2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠣᠨᠴᠠ ᠮᠡᠳᠡᠭᠡᠯᠡᠯ

2022-03-09 11:10:53

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

QQ截图20220309104318.png

ᠰᠦᠸᠸ ᠱᠸ᠋ ᠬᠣᠶ ᠲᠥᠯᠥᠭᠡᠯᠡᠭ᠌ᠴᠢ


《ᠶᠡᠷᠦᠩᠬᠡᠢ᠎ᠱᠦᠵᠢ ᠰᠢ ᠵᠢᠨ ᠫᠢᠩ᠂ ᠦᠨᠳᠦᠰᠦᠲᠡᠨ ᠎ᠦ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠪᠣᠯ ᠦᠨᠳᠦᠰᠦᠲᠡᠨ ᠎ᠦ ᠪᠦᠯᠬᠦᠮᠳᠡᠯ᠎ᠦᠨ ᠦᠨᠳᠦᠰᠦ ᠮᠥᠨ ᠭᠡᠵᠦ᠍ ᠵᠢᠭᠠᠵᠤ ᠭᠠᠷᠭᠠᠪᠠ᠃ ᠡᠨᠡ ᠨᠢ ᠪᠢᠳᠡᠨ᠎ᠦ ᠦᠨᠳᠦᠰᠦᠲᠡᠨ ᠎ᠦ ᠠᠵᠢᠯ ᠎ᠢ ᠰᠠᠢᠲᠤᠷ ᠬᠢᠬᠦ᠌ ᠎ᠳᠦ ᠴᠢᠭ᠌ᠯᠡᠯ ᠎ᠢ ᠲᠣᠳᠣᠷᠬᠠᠢ ᠵᠢᠭᠠᠵᠤ ᠥᠭ᠌ᠴᠡᠢ》 ᠃ ᠪᠦᠬᠦ᠌ ᠤᠯᠤᠰ᠎ᠤᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠥᠯᠥᠨ ᠪᠤᠢ᠌ᠷ ᠬᠤᠳᠠ᠎ᠶ᠋ᠢᠨ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ ᠰᠦᠸᠸ ᠱᠸ᠋ ᠬᠤᠢ᠂ ᠪᠢᠳᠠ ᠶᠡᠷᠦᠩᠬᠡᠢ ᠱᠦᠵᠢ ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠵᠤ᠂ ᠤᠬᠠᠮᠰᠠᠷ᠎ᠠᠴᠠ᠎ᠪᠠᠨ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠂ ᠳᠤᠮᠳᠠᠳᠤ ᠎ᠶ᠋ᠢᠨ ᠦᠨᠳᠦᠰᠦᠲᠡᠨ᠎ᠦ ᠪᠦᠬᠦᠯᠢ ᠴᠣᠭ᠍ᠴᠠ᠎ᠶ᠋ᠢᠨ ᠠᠱᠢᠭ ᠲᠤᠰᠠ᠎ᠶ᠋ᠢᠨ ᠦᠨᠳᠦᠷᠴᠡ ᠡᠴᠡ ᠠᠰᠠᠭᠤᠳᠠᠯ᠎ᠢ ᠪᠣᠳᠣᠯᠬᠢᠯᠠᠵᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠠᠵᠢᠯ ᠵᠢᠡᠨ ᠠᠳᠭᠤᠨ᠎ᠠ ᠭᠡᠪᠡ᠃

ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ ᠎ᠦ ᠥᠪᠡᠷᠲᠡᠭᠡᠨ ᠵᠠᠰᠠᠬᠤ ᠬᠣᠱᠢᠭᠤ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ ᠎ᠢ ᠴᠢᠩᠭ᠎ᠠ ᠠᠳᠭᠤᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠢᠳᠡᠪᠬᠢᠲᠡᠶ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠤᠷᠢᠳ ᠬᠣᠵᠢᠳ 《ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠱᠢᠭᠤ》᠂ 《ᠳᠣᠯᠣᠳᠤᠭᠠᠷ ᠪᠦᠯᠦᠭ ᠎ᠦᠨ ᠪᠥᠬᠥ᠌ ᠣᠷᠣᠨ ᠎ᠤ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢᠨ ᠵᠢᠱ᠌ᠢᠶ᠎ᠡ ᠦᠵᠡᠭᠦᠯᠬᠦ᠌ ᠬᠣᠱᠢᠭᠤ 》 ᠵᠡᠷᠭᠡ ᠢᠷᠠᠭᠤ ᠠᠯᠳᠠᠷ ᠎ᠢ ᠭᠥᠷᠳᠡᠪᠡ᠃

ᠰᠦᠸᠸ ᠱᠸ᠋ ᠬᠤᠢ ᠵᠢᠨ ᠲᠠᠨᠢᠯᠴᠠᠭᠤᠯᠤᠬᠰᠠᠨ ᠵᠢᠡᠷ᠂ 2021 ᠣᠨ᠎ᠳᠤ᠂ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠡᠭᠦᠳᠦᠨ ᠪᠠᠢᠭᠤᠯᠬᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠢᠨᠵᠧᠨᠧᠷᠢᠩ᠂ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ ᠎ᠦᠨ ᠢᠨᠵᠧᠨᠧᠷᠢᠩ ᠪᠣᠯᠤᠨ ᠳᠤᠮᠳᠠᠳᠤ ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠎ᠢ ᠤᠯᠠᠮᠵᠢᠯᠠᠨ ᠬᠥᠭ᠌ᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠪᠡ᠃ ᠨᠢᠭᠡ ᠵᠢᠯ ᠎ᠦᠨ ᠲᠤᠷᠰᠢ ᠂ ᠪᠦᠬᠦ᠌ ᠬᠣᠱᠢᠭᠤ ᠡᠯ᠎ᠡ ᠲᠥᠷᠥᠯ ᠎ᠦᠨ ᠡᠭᠦᠳᠦᠨ ᠪᠠᠢᠭᠤᠯᠬᠤ ᠠᠵᠢᠯᠯᠠᠭ᠎ᠠ᠎ᠶ᠋ᠢ 1322 ᠲᠠᠯᠠᠪᠠᠢ ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠍᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ ᠎ᠦᠨ ᠠᠵᠢᠯᠯᠠᠭ᠎ᠠ ᠎ᠶ᠋ᠢ 2357 ᠤᠳᠠᠭ᠎ᠠ ᠥᠷᠨᠢᠭᠦᠯᠵᠦ᠍᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠦᠵᠡᠯ ᠰᠠᠨᠠᠭᠠᠨ ᠎ᠤ ᠰᠠᠭᠤᠷᠢ ᠎ᠶ᠋ᠢ ᠲᠠᠰᠤᠷᠠᠯᠲᠠ ᠦᠭᠡᠢ ᠪᠡᠬᠢᠵᠢᠭᠦᠯᠪᠡ᠃

《ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠬᠠᠤᠯᠢ ᠴᠠᠭᠠᠵᠠ᠎ᠲᠦᠷᠢᠮ᠎ᠦᠨ ᠦᠨᠳᠦᠰᠦᠨ ᠱᠠᠲᠤᠨ ᠎ᠤ ᠬᠠᠷᠢᠯᠴᠠᠬᠤ ᠴᠡᠭ ᠎ᠦᠨ ᠠᠵᠢᠯ᠎ᠢ ᠦᠷᠭᠦᠯᠵᠢᠯᠡᠨ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠦ ᠬᠡᠷᠡᠭ ᠡᠷᠭᠢᠯᠡᠬᠦ᠌ ᠵᠠᠰᠠᠯᠳᠠ ᠵᠢᠨ ᠱᠢᠰᠲ᠋ᠧᠮ ᠪᠠ ᠵᠠᠰᠠᠯᠳᠠ ᠵᠢᠨ ᠴᠢᠳᠠᠪᠤᠷᠢ ᠎ᠶ᠋ᠢᠨ ᠣᠳᠣᠬᠢᠴᠢᠯᠠᠯᠲᠠ ᠎ᠶ᠋ᠢ ᠲᠠᠰᠤᠷᠠᠯᠲᠠ ᠥᠬᠡᠶ ᠠᠬᠢᠭᠤᠯᠬᠤ ᠬᠡᠷᠡᠭ᠌ᠲᠡᠶ》 ᠭᠡᠵᠦ ᠰᠦᠸᠸ ᠱᠸ᠋ ᠬᠣᠶ ᠲᠡᠮᠳᠡᠭ᠌ᠯᠡᠯ᠎ᠦᠨ ᠳᠡᠪᠲᠡᠷ ᠳᠡᠭᠡᠷ᠎ᠡ ᠎ᠪᠡᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠰᠤᠷᠤᠯᠴᠠᠭ᠍ᠰᠠᠨ ᠪᠣᠳᠣᠯᠬᠢᠯᠠᠯ ᠪᠠ ᠲᠥᠷᠥᠭ᠌ᠳᠡᠯ᠎ᠢᠶᠡᠨ ᠪᠢᠴᠢᠵᠡᠶ᠃ ᠲᠡᠷᠡ᠂ ᠡᠨᠡ ᠵᠢᠯ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ ᠎ᠦ ᠥᠪᠡᠷᠲᠡᠭᠡᠨ ᠵᠠᠰᠠᠬᠤ ᠬᠣᠱᠢᠭᠤ 《ᠭᠤᠷᠪᠠᠨ ᠢᠨᠵᠧᠨᠧᠷᠢᠩ》᠎ᠢ ᠦᠷᠭᠦᠯᠵᠢᠯᠡᠨ ᠬᠡᠷᠡᠭ᠌ᠵᠢᠭᠦᠯᠬᠦ᠌ ᠎ᠡᠴᠡ ᠭᠠᠳᠠᠨ᠎ᠠ᠂ ᠦᠨᠳᠦᠰᠦᠲᠡᠨ᠎ᠦ ᠪᠦᠯᠬᠦᠮᠳᠡᠯ ᠳᠠᠪᠱᠢᠯᠳᠠ᠎ᠶ᠋ᠢ ᠡᠭᠦᠳᠦᠨ ᠪᠠᠢᠭᠤᠯᠬᠤ ᠠᠵᠢᠯ ᠪᠣᠯᠤᠨ ᠨᠡᠢᠭᠡᠮ ᠵᠢᠷᠤᠮ᠎ᠤᠨ ᠣᠳᠣᠬᠢᠴᠢᠯᠠᠯᠲᠠ ᠎ᠶ᠋ᠢ ᠭᠦᠨᠵᠡᠭᠡᠢ ᠠᠭᠤᠰᠤᠯᠴᠠᠭᠤᠯᠤᠭ᠍ᠰᠠᠨ 《ᠵᠢᠷᠭᠤᠭᠠᠨ ᠳᠦᠷᠦᠯ ᠳᠡᠮᠳᠡᠭ》᠎ᠢ ᠬᠦᠴᠦᠯᠡᠨ ᠪᠤᠢ ᠪᠣᠯᠭᠠᠨ᠎ᠠ᠂ ᠲᠤᠬᠠᠢᠯᠠᠪᠠᠯ᠄ ᠠᠮᠢ ᠠᠬᠤᠢ᠎ᠶ᠋ᠢᠨ ᠪᠣᠯᠪᠠᠰᠤᠨ᠎ᠤ 《ᠤᠬᠠᠭᠤᠯᠭ᠎ᠠ᠎ᠶ᠋ᠢᠨ ᠳᠦᠷᠦᠯ ᠳᠡᠮᠳᠡᠭ》᠂ ᠬᠤᠪᠢᠰᠭᠠᠯᠲᠤ ᠤᠳᠤᠮᠱᠢᠯ ᠤ᠋ᠨ 《ᠤᠯᠠᠮᠵᠢᠯᠠᠯ ᠎ᠤᠨ ᠳᠦᠷᠦᠯ ᠳᠡᠮᠳᠡᠭ》᠂ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ《ᠦᠢᠯᠡᠴᠢᠯᠡᠭᠡᠨ ᠎ᠦ ᠳᠦᠷᠦᠯ ᠳᠡᠮᠳᠡᠭ》 ᠂ ᠰᠣᠶᠣᠯ ᠵᠢᠭᠤᠯᠴᠢᠯᠠᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠎ᠤᠨ《 ᠵᠢᠱ᠌ᠢᠢ᠎ᠡ ᠦᠵᠡᠭᠦᠯᠬᠦ᠌ ᠳᠦᠷᠦᠯ ᠳᠡᠮᠳᠡᠭ》 ᠂ ᠲᠡᠦᠬᠡ ᠰᠣᠶᠣᠯ ᠎ᠤᠨ 《ᠱᠢᠨ᠎ᠡ ᠎ᠶ᠋ᠢ ᠡᠭᠦᠳᠬᠦ᠌ ᠳᠦᠷᠦᠯ ᠳᠡᠮᠳᠡᠭ 》᠂ ᠪᠣᠯᠪᠠᠰᠤᠨ ᠬᠤᠳᠠ᠎ᠶ᠋ᠢᠨ 《ᠤᠨᠴᠠᠯᠢᠬ᠍ᠳᠤ ᠳᠦᠷᠦᠯ ᠳᠡᠮᠳᠡᠭ》 ᠵᠡᠷᠭᠡ ᠪᠣᠯᠤᠨ᠎ᠠ ᠭᠡᠵᠦ ᠢᠯᠡᠳᠭᠡᠪᠡ᠃

《ᠬᠤᠷᠠᠯ ᠎ᠤᠨ ᠲᠠᠷᠠᠭ᠎ᠠ᠂ ᠪᠢ ᠶᠡᠷᠦᠩᠬᠡᠢ ᠱᠦᠵᠢ ᠎ᠶ᠋ᠢᠨ ᠴᠢᠬᠤᠯᠠ ᠶᠠᠷᠢᠶᠠᠨ ᠎ᠤ ᠵᠣᠷᠢᠭ ᠰᠠᠨᠠᠭ᠎ᠠ ᠎ᠶ᠋ᠢ ᠨᠤᠲᠤᠭ ᠎ᠤᠨ ᠠᠬ᠎ᠠ ᠳᠡᠭᠦᠦ᠍᠎ᠨᠡᠷ ᠲᠠᠭᠠᠨ ᠲᠠᠷᠤᠢᠬᠠᠨ ᠤᠯᠠᠮᠵᠢᠯᠠᠨ ᠳᠠᠮᠵᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠎ᠢ ᠬᠦᠳᠦᠯᠥᠨ ᠳᠠᠭᠠᠭᠤᠯᠵᠤ ᠵᠢᠷᠭᠠᠯ ᠵᠣᠪᠠᠯᠠᠩ ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌ ᠎ᠪᠡᠨ ᠬᠠᠮᠲᠤᠳᠭᠠᠬᠤ᠂ ᠬᠤᠪᠢ ᠵᠠᠶᠠᠭ᠎ᠠ ᠎ᠪᠠᠨ ᠬᠠᠮᠲᠤᠳᠭᠠᠬᠤ ᠬᠠᠮᠲᠤ ᠎ᠶ᠋ᠢᠨ ᠴᠣᠭ᠍ᠴᠠ ᠎ᠶ᠋ᠢᠨ ᠤᠢ᠍ᠢᠯᠠᠭᠠᠭ᠍ᠳᠠᠬᠤᠨ ᠎ᠢ ᠪᠠᠲᠤ ᠪᠤᠢ ᠪᠣᠯᠭᠠᠵᠤ᠂ ᠠᠨᠠᠷ ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠨ᠎ᠠ》 ᠭᠡᠵᠦ ᠰᠦᠸᠸ ᠱᠸ᠋ ᠬᠣᠶ ᠡᠷᠡᠰ ᠱᠢᠭᠤᠷᠬᠠᠶ ᠎ᠪᠠᠷ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面