠭᠠᠳᠭᠠᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠭᠤᠷᠪᠠᠨ ᠵᠢᠯ᠎ᠦᠨ ᠪᠣᠭᠣᠮᠲᠠ ᠱᠢᠪᠲᠤᠯᠬᠤ ᠲᠥᠰᠦᠯ᠎ᠢ ᠬᠡᠷᠡᠭ᠌ᠵᠢᠭᠦᠯᠵᠦ᠍᠂ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠨ᠎ᠢ ᠴᠢᠩᠭᠠᠳᠭᠠᠵᠤ᠂ᠤᠯᠤᠰ᠎ᠤᠨ ᠲᠤᠷᠱᠢᠯᠲᠠ᠎ᠶ᠋ᠢᠨ ᠲᠠᠰᠤᠭ ᠪᠠ ᠪᠦᠬᠦ᠌ ᠤᠯᠤᠰ᠎ᠤᠨ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨᠦᠢᠯᠡᠳᠦᠯ᠎ᠢ ᠰᠠᠢᠲᠤᠷ ᠪᠠᠳᠠᠷᠠᠭᠤᠯᠵᠤ᠂ ᠱᠢᠨᠵᠢᠯᠡᠬᠦ᠌ ᠤᠬᠠᠭᠠᠨ᠎ᠤᠰᠤᠳᠤᠯᠭᠠᠨ᠎ᠤ ᠬᠦᠷᠢᠶᠡᠯᠡᠩ ᠭᠠᠵᠠᠷ᠎ᠤᠨ ᠥᠭᠡᠷᠡᠴᠢᠯᠡᠯᠲᠡ᠎ᠶ᠋ᠢ ᠠᠬᠢᠭᠤᠯᠵᠤ᠂ ᠴᠢᠬᠤᠯᠠ ᠶᠡᠬᠡ ᠱᠢᠨᠵᠢᠯᠡᠬᠦ᠌ᠤᠬᠠᠭᠠᠨ ᠲᠸᠭᠨᠢᠭ ᠮᠡᠷᠭᠡᠵᠢᠯ᠎ᠦᠨ ᠲᠦᠷᠦᠯ ᠵᠦᠢᠯ᠎ᠢ ᠲᠣᠭ᠍ᠲᠠᠭᠠᠬᠤ ᠪᠠ ᠬᠠᠮᠢᠶᠠᠷᠬᠤ ᠠᠷᠭ᠎ᠠ ᠬᠡᠯᠪᠡᠷᠢ᠎ᠶ᠋ᠢᠰᠠᠢᠵᠢᠷᠠᠭᠤᠯᠤᠨ᠎ᠠ ᠁ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠠᠢᠷᠢᠱᠢᠭᠤᠯᠤᠯᠲᠠ ᠨᠡᠩ ᠲᠣᠳᠣᠷᠬᠠᠢ ᠪᠣᠯᠪᠠ᠃

《ᠱᠢᠨ᠎ᠡ᠎ᠶ᠋ᠢ ᠡᠭᠦᠳᠬᠦ᠌ ᠪᠣᠯ ᠬᠤᠪᠢ ᠵᠠᠶᠠᠭ᠎ᠠ᠂ ᠶᠡᠬᠡ ᠬᠠᠨᠳᠤᠰᠢ ᠮᠥᠨ》᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠳᠤᠮᠳᠠᠳᠤ ᠤᠯᠤᠰ᠎ᠤᠨᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠦᠨᠬᠣᠶᠠᠳᠤᠭᠠᠷ ᠬᠦᠷᠢᠶᠡᠯᠡᠩ᠎ᠦᠨ 25 ᠳ᠋ᠤᠭᠠᠷ ᠭᠠᠵᠠᠷ ᠤ᠋ᠨ ᠣᠨᠴᠠ ᠲᠠᠰ᠎ᠤᠨ ᠲᠤᠰᠭᠠᠶ ᠮᠡᠷᠭᠡᠵᠢᠯᠲᠡᠨ ᠳ᠋ᠦᠩ ᠱᠧᠩᠪᠥᠸᠧ᠎ᠶ᠋ᠢᠨ ᠦᠵᠡᠬᠦ᠌᠎ᠪᠡᠷ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠪᠡᠶᠡᠯᠡᠭᠦᠯᠬᠦ᠌᠎ᠳᠦᠰᠠᠭᠤᠷᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ ᠶᠡᠬᠡ᠎ᠪᠡᠷ ᠴᠢᠩᠭᠠᠳᠭᠠᠵᠤ᠂ ᠨᠠᠩ ᠣᠯᠠᠨ 《0 ᠡᠴᠡ 1 ᠬᠥᠷᠬᠥ᠌》 ᠱᠢᠪᠲᠤᠯᠤᠯᠲᠠ᠎ᠶ᠋ᠢ ᠴᠢᠷᠮᠠᠢᠨᠪᠡᠶᠡᠯᠡᠭᠦᠯᠬᠦ᠌ ᠬᠡᠷᠡᠭ᠌ᠲᠡᠶ᠃

ᠤᠢ᠍ᠢᠷ᠎ᠠ᠎ᠶ᠋ᠢᠨ ᠵᠢᠯ᠎ᠡᠴᠡ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨᠥᠨᠳᠥᠷ ᠡᠨᠧᠷᠭᠢ᠎ᠶ᠋ᠢᠨ ᠹᠢᠽᠢᠺ᠎ᠦᠨ ᠰᠤᠳᠤᠯᠭᠠᠨ᠎ᠤ ᠭᠠᠵᠠᠷ᠎ᠤᠨ ᠳᠠᠷᠤᠭ᠎ᠠ ᠸᠠᠩ ᠢ ᠹᠠᠩ ᠠᠺᠠᠳᠧᠮᠢᠴᠢ ᠪᠦᠯᠬᠦᠮ᠎ᠢᠶᠡᠨᠳᠠᠭᠠᠭᠤᠯᠤᠨ ᠳᠡᠯᠡᠬᠡᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠰᠢᠭᠤᠷᠠᠯ ᠳ᠋ᠤ ᠠᠩᠬᠠᠷᠤᠯᠲᠠᠯᠪᠢᠵᠤ᠂ ᠨᠸᠲ᠋ᠷᠤᠨᠢ ᠵᠢᠨ ᠰᠤᠳᠤᠯᠭᠠᠨ᠂ ᠴᠠᠭᠠᠷᠢᠭ ᠬᠡᠯᠪᠡᠷᠢ᠎ᠶ᠋ᠢᠨ ᠠᠷᠭ᠎ᠠ ᠪᠢᠯᠢᠭ ᠡᠯᠧᠺᠲ᠋ᠷᠣᠨ ᠮᠥᠷᠭᠥᠯᠳᠦᠭᠦᠯᠬᠦ᠌ᠮᠠᠱᠢᠨ᠎ᠢ ᠵᠢᠷᠤᠵᠤ ᠲᠥᠯᠥᠪᠯᠡᠬᠦ᠌ ᠪᠠ ᠵᠠᠩᠭᠢᠯᠠᠭ᠎ᠠ᠎ᠶ᠋ᠢᠨ ᠮᠡᠷᠭᠡᠵᠢᠯ᠎ᠢ ᠤᠷᠢᠳᠴᠢᠯᠠᠨ ᠰᠤᠳᠤᠯᠬᠤ ᠵᠡᠷᠭᠡᠬᠦᠷᠢᠶᠡᠨ᠎ᠳᠦ ᠬᠦᠴᠦᠯᠡᠵᠦ᠍᠂ ᠠᠯᠢ ᠤᠯᠠᠨ ᠠᠬᠢᠴᠠ᠎ᠲᠠᠶ ᠪᠣᠯᠪᠠ᠃

《ᠵᠠᠷᠢᠮ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠬᠠᠮᠤᠭ᠎ᠤᠨ ᠬᠦᠴᠢᠷᠲᠡᠶ᠂ᠬᠠᠮᠤᠭ᠎ᠤᠨ ᠬᠤᠰᠢᠭᠤᠷᠠᠯ᠂ ᠬᠠᠮᠤᠭ᠎ᠤᠨ ᠱᠢᠨ᠎ᠡ᠎ᠶ᠋ᠢ ᠡᠭᠦᠳᠬᠦ᠌ ᠴᠢᠬᠤᠯᠠᠲᠠᠶ ᠠᠰᠠᠭᠤᠳᠠᠯ ᠲᠠᠢ ᠳᠡᠮᠡᠢ ᠤᠷᠤᠯᠳᠤᠬᠤᠦᠭᠡᠢ ᠶᠤᠮ》᠂ ᠸᠠᠩ ᠢ ᠹᠠᠩ᠎ᠤᠨ ᠦᠵᠡᠬᠦ᠌᠎ᠪᠡᠷ᠂ ᠲᠣᠭ᠍ᠲᠠᠭᠤᠨ᠎ᠢᠶᠠᠷᠳᠡᠮᠵᠢᠬᠦ᠌ ᠲᠣᠭ᠍ᠲᠠᠴᠠ ᠵᠢ ᠪᠠᠢᠭᠤᠯᠵᠤ᠂ ᠲᠣᠭ᠍ᠲᠠᠭᠤᠨ᠎ᠢᠶᠠᠷ ᠳᠡᠮᠵᠢᠬᠦ᠌ ᠪᠠ ᠲᠦᠷᠦᠯ ᠵᠦᠢᠯ᠎ᠦᠨ ᠥᠷᠢᠰᠥᠯᠳᠦᠭᠡᠨ᠎ᠢᠵᠣᠬᠢᠰᠲᠠᠢ ᠲᠡᠩᠴᠡᠭᠦᠷᠢᠲᠡᠢ ᠪᠣᠯᠭᠠᠪᠠᠯ ᠵᠤᠬᠢᠨ᠎ᠠ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠤᠯᠤᠰ᠎ᠤᠨᠳᠠᠭᠠᠭᠤᠯᠢ ᠤᠳᠤᠨ᠎ᠤ ᠴᠠᠭ ᠠᠭᠤᠷ᠎ᠤᠨ ᠲᠥᠪ᠎ᠦᠨ ᠳᠡᠳ᠋ ᠡᠷᠬᠢᠯᠡᠭ᠌ᠴᠢ ᠵᠠᠩ ᠱᠢᠩ ᠶᠢᠩ᠎ᠦᠨ ᠦᠵᠡᠬᠦ᠌᠎ᠪᠡᠷ᠂ ᠤᠯᠤᠰᠡᠴᠡ ᠰᠠᠭᠤᠷᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠨ᠎ᠳᠡᠬᠢ ᠣᠷᠣᠭᠤᠯᠤᠯᠲᠠ᠎ᠪᠠᠨ ᠪᠠᠰᠠ ᠴᠢᠩᠭᠠᠳᠭᠠᠬᠤᠴᠢᠬᠤᠯᠠᠳᠠᠢ ᠪᠠᠢᠨ᠎ᠠ᠂ ᠮᠠᠨ᠎ᠤ ᠣᠳᠣᠬᠠᠨ᠎ᠤ ᠤᠯᠤᠰ᠎ᠤᠨ ᠪᠠᠢᠳᠠᠯ ᠪᠣᠯᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨᠲᠦᠪᠱᠢᠨ᠎ᠳᠦ ᠵᠣᠬᠢᠴᠠᠬᠤ ᠮᠥᠷᠲᠡᠭᠡᠨ ᠪᠠᠰᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢᠡᠭᠦᠳᠬᠦ᠌ ᠴᠢᠳᠠᠪᠤᠷᠢ᠎ᠶ᠋ᠢ ᠬᠥᠭ᠌ᠵᠢᠭᠡᠵᠦ᠍ ᠳᠡᠢᠯᠬᠦ᠌ ᠨᠢᠭᠡ ᠵᠦᠢᠯ᠎ᠦᠨ ᠲᠣᠭ᠍ᠲᠠᠴᠠ ᠪᠠᠢᠭᠤᠯᠤᠮᠵᠢ᠎ᠶ᠋ᠢ ᠪᠠᠢᠭᠤᠯᠪᠠᠯᠵᠤᠬᠢᠨ᠎ᠠ᠃


ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨᠲᠤᠯᠭᠠᠭᠤᠷᠢᠯᠠᠨ ᠳᠠᠭᠠᠭᠤᠯᠬᠤ ᠦᠢᠯᠡᠳᠦᠯ᠎ᠢ ᠬᠡᠷᠬᠢᠨ ᠴᠢᠩᠭᠠᠳᠭᠠᠬᠤ ᠪᠤᠢ?


5G ᠎ᠪᠠᠷ ᠬᠥᠲᠥᠯᠥᠨ ᠳᠠᠭᠠᠭᠤᠯᠬᠤ᠂ᠴᠥᠮ᠎ᠡ᠎ᠶ᠋ᠢᠨ ᠴᠠᠬᠢᠯᠭᠠᠨ᠎ᠢ ᠭᠠᠳᠠᠭᠠᠳᠤ᠎ᠳᠤ ᠭᠠᠷᠭᠠᠬᠤ ᠁ ᠣᠳᠣᠬᠠᠨ᠎ᠳᠤ ᠮᠠᠨ᠎ᠤ ᠤᠯᠤᠰᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠣᠯᠠᠨ ᠬᠦᠷᠢᠶᠡᠨ᠎ᠤ ᠡᠮᠦᠨ᠎ᠡ ᠡᠩᠨᠡᠭᠡᠨ᠎ᠳᠦᠶᠠᠪᠤᠵᠤ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤᠦᠪᠡᠷ᠎ᠢᠶᠡᠨ ᠬᠦᠴᠦᠷᠬᠡᠭ᠌ᠵᠢᠬᠦ᠌᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨᠱᠢᠨ᠎ᠡ᠎ᠶ᠋ᠢ ᠡᠭᠦᠳᠬᠦ᠌ ᠲᠤᠯᠭᠠᠭᠤᠷᠢᠯᠠᠯ᠎ᠤᠨ ᠦᠶ᠋ᠯᠡᠳᠦᠯ᠎ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠤᠨ ᠪᠤᠵᠠᠭᠠᠢᠷᠠᠭᠤᠯᠵᠤ᠂ ᠱᠢᠨ᠎ᠡ᠎ᠶ᠋ᠢᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ 《ᠭᠤᠤᠯ ᠬᠥᠭ ᠠᠶᠠᠰ》ᠪᠣᠯᠵᠠᠶ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠠᠵᠤ ᠠᠬᠤᠢᠯᠠᠯ᠎ᠤᠨ ᠱᠢᠨ᠎ᠡ᠎ᠶ᠋ᠢᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨᠪᠣᠭᠣᠮᠲᠠ ᠱᠢᠪᠲᠤᠯᠬᠤ᠎ᠶ᠋ᠢ ᠦᠷᠭᠦᠯᠵᠢᠯᠡᠨ ᠠᠬᠢᠭᠤᠯᠵᠤ᠂ ᠦᠶ᠋ᠯᠡᠳᠪᠦᠷᠢᠯᠡᠬᠦ᠌ ᠵᠢᠭᠠᠬᠤ ᠰᠤᠳᠤᠯᠬᠤ ᠬᠡᠷᠡᠭ᠌ᠯᠡᠬᠦ᠌᠎ᠶ᠋ᠢ ᠤᠶᠠᠯᠳᠤᠭᠤᠯᠬᠤ᠎ᠶ᠋ᠢᠭᠦᠨᠵᠡᠭᠡᠢᠷᠡᠭᠦᠯᠦᠨ᠎ᠡ ᠭᠡᠵᠦ ᠳᠤᠷᠠᠳᠤᠨ ᠭᠠᠷᠭᠠᠪᠠ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ᠦᠬᠠᠨ᠎ᠤ ᠷᠦᠢ ᠺᠸ ᠭᠡᠷᠡᠯ ᠱᠢᠷᠬᠡᠭ᠎ᠦᠨ ᠯᠠᠢᠰᠧᠷ ᠮᠡᠷᠭᠡᠵᠢᠯ᠎ᠦᠨ ᠬᠤᠪᠢᠴᠠᠭᠠᠲᠤ ᠬᠢᠵᠠᠭᠠᠷᠲᠤ ᠺᠣᠮᠫᠠᠨᠢ᠎ᠶ᠋ᠢᠨᠳᠡᠳ᠋ ᠬᠡᠷᠡᠭ ᠮᠡᠳᠡᠭ᠌ᠴᠢᠳ᠎ᠦᠨ ᠳᠠᠷᠤᠭ᠎ᠠ ᠶᠠᠨ ᠳ᠋ᠠ ᠫᠸᠩ ᠳᠤᠮᠳᠠᠴᠢ ᠨᠠᠰᠤ ᠨᠢ 30 ᠬᠦᠷᠬᠦ᠌ ᠦᠭᠡᠢ ᠰᠤᠳᠤᠯᠭᠠᠨ᠎ᠤᠪᠦᠯᠬᠦᠮ᠎ᠢᠶᠡᠨ ᠳᠠᠭᠠᠭᠤᠯᠵᠤ᠂ 《ᠪᠣᠭᠣᠮᠢ》ᠵᠢᠨᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠣᠭᠣᠷᠢᠨ᠎ᠳᠤ᠂ ᠵᠣᠷᠢᠭ᠍ᠲᠠᠢ᠎ᠪᠠᠷ ᠤᠷᠤᠭ᠍ᠰᠢᠯᠠᠵᠤ᠂ ᠬᠦᠴᠢᠷ᠎ᠢᠲᠤᠭᠤᠯᠤᠨ ᠪᠡᠷᠬᠡ᠎ᠶ᠋ᠢ ᠳᠠᠪᠠᠵᠠᠢ᠃

《ᠠᠵᠤ ᠠᠬᠤᠢᠯᠠᠯ᠎ᠢ ᠤᠯᠠᠮ ᠴᠢᠨᠠᠭ᠍ᠰᠢᠳᠠ ᠬᠦᠴᠦᠷᠬᠡᠭ ᠶᠡᠬᠡ ᠱᠢᠨ᠎ᠡ᠎ᠶ᠋ᠢ ᠡᠭᠦᠳᠬᠦ᠌ ᠭᠣᠣᠯᠴᠣᠭ᠍ᠴᠠ ᠪᠣᠯᠭᠠᠨ ᠴᠣᠭ᠍ᠴᠠᠯᠠᠵᠤ᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭᠮᠡᠷᠭᠡᠵᠢᠯ᠎ᠦᠨ ᠬᠦᠴᠦᠨ᠎ᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠵᠦ᠍᠂ ᠴᠢᠨᠠᠷ ᠰᠠᠢᠲᠠᠢ ᠱᠢᠨᠵᠢᠯᠡᠬᠦ᠌ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠲᠤᠯᠭᠠᠭᠤᠷᠢᠯᠠᠨᠳᠠᠭᠠᠭᠤᠯᠪᠠᠯ ᠵᠤᠬᠢᠨ᠎ᠠ》 ᠭᠡᠵᠦ᠍ ᠶᠠᠨ ᠳ᠋ᠠ ᠫᠸᠩ ᠬᠡᠯᠡᠪᠡ᠃

ᠤᠢ᠍ᠢᠷ᠎ᠠ᠎ᠶ᠋ᠢᠨ ᠵᠢᠯ᠎ᠦᠳ᠎ᠲᠦ᠂ ᠮᠠᠨ᠎ᠤ ᠤᠯᠤᠰ᠎ᠤᠨ ᠨᠢᠭᠡ ᠪᠦᠯᠦᠭ ᠳᠡᠯᠡᠬᠡᠢᠳᠡᠭᠡᠷ᠎ᠡ ᠦᠷᠢᠰᠦᠯᠳᠦᠬᠦ᠌ ᠬᠦᠴᠦᠨ ᠪᠦᠬᠦᠢ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠠᠬᠤᠢᠯᠠᠯ ᠲᠦᠷᠭᠡᠨ᠎ᠢᠶᠡᠷᠦᠰᠦᠨ ᠪᠣᠢᠵᠢᠵᠤ᠂ ᠠᠵᠤ ᠠᠬᠤᠢᠯᠠᠯ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢᠰᠠᠭᠤᠷᠢ ᠡᠳᠦᠷ ᠢᠷᠡᠬᠦᠶ᠎ᠡ ᠴᠢᠩᠭᠠᠷᠠᠵᠤ᠂ ᠰᠤᠳᠤᠯᠤᠨ ᠨᠡᠭᠡᠭᠡᠬᠦ᠌ ᠣᠷᠣᠭᠤᠯᠤᠯᠲᠠ ᠵᠢᠯ ᠳᠠᠷᠠᠭᠠᠯᠠᠨ ᠨᠡᠮᠡᠭ᠌ᠳᠡᠵᠦ᠍ᠪᠠᠢᠨ᠎ᠠ᠃

《ᠤᠯᠤᠰ᠎ᠡᠴᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠢ ᠤᠯᠠᠮᠴᠢᠨᠠᠭ᠍ᠰᠢᠳᠠ ᠳᠡᠮᠵᠢᠨ ᠵᠣᠷᠢᠭ᠍ᠵᠢᠭᠤᠯᠬᠤ᠎ᠶ᠋ᠢ ᠳᠠᠭᠠᠯᠳᠤᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨᠠᠵᠤ ᠠᠬᠤᠢᠯᠠᠯ᠎ᠨᠢ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠰᠤᠳᠤᠯᠤᠨ ᠨᠡᠭᠡᠭᠡᠬᠦ᠌᠎ᠳᠦ ᠨᠠᠩ ᠠᠩᠬᠠᠷᠤᠯ᠎ᠢᠶᠠᠨᠲᠥᠪᠯᠡᠷᠡᠭᠦᠯᠵᠦ᠍᠂ ᠠᠦ᠋ᠲ᠋ᠣ᠋ ᠵᠢᠯᠣᠭᠣᠳᠣᠯᠭ᠎ᠠ᠎ᠶ᠋ᠢ ᠪᠠᠭ᠍ᠲᠠᠭᠠᠭ᠍ᠰᠠᠨ ᠡᠯ᠎ᠡ ᠬᠦᠷᠢᠶᠡᠨ᠎ᠳᠦ ᠨᠠᠩ ᠶᠡᠬᠡ ᠱᠢᠨ᠎ᠡ᠎ᠶ᠋ᠢᠡᠭᠦᠳᠬᠦ᠌ ᠴᠢᠳᠠᠪᠤᠷᠢ᠎ᠶ᠋ᠢ ᠲᠠᠰᠤᠷᠠᠯᠲᠠ ᠥᠬᠡᠶ ᠬᠥᠭ᠌ᠵᠢᠭᠡᠬᠦ᠌ ᠪᠣᠯᠤᠨ᠎ᠠ》 ᠭᠡᠵᠦ ᠪᠦᠬᠦ᠌ ᠤᠯᠤᠰ᠎ᠤᠨ ᠤᠯᠤᠰᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠪᠠᠢ ᠳ᠋ᠦ᠋᠎ᠵᠢᠨ ᠬᠡᠷᠡᠭ ᠮᠡᠳᠡᠭ᠌ᠴᠢᠳ᠎ᠦᠨ ᠳᠠᠷᠤᠭ᠎ᠠ ᠪᠥᠭᠡᠳ ᠲᠡᠷᠢᠭᠦᠨᠭᠦᠢᠴᠡᠳᠭᠡᠭ᠌ᠴᠢ ᠲᠤᠱᠢᠶᠠᠯᠲᠠᠨ ᠯᠢ ᠶᠠᠨ ᠬᠣᠩ ᠬᠡᠯᠡᠪᠡ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ᠤᠯᠤᠰ᠎ᠤᠨ ᠠᠲ᠋ᠣᠮ᠎ᠤᠨ ᠡᠨᠧᠷᠭᠢ᠎ᠶ᠋ᠢᠨ ᠪᠠᠢᠭᠤᠯᠤᠮᠵᠢ᠎ᠶ᠋ᠢᠨ ᠳᠡᠳ᠋ ᠡᠷᠬᠢᠯᠡᠭ᠌ᠴᠢ ᠳ᠋ᠦᠩ ᠪᠦᠦ ᠲᠦᠩ᠎ᠦᠨ ᠦᠵᠡᠬᠦ᠌᠎ᠪᠡᠷ᠂ᠢᠷᠡᠭᠡᠳᠦᠢ᠎ᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠠᠵᠤ ᠦᠢᠯᠡᠰ᠎ᠦᠨ ᠥᠷᠢᠰᠥᠯᠳᠦᠭᠡᠨ ᠳᠤᠮᠳᠠᠦᠷᠢᠰᠦᠯᠳᠦᠬᠦ᠌ ᠬᠦᠴᠦᠨ᠎ᠲᠡᠶ ᠪᠣᠯᠤᠶ᠎ᠠ ᠭᠡᠪᠡᠯ ᠡᠷᠬᠡᠪᠰᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠵᠠᠮ᠎ᠢᠶᠠᠷ ᠵᠠᠮᠨᠠᠬᠤ ᠬᠡᠷᠡᠭ᠌ᠲᠡᠢ᠃

《ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠪᠣᠶ ᠪᠣᠯᠬᠤ ᠬᠥᠳᠡᠯᠭᠡᠬᠦ᠌ ᠬᠦᠴᠦᠨ᠎ᠨᠢᠨᠢᠭᠡ ᠲᠠᠯ᠎ᠠ᠎ᠪᠠᠷ ᠵᠠᠬ᠎ᠠ ᠳᠡᠯᠭᠡᠭᠦᠷ᠎ᠡᠴᠡ ᠢᠷᠡᠵᠦ᠍᠂ ᠠᠵᠤ ᠠᠬᠤᠢᠯᠠᠯ᠎ᠡᠴᠡ ᠢᠷᠡᠬᠦ᠌ ᠶᠣᠰᠣᠲᠠᠶ᠂ ᠨᠥᠭᠥᠭᠡᠲᠠᠯ᠎ᠠ᠎ᠪᠠᠷ ᠱᠢᠨᠵᠢᠯᠡᠬᠦ᠌ ᠤᠬᠠᠭᠠᠨᠲᠠᠳ᠎ᠤᠨ ᠴᠢᠯᠥᠭᠡᠲᠡᠶ ᠬᠠᠢᠨ ᠰᠥᠪᠡᠭ᠌ᠴᠢᠯᠡᠯᠲᠡ᠎ᠡᠴᠡ ᠢᠷᠡᠬᠦ᠌ ᠶᠣᠰᠣᠲᠠᠶ᠂ᠡᠨᠡ ᠬᠣᠶᠠᠷ ᠲᠠᠯ᠎ᠠ ᠪᠣᠯ ᠴᠥᠮ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠳᠡᠯᠭᠡᠬᠦ᠌ ᠬᠦᠴᠦᠨ ᠮᠥᠨ》 ᠭᠡᠵᠦ᠍ ᠳ᠋ᠦᠩ ᠪᠦᠦ ᠲᠦᠩ ᠬᠡᠯᠡᠪᠡ᠃

(ᠰᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ᠎ᠶᠢᠨ 6᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面